ᠢᠯᠢᠨ ᠪᠣᠷᠭᠤᠴᠤᠭ ᠶᠠᠷᠢᠶᠠᠨ ᠤ ᠲᠠᠪᠴᠠᠩ ᠤᠨ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠲᠣᠭᠤᠷᠢᠨ ᠬᠢᠴᠢᠶᠡᠯᠯᠡᠬᠦ ᠠᠵᠢᠯᠯᠠᠭᠠᠨ ᠮᠠᠨ ᠤ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2017/9/27
   5 ᠰᠠᠷ᠎ᠠ ᠶᠢᠨ 2᠎ ᠠᠴᠠ 3᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠰᠢᠤᠳᠠᠨ ᠪᠦᠯᠦᠭᠯᠡᠯ ᠤᠨ ᠺᠣᠮᠫᠠᠨᠢ ᠶᠢᠨ ᠤᠯᠠᠭᠠᠨᠬᠠᠳᠠ ᠳᠠᠬᠢ ᠬᠤᠪᠢᠶᠠᠷᠢ ᠺᠣᠮᠫᠠᠨᠢ ᠪᠠ ᠪᠡᠭᠡᠵᠢᠩ ᠤᠨ ᠢᠯᠢᠨ ᠵᠠᠭᠤᠴᠢᠯᠠᠭᠤᠷ ᠤᠨ ᠪᠦᠯᠦᠭᠯᠡᠯ ᠤᠨ ︽ᠢᠯᠢᠨ︾ ᠰᠡᠳᠬᠦᠯ ᠤᠨ ᠬᠤᠷᠢᠶ᠎ᠠ ᠠᠴᠠ ᠭᠤᠣᠯᠯᠠᠨ ᠡᠷᠬᠢᠯᠡᠭᠰᠡᠨ᠂ ᠰᠤᠷᠭᠠᠭᠤᠯᠢ ᠶᠢᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠲᠣᠭᠤᠷᠢᠨ ᠬᠢᠴᠢᠶᠡᠯᠯᠡᠬᠦ ᠠᠵᠢᠯᠯᠠᠭᠠᠨ ——  ᠢᠯᠢᠨ ᠪᠣᠷᠭᠤᠴᠤᠭ ᠶᠠᠷᠢᠶᠠᠨ ᠤ ᠲᠠᠪᠴᠠᠩ ᠶᠤᠸᠠᠨ ᠪᠣᠤ ᠱᠠᠨ ᠲᠣᠭᠤᠷᠢᠭ ᠤᠨ ᠳᠤᠮᠳᠠᠳᠤ ᠰᠤᠷᠭᠠᠭᠤᠯᠢ ᠨᠤᠭᠤᠳ ᠢᠶᠠᠷ ᠶᠠᠪᠤᠭᠳᠠᠪᠠ᠃     ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠢᠯᠢᠨ ᠨᠡᠶᠢᠲᠡ ᠶᠢᠨ ᠠᠰᠠᠷᠠᠮᠵᠢ ᠶᠢᠨ ᠯᠧᠺᠲ᠋ᠣᠷ ᠠᠴᠠ ᠬᠦᠰᠡᠯ ᠪᠠᠷᠠᠯᠠᠯ ᠪᠠ ᠠᠴᠢᠯᠠᠯ ᠡᠨᠡᠷᠢᠯ ᠳᠤ ᠲᠠᠯᠠᠷᠬᠠᠬᠤ ᠠᠭᠤᠯᠭ᠎ᠠ ᠪᠠᠷ ᠭᠤᠣᠯ ᠰᠡᠳᠦᠪ ᠪᠣᠯᠭᠠᠵᠤ᠂ ᠠᠮᠢᠳᠤᠯᠢᠭ ᠦᠯᠢᠭᠡᠷ ᠵᠢᠱᠢᠶ᠎ᠡ᠂ ᠪᠢᠯᠬᠠᠮ᠎ᠠ ᠰᠡᠳᠬᠢᠯᠭᠡ ᠪᠦᠬᠦᠢ ᠶᠠᠷᠢᠶ᠎ᠠ ᠢᠯᠡᠳᠬᠡᠯ ᠢᠶᠠᠷ ᠪᠠᠭᠰᠢ ᠰᠤᠷᠤᠭᠴᠢᠳ ᠪᠠ ᠭᠡᠷ ᠤᠨ ᠠᠬᠠᠮᠠᠳ ᠲᠤ ᠣᠶᠣᠨ ᠰᠡᠳᠬᠢᠯ ᠢ ᠨᠢ ᠴᠢᠪᠬᠠᠳᠠᠨ᠂ ᠡᠷᠴᠢ ᠵᠣᠷᠢᠭ ᠢ ᠨᠢ ᠴᠢᠩᠭᠠᠯᠠᠭᠰᠠᠨ ᠭᠤᠴᠣ ᠰᠠᠶᠢᠬᠠᠨ ᠬᠢᠴᠢᠶᠡᠯᠯᠡᠭᠡ ᠬᠢᠵᠡᠢ᠃ ᠬᠠᠷᠢᠯᠴᠠᠨ ᠦᠢᠯᠡᠳᠦᠯᠴᠡᠬᠦ ᠫᠷᠣᠭ᠍ᠷᠠᠮ ᠳᠤ᠂ ᠰᠤᠷᠤᠭᠴᠢᠳ ᠢᠳᠡᠪᠬᠢᠲᠡᠢ ᠪᠠᠷ ᠶᠠᠷᠢᠶᠠᠨ ᠤ ᠲᠠᠪᠴᠠᠩ ᠳᠤ ᠭᠠᠷᠴᠤ ᠥᠪᠡᠷ ᠤᠨ ᠬᠦᠰᠡᠯᠡᠩ᠂ ᠠᠪᠤ ᠡᠵᠢ ᠠᠴᠢᠲᠤ ᠪᠠᠭᠰᠢ ᠳᠤ ᠪᠠᠨ ᠲᠠᠯᠠᠷᠬᠠᠭᠰᠠᠨ ᠰᠡᠳᠬᠢᠯᠭᠡ ᠪᠠᠨ ᠵᠣᠷᠢᠭᠲᠠᠢ ᠶᠠᠷᠢᠵᠤ ᠢᠯᠡᠳᠬᠡᠨ᠂ ᠤᠷᠤᠭᠰᠢᠯᠠᠨ ᠳᠠᠪᠰᠢᠬᠤ ᠪᠠᠳᠠᠷᠠᠩᠭᠤᠢ ᠵᠣᠷᠢᠭ ᠪᠠ ᠤᠶᠠᠷᠠᠭᠰᠠᠨ ᠰᠡᠳᠬᠢᠯ ᠤᠨ ᠬᠠᠯᠠᠭᠤᠨ ᠨᠢᠯᠪᠤᠰᠤ ᠎ ᠲᠠᠢ ᠬᠠᠮᠲᠤ ᠦᠶ᠎ᠡ ᠦᠶ᠎ᠡ ᠨᠢᠵᠢᠭᠢᠨᠡᠭᠰᠡᠨ ᠠᠯᠠᠭ᠎ᠠ ᠲᠠᠰᠢᠯᠲᠠ ᠬᠢᠭᠡᠳ ᠵᠣᠷᠢᠭᠵᠢᠭᠤᠯᠤᠯ ᠤᠨ ᠤᠤᠬᠠᠶᠢᠯᠠᠯ ᠰᠤᠷᠭᠠᠭᠤᠯᠢ ᠶᠢᠨ ᠬᠦᠷᠢᠶᠡᠨ᠎ᠡ ᠴᠤᠤᠷᠢᠶᠠᠲᠤᠨ ᠪᠠᠶᠢᠯ᠎ᠠ᠃     ᠨᠡᠶᠢᠲᠡ ᠶᠢᠨ ᠠᠰᠠᠷᠠᠮᠵᠢ ᠶᠢᠨ ᠬᠢᠴᠢᠶᠡᠯᠯᠡᠭᠡ ᠳᠠᠭᠤᠰᠤᠭᠰᠠᠨ ᠤ ᠳᠠᠷᠠᠭ᠎ᠠ᠂ ᠠᠵᠢᠯᠯᠠᠭᠠᠨ ᠳᠤ ᠣᠷᠣᠯᠴᠠᠭᠰᠠᠳ ᠬᠡᠨ ᠠᠯᠢᠨ ᠦᠭᠡᠢ ᠦᠯᠡᠮᠵᠢ ᠶᠢᠨ ᠠᠰᠢᠭ ᠲᠤᠰᠠ ᠬᠦᠷᠲᠡᠯ᠎ᠡ ᠬᠡᠮᠡᠨ ᠶᠠᠷᠢᠵᠤ ᠪᠠᠶᠢᠯ᠎ᠠ᠃ ᠲᠤᠰ ᠤᠳᠠᠭᠠᠨ ᠤ ᠠᠵᠢᠯᠯᠠᠭᠠᠨ ᠨᠢ ᠰᠤᠷᠤᠭᠴᠢᠳ ᠤᠨ ᠬᠦᠰᠡᠯᠡᠩ ᠶᠢᠨ ᠭᠡᠭᠡᠪᠴᠢ ᠶᠢ ᠨᠢ ᠰᠡᠬᠦᠨ᠂ ᠬᠠᠷᠢᠭᠤᠴᠠᠯᠭᠠᠲᠤ ᠰᠡᠳᠬᠢᠯᠭᠡ ᠶᠢ ᠎ ᠨᠢ ᠤᠷᠮᠠᠰᠢᠭᠤᠯᠵᠤ᠂ ᠠᠴᠢᠯᠠᠯ ᠡᠨᠡᠷᠢᠯ ᠳᠤ ᠲᠠᠯᠠᠷᠬᠠᠬᠤ ᠶᠢ ᠵᠢᠭᠠᠭᠰᠠᠨ ᠢᠶᠠᠷ ᠪᠠᠷᠠᠬᠤ ᠦᠭᠡᠢ ᠪᠦᠬᠦ ᠵᠣᠷᠢᠭ ᠬᠦᠴᠦᠨ ᠢᠶᠠᠷ ᠵᠡᠭᠦᠳᠦ ᠬᠦᠰᠡᠯᠡᠩ ᠢᠶᠠᠨ ᠬᠥᠭᠡᠭᠡᠴᠡᠯᠳᠦᠬᠦ ᠪᠠᠲᠤ ᠢᠲᠡᠭᠡᠯ ᠢ ᠨᠢ ᠬᠥᠮᠥᠵᠢᠭᠦᠯᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1