ᠶᠤᠸᠠᠨ ᠪᠣᠤ ᠱᠠᠨ ᠲᠣᠭᠤᠷᠢᠭ ᠰᠢᠯᠭᠠᠭᠤᠯᠢ ᠶᠢᠨ ᠰᠤᠷᠲᠠᠯ ᠰᠢᠯᠭᠠᠭᠤᠯᠢ ᠶᠢᠨ ᠰᠠᠬᠢᠯᠭ᠎ᠠ ᠶᠢ ᠴᠢᠩᠭᠠᠷᠠᠭᠤᠯᠵᠤ᠂ ᠨᠠᠷᠠᠨ ᠭᠡᠷᠡᠯᠲᠦ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢ ᠴᠣᠭᠴᠠᠯᠠᠵᠤ ᠪᠣᠢ
ᠨᠡᠶᠢᠲᠡᠯᠡᠭᠰᠡᠨ ᠴᠠᠭ᠄
2017/9/25
    2017 ᠣᠨ ᠳᠤ ᠶᠤᠸᠠᠨ ᠪᠣᠤ ᠱᠠᠨ ᠲᠣᠭᠤᠷᠢᠭ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠶᠡᠷᠦᠩᠬᠡᠢ ᠲᠤᠭ᠎ᠠ 2504 ᠬᠥᠮᠥᠨ ᠪᠠᠶᠢᠵᠤ᠂ ᠡᠭᠦᠨ ᠤ ᠳᠣᠲᠣᠷ᠎ᠠ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠳᠤ 673 ᠬᠥᠮᠥᠨ᠂  ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ 1657 ᠬᠥᠮᠥᠨ᠂ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ᠤᠨ ᠮᠡᠷᠭᠡᠵᠢᠯ ᠳᠤ 37 ᠬᠥᠮᠥᠨ᠂ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ᠤᠨ ᠮᠡᠷᠭᠡᠵᠢᠯ ᠳᠤ 17 ᠬᠥᠮᠥᠨ᠂ ᠬᠢᠲᠠᠳ ᠢᠶᠠᠷ ᠬᠢᠴᠢᠶᠡᠯᠯᠡᠬᠦ ᠪᠡᠶ᠎ᠡ ᠲᠠᠮᠢᠷ ᠤᠨ ᠮᠡᠷᠭᠡᠵᠢᠯ ᠳᠤ 26 ᠬᠥᠮᠥᠨ᠂ ᠪᠤᠰᠤᠳ ᠤᠷᠠᠯᠢᠭ ᠤᠨ ᠮᠡᠷᠭᠡᠵᠢᠯ ᠳᠤ 16 ᠬᠥᠮᠥᠨ᠂ ᠬᠢᠲᠠᠳ ᠢᠶᠠᠷ ᠬᠢᠴᠢᠶᠡᠯᠯᠡᠬᠦ ᠤᠳᠤᠷᠢᠳᠤᠭᠠᠴᠢ ᠶᠢᠨ ᠮᠡᠷᠭᠡᠵᠢᠯ ᠳᠤ 1 ᠬᠥᠮᠥᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 77 ᠬᠥᠮᠥᠨ ᠲᠣᠰ ᠲᠤᠰ ᠨᠡᠷ᠎ᠡ ᠮᠡᠳᠡᠭᠦᠯᠵᠡᠢ᠃ ᠶᠤᠸᠠᠨ ᠪᠣᠤ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠪᠠ ᠫᠢᠩ ᠮᠧᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠬᠤᠶᠠᠷ ᠰᠢᠯᠭᠠᠯᠲᠠ ᠶᠢᠨ ᠴᠢᠭ᠋ ᠲᠤ ᠲᠤᠰ ᠲᠤᠰ 40 ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠢ ᠪᠠᠶᠢᠭᠤᠯᠵᠤ᠂ ᠡᠯ᠎ᠡ ᠲᠥᠷᠥᠯ ᠤᠨ ᠰᠢᠯᠭᠠᠯᠲᠠ ᠶᠢᠨ ᠦᠢᠯᠡᠴᠢᠯᠡᠭᠡᠨ ᠤ ᠠᠵᠢᠯ ᠳᠤ ᠬᠤᠯᠪᠣᠭᠳᠠᠬᠤ 400 ᠭᠠᠷᠤᠢ ᠠᠵᠢᠯᠲᠠᠨ ᠢ ᠲᠣᠬᠢᠷᠠᠭᠤᠯᠬᠤ ᠪᠠᠷ ᠪᠣᠢ᠃ ᠶᠤᠸᠠᠨ ᠪᠣᠤ ᠱᠠᠨ ᠲᠣᠭᠤᠷᠢᠭ ᠰᠢᠯᠭᠠᠭᠤᠯᠢ ᠶᠢᠨ ᠰᠤᠷᠲᠠᠯ ᠰᠢᠯᠭᠠᠭᠤᠯᠢ ᠶᠢᠨ ᠰᠠᠬᠢᠯᠭ᠎ᠠ ᠶᠢ ᠴᠢᠩᠭᠠᠷᠠᠭᠤᠯᠤᠨ᠂ ᠡᠷᠬᠡ ᠲᠡᠭᠰᠢ᠂ ᠲᠥᠪ ᠭᠤᠣᠯᠴᠢ ᠰᠢᠯᠭᠠᠭᠤᠯᠢ ᠶᠢᠨ ᠣᠷᠴᠢᠨ ᠢ ᠪᠣᠢ ᠪᠣᠯᠭᠠᠬᠤ ᠶᠢᠨ ᠲᠥᠯᠥᠭᠡ᠂ 2017 ᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠡᠯ᠎ᠡ ᠲᠥᠷᠥᠯ ᠤᠨ ᠠᠵᠢᠯ ᠢ ᠰᠠᠶᠢᠲᠤᠷ ᠬᠢᠵᠦ᠂ ︽ᠳᠣᠯᠣᠭᠠᠨ ᠪᠣᠭᠤᠮᠲᠠ︾᠎ ᠶᠢ ᠭᠤᠣᠯᠳᠠᠯᠭ᠎ᠠ ᠲᠠᠢ ᠴᠢᠩᠭ᠎ᠠ ᠰᠠᠬᠢᠬᠤ ᠪᠠᠷ ᠪᠣᠢ᠃     ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠰᠠᠬᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠡᠷᠦᠬᠡ ᠠᠮᠠ ᠶᠢᠨ ᠬᠠᠷᠢᠶᠠᠯᠠᠯ᠂ ᠰᠤᠷᠭᠠᠭᠤᠯᠢ ᠶᠢᠨ ᠬᠠᠷᠢᠶᠠᠯᠠᠯ᠂ ᠦᠨᠳᠦᠰᠦᠲᠡᠨ ᠤ ᠪᠦᠷᠢᠯᠳᠦᠬᠦᠨ ᠵᠡᠷᠭᠡ ᠰᠢᠯᠭᠠᠯᠲᠠ ᠳᠤ ᠮᠡᠳᠡᠭᠦᠯᠬᠦ ᠬᠤᠯᠪᠣᠭᠳᠠᠯ ᠪᠦᠬᠦᠢ ᠰᠤᠷᠠᠭ ᠵᠠᠩᠭᠢ ᠶᠢ ᠴᠢᠩᠭ᠎ᠠ ᠪᠠᠶᠢᠴᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠴᠠᠭᠠᠴᠢᠯᠠᠨ ᠰᠢᠯᠭᠠᠭᠤᠯᠤᠭᠰᠠᠳ ᠢ ᠴᠢᠩᠭ᠎ᠠ ᠪᠠᠶᠢᠴᠠᠭᠠᠨ᠂ ᠰᠢᠯᠭᠠᠭᠤᠯᠢ ᠶᠢᠨ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠪᠠᠲᠤᠯᠠᠨ᠎ᠠ᠃      ᠬᠤᠶᠠᠷ ᠲᠤ᠂ ᠰᠢᠯᠭᠠᠯᠲᠠ ᠬᠢᠨᠠᠭᠴᠢᠳ ᠪᠠ ᠰᠢᠯᠭᠠᠭᠤᠯᠢ ᠶᠢᠨ ᠠᠵᠢᠯᠲᠠᠳ ᠢ ᠰᠣᠩᠭᠤᠨ ᠬᠡᠷᠡᠭᠯᠡᠬᠦ ᠪᠣᠭᠤᠮᠲᠠ ᠶᠢ ᠴᠢᠩᠭ᠎ᠠ ᠰᠠᠬᠢᠨ᠎ᠠ᠃ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠦᠵᠡᠯ ᠰᠠᠨᠠᠭᠠᠨ ᠤ ᠤᠬᠠᠮᠰᠠᠷ ᠥᠨᠳᠥᠷ ᠪᠠᠭᠰᠢ ᠶᠢ ᠰᠣᠩᠭᠤᠵᠤ᠂ ᠠᠵᠢᠯ ᠤᠨ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭᠠᠲᠤ ᠣᠪᠣᠷ ᠢ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠡᠷᠡᠭᠵᠢᠭᠦᠯᠦᠨ᠎ᠡ᠃     ᠭᠤᠷᠪᠠ ᠳᠤ᠂ ᠰᠢᠯᠭᠠᠯᠲᠠ ᠶᠢᠨ ᠡᠮᠦᠨᠡᠬᠢ ᠪᠣᠯᠪᠠᠰᠤᠷᠠᠯ ᠤᠨ ᠪᠣᠭᠤᠮᠲᠠ ᠶᠢ ᠴᠢᠩᠭ᠎ᠠ ᠰᠠᠬᠢᠨ᠎ᠠ᠃ ᠰᠢᠯᠭᠠᠯᠲᠠ ᠶᠢᠨ ᠠᠵᠢᠯ ᠤᠨ ᠮᠡᠳᠡᠯᠭᠡ ᠮᠡᠳᠡᠴᠡ ᠶᠢᠨ ᠪᠣᠯᠪᠠᠰᠤᠷᠠᠯ ᠢ ᠰᠠᠶᠢᠲᠤᠷ ᠬᠢᠵᠦ᠂ ᠰᠢᠯᠭᠠᠯᠲᠠ ᠬᠢᠨᠠᠭᠴᠢᠳ᠂ ᠰᠢᠯᠭᠠᠭᠤᠯᠢ ᠶᠢᠨ ᠠᠵᠢᠯᠲᠠᠳ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠭᠤᠯᠢ ᠶᠢᠨ ᠠᠵᠢᠯ ᠤᠨ ᠲᠤᠬᠠᠢ ᠨᠠᠷᠢᠯᠢᠭ ᠣᠶᠢᠯᠠᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠬᠤᠯᠪᠣᠭᠳᠠᠯ ᠪᠦᠬᠦᠢ ᠠᠵᠢᠯ ᠢ ᠡᠷᠬᠡ ᠲᠡᠭᠰᠢ᠂ ᠲᠥᠪ ᠭᠤᠣᠯᠴᠢ᠂ ᠣᠨᠣᠪᠴᠢᠲᠠᠢ ᠳᠦᠷᠢᠮᠵᠢᠭᠦᠨ ᠪᠡᠶᠡᠯᠡᠭᠦᠯᠬᠦ ᠶᠢ ᠪᠠᠲᠤᠯᠠᠨ᠎ᠠ᠃     ᠳᠥᠷᠪᠡ ᠳᠤ᠂ ᠰᠢᠯᠭᠠᠯᠲᠠ ᠶᠢᠨ ᠲᠠᠯᠠᠪᠠᠢ ᠳᠤ ᠣᠷᠣᠬᠤ ᠪᠠᠶᠢᠴᠠᠭᠠᠯᠲᠠ ᠶᠢᠨ ᠪᠣᠭᠤᠮᠲᠠ ᠶᠢ ᠴᠢᠩᠭ᠎ᠠ ᠰᠠᠬᠢᠨ᠎ᠠ᠃ ᠰᠢᠯᠭᠠᠯᠲᠠ ᠶᠢᠨ ᠠᠵᠢᠯ ᠤᠨ ᠳᠦᠷᠢᠮ ᠲᠣᠭᠲᠠᠭᠠᠯ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠰᠢᠯᠭᠠᠭᠤᠯᠢ ᠶᠢᠨ ᠠᠵᠢᠯᠲᠠᠳ ᠠᠴᠠ ᠰᠢᠯᠭᠠᠭᠤᠯᠤᠭᠰᠠᠳ ᠲᠤ ᠨᠢᠭᠡᠳ ᠨᠢᠭᠡ ᠪᠠᠷ ᠨᠠᠮᠵᠢᠭᠤᠨ ᠰᠤᠳᠤᠯ ᠤᠨ ᠲᠣᠳᠣᠯᠠᠯᠲᠠ᠂ ᠲᠡᠮᠦᠷᠯᠢᠭ ᠤᠨ ᠬᠠᠶᠢᠨ ᠪᠠᠶᠢᠴᠠᠭᠠᠯᠲᠠ ᠬᠢᠵᠦ᠂ ᠰᠢᠯᠭᠠᠯᠲᠠ ᠶᠢᠨ ᠲᠠᠯᠠᠪᠠᠢ ᠳᠤ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠭᠡᠮ ᠬᠢᠬᠦ ᠪᠠᠭᠠᠵᠢ ᠠᠪᠴᠤ ᠣᠷᠣᠬᠤ ᠶᠢ ᠴᠢᠩᠭ᠎ᠠ ᠰᠡᠷᠭᠡᠶᠢᠯᠡᠨ᠂ ᠰᠢᠯᠭᠠᠯᠲᠠ ᠶᠢᠨ ᠴᠢᠩᠭ᠎ᠠ ᠰᠠᠬᠢᠯᠭ᠎ᠠ ᠶᠢ ᠦᠨᠡᠩᠬᠦ ᠪᠠᠲᠤᠯᠠᠨ᠎ᠠ᠃     ᠲᠠᠪᠤ ᠳᠤ᠂ ᠰᠢᠯᠭᠠᠯᠲᠠ ᠶᠢᠨ ᠬᠠᠭᠤᠳᠠᠰᠤ ᠵᠥᠭᠡᠭᠡᠪᠦᠷᠢᠯᠡᠬᠦ ᠪᠣᠭᠤᠮᠲᠠ ᠶᠢ ᠴᠢᠩᠭ᠎ᠠ ᠰᠠᠬᠢᠨ᠎ᠠ᠃ ᠲᠤᠰᠬᠠᠢ ᠲᠡᠷᠭᠡ ᠪᠠᠷ ᠰᠢᠯᠭᠠᠯᠲᠠ ᠶᠢᠨ ᠬᠠᠭᠤᠳᠠᠰᠤ ᠶᠢ ᠵᠥᠭᠡᠭᠡᠪᠦᠷᠢᠯᠡᠨ᠂ ᠲᠡᠷᠭᠡ ᠪᠣᠯᠭᠠᠨ ᠳᠤ ᠳᠣᠲᠣᠭᠠᠳᠤ ᠶᠢ ᠬᠠᠮᠠᠭᠠᠯᠠᠬᠤ ᠠᠵᠢᠯᠲᠠᠨ ᠲᠣᠮᠢᠯᠠᠨ ᠰᠠᠬᠢᠨ ᠬᠦᠷᠭᠡᠯᠭᠡᠵᠦ᠂ ᠰᠢᠯᠭᠠᠯᠲᠠ ᠵᠥᠭᠡᠭᠡᠪᠦᠷᠢᠯᠡᠬᠦ ᠶᠠᠪᠤᠴᠠ ᠶᠢᠨ ᠳᠤᠮᠳᠠ ᠪᠠᠶᠢᠷᠢ ᠲᠣᠭᠲᠠᠭᠠᠨ ᠬᠢᠨᠠᠨ ᠡᠵᠡᠮᠳᠡᠨ᠂ ᠪᠦᠬᠦ ᠶᠠᠪᠤᠴᠠ ᠳᠤ ᠳᠦᠷᠰᠦ ᠰᠢᠩᠭᠡᠭᠡᠯᠲᠡ ᠬᠢᠵᠦ᠂ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠢ ᠦᠨᠡᠩᠬᠦ ᠪᠠᠲᠤᠯᠠᠨ᠎ᠠ᠃    ᠵᠢᠷᠭᠤᠭ᠎ᠠ ᠳᠤ᠂ ᠰᠢᠯᠭᠠᠯᠲᠠ ᠬᠢᠨᠠᠬᠤ ᠪᠣᠭᠤᠮᠲᠠ ᠶᠢ ᠴᠢᠩᠭ᠎ᠠ ᠰᠠᠬᠢᠨ᠎ᠠ᠃ ᠰᠢᠯᠭᠠᠯᠲᠠ ᠬᠢᠨᠠᠭᠴᠢᠳ ᠰᠢᠯᠭᠠᠭᠤᠯᠢ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠲᠥᠪ ᠭᠤᠣᠯᠴᠢ ᠪᠠᠷ ᠠᠵᠢᠯᠯᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ ᠶᠢ ᠡᠷᠡᠰ ᠲᠡᠪᠴᠢᠨ᠂ ᠰᠢᠯᠭᠠᠭᠤᠯᠤᠭᠰᠠᠳ ᠤᠨ ᠰᠠᠬᠢᠯᠭ᠎ᠠ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠦᠭᠰᠡᠨ ᠪᠠᠶᠢᠪᠠᠯ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠦᠷᠢᠮ ᠲᠣᠭᠲᠠᠭᠠᠯ ᠢᠶᠠᠷ ᠴᠢᠩᠭ᠎ᠠ ᠰᠢᠢᠳᠬᠡᠨ᠎ᠡ᠃     ᠳᠣᠯᠤᠭ᠎ᠠ ᠳᠤ᠂ ᠰᠢᠯᠭᠠᠯᠲᠠ ᠶᠢᠨ ᠬᠠᠭᠤᠳᠠᠰᠤ ᠶᠢ ᠬᠤᠷᠢᠶᠠᠨ ᠦᠳᠡᠬᠦ ᠪᠣᠭᠤᠮᠲᠠ ᠶᠢ ᠴᠢᠩᠭ᠎ᠠ ᠰᠠᠬᠢᠨ᠎ᠠ᠃ ᠰᠢᠯᠭᠠᠯᠲᠠ ᠬᠢᠨᠠᠭᠴᠢᠳ ᠲᠣᠭᠲᠠᠭᠠᠭᠰᠠᠨ ᠴᠠᠭ ᠲᠤ ᠰᠢᠯᠭᠠᠯᠲᠠ ᠶᠢᠨ ᠬᠠᠭᠤᠳᠠᠰᠤ ᠶᠢ ᠪᠦᠷᠢᠨ ᠭᠦᠢᠴᠡᠳ᠂ ᠲᠤᠭ᠎ᠠ ᠶᠣᠰᠣᠭᠠᠷ ᠬᠤᠷᠢᠶᠠᠨ ᠠᠪᠴᠤ᠂ ᠱᠠᠭᠠᠷᠳᠠᠯᠭ᠎ᠠ ᠶᠣᠰᠣᠭᠠᠷ ᠬᠢᠨᠠᠮᠠᠭᠠᠢ ᠦᠳᠡᠵᠦ ᠳᠡᠪᠲᠡᠷᠯᠡᠨ᠂ ᠲᠣᠩᠭᠤᠷᠠᠭᠤᠯᠤᠨ ᠦᠳᠡᠬᠦ᠂ ᠬᠠᠭᠤᠳᠠᠰᠤ ᠭᠡᠭᠡᠭᠳᠡᠭᠦᠯᠬᠦ ᠵᠡᠷᠭᠡ ᠦᠵᠡᠭᠳᠡᠯ ᠢ ᠦᠭᠡᠶᠢᠰᠬᠡᠨ᠎ᠡ᠃ᠶᠤᠸᠠᠨ ᠪᠣᠤ ᠱᠠᠨ ᠲᠣᠭᠤᠷᠢᠭ ᠰᠤᠷᠤᠭᠴᠢ ᠡᠯᠰᠡᠬᠦ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ 2017 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠭᠤᠯᠢ ᠶᠢᠨ ᠠᠵᠢᠯ ᠢ ᠪᠠᠶᠢᠷᠢᠯᠠᠭᠤᠯᠤᠨ ᠂ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠡᠰ ᠳᠡᠰ ᠢᠶᠠᠷ ᠬᠠᠷᠢᠭᠤᠴᠠᠯᠭ᠎ᠠ ᠶᠢᠨ ᠪᠢᠴᠢᠭ ᠲᠣᠭᠲᠠᠨ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠮᠠᠨ ᠤ ᠲᠣᠭᠤᠷᠢᠭ ᠤᠨ 2017 ᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠭᠦᠢᠴᠡᠳ ᠪᠡᠯᠡᠳᠬᠡᠯ ᠬᠢᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1