ᠠᠮᠤᠭᠤᠯᠠᠩ  ᠰᠦᠮ᠎ᠡ
ᠨᠡᠶᠢᠲᠡᠯᠡᠭᠰᠡᠨ ᠴᠠᠭ᠄
2017/9/28
                   ᠠᠮᠤᠭᠤᠯᠠᠩ ᠰᠦᠮ᠎ᠡ ᠮᠢᠩᠭ᠎ᠠ ᠰᠢᠬᠠᠮ ᠵᠢᠯ ᠤᠨ ᠲᠡᠦᠬᠡ ᠲᠠᠢ ᠶᠤᠮ᠃ ᠠᠮᠤᠭᠤᠯᠠᠩ ᠰᠦᠮ᠎ᠡ ᠪᠣᠯ ᠯᠢᠶᠣᠤ ᠤᠯᠤᠰ ᠤᠨ ᠬᠠᠭᠠᠨ ᠤ ᠵᠠᠷᠯᠢᠭ ᠢᠶᠠᠷ ᠪᠠᠶᠢᠭᠤᠯᠤᠭᠰᠠᠨ ᠨᠠᠯᠢᠶᠠᠳ ᠲᠣᠮᠣ ᠬᠡᠪᠴᠢᠶ᠎ᠡ ᠲᠠᠢ ᠬᠠᠭᠠᠨ ᠤ ᠤᠭᠰᠠᠭ᠎ᠠ ᠶᠢᠨ ᠰᠦᠮ᠎ᠡ ᠪᠣᠯᠣᠨ᠎ᠠ᠃ ᠲᠣᠰ ᠰᠦᠮ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠶᠤᠸᠠᠨ ᠪᠣᠣ ᠱᠠᠨ ᠲᠣᠭᠤᠷᠢᠭ ᠤᠨ ᠮᠤᠬᠤᠷ ᠭᠤᠣᠯ ᠪᠠᠯᠭᠠᠰᠤ ᠶᠢᠨ ᠳ᠋ᠠ ᠶᠢᠩᠽᠢ ᠲᠣᠰᠬᠤᠨ ᠤ ᠪᠤᠷᠬᠠᠨ ᠠᠭᠤᠯᠠ ᠶᠢᠨ ᠬᠤᠷᠮᠣᠢ ᠳᠤ ᠪᠠᠶᠢᠳᠠᠭ᠃ ᠠᠮᠤᠭᠤᠯᠠᠩ ᠰᠦᠮ᠎ᠡ ᠶᠢ ᠯᠢᠶᠣᠤ ᠤᠯᠤᠰ ᠤᠨ ᠳ᠋ᠤᠤᠽᠦ᠋ᠩ ᠬᠠᠭᠠᠨ ᠤ ᠴᠢᠩ ᠨᠢᠩ ᠤᠨ ᠨᠠᠢᠮᠠᠳᠤᠭᠠᠷ ︵1062︶ ᠣᠨ ᠳᠤ ᠡᠬᠢᠯᠡᠵᠦ ᠪᠠᠶᠢᠭᠤᠯᠤᠭᠠᠳ ᠯᠢᠶᠣᠤ ᠤᠯᠤᠰ ᠤᠨ ᠳ᠋ᠤᠤᠽᠦ᠋ᠩ ᠬᠠᠭᠠᠨ ᠤ ᠰᠢᠶᠠᠨ ᠶᠦᠩ ᠤᠨ ᠨᠠᠢᠮᠠᠳᠤᠭᠠᠷ ︵1072︶ ᠣᠨ ᠳᠤ ᠪᠠᠷᠢᠯᠭ᠎ᠠ ᠳᠡᠭᠦᠰᠴᠡᠢ᠃ ᠠᠮᠤᠭᠤᠯᠠᠩ ᠰᠦᠮ᠎ᠡ ᠭᠡᠬᠦ ᠨᠡᠷ᠎ᠡ ᠶᠢ ᠯᠢᠶᠣᠤ ᠤᠯᠤᠰ ᠤᠨ ᠳ᠋ᠤᠤᠽᠦ᠋ᠩ ᠬᠠᠭᠠᠨ ᠬᠠᠶᠢᠷᠠᠯᠠᠵᠠᠢ᠃ ᠰᠦᠮ᠎ᠡ ᠳᠤ ᠡᠯ᠎ᠡ ᠲᠥᠷᠥᠯ ᠤᠨ ᠳᠤᠭᠠᠩ ᠪᠦᠷᠢᠳᠴᠡᠢ᠃ ᠵᠥᠪᠬᠡᠨ ᠬᠠᠭᠠᠨ ᠤ ᠰᠤᠶᠤᠷᠬᠠᠯ ᠤᠨ ᠰᠦᠮ᠎ᠡ ᠶᠢᠨ ᠡᠵᠡᠯᠡᠭᠰᠡᠨ ᠭᠠᠵᠠᠷ ᠨᠢ 3 ᠮᠢᠩᠭ᠎ᠠ ᠭᠠᠷᠤᠢ ᠴᠢᠩ ᠬᠦᠷᠴᠡᠢ᠃ᠠᠮᠤᠭᠤᠯᠠᠩ ᠰᠦᠮ᠎ᠡ ᠶᠢᠨ ᠪᠤᠷᠬᠠᠨ ᠱᠠᠰᠢᠨ ᠤ ᠠᠵᠢᠯᠯᠠᠭᠠᠨ ᠲᠤᠩ ᠬᠦᠷ ᠬᠦᠭᠵᠢᠶᠡᠨ ᠲᠠᠢ ᠪᠠᠶᠢᠵᠤ᠂ ᠬᠦᠵᠢ ᠶᠢᠨ ᠦᠨᠦᠷ ᠨᠢ ᠠᠯᠤᠰ ᠬᠤᠯᠠ ᠠᠩᠬᠢᠯᠤᠨ᠂ ᠠᠯᠳᠠᠷ ᠨᠡᠷ᠎ᠡ ᠨᠢ ᠬᠤᠯᠠ ᠣᠶᠢᠷ᠎ᠠ ᠳᠤ ᠳᠠᠭᠤᠷᠢᠰᠴᠠᠢ᠃ ᠰᠡᠭᠦᠯᠡᠷ ᠨᠢ ᠲᠤᠰ ᠰᠦᠮ᠎ᠡ ᠶᠢᠨ ᠤᠯᠤᠰ ᠤᠨ ᠰᠡᠭᠦᠯᠴᠢ ᠶᠢᠨ ᠦᠶ᠎ᠡ ᠳᠤ ᠳᠠᠶᠢᠨ ᠤ ᠬᠥᠯ ᠳᠤ ᠰᠦᠢᠳᠴᠡᠢ᠃ ᠦᠯᠡᠳᠡᠵᠦ ᠪᠠᠶᠢᠭᠰᠠᠨ ᠬᠡᠯᠳᠡᠷᠬᠡᠢ ᠲᠣᠭᠤᠰᠬ᠎ᠠ ᠨᠤᠷᠠᠩᠬᠠᠢ ᠬᠡᠷᠡᠮ ᠨᠢ ᠰᠣᠶᠣᠯ ᠤᠨ ᠬᠤᠪᠢᠰᠬᠠᠯ ᠤᠨ ᠦᠶ᠎ᠡ ᠳᠤ ᠪᠦᠷᠢᠮᠦᠰᠦᠨ ᠰᠦᠢᠳᠴᠡᠢ᠃ ᠭᠡᠪᠡᠴᠦ ᠪᠠᠭᠤᠷᠢ ᠨᠢ ᠣᠳᠣ ᠪᠣᠯᠲᠠᠯ᠎ᠠ ᠦᠯᠡᠳᠡᠵᠦ ᠪᠠᠶᠢᠨ᠎ᠠ᠃ ᠲᠤᠰ ᠰᠦᠮ᠎ᠡ ᠶᠢ ᠪᠠᠶᠢᠭᠤᠯᠵᠤ ᠪᠠᠶᠢᠬᠤ ᠦᠶ᠎ᠡ ᠳᠤ ᠴᠠᠩ ᠶᠦᠨ ᠤ ᠤᠤᠭᠠᠨ ᠬᠥᠪᠡᠭᠦᠨ ᠶᠧ ᠯᠢᠤᠢ ᠵᠢᠢ ᠣᠳᠣ ᠶᠢᠨ ᠪᠡᠭᠡᠵᠢᠩ ᠬᠤᠲᠠ ᠠᠴᠠ ᠨᠢᠭᠡ ᠪᠤᠷᠬᠠᠨ ᠤ ᠰᠢᠳᠦ ᠣᠯᠵᠤ ᠠᠪᠤᠭᠰᠠᠨ ᠮᠥᠷᠲᠡᠭᠡᠨ ᠳᠡᠭᠡᠷ᠎ᠡ ᠨᠢ7 ᠵᠠᠭᠤ ᠭᠠᠷᠤᠢ ᠱᠠᠷᠢᠯ ᠲᠠᠢ ᠪᠠᠶᠢᠵᠠᠢ᠃ ᠯᠠᠨ ᠯᠢᠩ ᠬᠠᠳᠤᠨ ᠪᠤᠷᠬᠠᠨ ᠤ ᠰᠢᠳᠦ ᠶᠢ ᠳᠠᠬᠢᠬᠤ ᠶᠢᠨ ᠳᠤᠰᠠᠳᠠ ᠠᠮᠤᠭᠤᠯᠠᠩ ᠰᠦᠮ᠎ᠡ ᠶᠢᠨ ᠬᠠᠪᠢ ᠶᠢᠨ ᠠᠭᠤᠯᠠᠨ ᠣᠷᠣᠢ ᠳᠡᠭᠡᠷ᠎ᠡ ᠬᠡᠳᠤᠨ ᠵᠠᠩ ᠭᠦᠨ ᠨᠦᠬᠡ ᠮᠠᠯᠲᠠᠵᠤ ᠱᠠᠷᠢᠯ ᠢ ᠬᠠᠳᠠᠭᠠᠯᠠᠭᠰᠠᠨ ᠪᠦᠭᠡᠳ ᠳᠡᠭᠡᠷ᠎ᠡ ᠨᠢ ᠡᠷᠳᠡᠨᠢ ᠶᠢᠨ ᠰᠤᠪᠤᠷᠭ᠎ᠠ ᠪᠠᠶᠢᠭᠤᠯᠵᠠᠢ᠃ ᠲᠤᠰ ᠰᠤᠪᠤᠷᠭ᠎ᠠ ᠶᠢ ᠪᠤᠷᠬᠠᠨ ᠤ ᠰᠢᠳᠤᠳᠤ ᠱᠠᠷᠢᠯ ᠤᠨ ᠰᠤᠪᠤᠷᠭ᠎ᠠ ᠭᠡᠳᠡᠭ᠃ ᠲᠤᠰ ᠰᠤᠪᠤᠷᠭ᠎ᠠ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠬᠠᠮᠠᠭᠠᠯᠠᠯᠲᠠ ᠎ ᠲᠠᠢ ᠲᠡᠦᠬᠡ ᠳᠤᠷᠠᠰᠬᠠᠯ ᠤᠨ ᠪᠣᠳᠠᠰ ᠪᠣᠯᠵᠤ᠂ ᠣᠳᠣ ᠶᠠᠭ ᠣᠯᠣᠰ ᠤᠨ ᠳᠡᠰ ᠤᠨ ᠬᠠᠮᠠᠭᠠᠯᠠᠯᠲᠠ ᠲᠠᠢ ᠳᠡᠦᠬᠡ ᠳᠤᠷᠠᠰᠬᠠᠯ ᠶᠢᠨ ᠪᠣᠳᠠᠰ ᠢᠶᠠᠷ ᠡᠷᠡᠮᠡᠯᠵᠡᠯᠡᠵᠦ ᠪᠠᠶᠢᠨ᠎ᠠ᠃2006 ᠣᠨ ᠤ5 ᠳ᠋ᠤᠭᠠᠷ ᠰᠠᠷ᠎ᠠ ᠳᠤ᠂ ᠳᠤᠮᠳᠠᠳᠤ ᠣᠯᠣᠰ ᠤᠨ ᠡᠪ ᠬᠠᠮᠲᠤ ᠨᠠᠮ ᠤᠨ ᠶᠤᠸᠠᠨ ᠪᠣᠣ ᠱᠠᠨ ᠲᠤᠭᠤᠷᠢᠭ ᠤᠨ ᠬᠤᠷᠢᠶ᠎ᠠ᠂ ᠶᠤᠸᠠᠨ ᠪᠣᠣ ᠱᠠᠨ ᠲᠣᠭᠤᠷᠢᠭ ᠤᠨ ᠵᠠᠰᠠᠭ ᠤᠨ ᠣᠷᠳᠣᠨ ᠠᠴᠠ ᠭᠠᠵᠠᠭᠤ ᠱᠠᠰᠢᠨ ᠳᠤ ᠴᠣᠬᠢᠯᠲᠠ ᠦᠭᠴᠦ᠂ ᠬᠠᠤᠯᠢ ᠶᠣᠰᠣᠨ ᠤ ᠱᠠᠰᠢᠨ ᠰᠤᠷᠲᠠᠬᠤᠨ ᠢ ᠰᠤᠷᠲᠠᠯᠴᠢᠯᠠᠨ᠂ ᠣᠯᠠᠨ ᠲᠦᠮᠡᠨ ᠤ ᠱᠠᠰᠢᠨ ᠰᠢᠳᠦᠬᠦ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠠᠮᠤᠭᠤᠯᠠᠩ ᠰᠦᠮ᠎ᠡ ᠶᠢ ᠰᠡᠷᠭᠦᠭᠡᠨ ᠪᠠᠶᠢᠭᠤᠯᠬᠤ ᠪᠠᠷ ᠲᠣᠭᠲᠠᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠪᠠᠷ ᠡᠨᠡ ᠬᠦ ᠠᠵᠢᠯ ᠢ ᠲᠤᠰᠬᠠᠶᠢᠯᠠᠨ ᠬᠠᠮᠢᠶᠠᠷᠤᠭᠤᠯᠵᠤ᠂ ᠲᠣᠭᠤᠷᠢᠭ ᠤᠨ ᠣᠯᠣᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠱᠠᠰᠢᠨ ᠰᠤᠷᠲᠠᠬᠤᠨ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ ᠪᠠᠷ ᠪᠦᠷᠢᠯᠳᠦᠭᠦᠨ ᠪᠣᠯᠭᠠᠭᠰᠠᠨ ︽ᠠᠮᠤᠭᠤᠯᠠᠩ ᠰᠦᠮ᠎ᠡ ᠶᠢ ᠰᠡᠷᠭᠦᠭᠡᠨ ᠪᠠᠶᠢᠭᠤᠯᠬᠤ ᠵᠣᠬᠢᠴᠠᠭᠤᠯᠬᠤ ᠳᠤᠭᠤᠶᠢᠯᠠᠩ︾ ᠪᠠᠶᠢᠭᠤᠯᠵᠠᠢ᠃ ᠳᠠᠷᠠᠭ᠎ᠠ ᠨᠢ ᠯᠢᠶᠣᠤᠨᠢᠩ ᠮᠤᠵᠢ ᠶᠢᠨ ᠬᠠᠢ ᠴᠧᠩ ᠬᠤᠲᠠ ᠶᠢᠨ ᠨᠢᠦ ᠲᠸᠦ ᠱᠠᠨ ᠠᠭᠤᠯᠠᠨ ᠤ ᠱᠤᠸᠠᠩ ᠴᠢᠤᠸᠠᠨ ᠰᠧ ᠰᠦᠮ᠎ᠡ ᠶᠢᠨ ᠵᠢᠤᠸᠠᠢ ᠨᠧᠩ ᠶᠡᠭᠡ ᠪᠠᠭᠰᠢᠳᠠᠨ ᠢ ᠵᠠᠯᠠᠵᠤ ᠠᠪᠴᠢᠷᠠᠨ ᠰᠦᠮ᠎ᠡ ᠶᠢᠨ ᠪᠠᠭᠤᠷᠢ ᠶᠢ ᠦᠵᠡᠭᠦᠯᠦᠭᠰᠡᠨ ᠳᠤ ᠶᠡᠭᠡ ᠪᠠᠭᠰᠢᠲᠠᠨ  ᠪᠤᠶᠠᠨᠰᠤᠭ ᠰᠠᠳᠬᠢᠯ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠡᠳ᠋ ᠤᠨ ᠬᠦᠴᠦᠨ ᠢ ᠴᠤᠭᠯᠠᠭᠤᠯᠤᠨ  ᠂ ᠠᠮᠤᠭᠤᠯᠠᠩ ᠰᠦᠮ᠎ᠡ ᠶᠢ ᠪᠠᠶᠢᠭᠤᠯᠬᠤ ᠪᠠᠷ ᠲᠣᠭᠲᠠᠪᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠨᠠᠰᠤᠨ ᠰᠡᠭᠦᠳᠡᠷ ᠳᠠᠯᠠ ᠭᠠᠷᠤᠭᠰᠠᠨ ᠶᠡᠭᠡ ᠪᠠᠭᠰᠢᠲᠠᠨ ᠵᠢᠤᠸᠠᠢ ᠨᠧᠩ ᠠᠮᠤᠭᠤᠯᠠᠩ ᠰᠦᠮ᠎ᠡ ᠶᠢ ᠰᠡᠷᠭᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠰᠡᠷᠭᠦᠭᠡᠨ ᠪᠠᠶᠢᠭᠤᠯᠤᠭᠰᠠᠨ ᠠᠮᠤᠭᠤᠯᠠᠩ ᠰᠦᠮ᠎ᠡ ᠶᠢᠨ  ᠪᠦᠬᠦ ᠡᠵᠡᠯᠡᠬᠦ ᠭᠠᠵᠠᠷ ᠎ ᠨᠢ120 ᠮᠦ᠂ ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ ᠳᠥᠷᠪᠡᠯᠵᠢᠨ ᠮᠧᠲᠷ᠂ ᠪᠡᠯᠡ ᠣᠷᠤᠭᠤᠯᠤᠯᠲᠠ ᠎ ᠨᠢ1 ᠳ᠋ᠦᠩᠰᠢᠭᠤᠷ ᠲᠦᠭᠦᠷᠢᠭ ᠢᠶᠠᠷ ᠲᠦᠯᠦᠪᠵᠢᠭᠦᠯᠵᠦ᠂ ᠣᠳᠤ ᠨᠢᠭᠡᠨᠲᠡ ᠵᠠᠭᠤᠨ ᠤ ᠨᠠᠶᠠ ᠶᠢᠨ ᠠᠵᠢᠯ ᠢ ᠳᠠᠭᠤᠰᠬᠠᠵᠠᠢ᠃ ᠰᠦᠮ᠎ᠡ ᠳᠤ ᠲᠡᠭᠷᠢ ᠶᠢᠨ ᠰᠠᠬᠢᠭᠤᠯᠰᠤᠨ ᠤ ᠳᠤᠭᠠᠩ᠂ ᠬᠤᠮᠰᠢᠮ ᠪᠤᠳᠢᠰᠳ᠋ᠸ᠎ᠠ ᠶᠢᠨ ᠳᠤᠭᠠᠩ᠂ ᠨᠣᠮ ᠣᠩᠰᠢᠬᠤ ᠲᠠᠩᠬᠢᠮ᠂ ᠨᠣᠮ ᠬᠠᠳᠠᠭᠠᠯᠠᠬᠤ ᠠᠰᠠᠷ ᠵᠡᠷᠭᠡ15 ᠳᠤᠭᠠᠩ ᠲᠠᠩᠬᠢᠮ ᠠᠰᠠᠷ ᠲᠠᠢ᠃ ᠯᠢᠶᠣᠤ ᠣᠯᠣᠰ ᠤᠨ ᠲᠣᠭᠤᠰᠬ᠎ᠠ ᠮᠣᠳᠣᠨ ᠪᠦᠲᠦᠴᠡ ᠲᠠᠢ᠃ ᠰᠡᠷᠭᠦᠭᠡᠨ ᠪᠠᠶᠢᠭᠤᠯᠤᠭᠰᠠᠨ ᠠᠮᠤᠭᠤᠯᠠᠩ ᠰᠦᠮ᠎ᠡ ᠨᠢ ᠥᠪᠥᠷ ᠮᠣᠩᠭᠤᠯ ᠴᠢᠨᠠᠭᠰᠢᠯᠠᠭᠠᠳ ᠵᠡᠭᠦᠨ ᠬᠤᠶᠢᠲᠤ ᠣᠷᠣᠨ ᠤ ᠬᠠᠮᠤᠭ ᠲᠣᠮᠣ ᠰᠦᠮ᠎ᠡ ᠶᠢᠨi ᠨᠢᠭᠡ ᠨᠢ ᠪᠣᠯᠬᠤ ᠶᠤᠮ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1