ᠢᠯᠢᠨ ᠪᠣᠷᠭᠤᠴᠤᠭ ᠶᠠᠷᠢᠶᠠᠨ ᠤ ᠲᠠᠪᠴᠠᠩ ᠤᠨ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠲᠣᠭᠤᠷᠢᠨ ᠬᠢᠴᠢᠶᠡᠯᠯᠡᠬᠦ ᠠᠵᠢᠯᠯᠠᠭᠠᠨ ᠮᠠᠨ ᠤ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2017/9/27
   5 ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠰᠢᠤᠳᠠᠨ ᠪᠦᠯᠦᠭᠯᠡᠯ ᠤᠨ ᠺᠣᠮᠫᠠᠨᠢ ᠶᠢᠨ ᠤᠯᠠᠭᠠᠨᠬᠠᠳᠠ ᠳᠠᠬᠢ ᠬᠤᠪᠢᠶᠠᠷᠢ ᠺᠣᠮᠫᠠᠨᠢ ᠪᠠ ᠪᠡᠭᠡᠵᠢᠩ ᠤᠨ ᠢᠯᠢᠨ ᠵᠠᠭᠤᠴᠢᠯᠠᠭᠤᠷ ᠤᠨ ᠪᠦᠯᠦᠭᠯᠡᠯ ᠤᠨ ︽ᠢᠯᠢᠨ︾ ᠰᠡᠳᠬᠦᠯ ᠤᠨ ᠬᠤᠷᠢᠶ᠎ᠠ ᠠᠴᠠ ᠭᠤᠣᠯᠯᠠᠨ ᠡᠷᠬᠢᠯᠡᠭᠰᠡᠨ᠂ ᠰᠤᠷᠭᠠᠭᠤᠯᠢ ᠶᠢᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠲᠣᠭᠤᠷᠢᠨ ᠬᠢᠴᠢᠶᠡᠯᠯᠡᠬᠦ ᠠᠵᠢᠯᠯᠠᠭᠠᠨ ——  ᠢᠯᠢᠨ ᠪᠣᠷᠭᠤᠴᠤᠭ ᠶᠠᠷᠢᠶᠠᠨ ᠤ ᠲᠠᠪᠴᠠᠩ ᠶᠤᠸᠠᠨ ᠪᠣᠤ ᠱᠠᠨ ᠲᠣᠭᠤᠷᠢᠭ ᠤᠨ ᠳᠤᠮᠳᠠᠳᠤ ᠰᠤᠷᠭᠠᠭᠤᠯᠢ ᠨᠤᠭᠤᠳ ᠢᠶᠠᠷ ᠶᠠᠪᠤᠭᠳᠠᠪᠠ᠃    ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠢᠯᠢᠨ ᠨᠡᠶᠢᠲᠡ ᠶᠢᠨ ᠠᠰᠠᠷᠠᠮᠵᠢ ᠶᠢᠨ ᠯᠧᠺᠲ᠋ᠣᠷ ᠠᠴᠠ ᠬᠦᠰᠡᠯ ᠪᠠᠷᠠᠯᠠᠯ ᠪᠠ ᠠᠴᠢᠯᠠᠯ ᠡᠨᠡᠷᠢᠯ ᠳᠤ ᠲᠠᠯᠠᠷᠬᠠᠬᠤ ᠠᠭᠤᠯᠭ᠎ᠠ ᠪᠠᠷ ᠭᠤᠣᠯ ᠰᠡᠳᠦᠪ ᠪᠣᠯᠭᠠᠵᠤ᠂ ᠠᠮᠢᠳᠤᠯᠢᠭ ᠦᠯᠢᠭᠡᠷ ᠵᠢᠱᠢᠶ᠎ᠡ᠂ ᠪᠢᠯᠬᠠᠮ᠎ᠠ ᠰᠡᠳᠬᠢᠯᠭᠡ ᠪᠦᠬᠦᠢ ᠶᠠᠷᠢᠶ᠎ᠠ ᠢᠯᠡᠳᠬᠡᠯ ᠢᠶᠠᠷ ᠪᠠᠭᠰᠢ ᠰᠤᠷᠤᠭᠴᠢᠳ ᠪᠠ ᠭᠡᠷ ᠤᠨ ᠠᠬᠠᠮᠠᠳ ᠲᠤ ᠣᠶᠣᠨ ᠰᠡᠳᠬᠢᠯ ᠢ ᠨᠢ ᠴᠢᠪᠬᠠᠳᠠᠨ᠂ ᠡᠷᠴᠢ ᠵᠣᠷᠢᠭ ᠢ ᠨᠢ ᠴᠢᠩᠭᠠᠯᠠᠭᠰᠠᠨ ᠭᠤᠴᠣ ᠰᠠᠶᠢᠬᠠᠨ ᠬᠢᠴᠢᠶᠡᠯᠯᠡᠭᠡ ᠬᠢᠵᠡᠢ᠃ ᠬᠠᠷᠢᠯᠴᠠᠨ ᠦᠢᠯᠡᠳᠦᠯᠴᠡᠬᠦ ᠫᠷᠣᠭ᠍ᠷᠠᠮ ᠳᠤ᠂ ᠰᠤᠷᠤᠭᠴᠢᠳ ᠢᠳᠡᠪᠬᠢᠲᠡᠢ ᠪᠠᠷ ᠶᠠᠷᠢᠶᠠᠨ ᠤ ᠲᠠᠪᠴᠠᠩ ᠳᠤ ᠭᠠᠷᠴᠤ ᠥᠪᠡᠷ ᠤᠨ ᠬᠦᠰᠡᠯᠡᠩ᠂ ᠠᠪᠤ ᠡᠵᠢ ᠠᠴᠢᠲᠤ ᠪᠠᠭᠰᠢ ᠳᠤ ᠪᠠᠨ ᠲᠠᠯᠠᠷᠬᠠᠭᠰᠠᠨ ᠰᠡᠳᠬᠢᠯᠭᠡ ᠪᠠᠨ ᠵᠣᠷᠢᠭᠲᠠᠢ ᠶᠠᠷᠢᠵᠤ ᠢᠯᠡᠳᠬᠡᠨ᠂ ᠤᠷᠤᠭᠰᠢᠯᠠᠨ ᠳᠠᠪᠰᠢᠬᠤ ᠪᠠᠳᠠᠷᠠᠩᠭᠤᠢ ᠵᠣᠷᠢᠭ ᠪᠠ ᠤᠶᠠᠷᠠᠭᠰᠠᠨ ᠰᠡᠳᠬᠢᠯ ᠤᠨ ᠬᠠᠯᠠᠭᠤᠨ ᠨᠢᠯᠪᠤᠰᠤ  ᠲᠠᠢ ᠬᠠᠮᠲᠤ ᠦᠶ᠎ᠡ ᠦᠶ᠎ᠡ ᠨᠢᠵᠢᠭᠢᠨᠡᠭᠰᠡᠨ ᠠᠯᠠᠭ᠎ᠠ ᠲᠠᠰᠢᠯᠲᠠ ᠬᠢᠭᠡᠳ ᠵᠣᠷᠢᠭᠵᠢᠭᠤᠯᠤᠯ ᠤᠨ ᠤᠤᠬᠠᠶᠢᠯᠠᠯ ᠰᠤᠷᠭᠠᠭᠤᠯᠢ ᠶᠢᠨ ᠬᠦᠷᠢᠶᠡᠨ᠎ᠡ ᠴᠤᠤᠷᠢᠶᠠᠲᠤᠨ ᠪᠠᠶᠢᠯ᠎ᠠ᠃     ᠨᠡᠶᠢᠲᠡ ᠶᠢᠨ ᠠᠰᠠᠷᠠᠮᠵᠢ ᠶᠢᠨ ᠬᠢᠴᠢᠶᠡᠯᠯᠡᠭᠡ ᠳᠠᠭᠤᠰᠤᠭᠰᠠᠨ ᠤ ᠳᠠᠷᠠᠭ᠎ᠠ᠂ ᠠᠵᠢᠯᠯᠠᠭᠠᠨ ᠳᠤ ᠣᠷᠣᠯᠴᠠᠭᠰᠠᠳ ᠬᠡᠨ ᠠᠯᠢᠨ ᠦᠭᠡᠢ ᠦᠯᠡᠮᠵᠢ ᠶᠢᠨ ᠠᠰᠢᠭ ᠲᠤᠰᠠ ᠬᠦᠷᠲᠡᠯ᠎ᠡ ᠬᠡᠮᠡᠨ ᠶᠠᠷᠢᠵᠤ ᠪᠠᠶᠢᠯ᠎ᠠ᠃ ᠲᠤᠰ ᠤᠳᠠᠭᠠᠨ ᠤ ᠠᠵᠢᠯᠯᠠᠭᠠᠨ ᠨᠢ ᠰᠤᠷᠤᠭᠴᠢᠳ ᠤᠨ ᠬᠦᠰᠡᠯᠡᠩ ᠶᠢᠨ ᠭᠡᠭᠡᠪᠴᠢ ᠶᠢ ᠨᠢ ᠰᠡᠬᠦᠨ᠂ ᠬᠠᠷᠢᠭᠤᠴᠠᠯᠭᠠᠲᠤ ᠰᠡᠳᠬᠢᠯᠭᠡ ᠶᠢ  ᠨᠢ ᠤᠷᠮᠠᠰᠢᠭᠤᠯᠵᠤ᠂ ᠠᠴᠢᠯᠠᠯ ᠡᠨᠡᠷᠢᠯ ᠳᠤ ᠲᠠᠯᠠᠷᠬᠠᠬᠤ ᠶᠢ ᠵᠢᠭᠠᠭᠰᠠᠨ ᠢᠶᠠᠷ ᠪᠠᠷᠠᠬᠤ ᠦᠭᠡᠢ ᠪᠦᠬᠦ ᠵᠣᠷᠢᠭ ᠬᠦᠴᠦᠨ ᠢᠶᠠᠷ ᠵᠡᠭᠦᠳᠦ ᠬᠦᠰᠡᠯᠡᠩ ᠢᠶᠠᠨ ᠬᠥᠭᠡᠭᠡᠴᠡᠯᠳᠦᠬᠦ ᠪᠠᠲᠤ ᠢᠲᠡᠭᠡᠯ ᠢ ᠨᠢ ᠬᠥᠮᠥᠵᠢᠭᠦᠯᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1