| | 1981 ᠤᠨ ᠤ 10 ᠰᠠᠷ᠎ᠠ᠂ ᠫᠢᠩ ᠵᠤᠸᠠᠩ ᠲᠤᠭᠤᠷᠢᠭ ᠤᠨ ᠬᠤᠪᠢᠰᠬᠠᠯᠳᠤ ᠵᠦᠪᠯᠡᠯ ᠢ ᠫᠢᠩ ᠵᠤᠸᠠᠩ | ᠲᠤᠭᠤᠷᠢᠭ ᠤᠨ ᠵᠠᠭᠢᠷᠭ᠎ᠠ ᠭᠡᠵᠦ ᠦᠭᠡᠷᠡᠴᠢᠯᠡᠨ᠂ 1983 ᠤᠨ ᠤ 11 ᠰᠠᠷ᠎ᠠ ᠳᠤ ᠦᠭᠡᠶᠢᠰᠭᠡᠪᠡ᠃ | 1983 ᠤᠨ ᠤ 10 ᠰᠠᠷ᠎ᠠ ᠶᠢᠨ 10 ᠤ ᠡᠳᠤᠷ᠂ ᠤᠯᠠᠭᠠᠨᠬᠠᠳᠠ ᠬᠤᠳᠠ ᠶᠢᠨ ᠫᠢᠩ ᠵᠤᠸᠠᠩ᠂ ᠡᠤ | ᠵᠢᠶᠠ᠂ ᠶᠤᠸᠠᠨ ᠪᠤᠤ ᠱᠠᠨ ᠭᠦᠩᠱᠧ ᠪᠤᠯᠤᠨ ᠾᠦᠩ ᠮᠢᠶᠤᠤᠽᠢ ᠭᠦᠩᠱᠧ ᠶᠢᠨ ᠮᠠ ᠵᠢᠶᠠᠽᠢ ᠶᠡᠭᠡ ᠪᠠᠷᠢᠭᠠᠳᠠ᠂ | ᠤᠯᠠᠭᠠᠨᠬᠠᠳᠠ ᠰᠢᠶᠠᠨ ᠤ ᠮᠤᠬᠤᠷᠭᠤᠤᠯ᠂ ᠰᠢᠶᠤᠤ ᠡᠤ ᠵᠢᠶᠠ᠂ ᠬᠠᠷᠠᠪᠤᠳᠤ᠂ ᠵᠢᠶᠠᠨ ᠴᠠᠩ ᠶᠢᠩ ᠭᠦᠩᠱᠧ ᠪᠤᠯᠤᠨ | ᠲᠠᠢ ᠫᠢᠩ ᠳ᠋ᠢ ᠭᠦᠩᠱᠧ ᠶᠢᠨ ᠰᠢᠩ ᠯᠦᠩ ᠫᠦᠸᠧ᠂ ᠬᠠᠷᠠᠮᠤᠳᠤ᠂ ᠳ᠋ᠠ ᠪᠸᠢ ᠬᠠᠢ᠂ ᠹᠧᠩ ᠱᠦᠢ ᠭᠸᠤ ᠵᠡᠷᠭᠡ 4 | ᠶᠡᠭᠡ ᠪᠠᠷᠢᠭᠠᠳᠠ ᠪᠤᠯᠤᠨ ᠤᠯᠠᠭᠠᠨᠬᠠᠳᠠ ᠰᠢᠶᠠᠨ ᠤ ᠠᠩᠴᠢᠠᠭᠤᠤ ᠭᠦᠩᠱᠧ ᠶᠢᠨ ᠰᠢᠶᠠ ᠺᠠᠨᠽᠢ ᠶᠡᠭᠡ ᠪᠠᠷᠢᠭᠠᠳᠠ᠂ | ᠬᠠᠷᠠᠴᠢᠨ ᠬᠤᠰᠢᠭᠤᠨ ᠤ ᠱᠠᠨ ᠴᠢᠶᠠᠨ ᠭᠦᠩᠱᠧ᠂ ᠮᠠ ᠲᠢ ᠶᠢᠩᠽᠢ ᠭᠦᠩᠱᠧ ᠶᠢᠨ ᠭᠦᠩ ᠭᠸᠤ ᠶᠢᠩᠽᠢ᠂ ᠰᠢ | ᠯᠢᠤ ᠵᠢᠶᠠ᠂ ᠽᠢ ᠵᠢᠶᠠ᠂ ᠯᠢᠩ ᠱᠠᠩ᠂ ᠯᠠ ᠮᠠ ᠳ᠋ᠢ ᠶᠡᠭᠡ ᠪᠠᠷᠢᠭᠠᠳᠠ ᠪᠤᠯᠤᠨ ᠬᠠᠷᠠᠴᠢᠨ ᠬᠤᠰᠢᠭᠤᠨ ᠤ ᠯᠦᠤᠽᠢ | ᠳ᠋ᠢᠶᠠᠨ ᠭᠦᠩᠱᠧ ᠴᠢᠶᠤᠤ ᠵᠢᠶᠠ ᠸᠧ ᠫᠦ᠋ ᠶᠡᠭᠡ ᠪᠠᠷᠢᠭᠠᠳᠠ᠂ ᠳ᠋ᠢᠶᠠᠨᠽᠢ ᠭᠦᠩᠱᠧ ᠸᠠᠩ ᠭᠠᠨ ᡂᠢ ᠶᠡᠭᠡ ᠪᠠᠷᠢᠭᠠᠳᠠ | ᠵᠡᠷᠭᠡ ᠶᠢ ᠨᠡᠶᠢᠯᠡᠭᠦᠯᠵᠦ ᠶᠤᠸᠠᠨ ᠪᠤᠤ ᠱᠠᠨ ᠲᠤᠭᠤᠷᠢᠭ ᠢ ᠪᠠᠶᠢᠭᠤᠯᠵᠦ᠂ ᠤᠯᠠᠭᠠᠨᠬᠠᠳᠠ ᠬᠤᠳᠠ ᠳᠤ | ᠬᠠᠷᠢᠶᠠᠯᠠᠭᠤᠯᠪᠠ᠃ | 1984 ᠤᠨ ᠤ 4 ᠰᠠᠷ᠎ᠠ ᠶᠢᠨ 29 ᠤ ᠡᠳᠤᠷ᠂ ᠶᠤᠸᠠᠨ ᠪᠤᠤ ᠱᠠᠨ ᠲᠤᠭᠤᠷᠢᠭ ᠤᠨ ᠬᠠᠷᠢᠶᠠᠨ ᠳᠤ 8 | ᠰᠢᠶᠠᠩ 5 ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠲᠠᠢ᠂ ᠬᠠᠷᠠᠪᠤᠳᠤ᠂ ᠰᠢᠶᠤᠤ ᠡᠤ ᠵᠢᠶᠠ᠂ | ᠮᠤᠬᠤᠷᠭᠤᠤᠯ᠂ ᠱᠠᠨ ᠴᠢᠶᠠᠨ᠂ ᠡᠤ ᠵᠢᠶᠠ ᠭᠦᠩᠱᠧ ᠶᠢ ᠤᠤᠯ ᠤᠨ ᠵᠠᠰᠠᠭ ᠵᠠᠭᠢᠷᠭᠠᠨ ᠤ ᠲᠤᠭᠤᠷᠢᠭ ᠢᠶᠠᠷ | ᠪᠠᠶᠢᠭᠤᠯᠪᠠ︔ ᠬᠠᠷᠠᠴᠢᠨ ᠬᠤᠰᠢᠭᠤᠨ ᠤ ᠯᠦᠤᠽᠢ ᠳ᠋ᠢᠶᠠᠨ ᠭᠦᠩᠱᠧ ᠶᠢᠨ ᠴᠢᠶᠤᠤ ᠵᠢᠶᠠ ᠸᠧ ᠫᠦ᠋ ᠶᠡᠭᠡ ᠪᠠᠷᠢᠭᠠᠳᠠ | ᠪᠤᠯᠤᠨ ᠳ᠋ᠢᠶᠠᠨᠽᠢ ᠭᠦᠩᠱᠧ ᠶᠢᠨ ᠸᠠᠩ ᠭᠠᠨ ᡂᠢ ᠶᠡᠭᠡ ᠪᠠᠷᠢᠭᠠᠳᠠ ᠶᠢ ᠡᠤ ᠵᠢᠶᠠ ᠰᠢᠶᠠᠩ ᠲᠠᠢ ᠨᠡᠶᠢᠯᠡᠭᠦᠯᠪᠡ︔ | ᠤᠯᠠᠭᠠᠨᠬᠠᠳᠠ ᠬᠤᠳᠠ ᠶᠢᠨ ᠾᠦᠩ ᠮᠢᠶᠤᠤᠽᠢ ᠭᠦᠩᠱᠧ ᠶᠢᠨ ᠮᠠ ᠵᠢᠶᠠᠽᠢ ᠶᠡᠭᠡ ᠪᠠᠷᠢᠭᠠᠳᠠ ᠶᠢ ᠪᠠ ᠵᠢᠶᠠ ᠰᠢᠶᠠᠩ | ︵ᠤᠤᠯ ᠨᠡᠷᠡᠶᠢᠳᠤᠯ ᠨᠢ ᠶᠤᠸᠠᠨ ᠪᠤᠤ ᠱᠠᠨ ᠭᠦᠩᠱᠧ︶ ᠲᠠᠢ ᠨᠡᠶᠢᠯᠡᠭᠦᠯᠪᠡ︔ ᠭᠦᠩ ᠭᠧ ᠶᠢᠩᠽᠢ ᠰᠢᠶᠠᠩ ᠢ | ᠰᠢᠨ᠎ᠡ ᠪᠠᠷ ᠪᠠᠶᠢᠭᠤᠯᠵᠦ᠂ ᠬᠠᠷᠠᠴᠢᠨ ᠬᠤᠰᠢᠭᠤᠨ ᠤ ᠮᠠ ᠲᠢ ᠶᠢᠩᠽᠢ ᠭᠦᠩᠱᠧ ᠳᠤ ᠬᠠᠷᠢᠶᠠᠯᠠᠭᠤᠯᠤᠭᠰᠠᠨ ᠭᠦᠩ | ᠭᠧ ᠶᠢᠩᠽᠢ᠂ ᠽᠢ ᠵᠢᠶᠠ᠂ ᠰᠢ ᠯᠢᠤ ᠵᠢᠶᠠ᠂ ᠯᠠ ᠮᠠ ᠳ᠋ᠢ᠂ ᠯᠢᠩ ᠱᠠᠩ ᠵᠡᠷᠭᠡ 5 ᠶᠡᠭᠡ ᠪᠠᠷᠢᠭᠠᠳᠠ ᠪᠠᠷ | ᠪᠦᠷᠢᠯᠳᠤᠪᠡ᠃ ᠰᠢᠶᠠᠩ ᠤᠨ ᠵᠠᠰᠠᠭ ᠤᠨ ᠰᠠᠭᠤᠭ᠎ᠠ ᠭᠠᠵᠠᠷ ᠨᠢ ᠭᠦᠩ ᠭᠧ ᠶᠢᠩᠽᠢ︔ ᠰᠢᠩ ᠯᠦᠩ ᠫᠦᠸᠧ | ᠰᠢᠶᠠᠩ ᠢ ᠰᠢᠨ᠎ᠡ ᠪᠠᠷ ᠪᠠᠶᠢᠭᠤᠯᠵᠦ᠂ ᠤᠯᠠᠭᠠᠨᠬᠠᠳᠠ ᠰᠢᠶᠠᠨ ᠤ ᠲᠠᠢ ᠫᠢᠩ ᠳ᠋ᠢ ᠭᠦᠩᠱᠧ ᠶᠢᠨ ᠰᠢᠩ ᠯᠦᠩ ᠫᠦᠸᠧ | ᠂ ᠬᠠᠷᠠᠮᠤᠳᠤ᠂ ᠳ᠋ᠠ ᠪᠸᠢ ᠬᠠᠢ᠂ ᠹᠧᠩ ᠱᠦᠢ ᠭᠸᠤ ᠵᠡᠷᠭᠡ 4 ᠶᠡᠭᠡ ᠪᠠᠷᠢᠭᠠᠳᠠ ᠪᠠ ᠠᠩᠴᠢᠠᠭᠤᠤ ᠭᠦᠩᠱᠧ ᠶᠢᠨ | ᠰᠢᠶᠠ ᠺᠠᠨᠽᠢ ᠶᠡᠭᠡ ᠪᠠᠷᠢᠭᠠᠳᠠ ᠪᠠᠷ ᠪᠦᠷᠢᠯᠳᠤᠪᠡ᠃ ᠰᠢᠶᠠᠩ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠨᠢ | ᠰᠢᠩ ᠯᠦᠩ ᠫᠦᠸᠧ︔ ᠫᠢᠩᠵᠤᠸᠠᠩ ᠭᠦᠩᠱᠧ ᠶᠢ ᠫᠢᠩᠵᠤᠸᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ | ᠭᠡᠵᠦ ᠦᠭᠡᠷᠡᠴᠢᠯᠡᠨ ᠪᠠᠶᠢᠭᠤᠯᠪᠠ︔ ᠵᠢᠶᠠᠨ ᠴᠠᠩ ᠶᠢᠩ ᠭᠦᠩᠱᠧ ᠶᠢ ᠵᠢᠶᠠᠨ ᠴᠠᠩ ᠶᠢᠩ ᠪᠠᠯᠭᠠᠰᠤ ᠶᠢᠨ ᠠᠷᠠᠳ | ᠤᠨ ᠵᠠᠰᠠᠭ ᠤᠨ ᠤᠷᠳᠤᠨ ᠭᠡᠵᠦ ᠦᠭᠡᠴᠢᠯᠡᠨ ᠪᠠᠶᠢᠭᠤᠯᠵᠦ᠂ ᠵᠠᠰᠠᠭ ᠵᠠᠭᠢᠷᠭᠠᠨ ᠤ ᠬᠤᠪᠢᠶᠠᠷᠢ ᠬᠤᠪᠢᠷᠠᠬᠤ ᠦᠭᠡᠢ᠃ | ᠶᠤᠸᠠᠨ ᠪᠤᠤ ᠱᠠᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ ᠬᠠᠷᠢᠶᠠᠨ ᠳᠤ 4 ᠰᠠᠭᠤᠭᠠᠯᠢ ᠠᠷᠠᠳ ᠤᠨ | ᠵᠦᠪᠯᠡᠯ︔ ᠵᠡᠭᠦᠨ ᠬᠤᠶᠢᠳᠤ ᠶᠢᠨ ᠴᠠᠭᠢᠯᠭᠠᠨ ᠭᠦᠴᠤᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ | ᠬᠠᠷᠢᠶᠠᠨ ᠳᠤ 2 ᠰᠠᠭᠤᠭᠠᠯᠢ ᠠᠷᠠᠳ ᠤᠨ ᠵᠦᠪᠯᠡᠯ︔ ᠰᠢ ᠯᠤ᠋ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ | ᠭᠠᠵᠠᠷ ᠤᠨ ᠬᠠᠷᠢᠶᠠᠨ ᠳᠤ 5 ᠰᠠᠭᠤᠭᠠᠯᠢ ᠠᠷᠠᠳ ᠤᠨ ᠵᠦᠪᠯᠡᠯ︔ ᠮᠠ ᠯᠢᠨ ᠵᠡᠭᠡᠯᠢ ᠭᠤᠳᠤᠮᠵᠢ ᠶᠢᠨ ᠭᠡᠷᠡᠭ | ᠡᠷᠭᠢᠯᠡᠭᠦ ᠭᠠᠵᠠᠷ ᠤᠨ ᠬᠠᠷᠢᠶᠠᠨ ᠳᠤ 1 ᠰᠠᠭᠤᠭᠠᠯᠢ ᠠᠷᠠᠳ ᠤᠨ ᠵᠦᠪᠯᠡᠯ︔ ᠹᠧᠩ ᠱᠦᠢ ᠭᠸᠤ ᠵᠡᠭᠡᠯᠢ ᠭᠤᠳᠤᠮᠵᠢ | ᠶᠢᠨ ᠭᠡᠷᠡᠭ ᠡᠷᠭᠢᠯᠡᠭᠦ ᠭᠠᠵᠠᠷ ᠤᠨ ᠬᠠᠷᠢᠶᠠᠨ ᠳᠤ 1 ᠰᠠᠭᠤᠭᠠᠯᠢ ᠠᠷᠠᠳ ᠤᠨ ᠵᠦᠪᠯᠡᠯ ᠲᠠᠢ︔ 11 ᠰᠠᠷ᠎ᠠ ᠳᠤ᠂ | ᠡᠤ ᠵᠢᠶᠠ ᠰᠢᠶᠠᠩ ᠠᠷᠠᠳ ᠤᠨ ᠵᠠᠰᠠᠭ ᠤᠨ ᠤᠷᠳᠤᠨ ᠢ ᠡᠤ ᠵᠢᠶᠠ ᠪᠠᠯᠭᠠᠰᠤ ᠶᠢᠨ ᠠᠷᠠᠳ ᠤᠨ ᠵᠠᠰᠠᠭ ᠤᠨ | ᠤᠷᠳᠤᠨ ᠭᠡᠵᠦ ᠦᠭᠡᠷᠡᠯᠡᠵᠦ᠂ ᠵᠠᠰᠠᠭ ᠵᠠᠭᠢᠷᠭᠠᠨ ᠤ ᠬᠤᠪᠢᠶᠠᠷᠢ ᠬᠤᠪᠢᠷᠠᠬᠤ ᠦᠭᠡᠢ᠃ 12 ᠰᠠᠷ᠎ᠠ ᠶᠢᠨ 11 ᠤ | ᠡᠳᠤᠷ᠂ ᠫᠢᠩᠵᠤᠸᠠᠩ ᠪᠠᠯᠭᠠᠰᠤ ᠶᠢᠨ 5ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠢ 10 ᠪᠤᠯᠭᠠᠨ | ᠵᠤᠭᠢᠴᠠᠭᠤᠯᠪᠠ᠃ ᠲᠠᠷᠤᠢ ᠱᠠᠨ ᠴᠢᠶᠠᠨ ᠰᠠᠭᠤᠭᠠᠯᠢ ᠠᠷᠠᠳ ᠤᠨ ᠵᠦᠪᠯᠡᠯ᠂ ᠭᠦ᠋ ᠱᠠᠨ ᠨᠢᠭᠡᠳᠤᠭᠡᠷ᠂ ᠬᠤᠶᠠᠳᠤᠭᠠᠷ | ᠰᠠᠭᠤᠭᠠᠯᠢ ᠠᠷᠠᠳ ᠤᠨ ᠵᠦᠪᠯᠡᠯ᠂ ᠹᠧᠩ ᠾᠢ ᠵᠠᠮ ᠨᠢᠭᠡᠳᠤᠭᠡᠷ᠂ ᠬᠤᠶᠠᠳᠤᠭᠠᠷ ᠰᠠᠭᠤᠭᠠᠯᠢ ᠠᠷᠠᠳ ᠤᠨ ᠵᠦᠪᠯᠡᠯ᠂ | ᠵᠢᠶᠧ ᠹᠧᠩ ᠵᠠᠮ ᠨᠢᠭᠡᠳᠤᠭᠡᠷ ᠬᠤᠶᠠᠳᠤᠭᠠᠷ ᠰᠠᠭᠤᠭᠠᠯᠢ ᠠᠷᠠᠳ ᠤᠨ ᠵᠦᠪᠯᠡᠯ᠂ ᠶᠤᠸᠠᠨ ᠯᠢᠨ ᠵᠡᠭᠡᠯᠢ ᠰᠠᠭᠤᠭᠠᠯᠢ | ᠠᠷᠠᠳ ᠤᠨ ᠵᠦᠪᠯᠡᠯ᠂ ᠴᠢᠶᠠᠨ ᠶᠢᠨ ᠨᠢᠭᠡᠳᠤᠭᠡᠷ᠂ ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ᠂ | ᠵᠢᠷᠭᠤᠳᠤᠭᠠᠷ ᠰᠠᠭᠤᠭᠠᠯᠢ ᠠᠷᠠᠳ ᠤᠨ ᠵᠦᠪᠯᠡᠯ᠂ ᠸᠧ ᠹᠧ ᠽᠢ ᠭᠡᠶᠢᠳ ᠤᠨ ᠨᠢᠭᠡᠳᠤᠭᠡᠷ᠂ ᠬᠤᠶᠠᠳᠤᠭᠠᠷ ᠰᠠᠭᠤᠭᠠᠯᠢ | ᠠᠷᠠᠳ ᠤᠨ ᠵᠦᠪᠯᠡᠯ᠂ ᠴᠢ ᠵᠢᠶᠠ ᠰᠠᠭᠤᠭᠠᠯᠢ ᠠᠷᠠᠳ ᠤᠨ ᠵᠦᠪᠯᠡᠯ ᠵᠡᠷᠭᠡ ᠪᠤᠢ᠃ ᠶᠤᠸᠠᠨ ᠪᠤᠤ ᠱᠠᠨ ᠵᠡᠭᠡᠯᠢ | ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ 4 ᠰᠠᠭᠤᠭᠠᠯᠢ ᠠᠷᠠᠳ ᠤᠨ ᠵᠦᠪᠯᠡᠯ ᠢ 10 ᠪᠤᠯᠭᠠᠨ ᠲᠤᠭᠢᠷᠠᠭᠤᠯᠪᠠ᠃ | ︵ᠰᠢᠨ᠎ᠡ ᠪᠠᠷ ᠪᠠᠶᠢᠭᠤᠯᠤᠭᠰᠠᠨ 1 ᠪᠠᠭᠳᠠᠨ᠎ᠠ︶ ᠲᠠᠷᠤᠢ ᠨᠢᠭᠡᠳᠤᠭᠡᠷ᠂ ᠬᠤᠶᠠᠳᠤᠭᠠᠷ᠂ ᠭᠤᠷᠪᠠᠳᠤᠭᠠᠷ᠂ | ᠲᠦᠷᠪᠡᠳᠤᠭᠡᠷ᠂ ᠲᠠᠪᠤᠳᠤᠭᠠᠷ᠂ ᠵᠢᠷᠭᠤᠳᠤᠭᠠᠷ᠂ ᠲᠤᠯᠤᠳᠤᠭᠠᠷ᠂ ᠨᠠᠢᠮᠠᠳᠤᠭᠠᠷ᠂ ᠶᠢᠰᠤᠳᠤᠭᠡᠷ ᠰᠠᠭᠤᠭᠠᠯᠢ ᠠᠷᠠᠳ | ᠤᠨ ᠵᠦᠪᠯᠡᠯ᠂ ᠱᠤᠶᠢᠨᠢ ᠶᠢᠨ ᠦᠢᠯᠡᠳᠪᠤᠷᠢ ᠶᠢᠨ ᠰᠠᠭᠤᠭᠠᠯᠢ ᠠᠷᠠᠳ ᠤᠨ ᠵᠦᠪᠯᠡᠯ ᠵᠡᠷᠭᠡ ᠪᠤᠢ᠃ ᠵᠡᠭᠦᠨ ᠬᠤᠶᠢᠳᠤ | ᠶᠢᠨ ᠴᠠᠭᠢᠯᠭᠠᠨ ᠭᠦᠴᠤᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ 2 ᠰᠠᠭᠤᠭᠠᠯᠢ ᠠᠷᠠᠳ ᠤᠨ ᠵᠦᠪᠯᠡᠯ | ᠢ 4 ᠪᠤᠯᠭᠠᠨ ᠲᠤᠭᠢᠷᠠᠭᠤᠯᠪᠠ᠃ ︵ᠰᠢᠨ᠎ᠡ ᠪᠠᠷ ᠪᠠᠶᠢᠭᠤᠯᠤᠭᠰᠠᠨ 1 ᠪᠠᠭᠳᠠᠨ᠎ᠠ︶ ᠲᠠᠷᠤᠢ ᠳ᠋ᠦᠩ ᠳ᠋ᠢᠶᠠᠨ ᠺᠤᠮᠫᠠᠨᠢ | ᠶᠢᠨ ᠨᠢᠭᠡᠳᠤᠭᠡᠷ᠂ ᠬᠤᠶᠠᠳᠤᠭᠠᠷ ᠰᠠᠭᠤᠭᠠᠯᠢ ᠠᠷᠠᠳ ᠤᠨ ᠵᠦᠪᠯᠡᠯ᠂ ᠴᠠᠭᠢᠯᠭᠠᠨ ᠦᠢᠯᠡᠳᠪᠤᠷᠢ ᠶᠢᠨ ᠰᠠᠭᠤᠭᠠᠯᠢ | ᠠᠷᠠᠳ ᠤᠨ ᠵᠦᠪᠯᠡᠯ᠂ ᠶᠤᠸᠠᠨ ᠪᠤᠤ ᠱᠠᠨ ᠵᠠᠳᠠᠭᠠᠢ ᠠᠭᠤᠷᠬᠠᠢ ᠶᠢᠨ ᠰᠠᠭᠤᠭᠠᠯᠢ ᠠᠷᠠᠳ ᠤᠨ ᠵᠦᠪᠯᠡᠯ ᠵᠡᠷᠭᠡ ᠪᠤᠢ᠃ | ᠮᠠ ᠯᠢᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠲᠤ ᠨᠢᠭᠡᠳᠤᠭᠡᠷ᠂ ᠬᠤᠶᠠᠳᠤᠭᠠᠷ ᠵᠡᠷᠭᠡ 2 ᠰᠠᠭᠤᠭᠠᠯᠢ | ᠠᠷᠠᠳ ᠤᠨ ᠵᠦᠪᠯᠡᠯ ᠢ ᠰᠢᠨ᠎ᠡ ᠪᠠᠷ ᠪᠠᠶᠢᠭᠤᠯᠪᠠ︔ ᠹᠧᠩ ᠱᠦᠢ ᠭᠸᠤ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ | ᠭᠠᠵᠠᠷ ᠲᠤ 1 ᠰᠠᠭᠤᠭᠠᠯᠢ ᠠᠷᠠᠳ ᠤᠨ ᠵᠦᠪᠯᠡᠯ ᠢ ᠰᠢᠨ᠎ᠡ ᠪᠠᠷ ᠪᠠᠶᠢᠭᠤᠯᠪᠠ᠃ ᠰᠠᠭᠤᠭᠠᠯᠢ ᠠᠷᠠᠳ ᠤᠨ ᠵᠦᠪᠯᠡᠯ | ᠨᠢ ᠰᠠᠭᠤᠷᠢᠰᠢᠵᠦ ᠪᠠᠶᠢᠭ᠎ᠠ ᠪᠠᠯᠭᠠᠰᠤ᠂ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠲᠤ ᠬᠠᠷᠢᠶᠠᠯᠠᠭᠳᠠᠨ᠎ᠠ᠃ | ᠵᠡᠭᠡᠯᠢ ᠭᠤᠳᠤᠮᠵᠢ ᠪᠠᠷ ᠭᠤᠤᠯ ᠪᠤᠯᠭᠠᠵᠦ᠂ ᠤᠷᠤᠨ ᠤ ᠠᠵᠦ ᠠᠬᠤᠢ ᠠᠴᠠ ᠬᠠᠮᠳᠤ ᠳᠠᠭᠠᠨ ᠬᠠᠮᠢᠶᠠᠷᠤᠨ᠎ᠠ᠃ | 1986 ᠤᠨ ᠤ 1 ᠰᠠᠷ᠎ᠠ ᠶᠢᠨ 29 ᠤ ᠡᠳᠤᠷ᠂ ᠰᠢᠩ ᠯᠦᠩ ᠫᠦᠸᠧ ᠰᠢᠶᠠᠩ ᠤᠨ ᠰᠢᠩ ᠯᠦᠩ ᠫᠦᠸᠧ᠂ | ᠹᠧᠩ ᠱᠦᠢ ᠭᠸᠤ 2 ᠲᠤᠰᠬᠤᠨ ᠢ ᠰᠢᠩ ᠯᠦᠩ ᠫᠦᠸᠧ᠂ ᠵᠤᠸᠠᠩ ᠲᠸᠤ ᠶᠢᠩᠽᠢ᠂ ᠵᠠᠨ ᠵᠢᠶᠠ ᠸᠧ ᠫᠦ᠋᠂ ᠹᠧᠩ | ᠱᠦᠢ ᠭᠸᠤ ᠵᠡᠷᠭᠡ 4 ᠲᠤᠰᠬᠤᠨ ᠪᠤᠯᠭᠠᠨ ᠬᠤᠪᠢᠶᠠᠪᠠ᠃ | 1987 ᠤᠨ ᠤ 6 ᠰᠠᠷ᠎ᠠ ᠳᠤ᠂ ᠪᠠ ᠵᠢᠶᠠ ᠰᠢᠶᠠᠩ ᠤᠨ ᠠᠷᠠᠳ ᠤᠨ ᠵᠠᠰᠠᠭ ᠤᠨ ᠤᠷᠳᠤᠨ ᠪᠤᠯᠤᠨ ᠶᠤᠸᠠᠨ | ᠪᠤᠤ ᠱᠠᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠢ ᠨᠡᠶᠢᠯᠡᠭᠦᠯᠵᠦ᠂ ᠶᠤᠸᠠᠨ ᠪᠤᠤ ᠱᠠᠨ ᠪᠠᠯᠭᠠᠰᠤ ᠶᠢᠨ | ᠠᠷᠠᠳ ᠤᠨ ᠵᠠᠰᠠᠭ ᠤᠨ ᠤᠷᠳᠤᠨ ᠭᠡᠵᠦ ᠦᠭᠡᠷᠡᠴᠢᠯᠡᠨ ᠪᠠᠶᠢᠭᠤᠯᠵᠦ᠂ ᠪᠠ ᠵᠢᠶᠠ ᠰᠢᠶᠠᠩ ᠭᠢᠭᠡᠳ ᠶᠤᠸᠠᠨ ᠪᠤᠤ | ᠱᠠᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠤᠨ ᠵᠠᠰᠠᠭ ᠵᠠᠭᠢᠷᠭᠠᠨ ᠤ ᠲᠤᠭᠤᠷᠢᠭ ᠢ ᠶᠤᠸᠠᠨ ᠪᠤᠤ ᠱᠠᠨ | ᠪᠠᠯᠭᠠᠰᠤ ᠶᠢᠨ ᠵᠠᠰᠠᠭ ᠵᠠᠭᠢᠷᠭᠠᠨ ᠤ ᠲᠤᠭᠤᠷᠢᠭ ᠪᠤᠯᠭᠠᠨ᠂ ᠪᠠᠯᠭᠠᠰᠤ ᠶᠢᠨ ᠵᠠᠰᠠᠭ ᠤᠨ ᠤᠷᠳᠤᠨ ᠢᠶᠠᠨ ᠪᠠ ᠵᠢᠶᠠ | ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠤᠤᠯ ᠤᠷᠤᠨ ᠳᠤ ᠪᠠᠶᠢᠭᠤᠯᠪᠠ︔ ᠰᠢᠩ ᠯᠦᠩ ᠫᠦᠸᠧ | ᠰᠢᠶᠠᠩ ᠠᠷᠠᠳ ᠤᠨ ᠵᠠᠰᠠᠭ ᠤᠨ ᠤᠷᠳᠤᠨ ᠪᠤᠯᠤᠨ ᠹᠧᠩ ᠱᠦᠢ ᠭᠸᠤ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ | ᠭᠠᠵᠠᠷ ᠢ ᠨᠡᠶᠢᠯᠡᠭᠦᠯᠵᠦ᠂ ᠹᠧᠩ ᠱᠦᠢ ᠭᠸᠤ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠭᠡᠵᠦ ᠦᠭᠡᠷᠡᠴᠢᠯᠡᠨ | ᠂ ᠰᠢᠩ ᠯᠦᠩ ᠫᠦᠸᠧ ᠰᠢᠶᠠᠩ ᠤᠨ ᠠᠷᠠᠳ ᠤᠨ ᠵᠠᠰᠠᠭ ᠤᠷᠳᠤᠨ ᠪᠤᠯᠤᠨ ᠹᠧᠩ ᠱᠦᠢ ᠭᠸᠤ ᠵᠡᠭᠡᠯᠢ ᠭᠤᠳᠤᠮᠵᠢ | ᠶᠢᠨ ᠭᠡᠷᠡᠭ ᠡᠷᠭᠢᠯᠡᠭᠦ ᠭᠠᠵᠠᠷ ᠤᠨ ᠵᠠᠰᠠᠭ ᠵᠠᠭᠢᠷᠭ᠎ᠠ ᠶᠢᠨ ᠬᠤᠪᠢᠶᠠᠷᠢ ᠪᠠᠷ ᠹᠧᠩ ᠱᠦᠢ ᠭᠸᠤ ᠠᠷᠠᠳ ᠤᠨ ᠵᠠᠰᠠᠭ ᠤᠨ | ᠤᠷᠳᠤᠨ ᠤ ᠵᠠᠰᠠᠭ ᠵᠠᠭᠢᠷᠭᠠᠨ ᠤ ᠬᠤᠪᠢᠶᠠᠷᠢ ᠪᠠᠨ ᠪᠤᠯᠭᠠᠪᠠ᠃ ᠪᠠᠯᠭᠠᠰᠤ ᠶᠢᠨ ᠵᠠᠰᠠᠭ ᠤᠨ ᠤᠷᠳᠤᠨ ᠢᠶᠠᠨ ᠹᠧᠩ | ᠱᠦᠢ ᠭᠸᠤ ᠳᠤ ᠪᠠᠶᠢᠭᠤᠯᠪᠠ᠃ 7 ᠰᠠᠷ᠎ᠠ ᠳᠤ᠂ ᠶᠤᠸᠠᠨ ᠪᠤᠤ ᠱᠠᠨ ᠲᠤᠭᠤᠷᠢᠭ ᠤᠨ ᠰᠢᠶᠤᠤ ᠡᠤ ᠵᠢᠶᠠ ᠰᠢᠶᠠᠩ | ᠠᠷᠠᠳ ᠤᠨ ᠵᠠᠰᠠᠭ ᠤᠨ ᠤᠷᠳᠤᠨ ᠢ ᠦᠭᠡᠶᠢᠰᠭᠡᠵᠦ᠂ ᠰᠢᠶᠤᠤ ᠡᠤ ᠵᠢᠶᠠ ᠶᠢᠨ ᠬᠤᠳᠤᠩ ᠦᠨᠳᠤᠰᠤᠳᠡᠨ ᠤ ᠰᠢᠶᠠᠩ | ᠤᠨ ᠠᠷᠠᠳ ᠤᠨ ᠵᠠᠰᠠᠭ ᠤᠨ ᠤᠷᠳᠤᠨ ᠢ ᠰᠡᠷᠭᠦᠭᠡᠨ᠂ ᠰᠢᠶᠤᠤ ᠡᠤ ᠵᠢᠶᠠ ᠰᠢᠶᠠᠩ ᠤᠨ ᠠᠷᠠᠳ ᠤᠨ ᠵᠠᠰᠠᠭ ᠤᠨ | ᠤᠷᠳᠤᠨ ᠤ ᠵᠠᠰᠠᠭ ᠵᠠᠭᠢᠷᠭᠠᠨ ᠤ ᠬᠤᠪᠢᠶᠠᠷᠢ ᠪᠠᠷ ᠰᠢᠶᠤᠤ ᠡᠤ ᠵᠢᠶᠠ ᠶᠢᠨ ᠬᠤᠳᠤᠩ ᠦᠨᠳᠤᠰᠤᠳᠡᠨ ᠤ ᠰᠢᠶᠠᠩ | ᠤᠨ ᠠᠷᠠᠳ ᠤᠨ ᠵᠠᠰᠠᠭ ᠤᠨ ᠤᠷᠳᠤᠨ ᠤ ᠵᠠᠰᠠᠭ ᠵᠠᠭᠢᠷᠭᠠᠨ ᠤ ᠬᠤᠪᠢᠶᠠᠷᠢ ᠪᠤᠯᠭᠠᠪᠠ᠃ | ᠰᠢᠶᠠᠩ ᠤᠨ ᠠᠷᠠᠳ ᠤᠨ ᠵᠠᠰᠠᠭ ᠤᠨ ᠤᠷᠳᠤᠨ ᠢᠶᠠᠨ ᠰᠢᠶᠤᠤ ᠡᠤ ᠵᠢᠶᠠ ᠲᠤᠰᠬᠤᠨ ᠳᠤ ᠪᠠᠶᠢᠭᠤᠯᠪᠠ᠃ | | 1988 ᠤᠨ ᠤ 7 ᠰᠠᠷ᠎ᠠ᠂ ᠮᠤᠬᠤᠷᠭᠤᠤᠯ ᠰᠢᠶᠠᠩ ᠤᠨ ᠠᠷᠠᠳ ᠤᠨ ᠵᠠᠰᠠᠭ ᠤᠨ ᠤᠷᠳᠤᠨ ᠢ ᠮᠤᠬᠤᠷᠭᠤᠤᠯ | ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠭᠡᠵᠦ ᠦᠭᠡᠷᠡᠴᠢᠯᠡᠨ᠂ ᠵᠠᠰᠠᠭ ᠵᠠᠭᠢᠷᠭᠠᠨ ᠤ ᠬᠤᠪᠢᠶᠠᠷᠢ ᠨᠢ | ᠬᠤᠪᠢᠷᠠᠭᠰᠠᠨ ᠦᠭᠡᠢ᠃ ᠪᠠᠯᠭᠠᠰᠤ ᠶᠢᠨ ᠠᠷᠠᠳ ᠤᠨ ᠤᠷᠳᠤᠨ ᠢᠶᠠᠨ ᠬᠤᠶᠢᠳᠤ ᠮᠤᠬᠤᠷᠭᠤᠤᠯ ᠲᠤᠰᠬᠤᠨ ᠳᠤ | ᠪᠠᠶᠢᠭᠤᠯᠪᠠ᠃ | 1991 ᠤᠨ ᠤ 11 ᠰᠠᠷ᠎ᠠ ᠶᠢᠨ 28 ᠤ ᠡᠳᠤᠷ᠂ 12 ᠰᠠᠭᠤᠭᠠᠯᠢ ᠠᠷᠠᠳ ᠤᠨ ᠵᠦᠪᠯᠡᠯ ᠢ ᠨᠡᠮᠡᠨ | ᠪᠠᠶᠢᠭᠤᠯᠪᠠ᠃ ᠰᠢ ᠯᠤ᠋ ᠲᠢᠶᠠᠨ ᠭᠡᠷᠡᠭ ᠡᠷᠭᠢᠯᠡᠭᠦ ᠭᠠᠵᠠᠷ ᠲᠤ ᠠᠷᠪᠠᠳᠤᠭᠠᠷ᠂ ᠠᠷᠪᠠᠨ ᠨᠢᠭᠡᠳᠤᠭᠡᠷ ᠰᠠᠭᠤᠭᠠᠯᠢ | ᠠᠷᠠᠳ ᠤᠨ ᠵᠦᠪᠯᠡᠯ ᠢ ᠨᠡᠮᠡᠨ ᠪᠠᠶᠢᠭᠤᠯᠪᠠ︔ ᠫᠢᠩ ᠵᠤᠸᠠᠩ ᠪᠠᠯᠭᠠᠰᠤ ᠳᠤ ᠨᠡᠭᠡᠮᠡᠯ ᠤᠨ ᠭᠤᠷᠪᠠᠳᠤᠭᠠᠷ᠂ | ᠲᠦᠷᠪᠡᠳᠤᠭᠡᠷ᠂ ᠲᠠᠪᠤᠳᠤᠭᠠᠷ ᠰᠠᠭᠤᠭᠠᠯᠢ ᠠᠷᠠᠳ ᠤᠨ ᠵᠦᠪᠯᠡᠯ᠂ ᠭᠦ᠋ ᠱᠠᠨ ᠭᠤᠷᠪᠠᠳᠤᠭᠠᠷ ᠰᠠᠭᠤᠭᠠᠯᠢ ᠠᠷᠠᠳ ᠤᠨ | ᠵᠦᠪᠯᠡᠯ᠂ ᠴᠢᠶᠠᠨ ᠶᠢᠨ ᠭᠤᠷᠪᠠᠳᠤᠭᠠᠷ ᠰᠠᠭᠤᠭᠠᠯᠢ ᠠᠷᠠᠳ ᠤᠨ ᠵᠦᠪᠯᠡᠯ ᠢ ᠨᠡᠮᠡᠨ ᠪᠠᠶᠢᠭᠤᠯᠪᠠ︔ ᠡᠤ ᠵᠢᠶᠠ | ᠪᠠᠯᠭᠠᠰᠤ ᠳᠤ ᠭᠤᠷᠪᠠᠳᠤᠭᠠᠷ᠂ ᠲᠦᠷᠪᠡᠳᠤᠭᠡᠷ ᠰᠠᠭᠤᠭᠠᠯᠢ ᠠᠷᠠᠳ ᠤᠨ ᠵᠦᠪᠯᠡᠯ ᠢ ᠨᠡᠮᠡᠨ ᠪᠠᠶᠢᠭᠤᠯᠪᠠ︔ ᠮᠠ ᠯᠢᠨ | ᠭᠡᠷᠡᠭ ᠡᠷᠭᠢᠯᠡᠭᠦ ᠭᠠᠵᠠᠷ ᠲᠤ ᠭᠤᠷᠪᠠᠳᠤᠭᠠᠷ ᠰᠠᠭᠤᠭᠠᠯᠢ ᠠᠷᠠᠳ ᠤᠨ ᠵᠦᠪᠯᠡᠯ ᠢ ᠨᠡᠮᠡᠨ ᠪᠠᠶᠢᠭᠤᠯᠪᠠ︔ ᠶᠤᠸᠠᠨ ᠪᠤᠤ | ᠱᠠᠨ ᠪᠠᠯᠭᠠᠰᠤ ᠳᠤ ᠽᠠᠢ ᠶᠤᠸᠠᠨᠽᠢ᠂ ᠸᠠᠭᠠᠷ ᠤᠨ ᠦᠢᠯᠡᠳᠪᠤᠷᠢ ᠶᠢᠨ ᠰᠠᠭᠤᠭᠠᠯᠢ ᠠᠷᠠᠳ ᠤᠨ ᠵᠦᠪᠯᠡᠯ ᠢ ᠨᠡᠮᠡᠨ | ᠪᠠᠶᠢᠭᠤᠯᠪᠠ︔ | 1992 ᠤᠨ ᠤ 5 ᠰᠠᠷ᠎ᠠ ᠶᠢᠨ 19 ᠤ ᠡᠳᠤᠷ᠂ ᠵᠢᠶᠠᠨ ᠴᠠᠩ ᠶᠢᠩ ᠪᠠᠯᠭᠠᠰᠤ ᠳᠤ ᠨᠢᠭᠡᠳᠤᠭᠡᠷ ᠰᠠᠭᠤᠭᠠᠯᠢ | ᠠᠷᠠᠳ ᠤᠨ ᠵᠦᠪᠯᠡᠯ᠂ ᠵᠢᠶᠠᠨ ᠴᠠᠩ ᠶᠢᠩ ᠵᠢᠢ ᠵᠢᠶᠠᠨ ᠺᠤᠮᠫᠠᠨᠢ ᠶᠢᠨ ᠭᠡᠷ ᠪᠦᠯᠢ ᠶᠢᠨ ᠰᠠᠭᠤᠭᠠᠯᠢ ᠠᠷᠠᠳ ᠤᠨ | ᠵᠦᠪᠯᠡᠯ ᠢ ᠨᠡᠮᠡᠨ ᠪᠠᠶᠢᠭᠤᠯᠪᠠ᠃ | 1994 ᠤᠨ ᠤ 8 ᠰᠠᠷ᠎ᠠ ᠶᠢᠨ 25 ᠤ ᠡᠳᠤᠷ᠂ ᠱᠠᠨ ᠴᠢᠶᠠᠨ ᠰᠢᠶᠠᠩ ᠤᠨ ᠠᠷᠠᠳ ᠤᠨ ᠵᠠᠰᠠᠭ ᠤᠨ | ᠤᠷᠳᠤᠨ ᠢ ᠱᠠᠨ ᠴᠢᠶᠠᠨ ᠪᠠᠯᠭᠠᠰᠤ ᠶᠢᠨ ᠠᠷᠠᠳ ᠤᠨ ᠵᠰᠠᠭ ᠤᠨ ᠤᠷᠳᠤᠨ ᠭᠡᠵᠦ ᠦᠭᠡᠷᠡᠴᠢᠯᠡᠨ ᠪᠠᠶᠢᠭᠤᠯᠵᠦ᠂ | ᠭᠦᠩ ᠭᠧ ᠶᠢᠩᠽᠢ ᠰᠢᠶᠠᠩ ᠤᠨ ᠠᠷᠠᠳ ᠤᠨ ᠵᠠᠰᠠᠭ ᠤᠨ ᠤᠷᠳᠤᠨ ᠢ ᠭᠦ᠋ ᠱᠠᠨ ᠪᠠᠯᠭᠠᠰᠤ ᠶᠢᠨ ᠠᠷᠠᠳ ᠤᠨ ᠵᠠᠰᠠᠭ | ᠤᠨ ᠤᠷᠳᠤᠨ ᠭᠡᠵᠦ ᠦᠭᠡᠷᠡᠴᠢᠯᠡᠨ ᠪᠠᠶᠢᠭᠤᠯᠪᠠ᠃ | 1995 ᠤᠨ ᠤ 8 ᠰᠠᠷ᠎ᠠ᠂ ᠮᠠ ᠯᠢᠨ ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠪᠤᠯᠤᠨ ᠬᠠᠷᠠᠪᠤᠳᠤ | ᠰᠢᠶᠠᠩ ᠬᠠᠮᠳᠤᠷᠠᠨ ᠠᠵᠢᠯᠯᠠᠪᠠ᠃ | 1996 ᠤᠨ ᠤ 6 ᠰᠠᠷ᠎ᠠ᠂ ᠭᠦ᠋ ᠱᠠᠨ ᠲᠦᠷᠪᠡᠳᠤᠭᠡᠷ ᠰᠠᠭᠤᠭᠠᠯᠢ ᠠᠷᠠᠳ ᠤᠨ ᠵᠦᠪᠯᠡᠯ ᠪᠠᠶᠢᠭᠤᠯᠤᠭᠳᠠᠪᠠ᠃ | 1997 ᠤᠨ ᠤ 10 ᠰᠠᠷ᠎ᠠ ᠶᠢᠨ 1 ᠤ ᠡᠳᠤᠷ᠂ ᠯᠢᠤ ᠵᠢᠶᠠ ᠠᠭᠤᠷᠬᠠᠢ ᠶᠢᠨ ᠰᠠᠭᠤᠭᠠᠯᠢ ᠠᠷᠠᠳ ᠤᠨ | ᠵᠦᠪᠯᠡᠯ ᠪᠠᠶᠢᠭᠤᠯᠤᠭᠳᠠᠪᠠ᠃ | 1998 ᠤᠨ ᠤ 8 ᠰᠠᠷ᠎ᠠ ᠶᠢᠨ 24 ᠤ ᠡᠳᠤᠷ᠂ ᠹᠧᠩ ᠱᠦᠢ ᠭᠸᠤ ᠪᠠᠯᠭᠠᠰᠤ ᠨᠢ ᠭᠤᠷᠪᠠᠳᠤᠭᠠᠷ | ᠰᠠᠭᠤᠭᠠᠯᠢ ᠠᠷᠠᠳ ᠤᠨ ᠵᠦᠪᠯᠡᠯ ᠢ ᠨᠡᠮᠡᠨ ᠪᠠᠶᠢᠭᠤᠯᠪᠠ᠃ 12 ᠰᠠᠷ᠎ᠠ ᠳᠤ᠂ ᠰᠢᠨᠬᠤᠸᠠ ᠨᠡᠶᠢᠭᠡᠮ ᠲᠤᠭᠤᠷᠢᠭ ᠤᠨ | ᠰᠠᠭᠤᠭᠠᠯᠢ ᠠᠷᠠᠳ ᠤᠨ ᠲᠤᠭᠤᠷᠢᠭ ᠤᠨ ᠵᠦᠪᠯᠡᠯ ᠪᠠᠶᠢᠭᠤᠯᠤᠭᠳᠠᠪᠠ᠃ |