ᠵᠠᠰᠠᠭ ᠤᠨ  ᠤᠷᠳᠤᠨ ᠤ ᠠᠵᠢᠯ ᠤᠨ  ᠢᠯᠡᠳᠭᠡᠯ  (5)
ᠨᠡᠶᠢᠲᠡᠯᠡᠭᠰᠡᠨ ᠴᠠᠭ᠄
2017/9/22
     ︵ᠲᠦᠷᠪᠡ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠬᠤᠳᠠ ᠬᠦᠳᠡᠭᠡ ᠶᠢᠨ ᠨᠢᠭᠡᠳᠦᠯᠵᠢᠭᠰᠡᠨ ᠬᠦᠭᠵᠢᠯᠳᠡ ᠶᠢ ᠠᠬᠢᠭᠤᠯᠤᠨ᠎ᠠ      ᠬᠦᠭᠵᠢᠯᠳᠡ ᠶᠢᠨ ᠤᠷᠤᠨ ᠵᠠᠢ ᠶᠢ ᠲᠡᠯᠡᠨ᠎ᠡ᠃ ᠤᠯᠠᠭᠠᠨᠬᠠᠳᠠ   ᠶᠢ ᠪᠡᠭᠡᠵᠢᠩ ᠮᠦᠭᠳᠡᠨ ᠤ ᠬᠤᠷᠳᠤᠨ ᠤ ᠲᠡᠮᠤᠷ ᠵᠠᠮ   ᠲᠠᠢ ᠬᠤᠯᠪᠤᠭᠰᠠᠨ ᠬᠠᠷᠠᠴᠢᠨ ᠵᠡᠬᠦᠨ ᠦᠷᠳᠡᠭᠡ ᠪᠠ ᠫᠢᠩᠵᠤᠸᠠᠩ ᠤᠨ ᠬᠤᠷᠳᠤᠨ ᠲᠠᠮᠤᠷ ᠵᠠᠮ ᠤᠨ ᠠᠶᠠᠨᠴᠢᠳ ᠤᠨ ᠦᠷᠳᠡᠭᠡᠨ ᠤ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠪᠴᠢᠯᠡᠨ ᠲᠦᠯᠬᠢᠨ ᠠᠬᠢᠭᠤᠯᠵᠤ᠂ ᠶᠧ ᡂᠢ ᠱᠤᠭᠤᠮ ᠤᠨ ᠴᠢᠳᠠᠮᠵᠢ ᠦᠷᠭᠡᠵᠢᠬᠦᠯᠬᠦ ᠦᠭᠡᠷᠡᠴᠢᠯᠡᠨ ᠪᠠᠶᠢᠭᠤᠯᠤᠯᠳᠠ ᠪᠠ ᠵᠢᠩ ᠲᠦᠩ ᠲᠠᠮᠤᠷ ᠵᠠᠮ ᠤᠨ  ᠴᠠᠬᠢᠯᠭᠠᠨᠵᠢᠭᠤᠯᠬᠤ ᠦᠭᠡᠷᠡᠴᠢᠯᠡᠨ ᠪᠠᠶᠢᠭᠤᠯᠤᠯᠳᠠ ᠶᠢ ᠲᠡᠮᠵᠢᠨ᠎ᠠ᠃ ᠮᠤᠵᠢ ᠶᠢᠨ ᠲᠡᠰ ᠤᠨ ᠵᠠᠮ  ᠤᠨ219 ᠱᠤᠭᠤᠮ ᠤᠨ ᠬᠤᠶᠢᠰᠢ ᡂᠢ ᠴᠤᠤ ᠬᠤᠷᠳᠤᠨ ᠤ ᠵᠠᠮ ᠳᠤ  ᠵᠤᠯᠭᠠᠭᠤᠯᠬᠤ  ᠂ ᠡᠮᠤᠨᠠᠰᠢ ᠬᠤᠷᠳᠤᠨ ᠤ ᠵᠠᠮ ᠤᠨ ᠫᠢᠩᠵᠤᠸᠠᠩ ᠦᠷᠳᠡᠭᠡ ᠬᠦᠷᠭᠡᠬᠦ᠂ ᠪᠠᠷᠠᠭᠤᠨᠰᠢ ᡂᠢ ᠯᠢᠩ ᠨᠢᠭᠡᠳᠤᠭᠡᠷ ᠲᠡᠰ ᠤᠨ ᠵᠠᠮ ᠳᠤ ᠵᠠᠯᠭᠠᠬᠤ ᠢᠨᠵᠧᠨᠧᠷᠢᠩ ᠢ ᠡᠬᠢᠯᠡᠬᠦᠯᠵᠤ᠂  ᠫᠢᠩ ᠶᠤᠸᠠᠨ  ᠨᠢᠭᠡᠳᠤᠭᠡᠷ ᠲᠡᠰ ᠤᠨ ᠵᠠᠮ ᠢ ᠡᠮᠤᠨᠡᠰᠢ ᡂᠢ ᠯᠢᠩ ᠨᠢᠭᠡᠳᠤᠭᠡᠷ ᠲᠡᠰ ᠤᠨ ᠵᠠᠮ ᠳᠤ ᠬᠤᠯᠪᠤᠬᠤ᠂ ᠬᠤᠶᠢᠰᠢ ᡂᠢ ᠲᠦᠩ ᠬᠤᠷᠳᠤᠨ ᠤ ᠵᠠᠮ ᠳᠤ ᠵᠤᠯᠭᠠᠭᠤᠯᠬᠤ ᠢᠨᠵᠧᠨᠧᠷᠢᠩ ᠢ ᠭᠡᠷᠡᠭᠵᠢᠬᠦᠯᠵᠤ᠂ ᠫᠢᠩᠵᠤᠸᠠᠩ ᠬᠤᠳᠠ ᠲᠤᠭᠤᠷᠢᠭ ᠤᠨ  ᠵᠡᠬᠦᠨ ᠪᠠᠷᠠᠭᠤᠨ ᠡᠮᠤᠨ᠎ᠠ ᠬᠤᠶᠢᠨ᠎ᠠ ᠡᠯ᠎ᠡ ᠵᠤᠪᠬᠢᠰ ᠤᠨ  ᠭᠠᠷᠴᠠ ᠶᠢ ᠪᠦᠬᠦᠨ ᠢ ᠨᠡᠪᠳᠡᠷᠡᠬᠦᠯᠦᠨ᠎ᠡ᠃ ᠤᠶᠤᠨᠴᠢ ᠪᠤᠤ ᠱᠠᠨ ᠤ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠡᠬᠦᠯᠡᠨ ᠪᠤᠳᠤᠯᠳᠠ ᠶᠢᠨ ᠲᠠᠪᠴᠠᠩ ᠪᠠᠶᠢᠭᠤᠯᠵᠤ᠂ ᠡᠯ᠎ᠡ ᠠᠵᠤ ᠦᠢᠯᠡᠰ ᠤᠨ ᠬᠠᠮᠳᠤ ᠪᠠᠷ ᠡᠳ᠋ᠯᠡᠬᠦ ᠪᠠ ᠠᠵᠢᠯ ᠲᠦᠷᠦᠯ ᠤᠨ ᠬᠠᠮᠵᠢᠯᠴᠠᠭᠠᠨ ᠢ ᠠᠬᠢᠭᠤᠯᠵᠤ᠂  ᠵᠠᠰᠠᠭ ᠤᠨ ᠤᠷᠳᠤᠨ ᠤ ᠬᠢᠨᠠᠯᠳᠠ ᠬᠠᠮᠢᠶᠠᠷᠤᠯᠳᠠ ᠦᠢᠯᠡᠴᠢᠯᠡᠭᠡᠨ᠂ ᠠᠵᠢᠯ ᠲᠦᠷᠦᠯ ᠤᠨ ᠰᠤᠯᠢᠯᠴᠠᠭ᠎ᠠ ᠨᠡᠪᠳᠡᠷᠡᠯᠴᠡᠭᠡ ᠶᠢ ᠤᠶᠤᠨᠯᠢᠭ ᠪᠤᠯᠬᠤ ᠶᠢ ᠪᠡᠶᠡᠯᠡᠬᠦᠯᠤᠨ᠎ᠡ᠃      ᠬᠤᠳᠠ ᠶᠢᠨ ᠴᠢᠳᠠᠮᠵᠢ ᠶᠢ ᠲᠡᠬᠦᠯᠳᠡᠷᠵᠢᠬᠦᠯᠤᠨ᠎ᠠ᠃ ᠲᠤᠳᠤᠭᠠᠳᠤ ᠲᠤᠭᠤᠷᠢᠯ ᠪᠠᠷᠠᠭᠤᠨ ᠵᠠᠮ᠂ ᠪᠤᠤ ᠱᠠᠨ ᠵᠠᠮ ᠤᠨ ᠡᠮᠤᠨᠡᠰᠢ ᠰᠤᠩᠭᠠᠯᠳᠠ ᠪᠠ ᠲᠤᠳᠤᠭᠠᠳᠤ ᠲᠤᠭᠤᠷᠢᠯ ᠡᠮᠤᠨ᠎ᠠ ᠵᠠᠮ᠂ ᠮᠦᠩᠬᠦᠨ ᠭᠤᠤᠯ ᠵᠡᠭᠡᠯᠢ ᠶᠢᠨ ᠵᠡᠬᠦᠨᠰᠢ ᠰᠤᠩᠭᠠᠯᠳᠠ ᠢᠨᠵᠧᠨᠧᠷᠢᠩ ᠢ ᠲᠦᠷᠭᠡᠪᠴᠢᠯᠡᠨ ᠭᠡᠷᠡᠭᠵᠢᠬᠦᠯᠵᠤ᠂ ᠫᠢᠩᠵᠤᠸᠠᠩ ᠬᠤᠳᠠ ᠲᠤᠭᠤᠷᠢᠭ ᠤᠨ ᠵᠡᠬᠦᠨ᠂ ᠪᠠᠷᠠᠭᠤᠨ ᠭᠠᠳᠠᠨ᠎ᠠ ᠲᠤᠭᠤᠷᠢᠯ ᠵᠠᠮ ᠪᠠ ᠶᠤᠸᠠᠨ ᠪᠤᠤ ᠱᠠᠨ ᠬᠤᠳᠠ ᠲᠤᠭᠤᠷᠢᠭ ᠤᠨ ᠡᠮᠤᠨᠡᠳᠤ ᠲᠤᠭᠤᠷᠢᠯ ᠵᠠᠮ ᠢ ᠲᠦᠯᠦᠪᠵᠢᠬᠦᠯᠦᠨ ᠪᠠᠶᠢᠭᠤᠯᠵᠤ᠂  ᠬᠤᠳᠠ ᠲᠤᠭᠤᠷᠢᠭ ᠤᠨ ᠭᠠᠵᠠᠷ ᠲᠤᠤᠷᠠᠬᠢ ᠬᠤᠭᠤᠯᠠᠢ ᠶᠢᠨ ᠬᠤᠩᠬᠢᠯ᠂ ᠫᠢᠩᠵᠤᠸᠠᠩ ᠬᠤᠳᠠ ᠲᠤᠭᠤᠷᠢᠭ ᠤᠨ ᠬᠤᠳᠠ ᠲᠤᠭᠤᠷᠢᠭᠰᠠᠨ ᠤᠰᠤᠨ ᠰᠢᠰᠲ᠋ᠧᠮ᠂ ᠬᠦ᠋ ᠱᠠᠨ ᠤᠢ ᠰᠢᠭᠤᠢ ᠶᠢᠨ ᠴᠡᠴᠡᠷᠯᠢᠭ ᠤᠨ ᠬᠤᠶᠠᠳᠠᠭᠴᠢ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠪᠤᠬᠢᠷᠳᠤᠯ ᠦᠭᠡᠢ᠂ ᠰᠡᠯᠡᠬᠦᠴᠡᠯ  ᠤᠨ᠂ ᠲᠠᠭᠠᠯᠠᠮᠵᠢᠳᠠᠢ ᠤᠷᠴᠢᠨ ᠲᠤᠭᠤᠷᠢᠨ ᠢ  ᠴᠤᠭᠴᠠᠯᠠᠨ᠎ᠠ᠃ ᠤᠰᠤᠨ ᠤ ᠡᠬᠢ ᠪᠠᠶᠠᠯᠢᠭ ᠤᠨ ᠭᠡᠷᠡᠭᠯᠡᠯᠳᠡ ᠶᠢᠨ ᠶᠡᠷᠦᠩᠭᠡᠢ ᠲᠦᠯᠦᠪᠵᠢᠬᠦᠯᠭᠡ ᠪᠠ ︽ᠲᠤᠮᠳᠠᠬᠢ ᠤᠰᠤ ᠶᠢ ᠡᠷᠬᠢᠬᠦᠯᠦᠨ ᠭᠡᠷᠡᠭᠯᠡᠬᠦ︾ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠵᠤ᠂ ᠤᠰᠤᠨ ᠡᠬᠢ᠂  ᠰᠠᠯᠪᠤᠷᠢ ᠭᠤᠯᠳᠤᠷᠢᠯ᠂ ᠲᠤᠮᠳᠠᠬᠢ ᠤᠰᠤ  ᠵᠡᠷᠭᠡ ᠡᠯ᠎ᠡ ᠲᠦᠷᠦᠯ ᠤᠨ  ᠤᠰᠤᠨ ᠤ ᠡᠬᠢ ᠪᠠᠶᠠᠯᠢᠭ ᠢ ᠨᠢᠭᠡᠳᠦᠯᠵᠢᠬᠦᠯᠵᠤ᠂ ᠠᠮᠢᠳᠤᠷᠠᠯ᠂ ᠠᠵᠤ ᠦᠢᠯᠡᠳᠪᠦᠷᠢ᠂ ᠭᠤᠤᠯ ᠵᠢᠴᠢ ᠦᠵᠡᠮᠵᠢ ᠶᠢᠨ ᠪᠠᠷᠢᠯᠭ᠎ᠠ ᠶᠢᠨ ᠤᠰᠤ ᠨᠦᠬᠦᠪᠦᠷᠢᠯᠡᠯᠳᠡ ᠶᠢ ᠢᠯᠭᠠᠨ ᠭᠡᠷᠡᠭᠯᠡᠵᠤ᠂ ᠤᠰᠤᠨ ᠤ ᠡᠬᠢ ᠪᠠᠶᠠᠯᠢᠭ ᠤᠨ ᠭᠡᠷᠡᠭᠯᠡᠯᠳᠡ ᠶᠢᠨ ᠰᠠᠶᠢᠨ ᠤᠷᠴᠢᠯ ᠢ  ᠴᠢᠷᠮᠠᠶᠢᠨ ᠠᠬᠢᠭᠤᠯᠤᠨ᠎ᠠ᠃ ᠰᠢᠳᠠᠮᠠᠬᠠᠢ ᠭᠡᠢ ᠶᠢᠨ ᠬᠤᠭᠤᠯᠠᠢ ᠶᠢᠨ ᠲᠤᠤᠷᠵᠢᠯ  ᠤᠨ ᠲᠦᠯᠦᠪᠵᠢᠬᠦᠯᠭᠡ ᠪᠦᠳᠦᠭᠡᠨ ᠪᠠᠶᠢᠭᠤᠯᠤᠯᠳᠠ ᠶᠢ ᠭᠡᠷᠡᠭᠵᠢᠬᠦᠯᠵᠤ᠂ ᠬᠤᠶᠠᠷ ᠤᠷᠤᠨ ᠭᠡᠴᠡ᠂ ᠬᠤᠶᠠᠷ ᠬᠦᠷᠢᠶᠠᠯᠠᠩ ᠲᠤᠭᠤᠷᠢᠭ ᠤᠨ ᠭᠡᠷᠡᠭᠴᠡᠭᠡ ᠶᠢ ᠡᠩ ᠲᠡᠷᠢᠬᠦᠨ ᠳᠤ ᠪᠠᠳᠤᠯᠠᠨ᠎ᠠ᠃ ᠬᠦᠷᠢᠶᠠᠯᠠᠩ ᠲᠤᠭᠤᠷᠢᠭ ᠤᠨ  ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠲᠠᠢ  ᠤᠶᠠᠯᠳᠤᠭᠤᠯᠵᠤ᠂  ᠶᠤᠸᠠᠨ ᠪᠤᠤ ᠱᠠᠨ ᠪᠠᠯᠭᠠᠰᠤᠨ ᠤ ᠤᠨᠴᠠᠯᠢᠭᠳᠤ ᠵᠢᠵᠢᠭ ᠬᠤᠳᠠ ᠪᠠᠯᠭᠠᠰᠤ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠪᠦᠷᠭᠡᠳᠤ ᠲᠤᠭᠤᠷᠢᠭ᠂ ᠬᠤᠲᠠ ᠶᠢᠨ ᠳᠤᠮᠳᠠᠬᠢ ᠲᠤᠰᠬᠤᠨ ᠪᠣᠯᠣᠨ ᠬᠠᠭᠤᠴᠢᠨ ᠰᠠᠭᠤᠭᠠᠯᠢ ᠲᠤᠭᠤᠷᠢᠭ ᠶᠢ ᠥᠭᠡᠷᠡᠴᠢᠯᠡᠨ ᠪᠠᠶᠢᠭᠤᠯᠬᠤ ᠠᠯᠬᠤᠴᠨ ᠪᠠᠨ ᠲᠦᠷᠭᠡᠳᠬᠡᠨ᠂ ᠬᠤᠲᠠ ᠲᠤᠭᠤᠷᠢᠭ ᠤᠨ ᠠᠳᠠᠯ ᠦᠢᠯᠡᠰ ᠤᠨ ᠬᠠᠮᠢᠶᠠᠷᠤᠯᠲᠠ᠂  ᠢᠯᠴᠢ ᠬᠠᠩᠭᠠᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠬᠠᠮᠢᠶᠠᠷᠦᠯᠲᠠ ᠶᠢ ᠲᠤᠤᠷᠵᠢᠭᠤᠯᠬᠤ᠂ ᠤᠶᠤᠨᠴᠢᠯᠠᠬᠤ᠂  ᠬᠦᠮᠦᠡᠯᠢᠭᠵᠢᠬᠦᠯᠬᠦ   ᠶᠢ ᠠᠬᠢᠭᠤᠯᠤᠨ᠎ᠠ᠃ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ ᠂ ᠵᠠᠮ ᠡᠵᠡᠯᠡᠨ ᠡᠵᠡᠩᠨᠡᠬᠦ᠂ ᠲᠡᠯᠭᠡᠭᠦᠷ ᠶᠢᠨ ᠭᠠᠳᠠᠨ᠎ᠠ ᠡᠵᠡᠩᠨᠡᠬᠦ ᠪᠠ ᠲᠤᠷ᠎ᠠ ᠲᠠᠪᠠ ᠪᠠᠷ ᠪᠠᠶᠢᠭᠤᠯᠬᠤ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ  ᠴᠢᠩᠭ᠎ᠠ ᠰᠢᠳᠬᠡᠵᠦ᠂ ᠬᠤᠲᠠ ᠶᠢᠨ ᠲᠦᠷᠢ ᠲᠥᠷᠭᠦ ᠪᠣᠯᠣᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠤᠭᠤᠷᠢᠨ ᠢ ᠦᠨᠡᠩᠬᠦ ᠰᠠᠶᠢᠵᠢᠷᠠᠭᠤᠯᠤᠨ᠎ᠠ᠃        ᠦᠵᠡᠰᠬᠦᠯᠡᠩᠳᠤ ᠬᠥᠳᠡᠭᠡ ᠲᠤᠰᠬᠤᠨ ᠢ ᠪᠠᠶᠢᠭᠤᠯᠤᠨ᠎ᠠ᠃ ᠰᠠᠭᠤᠷᠢ ᠲᠦᠬᠦᠭᠡᠷᠦᠮᠵᠢ ᠶᠢ ᠬᠥᠳᠡᠭᠡ ᠲᠤᠰᠬᠤᠨ ᠵᠦᠭ ᠤᠷᠤᠭᠤᠯᠵᠤ᠂ ᠨᠡᠶᠢᠲᠡ ᠶᠢᠨ ᠦᠢᠯᠡᠴᠢᠯᠡᠭᠡᠨ ᠢ ᠬᠥᠳᠡᠭᠡ ᠲᠤᠰᠬᠤᠨ ᠵᠦᠭ ᠦᠷᠭᠡᠵᠢᠬᠦᠯᠬᠦ ᠶᠢ ᠠᠬᠢᠭᠤᠯᠤᠨ᠂ ᠣᠷᠣᠭᠤᠯᠬᠤ ᠪᠠ ᠬᠠᠮᠢᠶᠠᠷᠴᠤ ᠬᠠᠮᠠᠭᠠᠯᠠᠬᠤ ᠲᠤᠭᠳᠠᠴᠠ ᠶᠢ ᠪᠦᠷᠢᠨᠰᠢᠬᠦᠯᠵᠤ᠂ ᠬᠤᠲᠠ ᠬᠥᠳᠡᠭᠡ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠳᠦᠮᠵᠢ ᠶᠢ ᠪᠠᠬᠢᠵᠢᠭᠦᠯᠦᠨ᠂ ᠬᠥᠳᠡᠭᠡ ᠲᠤᠰᠬᠤᠨ ᠤ ᠬᠥᠭᠵᠢᠯᠲᠠ ᠶᠢᠨ ᠣᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠤᠨ᠎ᠠ᠃ ︽ᠶᠠᠭᠤ ᠲᠤᠳᠠᠭᠳᠠᠪᠠᠯ᠂ ᠶᠠᠭᠤ ᠶᠢ ᠨᠦᠬᠦᠪᠦᠷᠢᠯᠡᠬᠦ︾ ᠵᠠᠷᠴᠢᠮ ᠢ ᠪᠠᠷᠢᠮᠲᠠᠯᠠᠨ᠂ ᠬᠥᠳᠡᠭᠡ ᠲᠤᠰᠬᠤᠨ ᠤ ᠨᠣᠭᠤᠭᠠᠷᠠᠭᠤᠯᠤᠯᠲᠠ᠂ ᠡᠷᠡᠭᠦᠯ ᠬᠠᠮᠠᠭᠠᠯᠠᠯ ᠴᠡᠪᠡᠷᠯᠡᠭᠡ᠂ ᠦᠨᠳᠦᠰᠦᠨ ᠰᠠᠭᠤᠷᠢ ᠲᠦᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ ᠪᠠᠷᠢᠯᠭ᠎ᠠ ᠶᠢᠨ  ᠢᠨᠵᠧᠨᠧᠷᠢᠩ  ᠢ ᠯᠠᠪᠳᠠᠭᠤᠨ ᠪᠠᠳᠤᠳᠠᠢ ᠬᠡᠷᠡᠭᠵᠢᠭᠦᠯᠦᠨ᠎ᠡ᠃ ᠨᠣᠮᠢᠨ ᠨᠣᠭᠤᠭᠠᠨ ᠬᠥᠳᠡᠭᠡ ᠲᠤᠰᠬᠤᠨ ᠢ ᠪᠦᠳᠦᠭᠡᠨ ᠪᠠᠶᠢᠭᠤᠯᠬᠤ ᠬᠦᠳᠡᠯᠭᠡᠭᠡᠨ ᠢ ᠬᠦᠨᠵᠡᠭᠡᠢ ᠦᠷᠨᠢᠭᠦᠯᠵᠦ᠂ ᠬᠥᠳᠡᠭᠡ ᠲᠤᠰᠬᠤᠨ ᠤ ᠬᠤᠭ ᠨᠤᠪᠰᠢ᠂ ᠪᠤᠬᠢᠷ ᠤᠰᠤ ᠶᠢ ᠰᠢᠢᠳᠪᠦᠷᠢᠯᠡᠬᠦ ᠵᠡᠷᠭᠡ ᠲᠦᠬᠦᠭᠡᠷᠦᠮᠵᠢ ᠶᠢ ᠲᠡᠬᠦᠯᠳᠡᠷᠵᠢᠬᠦᠯᠦᠨ᠂ ᠬᠥᠳᠡᠭᠡ ᠲᠤᠰᠬᠤᠨ ᠤ ᠨᠣᠭᠤᠭᠠᠷᠠᠭᠤᠯᠤᠯᠲᠠ᠂ ᠭᠤᠶᠤᠵᠢᠭᠤᠯᠤᠯᠳᠠ   ᠶᠢ ᠲᠦᠯᠬᠢᠨ ᠠᠭᠢᠭᠤᠯᠤᠨ᠎ᠠ᠃ ᠬᠥᠳᠡᠭᠡ ᠲᠤᠰᠬᠤᠨ ᠤ ᠣᠨᠴᠠᠯᠢᠭ ᠢ ᠠᠩᠬᠠᠷᠤᠨ᠂ ᠬᠥᠳᠡᠭᠡ ᠲᠤᠰᠬᠤᠨ ᠤ ᠬᠡᠪ ᠨᠠᠮᠪᠠ ᠶᠢ ᠬᠠᠳᠠᠭᠠᠯᠠᠨ᠂ ᠲᠡᠦᠬᠡ ᠰᠣᠶᠣᠯ ᠤᠨ ᠬᠠᠳᠠᠭᠠᠯᠠᠭᠳᠠᠴᠨ ᠶᠢ ᠠᠭᠤᠳᠠᠯᠤᠨ᠂ 20 ᠵᠢᠱᠢᠶ᠎ᠡ ᠦᠵᠡᠭᠦᠯᠬᠦ ᠦᠵᠡᠰᠬᠦᠯᠡᠩᠳᠤ ᠲᠤᠰᠬᠤᠨ ᠢ ᠪᠠᠶᠢᠭᠤᠯᠤᠨ᠎ᠠ᠃     ︵ᠲᠠᠪᠤ︶ ᠥᠭᠡᠷᠡᠴᠢᠯᠡᠯᠲᠠ ᠶᠢᠨ ᠬᠦᠴᠦᠯᠡᠴᠨ ᠶᠢ ᠬᠦᠴᠦᠯᠡᠨ ᠴᠢᠩᠭᠠᠳᠬᠠᠵᠤ᠂ ᠦᠷᠭᠦᠯᠵᠢᠯᠡᠨ ᠨᠡᠮᠡᠭᠳᠡᠬᠦ ᠬᠦᠳᠡᠯᠭᠡᠭᠴᠢ ᠭᠦᠴᠦᠨ ᠢ ᠣᠯᠠᠮ ᠨᠢᠭᠡ ᠠᠯᠬᠤᠮ ᠴᠢᠩᠭᠠᠷᠠᠭᠤᠯᠤᠨ᠎ᠠ        ᠭᠤᠤᠯᠲᠠᠯᠭ᠎ᠠ ᠲᠠᠢ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠬᠦᠨᠵᠡᠭᠡᠶᠢᠷᠡᠬᠦᠯᠦᠨ᠎ᠡ᠃ ᠬᠠᠩᠭᠠᠯᠠᠭ᠎ᠠ ᠬᠡᠷᠡᠭᠴᠡᠭᠡᠨ ᠤ ᠪᠦᠳᠦᠴᠨ ᠶᠢᠨ ᠴᠢᠨᠠᠷ ᠲᠠᠢ ᠥᠭᠡᠷᠡᠴᠢᠯᠠᠯᠲᠡ ᠶᠢ ᠨᠠᠷᠢᠨ ᠬᠢᠨᠠᠮᠠᠭᠠᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠬᠠᠰᠤᠵᠤ᠂ ᠨᠢᠭᠡ ᠶᠢ ᠪᠠᠭᠤᠷᠠᠭᠤᠯᠤᠨ᠂ ᠨᠢᠭᠡ ᠶᠢ ᠨᠥᠬᠦᠬᠦ︾ ᠡᠭᠦᠷᠭᠡ ᠪᠠᠨ ᠪᠡᠶᠡᠯᠡᠭᠦᠯᠵᠤ᠂ ᠬᠦᠳᠡᠯᠦᠩᠭᠦᠢ ᠭᠡᠮᠵᠢᠶ᠎ᠠ ᠶᠢ ᠬᠠᠰᠤᠵᠤ᠂ ᠬᠠᠳᠠᠭᠠᠯᠠᠭᠳᠠᠴᠠ ᠶᠢ ᠰᠢᠯᠢᠳᠡᠭᠵᠢᠬᠦᠯᠵᠤ᠂ ᠨᠡᠮᠡᠭᠳᠡᠴᠡ ᠶᠢ ᠬᠦᠳᠦᠯᠦᠨ ᠲᠠᠭᠠᠭᠤᠯᠤᠨ᠎ᠠ᠃ ᠪᠦᠬᠦ ᠲᠠᠯ᠎ᠠ ᠪᠠᠷ ︽ᠬᠤᠤᠰ  ᠲᠠᠰᠢᠷᠠᠮ   ᠨᠢᠭᠡ  ᠢᠯᠨ  ᠨᠡᠶᠢᠳᠡᠯᠡᠯ  ︾   ᠤᠨ  ᠬᠢᠨᠠᠯᠳᠠ ᠬᠠᠮᠢᠶᠠᠷᠤᠯᠳᠠ ᠶᠢ  ᠪᠦᠬᠦ ᠲᠠᠯ᠎ᠠ ᠪᠠᠷ  ᠲᠡᠯᠭᠡᠷᠡᠬᠦᠯᠵᠤ᠂ ᠡᠷᠬᠡ ᠠᠰᠢᠭ᠂ ᠡᠭᠦᠷᠭᠡ ᠬᠠᠷᠢᠭᠤᠴᠠᠯᠭ᠎ᠠ᠂ ᠨᠠᠵᠠᠭᠠᠢ ᠲᠠᠯ᠎ᠠ ᠭᠤᠷᠪᠠᠨ ᠨᠠᠷᠢᠨ ᠳᠠᠩᠰᠠᠨ ᠤ ᠳᠦᠷᠢᠮ ᠢ ᠬᠦᠨᠵᠡᠭᠡᠢ ᠬᠡᠷᠡᠭᠵᠢᠭᠦᠯᠦᠨ᠎ᠡ᠃  ᠰᠦᠯᠵᠢᠶᠠᠨ ᠤ ᠵᠦᠪᠰᠢᠶᠡᠷᠡᠯ ᠬᠢᠨᠠᠯᠳᠠ ᠬᠠᠮᠢᠶᠠᠷᠤᠯᠳᠠ   ᠶᠢᠨ ᠲᠠᠪᠴᠠᠩ ᠤᠨ ᠭᠡᠷᠡᠭᠯᠡᠯᠳᠡ ᠪᠠ  ᠲᠤᠭᠤᠷᠢᠭ  ᠂ ᠪᠠᠯᠭᠠᠰᠤ᠂ ᠭᠠᠴᠠᠭ᠎ᠠ ᠲᠤᠰᠬᠤᠨ ᠤ ᠵᠠᠰᠠᠭ ᠤᠨ ᠶᠠᠪᠤᠳᠠᠯ   ᠤᠨ ᠨᠢᠭᠡ  ᠴᠤᠭᠴᠠᠵᠢᠭᠤᠯᠤᠭᠰᠠᠨ ᠪᠦᠳᠦᠭᠡᠨ ᠪᠠᠶᠢᠭᠤᠯᠤᠯᠲᠠ ᠶᠢ ᠬᠢᠵᠤ᠂ 486 ᠳᠦᠷᠦᠯ ᠵᠣᠷᠪᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠠᠷᠡᠭᠰᠡᠨ ᠶᠠᠪᠤᠳᠠᠯ ᠤᠴᠢᠷ ᠢ ᠲᠦᠪᠯᠡᠷᠡᠭᠦᠯᠦᠨ ᠰᠢᠢᠳᠪᠦᠷᠢᠯᠡᠵᠦ᠂ ᠬᠢᠨᠡᠨ ᠵᠦᠪᠰᠢᠶᠡᠷᠡᠯ ᠤᠨ ᠶᠠᠪᠤᠴᠨ ᠶᠢ ᠰᠢᠯᠢᠳᠡᠭᠵᠢᠭᠦᠯᠦᠨ᠂ ᠵᠥᠪᠰᠢᠶᠡᠷᠡᠯ ᠤᠨ ᠴᠠᠭ ᠤᠨ ᠬᠢᠵᠠᠭᠠᠷ ᠢ ᠪᠤᠭᠤᠨᠢᠰᠬᠠᠨ᠂ ᠵᠠᠰᠠᠭ ᠵᠠᠬᠢᠷᠭᠠᠨ ᠤ ᠦᠷ᠎ᠡ ᠠᠰᠢᠭ ᠢ ᠲᠡᠭᠡᠭᠰᠢᠯᠡᠭᠦᠯᠦᠨ᠎ᠡ᠃ ᠨᠡᠶᠢᠭᠡᠮ ᠤᠨ ᠬᠥᠷᠦᠩᠭᠡ  ᠶᠢᠨ  ᠠᠮᠢᠵᠢᠷᠠᠯ ᠤᠨ  ᠬᠦᠴᠦᠨ ᠢ ᠢᠳᠡᠪᠬᠢᠵᠢᠬᠦᠯᠵᠤ᠂ ᠰᠠᠭᠤᠷᠢ ᠲᠦᠬᠦᠭᠡᠷᠦᠮᠵᠢ  ᠂ ᠨᠡᠶᠢᠲᠡ ᠶᠢᠨ ᠦᠢᠯᠡᠴᠢᠯᠡᠭᠡᠨ  ᠤ ᠬᠦᠷᠢᠶ᠎ᠡ ᠬᠡᠪᠴᠢᠶᠡᠨ ᠳᠤ᠂ PPPᠲᠦᠷᠦᠯ ᠵᠦᠢᠯ9 ᠶᠢ ᠲᠦᠰᠦᠪᠯᠡᠵᠤ  ᠂ ᠶᠡᠷᠦᠩᠬᠡᠢ ᠪᠡᠯᠨ ᠣᠷᠣᠭᠤᠯᠤᠯᠲᠠ70 ᠳ᠋ᠥᠩᠰᠢᠭᠤᠷ ᠲᠦᠬᠦᠷᠢᠭ ᠢ  ᠲᠠᠪᠠᠨ᠎ᠠ᠃ ᠤᠯᠤᠰ ᠤᠨ ᠦᠮᠴᠢᠯᠠᠯᠳᠤ ᠡᠳ᠋ ᠬᠦᠷᠦᠩᠭᠡ ᠶᠢᠨ ᠬᠠᠮᠢᠶᠠᠷᠤᠯᠲᠠ ᠶᠢ ᠨᠢᠭᠡᠳᠦᠯᠵᠢᠭᠦᠯᠵᠤ᠂ ᠡᠳ᠋ ᠤᠨ ᠵᠠᠰᠠᠭ ᠤᠨ ᠪᠡᠯᠨ ᠮᠥᠩᠬᠦ ᠶᠢ ᠨᠡᠶᠢᠯᠡᠬᠦᠯᠤᠨ᠂ ᠬᠤᠲᠠ ᠶᠢᠨ ᠪᠡᠯᠡ ᠤᠷᠤᠭᠤᠯᠤᠯᠳᠠ  ᠶᠢᠨ ᠺᠤᠮᠫᠠᠨᠢ᠂ ᠰᠢᠶᠠᠩ ᠶᠤᠸᠠᠨ ᠵᠡᠷᠭᠡ ᠪᠡᠯᠨ ᠤᠷᠤᠭᠤᠯᠬᠤ ᠨᠡᠶᠢᠯᠡᠬᠦᠯᠬᠦ  ᠲᠠᠪᠴᠠᠩ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠢ ᠴᠢᠩᠭᠠᠳᠬᠠᠨ᠎ᠠ᠃ ᠲᠤᠭᠤᠷᠢᠭ ᠲᠤ ᠰᠠᠭᠤᠭ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ︽ᠭᠤᠷᠪᠠᠨ ᠬᠠᠩᠭᠠᠯᠭ᠎ᠠ ᠨᠢᠭᠡ ᠦᠢᠯᠡᠰ︾ ᠢ ᠢᠯᠭᠠᠨ ᠰᠠᠯᠭᠠᠵᠤ ᠰᠢᠯᠵᠢᠬᠦᠯᠦᠨ ᠲᠤᠰᠢᠶᠠᠬᠤ ᠶᠢ ᠲᠦᠷᠭᠡᠳᠭᠡᠪᠡ᠃ ᠠᠯᠪᠠᠨ ᠵᠢᠷᠦᠮ ᠤᠨ ᠰᠤᠷᠭᠠᠨ ᠬᠦᠮᠦᠵᠢᠯ᠂  ᠡᠮ ᠡᠮᠨᠡᠯᠭᠡ ᠶᠢᠨ ᠡᠬᠢ ᠪᠠᠶᠠᠯᠢᠭ   ᠤᠨ ᠲᠠᠩᠴᠡᠬᠦᠷᠢᠳᠤ ᠲᠤᠬᠢᠷᠠᠭᠤᠯᠤᠯᠳᠠ ᠶᠢ ᠨᠢᠭᠡᠳᠤᠯᠵᠢᠬᠦᠯᠵᠤ᠂ ᠬᠤᠲᠠ ᠬᠥᠳᠡᠭᠡ ᠶᠢᠨ ᠵᠦᠷᠢᠶ᠎ᠡ  ᠶᠢ ᠠᠭᠠᠵᠢᠮ   ᠢᠶᠠᠷ ᠪᠠᠭᠠᠰᠬᠠᠨ᠎ᠠ᠃ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠰᠦᠪᠡᠭᠴᠢᠯᠡᠨ ᠦᠷᠨᠢᠬᠦᠯᠦᠨ᠎ᠡ᠃ ᠡᠬᠦᠷᠢᠳᠡ ᠶᠢᠨ ᠦᠨᠳᠦᠰᠦᠨ ᠲᠠᠷᠢᠶᠠᠨ ᠭᠠᠵᠠᠷ  ᠢ ᠬᠠᠷᠭᠤᠭᠤᠯᠤᠨ ᠭᠡᠷᠡᠴᠢᠯᠠᠬᠦ ᠪᠠ ᠵᠢᠷᠤᠭᠯᠠᠨ ᠲᠤᠭᠳᠠᠭᠠᠵᠤ ᠬᠦᠮᠦᠷᠭᠡᠯᠡᠬᠦ ᠠᠵᠢᠯ ᠢ ᠪᠤᠳᠠᠳᠠᠢ ᠠᠳᠬᠤᠵᠤ᠂ ᠡᠯ᠎ᠡ ᠲᠦᠷᠦᠯ ᠤᠨ ᠪᠦᠳᠦᠭᠡᠨ ᠪᠠᠶᠢᠭᠤᠯᠤᠯᠲᠠ ᠳᠤ ᠬᠦᠷᠦᠯᠴᠡᠭᠦᠶᠢᠴᠨ ᠣᠷᠣᠨ ᠵᠠᠢ ᠦᠯᠡᠳᠡᠭᠡᠨ᠎ᠡ᠃ ᠲᠠᠪᠣᠨ ᠶᠡᠭᠡ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠬᠦᠳᠬᠦ  ᠲᠠᠪᠴᠠᠩ ᠢ  ᠰᠠᠶᠢᠳᠤᠷ ᠠᠰᠢᠭᠯᠠᠵᠤ᠂ ᠠᠵᠤ ᠠᠬᠤᠶᠢᠯᠠᠯ ᠤᠨ ᠰᠢᠨ᠎ᠡ ᠶᠢ ᠡᠬᠦᠳᠬᠦ ᠴᠢᠳᠠᠪᠦᠷᠢ ᠶᠢ ᠲᠡᠭᠡᠭᠰᠢᠯᠡᠭᠦᠯᠦᠨ᠎ᠡ᠃     ︵ᠵᠢᠷᠭᠤᠭ᠎ᠠ︶ ᠣᠷᠴᠢᠨ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠣᠨ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠷᠮᠠᠶᠢᠨ ᠴᠢᠩᠭᠠᠳᠬᠠᠵᠤ᠂ ᠣᠷᠣᠨ ᠨᠤᠲᠤᠭ ᠤᠨ ᠬᠥᠭᠵᠢᠯᠲᠡ ᠶᠢᠨ ᠣᠷᠴᠢᠨ ᠲᠤᠭᠤᠷᠢᠨ ᠪᠣᠯᠣᠨ ᠨᠥᠭᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ     ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠨ ᠪᠠᠨ ᠴᠢᠩᠭᠠᠳᠬᠠᠨ᠎ᠠ᠃ ᠡᠨᠡ ᠵᠢᠯ ᠳᠤ ᠣᠢ ᠰᠢᠭᠤᠢ ᠶᠢᠨ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ1 ᠲᠦᠮᠡᠨ ᠮᠤ᠋ ᠪᠠᠶᠡᠯᠡᠭᠦᠯᠦᠨ᠎ᠡ᠃ ᠭᠤᠤᠯᠳᠠᠯᠭ᠎ᠠ ᠲᠠᠢ ᠬᠤᠲᠠ ᠪᠠᠯᠭᠠᠰᠤ᠂ ᠭᠤᠤᠯᠳᠠᠯᠭ᠎ᠠ ᠲᠠᠢ ᠲᠤᠰᠬᠤᠨ᠂ ᠵᠠᠮ ᠲᠠᠭᠠᠤ᠂ ᠭᠤᠤᠯᠳᠠᠯᠭ᠎ᠠ ᠲᠠᠢ ᠵᠠᠮ  ᠤᠨ ᠠᠭᠤᠯᠵᠠᠭᠤᠷ᠂ ᠦᠢᠯᠡᠳᠪᠦᠷᠢ ᠠᠭᠤᠷᠬᠠᠢ ᠶᠢᠨ ᠴᠡᠴᠡᠷᠯᠢᠭᠵᠢᠭᠦᠯᠦᠭᠰᠡᠨ ᠣᠷᠣᠨ  ᠪᠦᠰᠡ   ᠶᠢᠨ ᠨᠤᠭᠤᠭᠠᠷᠠᠭᠤᠯᠤᠯᠳᠠ ᠶᠢ ᠦᠷᠬᠦᠯᠵᠢᠯᠡᠨ ᠲᠦᠯᠬᠢᠨ ᠠᠬᠢᠭᠤᠯᠵᠤ᠂ ᠠᠭᠤᠯᠨ ᠭᠠᠩᠭ᠎ᠠ᠂  ᠤᠰᠤᠨ ᠰᠢᠰᠲ᠋ᠧᠮ᠂ ᠵᠠᠮ  ᠱᠤᠭᠤᠮ᠂ ᠬᠤᠲᠠ ᠬᠦᠳᠡᠭᠡ ᠲᠦᠷᠪᠡᠨ ᠶᠡᠭᠡ ᠨᠤᠭᠤᠭᠠᠷᠠᠭᠤᠯᠤᠯᠲᠠ ᠶᠢᠨ ᠪᠠᠷᠢᠯᠭ᠎ᠠ ᠶᠢ ᠬᠡᠷᠡᠭᠵᠢᠭᠦᠯᠦᠨ᠂ ᠤᠯᠠᠭᠠᠨᠬᠠᠳᠠ ᠶᠢᠨ ᠡᠷᠭᠢᠨ ᠲᠤᠭᠤᠷᠢᠨ ᠳᠤ50 ᠺᠢᠯᠤᠮᠧᠲᠷ   ᠢᠶᠠᠷ ᠷᠠᠳᠢᠤᠰ  ᠪᠤᠯᠭᠠᠭᠰᠠᠨ  ᠠᠮᠢ ᠠᠬᠤᠢ ᠠᠵᠤ ᠠᠬᠤᠢ ᠶᠢᠨ  ᠲᠤᠭᠤᠷᠢᠭ ᠪᠠᠶᠢᠭᠤᠯᠤᠨ᠎ᠠ  ᠃  ᠤᠢ ᠰᠢᠭᠤᠢ ᠠᠮᠢ ᠠᠬᠤᠢ ᠶᠢᠨ  ᠵᠤᠭᠠᠴᠠᠯ᠂  ᠰᠡᠯᠡᠭᠦᠴᠡᠨ ᠲᠡᠭᠦᠬᠦ᠂  ᠰᠤᠨᠢᠷᠬᠠᠨ ᠴᠡᠩᠭᠡᠬᠦ   ᠶᠢ  ᠨᠢᠭᠡ ᠴᠤᠭᠴᠨ  ᠪᠤᠯᠭᠠᠭᠰᠠᠨ   ᠨᠤᠮᠢᠨ ᠨᠤᠭᠤᠭᠠᠨ   ᠠᠮᠢ ᠠᠬᠤᠢ ᠶᠢᠨ ᠬᠠᠯᠠᠬᠠᠪᠴᠢ ᠪᠣᠯᠣᠨ ᠥᠨᠳᠦᠷ ᠪᠠᠷᠢᠮᠵᠢᠶᠠᠲᠤ  ᠵᠠᠰᠠᠮᠠᠯ ᠵᠠᠮ  ᠨᠤᠮᠢᠨ ᠨᠤᠭᠤᠭᠠᠨ ᠤᠷᠳᠤ ᠬᠤᠩᠬᠢᠯ ᠢ ᠱᠠᠯᠠᠪᠳᠠᠨ ᠪᠠᠶᠢᠭᠤᠯᠤᠨ᠎ᠠ᠃      ᠣᠷᠴᠢᠨ ᠲᠤᠭᠤᠷᠢᠨ ᠢ ᠬᠠᠮᠠᠭᠠᠯᠠᠬᠤ ᠲᠤᠰᠬᠠᠢ ᠳᠦᠷᠦᠯ ᠤᠨ ᠪᠡᠯᠨ ᠮᠥᠩᠭᠦ ᠶᠢ500 ᠲᠦᠮᠡᠨ ᠲᠦᠬᠦᠷᠢᠭ ᠲᠣᠬᠢᠷᠠᠭᠤᠯᠤᠨ᠂ ᠤᠰᠤ᠂ ᠠᠭᠤᠷ ᠠᠮᠢᠰᠬᠤᠯ᠂ ᠬᠦᠷᠦᠰᠦ ᠰᠢᠷᠣᠢ ᠶᠢᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ  ᠳᠠᠬᠢ ᠪᠣᠬᠢᠷᠳᠠᠯ ᠢ ᠴᠢᠷᠮᠠᠶᠢᠨ ᠵᠠᠰᠠᠵᠤ᠂ ᠣᠯᠠᠨ ᠲᠦᠮᠡᠨ ᠤ ᠡᠷᠡᠭᠦᠯ ᠮᠡᠨᠳᠦ ᠶᠢ ᠨᠥᠯᠦᠭᠡᠯᠡᠵᠦ ᠪᠠᠶᠢᠭ᠎ᠠ ᠣᠷᠴᠢᠨ ᠲᠤᠭᠤᠷᠢᠨ ᠤ ᠪᠣᠬᠢᠷᠳᠠᠯ ᠤᠨ ᠠᠰᠠᠭᠤᠳᠠᠯ ᠢ ᠬᠦᠴᠤ ᠣᠷᠣᠭᠤᠯᠤᠨ ᠰᠢᠢᠳᠪᠦᠷᠢᠯᠡᠨ᠎ᠡ᠃ ᠭᠤᠣᠯ ᠪᠣᠬᠢᠷᠳᠠᠭᠤᠯᠵᠤ ᠪᠠᠶᠢᠭ᠎ᠠ ᠪᠤᠳᠠᠰ ᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠪᠠᠳᠤᠯᠠᠵᠤ᠂ ᠰᠢᠨᠵᠢᠯᠡᠬᠦ ᠤᠬᠠᠭᠠᠨᠴᠢ ᠪᠠᠷ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠢ ᠠᠪᠴᠤ᠂ ᠭᠤᠤᠯ ᠮᠦᠷᠡᠨ ᠳᠤ ᠪᠣᠬᠢᠷᠳᠠᠯ ᠲᠠᠢ ᠤᠰᠤ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠨ᠂ ᠣᠯᠠᠨ ᠲᠦᠮᠡᠨ ᠳᠤ  ᠰᠢᠨ᠎ᠠ ᠰᠤᠷᠭᠤᠭ  ᠠᠭᠠᠷ ᠠᠮᠢᠰᠬᠤᠭᠤᠯᠤᠨ᠂ ᠴᠡᠪᠡᠷ ᠲᠤᠩᠭᠠᠯᠠᠭ ᠤᠰᠤ ᠤᠤᠭᠤᠯᠭᠠᠨ᠎ᠠ᠃ ᠬᠠᠤᠯᠢ ᠪᠤᠰᠤ ᠪᠠᠷ ᠠᠭᠤᠷᠬᠠᠢ ᠮᠠᠯᠲᠠᠬᠤ ᠶᠢ ᠴᠡᠭᠴᠡᠯᠠᠨ ᠵᠠᠰᠠᠬᠤ ᠠᠵᠢᠯ ᠢ ᠯᠠᠪᠲᠠᠭᠤᠨ  ᠪᠠᠳᠤᠳᠠᠢ ᠦᠷᠨᠢᠭᠦᠯᠵᠦ᠂ ᠬᠠᠤᠯᠢ ᠪᠤᠰᠤ ᠪᠠᠷ ᠠᠭᠤᠷᠬᠠᠢ ᠮᠠᠯᠲᠠᠬᠤ ᠠᠵᠢᠯᠯᠠᠭ᠎ᠠ ᠳᠤ ᠡᠷᠡᠰ ᠴᠢᠩᠭ᠎ᠠ ᠴᠣᠬᠢᠯᠲᠠ ᠥᠭᠭᠦᠨ᠎ᠡ᠃ ᠭᠠᠵᠠᠷ ᠬᠠᠭᠠᠯᠪᠤᠷᠢᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠭᠠᠵᠠᠷ ᠬᠡᠷᠡᠭᠯᠡᠬᠦ ᠵᠥᠪᠰᠢᠶᠡᠷᠡᠯ ᠢ ᠴᠢᠩᠭ᠎ᠠ ᠠᠳᠬᠤᠵᠤ᠂ ᠰᠤᠯᠨ  ᠬᠠᠶᠠᠭᠳᠠᠭᠰᠠᠨ ᠭᠠᠵᠠᠷ ᠢ ᠠᠰᠢᠭᠯᠠᠵᠤ ᠬᠡᠷᠡᠭᠯᠡᠬᠦ ᠬᠦᠴᠦᠯᠡᠴᠨ ᠪᠠᠨ ᠴᠢᠩᠭᠠᠳᠬᠠᠨ᠂ ᠭᠠᠵᠠᠷ ᠬᠥᠷᠦᠩᠭᠡ ᠶᠢ ᠬᠦᠭᠵᠢᠶᠡᠨ ᠲᠠᠢ ᠪᠣᠯᠭᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠠᠷᠪᠢᠴᠢ ᠭᠠᠮᠲᠠᠢ ᠠᠰᠢᠭᠯᠠᠨ ᠬᠡᠷᠡᠭᠯᠡᠬᠦ ᠶᠢ ᠠᠬᠢᠭᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1