ᠫᠢᠩᠵᠤᠸᠠᠩ ᠪᠠᠯᠭᠠᠰᠤ ᠶᠢᠨ ᠭᠤᠣᠯ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡ ᠶᠢᠨ ᠤᠷᠤᠯᠳᠤᠭᠠᠨ ᠳᠤ ᠱᠠᠩᠨᠠᠯ ᠬᠦᠷᠲᠡᠭᠰᠡᠨ ᠪᠠᠭᠰᠢ ᠰᠤᠷᠤᠭᠴᠢᠳ ᠢᠶᠠᠨ ᠰᠠᠶᠢᠰᠢᠶᠠᠨ ᠬᠥᠬᠢᠭᠦᠯᠪᠡ
ᠨᠡᠶᠢᠲᠡᠯᠡᠭᠰᠡᠨ ᠴᠠᠭ᠄
2017/9/27
   ᠫᠢᠩᠵᠤᠸᠠᠩ ᠪᠠᠯᠭᠠᠰᠤ ᠶᠢᠨ ᠭᠤᠣᠯ ᠰᠤᠷᠭᠠᠭᠤᠯᠢ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠲᠠᠭᠤ ᠦᠵᠦᠭ ᠤᠨ ᠤᠷᠠᠨ ᠪᠢᠴᠢᠯᠭᠡ ᠶᠢᠨ ᠤᠷᠤᠯᠳᠤᠭᠠᠨ ᠳᠤ ᠱᠠᠩᠨᠠᠯ ᠬᠦᠷᠲᠡᠭᠰᠡᠨ ᠪᠠᠭᠰᠢ ᠰᠤᠷᠤᠭᠴᠢᠳ ᠢᠶᠠᠨ ᠰᠠᠶᠢᠰᠢᠶᠠᠨ ᠬᠥᠬᠢᠭᠦᠯᠪᠡ᠃    ᠣᠶᠢᠯᠠᠭᠠᠭᠰᠠᠨ ᠢᠶᠠᠷ᠂ ᠲᠤᠰ ᠰᠤᠷᠭᠠᠭᠤᠯᠢ ᠨᠢ 2014 ᠣᠨ ᠳᠤ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢᠨ ᠰᠤᠷᠭᠠᠭᠤᠯᠢ ᠶᠢᠨ ᠬᠢᠴᠢᠶᠡᠯ ᠨᠡᠭᠡᠭᠡᠭᠰᠡᠨ ᠠᠴᠠ ᠨᠠᠰᠢ ᠠᠩᠬ᠎ᠠ ᠤᠳᠠᠭ᠎ᠠ ᠣᠷᠣᠯᠴᠠᠭᠰᠠᠨ ᠣᠷᠣᠨ ᠳᠡᠰ ᠤᠨ ᠤᠷᠤᠯᠳᠤᠭᠠᠨ ᠪᠠᠶᠢᠵᠤ᠂ ᠪᠠᠭᠰᠢ ᠰᠤᠷᠤᠭᠴᠢᠳ ᠤᠨ ᠤᠷᠠᠨ ᠪᠦᠲᠦᠭᠡᠯ ᠨᠡᠶᠢᠲᠡ 400 ᠭᠠᠷᠤᠢ ᠬᠤᠪᠢ ᠢᠯᠡᠭᠡᠭᠰᠡᠨ ᠪᠠᠶᠢᠨ᠎ᠠ᠃ ᠰᠤᠷᠤᠭᠴᠢᠳ ᠤᠨ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠬᠤᠶᠠᠳᠤᠭᠠᠷ ᠳᠤᠭᠤᠶᠢᠯᠠᠩ ᠤᠨ ᠨᠢᠭᠡᠳᠦᠭᠡᠷ ᠳᠡᠰ ᠲᠤ 1 ᠨᠡᠷ᠎ᠡ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠪᠠ ᠬᠤᠶᠠᠳᠤᠭᠠᠷ ᠳᠤᠭᠤᠶᠢᠯᠠᠩ ᠤᠨ ᠬᠤᠶᠠᠳᠤᠭᠠᠷ ᠳᠡᠰ ᠲᠤ ᠨᠡᠶᠢᠲᠡ 54 ᠨᠡᠷ᠎ᠡ᠂ ᠭᠤᠷᠪᠠᠳᠤᠭᠠᠷ ᠳᠡᠰ ᠪᠠ ᠰᠢᠯᠢᠳᠡᠭ ᠳᠡᠰ ᠲᠤ ᠨᠡᠶᠢᠲᠡ 158 ᠨᠡᠷ᠎ᠡ ᠲᠤᠰ ᠲᠤᠰ ᠲᠣᠳᠣᠷᠠᠵᠤ᠂ ᠪᠠᠭᠰᠢ ᠨᠠᠷ ᠤᠨ ᠤᠷᠠᠨ ᠪᠢᠴᠢᠯᠭᠡ ᠶᠢᠨ ᠤᠷᠤᠯᠳᠤᠭᠠᠨ ᠳᠤ 20 ᠭᠠᠷᠤᠢ ᠪᠠᠭᠰᠢ ᠬᠤᠶᠠᠳᠤᠭᠠᠷ ᠪᠠ ᠭᠤᠷᠪᠠᠳᠤᠭᠠᠷ ᠳᠡᠰ ᠶᠢᠨ ᠱᠠᠩᠨᠠᠯ ᠬᠦᠷᠲᠡᠪᠡ᠃    ᠲᠤᠰ ᠤᠳᠠᠭᠠᠨ ᠤ ᠤᠷᠤᠯᠳᠤᠭᠠᠨ ᠨᠢ ᠫᠢᠩᠵᠤᠸᠠᠩ ᠪᠠᠯᠭᠠᠰᠤ ᠶᠢᠨ ᠭᠤᠣᠯ ᠰᠤᠷᠭᠠᠭᠤᠯᠢ ᠶᠢᠨ ᠤᠷᠠᠨ ᠪᠢᠴᠢᠯᠭᠡ ᠶᠢᠨ ᠵᠢᠭᠠᠨ ᠰᠤᠷᠭᠠᠯᠲᠠ ᠶᠢᠨ ᠠᠵᠢᠯ ᠳᠤ ᠨᠢᠭᠡᠨ ᠤᠳᠠᠭᠠᠨ ᠤ ᠪᠠᠶᠢᠴᠠᠭᠠᠨ ᠰᠢᠯᠭᠠᠯᠲᠠ ᠪᠣᠯᠣᠭᠰᠠᠨ ᠢᠶᠠᠷ ᠪᠠᠷᠠᠬᠤ ᠦᠭᠡᠢ ᠰᠤᠷᠭᠠᠭᠤᠯᠢ ᠶᠢᠨ ᠬᠢᠴᠢᠶᠡᠯ ᠤᠨ ᠦᠷ᠎ᠡ ᠪᠦᠲᠦᠮᠵᠢ ᠳᠤ ᠱᠠᠲᠤ ᠦᠶ᠎ᠡ ᠶᠢᠨ ᠴᠢᠨᠠᠷᠲᠠᠢ ᠳ᠋ᠦᠩᠨᠡᠯᠲᠡ ᠪᠣᠯᠵᠤ᠂ ᠬᠤᠶᠢᠰᠢᠳᠠ ᠶᠢᠨ ᠤᠷᠠᠨ ᠪᠢᠴᠢᠯᠭᠡ ᠶᠢᠨ ᠵᠢᠭᠠᠨ ᠰᠤᠷᠭᠠᠯᠲᠠ ᠳᠤ ᠵᠣᠷᠢᠭᠵᠢᠭᠤᠯᠤᠯ ᠤᠨ ᠦᠢᠯᠡᠳᠦᠯ ᠦᠵᠡᠭᠦᠯᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1