ᠪᠤᠷᠬᠠᠨ ᠤ ᠰᠢᠳᠦᠲᠦ ᠱᠠᠷᠢᠯ ᠤᠨ ᠰᠤᠪᠤᠷᠭ᠎ᠠ
ᠨᠡᠶᠢᠲᠡᠯᠡᠭᠰᠡᠨ ᠴᠠᠭ᠄
2017/9/28
                 ᠪᠤᠷᠬᠠᠨ ᠤ ᠰᠢᠳᠦᠲᠦ ᠱᠠᠷᠢᠯ ᠤᠨ ᠰᠤᠪᠤᠷᠭ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠶᠤᠸᠠᠨ ᠪᠣᠣ ᠱᠠᠨ ᠲᠣᠭᠤᠷᠢᠭ ᠤᠨ ᠮᠤᠬᠤᠷ ᠭᠤᠣᠯ ᠪᠠᠯᠭᠠᠰᠤ ᠶᠢᠨ ᠳ᠋ᠠ ᠶᠢᠩᠽᠢ ᠲᠣᠰᠬᠤᠨ ᠤ ᠬᠤᠶᠢᠲᠤ ᠪᠡᠶ᠎ᠡ ᠶᠢᠨ ᠥᠨᠥᠴᠢᠨ ᠣᠷᠭᠢᠯᠲᠤ ᠠᠭᠤᠯᠠᠨ ᠳᠡᠭᠡᠷ᠎ᠡ ᠪᠠᠶᠢᠳᠠᠭ᠃ ᠠᠭᠤᠯᠠᠨ ᠤ ᠡᠮᠦᠨ᠎ᠡ ᠬᠡᠰᠡᠭ ᠲᠤ ᠯᠢᠶᠣᠤ ᠤᠯᠤᠰ ᠤᠨ ᠠᠮᠤᠭᠤᠯᠠᠩ ᠰᠦᠮ᠎ᠡ ᠶᠢᠨ ᠪᠠᠭᠤᠷᠠᠢ ᠪᠠᠶᠢᠳᠠᠭ᠃ ᠰᠠᠭᠤᠷᠢ ᠳᠡᠭᠡᠷ᠎ᠡ ᠨᠢ ᠳᠠᠬᠢᠵᠦ ᠠᠮᠤᠭᠤᠯᠠᠩ ᠰᠦᠮ᠎ᠡ ᠶᠢ ᠰᠡᠷᠭᠦᠭᠡᠨ ᠪᠠᠶᠢᠭᠤᠯᠵᠠᠢ᠃ ᠠᠭᠤᠯᠠ ᠶᠢᠨ ᠵᠡᠭᠦᠨ ᠬᠤᠷᠮᠣᠢ ᠳᠤᠨᠢ ᠯᠢᠶᠣᠤ ᠤᠯᠤᠰ ᠤᠨ ᠯᠠᠨ ᠯᠢᠩ ᠵᠢᠶᠦ᠋ᠨ ᠬᠠᠳᠤᠨ  ᠤ ᠣᠩᠭᠤᠨ ᠪᠠᠶᠢᠳᠠᠭ᠃ ᠲᠣᠰ ᠰᠤᠪᠤᠷᠭ᠎ᠠ ᠨᠢ ᠨᠠᠢᠮᠠᠨ ᠲᠠᠯ᠎ᠠ ᠲᠠᠢ᠂ ᠭᠤᠷᠪᠠᠨ ᠳᠠᠪᠬᠤᠷᠭ᠎ᠠ ᠲᠠᠢ᠂ ᠨᠢᠭᠲᠠ ᠰᠠᠷᠠᠪᠴᠢ ᠲᠠᠢ᠂  ᠲᠣᠭᠤᠰᠬᠠᠨ ᠰᠤᠪᠤᠷᠭ᠎ᠠ ᠶᠤᠮ᠃ ᠰᠤᠪᠤᠷᠭ᠎ᠠ ᠨᠢ ᠪᠠᠷᠤᠭ15 ᠮᠧᠲᠷ ᠥᠨᠳᠥᠷ ᠪᠠᠶᠢᠵᠤ᠂ᠰᠤᠪᠤᠷᠭ᠎ᠠ ᠨᠢ ᠰᠤᠪᠤᠷᠭ᠎ᠠ ᠶᠢᠨ ᠰᠠᠭᠤᠷᠢ᠂ ᠰᠤᠪᠤᠷᠭ᠎ᠠ ᠶᠢᠨ ᠭᠤᠣᠯ ᠴᠤᠭᠴᠠ᠂ ᠭᠤᠷᠪᠠᠨ ᠳᠠᠪᠬᠤᠷ ᠰᠠᠷᠠᠪᠴᠢ᠂ ᠰᠤᠪᠤᠷᠭ᠎ᠠ ᠶᠢᠨ ᠣᠷᠣᠢ ᠵᠡᠷᠭᠡ ᠪᠠᠷ ᠪᠦᠷᠢᠯᠳᠦᠵᠡᠢ᠃    ᠰᠤᠪᠤᠷᠭ᠎ᠠ ᠶᠢᠨ ᠰᠠᠭᠤᠷᠢ ᠨᠢ ᠳᠠᠪᠬᠤᠷ ᠰᠦᠮᠢᠷ ᠰᠠᠭᠤᠳᠠᠯ ᠲᠠᠢ᠂ ᠰᠤᠪᠤᠷᠭ᠎ᠠ ᠶᠢ ᠰᠢᠭᠤᠳ ᠠᠭᠤᠯᠠᠨ ᠣᠷᠣᠢ ᠶᠢᠨ ᠰᠠᠭᠤᠷᠢ ᠴᠢᠯᠠᠭᠤᠨ ᠳᠡᠭᠡᠷ᠎ᠡ ᠪᠣᠰᠬᠠᠵᠤ᠂ ᠰᠠᠭᠤᠷᠢ ᠶᠢ ᠨᠢ ᠣᠷᠴᠢᠨ ᠦᠶ᠎ᠡ ᠳᠤ ᠵᠠᠰᠠᠨ ᠰᠢᠨᠡᠳᠬᠡᠵᠡᠢ  ᠃ ᠤᠭ ᠳᠦᠷᠰᠦ ᠨᠢ ᠣᠳᠣ ᠮᠡᠳᠡᠭᠳᠡᠬᠦ ᠦᠭᠡᠢ ᠪᠣᠯᠵᠠᠢ᠃ ᠳᠠᠪᠬᠤᠷ ᠰᠦᠮᠢᠷ ᠰᠠᠭᠤᠳᠠᠯ ᠨᠢ ᠭᠠᠵᠠᠷ ᠤᠨ ᠭᠠᠳᠠᠷᠭᠤ ᠠᠴᠠ2 ᠮᠧᠲᠷ ᠳᠡᠭᠡᠷ᠎ᠡ ᠪᠠᠶᠢᠵᠤ᠂ ᠰᠦᠮᠢᠷ ᠰᠠᠭᠤᠳᠠᠯ ᠨᠢ2 ᠮᠧᠲᠷ ᠥᠨᠳᠥᠷ ᠪᠠᠶᠢᠳᠠᠭ᠃    ᠰᠤᠪᠤᠷᠭ᠎ᠠ ᠶᠢᠨ ᠭᠤᠤᠯ ᠳᠦᠷᠪᠡᠨ ᠲᠠᠯ᠎ᠠ ᠳᠤᠨᠢ ᠨᠤᠮᠤ ᠬᠡᠯᠪᠡᠷᠢ ᠲᠠᠢ ᠭᠤᠯᠳᠣᠩ ᠭᠦᠩᠭᠠᠷᠠᠪᠠ ᠲᠠᠢ᠂ ᠭᠦᠩᠭᠠᠷᠠᠪᠠ ᠶᠢᠨ ᠳᠣᠲᠣᠷᠠᠬᠢ ᠪᠤᠷᠬᠠᠨ ᠨᠢ ᠴᠦᠮ ᠦᠭᠡᠢ ᠪᠣᠯᠵᠠᠢ᠃ ᠪᠤᠯᠤᠩ ᠲᠦᠷᠪᠡᠨ ᠲᠠᠯ᠎ᠠ ᠳᠤᠨᠢ ᠲᠣᠭᠤᠰᠬᠠᠨ ᠳᠡᠭᠡᠷ᠎ᠡ ᠰᠡᠶᠢᠯᠦᠭᠰᠡᠨ‌‍ᠪᠤᠳᠢᠰᠳ᠋ᠸ᠎ᠠ ᠶᠢᠨ ᠪᠣᠰᠤᠭ᠎ᠠ ᠬᠦᠷᠦᠭ ᠲᠠᠢ᠂ ᠪᠤᠳᠢᠰᠳ᠋ᠸ᠎ᠠ ᠶᠢᠨ ᠵᠠᠷᠢᠮ ᠨᠢ ᠳᠠᠬᠢᠯᠭ᠎ᠠ ᠶᠢᠨ ᠳᠠᠪᠠᠭ ᠪᠠᠷᠢᠵᠤ᠂ ᠵᠠᠷᠢᠮ ᠨᠢ ᠯᠢᠩᠬᠤ᠎ᠠ ᠴᠡᠴᠡᠭ ᠪᠠᠷᠢᠨ᠂ ᠲᠡᠭᠷᠢ ᠶᠢᠨ ᠬᠤᠪᠴᠠᠰᠤ ᠡᠮᠣᠰᠴᠤ᠂  ᠯᠢᠩᠬᠤ᠎ᠠ ᠴᠡᠴᠡᠭ ᠳᠡᠭᠡᠷ᠎ᠡ ᠵᠣᠭᠰᠣᠵᠤ ᠪᠠᠶᠢᠨ᠎ᠠ᠃ ᠰᠤᠪᠤᠷᠭ᠎ᠠ ᠪᠠᠨ ᠪᠠᠷᠢᠬᠤ ᠦᠶ᠎ᠡ ᠳᠤ᠂ ᠰᠡᠶᠢᠯᠦᠮᠡᠯ ᠲᠠᠢ ᠲᠣᠭᠤᠰᠬ᠎ᠠ ᠰᠢᠭᠢᠳᠬᠡᠬᠦ ᠣᠷᠣ ᠦᠯᠡᠳᠡᠭᠡᠵᠦ᠂ ᠪᠠᠷᠢᠵᠤ ᠳᠠᠭᠤᠰᠤᠭᠰᠠᠨ ᠤ ᠳᠠᠷᠠᠭ᠎ᠠ ᠪᠤᠳᠢᠰᠳ᠋ᠸ᠎ᠠ ᠶᠢᠨ ᠬᠦᠷᠦᠭ ᠰᠡᠶᠢᠯᠦᠭᠰᠡᠨ ᠲᠣᠭᠤᠰᠬ᠎ᠠ ᠪᠠᠨ ᠰᠢᠭᠢᠳᠬᠡᠵᠡᠢ᠃ ᠭᠦᠩᠭᠠᠷᠠᠪᠠ ᠪᠣᠯᠣᠨ ᠪᠤᠷᠬᠠᠨ ᠤ ᠳᠡᠭᠡᠷ᠎ᠡ ᠨᠢ ᠴᠠᠴᠤᠭᠲᠤ ᠮᠣᠳᠣᠨ ᠯᠠᠪᠷᠢ ᠲᠠᠢ᠃ ᠰᠤᠪᠤᠷᠭᠠᠨ ᠣᠷᠣᠢ ᠳᠡᠭᠡᠷ᠎ᠡ ᠨᠢ ᠵᠥᠪᠬᠡᠨ ᠪᠠᠭᠪᠤᠷ ᠲᠠᠢ᠂ ᠭᠠᠨᠵᠢᠷ᠎ᠠ ᠪᠠᠶᠢᠬᠤ ᠦᠭᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1