ᠵᠠᠰᠠᠭ ᠤᠨ  ᠤᠷᠳᠤᠨ ᠤ ᠠᠵᠢᠯ ᠤᠨ  ᠢᠯᠡᠳᠭᠡᠯ  (6)
ᠨᠡᠶᠢᠲᠡᠯᠡᠭᠰᠡᠨ ᠴᠠᠭ᠄
2017/9/22
    ︵ᠲᠤᠯᠤᠭ᠎ᠠ︶ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠶᠢᠵᠢᠷᠠᠭᠤᠯᠵᠤ᠂ ᠠᠷᠠᠳ ᠤᠯᠠᠨ ᠢ  ᠨᠡᠩ ᠦᠷᠭᠡᠨ‌‍ᠬᠦ᠋ᠷᠳᠡᠭᠡᠮᠵᠢ ᠪᠣᠯᠣᠨ ᠵᠣᠯ ᠵᠢᠷᠭᠠᠯ ᠲᠠᠢ ᠪᠠᠶᠢᠯᠭᠠᠨ᠎ᠠ       ᠨᠡᠶᠢᠲᠡ ᠶᠢᠨ ᠠᠰᠠᠷᠠᠮᠵᠢ ᠶᠢᠨ ᠪᠠᠶᠢᠷᠢ ᠶᠢ ᠶᠡᠭᠡ ᠪᠠᠷ ᠨᠡᠮᠡᠭᠳᠡᠭᠦᠯᠵᠤ᠂ ᠵᠠᠰᠠᠭ ᠤᠨ ᠣᠷᠳᠤᠨ ᠤ ᠦᠨᠳᠦᠰᠦᠨ ᠱᠠᠳᠤᠨ ᠤ ᠨᠡᠶᠢᠲᠡ ᠶᠢᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠤᠨ ᠪᠠᠶᠢᠷᠢ ᠬᠤᠳᠠᠯᠳᠤᠨ ᠠᠪᠬᠤ ᠬᠦᠴᠦᠯᠡᠴᠡ ᠶᠢ ᠨᠡᠮᠡᠭᠳᠡᠭᠦᠯᠦᠨ᠎ᠡ᠃ ᠶᠡᠭᠡ ᠲᠡᠭᠡᠳᠦ ᠰᠤᠷᠭᠠᠭᠤᠯᠢ ᠲᠡᠭᠦᠰᠴᠦ ᠪᠠᠶᠢᠭ᠎ᠠ ᠰᠤᠷᠤᠭᠴᠢ᠂ ᠬᠤᠲᠠ ᠪᠠᠯᠭᠠᠰᠤᠨ ᠤ ᠠᠵᠢᠯ ᠣᠯᠬᠤ ᠳᠤ ᠬᠦᠴᠢᠷ ᠲᠠᠢ ᠪᠠᠶᠢᠭ᠎ᠠ ᠬᠦᠮᠦᠰ ᠪᠣᠯᠣᠨ ᠠᠵᠢᠯ ᠤᠯᠭᠤᠯᠳᠠ ᠦᠭᠡᠢ ᠭᠡᠷ ᠪᠦᠯᠢ ᠵᠡᠷᠭᠡ ᠭᠤᠤᠯᠳᠠᠯᠭ᠎ᠠ ᠲᠠᠢ ᠪᠦᠯᠦᠭᠯᠡᠯ ᠤᠨ ᠠᠵᠢᠯ ᠤᠯᠭᠤᠯᠳᠠ ᠶᠢᠨ ᠠᠵᠢᠯ ᠢ ᠨᠢᠭᠡᠳᠦᠯᠵᠢᠬᠦᠯᠦᠨ ᠰᠠᠶᠢᠳᠤᠷ ᠬᠢᠵᠤ᠂ ᠪᠦᠬᠦ ᠵᠢᠯ ᠳᠤ ᠬᠤᠲᠠ ᠪᠠᠯᠭᠠᠰᠤᠨ ᠤ ᠠᠵᠢᠯ ᠣᠯᠭᠤᠯᠲᠠ ᠶᠢ 4300 ᠬᠦᠮᠦᠨ ᠰᠢᠨ᠎ᠠ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠯᠳᠠ ᠶᠢᠨ ᠨᠣᠷᠮ᠎ᠠ ᠶᠢ 4.1% ᠤᠨ ᠲᠤᠲᠤᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠪᠠᠳᠤᠯᠠᠭ᠎ᠠ᠂ ᠡᠮᠨᠡᠯᠭᠡ  ᠶᠢᠨ ᠪᠠᠳᠤᠯᠠᠭ᠎ᠠ ᠲᠠᠲᠠᠪᠤᠷᠢᠯᠠᠨ ᠲᠤᠰᠢᠶᠠᠬᠤ ᠭᠡᠪᠴᠢᠶ᠎ᠠ ᠶᠢ ᠥᠷᠭᠡᠳᠬᠡᠨ᠂ ᠪᠦᠬᠦ ᠠᠷᠠᠳ ᠳᠠᠭᠠᠳᠬᠠᠯ ᠳᠤ ᠣᠷᠣᠬᠤ  ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠰᠤᠵᠢᠯ ᠤᠨ ᠳᠠᠭᠠᠳᠬᠠᠯ ᠳᠤ ᠣᠷᠣᠯᠴᠠᠬᠤ  ᠂ ᠰᠦᠢᠳᠬᠡᠯ ᠲᠤᠰᠢᠶᠠᠬᠤ ᠪᠣᠯᠣᠨ ᠰᠢᠯᠵᠢᠭᠦᠯᠦᠨ  ᠵᠤᠯᠭᠠᠭᠤᠯᠬᠤ ᠦᠷᠬᠦᠯᠵᠢᠯᠡᠬᠦᠯᠬᠦ ᠠᠵᠢᠯ ᠢ ᠰᠠᠶᠢᠵᠢᠷᠠᠭᠤᠯᠵᠤ᠂ ᠬᠤᠲᠠ ᠬᠥᠳᠡᠭᠡ  ᠨᠢᠭᠡᠳᠤᠯᠳᠠᠢ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠳᠦᠷᠢᠮ ᠢ ᠬᠡᠷᠡᠭᠵᠢᠭᠦᠯᠦᠨ᠎ᠡ᠃ ᠪᠠᠳᠤᠯᠠᠭ᠎ᠠ ᠪᠣᠯᠣᠨ ᠠᠪᠤᠷᠠᠨ ᠲᠤᠰᠠᠯᠠᠬᠤ ᠬᠦᠴᠦᠯᠡᠴᠨ ᠪᠠᠨ ᠴᠢᠩᠭᠠᠳᠬᠠᠵᠤ᠂ ᠬᠤᠲᠠ ᠪᠠᠯᠭᠠᠰᠤᠨ ᠤ ᠲᠤᠤᠷ᠎ᠠ ᠪᠠᠳᠤᠯᠠᠭᠠᠳᠤ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠳᠤᠯᠠᠭᠠᠳᠤ ᠡᠷᠦᠬᠡ᠂ ᠬᠤᠲᠠ ᠪᠠᠯᠭᠠᠰᠤᠨ ᠤ ︽ᠭᠤᠷᠪᠠ ᠦᠭᠡᠢ︾ ᠬᠦᠮᠦᠰ ᠤᠨ ᠠᠰᠠᠷᠠᠬᠤ ᠪᠠᠷᠢᠮᠵᠢᠶ᠎ᠡ ᠵᠢᠴᠢ ᠨᠦᠬᠦᠪᠦᠷᠢ ᠶᠢ ᠲᠣᠬᠢᠷᠠᠮᠵᠢᠲᠠᠢ ᠲᠡᠭᠡᠭᠰᠢᠯᠡᠭᠦᠯᠦᠨ᠎ᠡ᠃ ᠬᠤᠲᠠ ᠲᠣᠭᠤᠷᠢᠭ ᠤᠨ ᠶᠡᠷᠦᠩᠬᠡᠶᠢᠯᠡᠭᠰᠡᠨ ᠨᠡᠶᠢᠲᠡ ᠶᠢᠨ ᠠᠰᠠᠷᠠᠮᠵᠢ ᠶᠢᠨ ᠲᠦᠪ᠂ ᠡᠷᠡᠭᠦᠯᠵᠢᠯ ᠤᠨ ᠲᠦᠪ ᠤᠨ ᠰᠠᠭᠤᠷᠢ ᠲᠦᠬᠦᠭᠡᠷᠦᠮᠵᠢ ᠶᠢ ᠣᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠤᠯᠠᠭᠠᠨ ᠵᠠᠭᠠᠯᠮᠠᠢ᠂ ᠪᠣᠶᠠᠨ ᠨᠢᠬᠦᠯᠡᠰᠬᠦᠢ  ᠂ ᠵᠡᠮᠳᠡᠭᠴᠦᠳ ᠪᠣᠯᠤᠨ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠵᠡᠷᠭᠡ ᠠᠵᠢᠯ ᠦᠢᠯᠡᠰ ᠤᠨ ᠬᠥᠭᠵᠢᠯᠲᠠ  ᠶᠢ ᠲᠡᠮᠵᠢᠵᠤ᠂ ᠲᠣᠷᠣᠢ ᠪᠠᠭᠤᠷᠠᠢ ᠪᠦᠯᠦᠭᠯᠡᠯ ᠤᠨ ᠪᠠᠳᠤᠯᠠᠭ᠎ᠠ ᠶᠢᠨ ᠠᠵᠢᠯ ᠢ ᠰᠠᠶᠢᠨ ᠬᠢᠵᠤ᠂ ᠬᠦᠴᠢᠷ ᠲᠠᠢ ᠪᠦᠯᠦᠭᠯᠯᠡᠯ ᠤᠨ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢᠨ ᠲᠤᠤᠷᠵᠢᠯ ᠢ ᠪᠠᠬᠢᠵᠢᠭᠦᠯᠦᠨ᠎ᠡ᠃ ᠪᠠᠳᠤᠯᠠᠭ᠎ᠠ ᠶᠢᠨ ᠴᠢᠨᠠᠷ ᠲᠠᠢ ᠣᠷᠣᠨ ᠰᠠᠭᠤᠴᠨ ᠶᠢ 222 ᠢᠵᠢ ᠨᠠᠶᠢᠳᠠᠪᠤᠷᠢᠵᠢᠭᠤᠯᠤᠨ᠎ᠠ᠃ ᠪᠦᠷᠭᠡᠳᠤ ᠲᠤᠭᠤᠷᠢᠭ ᠤᠨ 1168 ᠡᠷᠦᠬᠡ ᠶᠢ ᠲᠦᠪᠬᠢᠨᠡᠬᠦᠯᠵᠤ᠂ ᠰᠠᠭᠤᠭᠳᠠᠭᠰᠠᠨ ᠢᠪᠡᠷᠡᠭᠰᠡᠨ ᠲᠤᠭᠤᠷᠢᠭ ᠤᠨ 265 ᠡᠷᠦᠬᠡ ᠰᠠᠭᠤᠭᠠᠯᠢ ᠠᠷᠠᠳ ᠤᠨ ᠭᠡᠷ ᠢ  ᠵᠠᠰᠠᠨ᠎ᠠ᠃ ᠬᠠᠭᠤᠴᠢᠨ ᠲᠤᠭᠤᠷᠢᠭ ᠤᠨ ᠲᠤᠯᠠᠭᠠᠯᠭ᠎ᠠ ᠶᠢ 12 ᠲᠦᠮᠡᠨ ᠲᠡᠭᠰᠢ ᠲᠦᠷᠪᠡᠯᠵᠢᠨ ᠮᠧᠲᠷ  ᠡᠨᠧᠷᠬᠢ ᠠᠷᠪᠢᠯᠠᠨ ᠦᠭᠡᠷᠡᠴᠢᠯᠡᠨ ᠵᠠᠰᠠᠵᠤ᠂ ᠲᠠᠷᠢᠶᠠᠯᠠᠬᠤ ᠲᠤᠰᠬᠤᠨ ᠤ 500 ᠨᠤᠷᠠᠬᠤ ᠠᠶᠤᠯᠲᠠᠢ ᠭᠡᠷ ᠢ ᠦᠭᠡᠷᠡᠴᠢᠯᠠᠨ  ᠵᠠᠰᠠᠨ᠎ᠠ᠃        ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ  ᠰᠠᠶᠢᠳᠤᠷ  ᠠᠳᠬᠤᠨ᠎ᠠ᠃ ᠰᠤᠷᠭᠠᠨ ᠬᠦᠮᠦᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠫᠢᠩᠵᠤᠸᠠᠩ ᠤᠨ ᠨᠡᠭᠦᠷᠡᠰᠦᠨ ᠠᠭᠤᠷᠬᠠᠢ ᠶᠢᠨ  ᠲᠡᠭᠡᠳᠤ ᠵᠡᠷᠭᠡ ᠶᠢᠨ ᠰᠤᠷᠭᠠᠭᠤᠯᠢ ᠶᠢ ᠭᠠᠵᠠᠷ ᠰᠢᠯᠵᠢᠭᠦᠯᠦᠨ ᠪᠠᠶᠢᠭᠤᠯᠵᠤ᠂ ᠣᠷᠣᠨ ᠤ ᠳᠡᠰ ᠤᠨ ᠵᠢᠱᠢᠶ᠎ᠡ ᠦᠵᠡᠭᠦᠯᠬᠦ  ᠲᠡᠭᠡᠳᠤ ᠵᠡᠷᠭᠡ  ᠶᠢᠨ ᠲᠤᠮᠲᠠᠳᠤ ᠰᠤᠷᠭᠠᠭᠤᠯᠢ ᠶᠢ ᠡᠬᠦᠳᠦᠨ ᠪᠠᠶᠢᠭᠤᠯᠤᠨ᠎ᠠ᠃ 6166 ᠲᠦᠮᠡᠨ ᠲᠦᠬᠦᠷᠢᠭ ᠤᠨ ᠪᠡᠯᠡ ᠮᠥᠩᠭᠦ ᠣᠷᠣᠭᠤᠯᠵᠤ᠂ ᠲᠤᠮᠲᠠᠳᠤ ᠪᠠᠭ᠎ᠠ ᠰᠤᠷᠭᠠᠭᠤᠯᠢ   ᠶᠢᠨ ᠰᠤᠷᠭᠠᠭᠤᠯᠢ ᠡᠷᠬᠢᠯᠡᠬᠦ ᠨᠦᠬᠦᠴᠡᠯ   ᠢ ᠲᠡᠭᠡᠭᠰᠢᠯᠡᠬᠦᠯᠬᠦ ᠢᠨᠵᠧᠨᠧᠷᠢᠩ  ᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ  ᠤᠨ ᠵᠢᠷᠤᠮᠵᠢᠭᠰᠠᠨ ᠬᠦᠭᠵᠢᠯᠳᠡ ᠶᠢ ᠲᠦᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠳᠤ ᠴᠡᠴᠡᠷᠯᠢᠭ   ᠲᠤ ᠣᠷᠣᠬᠤ ᠨᠤᠷᠮ᠎ᠠ ᠶᠢ 93% ᠳᠤ ᠬᠦᠷᠭᠡᠬᠦ  ᠶᠢ ᠪᠠᠲᠤᠯᠠᠨ᠎ᠠ᠃ ᠠᠯᠪᠠᠨ ᠵᠢᠷᠦᠮ ᠤᠨ ᠰᠤᠷᠭᠠᠨ ᠬᠦᠮᠦᠵᠢᠯ  ᠶᠢ ᠲᠡᠩᠴᠡᠭᠦᠷᠢᠲᠠᠢ ᠬᠥᠭᠵᠢᠯᠲᠡ  ᠶᠢᠨ ᠦᠷ᠎ᠡ ᠳ᠋ᠥᠩ ᠢ ᠪᠠᠬᠢᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠣᠯᠢᠯᠴᠠᠭᠠᠨ ᠤ ᠲᠤᠭᠳᠠᠴᠠ ᠶᠢ ᠲᠡᠬᠦᠯᠳᠡᠷᠵᠢᠬᠦᠯᠦᠨ᠎ᠡ᠃ ᠠᠵᠢᠯ ᠮᠡᠷᠭᠡᠵᠢᠯ ᠤᠨ ᠰᠤᠷᠤᠭᠴᠢ ᠡᠯᠰᠡᠬᠦ ᠬᠠᠷᠢᠴᠠᠯ ᠢᠶᠠᠨ ᠥᠷᠭᠡᠳᠬᠡᠨ᠂ ᠠᠵᠢᠯ ᠲᠦᠷᠦᠯ  ᠢᠶᠠᠷ ᠰᠤᠷᠭᠠᠭᠤᠯᠢ ᠳᠠᠪᠰᠢᠬᠤ ᠠᠵᠢᠯ ᠤᠨ ᠠᠬᠢᠴᠠ ᠶᠢ ᠴᠢᠩᠭᠠᠳᠬᠠᠨ᠂ ᠣᠷᠣᠨ ᠭᠡᠴᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠭᠵᠢᠯᠲᠡ ᠶᠢᠨ ᠲᠤᠯᠤᠭᠠᠶᠢᠯᠠᠭᠴᠢ ᠶᠢ ᠴᠤᠭᠴᠠᠯᠠᠨ᠎ᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ 1.8 ᠳ᠋ᠦᠩᠰᠢᠭᠤᠷ ᠲᠦᠬᠦᠷᠢᠭ ᠪᠡᠯᠡ ᠣᠷᠣᠭᠤᠯᠤᠨ᠂ ᠰᠣᠶᠣᠯ ᠤᠨ ᠣᠷᠳᠣᠨ᠂ ᠨᠣᠮ ᠤᠨ ᠰᠠᠩ᠂ ᠮᠦᠼᠸᠢ᠂ ᠵᠠᠯᠠᠭᠤ ᠪᠠᠭᠠᠴᠤᠳ ᠤᠨ ᠬᠦᠳᠡᠯᠭᠡᠭᠡᠨ ᠤ ᠲᠥᠪ ᠪᠣᠯᠣᠨ ᠪᠦᠬᠦ ᠠᠷᠠᠳ ᠤᠨ ᠪᠡᠶ᠎ᠡ  ᠴᠢᠬᠢᠷᠠᠭᠵᠢᠭᠤᠯᠬᠤ ᠲᠥᠪ ᠢ ᠡᠬᠢᠯᠡᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠬᠥᠳᠡᠯᠭᠡᠭᠡᠨ ᠢ ᠢᠳᠡᠪᠬᠢᠲᠠᠢ ᠥᠷᠨᠢᠭᠦᠯᠵᠦ᠂14 ᠬᠥᠯ ᠪᠥᠮᠪᠥᠭᠡᠨ ᠣᠷᠳᠣᠨ ᠪᠠᠶᠢᠭᠤᠯᠤᠨ ᠵᠠᠯᠠᠭᠤ ᠪᠠᠭᠠᠴᠤᠳ ᠤᠨ ᠲᠠᠮᠢᠷ ᠪᠣᠯᠪᠠᠰᠤᠷᠠᠬᠤ ᠰᠠᠭᠤᠷᠢᠨ ᠭᠠᠵᠠᠷ 5 ᠶᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠲᠠ ᠶᠢ ᠡᠬᠢᠯᠡᠭᠦᠯᠦᠨ᠂ ᠭᠠᠵᠠᠷ ᠣᠷᠣᠨ ᠠᠵᠤ ᠠᠬᠤᠶᠢᠯᠠᠯ ᠤᠨ ᠡᠮᠴᠢᠯᠡᠭᠡᠨ ᠤ ᠡᠬᠢ ᠪᠠᠶᠠᠯᠢᠭ ᠢ ᠴᠡᠭᠴᠡᠯᠡᠨ ᠨᠡᠶᠢᠯᠡᠬᠦᠯᠵᠤ᠂  ᠲᠤᠭᠤᠷᠢᠭ᠂ ᠰᠢᠶᠠᠩ ᠪᠠᠯᠭᠠᠰᠤ᠂ ᠲᠤᠰᠬᠤᠨ ᠭᠤᠷᠪᠠᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠣᠯᠣᠨ ᠬᠡᠷᠡᠭᠯᠡᠭᠡᠨ ᠤ ᠲᠣᠭᠲᠠᠴᠠ ᠶᠢ ᠲᠡᠬᠦᠯᠳᠡᠷᠵᠢᠬᠦᠯᠦᠨ᠎ᠡ᠃2489 ᠲᠦᠮᠡᠨ ᠲᠦᠬᠦᠷᠢᠭ ᠤᠨ ᠪᠡᠯᠡ ᠣᠷᠣᠭᠤᠯᠤᠨ ᠲᠤᠭᠤᠷᠢᠭ ᠤᠨ ᠡᠬᠡ ᠨᠢᠯᠬᠠᠰ ᠤᠨ ᠡᠷᠡᠭᠦᠯ ᠬᠠᠮᠠᠭᠠᠯᠠᠯ ᠪᠠ ᠳᠥᠯᠥᠪᠯᠡᠯᠭᠡᠳᠤ ᠦᠷᠡᠵᠢᠯ ᠤᠨ ᠦᠢᠯᠡᠴᠢᠯᠡᠭᠡᠨ ᠤ ᠲᠥᠪ  ᠢ ᠪᠠᠶᠢᠭᠤᠯᠤᠨ᠎ᠠ᠃ ᠤᠯᠤᠰ ᠤᠨ ᠳᠡᠰ ᠤᠨ ᠤᠵᠢᠭ ᠴᠢᠨᠠᠷ ᠲᠠᠢ ᠡᠪᠡᠳᠴᠢᠨ ᠢ ᠶᠡᠷᠦᠩᠬᠡᠶᠢᠯᠡᠨ‌‍ᠰᠡᠷᠭᠡᠶᠢᠯᠡᠨ  ᠵᠠᠰᠠᠬᠤ ᠲᠤᠭᠤᠷᠢᠭ ︵ᠰᠢᠶᠠᠨ ︶   ᠢ ᠴᠢᠷᠮᠠᠶᠢᠨ ᠡᠬᠦᠳᠴᠤ᠂ ᠡᠯ᠎ᠡ ᠱᠠᠳᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠬᠢᠷᠢ ᠲᠦᠪᠰᠢᠨ  ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠨᠡᠶᠢᠭᠡᠮ ᠵᠢᠷᠦᠮ ᠤᠨ ᠭᠤᠤᠯᠯᠠᠭᠴᠢ ᠥᠷᠲᠡᠭ ᠤᠨ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠠᠬᠢᠴᠠ ᠶᠢ ᠲᠦᠷᠭᠡᠳᠬᠡᠨ᠂ ᠠᠷᠠᠳ ᠢᠷᠭᠡᠨ ᠤ ᠪᠣᠯᠪᠠᠰᠤᠨ ᠤ ᠴᠢᠨᠠᠷ ᠴᠢᠨᠰᠠᠭ᠎ᠠ ᠪᠣᠯᠣᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠠᠳᠠᠭᠠᠳᠤ  ᠭᠡᠷᠡᠭ ᠬᠠᠷᠢᠶᠠᠳᠤ ᠶᠢᠨ ᠶᠠᠪᠤᠳᠠᠯ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠪᠠᠭᠠᠴᠤᠳ᠂  ᠨᠠᠰᠤᠳᠠᠶᠢᠴᠤᠳ᠂ ᠳᠠᠩᠰᠠ ᠡᠪᠬᠡᠮᠡᠯ᠂ ᠤᠷᠤᠨ ᠨᠤᠳᠤᠭ  ᠤᠨ ᠤᠶᠢᠯᠠᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠳᠤᠷ ᠬᠢᠨ᠎ᠡ᠃    ︵ᠨᠠᠢᠮᠠ︶ ᠨᠡᠶᠢᠳᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠬᠦᠴᠦᠯᠡᠨ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠲᠦᠷᠦᠭᠳᠡᠯ ᠪᠠ ᠬᠠᠨᠤᠮᠵᠢ ᠶᠢᠨ ᠭᠡᠮᠵᠢᠶ᠎ᠠ ᠶᠢ ᠲᠡᠭᠡᠭᠰᠢᠯᠡᠬᠦᠯᠤᠨ᠎ᠡ   ᠠᠶᠤᠯᠬᠦᠢ ᠦᠢᠯᠡᠳᠪᠦᠷᠢᠯᠡᠯ ᠤᠨ ᠠᠵᠢᠯ  ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠠᠤᠯᠢ ᠶᠢ ᠬᠡᠷᠡᠭᠵᠢᠭᠦᠯᠬᠦ ᠣᠨ︾ ᠤ ᠠᠵᠢᠯᠯᠠᠭᠠᠨ ᠤ ᠬᠦᠨ ᠬᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠠᠶᠤᠯᠬᠦᠢ ᠦᠢᠯᠡᠳᠪᠦᠷᠢᠯᠡᠯ ᠤᠨ ᠲᠤᠤᠷᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠦᠨᠳᠦ ᠴᠣᠬᠢᠯᠲᠠ ᠥᠭᠴᠦ᠂ ᠪᠠᠲᠤ ᠴᠢᠩᠭ᠎ᠠ ᠬᠢᠨᠠᠨ ᠬᠠᠮᠢᠶᠠᠷᠤᠨ᠎ᠠ᠃ ︽ᠨᠠᠮ ᠵᠠᠰᠠᠭ ᠤᠨ ᠬᠠᠮᠲᠤ  ᠶᠢᠨ ᠬᠠᠷᠢᠭᠤᠴᠠᠯᠭ᠎ᠠ᠂ ᠨᠢᠭᠡ ᠪᠠᠶᠢᠷᠢ ᠬᠤᠣᠰ ᠬᠠᠷᠢᠭᠤᠴᠠᠯᠭ᠎ᠠ᠂ ᠬᠠᠷᠢᠭᠤᠴᠠᠯᠭ᠎ᠠ ᠠᠯᠳᠠᠪᠠᠯ ᠨᠡᠭᠡᠮᠵᠢᠯᠡᠬᠦ︾ ᠪᠣᠯᠣᠨ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠤ ᠠᠬᠤᠶᠢᠯᠠᠯ  ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶᠠᠯᠠᠭᠳᠠᠬᠤ ᠣᠷᠣᠨ ᠨᠤᠲᠤᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠭᠡᠮ ᠰᠤᠭᠤᠭ ᠪᠤᠯ ᠲᠠᠷᠦᠢ ᠭᠡᠨᠡᠳᠡᠯ ᠮᠦᠨ︾ ᠬᠡᠬᠦ ᠲᠠᠨᠢᠯᠲᠠ ᠶᠢ  ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠤᠭᠤᠭ ᠢ ᠲᠤᠶᠢᠯᠪᠤᠷᠢᠲᠠᠢ ᠠᠷᠢᠯᠭᠠᠨ᠎ᠠ᠃ ᠠᠶᠤᠯᠬᠦᠢ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦ 500 ᠵᠠᠭᠤᠨ ᠲᠦᠮᠡᠨ ᠲᠦᠬᠦᠷᠢᠭ ᠲᠤᠬᠢᠷᠠᠭᠤᠯᠵᠤ᠂ ᠡᠯ᠎ᠡ ᠱᠠᠳᠤᠨ ᠤ ᠠᠶᠤᠯᠬᠦᠢ ᠦᠢᠯᠡᠳᠪᠦᠷᠢᠯᠡᠯ  ᠤᠨ ᠬᠢᠨᠠᠨ ᠬᠠᠮᠢᠶᠠᠷᠤᠯᠲᠠ  ᠶᠢᠨ ᠪᠠᠶᠢᠭᠤᠯᠤᠮᠵᠢ ᠪᠣᠯᠣᠨ ᠬᠠᠤᠯᠢ ᠬᠡᠷᠡᠭᠵᠢᠭᠦᠯᠬᠦ ᠡᠩᠨᠡᠭᠡᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ  ᠶᠢᠨ ᠬᠢᠷᠢ ᠲᠦᠪᠰᠢᠨ ᠤ ᠳᠡᠭᠡᠭᠰᠢᠯᠡᠭᠦᠯᠦᠨ᠎ᠡ᠃ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠣᠰᠤ ᠠᠭᠤᠯᠠᠨ ᠠᠭᠤᠷᠬᠠᠢ᠂ ᠤᠨᠴᠠᠭᠠᠢ ᠲᠦᠬᠦᠭᠡᠷᠦᠮᠵᠢ᠂ ᠠᠶᠤᠯ ᠲᠠᠢ ᠬᠢᠮᠢ ᠶᠢᠨ ᠪᠥᠲᠥᠭᠳᠡᠬᠦᠨ᠂ ᠫᠤᠤᠵᠢᠩ ᠵᠡᠷᠭᠡ ᠠᠵᠢᠯ ᠲᠦᠷᠦᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠯᠠᠪᠳᠠᠭᠤᠨ ᠪᠠᠳᠤᠳᠠᠢ ᠬᠢᠵᠦ᠂ ᠵᠠᠮ ᠨᠡᠪᠲᠡᠷᠡᠭᠦᠯᠭᠡ᠂ ᠭᠠᠯ  ᠰᠡᠷᠭᠡᠶᠢᠯᠡᠬᠦ ᠤᠢ ᠰᠢᠭᠤᠢ ᠶᠢᠨ ᠲᠤᠶᠢᠮᠠᠷ ᠰᠡᠷᠭᠡᠶᠢᠯᠡᠬᠦ᠂ ᠢᠳᠡᠭᠡᠨ ᠤᠮᠳᠠᠭᠠᠨ ᠡᠮ ᠤᠨ ᠵᠤᠶᠢᠯ᠂ ᠪᠠᠷᠢᠯᠭ᠎ᠠ  ᠪᠠᠶᠢᠭᠤᠯᠤᠯᠳᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠬᠤᠳᠠᠯᠳᠤᠭᠠᠨ ᠤ ᠲᠠᠯᠠᠪᠤᠷ᠂ ᠰᠤᠷᠭᠠᠭᠤᠯᠢ ᠵᠡᠷᠭᠡ ᠬᠦᠮᠦᠨ ᠠᠮᠠ ᠨᠢᠭᠲᠠ ᠲᠠᠯᠠᠪᠤᠷ ᠲᠤ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠨ ᠬᠢᠵᠦ᠂ ᠣᠨᠴᠠ ᠶᠡᠭᠡ ᠬᠡᠷᠡᠭ ᠶᠠᠪᠤᠳᠠᠯ ᠭᠠᠷᠬᠤ ᠶᠢ ᠡᠷᠡᠰ ᠬᠤᠷᠢᠭᠯᠠᠨ᠎ᠠ᠃ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠤ ᠠᠵᠢᠯ  ᠢ ᠪᠦᠬᠦ ᠬᠦᠴᠦᠨ ᠢᠶᠠᠷ ᠰᠠᠶᠢᠳᠤᠷ ᠬᠢᠵᠤ᠂ ᠨᠡᠶᠢᠭᠡᠮ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠠᠶᠤᠯ ᠲᠦᠭᠰᠢᠭᠦᠷᠢ ᠶᠢ ᠦᠨᠡᠯᠡᠬᠦ ᠳᠦᠷᠢᠮ ᠢ ᠴᠢᠩᠭ᠎ᠠ ᠭᠡᠷᠡᠭᠵᠢᠬᠦᠯᠵᠤ᠂ ᠴᠢᠬᠤᠯᠠ ᠶᠡᠭᠡ ᠲᠣᠭᠲᠠᠭᠤᠨ ᠪᠣᠰᠤ ᠠᠰᠠᠭᠤᠳᠠᠯ ᠤᠨ ᠨᠠᠷᠢᠨ ᠳᠠᠩᠰᠠ ᠶᠢᠨ ᠲᠤᠭᠳᠠᠴᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠢ ᠠᠵᠢᠯᠳᠠᠨ ᠪᠠ ᠲᠤᠭᠳᠠᠴᠠ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠲᠤᠭᠳᠠᠭᠠᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠪᠠ ᠭᠤᠣᠯᠳᠠᠯᠭ᠎ᠠ ᠲᠠᠢ ᠬᠡᠷᠡᠭ  ᠤᠨ ᠤᠳᠤᠷᠢᠳᠤᠯᠭ᠎ᠠ ᠳᠠᠭᠠᠭᠠᠴᠢᠯᠠᠬᠤ ᠳᠦᠷᠢᠮ ᠢ ᠦᠷᠬᠦᠯᠵᠢᠯᠡᠨ ᠬᠡᠷᠡᠭᠵᠢᠭᠦᠯᠦᠨ᠎ᠡ᠃ ᠵᠥᠷᠢᠴᠡᠯ ᠵᠢᠭᠤᠷᠭᠠᠨ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠢᠳᠡᠪᠬᠢᠳᠠᠢ  ᠪᠠᠷᠠᠭᠳᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠶᠢ ᠪᠠᠷᠢᠮᠳᠠᠯᠠᠵᠤ᠂ ᠠᠷᠠᠳ ᠤᠨ ᠡᠶᠡᠳᠡᠬᠦᠯᠭᠡ᠂ ᠬᠠᠤᠯᠢ ᠶᠢᠨ ᠡᠶᠡᠳᠡᠬᠦᠯᠭᠡ ᠪᠠ ᠵᠠᠰᠠᠭ ᠵᠠᠬᠢᠷᠭᠠᠨ  ᠤ ᠡᠶᠡᠳᠡᠬᠦᠯᠭᠡ ᠶᠢ ᠲᠡᠬᠦᠯᠳᠡᠷᠵᠢᠬᠦᠯᠵᠤ᠂ ᠰᠠᠭᠠᠳ ᠦᠭᠡᠢ᠂ ᠵᠢᠷᠤᠮᠵᠢᠭᠰᠠᠨ᠂ ᠡᠮᠬᠢ ᠲᠢᠭᠯᠢᠮ ᠲᠠᠢ ᠣᠯᠠᠨ ᠲᠦᠮᠡᠨ ᠤ ᠭᠤᠮᠤᠳᠠᠯ᠂ ᠠᠰᠢᠭ ᠲᠤᠰᠠ ᠶᠢᠨ ᠵᠤᠬᠢᠴᠠᠭᠤᠯᠭ᠎ᠠ ᠪᠠ ᠡᠷᠭᠡ ᠠᠰᠢᠭ ᠤᠨ ᠪᠠᠳᠤᠯᠠᠭ᠎ᠠ ᠶᠢᠨ ᠵᠠᠮ ᠢ ᠪᠠᠶᠢᠭᠤᠯᠤᠨ᠎ᠠ᠃ ᠭᠤᠣᠯᠳᠠᠯᠭ᠎ᠠ ᠲᠠᠢ ᠣᠷᠣᠨ᠂ ᠭᠤᠣᠯᠳᠠᠯᠭ᠎ᠠ ᠲᠠᠢ ᠬᠦᠮᠦᠰ᠂ ᠭᠤᠣᠯᠳᠠᠯᠭ᠎ᠠ ᠲᠠᠢ ᠡᠲᠡᠭᠡᠳ  ᠤᠨ ᠬᠢᠨᠠᠨ ᠡᠵᠡᠮᠰᠢᠯ ᠢ ᠴᠢᠩᠭᠠᠳᠬᠠᠵᠤ᠂ ᠬᠤᠪᠢ ᠬᠦᠮᠦᠨ ᠤ ᠬᠡᠲᠦᠷᠡᠮᠡᠬᠡᠢ ᠬᠡᠷᠡᠭ ᠶᠠᠪᠤᠳᠠᠯ ᠪᠠ ᠤᠯᠠᠨ ᠨᠡᠶᠢᠲᠡ  ᠶᠢᠨ ᠠᠮᠤᠷ ᠲᠦᠪᠰᠢᠨ ᠶᠢ ᠬᠥᠨᠥᠭᠡᠭᠰᠡᠨ ᠬᠡᠷᠡᠭ ᠭᠠᠷᠬᠤ ᠶᠢ ᠰᠡᠷᠭᠡᠶᠢᠯᠡᠨ ᠵᠤᠭᠰᠤᠭᠠᠨ᠎ᠠ᠃ ᠵᠠᠬᠢᠳᠠᠯ ᠰᠤᠷᠪᠤᠯᠵᠢᠯᠠᠭ᠎ᠠ ᠵᠠᠷᠭᠤ ᠵᠠᠭᠠᠯᠳᠤᠯᠭ᠎ᠠ ᠶᠢ ᠬᠠᠤᠯᠢ  ᠶᠢᠨ ᠲᠡᠰ ᠲᠠᠷᠠᠭᠠᠯᠠᠯ ᠢᠶᠠᠷ ᠲᠦᠷᠦᠯ ᠬᠤᠪᠢᠶᠠᠨ ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠮᠥᠷᠭᠦᠯᠳᠦᠭᠡᠨ  ᠢ ᠵᠦᠢ ᠵᠤᠬᠢᠰᠳᠠᠢ ᠨᠠᠮᠳᠠᠭᠤᠯᠵᠤ᠂ ᠣᠯᠠᠨ ᠲᠦᠮᠡᠨ ᠵᠦᠢ ᠶᠣᠰᠣᠨ ᠤ ᠭᠤᠮᠤᠳᠠᠯ ᠭᠤᠶᠤᠴᠢᠯᠠᠯ ᠢ ᠬᠠᠤᠯᠢ ᠶᠣᠰᠣᠭᠠᠷ ᠰᠢᠢᠳᠪᠦᠷᠢᠯᠡᠬᠦ ᠶᠢ ᠪᠠᠲᠤᠯᠠᠨ᠎ᠠ᠃ ᠨᠡᠶᠢᠭᠡᠮ ᠤᠨ ᠶᠡᠷᠥᠩᠬᠡᠶᠢᠯᠡᠨ ᠵᠠᠰᠠᠬᠤ ᠬᠦᠴᠦᠯᠡᠴᠡ ᠶᠢ ᠴᠢᠩᠭᠠᠡᠷᠠᠭᠤᠯᠤᠨ᠎ᠠ᠃ ᠨᠡᠶᠢᠭᠡᠮ ᠲᠤᠭᠤᠷᠢᠭ ᠤᠨ ᠲᠤᠤᠷᠵᠢᠭᠰᠠᠨ ᠬᠠᠮᠢᠶᠠᠷᠤᠯᠲᠠ ᠶᠢ ᠦᠷᠬᠦᠯᠵᠢᠯᠠᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠤᠨ᠂ ᠵᠠᠰᠠᠭ ᠤᠨ ᠣᠷᠳᠤᠨ ᠤ ᠬᠠᠮᠢᠶᠠᠷᠤᠯᠲᠠ ᠪᠠ ᠨᠡᠶᠢᠭᠡᠮ ᠤᠨ ᠦᠪᠡᠷᠰᠡᠳ ᠤᠨ ᠲᠤᠬᠢᠷᠠᠭᠤᠯᠭ᠎ᠠ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ  ᠶᠢ ᠰᠠᠶᠢᠳᠤᠷ ᠦᠢᠯᠡᠳᠦᠯᠴᠡᠬᠦᠯᠬᠦ ᠶᠢ ᠪᠡᠶᠡᠯᠡᠬᠦᠯᠦᠨ᠎ᠡ᠃ ᠤᠳᠤ ᠦᠶ᠎ᠡ ᠶᠢᠨ ᠮᠦᠩᠭᠦᠨ ᠬᠦᠢᠯᠭᠡᠭᠡᠨ‌‍ᠣ ᠬᠢᠨᠠᠨ ᠬᠠᠮᠢᠶᠠᠷᠬᠤ  ᠪᠠᠶᠢᠭᠤᠯᠤᠯ ᠢ ᠲᠦᠷᠭᠡᠪᠴᠢᠯᠡᠨ ᠲᠠᠬᠦᠯᠳᠡᠷᠵᠢᠬᠦᠯᠵᠤ᠂ ᠬᠠᠤᠯᠢ ᠪᠤᠰᠤ ᠪᠡᠯᠡ ᠴᠤᠭᠴᠠᠯᠠᠭᠤᠯᠬᠤ ᠵᠢᠴᠢ ᠮᠦᠩᠭᠦᠨ ᠬᠦᠢᠯᠭᠡᠭᠡᠨ ᠤ ᠮᠡᠭᠡᠯᠡᠯ ᠢ ᠰᠡᠷᠭᠡᠶᠢᠯᠡᠵᠦ᠂ ᠮᠦᠩᠭᠦᠨ ᠬᠦᠢᠯᠭᠡᠨ ᠤ ᠣᠷᠴᠢᠨ ᠢ ᠰᠢᠯᠢᠳᠡᠭᠵᠢᠭᠦᠯᠦᠨ᠎ᠡ᠃ ︽ᠳᠣᠯᠣᠳᠤᠭᠠᠷ ᠲᠠᠪᠤ ᠵᠢᠯ︾ ᠤᠨ ᠬᠠᠤᠯᠢ ᠲᠦᠭᠡᠮᠵᠢᠯᠡᠭᠦᠯᠬᠦ ᠶᠢ ᠭᠦᠨᠵᠡᠭᠡᠢ ᠠᠬᠢᠭᠤᠯᠤᠨ᠂ ᠠᠷᠠᠳ ᠤᠨ ᠡᠶᠡᠳᠡᠬᠦᠯᠦᠯ᠂ ᠬᠠᠤᠯᠢ ᠴᠠᠭᠠᠵᠠ ᠶᠢᠨ ᠲᠤᠰᠠᠯᠠᠯᠴᠠᠭ᠎ᠠ᠂ ᠲᠦᠪᠬᠢᠨᠡᠬᠦᠯᠬᠦ ᠬᠠᠪᠰᠤᠷᠤᠨ ᠬᠦᠮᠦᠵᠢᠭᠦᠯᠬᠦ ᠪᠠ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ︽ᠠᠮᠤᠷ ᠲᠦᠪᠰᠢᠨ ᠪᠣᠤ ᠱᠠᠨ︾ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠡᠯ᠎ᠡ ᠳᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠴᠢᠮ ᠠᠷᠭᠠᠴᠠᠭᠠᠬᠤ  ᠬᠠᠮᠢᠶᠠᠷᠤᠯᠲᠠ ᠶᠢᠨ ᠪᠠᠶᠢᠭᠤᠯᠤᠯ ᠂ ᠠᠵᠢᠯᠯᠠᠬᠤ ᠲᠤᠭᠳᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠪᠦᠳᠦᠭᠡᠨ ᠪᠠᠶᠢᠭᠤᠯᠤᠯᠲᠠ  ᠶᠢᠨ ᠲᠤᠭᠤᠷᠢᠭ᠂  ᠪᠠᠯᠭᠠᠰᠤ ᠰᠢᠶᠠᠩ ᠵᠡᠭᠡᠯᠢ ᠭᠤᠳᠤᠮᠵᠢ ᠬᠤᠶᠠᠷ ᠱᠠᠳᠤ ᠬᠠᠷᠢᠯᠴᠠᠨ ᠬᠤᠯᠪᠤᠭᠳᠠᠵᠤ ᠬᠠᠷᠢᠯᠴᠠᠨ ᠨᠡᠪᠳᠡᠷᠭᠰᠡᠨ ᠪᠠᠴᠢᠮ ᠠᠷᠭᠠᠴᠠᠭᠠᠬᠤ ᠬᠤᠯᠪᠤᠭᠠᠯᠠᠨ ᠬᠦᠳᠡᠯᠬᠦ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠡᠯ᠎ᠡ ᠵᠤᠶᠢᠯ ᠤᠨ ᠭᠡᠨᠡᠳᠳᠡ ᠶᠢᠨ ᠭᠡᠷᠡᠭ ᠢ ᠪᠦᠳᠦᠮᠵᠢᠳᠠᠢ ᠠᠷᠭᠠᠴᠠᠭᠠᠨ᠎ᠠ᠃ ᠤᠯᠤᠰ ᠤᠨ ᠪᠠᠳᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠳᠠ ᠶᠢ ᠴᠢᠩᠭᠠᠳᠬᠠᠨ᠂ ᠴᠡᠷᠢᠭ ᠠᠷᠠᠳ ᠠᠭᠤᠰᠤᠯᠴᠠᠨ ᠬᠦᠨᠵᠡᠭᠡᠢ ᠬᠦᠭᠵᠢᠬᠦ ᠶᠢ ᠠᠬᠢᠭᠤᠯᠤᠨ᠎ᠠ᠃ ᠨᠠᠮ ᠤᠨ ᠦᠨᠳᠦᠰᠦᠲᠡᠨ ᠤ ᠱᠠᠰᠢᠨ ᠰᠤᠷᠲᠠᠬᠤᠨ ᠤ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠨ ᠲᠡᠮᠡᠴᠡᠵᠦ᠂ ᠠᠮᠤᠷ ᠲᠦᠪᠰᠢᠨ ᠠᠵᠤ ᠲᠦᠷᠦᠭᠰᠡᠨ ᠶᠡᠭᠡ ᠰᠠᠶᠢᠨ ᠪᠠᠶᠢᠳᠠᠯ ᠢ ᠦᠨᠡᠩᠬᠦ ᠬᠠᠮᠠᠭᠠᠯᠠᠨ᠎ᠠ᠃      ︵ᠶᠢᠰᠤ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠨᠤᠮᠵᠢᠳᠠᠢ ᠵᠠᠰᠠᠭ ᠤᠨ ᠤᠷᠳᠤᠨ ᠢ ᠴᠤᠭᠴᠠᠯᠠᠨ᠎ᠠ  ᠲᠠᠮᠦᠷ ᠢ ᠳᠠᠪᠲᠠᠬᠤ ᠳᠤ ᠲᠠᠪᠰᠢ ᠨᠢ ᠬᠠᠲᠠᠭᠤ ᠪᠠᠶᠢᠬᠤ ᠬᠡᠷᠡᠭᠲᠠᠢ ᠭᠡᠳᠡᠭ ᠢᠶᠠᠷ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ  ᠡᠷᠭᠡᠪᠰᠢ ᠴᠢᠩᠭ᠎ᠠ ᠵᠠᠰᠠᠭ ᠶᠠᠪᠤᠭᠤᠯᠵᠤ᠂ ᠬᠠᠤᠯᠢ ᠪᠠᠷ ᠵᠠᠰᠠᠭ ᠶᠠᠪᠤᠭᠤᠯᠵᠤ᠂ ᠠᠷᠢᠭᠤᠨ ᠴᠢᠭᠴᠢ ᠪᠠᠷ ᠵᠠᠰᠠᠭ ᠪᠠᠷᠢᠨ᠂ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠵᠠᠰᠠᠭ ᠤᠨ ᠣᠷᠳᠤᠨ ᠤ ᠦᠢᠯᠡᠴᠢᠯᠡᠭᠡᠨ  ᠤ ᠡᠷᠢᠯ ᠬᠦᠭᠡᠭᠡᠴᠠᠯᠳᠤᠯ ᠪᠤᠯᠭᠠᠵᠤ᠂ ᠠᠷᠠᠳ ᠲᠦᠮᠡᠨ ᠬᠠᠨᠤᠮᠵᠢᠳᠠᠢ ᠬᠠᠤᠯᠢᠵᠢᠯ ᠤᠨ ᠬᠡᠯᠪᠡᠷᠢ ᠶᠢᠨ᠂ ᠦᠨᠡᠨᠴᠢ ᠢᠳᠡᠭᠡᠮᠵᠢᠳᠤ ᠬᠡᠯᠪᠡᠷᠢ ᠶᠢᠨ᠂ ᠠᠷᠢᠭᠤᠨ ᠴᠢᠭᠴᠢ ᠬᠡᠯᠪᠡᠷᠢ  ᠵᠠᠰᠠᠭ ᠤᠨ ᠣᠷᠳᠣᠨ ᠢ ᠴᠤᠭᠴᠠᠯᠠᠨ  ᠪᠠᠶᠢᠭᠤᠯᠬᠤ ᠭᠡᠷᠡᠭᠳᠡᠢ᠃      ᠲᠦᠯᠦᠭᠡᠯᠡᠭᠴᠢᠳ ᠡ᠂ ᠠᠷᠠᠳ ᠲᠦᠮᠡᠨ ᠬᠦᠨᠳᠤ ᠨᠠᠶᠢᠳᠠᠯᠠᠭ᠎ᠠ ᠲᠠᠯᠪᠢᠵᠤ᠂ ᠡᠷᠡᠮᠡᠭᠡᠶᠢᠯᠡᠨ ᠲᠠᠪᠰᠢᠵᠤ ᠢᠷᠡᠭᠡᠳᠤᠢ ᠪᠠᠨ ᠴᠤᠭᠴᠠᠯᠠᠬᠤ ᠭᠡᠷᠡᠭᠳᠡᠢ ᠪᠠᠶᠢᠨ᠎ᠠ᠃ ᠪᠢᠳᠡᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠳᠤᠤᠷ᠎ᠠ᠂ ᠪᠦᠯᠬᠦᠮᠳᠡᠨ ᠨᠢᠭᠡᠳᠴᠦ᠂ ᠪᠦᠬᠦ ᠬᠤᠲᠠ ᠳᠤ ᠲᠦᠷᠦᠬᠦᠯᠡᠨ ᠴᠢᠨᠡᠭᠡᠯᠢᠭ ᠨᠡᠶᠢᠭᠡᠮ ᠳᠤ ᠣᠷᠣᠵᠤ᠂ ᠶᠤᠸᠠᠨ ᠪᠤᠤ ᠱᠠᠨ ᠲᠤᠭᠤᠷᠢᠭ ᠤᠨ   ᠢᠶᠠᠨ ᠨᠡᠩ ᠦᠵᠡᠰᠭᠦᠯᠡᠩ ᠰᠠᠶᠢᠬᠠᠨ ᠢᠷᠡᠭᠡᠳᠤᠢ ᠮᠠᠷᠭᠠᠰᠢ ᠶᠢ ᠴᠤᠭᠴᠠᠯᠠᠬᠤ ᠶᠢᠨ ᠲᠦᠯᠦᠭᠡ ᠴᠢᠷᠮᠠᠶᠢᠨ ᠲᠡᠮᠡᠴᠡᠶ᠎ᠡ︕᠃  
 
ᠢᠷᠡᠯᠲᠡ᠄ ᠶᠣᠸᠠᠨ ᠪᠣᠣ ᠱᠠᠨ ᠲᠣᠭᠤᠷᠢᠭ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1