| | | ︵1982 ᠤᠨ ᠤ 12 ᠰᠠᠷ᠎ᠠ ᠶᠢᠨ 4 ᠤ ᠡᠲᠤᠷ ᠲᠠᠪᠤᠲᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠲᠤᠭᠠᠷ ᠬᠤᠷᠠᠯᠲᠤᠭᠠᠨ ᠠᠴᠠ ᠪᠠᠲᠤᠯᠠᠪᠠ᠂ 1982 | ᠤᠨ ᠤ 12 ᠰᠠᠷ᠎ᠠ ᠶᠢᠨ 4 ᠤ ᠡᠲᠤᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠠᠷ ᠢᠶᠠᠷ ᠭᠡᠷᠡᠭᠵᠢᠬᠦᠯᠬᠦ ᠪᠠᠷ ᠨᠠᠶᠢᠲᠡᠯᠡᠪᠠ᠂ 1988 ᠤᠨ ᠤ 4 ᠰᠠᠷ᠎ᠠ ᠶᠢᠨ 12 ᠤ ᠡᠲᠤᠷ ᠲᠤᠯᠤᠲᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ | ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ | ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾᠂ 1993 ᠤᠨ ᠤ 3 ᠰᠠᠷ᠎ᠠ ᠶᠢᠨ 29 ᠤ ᠡᠲᠤᠷ ᠨᠠᠢᠮᠠᠲᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ | ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ | ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠪᠤᠯᠤᠨ 1999 ᠤᠨ ᠤ 3 ᠰᠠᠷ᠎ᠠ ᠶᠢᠨ 15 ᠤ ᠡᠲᠤᠷ | ᠶᠢᠰᠤᠲᠤᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠲᠤᠭᠠᠷ ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠪᠤᠯᠤᠨ 2004 ᠤᠨ ᠤ 3 ᠰᠠᠷ᠎ᠠ ᠶᠢᠨ 14 ᠤ | ᠡᠲᠤᠷ ᠠᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠲᠤᠭᠠᠷ ᠬᠤᠷᠠᠯᠲᠤᠭᠠᠨ ᠠᠴᠠ ᠪᠠᠲᠤᠯᠠᠭᠰᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ︾ ᠢ ᠦᠨᠲᠦᠰᠦᠯᠡᠵᠤ ᠵᠠᠰᠠᠪᠠ︶ | ᠭᠠᠷᠴᠠᠭ ᠤᠷᠤᠰᠢᠯ | ᠨᠢᠭᠡᠲᠤᠭᠡᠷ ᠪᠦᠯᠦᠭ ᠶᠡᠷᠤᠩᠭᠡᠢ ᠬᠦᠲᠤᠯᠪᠤᠷᠢ | ᠬᠤᠶᠠᠲᠤᠭᠠᠷ ᠪᠦᠯᠦᠭ ᠠᠷᠠᠳ ᠢᠷᠭᠡᠨ ᠤ ᠦᠨᠲᠤᠰᠤᠨ ᠡᠷᠭᠡ ᠪᠠ ᠡᠬᠦᠷᠭᠡ | ᠭᠤᠷᠪᠠᠲᠤᠭᠠᠷ ᠪᠦᠯᠦᠭ ᠲᠦᠷᠤ ᠶᠢᠨ ᠪᠠᠶᠢᠭᠤᠯᠤᠮᠵᠢ | ᠨᠢᠭᠡᠲᠤᠭᠡᠷ ᠭᠡᠰᠡᠭ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠬᠤᠶᠠᠲᠤᠭᠠᠷ ᠭᠡᠰᠡᠭ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠭᠤᠷᠪᠠᠲᠤᠭᠠᠷ ᠭᠡᠰᠡᠭ ᠲᠦᠷᠤ ᠶᠢᠨ ᠶᠠᠪᠤᠲᠠᠯ ᠤᠨ ᠬᠤᠷᠢᠶ᠎ᠠ | ᠲᠦᠷᠪᠡᠲᠤᠭᠡᠷ ᠭᠡᠰᠡᠭ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ | ᠲᠠᠪᠤᠲᠤᠭᠠᠷ ᠭᠡᠰᠡᠭ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠠ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨᠤᠷᠲᠤᠨ | ᠵᠢᠷᠭᠤᠲᠤᠭᠠᠷ ᠭᠡᠰᠡᠭ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ ᠵᠠᠰᠠᠬᠤ | ᠪᠠᠶᠢᠭᠤᠯᠭ᠎ᠠ | ᠲᠤᠯᠤᠳᠤᠭᠠᠷ ᠬᠡᠰᠡᠭ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ | ᠲᠦᠷᠪᠡᠲᠤᠭᠡᠷ ᠪᠦᠯᠦᠭ ᠤᠯᠤᠰ ᠤᠨ ᠲᠤᠭ᠂ ᠤᠯᠤᠰ ᠤᠨ ᠰᠦᠯᠲᠠ ᠲᠠᠭᠤᠤ᠂ ᠤᠯᠤᠰ ᠤᠨ ᠰᠦᠯᠲᠠ᠂ | ᠨᠠᠶᠢᠰᠯᠠᠯ | | ᠤᠷᠤᠰᠢᠯ | ᠲᠤᠮᠲᠠᠲᠤ ᠤᠯᠤᠰ ᠪᠤᠯ ᠲᠡᠯᠡᠭᠡᠢ ᠶᠢᠨ ᠬᠠᠮᠤᠭ ᠤᠨ ᠦᠨᠢ ᠤᠲᠠᠭᠠᠨ ᠲᠡᠤᠭᠡ ᠲᠠᠢ ᠤᠯᠤᠰ ᠤᠳ ᠤᠨ ᠨᠢᠭᠡ | ᠨᠢ ᠮᠦᠨ᠃ ᠲᠤᠮᠲᠠᠲᠤ ᠤᠯᠤᠰ ᠤᠨ ᠦᠨᠲᠤᠰᠤᠲᠡᠨ ᠨᠦᠭᠦᠳ ᠤᠨ ᠠᠷᠠᠳ ᠲᠦᠮᠠᠨ ᠭᠡᠷᠡᠯ ᠰᠠᠴᠤᠷᠠᠩᠭᠤᠢ | ᠰᠤᠶᠤᠯ ᠢ ᠬᠠᠮᠲᠤ ᠪᠠᠷ ᠡᠬᠦᠲᠤᠨ ᠪᠦᠲᠦᠭᠡᠭᠰᠠᠨ ᠪᠦᠭᠡᠳ ᠢᠷᠠᠭᠤ ᠠᠯᠲᠠᠷᠲᠤ ᠬᠤᠪᠢᠰᠬᠠᠯᠲᠤ ᠤᠯᠠᠮᠵᠢᠯᠠᠯ ᠲᠠᠢ ᠶᠤᠮ | ᠃ | 1840 ᠤᠨ ᠠᠴᠠ ᠬᠤᠶᠢᠰᠢ᠂ ᠹᠸᠤᠲᠠᠯ ᠤᠨ ᠲᠤᠮᠲᠠᠲᠤ ᠤᠯᠤᠰ ᠣᠯᠠᠮ ᠢᠶᠠᠷ ᠬᠠᠭᠠᠰ ᠺᠤᠯᠤᠨᠢ᠂ ᠬᠠᠭᠠᠰ | ᠹᠸᠤᠲᠠᠯ ᠤᠨ ᠤᠯᠤᠰ ᠪᠤᠯᠤᠨ ᠬᠤᠪᠢᠷᠠᠪᠠ᠃ ᠲᠤᠮᠲᠠᠲᠤ ᠤᠯᠤᠰ ᠤᠨ ᠠᠷᠠᠳ ᠲᠦᠮᠠᠨ ᠤᠯᠤᠰ ᠤᠷᠤᠨ ᠤ ᠪᠠᠨ | ᠲᠤᠰᠠᠭᠠᠷ ᠲᠤᠭᠲᠠᠨᠢᠯ᠂ ᠦᠨᠲᠤᠰᠤᠲᠠᠨ ᠤ ᠪᠠᠨ ᠴᠢᠯᠦᠭᠡᠯᠡᠯᠲᠠ ᠪᠠ ᠠᠷᠠᠳᠴᠢᠯᠠᠯ ᠡᠷᠭᠡ ᠴᠢᠯᠦᠭᠡᠨ ᠤ ᠪᠠᠨ ᠲᠦᠯᠦᠭᠡ | ᠪᠤᠴᠠᠯᠲᠠ ᠨᠢᠴᠤᠯᠲᠠ ᠦᠭᠡᠢ ᠪᠠᠭᠠᠲᠤᠷᠯᠠᠨ ᠲᠡᠮᠡᠴᠡᠭᠰᠠᠨ ᠶᠤᠮ᠃ | 20 ᠳ᠋ᠤᠭᠠᠷ ᠵᠠᠭᠤᠨ ᠳᠤ᠂ ᠲᠤᠮᠲᠠᠲᠤ ᠤᠯᠤᠰ ᠲᠤ ᠲᠡᠭᠷᠢ ᠭᠠᠵᠠᠷ ᠢ ᠲᠤᠩᠰᠤᠯᠭᠠᠭᠰᠠᠨ ᠠᠭᠤᠤ ᠶᠡᠭᠡ | ᠲᠡᠤᠭᠡᠨ ᠬᠤᠪᠢᠷᠠᠯᠲᠠ ᠭᠠᠷᠴᠠᠢ᠃ | 1911 ᠤᠨ ᠳᠤ ᠰᠦᠨ ᠵᠦᠩ ᠱᠠᠨ ᠠᠪᠤᠭᠠᠢ ᠶᠢᠨ ᠤᠲᠤᠷᠢᠲᠤᠭᠰᠠᠨ ᠴᠠᠭᠠᠭᠴᠢᠨ ᠭᠠᠭ᠋ᠠᠢ ᠵᠢᠯ ᠤᠨ | ᠬᠤᠪᠢᠰᠬᠠᠯ ᠹᠸᠤᠲᠠᠯ ᠤᠨ ᠬᠠᠭᠠᠨᠲᠤ ᠪᠠᠶᠢᠭᠤᠯᠤᠯ ᠢ ᠨᠤᠷᠠᠭᠠᠭᠠᠳ᠂ ᠲᠤᠮᠲᠠᠲᠤ ᠢᠷᠭᠡᠨ ᠤᠯᠤᠰ ᠢ ᠪᠠᠶᠢᠭᠤᠯᠪᠠ᠃ | ᠭᠡᠪᠡᠴᠦ ᠡᠵᠡᠷᠭᠡᠭ ᠲᠦᠷᠢᠮᠡᠭᠡᠢ ᠶᠤᠰᠤ ᠪᠠ ᠹᠸᠤᠲᠠᠯ ᠶᠤᠰᠤ ᠶᠢ ᠡᠰᠡᠷᠭᠦᠴᠡᠬᠦ ᠲᠤᠮᠲᠠᠲᠤ ᠤᠯᠤᠰ ᠤᠨ ᠠᠷᠠᠳ | ᠲᠦᠮᠠᠨ ᠤ ᠲᠡᠤᠭᠡᠨ ᠡᠬᠦᠷᠭᠡ ᠬᠠᠷᠠᠬᠠᠨ ᠪᠡᠶᠡᠯᠡᠭᠲᠡᠵᠦ ᠴᠢᠲᠠᠭᠰᠠᠨ ᠦᠭᠡᠢ᠃ | 1949 ᠤᠨ ᠳᠤ᠂ ᠮᠠᠤ ᠽᠧ ᠳ᠋ᠦᠩ ᠲᠡᠷᠢᠬᠦᠯᠡᠭᠴᠢ ᠪᠠᠷ ᠤᠲᠤᠷᠢᠲᠤᠭᠴᠢ ᠪᠠᠨ ᠪᠤᠯᠭᠠᠭᠰᠠᠨ ᠲᠤᠮᠲᠠᠲᠤ | ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠢ | ᠤᠲᠤᠷᠢᠲᠤᠨ᠂ ᠤᠷᠲᠤ ᠬᠤᠭᠤᠴᠠᠭᠠᠨ ᠤ ᠬᠦᠴᠢᠷ ᠪᠡᠷᠭᠡᠰᠢᠶᠠᠯ ᠲᠠᠢ ᠨᠤᠭᠤᠷᠠᠯ ᠪᠦᠲᠦᠷᠢᠯ ᠲᠠᠢ ᠵᠠᠪᠰᠡᠭᠲᠦ ᠲᠡᠮᠡᠴᠡᠯ | ᠪᠠ ᠪᠤᠰᠤᠤᠨ ᠭᠡᠯᠪᠠᠷᠢ ᠶᠢᠨ ᠲᠡᠮᠡᠴᠡᠯ ᠢ ᠶᠠᠪᠤᠭᠤᠯᠤᠭᠠᠳ᠂ ᠡᠴᠤᠰ ᠲᠡᠭᠡᠨ ᠡᠵᠡᠷᠭᠡᠭ ᠲᠦᠷᠢᠮᠡᠭᠡᠢ ᠶᠤᠰᠤ᠂ ᠹᠸᠤᠲᠠᠯ | ᠶᠤᠰᠤ ᠪᠠ ᠨᠤᠶᠠᠨᠴᠢ ᠬᠦᠷᠦᠩᠭᠡᠲᠤ ᠶᠤᠰᠤᠨ ᠤ ᠨᠤᠶᠠᠷᠬᠠᠯ ᠢ ᠲᠦᠯᠭᠢᠨ ᠤᠨᠠᠭᠠᠵᠤ᠂ ᠰᠢᠨ᠎ᠠ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠢᠯᠡᠯᠲᠠ ᠶᠢ ᠤᠯᠵᠤ᠂ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠢ | ᠪᠠᠶᠢᠭᠤᠯᠵᠠᠢ᠃ ᠲᠡᠬᠦᠨ ᠠᠴᠠ ᠬᠤᠶᠢᠰᠢ᠂ ᠲᠤᠮᠲᠠᠲᠤ ᠤᠯᠤᠰ ᠤᠨ ᠠᠷᠠᠳ ᠲᠦᠮᠠᠨ ᠤᠯᠤᠰ ᠤᠷᠤᠨ ᠤ ᠪᠠᠨ ᠡᠷᠭᠡ | ᠶᠢ ᠡᠵᠡᠮᠰᠢᠵᠤ᠂ ᠲᠦᠷᠤ ᠶᠢᠨ ᠡᠵᠡᠨ ᠪᠤᠯᠵᠠᠢ᠃ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ | ᠪᠠᠶᠢᠭᠤᠯᠤᠭᠲᠠᠭᠰᠠᠨ ᠤ ᠲᠠᠷᠠᠭ᠎ᠠ᠂ ᠮᠠᠨ ᠤ ᠤᠯᠤᠰ ᠤᠨ ᠨᠠᠶᠢᠭᠡᠮ ᠰᠢᠨ᠎ᠠ ᠠᠷᠠᠳᠴᠢᠯᠠᠭᠰᠠᠨ ᠶᠤᠰᠤᠨ ᠠᠴᠠ ᠨᠠᠶᠢᠭᠡᠮ | ᠵᠢᠷᠤᠮ ᠳᠤ ᠠᠯᠬᠤᠮ ᠠᠯᠬᠤᠮ ᠢᠶᠠᠷ ᠰᠢᠯᠵᠢᠨ ᠤᠷᠤᠪᠠ᠃ ᠦᠢᠯᠡᠳᠪᠤᠷᠢᠯᠡᠯ ᠤᠨ ᠭᠡᠷᠡᠭᠰᠡᠯ ᠤᠨ ᠬᠤᠪᠢ ᠶᠢᠨ | ᠦᠮᠴᠢᠯᠠᠯ ᠤᠨ ᠲᠠᠯ᠎ᠠ ᠪᠠᠷ ᠬᠢ ᠨᠠᠶᠢᠭᠡᠮ ᠵᠢᠷᠤᠮᠲᠤ ᠦᠭᠡᠷᠡᠴᠢᠯᠡᠯᠲᠠ ᠨᠢᠭᠡᠨᠲᠠ ᠪᠡᠶᠡᠯᠡᠭᠲᠡᠵᠤ᠂ ᠬᠦᠮᠦᠨ | ᠬᠦᠮᠦᠨ ᠢᠶᠠᠨ ᠮᠦᠯᠵᠢᠬᠦ ᠪᠠᠶᠢᠭᠤᠯᠤᠯ ᠤᠰᠠᠲᠤᠭᠠᠳ᠂ ᠨᠠᠶᠢᠭᠡᠮ ᠵᠢᠷᠤᠮᠲᠤ ᠪᠠᠶᠢᠭᠤᠯᠤᠯ ᠲᠤᠭᠳᠠᠨᠢᠪᠠ᠃ ᠠᠵᠢᠯᠴᠢᠨ | ᠠᠩᠭᠢ ᠶᠢᠨ ᠣᠳᠤᠷᠢᠳᠣᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠭᠰᠠᠨ᠂ ᠮᠦᠨ ᠴᠢᠨᠠᠷ | ᠲᠡᠭᠡᠷ᠎ᠠ ᠪᠠᠨ ᠦᠭᠡᠶᠢᠬᠦᠦ ᠠᠩᠭᠢ ᠶᠢᠨ ᠲᠠᠷᠤᠩᠭᠤᠢᠢᠯᠠᠬᠤ ᠵᠠᠰᠠᠭ ᠪᠤᠯᠬᠤ ᠠᠷᠠᠳ ᠤᠨ ᠠᠷᠠᠳᠴᠢᠯᠠᠭᠰᠠᠨ | ᠲᠠᠷᠤᠩᠭᠤᠢᠢᠯᠠᠬᠤ ᠵᠠᠰᠠᠭ ᠪᠠᠭᠢᠵᠢᠨ ᠭᠦᠭᠵᠢᠪᠠ᠃ ᠲᠤᠮᠲᠠᠲᠤ ᠤᠯᠤᠰ ᠤᠨ ᠠᠷᠠᠳ ᠲᠦᠮᠠᠨ ᠪᠠ ᠲᠤᠮᠲᠠᠲᠤ | ᠤᠯᠤᠰ ᠤᠨ ᠠᠷᠠᠳ ᠤᠨ ᠴᠢᠯᠦᠭᠡᠯᠡᠯᠬᠦ ᠴᠡᠷᠢᠭ ᠡᠵᠡᠷᠭᠡᠭ ᠲᠦᠷᠢᠮᠡᠭᠡᠶᠢᠲᠠᠨ᠂ ᠡᠵᠡᠷᠭᠡᠬᠦ ᠦᠵᠡᠯᠲᠠᠨ ᠤ | ᠲᠦᠷᠢᠮᠡᠭᠡᠶᠢᠯᠡᠯ᠂ ᠡᠪᠲᠡᠯᠡᠭᠡ᠂ ᠵᠠᠪᠰᠡᠭᠲᠤ ᠦᠲᠦᠭᠡᠯᠭᠡ ᠶᠢ ᠢᠯᠠᠭᠠᠳ᠂ ᠤᠯᠤᠰ ᠤᠷᠤᠨ ᠤ ᠪᠠᠨ ᠲᠤᠰᠠᠭᠠᠷ | ᠲᠤᠭᠲᠠᠨᠢᠯ ᠪᠠ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠᠨ ᠴᠢᠩᠭᠠᠳᠬᠠᠵᠠᠢ᠃ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠤᠯᠵᠤ᠂ ᠪᠡᠶ᠎ᠠ ᠪᠠᠨ ᠲᠠᠭᠠᠭᠠᠭᠰᠠᠨ᠂ | ᠨᠡᠯᠢᠶᠡᠳ ᠪᠦᠷᠢᠨ ᠲᠡᠬᠦᠯᠲᠠᠷ ᠨᠠᠶᠢᠭᠡᠮ ᠵᠢᠷᠤᠮᠲᠤ ᠠᠵᠤ ᠦᠢᠯᠡᠳᠪᠤᠷᠢ ᠶᠢᠨ ᠰᠢᠰᠲ᠋ᠧᠮ ᠦᠨᠲᠤᠰᠤᠨ ᠳᠡᠭᠡᠨ | ᠪᠦᠷᠢᠯᠲᠤᠭᠡᠳ ᠬᠦᠲᠡᠭᠡ ᠠᠵᠤ ᠠᠬᠤᠢ ᠶᠢᠨ ᠦᠢᠯᠡᠳᠪᠤᠷᠢᠯᠡᠯ ᠮᠡᠲᠡᠭᠲᠡᠬᠦ᠋ᠢᠴᠨ ᠲᠡᠭᠡᠭᠰᠢᠯᠡᠵᠠᠢ᠃ ᠰᠤᠷᠭᠠᠨ | ᠬᠦᠮᠦᠵᠢᠯ᠂ ᠰᠢᠨᠵᠢᠯᠡᠬᠦ ᠣᠬᠠᠭᠠᠨ᠂ ᠰᠤᠶᠤᠯ ᠪᠤᠯᠪᠠᠰᠤᠷᠠᠯ ᠵᠡᠷᠭᠡ ᠦᠢᠯᠡᠰ ᠠᠰᠠᠷᠤ ᠶᠡᠭᠡ ᠬᠦᠭᠵᠢᠭᠡᠳ᠂ ᠨᠠᠶᠢᠭᠡᠮ | ᠵᠢᠷᠤᠮ ᠤᠨ ᠦᠵᠡᠯ ᠰᠠᠨᠠᠭᠠᠨ ᠤ ᠬᠦᠮᠦᠵᠢᠯ ᠮᠡᠲᠡᠭᠲᠡᠬᠦ᠋ᠢᠴᠨ ᠦᠷ᠎ᠠ ᠪᠦᠲᠤᠮᠵᠢ ᠤᠯᠵᠠᠢ᠃ ᠦᠷᠭᠡᠨ ᠤᠯᠠᠨ | ᠠᠷᠠᠳ ᠲᠦᠮᠠᠨ ᠤ ᠠᠮᠢᠲᠤᠷᠠᠯ ᠨᠠᠯᠢᠶᠡᠳ ᠶᠡᠭᠡ ᠪᠠᠷ ᠰᠠᠶᠢᠵᠢᠷᠠᠵᠠᠢ᠃ | ᠲᠤᠮᠲᠠᠲᠤ ᠤᠯᠤᠰ ᠤᠨ ᠰᠢᠨ᠎ᠠ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠪᠠ ᠨᠠᠶᠢᠭᠡᠮ ᠵᠢᠷᠤᠮᠲᠤ | ᠦᠢᠯᠠᠰ ᠤᠨ ᠠᠮᠵᠢᠯᠲᠠ ᠶᠢ ᠪᠤᠯ ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ ᠦᠨᠲᠤᠰᠤᠲᠠᠨ | ᠨᠦᠭᠦᠳ ᠤᠨ ᠠᠷᠠᠳ ᠲᠦᠮᠠᠨ ᠢ ᠤᠲᠤᠷᠢᠲᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭᠠᠨ ᠤ ᠵᠢᠯᠦᠭᠤᠲᠤᠯᠭᠠ ᠶᠢᠨ ᠲᠤᠤᠷ᠎ᠠ᠂ ᠦᠨᠨᠠ ᠶᠤᠰᠤ ᠶᠢ ᠪᠠᠷᠢᠮᠳ᠋ᠯᠠᠠᠨ᠂ ᠠᠯᠲᠠᠭ᠎ᠠ ᠪᠤᠷᠤᠭᠤ ᠪᠠᠨ | ᠵᠠᠯᠠᠷᠠᠭᠤᠯᠵᠤ᠂ ᠮᠠᠰᠢ ᠤᠯᠠᠨ ᠬᠦᠴᠢᠷ ᠪᠡᠷᠭᠡᠰᠢᠶᠠᠯ ᠬᠠᠷᠰᠢ ᠰᠠᠭᠠᠳ ᠢ ᠢᠯᠠᠨ ᠲᠠᠪᠠᠵᠤ ᠪᠠᠶᠢᠭᠠᠳ ᠤᠯᠤᠭᠰᠠᠨ ᠶᠤᠮ | ᠃ ᠮᠠᠨ ᠤ ᠤᠯᠤᠰ ᠨᠠᠶᠢᠭᠡᠮ ᠵᠢᠷᠤᠮ ᠤᠨ ᠠᠩᠬᠠᠨ ᠤ ᠱᠠᠳᠤᠨ ᠳᠤ ᠤᠷᠲᠤ ᠬᠤᠭᠤᠴᠠᠭ᠎ᠠ ᠪᠠᠷ ᠣᠷᠣᠰᠢᠬᠤ ᠪᠤᠯᠤᠨ᠎ᠠ | ᠃ ᠲᠦᠷᠤ ᠶᠢᠨ ᠦᠨᠲᠤᠰᠤᠨ ᠡᠬᠦᠷᠭᠡ ᠪᠤᠯ ᠲᠤᠮᠲᠠᠲᠤ ᠤᠯᠤᠰ ᠤᠨ ᠤᠨᠴᠠᠯᠢᠭᠲᠤ ᠨᠠᠶᠢᠭᠡᠮ ᠵᠢᠷᠤᠮ ᠤᠨ ᠵᠠᠮ ᠢᠶᠠᠷ | ᠬᠦᠴᠤ ᠪᠠᠨ ᠲᠦᠪᠯᠡᠷᠡᠬᠦᠯᠦᠨ ᠨᠠᠶᠢᠭᠡᠮ ᠵᠢᠷᠤᠮ ᠤᠨ ᠤᠲᠤᠭᠢᠴᠢᠯᠠᠬᠤ ᠪᠦᠲᠦᠭᠡᠨ ᠪᠠᠶᠢᠭᠤᠯᠤᠯᠲᠠ ᠶᠢ ᠬᠢᠬᠦ ᠶᠠᠪᠤᠲᠠᠯ | ᠪᠤᠯᠤᠨ᠎ᠠ᠃ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠦᠷᠬᠦᠯᠵᠢᠯᠠᠨ ᠲᠤᠮᠲᠠᠲᠤ | ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠲᠤᠤᠷ᠎ᠠ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠤᠯᠤᠨ ︽ᠭᠤᠷᠪᠠ ᠶᠢ ᠲᠦᠯᠦᠭᠡᠯᠡᠬᠦ ︾ ᠴᠢᠬᠤᠯᠠᠦᠵᠡᠯ | ᠰᠠᠨᠠᠭ᠎ᠠ ᠶᠢᠨ ᠵᠢᠯᠦᠭᠤᠲᠤᠯᠭᠠ ᠲᠤᠤᠷ᠎ᠠ᠂ ᠠᠷᠠᠳ ᠤᠨ ᠠᠷᠠᠳᠴᠢᠯᠠᠭᠰᠠᠨ ᠲᠠᠷᠤᠩᠭᠤᠢᠢᠯᠠᠬᠤ ᠵᠠᠰᠠᠭ ᠢ ᠪᠠᠷᠢᠮᠲᠠᠯᠠᠨ᠂ | ᠨᠠᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠦᠭᠡᠷᠡᠴᠢᠯᠡᠯᠲᠠ ᠨᠡᠭᠡᠭᠡᠯᠲᠠ ᠭᠢᠬᠦ ᠶᠢ ᠪᠠᠷᠢᠮᠲᠠᠯᠠᠨ᠂ ᠨᠠᠶᠢᠭᠡᠮ | ᠵᠢᠷᠤᠮ ᠤᠨ ᠲᠦᠷᠢᠮ ᠲᠤᠭᠲᠠᠭᠠᠯ ᠤᠳ ᠢ ᠲᠠᠰᠤᠷᠠᠯᠲᠠ ᠦᠭᠡᠢ ᠲᠡᠬᠦᠯᠲᠡᠷᠵᠢᠬᠦᠯᠵᠤ᠂ ᠨᠠᠶᠢᠭᠡᠮ ᠵᠢᠷᠤᠮ ᠤᠨ ᠵᠠᠬ᠎ᠠ | ᠲᠡᠯᠭᠡᠬᠦᠷ ᠤᠨ ᠠᠵᠤ ᠠᠬᠤᠢ ᠶᠢ ᠬᠦᠭᠵᠢᠬᠦᠯᠦᠨ᠂ ᠨᠠᠶᠢᠭᠡᠮ ᠵᠢᠷᠤᠮ ᠤᠨ ᠠᠷᠠᠳᠴᠢᠯᠠᠯ ᠢ ᠬᠦᠭᠵᠢᠬᠦᠯᠵᠤ᠂ ᠨᠠᠶᠢᠭᠡᠮ | ᠵᠢᠷᠤᠮ ᠤᠨ ᠬᠠᠤᠯᠢ ᠲᠦᠷᠢᠮ ᠢ ᠲᠡᠬᠦᠯᠲᠡᠷᠵᠢᠬᠦᠯᠵᠤ᠂ ᠦᠪᠡᠷ ᠤᠨ ᠬᠦᠴᠦ ᠪᠠᠷ ᠢᠶᠠᠨ ᠲᠡᠭᠵᠢᠷᠡᠵᠤ᠂ ᠲᠡᠰᠪᠤᠷᠢ | ᠬᠠᠲᠠᠭᠤᠵᠢᠯᠲᠠᠢ ᠲᠡᠮᠡᠴᠡᠵᠤ ᠪᠠᠶᠢᠭᠠᠳ ᠠᠵᠤ ᠦᠢᠯᠡᠳᠪᠤᠷᠢ᠂ ᠬᠦᠲᠡᠭᠡ ᠠᠵᠤ ᠠᠬᠤᠢ᠂ ᠤᠯᠤᠰ ᠤᠨ ᠪᠠᠲᠤᠯᠠᠨ | ᠬᠠᠮᠠᠭᠠᠯᠯᠠᠲᠠ ᠪᠠ ᠰᠢᠨᠵᠢᠯᠡᠬᠦ ᠤᠬᠠᠭᠠᠠ ᠮᠡᠷᠭᠡᠵᠢᠯ ᠤᠨ ᠤᠲᠤᠭᠢᠴᠢᠯᠠᠯᠲᠠ ᠶᠢ ᠠᠯᠬᠤᠮ ᠠᠯᠬᠤᠮ ᠢᠶᠠᠷ ᠪᠡᠶᠡᠯᠡᠬᠦᠯᠵᠤ᠂ | ᠪᠤᠲᠠᠰ ᠤᠨ ᠪᠤᠯᠪᠠᠰᠤᠨ᠂ ᠤᠯᠤᠰ ᠲᠦᠷᠤ ᠶᠢᠨ ᠪᠤᠯᠪᠠᠰᠤᠨ ᠪᠠ ᠤᠶᠤᠨ ᠤ ᠪᠤᠯᠪᠠᠰᠤᠨ ᠤ ᠵᠤᠬᠢᠴᠠᠩᠭᠤᠢ | ᠭᠦᠭᠵᠢᠯᠲᠠ ᠶᠢ ᠲᠦᠯᠭᠢᠨ ᠤᠷᠤᠭᠰᠢᠯᠡᠭᠤᠯᠵᠤ᠂ ᠮᠠᠨ ᠤ ᠤᠯᠤᠰ ᠢᠶᠠᠨ ᠪᠠᠶᠠᠨ ᠬᠦᠴᠦᠷᠭᠡᠭ᠂ ᠠᠷᠠᠳᠴᠢᠯᠠᠭᠰᠠᠨ᠂ | ᠪᠤᠯᠪᠠᠰᠤᠨ ᠨᠡᠶᠢᠭᠡᠮ ᠵᠢᠷᠤᠮᠲᠤ ᠤᠯᠤᠰ ᠪᠤᠯᠭᠠᠨ ᠪᠦᠲᠤᠭᠡᠨ ᠪᠠᠶᠢᠭᠤᠯᠤᠨ᠎ᠠ᠃ | ᠮᠠᠨ ᠤ ᠤᠯᠤᠰ ᠲᠤ ᠮᠦᠯᠵᠢᠭᠴᠦ ᠠᠩᠭᠢ᠂ ᠠᠩᠭᠢ ᠶᠢᠨ ᠬᠤᠪᠢ ᠳᠤ ᠨᠢᠭᠡᠨᠲᠠ ᠤᠰᠠᠲᠤᠭᠰᠠᠨ ᠪᠤᠯᠪᠠᠴᠤ | ᠠᠩᠭᠢ ᠶᠢᠨ ᠲᠡᠮᠡᠴᠡᠯ ᠮᠦᠨ ᠯᠠ ᠵᠤᠬᠢᠬᠤ ᠭᠡᠪᠴᠢᠶᠠᠨ ᠳᠤ ᠤᠷᠲᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠃ | ᠮᠠᠨ ᠤ ᠤᠯᠤᠰ ᠤᠨ ᠨᠠᠶᠢᠭᠡᠮ ᠵᠢᠷᠤᠮᠲᠤ ᠪᠠᠶᠢᠭᠤᠯᠤᠯ ᠢ ᠲᠠᠶᠢᠰᠤᠩᠨᠠᠬᠤ ᠪᠠ ᠡᠪᠲᠡᠲᠡᠭ ᠤᠯᠤᠰ ᠤᠨ ᠲᠤᠲᠤᠭᠠᠲᠤ | ᠭᠠᠲᠠᠭᠠᠲᠤ ᠶᠢᠨ ᠲᠠᠶᠢᠰᠤᠩᠨᠠᠭᠴᠢ ᠬᠦᠴᠤᠨ ᠪᠣᠯᠣᠨ ᠲᠠᠶᠢᠰᠤᠩᠨᠠᠭᠴᠢ ᠡᠲᠡᠭᠡᠳ ᠲᠠᠢ ᠲᠤᠮᠲᠠᠲᠤ ᠤᠯᠤᠰ ᠤᠨ ᠠᠷᠠᠳ | ᠲᠦᠮᠠᠨ ᠡᠷᠭᠡᠪᠰᠢ ᠲᠡᠮᠡᠴᠡᠬᠦ ᠭᠡᠷᠡᠭᠲᠠᠢ᠃ ᠲᠠᠶᠢᠸᠠᠨ ᠪᠤᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠲᠠᠷᠬᠠᠨ ᠨᠤᠲᠤᠭ ᠲᠡᠪᠢᠰᠭᠡᠷ ᠤᠨ ᠨᠢᠭᠡ ᠭᠡᠰᠡᠭ ᠨᠢ ᠮᠦᠨ᠃ ᠡᠭᠡ ᠤᠷᠤᠨ ᠢᠶᠠᠨ ᠨᠢᠭᠡᠳᠭᠡᠬᠦ ᠶᠡᠭᠡ | ᠦᠢᠯᠡᠰ ᠢ ᠪᠡᠶᠡᠯᠡᠬᠦᠯᠬᠦ ᠶᠠᠪᠤᠲᠠᠯ ᠪᠤᠯ ᠲᠡᠶᠢᠸᠠᠨ ᠤ ᠠᠬ᠎ᠠ ᠲᠠᠭᠦᠦ ᠨᠠᠷ ᠢ ᠪᠠᠭᠲᠠᠭᠠᠭᠰᠠᠨ ᠪᠦᠬᠦ ᠲᠤᠮᠲᠠᠲᠤ | ᠤᠯᠤᠰ ᠤᠨ ᠠᠷᠠᠳ ᠲᠦᠮᠠᠨ ᠤ ᠠᠷᠢᠭᠤᠨ ᠲᠠᠷᠬᠠᠨ ᠡᠬᠦᠷᠭᠡ ᠬᠠᠷᠢᠭᠤᠴᠠᠯᠭ᠎ᠠ ᠮᠦᠨ᠃ ᠨᠠᠶᠢᠭᠡᠮ ᠵᠢᠷᠤᠮᠲᠤ | ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠡᠷᠭᠡᠪᠰᠢ ᠠᠵᠢᠯᠴᠢᠨ ᠲᠠᠷᠢᠶᠠᠴᠢᠨ ᠰᠡᠭᠡᠭᠡᠲᠠᠨ ᠢ ᠲᠦᠰᠢᠭᠯᠡᠵᠤ᠂ | ᠪᠦᠯᠬᠦᠮᠲᠡᠵᠤ ᠪᠤᠯᠬᠤ ᠭᠦᠴᠤᠨ ᠪᠦᠬᠦᠨ ᠲᠠᠢ ᠪᠦᠯᠭᠦᠮᠲᠡᠬᠦ ᠭᠡᠷᠡᠭᠲᠠᠢ᠃ ᠤᠷᠲᠤ ᠬᠤᠭᠤᠴᠭᠠᠠᠨ ᠤ ᠬᠤᠪᠢᠰᠬᠠᠯ ᠪᠠ | ᠪᠦᠲᠦᠭᠡᠨ ᠪᠢᠠᠢᠭᠤᠯᠤᠯᠲᠠ ᠶᠢᠨ ᠶᠠᠪᠤᠴᠨ ᠳᠤ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠣᠳᠣᠷᠢᠳᠣᠭᠰᠠᠨ᠂ | ᠠᠷᠠᠳᠴᠢᠯᠠᠭᠰᠠᠨ ᠨᠠᠮ ᠪᠦᠯᠦᠭ ᠤᠳ ᠪᠠ ᠠᠷᠠᠳ ᠤᠨ ᠪᠦᠯᠭᠦᠮ ᠤᠳ ᠤᠨ ᠤᠷᠤᠯᠴᠠᠭᠰᠠᠨ᠂ ᠪᠦᠬᠦ ᠨᠠᠶᠢᠭᠡᠮ | ᠵᠢᠷᠤᠮᠲᠤ ᠬᠦᠲᠡᠯᠮᠤᠷᠢᠴᠢᠳ᠂ ᠨᠠᠶᠢᠭᠡᠮ ᠵᠢᠷᠤᠮᠲᠤ ᠦᠢᠯᠡᠰ ᠤᠨ ᠪᠦᠲᠦᠭᠡᠨ ᠪᠠᠢᠭᠤᠯᠤᠭᠴᠢᠳ᠂ ᠨᠠᠶᠢᠭᠡᠮ ᠵᠢᠷᠤᠮ ᠢ | ᠬᠦᠷᠢᠶᠡᠯᠡᠬᠦ ᠡᠭᠡ ᠤᠷᠤᠨᠴᠢᠳ ᠪᠠ ᠡᠭᠡ ᠤᠷᠤᠨ ᠤ ᠨᠢᠬᠡᠲᠤᠯ ᠢ ᠬᠦᠷᠢᠶᠡᠯᠡᠬᠦ ᠡᠭᠡ ᠤᠷᠤᠨᠴᠢᠳ ᠢ ᠪᠠᠭᠲᠠᠭᠠᠭᠰᠠᠨ | ᠦᠷᠭᠡᠨ ᠲᠡᠯᠭᠡᠷ ᠡᠭᠡ ᠤᠷᠤᠨᠴᠢ ᠨᠢᠭᠡᠲᠤᠮᠠᠯ ᠹᠷᠤᠨᠲ ᠪᠦᠷᠢᠯᠲᠦᠭᠰᠡᠨ ᠪᠦᠭᠡᠳ ᠡᠨᠡ ᠬᠦ ᠨᠢᠭᠡᠲᠤᠮᠠᠯ ᠹᠷᠤᠨᠲ | ᠴᠢᠨᠠᠭᠰᠢᠲᠠ ᠤᠯᠠᠮ ᠪᠠᠭᠢᠵᠢᠨ ᠬᠦᠭᠵᠢᠬᠦ ᠪᠤᠯᠤᠨ᠎ᠠ᠃ ᠲᠤᠮᠲᠠᠲᠤ ᠤᠯᠤᠰ ᠤᠨ ᠠᠷᠠᠳ ᠤᠨ ᠤᠯᠤᠰ ᠲᠦᠷᠤ ᠶᠢᠨ | ᠵᠦᠪᠯᠡᠯᠭᠡᠨ ᠪᠤᠯ ᠦᠷᠭᠡᠨ ᠲᠡᠯᠭᠡᠷᠡᠩᠬᠦᠢ ᠲᠦᠯᠦᠭᠡᠯᠡᠬᠦ ᠴᠢᠨᠠᠷ ᠪᠦᠬᠦᠢ ᠨᠢᠭᠡᠲᠤᠮᠠᠯ ᠹᠷᠤᠨᠲ ᠤᠨ ᠵᠤᠬᠢᠶᠠᠨ | ᠪᠠᠶᠢᠭᠤᠯᠤᠯᠲᠠ ᠮᠦᠨ᠂ ᠦᠩᠭᠡᠷᠡᠭᠰᠡᠨ ᠳᠤ ᠴᠢᠬᠤᠯᠠ ᠲᠡᠤᠭᠡᠲᠤ ᠦᠢᠯᠡᠲᠤᠯ ᠭᠠᠷᠭᠠᠭᠰᠠᠨ ᠪᠦᠭᠡᠳ ᠡᠬᠦᠨ ᠠᠴᠠ | ᠬᠤᠶᠢᠰᠢᠲᠠ ᠲᠦᠷᠤ ᠶᠢᠨ ᠤᠯᠤᠰ ᠲᠦᠷᠤ ᠶᠢᠨ ᠠᠮᠢᠲᠤᠷᠠᠯ᠂ ᠨᠠᠶᠢᠭᠡᠮ ᠤᠨ ᠠᠮᠢᠲᠤᠷᠠᠯ ᠪᠠ ᠭᠠᠲᠠᠭᠠᠲᠤ ᠲᠠᠢ | ᠨᠦᠬᠦᠷᠰᠡᠭ ᠢᠶᠠᠷ ᠬᠠᠷᠢᠯᠴᠠᠬᠤ ᠠᠵᠢᠯᠯᠠᠭᠠᠨ ᠤ ᠲᠤᠮᠲᠠ ᠨᠠᠶᠢᠭᠡᠮ ᠵᠢᠷᠤᠮ ᠤᠨ ᠤᠲᠤᠭᠢᠴᠢᠯᠠᠬᠤ ᠪᠦᠲᠦᠭᠡᠨ | ᠪᠠᠢᠭᠤᠯᠤᠯᠲᠠ ᠶᠢ ᠬᠢᠭᠦ᠂ ᠣᠯᠣᠰ ᠤᠷᠤᠨ ᠤ ᠨᠢᠭᠡᠲᠤᠯ ᠪᠠ ᠪᠦᠯᠬᠦᠮᠲᠡᠯ ᠢ ᠬᠠᠮᠠᠭᠠᠯᠠᠬᠤ ᠲᠡᠮᠡᠴᠡᠯ ᠤᠨ ᠲᠤᠮᠲᠠ | ᠪᠠᠰᠠ ᠤᠯᠠᠮ ᠨᠢᠭᠡ ᠠᠯᠬᠤᠮ ᠴᠢᠬᠤᠯᠠ ᠦᠢᠯᠡᠲᠤᠯ ᠭᠠᠷᠭᠠᠬᠤ ᠪᠤᠯᠤᠨ᠎ᠠ᠃ ᠲᠤᠮᠲᠠᠲᠤ ᠤᠯᠤᠰ ᠤᠨ ᠡᠪ ᠬᠠᠮᠲᠤ | ᠨᠠᠮ ᠤᠨ ᠤᠲᠤᠷᠢᠲᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠤ ᠶᠢᠨ ᠵᠦᠪᠯᠡᠯᠭᠡ ᠬᠢᠬᠦ | ᠲᠦᠷᠢᠮ ᠤᠷᠲᠤ ᠬᠤᠭᠤᠴᠠᠭ᠎ᠠ ᠪᠠᠷ ᠤᠷᠤᠰᠢᠵᠤ ᠬᠦᠭᠵᠢᠬᠦ ᠪᠤᠯᠤᠨ᠎ᠠ᠃ ᠪᠦᠬᠦᠲᠠ ᠨᠠᠶᠢᠷᠠᠮᠲᠠᠬᠤ ᠲᠤᠮᠲᠠᠲᠤ | ᠠᠷᠠᠳ ᠤᠯᠤᠰ ᠪᠤᠯ ᠪᠦᠬᠦ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠤ ᠬᠠᠮᠲᠤ ᠪᠠᠷ ᠢᠶᠠᠨ | ᠴᠤᠭᠴᠠᠯᠠᠨ ᠪᠠᠶᠢᠭᠤᠯᠤᠭᠰᠠᠨ ᠤᠯᠠᠨ ᠦᠨᠲᠤᠰᠤᠲᠠᠨ ᠪᠦᠬᠦᠢ ᠨᠢᠭᠡᠲᠦᠭᠰᠡᠨ ᠣᠯᠣᠰ ᠮᠦᠨ᠃ ᠡᠷᠭᠡ ᠲᠡᠭᠰᠢ᠂ | ᠪᠦᠯᠬᠦᠮᠳᠠᠯ ᠲᠠᠢ᠂ ᠬᠠᠷᠢᠯᠴᠠᠨ ᠲᠣᠰᠠᠯᠠᠯᠴᠠᠬᠤ ᠨᠡᠶᠢᠭᠡᠮ ᠵᠢᠷᠦᠮᠳᠦ ᠦᠨᠳᠦᠰᠦᠳᠡᠨ ᠤ ᠬᠠᠷᠢᠴᠠᠭ᠎ᠠ ᠨᠢᠭᠡᠨᠳᠡ | ᠲᠤᠭᠳᠠᠭᠰᠠᠨ ᠪᠦᠭᠡᠳ ᠴᠢᠨᠠᠭᠰᠢᠳᠠ ᠪᠠᠳᠣᠵᠢᠬᠤ ᠪᠤᠯᠤᠨ᠎ᠠ᠃ ᠦᠨᠳᠦᠰᠦᠳᠡᠨ ᠤ ᠪᠦᠯᠭᠦᠮᠲᠠᠯ ᠢ ᠬᠠᠮᠠᠭᠠᠯᠠᠬᠤ | ᠲᠡᠮᠡᠴᠡᠯ ᠤᠨ ᠲᠤᠮᠲᠠ ᠦᠨᠲᠤᠰᠤᠲᠠᠨ ᠤ ᠲᠡᠭᠡᠷᠡᠩᠭᠦᠢ ᠦᠵᠡᠯ ᠢ ᠡᠰᠡᠷᠬᠦᠴᠡᠬᠦ ᠭᠡᠷᠡᠭᠲᠡᠢ᠂ ᠭᠤᠣᠯᠳᠠᠭᠤ ᠶᠡᠭᠡ | ᠭᠢᠲᠡᠳᠴᠢᠯᠠᠬᠤ ᠦᠵᠡᠯ ᠢ ᠡᠰᠡᠷᠬᠦᠴᠡᠬᠦ ᠭᠡᠷᠡᠭᠲᠡᠢ᠂ ᠤᠷᠤᠨ ᠨᠣᠳᠤᠭ ᠤᠨ ᠦᠨᠲᠤᠰᠤᠲᠠᠨ ᠤ ᠦᠵᠡᠯ ᠢ ᠴᠤ | ᠡᠰᠡᠷᠬᠦᠴᠡᠬᠦ ᠭᠡᠷᠡᠭᠲᠡᠢ᠃ ᠤᠯᠤᠰ ᠠᠴᠠ ᠪᠦᠬᠦ ᠤᠯᠤᠰ ᠤᠨ ᠦᠨᠲᠤᠰᠤᠲᠠᠨ ᠨᠦᠭᠦᠳ ᠢ ᠬᠠᠮᠲᠤ ᠪᠠᠷ | ᠴᠡᠴᠡᠭᠯᠡᠬᠦᠯᠦᠨ ᠬᠦᠭᠵᠢᠬᠦᠯᠬᠦ ᠶᠢᠨ ᠲᠦᠯᠦᠭᠡ ᠪᠦᠬᠦ ᠬᠦᠴᠦᠨ ᠢᠶᠠᠷ ᠴᠢᠷᠮᠠᠶᠢᠨ᠎ᠠ᠃ ᠲᠤᠮᠲᠠᠲᠤ ᠤᠯᠤᠰ ᠤᠨ | ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠤᠯ ᠲᠡᠯᠡᠭᠡᠢ ᠶᠢᠨ ᠠᠷᠠᠳ ᠲᠦᠮᠠᠨ ᠤ ᠲᠡᠮᠵᠢᠯᠭᠡ ᠲᠠᠢ | ᠰᠠᠯᠤᠰᠢ ᠦᠭᠡᠢ ᠶᠤᠮ᠃ ᠲᠤᠮᠲᠠᠲᠤ ᠤᠯᠤᠰ ᠤᠨ ᠢᠷᠡᠭᠡᠲᠤᠢ ᠪᠤᠯ ᠲᠡᠯᠡᠭᠡᠢ ᠶᠢᠨ ᠢᠷᠡᠭᠡᠲᠤᠢ ᠲᠠᠢ ᠨᠢᠭᠲᠠ | ᠬᠤᠯᠪᠤᠭ᠎ᠠ ᠲᠠᠢ ᠪᠠᠶᠢᠲᠠᠭ᠃ ᠲᠤᠮᠲᠠᠲᠤ ᠤᠯᠤᠰ ᠪᠡᠶ᠎ᠠ ᠪᠠᠨ ᠲᠠᠭᠠᠭᠠᠵᠤ ᠡᠵᠡᠨ ᠮᠡᠲᠡᠬᠦ ᠭᠠᠲᠠᠭᠠᠲᠤ ᠲᠦᠷᠦ ᠶᠢᠨ | ᠪᠤᠲᠤᠯᠭ᠎ᠠ ᠶᠢ ᠪᠠᠷᠢᠮᠲᠡᠯᠡᠵᠤ᠂ ᠡᠷᠭᠡ ᠮᠡᠲᠡᠯ ᠪᠠ ᠨᠤᠲᠤᠭ ᠲᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ | ᠬᠦᠨᠲᠦᠳᠭᠡᠬᠦ᠂ ᠬᠠᠷᠢᠯᠴᠠᠨ ᠦᠯᠦ ᠬᠠᠯᠲᠠᠬᠤ᠂ ᠲᠤᠲᠤᠭᠠᠲᠤ ᠵᠠᠰᠠᠭ ᠲᠤ ᠬᠠᠷᠢᠯᠴᠠᠨ ᠭᠠᠷ ᠦᠯᠦ ᠲᠦᠷᠦᠬᠦ᠂ | ᠡᠷᠭᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠲᠠᠯ ᠢᠶᠠᠷ ᠵᠡᠷᠭᠡᠴᠡᠨ ᠤᠷᠤᠰᠢᠬᠤ ᠲᠠᠪᠤᠨ ᠵᠠᠷᠴᠢᠮ ᠢ | ᠪᠠᠷᠢᠮᠲᠡᠯᠡᠵᠤ᠂ ᠡᠯ᠎ᠠ ᠤᠯᠤᠰ ᠯᠤᠭ᠎ᠠ ᠶᠢᠨ ᠭᠠᠲᠠᠭᠠᠲᠤ ᠬᠠᠷᠢᠯᠴᠠᠭ᠎ᠠ ᠪᠠ ᠠᠵᠦ ᠠᠬᠤᠢ᠂ ᠰᠤᠶᠤᠯ ᠤᠨ ᠰᠤᠯᠢᠯᠴᠠᠭ᠎ᠠ | ᠪᠠᠨ ᠭᠦᠭᠵᠢᠬᠦᠯᠦᠨ᠎ᠠ︔ ᠡᠵᠡᠷᠭᠡᠭ ᠲᠦᠷᠢᠮᠡᠭᠡᠢ ᠶᠤᠰᠤ᠂ ᠡᠵᠡᠷᠭᠡᠬᠦ ᠦᠵᠡᠯ᠂ ᠺᠤᠯᠤᠨᠢᠴᠢᠯᠡᠬᠤ ᠦᠵᠡᠯ ᠢ | ᠡᠰᠡᠷᠭᠦᠴᠡᠬᠦ ᠶᠢ ᠪᠠᠷᠢᠮᠲᠡᠯᠡᠵᠤ᠂ ᠲᠡᠯᠡᠭᠡᠢ ᠶᠢᠨ ᠡᠯ᠎ᠠ ᠤᠯᠤᠰ ᠤᠨ ᠠᠷᠠᠳ ᠲᠦᠮᠠᠨ ᠯᠦᠭᠡ ᠶᠢᠨ ᠪᠦᠯᠭᠦᠮᠲᠠᠯ ᠢᠶᠠᠨ | ᠴᠢᠩᠭᠠᠳᠬᠠᠵᠤ᠂ ᠲᠠᠷᠤᠯᠠᠭᠲᠡᠵᠤ ᠪᠠᠶᠢᠭ᠎ᠠ ᠦᠨᠲᠤᠰᠦᠲᠡᠨ ᠪᠠ ᠬᠦᠭᠵᠢᠵᠦ ᠪᠠᠶᠢᠭ᠎ᠠ ᠤᠯᠤᠰ ᠤᠷᠤᠨ ᠤ | ᠦᠨᠲᠤᠰᠤᠲᠠᠨ ᠤ ᠲᠤᠰᠠᠭᠠᠷ ᠲᠤᠭᠲᠠᠨᠢᠯ ᠢᠶᠠᠨ ᠲᠡᠮᠡᠴᠠᠨ ᠤᠯᠬᠤ ᠪᠠ ᠬᠠᠮᠠᠭᠠᠯᠠᠬᠤ᠂ ᠦᠨᠲᠦᠰᠦᠲᠡᠨ ᠤ ᠠᠵᠤ | ᠠᠬᠤᠢ ᠪᠠᠨ ᠬᠦᠭᠵᠢᠬᠦᠯᠬᠦ ᠰᠢᠲᠦᠷᠭᠤ ᠲᠡᠮᠡᠴᠡᠯ ᠢ ᠲᠡᠮᠵᠢᠵᠤ᠂ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠬᠤ ᠪᠠ | ᠬᠦᠮᠦᠨ ᠲᠦᠷᠦᠯᠭᠢᠲᠡᠨ ᠤ ᠲᠡᠪᠰᠢᠯᠲᠤ ᠦᠢᠯᠡᠰ ᠢ ᠠᠭᠢᠭᠤᠯᠬᠤ ᠪᠠᠷ ᠴᠢᠷᠮᠠᠶᠢᠨ᠎ᠠ᠃ ᠲᠤᠰ ᠦᠨᠲᠤᠰᠤᠨ | ᠬᠠᠤᠯᠢ ᠪᠤᠯ ᠲᠤᠮᠲᠠᠲᠤ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ ᠤ ᠮᠠᠷᠡᠶᠢᠨ ᠲᠡᠮᠡᠴᠡᠭᠰᠡᠨ ᠦᠷ᠎ᠠ | ᠪᠦᠲᠦᠭᠡᠯ ᠢ ᠬᠠᠤᠯᠢ ᠶᠢᠨ ᠭᠡᠯᠪᠠᠷᠢ ᠪᠠᠷ ᠨᠤᠲᠠᠯᠠᠨ ᠲᠡᠮᠲᠡᠭᠯᠡᠵᠤ᠂ ᠲᠦᠷᠤ ᠶᠢᠨ ᠦᠨᠲᠤᠰᠤᠨ ᠪᠠᠶᠢᠭᠤᠯᠤᠯ ᠪᠠ | ᠦᠨᠲᠤᠰᠤᠨ ᠡᠬᠦᠷᠭᠡ ᠶᠢ ᠲᠤᠭᠲᠠᠭᠠᠭᠰᠠᠨ ᠤᠯᠤᠰ ᠤᠨ ᠡᠭᠡ ᠬᠠᠤᠯᠢ ᠮᠦᠨ ᠪᠤᠯᠬᠤᠷ ᠬᠠᠮᠤᠭ ᠤᠨ ᠶᠡᠭᠡ | ᠬᠠᠤᠯᠢ ᠶᠢᠨ ᠬᠦᠴᠤᠨ ᠲᠠᠢ ᠶᠤᠮ᠃ ᠪᠦᠬᠦ ᠤᠯᠤᠰ ᠤᠨ ᠦᠨᠲᠤᠰᠤᠲᠠᠨ ᠨᠦᠭᠦᠳ ᠤᠨ ᠠᠷᠠᠳ ᠲᠦᠮᠠᠨ᠂ ᠠᠯᠢᠪᠠ | ᠲᠦᠷᠤ ᠶᠢᠨ ᠪᠠᠶᠢᠭᠤᠯᠭ᠎ᠠ ᠭᠢᠭᠡᠳ ᠵᠠᠪᠰᠡᠭᠲᠤ ᠬᠦᠴᠤᠨ᠂ ᠲᠦᠷᠤ ᠶᠢᠨ ᠨᠠᠮ ᠤᠳ ᠪᠠ ᠨᠠᠶᠢᠭᠡᠮ ᠤᠨ ᠪᠦᠯᠭᠦᠮ ᠤᠳ | ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠨᠤᠭᠤᠳ ᠴᠦᠮ ᠦᠨᠲᠤᠰᠤᠨ ᠬᠠᠤᠯᠢ ᠪᠠᠷ | ᠠᠵᠢᠯᠯᠠᠭᠠᠨ ᠤ ᠪᠠᠨ ᠦᠨᠲᠤᠰᠤᠨ ᠪᠠᠷᠢᠮᠵᠢᠶ᠎ᠠ ᠪᠤᠯᠭᠠᠬᠤ ᠭᠡᠷᠡᠭᠲᠡᠢ ᠪᠦᠭᠡᠳ ᠦᠨᠲᠤᠰᠤᠨ ᠬᠠᠤᠯᠢ ᠶᠢᠨ ᠨᠠᠷᠠ | ᠬᠦᠨᠲᠤ ᠶᠢ ᠬᠠᠮᠠᠭᠠᠯᠠᠬᠤ᠂ ᠦᠨᠲᠤᠰᠤᠨ ᠬᠠᠤᠯᠢ ᠶᠢ ᠭᠡᠷᠡᠭᠵᠢᠬᠦᠯᠬᠦ ᠶᠢ ᠪᠠᠲᠤᠯᠠᠬᠤ ᠡᠬᠦᠷᠭᠡ ᠬᠠᠷᠢᠭᠤᠴᠯᠠᠭ᠎ᠠ ᠲᠠᠢ | ᠶᠤᠮ᠃ | ᠨᠢᠭᠡᠲᠤᠭᠡᠷ ᠪᠦᠯᠦᠭ ᠶᠡᠷᠤᠩᠭᠡᠢ ᠬᠦᠲᠤᠯᠪᠤᠷᠢ | ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠤᠯ ᠠᠵᠢᠯᠴᠢᠨ ᠠᠩᠭᠢ ᠶᠢᠨ | ᠤᠲᠤᠷᠢᠲᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠭᠰᠠᠨ ᠠᠷᠠᠳ ᠤᠨ ᠠᠷᠠᠳᠴᠢᠯᠠᠭᠰᠠᠨ | ᠲᠠᠷᠤᠩᠭᠤᠢᠢᠯᠠᠬᠤ ᠵᠠᠰᠠᠬᠲᠤ ᠨᠠᠶᠢᠭᠡᠮ ᠵᠢᠷᠤᠮᠲᠤ ᠤᠯᠤᠰ ᠮᠦᠨ᠃ ᠨᠡᠶᠢᠭᠡᠮ ᠵᠢᠷᠤᠮᠲᠤ ᠪᠠᠶᠢᠭᠤᠯᠤᠯ ᠪᠤᠯ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠨ ᠪᠠᠶᠢᠭᠤᠯᠤᠯ ᠮᠦᠨ᠃ ᠶᠠᠮᠠᠷᠪᠠ ᠵᠤᠬᠢᠶᠠᠨ ᠪᠠᠶᠢᠭᠤᠯᠤᠯᠲᠠ | ᠪᠤᠶᠤ ᠬᠤᠪᠢ ᠬᠦᠮᠦᠨ ᠤ ᠨᠠᠶᠢᠭᠡᠮ ᠵᠢᠷᠤᠮᠲᠤ ᠪᠠᠶᠢᠭᠤᠯᠤᠯ ᠢ ᠡᠪᠲᠡᠬᠦ ᠶᠠᠪᠤᠲᠠᠯ ᠢ ᠴᠠᠭᠠᠵᠠᠯᠠᠨ᠎ᠠ᠃ | ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦ ᠡᠷᠭᠡ ᠠᠷᠠᠳ | ᠲᠦᠮᠠᠨ ᠤ ᠮᠡᠲᠡᠯ ᠳᠤ ᠪᠠᠶᠢᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠠᠷᠠᠳ ᠲᠦᠮᠠᠨ ᠤ ᠲᠦᠷᠤ ᠶᠢᠨ ᠡᠷᠭᠡ ᠪᠠᠨ | ᠭᠡᠷᠡᠭᠵᠢᠬᠦᠯᠬᠦ ᠪᠠᠶᠢᠭᠤᠯᠭ᠎ᠠ ᠮᠦᠨ᠃ ᠠᠷᠠᠳ ᠲᠦᠮᠠᠨ ᠬᠠᠤᠯᠢ ᠳᠤ ᠲᠤᠭᠲᠠᠭᠠᠭᠰᠠᠨ ᠶᠤᠰᠤᠭᠠᠷ ᠡᠯ᠎ᠠ | ᠵᠦᠢᠯ ᠤᠨ ᠠᠷᠭ᠎ᠠ ᠵᠠᠮ ᠪᠠ ᠭᠡᠯᠪᠠᠷᠢ ᠮᠠᠶ᠋ᠢᠭ ᠢᠶᠠᠷ ᠲᠠᠮᠵᠢᠭᠤᠯᠤᠨ ᠲᠦᠷᠤ ᠶᠢᠨ ᠭᠡᠷᠡᠭ ᠶᠠᠪᠤᠲᠠᠯ ᠢ ᠬᠠᠮᠢᠶᠠᠷᠴᠤ᠂ | ᠠᠵᠤ ᠠᠬᠤᠢ ᠪᠠ ᠰᠤᠶᠤᠯ ᠤᠨ ᠦᠢᠯᠡᠰ ᠢ ᠬᠠᠮᠢᠶᠠᠷᠴᠤ᠂ ᠨᠠᠶᠢᠭᠡᠮ ᠤᠨ ᠭᠡᠷᠡᠭ ᠶᠠᠪᠤᠲᠠᠯ ᠢ ᠬᠠᠮᠢᠶᠠᠷᠤᠨ᠎ᠠ᠃ | ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠦᠷᠤ ᠶᠢᠨ | ᠪᠠᠶᠢᠭᠤᠯᠤᠮᠵᠢ ᠨᠤᠭᠤᠳ ᠠᠷᠠᠳᠴᠢᠯᠠᠯ ᠲᠦᠪᠯᠡᠷᠡᠯ ᠤᠨ ᠵᠠᠷᠴᠢᠮ ᠢ ᠭᠡᠷᠡᠭᠵᠢᠬᠦᠯᠦᠨ᠎ᠠ᠃ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠴᠦᠮ ᠠᠷᠠᠳᠴᠢᠯᠠᠭᠰᠠᠨ ᠰᠤᠩᠭᠤᠭᠤᠯᠢ ᠪᠠᠷ ᠪᠤᠢ ᠪᠤᠯᠵᠤ᠂ | ᠠᠷᠠᠳ ᠲᠦᠮᠠᠨ ᠳᠤ ᠬᠠᠷᠢᠭᠤᠴᠠᠵᠤ᠂ ᠠᠷᠠᠳ ᠲᠦᠮᠠᠨ ᠤ ᠭᠢᠨᠡᠯᠲᠠ ᠶᠢ ᠬᠦᠯᠢᠶᠡᠨ᠎ᠠ᠃ ᠲᠦᠷᠤ ᠶᠢᠨ ᠵᠠᠰᠠᠭ | ᠵᠠᠭᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠴᠦᠮ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ ᠂ ᠲᠡᠬᠦᠨ ᠤ ᠭᠢᠨᠠᠨᠯᠲᠠ ᠶᠢ | ᠬᠦᠯᠢᠶᠡᠨ᠎ᠠ᠃ ᠲᠦᠪ ᠤᠨ ᠪᠠ ᠤᠷᠤᠨ ᠨᠤᠲᠤᠭ ᠤᠨ ᠲᠦᠷᠤ ᠶᠢᠨ ᠪᠠᠶᠢᠭᠤᠯᠤᠮᠵᠢ ᠶᠢᠨ ᠡᠷᠭᠡ ᠲᠤᠰᠢᠶᠠᠯ ᠢ | ᠬᠤᠪᠢᠶᠠᠬᠤ ᠳᠠᠭᠠᠨ ᠲᠦᠪ ᠤᠨ ᠨᠢᠭᠡᠲᠤᠯᠲᠠᠢ ᠤᠲᠤᠷᠢᠲᠤᠯᠭ᠎ᠠ ᠶᠢᠨ ᠲᠤᠤᠷ᠎ᠠ ᠤᠷᠤᠨ ᠨᠤᠲᠤᠭ ᠤᠨ ᠰᠠᠨᠠᠭᠠᠴᠢᠯᠭᠠᠲᠤ | ᠴᠢᠨᠠᠷ ᠪᠠ ᠢᠲᠡᠪᠭᠢᠵᠢᠯ ᠢ ᠬᠦᠢᠴᠡᠳ ᠪᠠᠲᠠᠷᠠᠭᠤᠯᠬᠤ ᠵᠠᠷᠴᠢᠮ ᠢ ᠵᠢᠷᠤᠮᠯᠠᠨ᠎ᠠ᠃ | ᠲᠦᠷᠪᠡᠲᠤᠭᠡᠷ ᠵᠦᠢᠯ ᠪᠥᠬᠦᠳᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠦᠨᠲᠤᠰᠤᠲᠠᠨ ᠪᠦᠬᠦᠨ | ᠡᠷᠭᠡ ᠲᠡᠭᠰᠢ᠃ ᠤᠯᠤᠰ ᠠᠴᠠ ᠴᠦᠭᠡᠨ ᠲᠤᠭᠠᠲᠤ ᠦᠨᠲᠤᠰᠤᠲᠠᠨ ᠨᠦᠭᠦᠳ ᠤᠨ ᠬᠠᠤᠯᠢ ᠶᠤᠰᠤᠨ ᠤ ᠡᠷᠭᠡ | ᠠᠰᠢᠭ ᠢ ᠪᠠᠲᠤᠯᠠᠨ᠂ ᠦᠨᠲᠤᠰᠤᠲᠠᠨ ᠨᠦᠭᠦᠳ ᠤᠨ ᠡᠷᠭᠡ ᠲᠡᠭᠰᠢ᠂ ᠪᠦᠯᠬᠦᠮᠲᠠᠯ ᠲᠠᠢ᠂ ᠬᠠᠷᠢᠯᠴᠠᠨ ᠲᠤᠰᠠᠯᠠᠯᠴᠠᠬᠤ | ᠬᠠᠷᠢᠴᠠᠭ᠎ᠠ ᠶᠢ ᠬᠠᠮᠠᠭᠠᠯᠠᠨ ᠬᠦᠭᠵᠢᠬᠦᠯᠦᠨ᠎ᠠ᠃ ᠠᠯᠢ ᠴᠤ ᠦᠨᠲᠤᠰᠤᠲᠠᠨ ᠢ ᠲᠤᠷᠤᠮᠵᠢᠯᠠᠬᠤ ᠪᠠ ᠲᠠᠷᠤᠯᠠᠬᠤ ᠶᠢ | ᠴᠠᠭᠠᠵᠠᠯᠠᠵᠦ᠂ ᠦᠨᠳᠦᠰᠦᠳᠡᠨ ᠤ ᠪᠦᠯᠬᠦᠮᠳᠠᠯ ᠢ ᠡᠪᠳᠡᠬᠦ ᠪᠠ ᠦᠨᠳᠦᠰᠦᠳᠠᠨ ᠤ ᠬᠠᠭᠠᠴᠠᠯ ᠭᠠᠷᠭᠠᠬᠤ ᠠᠵᠢᠯᠯᠠᠭ᠎ᠠ ᠶᠢ | ᠴᠠᠭᠠᠵᠠᠯᠠᠨ᠎ᠠ᠃ | ᠣᠯᠣᠰ ᠠᠴᠠ ᠴᠦᠭᠡᠨ ᠲᠤᠭᠠᠳᠦ ᠦᠨᠳᠦᠰᠦᠳᠠᠨ ᠨᠦᠭᠦᠳ ᠤᠨ ᠣᠨᠴᠠᠯᠢᠭ ᠪᠠ ᠬᠡᠷᠡᠭᠴᠡᠭᠡ ᠶᠢ | ᠦᠨᠳᠦᠰᠦᠯᠡᠵᠦ᠂ ᠴᠦᠭᠡᠨ ᠲᠤᠭᠠᠳᠦ ᠦᠨᠳᠦᠰᠦᠳᠡᠨ ᠤ ᠭᠠᠵᠠᠷ ᠤᠷᠤᠨ ᠢ ᠬᠠᠪᠰᠣᠷᠴᠦ ᠠᠵᠦ ᠠᠬᠤᠢ ᠪᠤᠯᠤᠨ | ᠰᠣᠶᠤᠯ ᠢ ᠨᠢ ᠬᠦᠭᠵᠢᠬᠦᠯᠦᠨ᠎ᠠ᠃ ᠴᠦᠭᠡᠨ ᠲᠤᠭᠠᠲᠤ ᠦᠨᠲᠤᠰᠤᠲᠠᠨ ᠤ ᠲᠦᠪᠯᠡᠷᠡᠨ ᠰᠠᠭᠤᠭ᠎ᠠ ᠭᠠᠵᠠᠷ | ᠤᠷᠤᠨ ᠳᠤ ᠤᠷᠤᠨ ᠤ ᠦᠪᠡᠷᠲᠡᠭᠡᠨ ᠵᠠᠰᠠᠬᠤ ᠶᠢ ᠭᠡᠷᠡᠭᠵᠢᠬᠦᠯᠦᠨ᠂ ᠦᠪᠡᠷᠲᠡᠭᠡᠨ ᠵᠠᠰᠠᠬᠤ ᠪᠠᠶᠢᠭᠤᠯᠭ᠎ᠠ ᠪᠠᠶᠢᠭᠤᠯᠵᠤ | ᠂ ᠦᠪᠡᠷᠲᠡᠭᠡᠨ ᠵᠠᠰᠠᠬᠤ ᠡᠷᠭᠡ ᠶᠢ ᠶᠠᠪᠤᠭᠤᠯᠬᠤ ᠪᠤᠯᠭᠠᠨ᠎ᠠ᠃ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ | ᠨᠤᠲᠤᠭ ᠪᠦᠬᠦᠨ ᠪᠤᠯ ᠴᠦᠮ ᠪᠦᠬᠦᠲᠠᠨ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠰᠠᠯᠵᠤ ᠪᠤᠯᠤᠰᠢ ᠦᠭᠡᠢ | ᠭᠡᠰᠡᠭ ᠨᠢ ᠮᠦᠨ᠃ ᠦᠨᠲᠤᠰᠤᠲᠠᠨ ᠪᠦᠬᠦᠨ ᠴᠦᠮ ᠦᠪᠠᠷ ᠤᠨ ᠦᠭᠡ ᠭᠡᠯᠡ ᠦᠰᠦᠭ ᠪᠢᠴᠢᠭ ᠢᠶᠠᠨ | ᠭᠡᠷᠡᠭᠯᠡᠵᠤ ᠭᠦᠭᠵᠢᠬᠦᠯᠬᠦ ᠡᠷᠭᠡ ᠴᠢᠯᠦᠭᠡ ᠲᠠᠢ᠂ ᠦᠪᠠᠷ ᠤᠨ ᠵᠠᠩ ᠲᠡᠳᠬᠠᠯ ᠢᠶᠠᠨ ᠬᠠᠲᠠᠭᠠᠯᠠᠬᠤ ᠪᠤᠶᠤ | ᠦᠭᠡᠷᠡᠴᠢᠯᠡᠬᠦ ᠡᠷᠭᠡ ᠴᠢᠯᠦᠭᠡ ᠲᠠᠢ᠃ | ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠬᠠᠤᠯᠢ ᠶᠤᠰᠤᠭᠠᠷ ᠤᠯᠤᠰ ᠢᠶᠠᠨ | ᠵᠠᠰᠠᠬᠤ ᠶᠢ ᠭᠡᠷᠡᠭᠵᠢᠬᠦᠯᠵᠦ᠂ ᠨᠠᠶᠢᠭᠡᠮ ᠵᠢᠷᠤᠮᠲᠤ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠤᠨ᠎ᠠ᠃ | ᠤᠯᠤᠰ ᠠᠴᠠ ᠨᠠᠶᠢᠭᠡᠮ ᠵᠢᠷᠤᠮ ᠤᠨ ᠬᠠᠤᠯᠢ ᠲᠦᠷᠢᠮ ᠤᠨ ᠨᠢᠭᠡᠲᠤᠯ ᠲᠠᠢ ᠪᠠᠶᠢᠬᠤ ᠶᠠᠪᠤᠲᠠᠯ ᠪᠠ ᠨᠠᠷᠠ ᠬᠦᠨᠲᠤ | ᠶᠢ ᠬᠠᠮᠠᠭᠠᠯᠠᠨ᠎ᠠ᠃ | ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠪᠠ ᠤᠷᠤᠨ ᠨᠤᠲᠤᠭ ᠤᠨ ᠴᠢᠨᠠᠷᠲᠠᠢ ᠬᠠᠤᠯᠢ | ᠲᠤᠭᠲᠠᠭᠠᠯ ᠪᠦᠬᠦᠨ ᠦᠨᠲᠤᠰᠤᠨ ᠬᠠᠤᠯᠢ ᠲᠠᠢ ᠬᠠᠷᠰᠢᠯᠲᠤᠵᠤ ᠪᠤᠯᠬᠤ ᠦᠭᠡᠢ᠃ ᠲᠦᠷᠤ ᠶᠢᠨ ᠪᠠᠶᠢᠭᠤᠯᠭ᠎ᠠ | ᠪᠠ ᠵᠠᠪᠰᠡᠭᠲᠦ ᠬᠦᠴᠦᠨ ᠨᠦᠭᠦᠳ᠂ ᠲᠦᠷᠤ ᠶᠢᠨ ᠨᠠᠮ ᠪᠠ ᠨᠠᠶᠢᠭᠡᠮ ᠤᠨ ᠪᠦᠯᠭᠦᠮ ᠤᠳ᠂ ᠠᠵᠤ ᠠᠬᠤᠢᠢᠯᠠᠯ | ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠪᠦᠬᠦᠨ ᠡᠷᠭᠡᠪᠰᠢ ᠴᠦᠮ ᠦᠨᠲᠤᠰᠤᠨ ᠬᠠᠤᠯᠢ ᠪᠠ ᠬᠠᠤᠯᠢ ᠴᠠᠭᠠᠵᠠ | ᠶᠢ ᠵᠢᠷᠤᠮᠯᠠᠨ ᠰᠠᠭᠢᠬᠤ ᠭᠡᠷᠡᠭᠲᠠᠢ᠃ ᠦᠨᠲᠤᠰᠤᠨ ᠬᠠᠤᠯᠢ ᠪᠠ ᠬᠠᠤᠯᠢ ᠴᠠᠭᠠᠵᠠ ᠠᠴᠠ ᠵᠦᠷᠢᠴᠡᠭᠰᠡᠨ ᠠᠵᠢᠯᠯᠠᠭ᠎ᠠ | ᠪᠦᠬᠦᠨ ᠤ ᠬᠠᠷᠢᠭᠤᠴᠠᠯᠭ᠎ᠠ ᠶᠢ ᠡᠷᠭᠡᠪᠰᠢ ᠨᠡᠭᠡᠮᠵᠢᠯᠡᠬᠦ ᠭᠡᠷᠡᠭᠲᠡᠢ᠃ | ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠳᠤ ᠴᠦᠮ ᠦᠨᠲᠤᠰᠤᠨ ᠬᠠᠤᠯᠢ ᠪᠠ ᠬᠠᠤᠯᠢ | ᠴᠠᠭᠠᠵᠠ ᠠᠴᠠ ᠲᠠᠪᠠᠭᠰᠠᠨ ᠤᠨᠴᠨ ᠡᠷᠭᠡ ᠪᠠᠶᠢᠵᠤ ᠪᠤᠯᠬᠤ ᠦᠭᠡᠢ᠃ ᠵᠢᠷᠭᠤᠲᠤᠭᠠᠷ ᠵᠦᠢᠯ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠨᠠᠢᠭᠡᠮ ᠵᠢᠷᠤᠮᠲᠤ ᠠᠵᠤ ᠠᠬᠤᠢ ᠶᠢᠨ ᠪᠠᠶᠢᠭᠤᠯᠤᠯ ᠤᠨ ᠰᠠᠭᠤᠷᠢ ᠪᠤᠯ | ᠦᠢᠯᠡᠳᠪᠤᠷᠢᠯᠠᠯ ᠤᠨ ᠭᠡᠷᠡᠭᠰᠡᠯ ᠤᠨ ᠨᠡᠶᠢᠭᠡᠮ ᠵᠢᠷᠤᠮᠲᠤ ᠨᠠᠶᠢᠲᠠ ᠶᠢᠨ ᠦᠮᠴᠢᠯᠠᠯ ᠮᠦᠨ᠂ ᠲᠤᠬᠠᠢᠢᠯᠠᠪᠠᠯ ᠠᠷᠠᠳ | ᠨᠠᠶᠢᠲᠠ ᠶᠢᠨ ᠦᠮᠴᠢᠯᠡᠯ ᠪᠠ ᠬᠦᠲᠡᠯᠮᠤᠷᠢᠴᠢᠨ ᠲᠦᠮᠠᠨ ᠤ ᠬᠠᠮᠲᠤ ᠶᠢᠨ ᠦᠮᠴᠢᠯᠠᠯ ᠮᠦᠨ᠃ ᠨᠠᠶᠢᠭᠡᠮ ᠵᠢᠷᠤᠮᠲᠤ | ᠨᠠᠶᠢᠲᠠ ᠶᠢᠨ ᠦᠮᠴᠢᠯᠡᠯ ᠨᠢ ᠬᠦᠮᠦᠨ ᠬᠦᠮᠦᠨ ᠢᠶᠠᠨ ᠮᠦᠯᠵᠢᠬᠦ ᠪᠠᠶᠢᠭᠤᠯᠤᠯ ᠢ ᠤᠰᠠᠳᠬᠠᠵᠤ᠂ ᠴᠢᠲᠠᠯ ᠤᠨ ᠢᠶᠠᠨ | ᠭᠢᠷᠢ ᠪᠠᠷ ᠬᠦᠲᠡᠯᠮᠤᠷᠢᠯᠡᠵᠤ᠂ ᠬᠦᠲᠡᠯᠮᠤᠷᠢᠯᠡᠭᠰᠡᠨ ᠤ ᠭᠢᠨᠢ ᠭᠢᠷᠢ ᠪᠠᠷ ᠬᠤᠪᠢᠶᠠᠷᠢᠯᠠᠬᠤ ᠵᠠᠷᠴᠢᠮ ᠢ ᠭᠡᠷᠡᠭᠵᠢᠬᠦᠯᠦᠨ᠎ᠠ᠃ | | ᠤᠯᠤᠰ ᠠᠴᠠ ᠨᠠᠶᠢᠭᠡᠮ ᠵᠢᠷᠤᠮ ᠤᠨ ᠠᠩᠬᠠᠨ ᠤ ᠱᠠᠲᠤᠨ ᠳᠤ ᠨᠠᠶᠢᠲᠠ ᠶᠢᠨ ᠦᠮᠴᠢᠯᠡᠯ ᠢᠶᠠᠷ ᠭᠤᠤᠯ | ᠴᠤᠭᠴᠨ ᠪᠤᠯᠭᠠᠭᠰᠠᠨ᠂ ᠤᠯᠠᠨ ᠲᠦᠷᠤᠯ ᠤᠨ ᠦᠮᠴᠢᠯᠡᠯ ᠤᠨ ᠠᠵᠤ ᠠᠬᠤᠢ ᠶᠢ ᠬᠠᠮᠲᠤ ᠪᠠᠷ ᠭᠦᠭᠵᠢᠬᠦᠯᠬᠦ ᠠᠵᠤ | ᠠᠬᠤᠢ ᠶᠢᠨ ᠦᠨᠲᠤᠰᠤᠨ ᠪᠠᠶᠢᠭᠤᠯᠤᠯ ᠢ ᠪᠠᠷᠢᠮᠲᠡᠯᠡᠨᠠ᠂ ᠬᠦᠲᠡᠯᠮᠦᠷᠢᠯᠡᠭᠰᠡᠨ ᠤ ᠭᠢᠨᠢ ᠭᠢᠷᠢ ᠪᠠᠷ ᠬᠤᠪᠢᠶᠠᠷᠢᠯᠡᠬᠤ ᠪᠠᠷ | ᠭᠤᠤᠯ ᠴᠤᠭᠴᠨ ᠪᠤᠯᠭᠠᠭᠰᠠᠨ᠂ ᠤᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠠᠷᠭᠡᠪᠠᠷ ᠭᠡᠷᠡᠭᠯᠡᠬᠦ | ᠬᠤᠪᠢᠶᠠᠷᠢᠯᠠᠯᠲᠠ ᠶᠢᠨ ᠲᠦᠷᠢᠮ ᠢ ᠪᠠᠷᠢᠮᠲᠡᠯᠡᠨᠠ᠃ ᠲᠤᠯᠤᠲᠤᠭᠠᠷ ᠵᠦᠢᠯ ᠤᠯᠤᠰ ᠤᠨ ᠦᠮᠴᠢᠯᠠᠯ ᠤᠨ | ᠠᠵᠤ ᠠᠬᠤᠢ᠂ ᠲᠤᠬᠠᠢᠢᠯᠠᠪᠠᠯ ᠨᠠᠶᠢᠭᠡᠮ ᠵᠢᠷᠤᠮᠲᠤ ᠠᠷᠠᠳ ᠨᠠᠶᠢᠲᠠ ᠶᠢᠨ ᠦᠮᠴᠢᠯᠡᠯ ᠤᠨ ᠠᠵᠤ ᠠᠬᠤᠢ ᠪᠤᠯ ᠤᠯᠤᠰ | ᠠᠷᠠᠳ ᠤᠨ ᠠᠵᠤ ᠠᠬᠤᠢ ᠶᠢᠨ ᠲᠤᠲᠤᠷᠠᠭᠢ ᠭᠤᠤᠯᠯᠠᠭᠴᠢ ᠬᠦᠴᠤᠨ ᠮᠦᠨ᠃ ᠤᠯᠤᠰ ᠠᠴᠠ ᠤᠯᠤᠰ ᠤᠨ | ᠦᠮᠴᠢᠯᠠᠯ ᠤᠨ ᠠᠵᠤ ᠠᠬᠤᠢ ᠶᠢᠨ ᠪᠠᠭᠢᠵᠢᠯ ᠭᠦᠭᠵᠢᠯ ᠢ ᠪᠠᠲᠤᠯᠠᠨ᠎ᠠ ᠃ | ᠨᠠᠢᠮᠠᠲᠤᠭᠠᠷ ᠵᠦᠢᠯ ᠬᠦᠲᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠢ | ᠡᠷᠤᠭᠡ ᠳᠤ ᠲᠠᠭᠠᠭᠠᠴᠢᠯᠠᠭᠤᠯᠤᠨ ᠡᠵᠡᠩᠨᠡᠬᠦᠯᠬᠦ ᠪᠠᠷ ᠰᠠᠭᠤᠷᠢ ᠪᠤᠯᠭᠠᠭᠰᠠᠨ᠂ ᠨᠢᠭᠡᠲᠤᠯᠲᠠᠢ ᠡᠵᠡᠩᠨᠡᠬᠦ ᠪᠠ ᠲᠠᠷᠠᠬᠠᠢ | ᠡᠵᠡᠩᠨᠡᠬᠦ ᠶᠢ ᠤᠶᠠᠯᠲᠤᠭᠤᠯᠤᠭᠰᠠᠨ ᠲᠠᠪᠬᠤᠷ ᠡᠵᠡᠩᠨᠡᠯᠲᠠ ᠶᠢᠨ ᠪᠠᠶᠢᠭᠤᠯᠤᠯ ᠢ ᠭᠡᠷᠡᠭᠵᠢᠬᠦᠯᠦᠨ᠎ᠠ᠃ ᠬᠦᠲᠡᠭᠡ | ᠲᠤᠰᠬᠤᠨ ᠳᠠᠬᠢ ᠦᠢᠯᠡᠳᠪᠦᠷᠢᠯᠡᠯ᠂ ᠬᠠᠩᠭᠠᠯᠭ᠎ᠠ ᠪᠤᠷᠤᠯᠠᠭᠤᠯᠭ᠎ᠠ᠂ ᠵᠢᠭᠡᠯᠡᠯᠭᠡ᠂ ᠭᠡᠷᠡᠭᠯᠡᠭᠡ ᠵᠡᠷᠭᠡ ᠡᠯ᠎ᠠ ᠵᠦᠢᠯ ᠤᠨ | ᠭᠡᠯᠪᠠᠷᠢ ᠶᠢᠨ ᠬᠤᠷᠰᠢᠭᠰᠠᠨ ᠠᠵᠤ ᠠᠬᠤᠢ ᠪᠤᠯ ᠨᠠᠶᠢᠭᠡᠮ ᠵᠢᠷᠤᠮ ᠤᠨ ᠬᠦᠳᠡᠯᠮᠦᠷᠢᠴᠢᠨ ᠲᠦᠮᠡᠨ ᠤ ᠬᠠᠮᠳᠦ ᠶᠢᠨ | ᠦᠮᠴᠢᠯᠡᠯ ᠤᠨ ᠠᠵᠦ ᠠᠬᠤᠢ ᠮᠦᠨ᠃ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠳᠤ ᠣᠷᠣᠯᠴᠠᠭᠰᠠᠨ ᠬᠦᠲᠡᠯᠮᠤᠷᠢᠴᠢᠳ ᠬᠠᠤᠯᠢ ᠳᠤ ᠲᠤᠭᠲᠠᠭᠠᠭᠰᠠᠨ ᠭᠡᠪᠴᠢᠶᠠᠨ ᠤ ᠲᠤᠲᠤᠷ᠎ᠠ | ᠬᠤᠪᠢᠨ ᠳᠠᠭᠠᠨ ᠦᠯᠡᠲᠡᠭᠡᠭᠰᠡᠨ ᠲᠠᠷᠢᠶ᠎ᠠ᠂ ᠬᠤᠪᠢᠨ ᠳᠠᠭᠠᠨ ᠦᠯᠡᠲᠡᠭᠡᠭᠰᠡᠨ ᠠᠭᠤᠯᠠ᠂ ᠭᠡᠷ ᠪᠦᠯᠢ ᠶᠢᠨ ᠲᠤᠰᠯᠠᠠᠬᠤ | ᠦᠢᠯᠡᠳᠪᠤᠷᠢᠯᠡᠯ ᠢᠶᠠᠨ ᠡᠵᠡᠩᠨᠡᠬᠦ ᠪᠠ ᠬᠤᠪᠢᠨ ᠳᠠᠭᠠᠨ ᠦᠯᠡᠲᠡᠭᠡᠭᠰᠡᠨ ᠮᠠᠯ ᠢᠶᠠᠨ ᠠᠷᠠᠴᠢᠯᠠᠵᠤ ᠲᠡᠵᠢᠭᠡᠬᠦ ᠡᠷᠭᠡ ᠲᠠᠢ᠃ | ᠬᠤᠲᠠ ᠪᠠᠯᠭᠠᠰᠤᠨ ᠳᠠᠬᠢ ᠭᠠᠷ ᠦᠢᠯᠡᠳᠪᠤᠷᠢ᠂ ᠠᠵᠤ ᠦᠢᠯᠡᠳᠪᠤᠷᠢ᠂ ᠪᠠᠷᠢᠯᠭ᠎ᠠ ᠶᠢᠨ ᠦᠢᠯᠡᠰ᠂ | ᠲᠡᠭᠡᠭᠡᠪᠤᠷᠢ ᠶᠢᠨ ᠦᠢᠯᠡᠰ᠂ ᠬᠤᠲᠠᠯᠲᠤᠭ᠎ᠠ᠂ ᠦᠢᠯᠡᠴᠢᠯᠡᠭᠡᠨ ᠤ ᠦᠢᠯᠡᠰ ᠵᠡᠷᠭᠡ ᠠᠵᠢᠯ ᠲᠦᠷᠤᠯ ᠤᠨ ᠡᠯ᠎ᠠ | ᠵᠦᠢᠯ ᠤᠨ ᠭᠡᠯᠪᠠᠷᠢ ᠶᠢᠨ ᠬᠤᠷᠰᠢᠭᠰᠠᠨ ᠠᠵᠤ ᠠᠬᠤᠢ ᠪᠤᠯ ᠴᠦᠮ ᠨᠠᠶᠢᠭᠡᠮ ᠵᠢᠷᠤᠮ ᠤᠨ ᠬᠦᠲᠡᠯᠮᠤᠷᠢᠴᠢᠨ ᠲᠦᠮᠠᠨ ᠤ | ᠬᠠᠮᠲᠤ ᠶᠢᠨ ᠦᠮᠴᠢᠯᠠᠯ ᠤᠨ ᠠᠵᠤ ᠠᠬᠤᠢ ᠮᠦᠨ᠃ ᠤᠯᠤᠰ ᠠᠴᠠ ᠬᠤᠲᠠ ᠬᠦᠲᠡᠭᠡ ᠶᠢᠨ ᠬᠠᠮᠲᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠬᠠᠮᠲᠤ ᠶᠢᠨ ᠠᠵᠤ | ᠠᠬᠤᠢ ᠶᠢᠨ ᠭᠦᠭᠵᠢᠯᠲᠠ ᠶᠢ ᠵᠤᠷᠢᠬᠵᠢᠭᠤᠯᠵᠤ᠂ ᠵᠢᠯᠦᠭᠤᠳᠴᠤ᠂ ᠬᠠᠪᠰᠤᠷᠤᠨ᠎ᠠ᠃ | ᠶᠢᠰᠤᠲᠤᠭᠡᠷ ᠵᠦᠢᠯ ᠠᠭᠤᠷᠬᠠᠢ ᠪᠤᠯᠠᠭᠲᠠᠴᠨ᠂ ᠭᠤᠤᠯ ᠮᠦᠷᠠᠨ᠂ ᠤᠢ ᠰᠢᠭᠤᠢ᠂ ᠠᠭᠤᠯᠠ ᠲᠠᠪᠠᠭ᠎ᠠ᠂ | ᠨᠤᠲᠤᠭ ᠪᠠᠯᠴᠢᠭᠡᠷ᠂ ᠠᠲᠠᠷ ᠭᠠᠵᠠᠷ᠂ ᠲᠠᠯᠠᠢ ᠶᠢᠨ ᠲᠠᠩ ᠵᠠᠷᠭᠡ ᠪᠠᠶᠢᠭᠠᠯᠠᠢ ᠶᠢᠨ ᠡᠭᠢ ᠪᠠᠶᠠᠯᠢᠭ ᠪᠤᠯ ᠴᠦᠮ | ᠤᠯᠤᠰ ᠤᠨ ᠦᠮᠴᠢ ᠮᠦᠨ᠂ ᠲᠤᠬᠠᠢᠢᠯᠠᠪᠠᠯ ᠠᠷᠠᠳ ᠨᠠᠶᠢᠲᠠ ᠶᠢᠨ ᠦᠮᠴᠢ ᠮᠦᠨ︔ ᠡᠬᠦᠨ ᠳᠤ ᠬᠠᠮᠲᠤ ᠶᠢᠨ | ᠦᠮᠴᠢᠯᠠᠯ ᠤᠨ ᠬᠢ ᠭᠡᠵᠤ ᠬᠠᠤᠯᠢ ᠳᠤ ᠲᠤᠭᠲᠠᠭᠠᠭᠰᠠᠨ ᠤᠢ ᠰᠢᠭᠤᠢ᠂ ᠠᠭᠤᠯᠠ ᠲᠠᠪᠠᠭ᠎ᠠ᠂ ᠨᠤᠲᠤᠭ ᠪᠡᠯᠴᠢᠭᠡᠷ᠂ | ᠠᠲᠠᠷ ᠭᠠᠵᠠᠷ ᠪᠠ ᠲᠠᠯᠠᠢ ᠶᠢᠨ ᠲᠠᠩ ᠪᠠᠭᠲᠠᠬᠤ ᠦᠭᠡᠢ᠃ | ᠤᠯᠤᠰ ᠠᠴᠠ ᠪᠠᠶᠢᠭᠠᠯᠢ ᠶᠢᠨ ᠡᠭᠢ ᠪᠠᠶᠠᠯᠢᠭ ᠢ ᠵᠦᠢ ᠵᠤᠬᠢᠰᠲᠠᠢ ᠠᠰᠢᠭᠯᠠᠬᠤ ᠶᠢ ᠪᠠᠳᠣᠯᠠᠵᠦ᠂ ᠬᠤᠪᠤᠷ | ᠨᠠᠨᠲᠢᠨ ᠠᠮᠢᠲᠠᠨ ᠪᠠ ᠤᠷᠭᠤᠮᠠᠯ ᠢ ᠬᠠᠮᠠᠭᠠᠯᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ | ᠶᠠᠮᠠᠷᠪᠠ ᠠᠷᠭ᠎ᠠ ᠪᠠᠷᠢᠯ ᠢᠶᠠᠷ ᠪᠠᠶᠢᠭᠠᠯᠢ ᠶᠢᠨ ᠡᠭᠢ ᠪᠠᠶᠠᠯᠢᠭ ᠢ ᠡᠵᠡᠯᠡᠬᠦ ᠪᠤᠶᠤ ᠡᠪᠲᠡᠬᠦ ᠶᠢ ᠴᠠᠭᠠᠵᠠᠯᠠᠨ᠎ᠠ᠃ | ᠠᠷᠪᠠᠲᠤᠭᠠᠷ ᠵᠦᠢᠯ ᠬᠤᠲᠠ ᠶᠢᠨ ᠭᠠᠵᠠᠷ ᠰᠢᠷᠤᠢ ᠪᠤᠯ ᠤᠯᠤᠰ ᠤᠨ ᠦᠮᠴᠢ ᠮᠦᠨ᠃ | ᠬᠦᠲᠡᠭᠡ ᠲᠤᠰᠬᠤᠨ ᠪᠤᠯᠤᠨ ᠬᠤᠲᠠ ᠶᠢᠨ ᠲᠡᠬᠦᠷᠭᠡ ᠶᠢᠨ ᠭᠠᠵᠠᠷ ᠰᠢᠷᠤᠢ ᠨᠢ ᠤᠯᠤᠰ ᠤᠨ ᠦᠮᠴᠢ ᠮᠦᠨ | ᠭᠡᠵᠤ ᠬᠠᠤᠯᠢ ᠳᠤ ᠲᠤᠭᠲᠠᠭᠠᠭᠰᠠᠨ ᠠᠴᠠ ᠪᠤᠰᠤᠤᠨ ᠨᠢ ᠬᠠᠮᠲᠤ ᠶᠢᠨ ᠦᠮᠴᠢ ᠮᠦᠨ︔ ᠤᠷᠤᠨ ᠰᠠᠭᠤᠴᠨ ᠶᠢᠨ | ᠭᠠᠵᠠᠷ᠂ ᠬᠤᠪᠢᠨ ᠳᠠᠭᠠᠨ ᠦᠯᠡᠲᠡᠭᠡᠭᠰᠡᠨ ᠲᠠᠷᠢᠶ᠎ᠠ᠂ ᠬᠤᠪᠢᠨ ᠳᠠᠭᠠᠨ ᠦᠯᠡᠲᠡᠭᠡᠭᠰᠡᠨ ᠠᠭᠤᠯᠠ ᠴᠤ ᠬᠠᠮᠲᠤ ᠶᠢᠨ | ᠦᠮᠴᠢ ᠮᠦᠨ᠃ | ᠤᠯᠤᠰ ᠠᠴᠠ ᠤᠯᠠᠨ ᠨᠠᠶᠢᠲᠠ ᠶᠢᠨ ᠠᠰᠢᠭ ᠲᠤᠰᠨ ᠶᠢᠨ ᠭᠡᠷᠡᠭᠴᠡᠭᠡᠨ ᠤ ᠲᠦᠯᠦᠭᠡ᠂ ᠬᠠᠤᠯᠢ ᠳᠤ | ᠲᠤᠭᠲᠠᠭᠠᠭᠰᠠᠨ ᠶᠤᠰᠤᠭᠠᠷ ᠭᠠᠵᠠᠷ ᠰᠢᠷᠤᠢ ᠶᠢ ᠲᠠᠲᠠᠪᠤᠷᠢᠯᠠᠨ ᠠᠪᠬᠤ ᠪᠤᠶᠤ ᠲᠠᠲᠠᠪᠤᠷᠢᠯᠠᠨ ᠭᠡᠷᠡᠭᠯᠡᠵᠤ ᠪᠤᠯᠬᠤ | ᠪᠦᠭᠡᠳ ᠨᠦᠬᠦᠪᠦᠷᠢ ᠤᠯᠭᠤᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠭᠠᠵᠠᠷ ᠰᠢᠷᠦᠢ | ᠶᠢ ᠡᠵᠡᠯᠡᠬᠦ᠂ ᠮᠠᠶᠢᠮᠠᠶᠢᠯᠠᠬᠤ ᠪᠤᠶᠤ ᠪᠤᠰᠤᠤᠨ ᠭᠡᠯᠪᠠᠷᠢ ᠪᠠᠷ ᠬᠠᠤᠯᠢ ᠪᠤᠰᠤ ᠪᠠᠷ ᠰᠢᠯᠵᠢᠬᠦᠯᠦᠨ ᠦᠭᠴᠤ ᠪᠤᠯᠬᠤ | ᠦᠭᠡᠢ᠃ ᠭᠠᠵᠠᠷ ᠰᠢᠷᠤᠢ ᠶᠢ ᠭᠡᠷᠡᠭᠯᠡᠬᠦ ᠡᠷᠭᠡ ᠶᠢ ᠬᠠᠤᠯᠢ ᠴᠠᠭᠠᠵᠠ ᠳᠤ ᠲᠤᠭᠲᠠᠭᠠᠭᠰᠠᠨ ᠶᠤᠰᠤᠭᠠᠷ ᠰᠢᠯᠵᠢᠬᠦᠯᠦᠨ | ᠦᠭᠴᠤ ᠪᠤᠯᠤᠨ᠎ᠠ᠃ ᠭᠠᠵᠠᠷ ᠰᠢᠷᠤᠢ ᠶᠢ ᠭᠡᠷᠡᠭᠯᠡᠬᠦ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠪᠦᠬᠦᠨ | ᠭᠠᠵᠠᠷ ᠰᠢᠷᠦᠢ ᠶᠢ ᠡᠷᠭᠡᠪᠰᠢ ᠵᠦᠢ ᠵᠤᠬᠢᠰᠲᠠᠢ ᠪᠠᠷ ᠠᠰᠢᠭᠯᠠᠬᠤ ᠭᠡᠷᠡᠭᠲᠡᠢ᠃ | ᠠᠷᠪᠠᠨ ᠨᠢᠭᠡᠲᠤᠭᠡᠷ ᠵᠦᠢᠯ ᠬᠠᠤᠯᠢ ᠳᠤ ᠲᠤᠭᠳᠠᠭᠠᠭᠰᠠᠨ ᠭᠡᠪᠴᠢᠶᠠᠨ ᠤ ᠲᠤᠲᠤᠷᠠᠭᠢ ᠬᠤᠪᠢ ᠶᠢᠨ ᠠᠵᠤ | ᠠᠬᠤᠢ᠂ ᠬᠤᠪᠢ ᠶᠢᠨ ᠡᠵᠡᠩᠨᠡᠭᠰᠠᠨ ᠠᠵᠤ ᠠᠬᠤᠢ ᠵᠡᠷᠭᠡ ᠨᠠᠶᠢᠲᠠ ᠶᠢᠨ ᠦᠮᠴᠢᠯᠠᠯ ᠤᠨ ᠪᠤᠰᠤ ᠠᠵᠤ ᠠᠬᠤᠢ ᠪᠤᠯ | ᠨᠠᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢᠨ ᠴᠢᠬᠤᠯᠠ ᠪᠦᠷᠢᠯᠲᠤᠭᠦᠨ ᠭᠡᠰᠡᠭ ᠮᠦᠨ᠃ | ᠤᠯᠤᠰ ᠠᠴᠠ ᠬᠤᠪᠢ ᠶᠢᠨ ᠠᠵᠤ ᠠᠬᠤᠢ᠂ ᠬᠤᠪᠢ ᠶᠢᠨ ᠡᠵᠡᠩᠨᠡᠭᠰᠡᠨ ᠠᠵᠤ ᠠᠬᠤᠢ ᠵᠡᠷᠭᠡ ᠨᠡᠶᠢᠲᠠ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠠᠤᠯᠢ ᠶᠤᠰᠤᠨ ᠤ ᠡᠷᠭᠡ ᠪᠠ ᠠᠰᠢᠭ ᠢ ᠬᠠᠮᠠᠭᠠᠯᠠᠨ᠎ᠠ᠃ ᠤᠯᠤᠰ ᠠᠴᠠ | ᠨᠡᠶᠢᠲᠠ ᠶᠢᠨ ᠦᠮᠴᠢᠯᠡᠯ ᠤᠨ ᠪᠣᠰᠤ ᠠᠵᠤ ᠠᠬᠤᠢ ᠶᠢᠨ ᠭᠦᠭᠵᠢᠯᠲᠠ ᠶᠢ ᠵᠤᠷᠢᠭᠵᠢᠭᠤᠯᠵᠤ᠂ ᠲᠡᠮᠵᠢᠬᠦ ᠪᠦᠭᠡᠳ | ᠬᠦᠲᠦᠯᠦᠨ ᠵᠢᠯᠦᠭᠤᠳᠬᠤ ᠶᠢᠨ ᠬᠠᠮᠲᠤ᠂ ᠨᠠᠶᠢᠲᠠ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠠᠤᠯᠢ ᠶᠤᠰᠤᠭᠠᠷ | ᠭᠢᠨᠡᠵᠤ᠂ ᠬᠠᠮᠢᠶᠠᠷᠤᠨ᠎ᠠ᠃ | ᠠᠷᠪᠠᠨ ᠬᠤᠶᠠᠲᠤᠭᠠᠷ ᠵᠦᠢᠯ ᠨᠠᠶᠢᠭᠡᠮ ᠵᠢᠷᠤᠮ ᠤᠨ ᠤᠯᠠᠨ ᠨᠠᠶᠢᠲᠠ ᠶᠢᠨ ᠡᠳ᠋ ᠬᠦᠷᠤᠩᠭᠡ ᠪᠤᠯ ᠬᠠᠯᠲᠠᠵᠤ | ᠪᠤᠯᠤᠰᠢ ᠦᠭᠡᠢ ᠲᠠᠷᠬᠠᠨ ᠵᠦᠢᠯ ᠮᠦᠨ᠃ ᠤᠯᠤᠰ ᠠᠴᠠ ᠨᠠᠶᠢᠭᠡᠮ ᠵᠢᠷᠤᠮ ᠤᠨ ᠤᠯᠠᠨ ᠨᠠᠶᠢᠲᠠ ᠶᠢᠨ ᠡᠳ᠋ | ᠬᠦᠷᠤᠩᠭᠡ ᠶᠢ ᠬᠠᠮᠠᠭᠠᠯᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ ᠶᠠᠮᠠᠷᠪᠠ ᠠᠷᠭ᠎ᠠ | ᠪᠠᠷᠢᠯ ᠢᠶᠠᠷ ᠤᠯᠤᠰ ᠤᠨ ᠪᠠ ᠬᠠᠮᠲᠤ ᠨᠠᠶᠢᠲᠠ ᠶᠢᠨ ᠡᠳ᠋ ᠬᠦᠷᠦᠩᠭᠡ ᠶᠢ ᠡᠵᠡᠯᠡᠬᠦ ᠪᠤᠶᠤ ᠡᠪᠲᠡᠬᠦ ᠶᠢ ᠴᠠᠭᠠᠵᠠᠯᠠᠨ᠎ᠠ᠃ | | ᠠᠷᠪᠠᠨ ᠭᠤᠷᠪᠠᠲᠤᠭᠠᠷ ᠵᠦᠢᠯ ᠠᠷᠠᠳ ᠢᠷᠭᠡᠨ ᠤ ᠬᠠᠤᠯᠢ ᠶᠤᠰᠤᠨ ᠤ ᠬᠤᠪᠢ ᠶᠢᠨ ᠡᠳ᠋ ᠬᠦᠷᠦᠩᠭᠡ ᠳᠤ | ᠬᠠᠯᠲᠠᠵᠤ ᠪᠤᠯᠬᠤ ᠦᠭᠡᠢ᠃ ᠤᠯᠤᠰ ᠠᠴᠠ ᠬᠠᠤᠯᠢ ᠳᠤ ᠲᠤᠭᠲᠠᠭᠠᠭᠰᠠᠨ ᠶᠤᠰᠤᠭᠠᠷ ᠠᠷᠠᠳ ᠢᠷᠭᠡᠨ ᠤ | ᠬᠤᠪᠢ ᠶᠢᠨ ᠡᠳ᠋ ᠬᠦᠷᠦᠩᠭᠡ ᠶᠢᠨ ᠡᠷᠭᠡ ᠪᠠ ᠵᠠᠯᠭᠠᠮᠵᠢᠯᠠᠬᠤ ᠡᠷᠭᠡ ᠶᠢ ᠬᠠᠮᠠᠭᠠᠯᠠᠨ᠎ᠠ᠃ ᠤᠯᠤᠰ ᠠᠴᠠ ᠤᠯᠠᠨ | ᠨᠡᠶᠢᠲᠠ ᠶᠢᠨ ᠠᠰᠢᠭ ᠲᠤᠰᠨ ᠶᠢᠨ ᠭᠡᠷᠡᠭᠴᠡᠭᠡᠨ ᠤ ᠲᠦᠯᠦᠭᠡ᠂ ᠬᠠᠤᠯᠢ ᠳᠤ ᠲᠤᠭᠲᠠᠭᠠᠭᠰᠠᠨ ᠶᠤᠰᠤᠭᠠᠷ ᠠᠷᠠᠳ | ᠢᠷᠭᠡᠨ ᠤ ᠬᠤᠪᠢ ᠶᠢᠨ ᠡᠳ᠋ ᠬᠦᠷᠦᠩᠭᠡ ᠶᠢ ᠲᠠᠲᠠᠪᠤᠷᠢᠯᠠᠨ ᠠᠪᠬᠤ ᠪᠤᠶᠤ ᠲᠠᠲᠠᠪᠤᠷᠢᠯᠠᠨ ᠬᠡᠷᠡᠭᠯᠡᠵᠤ ᠪᠤᠯᠬᠤ ᠪᠦᠭᠡᠳ | ᠨᠦᠬᠦᠪᠤᠷᠢ ᠤᠯᠭᠤᠨ᠎ᠠ᠃ | ᠠᠷᠪᠠᠨ ᠲᠦᠷᠪᠡᠲᠤᠭᠡᠷ ᠵᠦᠢᠯ ᠤᠯᠤᠰ ᠠᠴᠠ ᠬᠦᠲᠡᠯᠮᠤᠷᠢᠴᠢᠳ ᠤᠨ ᠢᠲᠡᠪᠭᠢᠵᠢᠯ ᠪᠠ ᠲᠧᠭᠨᠢᠭ | ᠮᠡᠷᠭᠡᠵᠢᠯ ᠤᠨ ᠭᠡᠮᠵᠢᠶ᠎ᠠ ᠶᠢ ᠲᠡᠭᠡᠭᠰᠢᠯᠡᠬᠦᠯᠬᠦ᠂ ᠲᠡᠷᠢᠬᠦᠨ ᠤ ᠰᠢᠨᠵᠢᠯᠡᠬᠦ ᠤᠬᠠᠭᠠᠨ ᠮᠡᠷᠭᠡᠵᠢᠯ ᠢ ᠲᠡᠯᠭᠡᠷᠡᠬᠦᠯᠬᠦ᠂ ᠠᠵᠤ | ᠠᠬᠤᠢ ᠶᠢᠨ ᠬᠠᠮᠢᠶᠠᠷᠤᠯᠲᠠ ᠶᠢᠨ ᠪᠠᠶᠢᠭᠤᠯᠤᠯ ᠪᠤᠯᠤᠨ ᠠᠵᠤ ᠠᠬᠤᠢᠢᠯᠠᠯ ᠤᠨ ᠡᠵᠡᠩᠨᠡᠯᠲᠠ ᠬᠠᠮᠢᠶᠠᠷᠤᠯᠲᠠ ᠶᠢᠨ | ᠲᠦᠷᠢᠮ ᠢ ᠲᠡᠬᠦᠯᠲᠡᠷᠵᠢᠬᠦᠯᠬᠦ᠂ ᠨᠠᠶᠢᠭᠡᠮ ᠵᠢᠷᠤᠮ ᠤᠨ ᠤᠯᠠᠨ ᠭᠡᠯᠪᠠᠷᠢ ᠶᠢᠨ ᠬᠠᠷᠢᠭᠤᠴᠠᠯᠭ᠎ᠠ ᠶᠢᠨ ᠲᠦᠷᠢᠮ ᠢ | ᠭᠡᠷᠡᠭᠵᠢᠬᠦᠯᠬᠦ᠂ ᠬᠦᠲᠡᠯᠮᠤᠷᠢ ᠶᠢᠨ ᠵᠤᠬᠢᠶᠠᠨ ᠪᠠᠶᠢᠭᠤᠯᠤᠯᠲᠠ ᠶᠢ ᠰᠠᠶᠢᠵᠢᠷᠠᠭᠤᠯᠬᠤ ᠪᠠᠷ ᠲᠠᠮᠵᠢᠭᠤᠯᠵᠤ ᠪᠠᠶᠢᠭᠠᠳ | ᠬᠦᠲᠡᠯᠮᠤᠷᠢ ᠦᠢᠯᠡᠳᠪᠤᠷᠢᠯᠡᠯ ᠤᠨ ᠪᠦᠲᠤᠮᠵᠢ ᠪᠤᠯᠤᠨ ᠠᠵᠤ ᠠᠬᠤᠢ ᠶᠢᠨ ᠦᠷ᠎ᠠ ᠠᠰᠢᠭ ᠢ ᠲᠠᠰᠤᠷᠠᠯᠲᠠ ᠦᠭᠡᠢ | ᠲᠡᠭᠡᠭᠰᠢᠯᠡᠬᠦᠯᠵᠤ᠂ ᠨᠠᠶᠢᠭᠡᠮ ᠤᠨ ᠦᠢᠯᠡᠳᠪᠤᠷᠢᠯᠡᠯ ᠤᠨ ᠭᠦᠴᠤ ᠶᠢ ᠬᠦᠭᠵᠢᠬᠦᠯᠦᠨ᠎ᠠ᠃ ᠤᠯᠤᠰ ᠠᠴᠠ | ᠠᠷᠪᠢᠯᠠᠨ ᠭᠠᠮᠠᠨᠠᠬᠤ ᠶᠢ ᠴᠢᠬᠤᠯᠠᠴᠢᠯᠠᠵᠤ᠂ ᠪᠦᠷᠢᠯᠭᠡᠨ ᠰᠦᠢᠳᠭᠡᠬᠦ ᠶᠢ ᠡᠰᠡᠷᠬᠦᠴᠡᠨ᠎ᠠ᠃ ᠤᠯᠤᠰ ᠠᠴᠠ | ᠬᠤᠷᠠᠮᠲᠤᠭᠤᠯᠭ᠎ᠠ ᠪᠠ ᠭᠡᠷᠡᠭᠯᠡᠭᠡ ᠶᠢ ᠵᠤᠬᠢᠰᠲᠠᠢ ᠪᠠᠷ ᠲᠤᠭᠢᠷᠠᠭᠤᠯᠤᠨ᠂ ᠤᠯᠤᠰ ᠠᠷᠠᠳ ᠪᠠ ᠬᠠᠮᠲᠤ ᠨᠠᠶᠢᠲᠠ᠂ | ᠬᠤᠪᠢ ᠬᠦᠮᠦᠨ ᠤ ᠠᠰᠢᠭ ᠲᠤᠰᠨ ᠶᠢ ᠵᠡᠷᠭᠡᠪᠠᠷ ᠬᠠᠷᠠᠭᠠᠯᠵᠠᠨ᠂ ᠦᠢᠯᠡᠳᠪᠤᠷᠢᠯᠡᠯ ᠢ ᠬᠦᠭᠢᠬᠦᠯᠦᠭᠰᠡᠨ ᠰᠠᠭᠤᠷᠢᠨ | ᠲᠡᠭᠡᠷ᠎ᠠ ᠠᠷᠠᠳ ᠲᠦᠮᠠᠨ ᠤ ᠪᠤᠲᠠᠰ ᠤᠨ ᠠᠮᠢᠲᠤᠷᠠᠯ ᠪᠠ ᠰᠤᠶᠤᠯ ᠤᠨ ᠠᠮᠢᠲᠤᠷᠠᠯ ᠢ ᠠᠯᠬᠤᠮ ᠠᠯᠬᠤᠮ ᠢᠶᠠᠷ | ᠰᠠᠶᠢᠵᠢᠷᠠᠭᠤᠯᠤᠨ᠎ᠠ᠃ ᠤᠯᠤᠰ ᠠᠴᠠ ᠠᠵᠤ ᠠᠬᠤᠢ ᠶᠢᠨ ᠭᠦᠭᠵᠢᠯᠲᠠ ᠶᠢᠨ ᠭᠢᠷᠢ ᠭᠡᠮᠵᠢᠶ᠎ᠠ ᠯᠦᠭᠡ | ᠵᠤᠬᠢᠴᠠᠯᠲᠤᠭᠰᠠᠨ ᠨᠠᠶᠢᠭᠡᠮ ᠤᠨ ᠪᠠᠲᠤᠯᠭ᠎ᠠ ᠶᠢᠨ ᠲᠦᠷᠢᠮ ᠢ ᠪᠠᠶᠢᠭᠤᠯᠵᠤ ᠲᠡᠬᠦᠯᠲᠡᠷᠵᠢᠬᠦᠯᠦᠨ᠎ᠠ᠃ | ᠠᠷᠪᠠᠨ ᠲᠠᠪᠤᠲᠤᠭᠠᠷ ᠵᠦᠢᠯ ᠤᠯᠤᠰ ᠠᠴᠠ ᠨᠠᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢ | ᠬᠡᠷᠡᠭᠵᠢᠬᠦᠯᠦᠨ᠎ᠠ᠃ ᠤᠯᠤᠰ ᠠᠴᠠ ᠠᠵᠤ ᠠᠬᠤᠢ ᠶᠢᠨ ᠬᠠᠤᠯᠢ ᠲᠤᠭᠲᠠᠭᠠᠬᠤ ᠠᠵᠢᠯ ᠢ ᠴᠢᠩᠭᠠᠳᠬᠠᠵᠤ᠂ | ᠬᠤᠷᠸ᠎ᠠ ᠲᠤᠭᠢᠷᠠᠭᠤᠯᠤᠯ ᠡᠵᠡᠮᠲᠠᠯ ᠢ ᠰᠠᠶᠢᠵᠢᠷᠠᠭᠤᠯᠵᠤ ᠲᠡᠬᠦᠯᠲᠡᠷᠵᠢᠬᠦᠯᠦᠨ᠎ᠠ᠃ ᠶᠠᠮᠠᠷᠪᠠ ᠵᠤᠬᠢᠶᠠᠨ | ᠪᠠᠶᠢᠭᠤᠯᠤᠯᠲᠠ ᠪᠤᠶᠤ ᠬᠤᠪᠢ ᠬᠦᠮᠦᠨ ᠤ ᠨᠠᠶᠢᠭᠡᠮ ᠤᠨ ᠠᠵᠤ ᠠᠬᠤᠢ ᠶᠢᠨ ᠡᠮᠭᠢ ᠵᠢᠷᠤᠮ ᠢ ᠰᠠᠮᠠᠭᠤᠷᠠᠭᠤᠯᠬᠤ | ᠶᠠᠪᠤᠲᠠᠯ ᠢ ᠬᠠᠤᠯᠢ ᠶᠤᠰᠤᠭᠠᠷ ᠴᠠᠭᠠᠵᠠᠯᠠᠨ᠎ᠠ᠃ | ᠠᠷᠪᠠᠨ ᠵᠢᠷᠭᠤᠲᠤᠭᠠᠷ ᠵᠦᠢᠯ ᠤᠯᠤᠰ ᠤᠨ ᠦᠮᠴᠢᠯᠡᠯ ᠤᠨ ᠠᠵᠤ ᠠᠬᠤᠢᠢᠯᠠᠯ ᠨᠢ ᠬᠠᠤᠯᠢ ᠳᠤ | ᠲᠤᠭᠳᠠᠭᠠᠭᠰᠠᠨ ᠭᠡᠪᠴᠢᠶᠠᠨ ᠤ ᠲᠤᠲᠤᠷ᠎ᠠ ᠦᠪᠠᠷ ᠢᠶᠠᠨ ᠡᠵᠡᠨ ᠮᠡᠲᠡᠵᠤ ᠡᠵᠡᠩᠨᠡᠬᠦ ᠡᠷᠭᠡ ᠲᠠᠢ᠃ ᠤᠯᠤᠰ ᠤᠨ | ᠦᠮᠴᠢᠯᠠᠯ ᠤᠨ ᠠᠵᠤ ᠠᠬᠤᠢᠢᠯᠠᠯ ᠨᠢ ᠬᠠᠤᠯᠢ ᠳᠤ ᠲᠤᠭᠲᠠᠭᠠᠭᠰᠠᠨ ᠶᠤᠰᠤᠭᠠᠷ ᠠᠵᠢᠯᠲᠠᠨ ᠠᠵᠢᠯᠴᠢᠨ ᠤ | ᠲᠦᠯᠦᠭᠡᠯᠡᠭᠴᠢᠳ ᠤᠨ ᠶᠡᠭᠡ ᠬᠤᠷᠠᠯ ᠪᠠ ᠪᠤᠰᠤᠤᠨ ᠭᠡᠯᠪᠠᠷᠢ ᠪᠠᠷ ᠲᠡᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ | ᠶᠢ ᠭᠡᠷᠡᠭᠵᠢᠬᠦᠯᠦᠨ᠎ᠠ᠃ | ᠠᠷᠪᠠᠨ ᠲᠤᠯᠤᠲᠤᠭᠠᠷ ᠵᠦᠢᠯ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠤᠭᠤᠳ | ᠬᠤᠯᠪᠤᠭᠲᠠᠯ ᠪᠦᠭᠦᠢ ᠬᠠᠤᠯᠢ ᠴᠠᠭᠠᠵᠠ ᠶᠢ ᠵᠢᠷᠤᠮᠯᠡᠬᠤ ᠤᠷᠢᠲᠠᠯ ᠤᠨ ᠲᠤᠤᠷ᠎ᠠ᠂ ᠪᠠᠶ᠎ᠠ ᠪᠠᠨ ᠲᠠᠭᠠᠭᠠᠵᠤ ᠠᠵᠤ | ᠠᠬᠤᠢ ᠶᠢᠨ ᠠᠵᠢᠯᠯᠠᠭ᠎ᠠ ᠭᠢᠬᠦ ᠡᠵᠡᠨ ᠮᠡᠲᠡᠬᠦ ᠡᠷᠭᠡ ᠲᠠᠢ᠃ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠨᠤᠭᠤᠳ ᠠᠷᠠᠳᠴᠢᠯᠠᠭᠰᠠᠨ ᠬᠠᠮᠢᠶᠠᠷᠤᠯᠲᠠ ᠶᠠᠪᠤᠭᠤᠯᠵᠤ᠂ ᠬᠠᠤᠯᠢ ᠳᠤ ᠲᠤᠭᠳᠠᠭᠠᠭᠰᠠᠨ ᠶᠤᠰᠤᠭᠠᠷ | ᠬᠠᠮᠢᠶᠠᠷᠤᠯᠲᠠ ᠶᠢᠨ ᠠᠵᠢᠯᠲᠠᠨ ᠢᠶᠠᠨ ᠰᠤᠩᠭᠤᠬᠤ ᠪᠠ ᠪᠠᠭᠤᠯᠭᠠᠵᠤ᠂ ᠡᠵᠡᠩᠨᠡᠯᠲᠠ ᠬᠠᠮᠢᠶᠠᠷᠤᠯᠲᠠ ᠶᠢᠨ ᠴᠢᠬᠤᠯᠠ | ᠠᠰᠠᠭᠤᠲᠠᠯ ᠤᠳ ᠢᠶᠠᠨ ᠲᠤᠭᠲᠠᠭᠠᠨ᠎ᠠ᠃ | ᠠᠷᠪᠠᠨ ᠨᠠᠢᠮᠠᠲᠤᠭᠠᠷ ᠵᠦᠢᠯ ᠭᠠᠲᠠᠭᠠᠲᠤ ᠤᠯᠤᠰ ᠤᠨ ᠠᠵᠤ ᠠᠬᠤᠢᠢᠯᠠᠯ᠂ ᠠᠵᠤ ᠠᠬᠤᠢ ᠶᠢᠨ ᠪᠤᠰᠤᠤᠨ | ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠤ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠬᠠᠤᠯᠢ ᠳᠤ ᠲᠤᠭᠳᠠᠭᠠᠭᠰᠠᠨ ᠶᠤᠰᠤᠭᠠᠷ ᠲᠤᠮᠲᠠᠲᠤ ᠤᠯᠤᠰ ᠲᠤ ᠪᠠᠯᠠ ᠤᠷᠤᠭᠤᠯᠬᠤ᠂ ᠲᠤᠮᠲᠠᠲᠤ ᠤᠯᠤᠰ ᠤᠨ ᠠᠵᠤ | ᠠᠬᠤᠢᠢᠯᠠᠯ ᠪᠤᠶᠤ ᠠᠵᠤ ᠠᠬᠤᠢ ᠶᠢᠨ ᠪᠤᠰᠤᠤᠨ ᠵᠤᠬᠢᠶᠠᠨ ᠪᠠᠶᠢᠭᠤᠯᠤᠯᠲᠠ ᠯᠤᠭ᠎ᠠ ᠠᠵᠤ ᠠᠬᠤᠢ ᠶᠢᠨ ᠤᠯᠠᠨ | ᠭᠡᠯᠪᠠᠷᠢ ᠶᠢᠨ ᠬᠠᠮᠵᠢᠯᠴᠠᠭ᠎ᠠ ᠭᠢᠬᠦ ᠶᠢ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠵᠦᠪᠰᠢᠶᠠᠷᠡᠨ᠎ᠠ᠃ | ᠲᠤᠮᠲᠠᠲᠤ ᠤᠯᠤᠰ ᠤᠨ ᠭᠢᠯᠢ ᠶᠢᠨ ᠲᠤᠲᠤᠷ᠎ᠠ ᠪᠠᠶᠢᠭ᠎ᠠ ᠭᠠᠲᠠᠭᠠᠲᠤ ᠤᠯᠤᠰ ᠤᠨ ᠠᠵᠤ ᠠᠬᠤᠢᠢᠯᠠᠯ ᠪᠤᠯᠤᠨ | ᠭᠠᠲᠠᠭᠠᠲᠤ ᠤᠯᠤᠰ ᠤᠨ ᠠᠵᠤ ᠠᠬᠤᠢ ᠶᠢᠨ ᠪᠤᠰᠤᠤᠨ ᠵᠤᠬᠢᠶᠠᠨ ᠪᠠᠶᠢᠭᠤᠯᠤᠯᠲᠠ ᠭᠢᠭᠡᠳ ᠲᠤᠮᠲᠠᠲᠤ ᠭᠠᠲᠠᠭᠠᠲᠤ ᠶᠢᠨ | ᠪᠠᠯᠠ ᠨᠠᠶᠢᠯᠡᠬᠦᠯᠦᠨ ᠡᠵᠡᠩᠨᠡᠭᠰᠡᠨ ᠠᠵᠤ ᠠᠬᠤᠢᠢᠯᠠᠯ ᠤᠳ ᠡᠷᠭᠡᠪᠰᠢ ᠪᠦᠭᠦᠳ᠋ᠨ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠬᠠᠤᠯᠢ ᠴᠠᠭᠠᠵᠠ ᠶᠢ ᠵᠢᠷᠤᠮᠯᠡᠬᠤ ᠭᠡᠷᠡᠭᠲᠡᠢ᠃ ᠲᠡᠲᠡᠨ ᠤ ᠬᠠᠤᠯᠢ ᠶᠤᠰᠤᠨ ᠤ ᠡᠷᠭᠡ ᠠᠰᠢᠭ ᠢ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠤᠯᠢ ᠪᠠᠷ ᠬᠠᠮᠠᠭᠠᠯᠠᠨ᠎ᠠ᠃ | ᠠᠷᠪᠠ ᠶᠢᠰᠤᠲᠤᠭᠡᠷ ᠵᠦᠢᠯ ᠤᠯᠤᠰ ᠠᠴᠠ ᠨᠠᠶᠢᠭᠡᠮ ᠵᠢᠷᠤᠮ ᠤᠨ ᠰᠤᠷᠭᠠᠨ ᠬᠦᠮᠦᠵᠢᠯ ᠤᠨ ᠦᠢᠯᠡᠰ ᠢ | ᠬᠦᠭᠵᠢᠬᠦᠯᠵᠤ᠂ ᠪᠦᠬᠦ ᠤᠯᠤᠰ ᠤᠨ ᠠᠷᠠᠳ ᠲᠦᠮᠠᠨ ᠤ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠤᠨ ᠭᠢᠷᠢ | ᠭᠡᠮᠵᠢᠶ᠎ᠠ ᠶᠢ ᠲᠡᠭᠡᠭᠰᠢᠯᠡᠬᠦᠯᠦᠨ᠎ᠠ᠃ ᠤᠯᠤᠰ ᠠᠴᠠ ᠡᠯ᠎ᠠ ᠵᠦᠢᠯ ᠤᠨ ᠰᠤᠷᠭᠠᠭᠤᠯᠢ ᠶᠢ ᠡᠷᠬᠢᠯᠡᠨ ᠪᠠᠶᠢᠭᠤᠯᠵᠤ᠂ | ᠠᠩᠬ᠎ᠠ ᠵᠡᠷᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠬᠦᠯᠦᠨ᠂ ᠲᠤᠮᠲᠠᠲᠤ ᠵᠡᠷᠭᠡ ᠶᠢᠨ | ᠰᠤᠷᠭᠠᠨ ᠬᠦᠮᠦᠵᠢᠯ᠂ ᠲᠤᠬᠠᠢᠢᠯᠠᠭᠰᠠᠨ ᠠᠵᠢᠯ ᠤᠨ ᠰᠣᠷᠭᠠᠨ ᠬᠦᠮᠦᠵᠢᠯ ᠪᠠ ᠲᠡᠭᠡᠲᠤ ᠵᠡᠷᠭᠡ ᠶᠢᠨ ᠰᠤᠷᠭᠠᠨ | ᠬᠦᠮᠦᠵᠢᠯ ᠢ ᠬᠦᠭᠵᠢᠬᠦᠯᠬᠦ ᠪᠦᠭᠡᠳ ᠰᠤᠷᠭᠠᠭᠤᠯᠢ ᠳᠤ ᠤᠷᠤᠬᠤ ᠠᠴᠠ ᠡᠮᠤᠨᠡᠭᠢ ᠰᠤᠷᠭᠠᠨ ᠬᠦᠮᠦ᠋ᠯ ᠢ | ᠭᠦᠭᠵᠢᠬᠦᠯᠦᠨ᠎ᠠ᠃ ᠤᠯᠤᠰ ᠠᠴᠠ ᠰᠤᠷᠭᠠᠨ ᠬᠦᠮᠦᠵᠢᠯ ᠤᠨ ᠡᠯ᠎ᠠ ᠵᠦᠢᠯ ᠤᠨ ᠲᠦᠬᠦᠭᠡᠷᠤᠮᠵᠢ ᠶᠢ | ᠨᠡᠮᠡᠭᠲᠡᠬᠦᠯᠦᠨ᠂ ᠦᠰᠦᠭ ᠦᠯᠦ ᠲᠠᠨᠢᠬᠤ ᠶᠠᠪᠤᠲᠠᠯ ᠢ ᠤᠰᠠᠳᠬᠠᠵᠤ᠂ ᠠᠵᠢᠯᠴᠢᠨ᠂ ᠲᠠᠷᠢᠶᠠᠴᠢᠨ᠂ ᠲᠦᠷᠤ ᠶᠢᠨ | ᠠᠵᠢᠯᠲᠠᠨ ᠪᠠ ᠪᠤᠰᠤᠤᠨ ᠬᠦᠲᠡᠯᠮᠤᠷᠢᠴᠢᠳ ᠲᠤ ᠤᠯᠤᠰ ᠲᠦᠷᠤ᠂ ᠰᠤᠶᠤᠯ ᠪᠤᠯᠪᠠᠰᠤᠷᠠᠯ᠂ ᠰᠢᠨᠵᠢᠯᠡᠬᠦ ᠤᠬᠠᠭᠠᠨ᠂ | ᠲᠧᠭᠨᠢᠭ ᠮᠡᠷᠭᠡᠵᠢᠯ᠂ ᠲᠤᠬᠠᠢᠢᠯᠠᠭᠰᠠᠨ ᠠᠵᠢᠯ ᠤᠨ ᠬᠦᠮᠦᠵᠢᠯ ᠭᠢᠵᠤ᠂ ᠦᠪᠠᠷ ᠢᠶᠠᠨ ᠰᠤᠷᠴᠤ ᠴᠢᠲᠠᠪᠤᠷᠢᠲᠠᠨ ᠪᠤᠯᠬᠤ | ᠶᠢ ᠵᠤᠷᠢᠬᠵᠢᠭᠤᠯᠤᠨ᠎ᠠ᠃ ᠤᠯᠤᠰ ᠠᠴᠠ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ | ᠤᠯᠤᠰ ᠤᠨ ᠠᠵᠤ ᠠᠬᠤᠢᠢᠯᠠᠯ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠪᠠ ᠨᠠᠶᠢᠭᠡᠮ ᠤᠨ ᠪᠤᠰᠤᠤᠨ | ᠪᠦᠯᠭᠦᠮ ᠤᠨ ᠬᠠᠤᠯᠢ ᠳᠤ ᠲᠤᠭᠲᠠᠭᠠᠭᠰᠠᠨ ᠶᠤᠰᠤᠭᠠᠷ ᠡᠯ᠎ᠠ ᠵᠦᠢᠯ ᠤᠨ ᠰᠤᠷᠭᠠᠨ ᠬᠦᠮᠦᠵᠢᠯ ᠤᠨ ᠦᠢᠯᠡᠰ ᠡᠷᠭᠢᠯᠡᠬᠦ | ᠶᠢ ᠵᠤᠷᠢᠬᠵᠢᠭᠤᠯᠤᠨ᠎ᠠ᠃ ᠤᠯᠤᠰ ᠠᠴᠠ ᠪᠦᠬᠦ ᠤᠯᠤᠰ ᠲᠤ ᠨᠠᠶᠢᠲᠠᠮ ᠭᠡᠷᠡᠭᠯᠡᠵᠤ ᠪᠠᠶᠢᠭ᠎ᠠ ᠨᠡᠶᠢᠲᠡᠯᠢᠭ | ᠭᠡᠯᠡ ᠶᠢ ᠲᠡᠯᠭᠡᠷᠡᠬᠦᠯᠦᠨ᠎ᠠ᠃ | ᠬᠤᠷᠢᠲᠤᠭᠠᠷ ᠵᠦᠢᠯ ᠤᠯᠤᠰ ᠠᠴᠠ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠠᠶᠢᠭᠡᠮ ᠤᠨ ᠰᠢᠨᠵᠢᠯᠡᠬᠦ | ᠤᠬᠠᠭᠠᠨ ᠤ ᠦᠢᠯᠡᠰ ᠢ ᠭᠦᠭᠵᠢᠬᠦᠯᠵᠤ᠂ ᠰᠢᠨᠵᠢᠯᠡᠬᠦ ᠤᠬᠠᠭᠠᠨ ᠪᠠ ᠲᠧᠭᠨᠢᠭ ᠮᠡᠷᠭᠡᠵᠢᠯ ᠤᠨ ᠮᠡᠲᠡᠯᠭᠡ ᠶᠢ | ᠲᠡᠭᠡᠭᠰᠢᠯᠡᠬᠦᠯᠵᠤ᠂ ᠰᠢᠨᠵᠢᠯᠡᠬᠦ ᠤᠬᠠᠭᠠᠨ ᠤ ᠰᠤᠲᠤᠯᠭᠠᠨ ᠤ ᠠᠮᠵᠢᠯᠲᠠ ᠪᠦᠲᠦᠭᠡᠯ ᠪᠤᠯᠤᠨ ᠲᠧᠭᠨᠢᠭ ᠮᠡᠷᠭᠡᠵᠢᠯ ᠤᠨ | ᠨᠡᠭᠡᠭᠡᠯᠲᠠ ᠡᠬᠦᠲᠦᠯᠲᠠ ᠶᠢ ᠬᠦᠭᠢᠬᠦᠯᠦᠨ ᠱᠠᠩᠨᠠᠨ᠎ᠠ᠃ | ᠬᠤᠷᠢᠨ ᠨᠢᠭᠡᠲᠤᠭᠡᠷ ᠵᠦᠢᠯ ᠤᠯᠤᠰ ᠠᠴᠠ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ | ᠬᠦᠭᠵᠢᠬᠦᠯᠵᠤ᠂ ᠤᠲᠤ ᠦᠶ᠎ᠠ ᠶᠢᠨ ᠡᠮ ᠡᠮᠨᠡᠯᠭᠡ ᠪᠠ ᠮᠠᠨ ᠤ ᠤᠯᠤᠰ ᠤᠨ ᠤᠯᠠᠮᠵᠢᠯᠠᠯᠲᠤ ᠡᠮ ᠡᠮᠨᠡᠯᠭᠡ ᠶᠢ | ᠭᠦᠭᠵᠢᠬᠦᠯᠵᠤ᠂ ᠬᠦᠲᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠤᠯᠤᠰ ᠤᠨ | ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ ᠪᠠ ᠵᠡᠭᠡᠯᠢ ᠭᠤᠲᠤᠮᠵᠢ ᠶᠢᠨ ᠵᠤᠬᠢᠶᠠᠨ | ᠪᠠᠶᠢᠭᠤᠯᠤᠯᠲᠠ ᠶᠢᠨ ᠡᠮ ᠡᠮᠨᠡᠯᠭᠡ ᠡᠷᠡᠬᠦᠯ ᠬᠠᠮᠠᠭᠠᠯᠠᠯ ᠤᠨ ᠡᠯ᠎ᠠ ᠵᠦᠢᠯ ᠤᠨ ᠲᠦᠬᠦᠭᠡᠷᠤᠮᠵᠢ ᠭᠠᠷᠭᠠᠵᠤ᠂ ᠤᠯᠠᠨ | ᠲᠦᠮᠡᠨᠴᠢ ᠴᠢᠨᠠᠷ ᠲᠠᠢ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠵᠤ᠂ ᠠᠷᠠᠳ ᠲᠦᠮᠠᠨ ᠤ ᠡᠷᠡᠬᠦᠯ ᠴᠢᠭᠢᠷᠠᠭ ᠢ | ᠬᠠᠮᠠᠭᠠᠯᠠᠬᠤ ᠶᠢ ᠵᠤᠷᠢᠬᠵᠢᠭᠤᠯᠤᠨ ᠲᠡᠮᠵᠢᠨ᠎ᠠ᠃ ᠤᠯᠤᠰ ᠠᠴᠠ ᠪᠠᠶ᠎ᠠ ᠶᠢᠨ ᠲᠠᠮᠢᠷ ᠤᠨ ᠦᠢᠯᠡᠰ ᠢ | ᠭᠦᠭᠵᠢᠬᠦᠯᠦᠨ᠂ ᠤᠯᠠᠨ ᠲᠦᠮᠡᠨᠴᠢ ᠴᠢᠨᠠᠷ ᠲᠠᠢ ᠪᠡᠶ᠎ᠠ ᠶᠢᠨ ᠲᠠᠮᠢᠷ ᠤᠨ ᠬᠦᠲᠡᠯᠭᠡᠭᠡᠨ ᠢ ᠦᠷᠨᠢᠬᠦᠯᠵᠤ᠂ ᠠᠷᠠᠳ | ᠲᠦᠮᠠᠨ ᠤ ᠪᠠᠶ᠎ᠠ ᠮᠠᠬᠠᠪᠤᠤᠨ ᠢ ᠴᠢᠬᠢᠷᠠᠭᠵᠢᠭᠤᠯᠤᠨ᠎ᠠ᠃ | ᠬᠤᠷᠢᠨ ᠬᠤᠶᠠᠲᠤᠭᠠᠷ ᠵᠦᠢᠯ ᠤᠯᠤᠰ ᠠᠴᠠ ᠠᠷᠠᠳ ᠲᠦᠮᠠᠨ ᠳᠤ ᠦᠢᠯᠡᠴᠢᠯᠡᠬᠦ᠂ ᠨᠠᠶᠢᠭᠡᠮ ᠵᠢᠷᠤᠮ ᠳᠤ | ᠦᠢᠯᠡᠴᠢᠯᠡᠬᠦ ᠤᠳᠬ᠎ᠠ ᠵᠤᠭᠢᠶᠠᠯ ᠤᠷᠠᠯᠢᠭ ᠤᠨ ᠦᠢᠯᠡᠰ᠂ ᠰᠤᠨᠢᠨ ᠮᠡᠲᠡᠭᠡᠯᠡᠯ ᠷᠠᠲᠢᠤ᠋ ᠨᠠᠪᠲᠠᠷᠠᠬᠦᠯᠭᠡ ᠲᠧᠯᠸᠢᠰ ᠤᠨ | ᠦᠢᠯᠡᠰ᠂ ᠭᠡᠪᠯᠡᠨ ᠲᠠᠷᠬᠠᠭᠠᠬᠤ ᠦᠢᠯᠡᠰ᠂ ᠨᠤᠮ ᠤᠨ ᠰᠠᠩ᠂ ᠮᠦᠽᠸᠢ᠂ ᠰᠤᠶᠤᠯ ᠤᠨ ᠭᠡᠷ ᠪᠠ ᠰᠤᠶᠤᠯ ᠤᠨ | ᠪᠤᠰᠤᠤᠨ ᠦᠢᠯᠡᠰ ᠢ ᠬᠦᠭᠵᠢᠬᠦᠯᠵᠤ᠂ ᠤᠯᠠᠨ ᠲᠦᠮᠠᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠶᠢ ᠦᠷᠨᠢᠬᠦᠯᠦᠨ᠎ᠠ᠃ | ᠤᠯᠤᠰ ᠠᠴᠠ ᠠᠯᠲᠠᠷᠲᠤ ᠦᠵᠡᠮᠵᠢ ᠡᠷᠲᠡᠨ ᠤ ᠲᠤᠷᠠᠰᠬᠠᠯ᠂ ᠲᠡᠤᠭᠡ ᠶᠢᠨ ᠬᠤᠪᠤᠷ ᠨᠠᠨᠲᠢᠨ ᠲᠤᠷᠠᠰᠬᠠᠯᠲᠤ | ᠵᠦᠢᠯ ᠪᠠ ᠲᠡᠤᠭᠡ ᠰᠤᠶᠤᠯ ᠤᠨ ᠪᠤᠰᠤᠤᠨ ᠴᠢᠬᠤᠯᠠ ᠦᠪ ᠢ ᠬᠠᠮᠠᠭᠠᠯᠠᠨ᠎ᠠ᠃ | ᠬᠤᠷᠢᠨ ᠭᠤᠷᠪᠠᠲᠤᠭᠠᠷ ᠵᠦᠢᠯ ᠤᠯᠤᠰ ᠠᠴᠠ ᠨᠠᠶᠢᠭᠡᠮ ᠵᠢᠷᠤᠮ ᠳᠤ ᠦᠢᠯᠡᠴᠢᠯᠡᠬᠦ ᠤᠯᠠᠨ ᠲᠠᠯ᠎ᠠ ᠶᠢᠨ | ᠲᠤᠰᠬᠠᠢ ᠴᠢᠲᠠᠪᠤᠷᠢᠲᠠᠨ ᠢ ᠬᠦᠮᠦᠵᠢᠬᠦᠯᠦᠨ᠂ ᠰᠡᠭᠡᠭᠡᠲᠠᠨ ᠤ ᠡᠩᠨᠡᠭᠡ ᠶᠢ ᠦᠷᠭᠡᠳᠭᠡᠵᠤ᠂ ᠨᠦᠬᠦᠴᠡᠯ | ᠪᠦᠷᠢᠯᠲᠦᠬᠦᠯᠵᠤ ᠪᠠᠶᠢᠭᠠᠳ ᠲᠡᠲᠡᠨ ᠤ ᠨᠡᠶᠢᠭᠡᠮ ᠵᠢᠷᠤᠮ ᠤᠨ ᠤᠲᠤᠭᠢᠴᠢᠯᠡᠬᠤ ᠪᠦᠲᠦᠭᠡᠨ ᠪᠢᠠᠢᠭᠤᠯᠤᠯᠲᠠ ᠶᠢᠨ | ᠲᠤᠮᠳ᠋ᠨ ᠭᠠᠷᠭᠠᠬᠤ ᠦᠢᠯᠡᠲᠤᠯ ᠢ ᠬᠦᠢᠴᠡᠳ ᠪᠠᠲᠠᠷᠠᠭᠤᠯᠤᠨ᠎ᠠ᠃ | ᠬᠤᠷᠢᠨ ᠲᠦᠷᠪᠡᠲᠤᠭᠡᠷ ᠵᠦᠢᠯ ᠤᠯᠤᠰ ᠠᠴᠠ ᠬᠦᠰᠡᠯᠡᠩ ᠤᠨ ᠬᠦᠮᠦᠵᠢᠯ᠂ ᠶᠤᠰᠤ ᠮᠤᠷᠠᠯ ᠤᠨ ᠬᠦᠮᠦᠵᠢᠯ | ᠂ ᠰᠤᠶᠤᠯ ᠪᠤᠯᠪᠠᠰᠤᠷᠠᠯ ᠤᠨ ᠬᠦᠮᠦᠵᠢᠯ᠂ ᠰᠠᠭᠢᠯᠭ᠎ᠠ ᠪᠠᠲᠤ ᠪᠠ ᠬᠠᠤᠯᠢ ᠲᠦᠷᠢᠮ ᠤᠨ ᠬᠦᠮᠤᠵᠢᠯ ᠢ ᠲᠦᠭᠡᠮᠡᠯᠵᠢᠬᠦᠯᠬᠦ | ᠪᠠᠷ ᠲᠠᠮᠵᠢᠭᠤᠯᠵᠤ᠂ ᠬᠤᠲᠠ ᠬᠦᠲᠡᠭᠡ ᠶᠢᠨ ᠠᠲᠠᠯᠢ ᠪᠤᠰᠤ ᠭᠡᠪᠴᠢᠶᠠᠨ ᠳᠠᠬᠢ ᠤᠯᠠᠨ ᠲᠦᠮᠠᠨ ᠤ ᠲᠤᠲᠤᠷ᠎ᠠ ᠡᠯ᠎ᠠ | ᠵᠦᠢᠯ ᠤᠨ ᠲᠦᠷᠢᠮ᠂ ᠭᠡᠷ᠎ᠠ ᠲᠤᠭᠲᠠᠭᠠᠨ ᠭᠡᠷᠡᠭᠵᠢᠬᠦᠯᠬᠦ ᠪᠠᠷ ᠲᠠᠮᠵᠢᠭᠤᠯᠵᠤ᠂ ᠨᠡᠶᠢᠭᠡᠮ ᠵᠢᠷᠤᠮ ᠤᠨ ᠤᠶᠤᠨ ᠤ | ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠠᠴᠠ ᠡᠭᠡ ᠤᠷᠤᠨ ᠢᠶᠠᠨ ᠬᠠᠶᠢᠷᠠᠯᠠᠬᠤ᠂ | ᠠᠷᠠᠳ ᠲᠦᠮᠠᠨ ᠢᠶᠠᠨ ᠬᠠᠶᠢᠷᠠᠯᠠᠬᠤ᠂ ᠬᠦᠲᠡᠯᠮᠤᠷᠢ ᠳᠤ ᠲᠤᠷᠠᠲᠠᠢ᠂ ᠰᠢᠨᠵᠢᠯᠡᠬᠦ ᠤᠬᠠᠭᠠᠨ ᠳᠤ ᠲᠤᠷᠠᠲᠠᠢ᠂ ᠨᠠᠶᠢᠭᠡᠮ | ᠵᠢᠷᠤᠮ ᠢ ᠬᠠᠶᠢᠷᠠᠯᠬᠤ ᠨᠠᠶᠢᠲᠠ ᠶᠢᠨ ᠶᠤᠰᠤ ᠮᠤᠷᠠᠯ ᠢ ᠡᠷᠭᠢᠮᠯᠡᠵᠤ᠂ ᠠᠷᠠᠳ ᠲᠦᠮᠠᠨ ᠳᠤ ᠡᠭᠡ ᠤᠷᠤᠨᠴᠢ ᠦᠵᠡᠯ᠂ | ᠨᠠᠶᠢᠲᠠᠴᠢ ᠦᠵᠡᠯ᠂ ᠢᠨᠲ᠋ᠧᠷᠨᠠᠼᠢᠤᠨᠠᠯ ᠤᠨ ᠦᠵᠡᠯ ᠪᠠ ᠡᠪ ᠬᠠᠮᠲᠤᠴᠢ ᠦᠵᠡᠯ ᠤᠨ ᠬᠦᠮᠤᠵᠢᠯ ᠭᠢᠵᠤ᠂ | ᠬᠤᠪᠢᠰᠤᠩᠭᠤᠢ ᠪᠤᠲᠠᠰᠴᠢ ᠦᠵᠡᠯ ᠪᠠ ᠲᠡᠤᠭᠡ ᠶᠢᠨ ᠪᠤᠲᠠᠰᠴᠢ ᠦᠵᠡᠯ ᠤᠨ ᠬᠦᠮᠤᠵᠢᠯ ᠭᠢᠨ᠎ᠠ᠂ ᠬᠦᠷᠤᠩᠭᠡᠲᠤ | ᠶᠤᠰᠤᠨ ᠤ ᠦᠵᠡᠯ ᠰᠠᠨᠠᠭ᠎ᠠ᠂ ᠹᠸᠤᠲᠠᠯ ᠤᠨ ᠦᠵᠡᠯ ᠰᠠᠨᠠᠭ᠎ᠠ ᠪᠠ ᠪᠤᠰᠤᠤᠨ ᠢᠯᠵᠡᠷᠠᠮᠠᠯ ᠦᠵᠡᠯ ᠰᠠᠨᠠᠭ᠎ᠠ ᠶᠢ | ᠡᠰᠡᠷᠬᠦᠴᠡᠨ᠎ᠠ᠃ | ᠬᠤᠷᠢᠨ ᠲᠠᠪᠤᠲᠤᠭᠠᠷ ᠵᠦᠢᠯ ᠤᠯᠤᠰ ᠠᠴᠠ ᠲᠦᠯᠤᠪᠯᠡᠭᠡ ᠲᠠᠢ ᠪᠠᠷ ᠭᠡᠤᠭᠡᠤᠨ ᠠᠪᠬᠤ ᠲᠦᠷᠢᠮ ᠢ | ᠭᠡᠷᠡᠭᠵᠢᠬᠦᠯᠵᠤ᠂ ᠬᠦᠮᠦᠨ ᠠᠮᠠ ᠶᠢᠨ ᠦᠰᠦᠯᠲᠠ ᠶᠢ ᠠᠵᠤ ᠠᠬᠤᠢ ᠪᠠ ᠨᠡᠶᠢᠭᠡᠮ ᠤᠨ ᠭᠦᠭᠵᠢᠯ ᠤᠨ ᠲᠦᠯᠦᠪᠯᠡᠭᠡ | ᠲᠠᠢ ᠵᠤᠬᠢᠴᠠᠭᠤᠯᠤᠨ᠎ᠠ᠃ | ᠬᠤᠷᠢᠨ ᠵᠢᠷᠭᠤᠲᠤᠭᠠᠷ ᠵᠦᠢᠯ ᠤᠯᠤᠰ ᠠᠴᠠ ᠠᠮᠢᠲᠤᠷᠠᠯ ᠤᠨ ᠤᠷᠴᠢᠨ ᠲᠤᠭᠤᠷᠢᠨ ᠪᠠ ᠠᠮᠢ ᠠᠬᠤᠢ ᠶᠢᠨ | ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠤ᠂ ᠪᠤᠭᠢᠷᠲᠤᠭᠤᠯᠤᠯ ᠪᠠ ᠤᠯᠠᠨ ᠨᠠᠶᠢᠲᠠ ᠳᠤ ᠬᠤᠤᠷ ᠬᠦᠨᠤᠭᠡᠯ | ᠤᠴᠠᠷᠠᠭᠤᠯᠬᠤ ᠪᠤᠰᠤᠤᠨ ᠬᠤᠤᠷᠲᠠᠭᠤᠯᠤᠯ ᠢ ᠰᠡᠷᠭᠡᠶᠢᠯᠡᠨ ᠵᠠᠰᠠᠨ᠎ᠠ᠃ ᠤᠯᠤᠰ ᠠᠴᠠ ᠮᠤᠲᠤ ᠲᠠᠷᠢᠵᠤ | ᠦᠢᠵᠢᠭᠤᠯᠬᠤ ᠶᠠᠪᠤᠲᠠᠯ ᠢ ᠵᠤᠬᠢᠶᠠᠨ ᠪᠠᠶᠢᠭᠤᠯᠬᠤ ᠪᠠ ᠵᠤᠷᠢᠬᠵᠢᠭᠤᠯᠵᠤ᠂ ᠮᠤᠲᠤ ᠰᠢᠭᠤᠢ ᠶᠢ ᠬᠠᠮᠠᠭᠠᠯᠠᠨ᠎ᠠ᠃ | | ᠬᠤᠷᠢᠨ ᠲᠤᠯᠤᠲᠤᠭᠠᠷ ᠵᠦᠢᠯ ᠲᠦᠷᠤ ᠶᠢᠨ ᠪᠠᠶᠢᠭᠤᠯᠭ᠎ᠠ ᠪᠦᠬᠦᠨ ᠴᠦᠮ ᠴᠤᠮᠬᠠᠳᠬᠠᠬᠤ ᠵᠠᠷᠴᠢᠮ ᠢ | ᠭᠡᠷᠡᠭᠵᠢᠬᠦᠯᠦᠨ᠂ ᠠᠵᠢᠯ ᠤᠨ ᠬᠠᠷᠢᠭᠤᠴᠯᠠᠭ᠎ᠠ ᠶᠢᠨ ᠲᠦᠷᠢᠮ ᠢ ᠭᠡᠷᠡᠭᠵᠢᠬᠦᠯᠵᠤ᠂ ᠠᠵᠢᠯᠲᠠᠨ ᠢ ᠪᠤᠯᠪᠠᠰᠤᠷᠠᠭᠤᠯᠬᠤ | ᠪᠠ ᠰᠢᠯᠭᠠᠨ ᠭᠢᠨᠠᠬᠤ ᠲᠦᠷᠢᠮ ᠢ ᠭᠡᠷᠡᠭᠵᠢᠬᠦᠯᠵᠤ᠂ ᠠᠵᠢᠯ ᠤᠨ ᠶᠠᠰᠤ ᠴᠢᠨᠠᠷ ᠪᠤᠯᠤᠨ ᠠᠵᠢᠯ ᠤᠨ ᠦᠷ᠎ᠠ ᠪᠦᠲᠦᠮᠵᠢ | ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠨᠤᠶᠠᠨᠴᠢ ᠰᠤᠷᠲᠠᠯ ᠢ ᠡᠰᠡᠷᠬᠦᠴᠠᠨᠠ᠃ ᠲᠦᠷᠤ ᠶᠢᠨ ᠪᠠᠶᠢᠭᠤᠯᠭ᠎ᠠ | ᠪᠠ ᠲᠦᠷᠤ ᠶᠢᠨ ᠠᠵᠢᠯᠲᠠᠨ ᠪᠦᠭᠦᠨ ᠡᠷᠭᠡᠪᠰᠢ ᠠᠷᠠᠳ ᠲᠦᠮᠠᠨ ᠤ ᠲᠠᠮᠵᠢᠯᠭᠡ ᠳᠤ ᠲᠦᠰᠢᠭᠯᠡᠨ᠂ ᠠᠷᠠᠳ ᠲᠦᠮᠠᠨ | ᠲᠠᠢ ᠭᠡᠵᠢᠶᠠᠲᠠ ᠨᠢᠭᠲᠠ ᠬᠠᠷᠢᠯᠴᠠᠵᠤ᠂ ᠠᠷᠠᠳ ᠲᠦᠮᠠᠨ ᠤ ᠰᠠᠨᠠᠯ ᠵᠦᠪᠯᠡᠯᠭᠡ ᠶᠢ ᠰᠤᠨᠤᠰᠤᠨ᠂ ᠠᠷᠠᠳ ᠲᠦᠮᠠᠨ ᠤ | ᠭᠢᠨᠠᠯᠲᠠ ᠶᠢ ᠬᠦᠯᠢᠶᠡᠵᠤ᠂ ᠠᠷᠠᠳ ᠲᠦᠮᠠᠨ ᠳᠤ ᠴᠢᠷᠮᠠᠶᠢᠨ ᠦᠢᠯᠡᠴᠢᠯᠡᠬᠦ ᠭᠡᠷᠡᠭᠲᠠᠢ ᠃ | ᠬᠤᠷᠢᠨ ᠨᠠᠢᠮᠠᠲᠤᠭᠠᠷ ᠵᠦᠢᠯ ᠤᠯᠤᠰ ᠠᠴᠠ ᠨᠡᠶᠢᠭᠡᠮ ᠤᠨ ᠡᠮᠭᠢ ᠵᠢᠷᠤᠮ ᠢ ᠬᠠᠮᠠᠭᠠᠯᠠᠨ᠂ ᠤᠯᠤᠰ ᠠᠴᠠ | ᠤᠷᠪᠠᠭᠰᠠᠨ ᠪᠠ ᠤᠯᠤᠰ ᠤᠷᠤᠨ ᠤ ᠠᠮᠤᠷ ᠲᠦᠪᠰᠢᠨ ᠳᠤ ᠬᠤᠤᠷ ᠬᠦᠨᠤᠭᠡᠯ ᠤᠴᠠᠷᠠᠭᠤᠯᠤᠭᠰᠠᠨ ᠪᠤᠰᠤᠤᠨ ᠶᠠᠯᠠᠲᠤ | ᠠᠵᠢᠯᠯᠠᠭ᠎ᠠ ᠶᠢ ᠲᠠᠷᠤᠩᠭᠤᠢᠢᠯᠠᠵᠤ᠂ ᠨᠠᠶᠢᠭᠡᠮ ᠤᠨ ᠠᠮᠤᠷ ᠲᠦᠪᠰᠢᠨ ᠳᠤ ᠬᠤᠤᠷ ᠬᠦᠨᠤᠭᠡᠯ ᠤᠴᠠᠷᠠᠭᠤᠯᠤᠭᠰᠠᠨ᠂ | ᠨᠠᠶᠢᠭᠡᠮ ᠵᠢᠷᠤᠮ ᠤᠨ ᠠᠵᠤ ᠠᠬᠤᠢ ᠶᠢ ᠡᠪᠲᠡᠭᠰᠠᠨ ᠪᠠ ᠪᠤᠰᠤᠤᠨ ᠶᠠᠯ᠎ᠠ ᠭᠢᠭᠰᠡᠨ ᠠᠵᠢᠯᠯᠠᠭ᠎ᠠ ᠶᠢ ᠴᠢᠩᠭ᠎ᠠ ᠰᠢᠳᠭᠡᠵᠤ | ᠂ ᠶᠠᠯᠠᠲᠤ ᠡᠲᠡᠭᠡᠳ ᠢ ᠶᠠᠯᠠᠯᠠᠨ ᠰᠢᠳᠭᠡᠵᠤ᠂ ᠵᠠᠰᠠᠨ ᠦᠭᠡᠷᠡᠴᠢᠯᠡᠨ᠎ᠠ᠃ | ᠬᠤᠷᠢ ᠶᠢᠰᠤᠲᠤᠭᠡᠷ ᠵᠦᠢᠯ ᠪᠦᠭᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠵᠠᠪᠰᠡᠭᠲᠦ ᠬᠦᠴᠦᠨ | ᠪᠤᠯ ᠠᠷᠠᠳ ᠲᠦᠮᠠᠨ ᠤ ᠮᠡᠲᠡᠯ ᠳᠤ ᠪᠠᠶᠢᠨ᠎ᠠ᠃ ᠲᠡᠬᠦᠨ ᠤ ᠡᠬᠦᠷᠭᠡ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢ | ᠪᠠᠭᠢᠵᠢᠬᠦᠯᠵᠤ᠂ ᠲᠦᠷᠢᠮᠭᠡᠶᠢᠯᠡᠯ ᠢ ᠡᠰᠡᠷᠬᠦᠴᠡᠨ᠂ ᠡᠭᠡ ᠤᠷᠤᠨ ᠢᠶᠠᠨ ᠬᠠᠮᠠᠭᠠᠯᠠᠵᠤ᠂ ᠠᠷᠠᠳ ᠲᠦᠮᠠᠨ ᠤ ᠡᠩᠭᠡ | ᠲᠠᠶᠢᠪᠤᠩ ᠬᠦᠲᠡᠯᠮᠤᠷᠢ ᠶᠢ ᠬᠠᠮᠠᠭᠠᠯᠠᠨ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠤᠷᠤᠯᠴᠠᠵᠤ᠂ | ᠠᠷᠠᠳ ᠲᠦᠮᠠᠨ ᠳᠤ ᠴᠢᠷᠮᠠᠶᠢᠨ ᠦᠢᠯᠡᠴᠢᠯᠡᠬᠦ ᠶᠠᠪᠤᠲᠠᠯ ᠪᠤᠯᠤᠨ᠎ᠠ᠃ ᠤᠯᠤᠰ ᠠᠴᠠ ᠵᠠᠪᠰᠡᠭᠲᠦ ᠬᠦᠴᠦᠨ ᠤ | ᠬᠤᠪᠢᠰᠬᠠᠯᠵᠢᠬᠤ᠂ ᠵᠢᠩᠭᠢᠨᠡᠴᠢᠯᠡᠬᠦ ᠪᠠᠶᠢᠭᠤᠯᠤᠯᠲᠠ ᠶᠢ ᠴᠢᠩᠭᠠᠳᠬᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠦᠴᠦᠨ ᠢ ᠴᠢᠩᠭᠠᠷᠠᠭᠤᠯᠤᠨ᠎ᠠ᠃ | ᠭᠤᠴᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠵᠠᠭᠢᠷᠭᠠᠨ ᠤ | ᠬᠤᠪᠢᠶᠠᠷᠢ ᠪᠤᠯ ᠲᠤᠤᠷᠠᠭᠢ ᠮᠠᠲᠤ᠄ ︵ᠨᠢᠭᠡ︶ ᠪᠦᠬᠦ ᠤᠯᠤᠰ ᠢ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠤᠨ ᠬᠠᠷᠢᠶ᠎ᠠ ᠬᠤᠲᠠ ᠪᠤᠯᠭᠠᠨ ᠬᠤᠪᠢᠶᠠᠨ᠎ᠠ︔ ︵ᠬᠤᠶᠠᠷ︶ ᠮᠤᠵᠢ᠂ ᠦᠪᠠᠷᠲᠡᠭᠡᠨ ᠵᠠᠰᠠᠬᠤ ᠤᠷᠤᠨ ᠢ | ᠦᠪᠡᠷᠲᠡᠭᠡᠨ ᠵᠠᠰᠠᠬᠤ ᠵᠸᠤ᠂ ᠰᠢᠶᠠᠨ᠂ ᠦᠪᠠᠷᠲᠡᠭᠡᠨ ᠵᠠᠰᠠᠬᠤ ᠰᠢᠶᠠᠨ᠂ ᠬᠤᠲᠠ ᠪᠤᠯᠭᠠᠨ ᠬᠤᠪᠢᠶᠠᠨ᠎ᠠ︔ | ︵ᠭᠤᠷᠪᠠ︶ ᠰᠢᠶᠠᠨ᠂ ᠦᠪᠡᠷᠲᠡᠭᠡᠨ ᠵᠠᠰᠠᠬᠤ ᠰᠢᠶᠠᠨ ᠢ ᠰᠤᠮᠤ᠂ ᠦᠨᠲᠤᠰᠤᠲᠠᠨ ᠤ ᠰᠤᠮᠤ᠂ ᠪᠠᠯᠭᠠᠰᠤ ᠪᠤᠯᠭᠠᠨ | ᠬᠤᠪᠢᠶᠠᠨ᠎ᠠ᠃ ᠰᠢᠭᠤᠤᠨ ᠬᠠᠷᠢᠶ᠎ᠠ ᠬᠤᠲᠠ ᠪᠠ ᠨᠡᠯᠢᠶᠡᠳ ᠶᠡᠭᠡ ᠰᠢᠭ ᠬᠤᠲᠠ ᠶᠢ ᠲᠤᠭᠤᠷᠢᠭ᠂ ᠰᠢᠶᠠᠨ | ᠪᠤᠯᠭᠠᠨ ᠬᠤᠪᠢᠶᠠᠨ᠎ᠠ᠃ ᠦᠪᠡᠷᠲᠡᠭᠡᠨ ᠵᠠᠰᠠᠬᠤ ᠵᠸᠤ ᠶᠢ ᠰᠢᠶᠠᠨ᠂ ᠦᠪᠡᠷᠲᠡᠭᠡᠨ ᠵᠠᠰᠠᠬᠤ ᠰᠢᠶᠠᠨ᠂ ᠬᠤᠲᠠ | ᠪᠤᠯᠭᠠᠨ ᠬᠤᠪᠢᠶᠠᠨ᠎ᠠ᠃ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ | ᠵᠠᠰᠠᠬᠤ ᠰᠢᠶᠠᠨ ᠪᠤᠯ ᠴᠦᠮ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠪᠤᠯᠤᠨ᠎ᠠ᠃ |