| ᠫᠢᠩᠵᠤᠸᠠᠩ ᠪᠠᠯᠭᠠᠰᠤ ᠶᠢᠨ ᠭᠤᠣᠯ ᠰᠤᠷᠭᠠᠭᠤᠯᠢ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠲᠠᠭᠤ ᠦᠵᠦᠭ ᠤᠨ ᠤᠷᠠᠨ ᠪᠢᠴᠢᠯᠭᠡ ᠶᠢᠨ | ᠤᠷᠤᠯᠳᠤᠭᠠᠨ ᠳᠤ ᠱᠠᠩᠨᠠᠯ ᠬᠦᠷᠲᠡᠭᠰᠡᠨ ᠪᠠᠭᠰᠢ ᠰᠤᠷᠤᠭᠴᠢᠳ ᠢᠶᠠᠨ ᠰᠠᠶᠢᠰᠢᠶᠠᠨ ᠬᠥᠬᠢᠭᠦᠯᠪᠡ᠃ | ᠣᠶᠢᠯᠠᠭᠠᠭᠰᠠᠨ ᠢᠶᠠᠷ᠂ ᠲᠤᠰ ᠰᠤᠷᠭᠠᠭᠤᠯᠢ ᠨᠢ 2014 ᠣᠨ ᠳᠤ ᠤᠷᠠᠨ ᠪᠢᠴᠢᠯᠭᠡ ᠶᠢᠨ ᠵᠢᠭᠠᠨ | ᠰᠤᠷᠭᠠᠯᠲᠠ ᠶᠢᠨ ᠰᠤᠷᠭᠠᠭᠤᠯᠢ ᠶᠢᠨ ᠬᠢᠴᠢᠶᠡᠯ ᠨᠡᠭᠡᠭᠡᠭᠰᠡᠨ ᠠᠴᠠ ᠨᠠᠰᠢ ᠠᠩᠬ᠎ᠠ ᠤᠳᠠᠭ᠎ᠠ ᠣᠷᠣᠯᠴᠠᠭᠰᠠᠨ ᠣᠷᠣᠨ | ᠳᠡᠰ ᠤᠨ ᠤᠷᠤᠯᠳᠤᠭᠠᠨ ᠪᠠᠶᠢᠵᠤ᠂ ᠪᠠᠭᠰᠢ ᠰᠤᠷᠤᠭᠴᠢᠳ ᠤᠨ ᠤᠷᠠᠨ ᠪᠦᠲᠦᠭᠡᠯ ᠨᠡᠶᠢᠲᠡ 400 ᠭᠠᠷᠤᠢ ᠬᠤᠪᠢ | ᠢᠯᠡᠭᠡᠭᠰᠡᠨ ᠪᠠᠶᠢᠨ᠎ᠠ᠃ ᠰᠤᠷᠤᠭᠴᠢᠳ ᠤᠨ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠬᠤᠶᠠᠳᠤᠭᠠᠷ | ᠳᠤᠭᠤᠶᠢᠯᠠᠩ ᠤᠨ ᠨᠢᠭᠡᠳᠦᠭᠡᠷ ᠳᠡᠰ ᠲᠤ 1 ᠨᠡᠷ᠎ᠡ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠪᠠ ᠬᠤᠶᠠᠳᠤᠭᠠᠷ | ᠳᠤᠭᠤᠶᠢᠯᠠᠩ ᠤᠨ ᠬᠤᠶᠠᠳᠤᠭᠠᠷ ᠳᠡᠰ ᠲᠤ ᠨᠡᠶᠢᠲᠡ 54 ᠨᠡᠷ᠎ᠡ᠂ ᠭᠤᠷᠪᠠᠳᠤᠭᠠᠷ ᠳᠡᠰ ᠪᠠ ᠰᠢᠯᠢᠳᠡᠭ ᠳᠡᠰ ᠲᠤ | ᠨᠡᠶᠢᠲᠡ 158 ᠨᠡᠷ᠎ᠡ ᠲᠤᠰ ᠲᠤᠰ ᠲᠣᠳᠣᠷᠠᠵᠤ᠂ ᠪᠠᠭᠰᠢ ᠨᠠᠷ ᠤᠨ ᠤᠷᠠᠨ ᠪᠢᠴᠢᠯᠭᠡ ᠶᠢᠨ ᠤᠷᠤᠯᠳᠤᠭᠠᠨ ᠳᠤ 20 | ᠭᠠᠷᠤᠢ ᠪᠠᠭᠰᠢ ᠬᠤᠶᠠᠳᠤᠭᠠᠷ ᠪᠠ ᠭᠤᠷᠪᠠᠳᠤᠭᠠᠷ ᠳᠡᠰ ᠶᠢᠨ ᠱᠠᠩᠨᠠᠯ ᠬᠦᠷᠲᠡᠪᠡ᠃ | ᠲᠤᠰ ᠤᠳᠠᠭᠠᠨ ᠤ ᠤᠷᠤᠯᠳᠤᠭᠠᠨ ᠨᠢ ᠫᠢᠩᠵᠤᠸᠠᠩ ᠪᠠᠯᠭᠠᠰᠤ ᠶᠢᠨ ᠭᠤᠣᠯ ᠰᠤᠷᠭᠠᠭᠤᠯᠢ ᠶᠢᠨ ᠤᠷᠠᠨ | ᠪᠢᠴᠢᠯᠭᠡ ᠶᠢᠨ ᠵᠢᠭᠠᠨ ᠰᠤᠷᠭᠠᠯᠲᠠ ᠶᠢᠨ ᠠᠵᠢᠯ ᠳᠤ ᠨᠢᠭᠡᠨ ᠤᠳᠠᠭᠠᠨ ᠤ ᠪᠠᠶᠢᠴᠠᠭᠠᠨ ᠰᠢᠯᠭᠠᠯᠲᠠ ᠪᠣᠯᠣᠭᠰᠠᠨ ᠢᠶᠠᠷ | ᠪᠠᠷᠠᠬᠤ ᠦᠭᠡᠢ ᠰᠤᠷᠭᠠᠭᠤᠯᠢ ᠶᠢᠨ ᠬᠢᠴᠢᠶᠡᠯ ᠤᠨ ᠦᠷ᠎ᠡ ᠪᠦᠲᠦᠮᠵᠢ ᠳᠤ ᠱᠠᠲᠤ ᠦᠶ᠎ᠡ ᠶᠢᠨ ᠴᠢᠨᠠᠷᠲᠠᠢ ᠳ᠋ᠦᠩᠨᠡᠯᠲᠡ | ᠪᠣᠯᠵᠤ᠂ ᠬᠤᠶᠢᠰᠢᠳᠠ ᠶᠢᠨ ᠤᠷᠠᠨ ᠪᠢᠴᠢᠯᠭᠡ ᠶᠢᠨ ᠵᠢᠭᠠᠨ ᠰᠤᠷᠭᠠᠯᠲᠠ ᠳᠤ ᠵᠣᠷᠢᠭᠵᠢᠭᠤᠯᠤᠯ ᠤᠨ ᠦᠢᠯᠡᠳᠦᠯ | ᠦᠵᠡᠭᠦᠯᠵᠡᠢ᠃ |