ᠫᠢᠩᠵᠤᠸᠠᠩ ᠤᠨ ᠨᠡᠭᠦᠷᠡᠰᠦᠨ ᠦᠢᠯᠡᠰ ᠤᠨ ᠪᠦᠯᠦᠭᠯᠡᠯ ᠤᠨ ᠳᠠᠪᠲᠠᠨ ᠪᠣᠯᠪᠠᠰᠤᠷᠠᠭᠤᠯᠬᠤ ᠲᠥᠪ ᠤᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠨᠢ ︽ᠠᠵᠢᠯᠯᠠᠵᠤ ᠰᠣᠷᠣᠯᠴᠠᠬᠤ ᠶᠢ ᠤᠶᠠᠯᠳᠤᠭᠤᠯᠬᠤ︾ ᠰᠢᠨ᠎ᠡ ᠬᠡᠯᠪᠡᠷᠢ ᠶᠢᠨ ᠵᠢᠭᠠᠨ ᠰᠤᠷᠭᠠᠯᠲᠠ ᠶᠢᠨ ᠠᠵᠢᠯᠯᠠᠭᠠᠨ ᠡᠷᠬᠢᠯᠡᠵᠦ ᠪᠣᠢ
ᠨᠡᠶᠢᠲᠡᠯᠡᠭᠰᠡᠨ ᠴᠠᠭ᠄
2017/9/26
     ᠫᠢᠩᠵᠤᠸᠠᠩ ᠤᠨ ᠨᠡᠭᠦᠷᠡᠰᠦᠨ ᠦᠢᠯᠡᠰ ᠤᠨ ᠪᠦᠯᠦᠭᠯᠡᠯ ᠤᠨ ᠳᠠᠪᠲᠠᠨ ᠪᠣᠯᠪᠠᠰᠤᠷᠠᠭᠤᠯᠬᠤ ᠲᠥᠪ ᠤᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠨᠢ ᠠᠵᠢᠯᠴᠢᠨ ᠤ ᠳᠠᠪᠲᠠᠨ ᠪᠣᠯᠪᠠᠰᠤᠷᠠᠭᠤᠯᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠢᠯᠯᠠᠵᠤ ᠰᠤᠷᠤᠯᠴᠠᠬᠤ ᠶᠢ ᠵᠣᠬᠢᠴᠠᠭᠤᠯᠬᠤ ᠶᠢᠨ ᠲᠥᠯᠥᠭᠡ᠂ ᠨᠡᠭᠦᠷᠡᠰᠦᠨ ᠦᠢᠯᠡᠰ ᠤᠨ ᠣᠨᠴᠠᠭᠠᠢ ᠠᠵᠢᠯ ᠲᠥᠷᠥᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠠᠩᠭᠢ ᠳᠤ ︽ᠠᠵᠢᠯᠯᠠᠵᠤ ᠰᠣᠷᠣᠯᠴᠠᠬᠤ ᠶᠢ ᠤᠶᠠᠯᠳᠤᠭᠤᠯᠬᠤ︾ ᠰᠢᠨ᠎ᠡ ᠬᠡᠯᠪᠡᠷᠢ ᠶᠢᠨ ᠵᠢᠭᠠᠨ ᠰᠤᠷᠭᠠᠯᠲᠠ ᠶᠢᠨ ᠠᠵᠢᠯᠯᠠᠭᠠᠨ ᠥᠷᠨᠢᠭᠦᠯᠵᠦ ᠪᠣᠢ ᠃ ︽ᠠᠵᠢᠯᠯᠠᠵᠤ ᠰᠣᠷᠣᠯᠴᠠᠬᠤ ᠶᠢ ᠤᠶᠠᠯᠳᠤᠭᠤᠯᠬᠤ︾ ᠭᠡᠳᠡᠭ ᠨᠢ ᠳᠠᠷᠤᠢ ︽ᠦᠢᠯᠡᠳᠦᠯᠭᠡ ᠶᠢᠨ ᠳᠤᠮᠳᠠ ᠰᠤᠷᠤᠯᠴᠠᠵᠤ᠂ ᠰᠤᠷᠤᠯᠴᠠᠬᠤ ᠶᠠᠪᠤᠴᠠ ᠳᠤᠮᠳᠠ ᠪᠠᠨ ᠦᠢᠯᠡᠳᠦᠯᠭᠡᠵᠢᠭᠦᠯᠬᠦ︾᠎ ᠶᠢ ᠵᠢᠭᠠᠵᠤ ᠪᠣᠢ᠂ ᠠᠵᠢᠯ ᠦᠢᠯᠡᠳᠦᠯᠭᠡ ᠶᠢᠨ ᠳᠤᠮᠳᠠ ᠪᠠᠨ ᠣᠨᠣᠯ ᠪᠠ ᠤᠷ᠎ᠠ ᠴᠢᠳᠠᠪᠤᠷᠢ ᠶᠢᠨ ᠰᠤᠷᠤᠯᠴᠠᠬᠤ ᠡᠭᠦᠷᠭᠡ ᠪᠠᠨ ᠪᠡᠶᠡᠯᠡᠭᠦᠯᠵᠦ᠂ ᠪᠣᠯᠪᠠᠰᠤᠷᠠᠯ ᠤᠨ ᠶᠠᠰᠤ ᠴᠢᠨᠠᠷ ᠢ ᠦᠨᠡᠩᠬᠦ ᠳᠡᠭᠡᠭᠰᠢᠯᠡᠭᠦᠯᠦᠨ᠂ ᠠᠵᠢᠯ ᠤᠨ ᠪᠠᠶᠢᠷᠢ ᠶᠢᠨ ᠪᠣᠳᠠᠲᠤ ᠬᠡᠷᠡᠭᠴᠡᠭᠡ ᠶᠢ ᠬᠠᠩᠭᠠᠨ᠎ᠠ᠃ ︽ᠠᠵᠢᠯᠯᠠᠵᠤ ᠰᠣᠷᠣᠯᠴᠠᠬᠤ ᠶᠢ ᠤᠶᠠᠯᠳᠤᠭᠤᠯᠬᠤ︾ ᠵᠢᠭᠠᠨ ᠰᠤᠷᠭᠠᠯᠲᠠ ᠨᠢ ᠪᠣᠳᠠᠲᠤ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠨ᠂ ︽ᠠᠮᠤᠷ ᠲᠦᠪᠰᠢᠨ᠂ ᠦᠷ᠎ᠡ ᠠᠰᠢᠭ᠂ ᠦᠷ᠎ᠡ ᠪᠦᠲᠦᠮᠵᠢ︾ ᠵᠡᠷᠭᠡ ᠭᠤᠷᠪᠠᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠮᠡᠷᠭᠡᠵᠢᠯ ᠤᠨ ᠪᠠᠷᠢᠮᠵᠢᠶ᠎ᠠ ᠠᠴᠠ ᠡᠬᠢᠯᠡᠨ ᠭᠠᠷᠳᠠᠵᠤ᠂ ᠬᠢᠴᠢᠶᠡᠯ ᠤᠨ ᠠᠭᠤᠯᠭ᠎ᠠ ᠵᠢᠴᠢ ᠵᠢᠭᠠᠨ ᠰᠤᠷᠭᠠᠯᠲᠠ ᠶᠢᠨ ᠶᠠᠪᠤᠴᠠ ᠶᠢ ᠵᠠᠳᠠᠯᠤᠨ᠂ ᠦᠢᠯᠡᠳᠪᠦᠷᠢᠯᠡᠯ ᠤᠨ ᠪᠣᠳᠠᠲᠤ ᠬᠡᠷᠡᠭᠴᠡᠭᠡ ᠲᠠᠢ ᠵᠣᠯᠭᠠᠭᠤᠯᠵᠤ᠂ ᠵᠢᠭᠠᠨ ᠰᠤᠷᠭᠠᠬᠤ ᠠᠷᠭ᠎ᠠ ᠮᠠᠶ᠋ᠢᠭ ᠢ ᠰᠢᠨᠡᠴᠢᠯᠡᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠣᠢ᠃     ᠵᠢᠭᠠᠬᠤ ᠠᠭᠤᠯᠭ᠎ᠠ ᠪᠠ ᠵᠢᠭᠠᠨ ᠰᠤᠷᠭᠠᠬᠤ ᠲᠥᠰᠥᠪ ᠢ ᠲᠣᠭᠲᠠᠭᠠᠬᠤ ᠲᠠᠯ᠎ᠠ ᠳᠤ᠂ ᠵᠢᠭᠠᠨ ᠰᠤᠷᠭᠠᠬᠤ ᠪᠦᠯᠬᠦᠮ ᠨᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠤᠳᠤᠯᠤᠯᠲᠠ ᠬᠢᠵᠦ᠂ ᠠᠵᠢᠯ ᠲᠥᠷᠥᠯ ᠪᠦᠷᠢ ᠶᠢᠨ ᠭᠤᠣᠯᠳᠠᠯᠭ᠎ᠠ ᠪᠣᠯᠬᠤ ᠤᠷ᠎ᠠ ᠴᠢᠳᠠᠪᠤᠷᠢ᠂ ᠵᠠᠪᠠᠯ ᠡᠵᠡᠮᠰᠢᠬᠦ ᠣᠨᠣᠯ ᠤᠨ ᠮᠡᠳᠡᠯᠭᠡ ᠵᠢᠴᠢ ᠪᠣᠯᠪᠠᠰᠤᠷᠠᠯ ᠤᠨ ᠱᠠᠭᠠᠷᠳᠠᠯᠭ᠎ᠠ ᠶᠢ ᠵᠠᠳᠠᠯᠤᠨ ᠲᠣᠭᠲᠠᠭᠠᠳᠠᠭ᠃ ᠠᠵᠢᠯ ᠤᠨ ᠪᠠᠶᠢᠷᠢ ᠶᠢᠨ ᠮᠡᠷᠭᠡᠵᠢᠯ ᠤᠨ ᠬᠠᠷᠢᠭᠤᠴᠠᠯᠭᠠᠲᠠᠨ᠂ ᠮᠡᠷᠭᠡᠵᠢᠯᠲᠡᠨ᠂ ᠠᠬᠠᠯᠠᠭᠴᠢ ᠪᠠᠭᠰᠢᠲᠠᠨ᠂ ᠠᠩᠭᠢ ᠶᠢᠨ ᠳᠠᠷᠤᠭ᠎ᠠ᠂ ᠳᠤᠭᠤᠶᠢᠯᠠᠩ ᠤᠨ ᠳᠠᠷᠤᠭ᠎ᠠ ᠨᠠᠷ ᠠᠴᠠ ᠰᠠᠨᠠᠯ ᠰᠠᠨᠠᠭᠤᠯᠭ᠎ᠠ ᠠᠪᠴᠤ᠂ ᠠᠵᠢᠯ ᠤᠨ ᠪᠠᠶᠢᠷᠢ ᠶᠢᠨ ᠨᠡᠶᠢᠲᠡᠯᠢᠭ ᠵᠢᠱᠢᠶ᠎ᠡ ᠬᠤᠷᠠᠮᠳᠤᠭᠤᠯᠤᠨ᠂ ᠪᠣᠯᠪᠠᠰᠤᠷᠠᠯ ᠵᠢᠭᠠᠨ ᠰᠤᠷᠭᠠᠯᠲᠠ ᠶᠢᠨ ᠠᠭᠤᠯᠭ᠎ᠠ ᠶᠢ ᠲᠣᠭᠲᠠᠭᠠᠳᠠᠭ᠃ ᠪᠠᠭᠰᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯᠯᠠᠭᠠᠨ ᠥᠷᠨᠢᠭᠦᠯᠵᠦ᠂ ᠵᠢᠭᠠᠨ ᠰᠤᠷᠭᠠᠯᠲᠠ ᠶᠢᠨ ᠲᠥᠰᠥᠪ ᠲᠣᠭᠲᠠᠭᠠᠳᠠᠭ᠃ ᠡᠭᠦᠨ ᠤ ᠵᠡᠷᠭᠡᠳᠡ ᠰᠤᠷᠤᠭᠴᠢᠳ ᠎ ᠲᠠᠢ ᠰᠠᠨᠠᠯ ᠰᠣᠯᠢᠯᠴᠠᠵᠤ᠂ ᠲᠡᠳᠡᠨ ᠤ ᠲᠤᠰᠬᠠᠭᠰᠠᠨ ᠰᠠᠨᠠᠯ ᠢ ᠦᠨᠳᠦᠰᠦᠯᠡᠨ᠂ ᠵᠢᠭᠠᠬᠤ ᠠᠭᠤᠯᠭ᠎ᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠢᠭᠠᠬᠤ ᠲᠥᠰᠥᠪ ᠪᠠ ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠨᠢᠭᠡᠳᠦᠯᠵᠢᠭᠦᠯᠦᠨ᠂ ᠪᠣᠯᠪᠠᠰᠤᠷᠠᠯ ᠤᠨ ᠬᠠᠨᠳᠤᠯᠭᠠᠲᠤ ᠴᠢᠨᠠᠷ ᠢ ᠳᠣᠪᠣᠶᠢᠯᠭᠠᠳᠠᠭ᠃     ᠲᠤᠰᠬᠠᠢ ᠮᠡᠷᠭᠡᠵᠢᠯ ᠤᠨ ᠵᠢᠭᠠᠨ ᠰᠤᠷᠭᠠᠬᠤ ᠪᠦᠯᠬᠦᠮ ᠤᠨ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠵᠤ᠂ ᠬᠠᠮᠲᠤ ᠪᠠᠷ ᠵᠢᠭᠠᠨ ᠰᠤᠷᠭᠠᠯᠲᠠ ᠶᠢᠨ ᠲᠥᠰᠥᠪᠯᠡᠯ ᠢᠶᠠᠨ ᠰᠤᠳᠤᠯᠤᠨ᠂ ᠵᠢᠭᠠᠬᠤ ᠪᠡᠯᠡᠳᠬᠡᠯ ᠪᠢᠴᠢᠵᠦ᠂ ᠺᠣᠤᠷᠰᠸᠠᠶᠢᠷ ᠦᠢᠯᠡᠳᠦᠨ ᠬᠡᠷᠡᠭᠯᠡᠬᠦ ᠶᠢ ᠴᠢᠬᠤᠯᠠᠴᠢᠯᠠᠪᠠ᠃ ᠪᠣᠯᠪᠠᠰᠤᠷᠠᠯ ᠤᠨ ᠬᠠᠷᠠᠯᠲᠠ ᠶᠢ ᠬᠢᠨᠠᠮᠠᠭᠠᠢ ᠰᠢᠨᠵᠢᠯᠡᠨ᠂ ᠲᠦᠪᠡᠭᠲᠡᠢ ᠮᠡᠳᠡᠯᠭᠡ ᠪᠤᠶᠤ ᠤᠷ᠎ᠠ ᠴᠢᠳᠠᠪᠤᠷᠢ ᠶᠢ ᠨᠠᠷᠢᠯᠢᠭᠵᠢᠭᠤᠯᠤᠨ ᠵᠠᠳᠠᠯᠵᠤ᠂ ᠰᠤᠷᠤᠯᠴᠠᠬᠤ ᠡᠭᠦᠷᠭᠡ ᠶᠢ ᠲᠣᠳᠣᠷᠬᠠᠶᠢᠯᠠᠨ᠂ ᠰᠤᠷᠤᠭᠴᠢᠳ ᠤᠨ ᠪᠡᠶᠡᠳᠡᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠡᠢ᠃ ᠰᠤᠷᠭᠠᠭᠤᠯᠢ ᠶᠢᠨ ᠵᠢᠭᠠᠬᠤ ᠶᠢ ᠰᠤᠳᠤᠯᠬᠤ ᠲᠠᠰᠤᠭ ᠠᠴᠠ ᠤᠯᠠᠨ ᠤᠳᠠᠭᠠᠨ ᠤ ᠬᠢᠴᠢᠶᠡᠯ ᠰᠣᠨᠣᠰᠴᠤ ᠦᠨᠡᠯᠡᠬᠦ ᠠᠵᠢᠯᠯᠠᠭᠠᠨ ᠡᠷᠬᠢᠯᠡᠵᠦ᠂ ᠬᠢᠴᠢᠶᠡᠯᠯᠡᠭᠡ ᠶᠢᠨ ᠰᠢᠰᠲ᠋ᠧᠮ ᠢ ᠳᠠᠬᠢᠨ ᠳᠠᠪᠲᠠᠨ ᠬᠠᠯᠠᠵᠤ ᠰᠠᠶᠢᠵᠢᠷᠠᠭᠤᠯᠤᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠪᠠ᠃ ᠡᠭᠦᠨ ᠤ ᠬᠠᠮᠲᠤ ᠰᠤᠷᠭᠠᠭᠤᠯᠢ ᠠᠴᠠ ᠨᠢᠭᠡ ᠴᠣᠭᠴᠠᠵᠢᠭᠰᠠᠨ ᠵᠢᠭᠠᠨ ᠰᠤᠷᠭᠠᠯᠲᠠ ᠶᠢᠨ ᠵᠠᠭᠪᠤᠷ ᠢ ᠲᠦᠭᠡᠮᠡᠯᠵᠢᠭᠦᠯᠪᠡ᠂ ᠳᠠᠷᠤᠢ ᠨᠢᠭᠡ ᠪᠠᠭᠰᠢ ᠨᠢᠭᠡ ᠮᠡᠳᠡᠯᠭᠡ ᠶᠢᠨ ᠴᠡᠭ ᠢ ᠭᠤᠣᠯᠯᠠᠨ ᠵᠢᠭᠠᠵᠤ᠂ ᠵᠢᠭᠠᠨ ᠰᠤᠷᠭᠠᠬᠤ ᠪᠦᠯᠬᠦᠮ ᠤᠨ ᠪᠤᠰᠤᠳ ᠪᠠᠭᠰᠢ ᠪᠠ ᠰᠤᠷᠤᠭᠴᠢᠳ ᠬᠡᠳᠦᠨ ᠰᠤᠷᠤᠯᠴᠠᠬᠤ ᠪᠠᠭ᠎ᠠ ᠳᠤᠭᠤᠶᠢᠯᠠᠩ ᠪᠣᠯᠵᠤ ᠪᠦᠷᠢᠯᠳᠦᠨ᠂ ᠪᠠᠭᠰᠢ ᠠᠴᠠ ᠰᠤᠷᠤᠭᠴᠢᠳ ᠢ ᠤᠳᠤᠷᠢᠳᠤᠨ ᠰᠤᠷᠬᠤ ᠡᠭᠦᠷᠭᠡ ᠶᠢ ᠪᠡᠶᠡᠯᠡᠭᠦᠯᠵᠦ᠂ ᠵᠢᠭᠠᠨ ᠰᠤᠷᠭᠠᠯᠲᠠ ᠶᠢᠨ ᠬᠠᠷᠠᠯᠲᠠ ᠳᠤ ᠬᠦᠷᠦᠨ᠎ᠡ᠃ ᠣᠨᠣᠯ ᠤᠨ ᠮᠡᠳᠡᠯᠭᠡ ᠪᠠ ᠤᠷ᠎ᠠ ᠮᠡᠷᠭᠡᠵᠢᠯ ᠢ ᠦᠢᠯᠡᠳᠦᠯᠭᠡ ᠲᠠᠢ ᠣᠷᠭᠠᠨᠢᠭ ᠢᠶᠠᠷ ᠤᠶᠠᠯᠳᠤᠭᠤᠯᠤᠨ᠂ ᠰᠤᠷᠤᠭᠴᠢᠳ ᠢᠶᠠᠷ ᠦᠢᠯᠡᠳᠪᠦᠷᠢᠯᠡᠯ ᠤᠨ ᠲᠥᠬᠦᠭᠡᠷᠦᠮᠵᠢ ᠶᠢ ᠣᠷᠣᠯᠳᠤᠭᠤᠯᠬᠤ ᠶᠢᠨ ᠬᠠᠮᠲᠤ ᠲᠠᠶᠢᠯᠪᠤᠷᠢᠯᠠᠵᠤ᠂ ᠪᠦᠲᠦᠴᠡ ᠶᠢ ᠲᠠᠨᠢᠭᠤᠯᠤᠨ᠂ ᠤᠭ ᠶᠣᠰᠣ ᠶᠢ ᠵᠠᠳᠠᠯᠵᠤ᠂ ᠠᠰᠠᠭᠤᠳᠠᠯ ᠢ ᠡᠷᠢᠵᠦ ᠳ᠋ᠦᠩᠨᠡᠨ᠂ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃     ᠰᠤᠷᠭᠠᠭᠤᠯᠢ ᠶᠢᠨ ᠣᠨᠢᠨ ᠳᠡᠭᠡᠷ᠎ᠡ ᠨᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠡᠷᠴᠢᠨ ᠳᠡᠭᠡᠷ᠎ᠡ᠂ ᠮᠡᠷᠭᠡᠵᠢᠯ ᠤᠨ ᠪᠣᠯᠪᠠᠰᠤᠷᠠᠯ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭ᠎ᠠ ᠪᠠᠷᠢᠮᠲᠠᠯᠠᠨ᠂ ︽ᠳᠦᠷᠢᠮ ᠶᠣᠰᠣᠭᠠᠷ ᠠᠵᠢᠯᠯᠠᠭᠤᠯᠵᠤ᠂ ᠪᠠᠷᠢᠮᠵᠢᠶ᠎ᠠ ᠶᠣᠰᠣᠭᠠᠷ ᠵᠠᠰᠠᠵᠤ ᠰᠡᠯᠪᠢᠨ᠂ ᠰᠢᠨ᠎ᠡ ᠮᠡᠷᠭᠡᠵᠢᠯ ᠢ ᠲᠦᠭᠡᠮᠡᠯᠵᠢᠭᠦᠯᠬᠦ︾᠎ ᠪᠠᠷ ᠬᠦᠴᠦᠯᠡᠬᠦ ᠴᠡᠭ ᠪᠣᠯᠭᠠᠨ᠂ ︽ᠬᠥᠮᠥᠨ ᠤ ᠤᠷ᠎ᠠ ᠴᠢᠳᠠᠪᠤᠷᠢ᠂ ᠲᠣᠨᠣᠭᠯᠠᠯ ᠤᠨ ᠪᠦᠷᠢᠨ ᠪᠦᠲᠦᠨ᠂ ᠮᠡᠷᠭᠡᠵᠢᠯ ᠤᠨ ᠥᠭᠡᠷᠡᠴᠢᠯᠡᠯᠲᠡ︾᠎ ᠪᠠᠷ ᠭᠤᠣᠯ ᠬᠠᠷᠠᠯᠲᠠ ᠪᠠᠨ ᠪᠣᠯᠭᠠᠵᠤ᠂ ︽ᠠᠮᠤᠷ ᠲᠦᠪᠰᠢᠨ᠂ ᠦᠷ᠎ᠡ ᠠᠰᠢᠭ᠂ ᠦᠷ᠎ᠡ ᠪᠦᠲᠦᠮᠵᠢ︾ ᠵᠡᠷᠭᠡ ᠭᠤᠷᠪᠠᠨ ᠶᠡᠭᠡ ᠡᠭᠦᠷᠭᠡ ᠶᠢ ᠪᠡᠶᠡᠯᠡᠭᠦᠯᠦᠨ᠂ ᠳᠠᠪᠲᠠᠨ ᠪᠣᠯᠪᠠᠰᠤᠷᠠᠭᠤᠯᠬᠤ ᠲᠥᠪ ᠤᠨ ᠮᠡᠷᠭᠡᠵᠢᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠣᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1