ᠦᠨᠳᠤᠷ ᠠᠰᠠᠷ ᠲᠠᠭᠳᠤ ᠶᠢᠨ ᠭᠠᠯ ᠤᠨ ᠠᠶᠤᠯ ᠤᠨ ᠲᠤᠬᠠᠢ ᠮᠡᠳᠡᠯᠭᠡ ᠶᠢ ᠡᠵᠡᠮᠰᠢᠭᠡᠷᠡᠢ
ᠨᠡᠶᠢᠲᠡᠯᠡᠭᠰᠡᠨ ᠴᠠᠭ᠄
2017/9/22
     ᠥᠨᠳᠥᠷ ᠠᠰᠠᠷ ᠲᠠᠭᠳᠤ ᠶᠢᠨ ᠭᠠᠯ ᠤᠨ ᠠᠶᠤᠯ ᠭᠡᠳᠡᠭ ᠪᠤᠯ 10 ᠲᠠᠪᠬᠤᠷ ᠪᠠ 10 ᠲᠠᠪᠬᠤᠷ ᠠᠴᠠ ᠲᠡᠭᠡᠭᠰᠢᠬᠢ ᠤᠷᠤᠨ ᠰᠠᠭᠤᠴᠠ ᠶᠢᠨ ᠪᠠᠷᠢᠯᠭ᠎ᠠ ᠪᠤᠶᠤ ᠪᠠᠷᠢᠯᠭ᠎ᠠ ᠶᠢᠨ ᠥᠨᠳᠥᠷᠴᠡ ᠨᠢ 24 ᠮᠧᠳ᠋ᠷ ᠠᠴᠠ ᠲᠠᠪᠠᠭᠰᠠᠨ ᠤᠯᠠᠨ ᠨᠡᠶᠢᠳᠡ ᠶᠢᠨ ᠪᠠᠷᠢᠯᠭ᠎ᠠ ᠳᠤ ᠡᠬᠦᠰᠥᠭᠰᠡᠨ ᠭᠠᠯ ᠤᠨ ᠠᠶᠤᠯ ᠢ ᠵᠢᠭᠠᠵᠤ ᠪᠤᠢ᠃ ᠥᠨᠳᠥᠷ ᠪᠠᠷᠢᠯᠭ᠎ᠠ ᠶᠢᠨ ᠤᠨᠴᠠᠯᠢᠬ ᠪᠤᠯ ᠭᠤᠤᠯ ᠨᠢ ᠪᠠᠷᠢᠯᠭ᠎ᠠ ᠶᠢᠨ ᠪᠥᠳᠥᠴᠡ᠂ ᠴᠢᠳᠠᠪᠬᠢ ᠨᠢ ᠪᠤᠳᠤᠯᠢᠶᠠᠨ ᠲᠠᠢ᠂ ᠬᠥᠮᠥᠨ ᠠᠷᠠᠳ ᠲᠥᠪᠯᠡᠷᠡᠭᠰᠡᠨ᠂ ᠰᠢᠳᠠᠮᠠᠬᠠᠢ ᠡᠳ᠋ ᠠᠷᠪᠢᠨ ᠪᠠ ᠭᠠᠯ ᠤᠨ ᠠᠶᠤᠯ ᠤᠨ ᠪᠠᠭᠳᠠᠭᠠᠮᠵᠢ ᠲᠤᠮᠤ ᠪᠠᠶᠢᠳᠠᠭ᠃ ᠭᠠᠯ ᠭᠠᠷᠬᠤ ᠳᠤ ᠬᠥᠷᠪᠡᠯ᠂ ᠪᠤᠰᠤᠭ᠎ᠠ ᠭᠠᠯ ᠤᠨ ᠠᠶᠤᠯ ᠡᠬᠦᠰᠬᠦ ᠪᠥᠭᠡᠳ ᠲᠠᠷᠬᠠᠭᠠᠵᠤ ᠵᠠᠶᠢᠯᠠᠭᠤᠯᠬᠤ ᠳᠤ ᠬᠥᠴᠢᠷ ᠲᠠᠢ ᠠᠴᠠ ᠪᠤᠯᠤᠭᠠᠳ ᠬᠥᠮᠥᠨ ᠠᠮᠢᠳᠠᠨ ᠥᠬᠦᠵᠤ ᠰᠢᠷᠬᠠᠳᠤᠳᠠᠭ᠃        ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ● ᠡᠩ ᠲᠡᠷᠢᠬᠦᠨ ᠳᠤ ᠥᠷᠥᠭᠡᠨ ᠠᠴᠠ ᠪᠠᠨ ᠵᠠᠶᠢᠯᠠᠬᠤ ᠭᠡᠷᠡᠭᠳᠡᠢ᠃ ᠥᠷᠥᠭᠡᠨ ᠤ ᠡᠬᠦᠳᠡ ᠪᠠᠨ ᠨᠡᠭᠡᠭᠡᠬᠦ ᠳᠡᠭᠡᠨ᠂ ᠤᠷᠢᠳᠠᠪᠡᠷ ᠬᠠᠭᠠᠯᠭᠠᠨ ᠳᠠᠭᠠᠨ ᠭᠠᠷ ᠢᠶᠠᠨ ᠨᠠᠭᠠᠯᠳᠤᠭᠤᠯᠤᠨ ᠬᠠᠯᠠᠭᠤᠨ ᠪᠠᠶᠢᠬᠤ ᠡᠰᠡᠬᠦ ᠶᠢ ᠥᠵᠡᠬᠦ ᠭᠡᠷᠡᠭᠳᠡᠢ᠃ ᠭᠡᠷᠪᠡ ᠬᠠᠭᠠᠯᠭ᠎ᠠ ᠨᠢᠭᠡᠨᠳᠡ ᠬᠠᠯᠠᠭᠰᠠᠨ ᠪᠠᠶᠢᠪᠠᠯ ᠡᠬᠦᠳᠡ ᠪᠠᠨ ᠨᠡᠭᠡᠭᠡᠵᠤ ᠪᠤᠯᠬᠤ ᠥᠭᠡᠢ᠂ ᠭᠡᠷᠪᠡ ᠨᠡᠭᠡᠭᠡᠬᠦ ᠳᠤ ᠬᠥᠷᠪᠡᠯ ᠭᠠᠯ ᠤᠳᠤᠭ᠎ᠠ ᠥᠷᠥᠭᠡᠨ ᠳᠤ ᠪᠤᠷᠬᠢᠯᠤᠨ ᠤᠷᠤᠵᠤ ᠢᠷᠡᠬᠦ ᠪᠤᠯᠤᠨ᠎ᠠ᠃ ᠭᠡᠷᠪᠡ ᠬᠠᠭᠠᠯᠭ᠎ᠠ ᠬᠠᠯᠠᠭᠰᠠᠨ ᠥᠭᠡᠢ ᠪᠠᠶᠢᠪᠠᠯ ᠭᠠᠯ ᠤᠨ ᠢᠳᠡ ᠪᠠᠭ᠎ᠠ ᠪᠠᠶᠢᠬᠤ ᠲᠤᠯᠠ ᠲᠠᠷᠦ᠋ᠢᠬᠠᠨ ᠡᠬᠦᠳᠡ ᠪᠠᠨ ᠨᠡᠭᠡᠭᠡᠨ ᠵᠠᠶᠢᠯᠠᠬᠤ ᠶᠢᠨ ᠲᠠᠭᠠᠤ ᠡᠬᠦᠳᠡ ᠪᠠᠨ ᠴᠢᠩᠭ᠎ᠠ ᠬᠠᠭᠠᠵᠤ ᠪᠠᠶᠢᠬᠤ ᠨᠢ ᠲᠠᠭᠠᠷᠠᠨ᠎ᠠ᠃      ● ᠭᠠᠵᠠᠷ ᠡᠯᠢᠭᠡᠳᠡᠨ ᠮᠥᠯᠬᠦᠬᠦ ᠭᠡᠷᠡᠭᠳᠡᠢ᠃ ᠤᠳᠤᠭ᠎ᠠ ᠤᠨᠢᠶᠠᠷ ᠲᠤ ᠬᠤᠤᠷᠳᠠᠭᠳᠠᠬᠤ ᠪᠠ ᠪᠥᠳᠡᠬᠦ ᠠᠴᠠ ᠰᠡᠷᠭᠡᠶᠢᠯᠡᠬᠦ ᠭᠡᠷᠡᠭᠳᠡᠢ᠃ ᠶᠡᠷᠥᠳᠡ ᠶᠢᠨ ᠠᠷᠭ᠎ᠠ ᠪᠠᠷ ᠪᠤᠯ ᠨᠦᠢᠳᠠᠨ ᠠᠯᠴᠢᠭᠤᠷ ᠪᠤᠶᠤ ᠠᠮᠠᠪᠴᠢ ᠪᠠᠷ ᠬᠠᠮᠠᠷ ᠠᠮᠠ ᠪᠠᠨ ᠲᠠᠷᠤᠬᠤ ᠭᠡᠷᠡᠭᠳᠡᠢ᠃ ᠤᠳᠤᠭ᠎ᠠ ᠤᠨᠢᠶᠠᠷ ᠮᠠᠰᠢ ᠭᠡᠴᠡᠬᠦᠥ ᠪᠠᠶᠢᠬᠤ ᠥᠶᠡᠰ ᠠᠯᠢ ᠴᠢᠳᠠᠬᠤ ᠪᠠᠷ ᠭᠠᠵᠠᠷ ᠡᠯᠢᠭᠡᠳᠡᠨ ᠮᠥᠯᠬᠦᠨ ᠵᠠᠶᠢᠯᠠᠬᠤ ᠨᠢ ᠵᠤᠬᠢᠰᠳᠠᠢ᠃      ● ᠠᠰᠠᠷ ᠤᠨ ᠱᠠᠳᠤ ᠪᠠᠷ ᠪᠠᠭᠤᠬᠤ ᠭᠡᠷᠡᠭᠳᠡᠢ᠃ ᠠᠯᠢᠪᠠ ᠪᠠᠷᠢᠯᠭ᠎ᠠ ᠳᠤ ᠶᠡᠷᠥᠩᠭᠡᠢ ᠳᠡᠭᠡᠨ ᠴᠥᠮ ᠬᠤᠶᠠᠷ ᠠᠴᠠ ᠲᠡᠭᠡᠭᠰᠢ ᠲᠤᠳᠠᠭᠠᠵᠤ ᠵᠠᠶᠢᠯᠠᠬᠤ ᠱᠠᠳᠤ ᠲᠠᠢ ᠪᠠᠶᠢᠳᠠᠭ᠃ ᠥᠨᠳᠥᠷ ᠲᠠᠪᠬᠤᠷ ᠲᠤ ᠭᠠᠯ ᠭᠠᠷᠪᠠᠯ᠂ ᠠᠯᠢ ᠴᠢᠳᠠᠬᠤ ᠪᠠᠷ ᠲᠤᠷᠤᠭᠰᠢ ᠪᠠᠨ ᠬᠥᠶᠥᠬᠦ ᠭᠡᠷᠡᠭᠳᠡᠢ᠃ ᠠᠰᠠᠷ ᠤᠨ ᠱᠠᠳᠤ ᠭᠠᠯ ᠳᠤ ᠠᠪᠳᠠᠭᠰᠠᠨ ᠪᠠᠶᠢᠯ᠎ᠠ ᠴᠤ ᠭᠡᠰᠡᠨ ᠨᠦᠢᠳᠠᠨ ᠬᠥᠨᠵᠢᠯᠡ ᠲᠡᠪᠢᠰᠭᠡᠷ ᠢᠶᠠᠷ ᠪᠡᠶ᠎ᠡ ᠪᠠᠨ ᠬᠠᠮᠠᠭᠠᠯᠠᠨ ᠲᠥᠷᠭᠡᠨ ᠰᠢᠪᠳᠤᠯᠵᠤ ᠭᠠᠷᠬᠤ ᠭᠡᠷᠡᠭᠳᠡᠢ᠃      ● ᠡᠩ ᠤᠨ ᠴᠠᠬᠢᠯᠭᠠᠨ ᠱᠠᠳᠤ ᠪᠠᠷ ᠲᠤᠳᠠᠭᠠᠨ ᠵᠠᠶᠢᠯᠠᠵᠤ ᠤᠭᠳᠤ ᠪᠤᠯᠬᠤ ᠥᠭᠡᠢ᠃ ᠥᠨᠳᠥᠷ ᠪᠠᠷᠢᠯᠭ᠎ᠠ ᠶᠢᠨ ᠴᠠᠬᠢᠯᠭᠠᠨ ᠬᠠᠨᠭ᠍ᠭᠠᠬᠤ ᠰᠢᠰᠲ᠋ᠧᠮ ᠨᠢ ᠭᠠᠯ ᠤᠨ ᠠᠶᠤᠯ ᠳᠤ ᠬᠡᠵᠢᠶ᠎ᠡ ᠴᠤ ᠭᠡᠰᠡᠨ ᠴᠠᠬᠢᠯᠭᠠᠨ ᠲᠠᠰᠤᠷᠠᠵᠤ ᠮᠡᠳᠡᠬᠦ ᠲᠤᠯᠠ ᠡᠩ ᠤᠨ ᠴᠠᠬᠢᠯᠭᠠᠨ ᠱᠠᠳᠤ ᠪᠠᠷ ᠪᠠᠭᠤᠬᠤ ᠳᠤ ᠭᠡᠨᠡᠳᠳᠡ ᠴᠠᠬᠢᠯᠭᠠᠨ ᠲᠠᠰᠤᠷᠠᠪᠠᠯ᠂ ᠲᠡᠷᠡ ᠲᠤᠳᠤᠷ᠎ᠠ ᠪᠠᠨ ᠬᠤᠷᠢᠭᠳᠠᠵᠤ᠂ ᠬᠥᠮᠥᠨ ᠤ ᠠᠮᠢ ᠨᠠᠰᠤᠨ ᠳᠤ ᠠᠶᠤᠯ ᠲᠤᠯᠭᠠᠷᠠᠬᠤ ᠪᠤᠯᠤᠨ᠎ᠠ᠃      ● ᠲᠥᠷ ᠴᠠᠭ ᠲᠤᠳᠠᠭᠠᠵᠤ ᠵᠠᠶᠢᠯᠠᠬᠤ ᠠᠷᠭ᠎ᠠ ᠥᠭᠡᠢ ᠥᠶᠡᠰ᠂ ᠤᠷᠤᠢ ᠶᠢᠨ ᠠᠰᠠᠷ ᠪᠤᠶᠤ ᠭᠡᠷᠡᠮ ᠤᠨ ᠠᠪᠳᠠᠷ᠎ᠠ ᠵᠡᠷᠭᠡ ᠭᠠᠵᠠᠷ ᠲᠠᠯᠳᠠᠯᠠᠵᠤ ᠪᠤᠯᠬᠤ ᠥᠭᠡᠢ᠃ ᠠᠯᠢ ᠴᠢᠳᠠᠬᠤ ᠪᠠᠷ ᠨᠠᠷᠠᠪᠴᠢ᠂ ᠴᠤᠩᠬᠤ ᠵᠡᠷᠭᠡ ᠬᠥᠮᠥᠰ ᠲᠤ ᠠᠮᠠᠷᠬᠠᠨ ᠥᠵᠡᠭᠳᠡᠬᠦ ᠭᠠᠵᠠᠷ ᠵᠥᠭ ᠰᠢᠯᠵᠢᠬᠦ ᠭᠡᠷᠡᠭᠳᠡᠢ᠃      ● ᠪᠡᠶ᠎ᠡ ᠲᠡᠭᠡᠷ᠎ᠡ ᠭᠠᠯ ᠵᠤᠯᠭᠠᠵᠤ᠂ ᠭᠠᠷ ᠵᠠᠭᠤᠷ᠎ᠠ ᠪᠠᠰᠠ ᠤᠰᠤ ᠪᠤᠶᠤ ᠭᠠᠯ ᠤᠨᠳᠠᠷᠠᠭᠠᠬᠤ ᠪᠠᠭᠠᠵᠢ ᠥᠭᠡᠢ ᠥᠶᠡᠰ᠂ ᠶᠠᠭᠠᠬᠢᠭᠰᠠᠨ ᠴᠤ ᠬᠥᠶᠥᠬᠦ ᠪᠤᠶᠤ ᠭᠠᠷ ᠢᠶᠠᠷ ᠢᠶᠠᠨ ᠬᠥᠪᠰᠢᠵᠤ ᠪᠤᠯᠬᠤ ᠥᠭᠡᠢ᠂ ᠲᠠᠷᠦ᠋ᠢᠬᠠᠨ ᠬᠤᠪᠴᠠᠰᠤ ᠬᠤᠨᠠᠷ ᠢᠶᠠᠨ ᠲᠠᠶᠢᠯᠠᠬᠤ ᠪᠤᠶᠤ ᠭᠠᠵᠠᠷ ᠲᠤ ᠥᠡᠭᠬᠦᠷᠢᠳᠥᠨ ᠭᠠᠯ ᠤᠨ ᠰᠤᠷ ᠢ ᠲᠠᠷᠤᠨ᠎ᠠ᠃      ● ᠭᠠᠯ ᠤᠨᠳᠠᠷᠠᠭᠠᠬᠤ ᠠᠵᠢᠯᠳᠠᠳ ᠥᠷᠥᠭᠡᠨ ᠳᠤ ᠤᠷᠤᠵᠤ ᠠᠪᠤᠷᠠᠨ ᠲᠤᠰᠠᠯᠠᠬᠤ ᠳᠠᠭᠠᠨ ᠴᠥᠮ ᠭᠡᠷᠡᠮ ᠬᠠᠨ᠎ᠠ ᠶᠢ ᠲᠠᠭᠠᠨ ᠠᠵᠢᠯᠯᠠᠳᠠᠭ ᠪᠤᠯᠬᠤᠷ ᠤᠳᠤᠭ᠎ᠠ ᠤᠨᠢᠶᠠᠷ ᠲᠤ ᠬᠠᠭ᠋ᠠᠵᠤ ᠪᠥᠳᠡᠨ ᠥᠪᠡᠷ ᠤᠨ ᠮᠡᠳᠡᠯ ᠴᠢᠳᠠᠯ ᠢᠶᠠᠨ ᠠᠯᠳᠠᠭᠰᠠᠨ ᠥᠶᠡᠰ᠂ ᠠᠯᠢ ᠴᠢᠳᠠᠬᠤ ᠪᠠᠷ ᠭᠡᠷᠡᠮ ᠬᠠᠨ᠎ᠠ᠂ ᠡᠬᠦᠳᠡ ᠬᠠᠭᠠᠯᠭ᠎ᠠ ᠥᠭᠡᠳᠡ ᠤᠢᠢᠷᠠᠳᠤᠬᠤ ᠶᠢ ᠠᠩᠬᠠᠷᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1