| | ᠡᠨᠡ ᠡᠪᠤᠯ ᠬᠦᠮᠦᠰ ᠤᠨ ᠰᠠᠨᠠᠭᠠᠨ ᠠᠴᠠ ᠭᠠᠳᠠᠭᠤᠷ ᠴᠠᠰᠤ ᠦᠭᠡᠢ ᠳᠤᠯᠠᠭᠠᠷᠠᠵᠤ᠂ ᠬᠠᠶᠠ ᠨᠢᠭᠡ ᠬᠦᠢᠳᠡᠨ | ᠠᠭᠤᠷ ᠠᠮᠢᠰᠬᠤᠯ ᠳᠤᠬᠢᠶᠠᠯᠳᠤᠬᠤ ᠠᠴᠠ ᠦᠭᠡᠷ᠎ᠠ ᠬᠦᠴᠢᠷ ᠳᠦᠪᠡᠭ ᠲᠠᠢ ᠵᠦᠢᠯ ᠦᠭᠡᠢ᠂ ᠡᠭᠦᠨ ᠳᠤ ᠨᠢᠳᠤᠨᠤᠨ ᠤ | ᠶᠡᠭᠡ ᠴᠠᠰᠤᠨ ᠳᠤ ᠪᠤᠯᠠᠬᠳᠠᠬᠤ ᠳᠤ ᠬᠦᠷᠴᠦ ᠶᠡᠭᠡ ᠭᠠᠮᠰᠢᠬᠳᠠᠬᠰᠡᠨ ᠳᠦᠷᠪᠡᠳ ᠤᠨ ᠮᠠᠯᠴᠢᠳ ᠮᠠᠰᠢ ᠰᠡᠷᠡᠮᠵᠢ ᠲᠠᠢ | ᠪᠠᠶᠢᠵᠤ᠂ ᠬᠤᠪᠢᠷᠠᠯᠳᠠ ᠶᠡᠭᠡ ᠲᠠᠢ ᠴᠠᠭ ᠠᠭᠤᠷ ᠤᠨ ᠪᠠᠶᠢᠳᠠᠯ ᠳᠤ ᠬᠠᠭᠤᠷᠳᠠᠭᠳᠠᠬᠤ ᠦᠭᠡᠢ ᠪᠠᠷ ︽ᠬᠠᠪᠤᠷ ᠤᠨ | ᠬᠦᠢᠳᠡᠨ ᠬᠠᠪᠢᠷᠭ᠎ᠠ ᠨᠡᠪᠳᠡ︾ ᠭᠡᠳᠡᠭ ᠰᠢᠦ ᠬᠡᠮᠡᠨ ᠬᠠᠰᠢᠷᠯᠠᠵᠤ ᠪᠠᠶᠢᠭ᠎ᠠ ᠨᠢ ᠵᠦᠢ ᠲᠠᠢ ᠶᠤᠮ᠃ ᠡᠨᠡᠬᠦ ᠪᠠᠶᠢᠳᠠᠯ ᠢ | ᠰᠤᠷᠪᠤᠯᠵᠢᠯᠠᠬᠴᠢ ᠡ᠊ᠡᠳᠡᠬᠢ ᠣᠯᠠᠨ ᠳᠦᠮᠡᠡᠴᠢ ᠱᠤᠭᠤᠮ ᠤᠨ ᠬᠦᠮᠦᠵᠢᠯ ᠣᠢᠢᠯᠡᠳᠦᠯᠭᠡ ᠶᠢᠨ ᠳᠤᠮᠳᠠᠬᠢ ︽ᠳᠦᠷᠪᠡ᠂ | ᠳᠠᠪᠤ᠂ ᠵᠢᠷᠭᠤᠭ᠎ᠠ︾ ᠮᠠᠶ᠋ᠢᠭ ᠤᠨ ᠠᠵᠢᠯᠯᠠᠬᠤ ᠠᠷᠭ᠎ᠠ ᠶᠢ ᠳᠤᠤᠱᠯᠠᠭᠤᠯᠬᠤ ᠶᠠᠪᠤᠴᠠ ᠳᠤ ᠣᠯᠵᠦ ᠮᠡᠳᠡᠭᠰᠡᠨ ᠶᠤᠮ᠃ | ᠨᠠᠮ ᠤᠨ ᠭᠡᠰᠢᠭᠦᠨ ᠺᠠᠳ᠋ᠷᠴᠤᠳ ᠬᠦᠳᠡᠭᠡ ᠪᠠᠭᠤᠵᠤ᠂ ᠠᠶᠢᠯ ᠡᠷᠦᠬᠡ ᠪᠠᠷ ᠭᠦᠡᠵᠡᠭᠡᠶᠢᠷᠡᠨ᠂ ᠣᠷᠤᠰᠢᠵᠤ ᠪᠠᠶᠢᠭ᠎ᠠ | ᠬᠦᠴᠢᠷ ᠪᠡᠷᠬᠡ ᠶᠢ ᠨᠢ ᠰᠢᠢᠳᠪᠦᠷᠢᠯᠡᠵᠦ ᠦᠭᠪᠡᠯ᠂ ᠣᠯᠠᠨ ᠳᠦᠮᠡᠨ ᠠᠴᠠ ᠳᠡᠷᠡ ᠳᠠᠷᠦ᠋ᠢᠬᠠᠨ ᠭᠠᠷ ᠤᠨ ᠦᠰᠦᠭ | ᠵᠢᠷᠤᠵᠤ᠂ ᠦᠨᠡᠯᠡᠯᠳᠡ ᠦᠭᠬᠦ ᠪᠤᠯ ᠡᠨᠡᠬᠦ ︽ᠳᠦᠷᠪᠡ᠂ ᠳᠠᠪᠤ᠂ ᠵᠢᠷᠭᠤᠭ᠎ᠠ︾ ᠮᠠᠶ᠋ᠢᠭ ᠤᠨ ᠠᠵᠢᠯ ᠤᠨ ᠠᠷᠭ᠎ᠠ ᠶᠢᠨ | ᠭᠤᠤᠯ ᠠᠭᠤᠯᠭ᠎ᠠ ᠪᠤᠯᠬᠤ ᠪᠦᠭᠡᠳ ᠠᠷᠠᠳ ᠣᠯᠠᠨ ᠢᠶᠠᠷ ᠺᠠᠳ᠋ᠷ ᠤᠨ ᠠᠵᠢᠯ ᠤᠨ ᠦᠷ᠎ᠠ ᠪᠦᠳᠦᠮᠵᠢ ᠶᠢ ᠡᠶᠢᠡᠬᠦ | ᠦᠨᠡᠯᠡᠭᠦᠯᠦᠨ᠂ ᠺᠠᠳ᠋ᠷ ᠣᠯᠠᠨ ᠳᠦᠮᠡᠨ ᠤ ᠬᠠᠷᠢᠴᠠᠭ᠎ᠠ ᠶᠢ ᠨᠢᠬᠳᠠᠷᠠᠭᠤᠯᠵᠤ᠂ ᠮᠠᠯᠴᠢᠳ ᠢ ᠶᠠᠳᠠᠭᠤ ᠠᠴᠠ ᠨᠢ | ᠠᠩᠭᠢᠵᠢᠷᠠᠭᠤᠯᠬᠤ ᠪᠠᠶᠢᠭᠤᠯᠤᠯᠳᠠ ᠶᠢ ᠳᠦᠷᠭᠡᠳᠭᠡᠬᠦ ᠨᠢ ᠡᠨᠡᠬᠦ ᠠᠵᠢᠯ ᠤᠨ ᠠᠷᠭ᠎ᠠ ᠶᠢᠨ ᠭᠤᠤᠯ ᠵᠤᠷᠢᠯᠭ᠎ᠠ ᠪᠤᠯᠬᠤ | ᠶᠤᠮ᠃ ᠳᠦᠷᠪᠡᠳ ᠬᠤᠰᠢᠭᠤᠨ ᠤ ᠦᠷᠭᠡᠨ ᠣᠯᠠᠨ ᠨᠠᠮ ᠤᠨ ᠭᠡᠰᠢᠭᠦᠨ᠂ ᠣᠳᠤᠷᠢᠳᠬᠤ ᠺᠠᠳ᠋ᠷᠴᠤᠳ ᠡᠨᠡᠬᠦ | ᠠᠷᠭ᠎ᠠ ᠶᠢ ᠳᠤᠤᠱᠯᠠᠭᠤᠯᠬᠤ ᠶᠠᠪᠤᠴᠠ ᠳᠤ ᠳᠠᠭᠠᠵᠤ ᠶᠠᠪᠤᠬᠰᠡᠨ ᠰᠤᠷᠪᠤᠯᠵᠢᠯᠠᠬᠴᠢᠳ ᠡ᠊ᠡᠳᠡᠬᠢ ᠮᠠᠯᠵᠢᠬᠤ ᠣᠷᠤᠨ ᠤ | ᠡᠪᠤᠯ ᠬᠠᠪᠤᠷ ᠤᠨ ᠮᠠᠯ ᠠᠵᠤ ᠠᠬᠤᠢ ᠶᠢᠨ ᠪᠠᠶᠢᠳᠠᠯ ᠤᠨ ᠳᠤᠬᠠᠢ ᠪᠠᠶᠠᠷᠯᠠᠭᠤᠰᠢᠳᠡᠢ ᠮᠡᠳᠡᠭᠡ ᠴᠢᠮᠡᠭᠡ ᠣᠯᠵᠤ | ᠰᠤᠷᠪᠤᠯᠵᠢᠯᠠᠬᠰᠡᠨ ᠪᠠᠶᠢᠨ᠎ᠠ᠃ ᠡᠪᠤᠯ ᠤᠨ ᠠᠭᠤᠷ ᠣᠷᠤᠬᠰᠡᠨ ᠠᠴᠠ ᠨᠠᠰᠢ᠂ ᠡ᠊ᠡᠳᠡ ᠨᠡᠶᠢᠳᠠᠮ ᠳᠤᠯᠠᠭᠠᠷᠠᠵᠠᠢ᠃ | ᠮᠠᠯᠵᠢᠬᠤ ᠣᠷᠤᠨ ᠤ ᠬᠦᠮᠦᠰ ᠤᠨ ᠰᠠᠨᠠᠭ᠎ᠠ ᠰᠡᠳᠭᠢᠯ ᠶᠡᠭᠡ ᠳᠡᠶᠢᠪᠤᠰᠢᠷᠠᠩᠭᠤᠢ ᠪᠠᠶᠢᠪᠠᠴᠤ᠂ ᠣᠯᠠᠩᠬᠢ ᠮᠠᠯᠴᠢᠳ | ᠡᠶᠢᠮᠦᠷᠬᠦᠦ ᠣᠠᠴᠠᠭᠠᠢ ᠴᠠᠭ ᠠᠭᠤᠷ ᠤᠨ ᠡᠮᠦᠨ᠎ᠠ ᠳᠤᠳᠤᠷ᠎ᠠ ᠪᠠᠨ ᠳᠤᠭ᠎ᠠ ᠲᠠᠢ ᠬᠠᠰᠢᠷᠯᠠᠵᠤ ᠪᠠᠶᠢᠬᠤ ᠶᠢ ᠨᠢ | ᠣᠢᠢᠯᠠᠭᠠᠵᠤ ᠪᠤᠯᠬᠤ ᠶᠤᠮ᠃ ᠦᠨᠦ ᠵᠢᠯ ᠳᠦᠷᠪᠡᠳ ᠤᠨ ᠬᠤᠶᠢᠳᠤ ᠪᠠᠶ᠎ᠠ ᠶᠢᠨ ᠭᠤᠷᠪᠠᠨ ᠰᠤᠮᠤᠨ ᠤ ᠮᠠᠯᠴᠢᠳ | ᠨᠠᠮᠤᠷ ᠠᠴᠠ ᠡᠬᠢᠯᠡᠨ ᠮᠠᠯ ᠰᠢᠢᠳᠪᠦᠷᠢᠯᠡᠬᠦ ᠶᠠᠪᠤᠳᠠᠯ ᠦᠭᠡᠢ᠂ ᠬᠤᠳᠠ ᠳᠠᠭᠠᠨ ᠦᠯᠡᠳᠡᠭᠡᠭᠰᠡᠨ ᠴᠦᠬᠡᠪᠦᠷᠢ ᠪᠤᠳᠠ | ᠮᠠᠯ ᠳᠠᠭᠠᠨ ᠬᠦᠷᠦᠯᠴᠡᠬᠦ᠋ᠢᠴᠠ ᠡᠪᠡᠰᠦ ᠪᠤᠷᠳᠤᠭ᠎ᠠ ᠨᠦᠬᠡᠴᠡᠯᠡᠬᠦ ᠠᠴᠠ ᠭᠠᠳᠠᠨ᠎ᠠ ᠦᠡᠭᠭᠡᠷᠡᠭᠰᠡᠨ ᠲᠠᠢ ᠠᠳᠠᠯᠢ ᠪᠠᠷ | ᠶᠡᠬᠡᠪᠡᠷ ᠪᠡᠯᠡᠳᠭᠡᠯ ᠬᠢᠬᠦ ᠶᠠᠪᠤᠳᠠᠯ ᠦᠭᠡᠢ ᠪᠤᠯᠵᠡᠢ᠃ ᠣᠴᠢᠷ ᠨᠢ ᠦᠡᠭᠭᠡᠷᠡᠬᠦ ᠵᠢᠯ ᠳᠤ ᠡ᠊ᠡᠳᠡᠬᠢ 600 ᠳᠦᠮᠡᠨ ᠮᠦ | ᠪᠠᠯᠴᠢᠭᠡᠷ ᠨᠢ ᠪᠦᠬᠦ ᠬᠤᠰᠢᠭᠤᠨ ᠤ ᠮᠠᠯ ᠪᠡᠯᠴᠢᠭᠡᠷᠯᠡᠭᠦᠯᠬᠦ ᠶᠢ ᠵᠤᠬᠰᠤᠭᠠᠬᠤ 1800 ᠳᠦᠮᠡᠨ ᠮᠦ ᠨᠤᠳᠤᠭ | ᠪᠡᠯᠴᠢᠭᠡᠷ ᠲᠤ ᠬᠠᠮᠤᠷᠤᠬᠳᠠᠵᠤ᠂ ᠪᠤᠭ ᠮᠠᠯ ᠢᠶᠠᠨ ᠪᠦᠬᠦᠨ ᠢ ᠨᠡᠭᠦᠯᠭᠡᠨ ᠰᠢᠯᠵᠢᠭᠦᠯᠦᠭᠰᠡᠨ ᠪᠤᠶᠤ ᠰᠢᠢᠳᠪᠦᠷᠢᠯᠡᠭᠰᠡᠨ | ᠪᠠᠶᠢᠨ᠎ᠠ᠃ ᠬᠠᠷᠢᠨ ᠡ᠊ᠡᠳᠡᠬᠢ ᠳᠤᠮᠳᠠ ᠪᠠᠶ᠎ᠠ ᠪᠠ ᠡᠮᠦᠨ᠎ᠠ ᠪᠡᠶ᠎ᠠ ᠶᠢᠨ ᠮᠠᠯᠵᠢᠬᠤ ᠣᠷᠤᠨ ᠳᠤ ᠨᠢᠳᠤᠨᠤᠨ ᠠᠴᠠ ᠨᠠᠰᠢ | 2000 ᠭᠠᠷᠤᠢ ᠳᠦᠮᠡᠨ ᠳᠦᠭᠦᠷᠢᠭ ᠤᠨ ᠪᠡᠯᠡ ᠣᠷᠤᠭᠤᠯᠵᠤ᠂ ᠭᠤᠤᠯᠳᠠᠭᠤ ᠮᠠᠯᠴᠢᠳ ᠦᠪᠡᠷᠰᠡᠳ ᠢᠶᠠᠨ ᠮᠠᠯ ᠤᠨ | ᠬᠠᠰᠢᠶ᠎ᠠ ᠰᠠᠷᠠᠪᠴᠢ᠂ ᠫᠧᠩ ᠬᠤᠷᠤᠭ᠎ᠠ᠂ ᠡᠪᠡᠰᠦ ᠪᠤᠷᠳᠤᠭ᠎ᠠ ᠨᠦᠭᠡᠴᠡᠯᠡᠬᠦ ᠬᠦᠮᠦᠷᠭᠡ᠂ ᠨᠤᠭᠤᠭᠠᠨ ᠳᠠᠷᠤᠰᠢ | ᠪᠤᠷᠳᠤᠭᠠᠨ ᠤ ᠵᠤᠭᠤᠷᠢ ᠵᠡᠷᠭᠡ ᠰᠠᠭᠤᠷᠢ ᠳᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠴᠢᠨᠠᠬᠰᠢᠳᠠ | ᠳᠦᠭᠦᠷᠵᠢᠭᠦᠯᠦᠭᠰᠡᠨ ᠪᠠᠶᠢᠨ᠎ᠠ᠃ ᠡᠭᠦᠨ ᠳᠤ ᠰᠢᠨ᠎ᠠ ᠪᠠᠷ ᠪᠠᠶᠢᠭᠤᠯᠤᠬᠰᠡᠨ ᠡᠪᠡᠰᠦ ᠪᠤᠷᠳᠤᠭᠠᠨ ᠤ ᠬᠦᠮᠦᠷᠭᠡ᠂ | ᠪᠠᠷᠢᠮᠵᠢᠶᠠᠳᠤ ᠬᠠᠰᠢᠶ᠎ᠠ ᠰᠠᠷᠠᠪᠴᠢ 5898 ᠳᠦᠮᠡᠨ ᠳᠡᠭᠰᠢ ᠳᠦᠷᠪᠡᠯᠵᠢᠨ ᠮᠧᠳ᠋ᠷ ᠲᠤ ᠬᠦᠷᠴᠡᠢ᠃ ᠡ᠊ᠡᠳᠡᠬᠢ | ᠳᠠᠷᠢᠶᠠᠯᠠᠬᠤ ᠣᠷᠤᠨ ᠲᠠᠢ ᠵᠠᠬ᠎ᠠ ᠨᠡᠶᠢᠯᠠᠵᠦ ᠪᠠᠶᠢᠭ᠎ᠠ ᠴᠠᠭᠠᠠᠪᠤᠯᠠᠭ ᠰᠤᠮᠤᠨ ᠤ ᠮᠠᠯᠴᠢᠳ ᠦᠪᠡᠷᠰᠡᠳ ᠢᠶᠠᠨ ᠬᠠᠳᠤᠵᠤ | ᠨᠦᠭᠡᠴᠡᠯᠡᠭᠰᠡᠨ ᠳᠡᠵᠢᠭᠡᠯ ᠪᠤᠷᠳᠤᠭᠠᠨ ᠤ ᠬᠠᠳᠠᠭᠠᠯᠠᠮᠵᠢ 3.1 ᠳ᠋ᠦᠡᠭᠰᠢᠭᠤᠷ ᠵᠢᠩ ᠳᠤ ᠬᠦᠷᠴᠡᠢ᠃ ᠦᠡᠭᠭᠡᠷᠡᠬᠦ | ᠵᠢᠯ ᠤᠨ 10 ᠰᠠᠷ᠎ᠠ ᠶᠢᠨ ᠰᠡᠭᠦᠯᠴᠢ ᠪᠤᠯᠳᠠᠯ᠎ᠠ᠂ ᠡᠮᠦᠨ᠎ᠠ ᠪᠡᠶ᠎ᠠ ᠶᠢᠨ ᠮᠠᠯᠵᠢᠬᠤ ᠣᠷᠤᠨ ᠤ ᠰᠢᠢᠳᠪᠦᠷᠢᠯᠡᠭᠰᠡᠨ ᠮᠠᠯ | 25 ᠳᠦᠮᠡ᠂ ᠪᠠᠶᠢᠭᠠᠯᠢᠯᠢᠭ ᠬᠠᠳᠤᠯᠠᠩ ᠡᠪᠡᠰᠦ ᠳ᠋ᠦᠡᠭᠰᠢᠭᠤᠷ ᠵᠢᠩ᠂ ᠨᠤᠭᠤᠭᠠᠨ ᠳᠠᠷᠤᠰᠢ᠂ ᠡᠰᠢ ᠰᠦᠷᠡᠯ ᠵᠡᠷᠭᠡ | ᠳᠡᠵᠢᠭᠡᠯ ᠪᠤᠷᠳᠤᠭ᠎ᠠ 4.5 ᠳ᠋ᠦᠡᠭᠰᠢᠭᠤᠷ ᠺᠢᠯᠦᠭᠷᠠᠮ ᠳᠤ ᠬᠦᠷᠴᠦ᠂ ᠡᠪᠤᠯᠵᠢᠬᠦ ᠮᠠᠯ ᠤᠨ ᠳᠤᠭ᠎ᠠ ᠦᠡᠳᠦᠰᠦᠨ ᠳᠡᠭᠡᠨ | 5% ᠢᠶᠠᠷ ᠬᠠᠰᠤᠬᠳᠠᠬᠰᠡᠨ ᠠᠴᠠ ᠡᠪᠡᠰᠦ ᠪᠤᠷᠳᠤᠭ᠎ᠠ ᠨᠢ ᠨᠢᠭᠡᠨᠳᠡ ᠢᠯᠡᠭᠦᠴᠡ ᠲᠠᠢ ᠪᠤᠯᠵᠡᠢ᠃ ᠭᠡᠪᠡᠴᠦ ᠨᠢᠬᠡ | ᠮᠠᠭᠤ ᠨᠢ ᠭᠡᠪᠡᠯ ᠡ᠊ᠡᠳᠡᠬᠢ ᠣᠯᠠᠩᠬᠢ ᠮᠠᠯᠴᠢᠳ ᠡᠪᠤᠯ ᠡᠷᠳᠡ ᠶᠢᠨ ᠳᠦᠯ ᠳᠤᠰᠳᠠᠭ ᠪᠤᠯᠬᠤᠷ ᠬᠠᠪᠤᠷ ᠤᠨ | ᠬᠠᠪᠰᠠᠷᠭ᠎ᠠ ᠶᠢᠨ ᠦᠶ᠎ᠠ ᠳᠤ ᠪᠦᠢᠵᠢᠬᠰᠡᠨ ᠳᠦᠯ ᠤᠨ ᠳᠡᠵᠢᠭᠡᠯ ᠢᠳᠡᠬᠦ ᠬᠡᠮᠵᠢᠶ᠎ᠠ ᠶᠡᠬᠡᠪᠡᠷ ᠨᠡᠮᠡᠭᠳᠡᠳᠡᠭ ᠶᠠᠪᠤᠳᠠᠯ | ᠪᠤᠯᠤᠨ᠎ᠠ᠃ ᠶᠡᠷᠦᠩᠬᠡᠶᠢᠯᠡᠪᠡᠯ ᠬᠡᠳᠦ᠋ᠢᠪᠡᠷ ᠪᠡᠯᠡᠳᠭᠡᠯ ᠲᠠᠢ ᠪᠤᠯ ᠪᠡᠷᠬᠡᠳᠡᠭᠦ ᠦᠭᠡᠢ ᠭᠡᠳᠡᠭ ᠪᠤᠯᠪᠠᠴᠤ ᠬᠠᠪᠢᠷᠭ᠎ᠠ ᠨᠡᠪᠳᠡ | ᠬᠠᠪᠤᠷ ᠤᠨ ᠬᠦᠢᠳᠡᠨ ᠨᠦᠢᠳᠡᠨ ᠢ ᠮᠡᠷᠳᠡᠯ ᠦᠭᠡᠢ ᠬᠠᠰᠢᠷᠯᠠᠵᠤ ᠬᠡᠷᠰᠦᠯᠡᠵᠦ ᠪᠠᠶᠢᠬᠤ ᠨᠢ ᠵᠦᠢ ᠲᠠᠢ ᠪᠦᠬᠡᠳ ᠵᠦᠪ | ᠰᠤᠩᠭᠤᠯᠳᠠ ᠪᠤᠯᠬᠤ ᠶᠤᠮ᠃ ︵ᠷᠢᠨ᠊ ·᠂ ᠰᠤᠳᠨᠠᠮ︶ | | |