ᠬᠠᠪᠰᠤᠷᠤᠨ ᠲᠡᠳᠬᠦᠬᠦ ᠨᠢᠭᠡᠴᠡ ᠶᠦᠨ ᠱᠠᠨ ᠵᠡᠭᠡᠯᠢ ᠭᠤᠳᠤᠮᠵᠢ ᠳᠤ ᠬᠠᠪᠰᠤᠷᠤᠨ ᠲᠠᠳᠬᠦᠬᠦ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2017/9/27
      ᠤᠶᠢᠷ᠎ᠠ ᠶᠢᠨ ᠡᠳᠤᠷ  ᠲᠤᠭᠤᠷᠢᠭ ᠤᠨ  ᠪᠡᠯᠡ   ᠤᠷᠤᠭᠤᠯᠤᠯᠳᠠ ᠶᠢ ᠠᠬᠢᠭᠤᠯᠬᠤ  ᠲᠤᠪᠴᠢᠶ᠎ᠠ᠂  ᠲᠤᠭᠤᠷᠢᠭ ᠤᠨ  ᠠᠮᠤ ᠪᠤᠳᠠᠭᠠᠨ ᠤ ᠲᠤᠪᠴᠢᠶ᠎ᠠ ᠵᠢᠴᠢ ᠫᠢᠩᠵᠤᠸᠠᠩ ᠤᠨ ᠠᠭᠤᠷᠬᠠᠢ ᠶᠢᠨ ᠲᠤᠭᠤᠷᠢᠭ ᠤᠨ  ᠶᠡᠷᠦᠩᠬᠡᠢ ᠠᠯᠪᠠᠨ ᠭᠡᠷ ᠤᠨ  ᠬᠠᠮᠢᠶ᠎ᠠ ᠪᠦᠬᠦᠢ ᠬᠠᠷᠢᠭᠤᠴᠠᠯᠭᠠᠳᠠᠨ ᠶᠦᠨ ᠱᠠᠨ ᠵᠡᠭᠡᠯᠢ  ᠭᠤᠳᠤᠮᠵᠢᠨ  ᠎ ᠤ ᠨᠡᠶᠢᠭᠡᠮ ᠲᠤᠭᠤᠷᠢᠭ ᠲᠤ  ᠬᠠᠪᠰᠤᠷᠤᠨ ᠲᠡᠳᠬᠦᠬᠦ ᠠᠵᠢᠯ ᠦᠷᠨᠢᠬᠦᠯᠪᠠ᠃       ᠪᠤᠤ ᠴᠠᠩ ᠵᠡᠭᠡᠯᠢ ᠶᠢᠨ ᠨᠡᠶᠢᠭᠡᠮ  ᠲᠤᠭᠤᠷᠢᠭ ᠲᠤ  ᠂ ᠲᠤᠭᠤᠷᠢᠭ ᠤᠨ  ᠪᠡᠯᠡ ᠤᠷᠤᠭᠤᠯᠤᠯᠳᠠ  ᠎ ᠶᠢ ᠠᠬᠢᠭᠤᠯᠬᠤ  ᠲᠤᠪᠴᠢᠶ᠎ᠠ   ᠪᠠ ᠠᠮᠤ ᠪᠤᠳᠠᠭᠠᠨ ᠤ ᠲᠤᠪᠴᠢᠶ᠎ᠠ ᠶᠢᠨ ᠠᠵᠢᠯᠳᠠᠨ ᠶᠠᠳᠠᠭᠤ ᠬᠦᠴᠢᠷᠳᠡᠯᠳᠡᠢ ᠰᠤᠳᠤᠯᠬᠤ ᠰᠤᠷᠤᠭᠴᠢ ᠭᠤᠤ ᠱᠤᠸᠠᠩ ᠤᠨ  ᠭᠡᠷ ᠲᠤ ᠰᠤᠷᠪᠤᠯᠵᠢᠯᠠᠵᠤ᠂  ᠭᠤᠤ ᠱᠤᠸᠠᠩ ᠤᠨ ᠠᠪᠤ ᠨᠢ  ᠤᠳᠠᠭᠠᠨ ᠵᠢᠯ ᠤᠨ ᠰᠤᠯᠢᠶ᠎ᠠ  ᠡᠪᠡᠳᠴᠢᠨ  ᠎ ᠲᠠᠢ᠂  ᠡᠵᠢ ᠨᠢ ᠰᠢᠬᠢᠷ ᠰᠢᠵᠢᠩ ᠡᠪᠡᠳᠴᠢᠨ ᠲᠠᠢ᠂  ᠬᠤᠶᠠᠭᠤᠯᠠ ᠪᠠᠨ ᠬᠦᠳᠡᠯᠮᠤᠷᠢᠯᠡᠬᠦ ᠴᠢᠳᠠᠯ ᠢᠶᠠᠨ  ᠠᠯᠳᠠᠵᠤ᠂  ᠰᠤᠷᠤᠯᠭ᠎ᠠ ᠶᠢᠨ ᠰᠤᠶᠢᠳᠭᠡᠯ  ᠎ ᠨᠢ ᠪᠦᠷ ᠵᠠᠰᠠᠭ ᠤᠨ  ᠤᠷᠳᠤᠨ  ᠎ ᠤ ᠲᠡᠳᠬᠦᠮᠵᠢ ᠪᠠ ᠦᠪᠡᠷ ᠤᠨ  ᠬᠢᠨᠢ ᠰᠤᠷᠤᠯᠭ᠎ᠠ ᠶᠢᠨ ᠴᠢᠯᠦᠭᠡᠨ ᠤ ᠠᠵᠢᠯ ᠳᠤ ᠲᠦᠰᠢᠭᠯᠡᠵᠤ ᠪᠠᠶᠢᠭ᠎ᠠ ᠦᠨᠳᠤᠰᠤᠨ ᠪᠠᠶᠢᠳᠠᠯ ᠢ  ᠤᠯᠵᠤ ᠮᠡᠳᠡᠭᠡᠳ᠂ 4000 ᠲᠦᠬᠦᠷᠢᠭ ᠤᠨ  ᠰᠤᠷᠤᠯᠭ᠎ᠠ ᠲᠡᠳᠬᠦᠬᠦ ᠮᠦᠩᠬᠦ   ᠬᠠᠨᠳᠢᠪᠯᠡᠨ  ᠂ ᠲᠡᠬᠦᠨ  ᠎ ᠢ ᠰᠤᠷᠤᠯᠭ᠎ᠠ  ᠲᠡᠬᠦᠰᠳᠡᠯ᠎ᠡ ᠬᠠᠪᠰᠤᠷᠤᠨ᠎ᠠ ᠭᠡᠵᠤ ᠲᠤᠭᠳᠠᠭᠰᠠᠨ ᠪᠠᠶᠢᠯ᠎ᠠ᠃       ᠰᠢᠩ ᠶᠤᠸᠠᠨ ᠵᠠᠮ ᠤᠨ  ᠨᠡᠶᠢᠭᠡᠮ ᠲᠤᠭᠤᠷᠢᠭ ᠲᠤ ᠫᠢᠩᠵᠤᠸᠠᠩ ᠨᠡᠬᠦᠷᠡᠰᠤᠨ ᠠᠭᠤᠷᠬᠠᠢ ᠶᠢᠨ ᠲᠤᠭᠤᠷᠢᠭ ᠎ ᠤᠨ ᠶᠡᠷᠦᠩᠬᠡᠢ ᠠᠯᠪᠠᠨ ᠭᠡᠷ 3000 ᠲᠦᠬᠦᠷᠢᠭ ᠭᠠᠷᠭᠠᠵᠤ᠂  ᠰᠢᠶᠧ ᠴᠦᠨ ᠢᠤᠢ ᠵᠡᠷᠭᠡ 6 ᠡᠷᠦᠭᠡ  ᠬᠦᠳᠡᠯᠮᠤᠷᠢ ᠬᠦᠴᠦ ᠪᠠᠨ  ᠠᠯᠳᠠᠭᠰᠠᠨ᠂  ᠤᠯᠠᠨ ᠵᠢᠯ  ᠬᠡᠪᠳᠡᠷᠢ ᠳᠤ ᠤᠷᠤᠭᠰᠠᠨ ᠶᠠᠳᠠᠭᠤ  ᠬᠦᠴᠢᠷᠳᠡᠯᠳᠡᠢ  ᠨᠠᠰᠤᠳᠠᠳ ᠤᠨ ᠭᠡᠷ ᠪᠦᠯᠢ ᠳᠤ ᠬᠠᠨᠳᠢᠪᠯᠡᠵᠤ᠂  ᠲᠡᠳᠡᠨ ᠢ ᠪᠡᠶ᠎ᠡ ᠪᠠᠨ ᠬᠢᠴᠢᠶᠡᠵᠤ ᠪᠠᠶᠠᠷ ᠬᠦᠷ ᠲᠠᠢ ᠠᠮᠢᠳᠤᠷᠠᠭᠠᠷᠠᠢ ᠭᠡᠵᠤ ᠵᠠᠬᠢᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1