| | | | | | ᠭᠤᠴᠢᠨ ᠨᠢᠭᠡᠲᠤᠭᠡᠷ ᠵᠦᠢᠯ ᠴᠢᠬᠤᠯᠠ ᠲᠠᠢ ᠦᠶ᠎ᠠ ᠳᠤ ᠤᠯᠤᠰ ᠠᠴᠠ ᠵᠠᠰᠠᠭ ᠵᠠᠭᠢᠷᠭᠠᠨ ᠤ ᠤᠨᠴᠠᠭᠠᠢ | ᠤᠷᠤᠨ ᠪᠠᠶᠢᠭᠤᠯᠤᠨ᠎ᠠ᠃ ᠵᠠᠰᠠᠭ ᠵᠠᠭᠢᠷᠭᠠᠨ ᠤ ᠤᠨᠴᠠᠭᠠᠢ ᠤᠷᠤᠨ ᠤ ᠲᠤᠲᠤᠭᠠᠲᠤ ᠳᠤ ᠭᠡᠷᠡᠭᠵᠢᠬᠦᠯᠬᠦ ᠲᠦᠷᠢᠮ ᠢ | ᠪᠤᠲᠠᠲᠤ ᠪᠠᠶᠢᠲᠠᠯ ᠢ ᠨᠢ ᠦᠨᠲᠤᠰᠤᠯᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ | ᠬᠠᠤᠯᠢ ᠪᠠᠷ ᠲᠤᠭᠲᠠᠭᠠᠨ᠎ᠠ᠃ | ᠭᠤᠴᠢᠨ ᠬᠤᠶᠠᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠲᠤᠮᠲᠠᠲᠤ ᠤᠯᠤᠰ ᠤᠨ | ᠭᠢᠯᠢ ᠶᠢᠨ ᠲᠤᠲᠤᠷ᠎ᠠ ᠰᠠᠭᠤᠭ᠎ᠠ ᠭᠠᠳᠠᠭᠠᠳᠦ ᠤᠯᠤᠰ ᠤᠨ ᠬᠦᠮᠦᠨ ᠤ ᠬᠠᠤᠯᠢ ᠶᠤᠰᠤᠨ ᠤ ᠡᠷᠭᠡ ᠠᠰᠢᠭ ᠢ | ᠬᠠᠮᠠᠭᠠᠯᠠᠨ᠎ᠠ᠂ ᠲᠤᠮᠲᠠᠲᠤ ᠤᠯᠤᠰ ᠤᠨ ᠭᠢᠯᠢ ᠶᠢᠨ ᠲᠤᠲᠤᠷ᠎ᠠ ᠰᠠᠭᠤᠭ᠎ᠠ ᠭᠠᠲᠠᠭᠠᠲᠤ ᠤᠯᠤᠰ ᠤᠨ ᠬᠦᠮᠦᠨ ᠡᠷᠭᠡᠪᠰᠢ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠤᠯᠢ ᠴᠠᠭᠠᠵᠠ ᠶᠢ ᠵᠢᠷᠤᠮᠯᠠᠨ ᠲᠠᠭᠠᠬᠤ ᠭᠡᠷᠡᠭᠲᠡᠢ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠯᠤᠰ ᠲᠦᠷᠤ ᠶᠢᠨ ᠰᠢᠯᠲᠠᠭᠠᠨ ᠠᠴᠠ ᠪᠤᠯᠵᠤ ᠠᠶᠤᠯ ᠬᠠᠪᠴᠢᠯ | ᠠᠴᠠ ᠵᠠᠶᠢᠯᠠᠵᠤ ᠰᠠᠭᠤᠬᠤ ᠶᠢ ᠭᠦᠰᠡᠭᠰᠡᠨ ᠭᠠᠲᠠᠭᠠᠲᠤ ᠶᠢᠨ ᠬᠦᠮᠦᠨ ᠳᠤ ᠬᠠᠮᠠᠭᠠᠯᠠᠭᠤᠯᠬᠤ ᠡᠷᠭᠡ ᠤᠯᠭᠤᠵᠤ | ᠪᠤᠯᠤᠨ᠎ᠠ᠃ | ᠬᠤᠶᠠᠲᠤᠭᠠᠷ ᠪᠦᠯᠦᠭ ᠠᠷᠠᠳ ᠢᠷᠭᠡᠨ ᠤ ᠦᠨᠲᠤᠰᠤᠨ ᠡᠷᠭᠡ ᠪᠠ ᠡᠬᠦᠷᠭᠡ | ᠭᠤᠴᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠠᠷᠢᠶᠠᠨ ᠳᠤ | ᠪᠠᠶᠢᠭ᠎ᠠ ᠬᠦᠮᠦᠨ ᠪᠦᠬᠦᠨ ᠴᠦᠮ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠮᠦᠨ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠬᠠᠤᠯᠢ ᠴᠠᠭᠠᠵᠠ ᠶᠢᠨ ᠡᠮᠤᠨ᠎ᠠ ᠴᠦᠮ ᠡᠷᠭᠡ | ᠲᠡᠭᠰᠢ᠃ | ᠤᠯᠤᠰ ᠠᠴᠠ ᠬᠦᠮᠦᠨ ᠤ ᠡᠷᠭᠡ ᠶᠢ ᠬᠦᠨᠲᠤᠳᠭᠡᠵᠤ᠂ ᠪᠠᠲᠤᠯᠠᠨ᠎ᠠ᠃ | ᠠᠷᠠᠳ ᠢᠷᠭᠡᠨ ᠪᠦᠬᠦᠨ ᠦᠨᠲᠤᠰᠤᠨ ᠬᠠᠤᠯᠢ ᠪᠠ ᠬᠠᠤᠯᠢ ᠴᠠᠭᠠᠵᠠ ᠳᠤ ᠲᠤᠭᠳᠠᠭᠠᠭᠰᠠᠨ ᠡᠷᠭᠡ ᠶᠢ | ᠡᠳ᠋ᠯᠡᠬᠦ ᠶᠢᠨ ᠬᠠᠮᠲᠤ ᠦᠨᠲᠤᠰᠤᠨ ᠬᠠᠤᠯᠢ ᠪᠠ ᠬᠠᠤᠯᠢ ᠴᠠᠭᠠᠵᠠ ᠳᠤ ᠲᠤᠭᠲᠠᠭᠠᠭᠰᠠᠨ ᠡᠬᠦᠷᠭᠡ ᠶᠢ ᠡᠷᠭᠡᠪᠰᠢ | ᠬᠦᠢᠴᠡᠳᠭᠡᠬᠦ ᠭᠡᠷᠡᠭᠲᠡᠢ᠃ | ᠭᠤᠴᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦᠯᠢ ᠠᠷᠪᠠᠨ | ᠨᠠᠢᠮᠠᠨ ᠨᠠᠰᠤᠨ ᠳᠤ ᠬᠦᠷᠦᠭᠰᠡᠨ ᠠᠷᠠᠳ ᠢᠷᠭᠡᠨ ᠦᠨᠲᠤᠰᠤᠲᠠᠨ᠂ ᠠᠷᠠᠰᠤᠲᠠᠨ᠂ ᠡᠷᠡᠭᠲᠡᠢ ᠡᠮᠡᠭᠲᠡᠢ᠂ ᠠᠵᠢᠯ᠂ | ᠭᠡᠷ ᠤᠨ ᠭᠠᠷᠤᠯ᠂ ᠱᠠᠰᠢᠨ ᠰᠢᠲᠤᠯᠭᠡ᠂ ᠬᠦᠮᠦᠵᠢᠯ ᠬᠦᠷᠲᠡᠭᠰᠡᠨ ᠭᠡᠮᠵᠢᠶ᠎ᠠ᠂ ᠡᠳ᠋ ᠬᠦᠷᠤᠩᠭᠡ ᠶᠢᠨ ᠪᠠᠶᠢᠲᠠᠯ᠂ | ᠤᠷᠤᠰᠢᠨ ᠰᠠᠭᠤᠭᠰᠠᠨ ᠬᠤᠭᠤᠴᠠᠭ᠎ᠠ ᠶᠢᠨ ᠢᠯᠭᠠᠯ ᠦᠭᠡᠢ ᠴᠦᠮ ᠰᠤᠩᠭᠤᠬᠤ ᠪᠠ ᠰᠤᠩᠭᠤᠭᠲᠠᠬᠤ ᠡᠷᠭᠡ ᠲᠠᠢ︔ | ᠭᠡᠪᠡᠴᠤ ᠤᠯᠤᠰ ᠲᠦᠷᠤ ᠶᠢᠨ ᠡᠷᠭᠡ ᠪᠠᠨ ᠬᠠᠤᠯᠢ ᠶᠤᠰᠤᠭᠠᠷ ᠬᠠᠰᠤᠭᠲᠠᠭᠰᠠᠨ ᠬᠦᠮᠦᠰ ᠡᠬᠦᠨ ᠳᠤ ᠪᠠᠭᠲᠠᠬᠤ ᠦᠭᠡᠢ | ᠃ | ᠭᠤᠴᠢᠨ ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠰᠠᠨᠠᠯ ᠢᠶᠠᠨ ᠭᠡᠯᠡᠬᠦ᠂ ᠭᠡᠪᠯᠡᠨ ᠨᠡᠶᠢᠲᠡᠯᠠᠬᠦ᠂ ᠬᠤᠷᠠᠯ ᠴᠤᠭᠯᠠᠭ᠎ᠠ ᠭᠢᠬᠦ᠂ ᠡᠪᠯᠡᠨ ᠬᠤᠷᠰᠢᠬᠤ᠂ ᠵᠢᠭᠰᠠᠭᠠᠯ ᠶᠠᠪᠤᠭᠤᠯᠬᠤ | ᠂ ᠰᠦᠷ ᠦᠵᠡᠬᠦᠯᠬᠦ ᠡᠷᠭᠡ ᠴᠢᠯᠦᠭᠡ ᠲᠠᠢ᠃ | ᠭᠤᠴᠢᠨ ᠵᠢᠷᠭᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨ ᠱᠠᠰᠢᠨ ᠰᠢᠲᠤᠯᠭᠡ ᠶᠢᠨ ᠡᠷᠭᠡ ᠴᠢᠯᠦᠭᠡ ᠲᠠᠢ᠃ ᠶᠠᠮᠠᠷᠪᠠ ᠲᠦᠷᠦ ᠶᠢᠨ ᠪᠠᠶᠢᠭᠤᠯᠭ᠎ᠠ᠂ ᠨᠠᠶᠢᠭᠡᠮ ᠤᠨ | ᠪᠦᠯᠭᠦᠮ ᠪᠠ ᠬᠤᠪᠢ ᠬᠦᠮᠦᠨ ᠠᠷᠠᠳ ᠢᠷᠭᠡᠨ ᠢ ᠱᠠᠰᠢᠨ ᠰᠢᠲᠤᠬᠦᠯᠬᠦ ᠪᠠᠷ ᠪᠤᠶᠤ ᠱᠠᠰᠢᠨ ᠦᠯᠦ ᠰᠢᠲᠤᠬᠦᠯᠬᠦ ᠪᠠᠷ | ᠠᠯᠪᠠᠲᠠᠵᠤ ᠪᠤᠯᠬᠤ ᠦᠭᠡᠢ᠂ ᠱᠠᠰᠢᠨ ᠰᠢᠲᠦᠭᠦ ᠠᠷᠠᠳ ᠢᠷᠭᠡᠨ ᠪᠠ ᠱᠠᠰᠢᠨ ᠦᠯᠦ ᠰᠢᠲᠦᠭᠦ ᠠᠷᠠᠳ ᠢᠷᠭᠡᠨ ᠢ | ᠭᠠᠲᠠᠭᠤᠷᠴᠢᠯᠡᠵᠤ ᠪᠤᠯᠬᠤ ᠦᠭᠡᠢ᠃ ᠤᠯᠤᠰ ᠠᠴᠠ ᠱᠠᠰᠢᠨ ᠰᠤᠷᠲᠠᠬᠤᠨ ᠤ ᠭᠡᠪ ᠤᠨ ᠠᠵᠢᠯᠠᠯᠭ᠎ᠠ ᠶᠢ | ᠬᠠᠮᠠᠭᠠᠯᠠᠨ᠎ᠠ᠃ ᠶᠠᠮᠠᠷ ᠴᠤ ᠬᠦᠮᠦᠨ ᠭᠡᠤᠨ ᠱᠠᠰᠢᠨ ᠰᠤᠷᠲᠠᠬᠤᠨ ᠢ ᠠᠰᠢᠭᠯᠠᠨ ᠨᠠᠶᠢᠭᠡᠮ ᠤᠨ ᠡᠮᠭᠢ ᠵᠢᠷᠤᠮ ᠢ | ᠡᠪᠲᠡᠬᠦ᠂ ᠠᠷᠠᠳ ᠢᠷᠭᠡᠨ ᠤ ᠡᠷᠡᠬᠦᠯ ᠮᠠᠨᠲᠤ ᠳᠤ ᠬᠤᠭᠢᠷᠠᠯ ᠤᠴᠠᠷᠠᠭᠤᠯᠬᠤ᠂ ᠤᠯᠤᠰ ᠤᠨ ᠰᠤᠷᠭᠠᠨ ᠬᠦᠮᠦᠵᠢᠯ ᠤᠨ | ᠲᠦᠷᠢᠮ ᠢ ᠬᠠᠷᠰᠢᠯᠠᠬᠤ ᠠᠵᠢᠯᠠᠯᠭ᠎ᠠ ᠭᠢᠵᠤ ᠪᠤᠯᠬᠤ ᠦᠭᠡᠢ᠃ ᠱᠠᠰᠢᠨ ᠰᠤᠷᠲᠠᠬᠤᠨ ᠤ ᠪᠦᠯᠭᠦᠮ ᠪᠠ | ᠱᠠᠰᠢᠨ ᠰᠤᠷᠲᠠᠬᠤᠨ ᠤ ᠭᠡᠷᠡᠭ ᠶᠠᠪᠤᠲᠠᠯ ᠭᠠᠲᠠᠭᠠᠲᠤ ᠤᠯᠤᠰ ᠤᠨ ᠬᠦᠴᠦᠨ ᠳᠤ ᠵᠠᠭᠢᠷᠤᠭᠲᠠᠬᠤ ᠦᠭᠡᠢ᠃ | ᠭᠤᠴᠢᠨ ᠲᠤᠯᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠤ | ᠪᠡᠶ᠎ᠠ ᠶᠢᠨ ᠡᠷᠭᠡ ᠴᠢᠯᠦᠭᠡ ᠳᠤ ᠬᠠᠯᠲᠠᠵᠤ ᠪᠤᠯᠬᠤ ᠦᠭᠡᠢ᠃ ᠠᠷᠠᠳ ᠤᠨ ᠪᠠᠶᠢᠴᠠᠭᠠᠬᠤ ᠬᠤᠷᠢᠶᠠᠨ ᠤ | ᠵᠦᠪᠰᠢᠶᠠᠷᠠᠯ ᠪᠤᠶᠤ ᠲᠤᠭᠲᠠᠭᠠᠯ ᠦᠭᠡᠢ᠂ ᠡᠰᠡᠬᠦᠯ᠎ᠠ ᠠᠷᠠᠳ ᠤᠨ ᠰᠢᠬᠦᠬᠦ ᠬᠤᠷᠢᠶᠠᠨ ᠤ ᠲᠤᠭᠲᠠᠭᠠᠯ ᠦᠭᠡᠢ | ᠪᠦᠭᠡᠳ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠᠷ ᠬᠦᠢᠴᠡᠳᠭᠡᠬᠦᠯᠬᠦ ᠦᠭᠡᠢ ᠪᠤᠯ ᠶᠠᠮᠠᠷᠪᠠ ᠠᠷᠠᠳ ᠢᠷᠭᠡᠨ ᠢ | ᠪᠠᠷᠢᠪᠴᠢᠯᠡᠵᠤ ᠪᠤᠯᠬᠤ ᠦᠭᠡᠢ᠃ ᠠᠷᠠᠳ ᠢᠷᠭᠡᠨ ᠢ ᠬᠠᠤᠯᠢ ᠪᠤᠰᠤ ᠪᠠᠷ ᠬᠤᠷᠢᠬᠤ᠂ ᠠᠷᠠᠳ ᠢᠷᠭᠡᠨ ᠤ | ᠪᠡᠶ᠎ᠠ ᠶᠢᠨ ᠡᠷᠭᠡ ᠴᠢᠯᠦᠭᠡ ᠶᠢ ᠪᠤᠰᠤᠤᠨ ᠠᠷᠭ᠎ᠠ ᠪᠠᠷ ᠬᠠᠤᠯᠢ ᠪᠤᠰᠤ ᠪᠠᠷ ᠬᠠᠰᠤᠬᠤ ᠪᠤᠶᠤ ᠭᠢᠵᠠᠭᠠᠷᠯᠠᠬᠤ ᠶᠢ | ᠴᠠᠭᠠᠵᠠᠯᠠᠨ᠎ᠠ᠂ ᠠᠷᠠᠳ ᠢᠷᠭᠡᠨ ᠤ ᠪᠡᠶ᠎ᠠ ᠶᠢ ᠬᠠᠤᠯᠢ ᠪᠤᠰᠤ ᠪᠠᠷ ᠨᠡᠩᠵᠢᠬᠦ ᠶᠢ ᠴᠠᠭᠠᠵᠠᠯᠠᠨ᠎ᠠ᠃ | ᠭᠤᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠤ | ᠨᠠᠷᠠ ᠬᠦᠨᠲᠤ ᠳᠤ ᠬᠠᠯᠲᠠᠵᠤ ᠪᠤᠯᠬᠤ ᠦᠭᠡᠢ᠃ ᠠᠷᠠᠳ ᠢᠷᠭᠡᠳ ᠢ ᠶᠠᠮᠠᠷᠪᠠ ᠠᠷᠭ᠎ᠠ ᠪᠠᠷ ᠭᠤᠲᠤᠭᠠᠨ | ᠲᠤᠷᠤᠮᠵᠢᠯᠠᠬᠤ᠂ ᠬᠦᠳᠭᠡᠬᠦ ᠪᠠ ᠬᠦᠵᠢᠷᠯᠡᠨ ᠵᠠᠭᠠᠯᠲᠤᠵᠤ ᠬᠤᠤᠷᠯᠠᠬᠤ ᠶᠢ ᠴᠠᠭᠠᠵᠠᠯᠠᠨ᠎ᠠ᠃ | ᠭᠤᠴᠢ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠤ | ᠤᠷᠤᠨ ᠰᠠᠭᠤᠴᠨ ᠳᠤ ᠬᠠᠯᠲᠠᠵᠤ ᠪᠤᠯᠬᠤ ᠦᠭᠡᠢ᠃ ᠠᠷᠠᠳ ᠢᠷᠭᠡᠨ ᠤ ᠤᠷᠤᠨ ᠰᠠᠭᠤᠴᠨ ᠶᠢ ᠬᠠᠤᠯᠢ ᠪᠤᠰᠤ ᠪᠠᠷ | ᠨᠠᠩᠵᠢᠬᠦ ᠪᠤᠶᠤ ᠤᠷᠤᠨ ᠰᠠᠭᠤᠴᠨ ᠳᠤ ᠬᠠᠤᠯᠢ ᠪᠤᠰᠤ ᠪᠠᠷ ᠲᠦᠷᠢᠨ ᠤᠷᠤᠬᠤ ᠶᠢ ᠴᠠᠭᠠᠵᠠᠯᠠᠨ᠎ᠠ᠃ | ᠲᠦᠴᠢᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠤ | ᠵᠠᠭᠢᠲᠠᠯ ᠬᠠᠷᠢᠯᠴᠠᠭᠠᠨ ᠤ ᠡᠷᠭᠡ ᠴᠢᠯᠦᠭᠡ ᠪᠠ ᠵᠠᠭᠢᠲᠠᠯ ᠬᠠᠷᠢᠯᠴᠠᠭᠠᠨ ᠤ ᠨᠢᠭᠤᠴᠨ ᠶᠢ ᠬᠠᠤᠯᠢ ᠪᠠᠷ ᠬᠠᠮᠠᠭᠠᠯᠠᠨ᠎ᠠ᠃ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠡᠷᠡᠭᠴᠡᠭᠡ ᠪᠤᠶᠤ ᠡᠷᠡᠬᠦᠦ ᠶᠢᠨ ᠶᠠᠯᠠᠲᠤ ᠭᠡᠷᠡᠭ ᠢ ᠨᠡᠭᠡᠮᠵᠢᠯᠡᠨ | ᠪᠠᠶᠢᠴᠠᠭᠠᠬᠤ ᠭᠡᠷᠡᠭᠴᠡᠭᠡ ᠠᠴᠠ ᠪᠤᠯᠵᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠠᠶᠢᠴᠠᠭᠠᠬᠤ ᠪᠠᠶᠢᠭᠤᠯᠭ᠎ᠠ | ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠵᠠᠭᠢᠲᠠᠯ ᠴᠢᠮᠡᠭᠡ ᠶᠢ ᠪᠠᠶᠢᠴᠠᠭᠠᠬᠤ ᠠᠴᠠ ᠭᠠᠲᠠᠨ᠎ᠠ᠂ ᠶᠠᠮᠠᠷᠪᠠ | ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠠᠷᠠᠳ ᠢᠷᠭᠡᠨ ᠤ ᠵᠠᠭᠢᠲᠠᠯ ᠬᠠᠷᠢᠯᠴᠭᠠᠨ ᠤ ᠡᠷᠭᠡ ᠴᠢᠯᠦᠭᠡ ᠪᠠ | ᠵᠠᠭᠢᠲᠠᠯ ᠬᠠᠷᠢᠯᠴᠭᠠᠨ ᠤ ᠨᠢᠭᠤᠴᠨ ᠳᠤ ᠶᠠᠮᠠᠷ ᠴᠤ ᠰᠢᠯᠲᠠᠭᠠᠨ ᠢᠶᠠᠷ ᠬᠠᠯᠲᠠᠵᠤ ᠪᠤᠯᠬᠤ ᠦᠭᠡᠢ᠃ | ᠲᠦᠴᠢᠨ ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠲᠦᠷᠤ ᠶᠢᠨ ᠶᠠᠮᠠᠷᠪᠠ ᠪᠠᠶᠢᠭᠤᠯᠭ᠎ᠠ ᠭᠢᠭᠡᠳ ᠲᠦᠷᠤ ᠶᠢᠨ ᠠᠯᠢ ᠴᠤ ᠠᠵᠢᠯᠲᠠᠨ ᠳᠤ ᠰᠢᠬᠦᠮᠵᠢᠯᠡᠯ ᠰᠠᠨᠠᠭᠤᠯᠭ᠎ᠠ | ᠲᠠᠯᠪᠢᠬᠤ ᠡᠷᠭᠡ ᠲᠠᠢ︔ ᠲᠦᠷᠤ ᠶᠢᠨ ᠶᠠᠮᠠᠷᠪᠠ ᠪᠠᠶᠢᠭᠤᠯᠭ᠎ᠠ ᠭᠢᠭᠡᠳ ᠲᠦᠷᠤ ᠶᠢᠨ ᠠᠯᠢ ᠴᠤ ᠠᠵᠢᠯᠲᠠᠨ ᠤ ᠬᠠᠤᠯᠢ | ᠶᠢ ᠵᠦᠷᠢᠴᠡᠵᠤ ᠬᠠᠷᠢᠭᠤᠴᠠᠯᠭ᠎ᠠ ᠪᠠᠨ ᠠᠯᠲᠠᠭᠰᠠᠨ ᠠᠵᠢᠯᠯᠠᠭ᠎ᠠ ᠶᠢᠨ ᠲᠤᠬᠠᠢ ᠬᠤᠯᠪᠤᠭᠲᠠᠯ ᠪᠦᠬᠦᠢ ᠲᠦᠷᠤ ᠶᠢᠨ | ᠪᠠᠶᠢᠭᠤᠯᠭ᠎ᠠ ᠳᠤ ᠭᠤᠮᠤᠲᠠᠯ ᠲᠤᠭᠠᠴᠢᠬᠤ᠂ ᠵᠠᠭᠠᠯᠲᠤᠬᠤ ᠪᠤᠶᠤ ᠢᠯᠡᠴᠢᠯᠡᠬᠦ ᠡᠷᠭᠡ ᠲᠠᠢ᠃ ᠭᠡᠪᠡᠴᠤ ᠭᠡᠷᠡᠭ ᠤᠴᠢᠷ ᠢ | ᠬᠤᠲᠠᠯ ᠢᠶᠠᠷ ᠵᠤᠬᠢᠶᠠᠬᠤ ᠪᠤᠶᠤ ᠭᠠᠵᠠᠭᠤᠲᠠᠭᠤᠯᠵᠤ ᠪᠠᠶᠢᠭᠠᠳ ᠬᠦᠵᠢᠷᠯᠠᠨ ᠵᠠᠭᠠᠯᠲᠤᠵᠤ ᠬᠤᠤᠷᠯᠠᠵᠤ ᠪᠤᠯᠬᠤ ᠦᠭᠡᠢ᠃ | ᠬᠤᠯᠪᠤᠭᠲᠠᠯ ᠪᠦᠬᠦᠢ ᠲᠦᠷᠤ ᠶᠢᠨ ᠪᠠᠶᠢᠭᠤᠯᠭ᠎ᠠ ᠡᠷᠭᠡᠪᠰᠢ ᠠᠷᠠᠳ ᠢᠷᠭᠡᠨ ᠤ ᠭᠤᠮᠤᠲᠠᠯ ᠲᠤᠭᠠᠴᠢᠭᠰᠠᠨ᠂ | ᠵᠠᠭᠠᠯᠲᠤᠭᠰᠠᠨ ᠪᠤᠶᠤ ᠢᠯᠡᠴᠢᠯᠡᠭᠰᠡᠨ ᠵᠦᠢᠯ ᠤᠨ ᠭᠡᠷᠡᠭ ᠤᠴᠢᠷ ᠢ ᠪᠠᠶᠢᠴᠠᠭᠠᠨ ᠲᠤᠲᠤᠷᠬᠠᠢᠢᠯᠡᠵᠤ ᠬᠠᠷᠢᠭᠤᠴᠠᠨ | ᠰᠢᠢᠳᠪᠤᠷᠢᠯᠡᠬᠦ ᠭᠡᠷᠡᠭᠲᠡᠢ᠃ ᠶᠠᠮᠠᠷ ᠴᠤ ᠬᠦᠮᠦᠨ ᠭᠡᠤᠨ ᠲᠠᠷᠤᠵᠤ ᠬᠤᠷᠢᠭᠯᠠᠬᠤ ᠪᠤᠶᠤ ᠴᠤᠭᠢᠯᠲᠠ ᠦᠭᠬᠦᠨ ᠦᠰᠢᠶ᠎ᠠ | ᠠᠪᠴᠤ ᠪᠤᠯᠬᠤ ᠦᠭᠡᠢ᠃ ᠠᠷᠠᠳ ᠢᠷᠭᠡᠨ ᠤ ᠡᠷᠭᠡ ᠨᠢ ᠲᠦᠷᠤ ᠶᠢᠨ ᠪᠠᠶᠢᠭᠤᠯᠭ᠎ᠠ ᠪᠠ ᠲᠦᠷᠤ ᠶᠢᠨ | ᠠᠵᠢᠯᠲᠠᠨ ᠤ ᠬᠠᠯᠲᠠᠯᠭ᠎ᠠ ᠳᠤ ᠤᠴᠠᠷᠠᠭᠰᠠᠨ ᠠᠴᠠ ᠪᠤᠯᠵᠤ ᠬᠤᠭᠢᠷᠠᠯ ᠠᠮᠰᠠᠭᠰᠠᠨ ᠬᠦᠮᠦᠨ᠂ ᠬᠠᠤᠯᠢ ᠳᠤ | ᠲᠤᠭᠲᠠᠭᠠᠭᠰᠠᠨ ᠶᠤᠰᠤᠭᠠᠷ ᠲᠦᠯᠦᠪᠤᠷᠢ ᠠᠪᠬᠤ ᠡᠷᠭᠡ ᠲᠠᠢ᠃ | ᠲᠦᠴᠢᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠬᠦᠲᠡᠯᠮᠤᠷᠢᠯᠡᠬᠦ ᠡᠷᠭᠡ ᠪᠠ ᠡᠬᠦᠷᠭᠡ ᠲᠠᠢ᠃ ᠤᠯᠤᠰ ᠠᠴᠠ ᠤᠯᠠᠨ ᠵᠦᠢᠯ ᠤᠨ ᠠᠷᠭ᠎ᠠ ᠵᠠᠮ ᠢᠶᠠᠷ ᠠᠵᠢᠯ | ᠤᠯᠭᠤᠬᠤ ᠨᠦᠬᠦᠴᠡᠯ ᠢ ᠪᠤᠢ ᠪᠤᠯᠭᠠᠵᠤ᠂ ᠬᠦᠲᠡᠯᠮᠤᠷᠢ ᠶᠢᠨ ᠬᠠᠮᠠᠭᠠᠯᠯᠲᠠ ᠶᠢ ᠴᠢᠩᠭᠠᠳᠬᠠᠵᠤ᠂ ᠬᠦᠲᠡᠯᠮᠤᠷᠢ ᠶᠢᠨ | ᠨᠦᠬᠦᠴᠡᠯ ᠢ ᠰᠠᠶᠢᠵᠢᠷᠠᠭᠤᠯᠵᠤ᠂ ᠦᠢᠯᠡᠳᠪᠤᠷᠢᠯᠡᠯ ᠢ ᠬᠦᠭᠵᠢᠬᠦᠯᠦᠭᠰᠡᠨ ᠰᠠᠭᠤᠷᠢ ᠲᠡᠭᠡᠷ᠎ᠠ ᠬᠦᠲᠡᠯᠮᠤᠷᠢ ᠶᠢᠨ | ᠬᠦᠯᠦᠰᠤ ᠤᠯᠭᠤᠮᠵᠢ ᠪᠠ ᠠᠰᠠᠷᠠᠮᠵᠢ ᠬᠠᠷᠠᠭᠠᠯᠵᠠᠯ ᠢ ᠨᠡᠮᠡᠭᠲᠡᠬᠦᠯᠦᠨᠠ᠃ ᠬᠦᠲᠡᠯᠮᠤᠷᠢᠯᠡᠬᠦ ᠶᠠᠪᠤᠲᠠᠯ ᠪᠤᠯ | ᠬᠦᠲᠡᠯᠮᠤᠷᠢᠯᠡᠬᠦ ᠴᠢᠲᠠᠯ ᠲᠠᠢ ᠠᠷᠠᠳ ᠢᠷᠭᠡᠨ ᠪᠦᠬᠦᠨ ᠤ ᠢᠷᠠᠭᠤ ᠠᠯᠲᠠᠷᠲᠤ ᠡᠬᠦᠷᠭᠡ ᠬᠠᠷᠢᠭᠤᠴᠠᠯᠭ᠎ᠠ ᠮᠦᠨ᠃ | ᠤᠯᠤᠰ ᠤᠨ ᠦᠮᠴᠢᠯᠡᠯ ᠤᠨ ᠠᠵᠤ ᠠᠬᠤᠢᠢᠯᠠᠯ ᠪᠤᠯᠤᠨ ᠬᠤᠲᠠ ᠬᠦᠲᠡᠭᠡ ᠶᠢᠨ ᠬᠠᠮᠲᠤ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠲᠠ ᠳᠠᠬᠢ ᠬᠦᠲᠡᠯᠮᠤᠷᠢᠴᠢᠳ ᠴᠦᠮ ᠤᠯᠤᠰ ᠤᠨ ᠡᠵᠡᠨ ᠬᠦᠮᠦᠨ ᠤ ᠤᠪᠤᠷ ᠢᠶᠠᠷ | ᠦᠪᠡᠷᠰᠡᠳ ᠤᠨ ᠬᠦᠲᠡᠯᠮᠤᠷᠢ ᠳᠡᠭᠡᠨ ᠬᠠᠨᠲᠤᠬᠤ ᠭᠡᠷᠡᠭᠲᠡᠢ᠃ ᠤᠯᠤᠰ ᠠᠴᠠ ᠨᠡᠶᠢᠭᠡᠮ ᠵᠢᠷᠤᠮᠲᠤ ᠬᠦᠲᠡᠯᠮᠤᠷᠢ ᠶᠢᠨ | ᠤᠷᠤᠯᠲᠤᠭᠠᠨ ᠶᠠᠪᠤᠭᠤᠯᠬᠤ ᠶᠢ ᠡᠷᠭᠢᠮᠯᠡᠨ ᠰᠠᠨᠠᠭᠠᠴᠢᠯᠡᠵᠤ᠂ ᠬᠦᠲᠡᠯᠮᠤᠷᠢ ᠶᠢᠨ ᠵᠢᠱᠢᠶᠠᠴᠢ ᠬᠢᠭᠡᠳ ᠲᠡᠷᠢᠬᠦᠨ ᠤ | ᠠᠵᠢᠯᠲᠠᠨ ᠢ ᠬᠦᠭᠢᠬᠦᠯᠦᠨ ᠱᠠᠩᠨᠠᠨ᠎ᠠ᠃ ᠤᠯᠤᠰ ᠠᠴᠠ ᠠᠷᠠᠳ ᠢᠷᠭᠡᠨ ᠤ ᠠᠯᠪᠠᠨ ᠵᠢᠷᠤᠮ ᠤᠨ ᠬᠦᠲᠡᠯᠮᠤᠷᠢ ᠭᠢᠬᠦ | ᠶᠢ ᠡᠷᠭᠢᠮᠯᠡᠵᠤ ᠰᠠᠨᠠᠭᠠᠴᠢᠯᠠᠨ᠎ᠠ᠃ ᠤᠯᠤᠰ ᠠᠴᠠ ᠠᠵᠢᠯ ᠳᠤ ᠤᠷᠤᠬᠤ ᠠᠴᠠ ᠡᠮᠤᠨᠡᠭᠢ ᠠᠷᠠᠳ ᠢᠷᠭᠡᠨ ᠢ | ᠠᠵᠢᠯ ᠳᠤ ᠤᠷᠤᠬᠤ ᠲᠤᠬᠠᠢ ᠴᠢᠬᠤᠯᠡ ᠪᠦᠬᠦᠢ ᠬᠦᠲᠡᠯᠮᠤᠷᠢ ᠶᠢᠨ ᠪᠤᠯᠪᠠᠰᠤᠷᠠᠯ ᠳᠤ ᠣᠷᠣᠯᠴᠠᠭᠤᠯᠤᠨ᠎ᠠ᠃ | ᠲᠦᠴᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠦᠲᠡᠯᠮᠤᠷᠢᠴᠢᠳ | ᠠᠮᠠᠷᠠᠬᠤ ᠡᠷᠭᠡ ᠲᠠᠢ᠃ ᠤᠯᠤᠰ ᠠᠴᠠ ᠬᠦᠲᠡᠯᠮᠤᠷᠢᠴᠢᠳ ᠤᠨ ᠠᠮᠠᠷᠠᠬᠤ᠂ ᠰᠤᠪᠢᠯᠡᠬᠤ ᠲᠦᠬᠦᠭᠡᠷᠦᠮᠵᠢ ᠶᠢ | ᠤᠯᠠᠰᠢᠷᠠᠭᠤᠯᠵᠤ᠂ ᠠᠵᠢᠯᠲᠠᠨ ᠠᠵᠢᠯᠴᠢᠨ ᠤ ᠠᠵᠢᠯᠠᠬᠤ ᠴᠠᠭ ᠪᠠ ᠠᠮᠠᠷᠠᠯᠲᠠ ᠶᠢᠨ ᠲᠦᠷᠢᠮ ᠢ ᠲᠤᠭᠲᠠᠭᠠᠨ᠎ᠠ᠃ | | ᠲᠦᠴᠢᠨ ᠲᠦᠷᠪᠡᠲᠤᠭᠡᠷ ᠵᠦᠢᠯ ᠤᠯᠤᠰ ᠠᠴᠠ ᠬᠠᠤᠯᠢ ᠳᠤ ᠲᠤᠭᠲᠠᠭᠠᠭᠰᠠᠨ ᠶᠤᠰᠤᠭᠠᠷ ᠠᠵᠤ ᠠᠬᠤᠢᠢᠯᠠᠯ | ᠠᠵᠢᠯ ᠦᠢᠯᠡᠰ ᠤᠨ ᠵᠤᠬᠢᠶᠠᠨ ᠪᠠᠶᠢᠭᠤᠯᠤᠲᠠ ᠳᠠᠬᠢ ᠠᠵᠢᠯᠲᠠᠨ ᠠᠵᠢᠯᠴᠢᠨ ᠪᠠ ᠲᠦᠷᠤ ᠶᠢᠨ ᠪᠠᠶᠢᠭᠤᠯᠭ᠎ᠠ ᠶᠢᠨ | ᠠᠵᠢᠯᠲᠠᠨ ᠤ ᠨᠠᠰᠤᠨ ᠤ ᠠᠮᠠᠷᠠᠯᠲᠠ ᠠᠪᠬᠤ ᠲᠦᠷᠢᠮ ᠢ ᠭᠡᠷᠡᠭᠵᠢᠬᠦᠯᠦᠨ᠎ᠠ᠃ ᠨᠠᠰᠤᠨ ᠤ ᠠᠮᠠᠷᠠᠯᠲᠠ ᠠᠪᠤᠭᠰᠡᠳ ᠤᠨ | ᠠᠮᠢᠲᠤᠷᠠᠯ ᠢ ᠤᠯᠤᠰ ᠪᠠ ᠨᠠᠶᠢᠭᠡᠮ ᠠᠴᠠ ᠪᠠᠲᠤᠯᠠᠨ᠎ᠠ᠃ | ᠲᠦᠴᠢᠨ ᠲᠠᠪᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠦᠲᠡᠯᠦᠭᠰᠡᠨ᠂ ᠡᠪᠡᠳᠴᠢᠯᠡᠭᠰᠡᠨ ᠪᠤᠶᠤ ᠬᠦᠲᠡᠯᠮᠤᠷᠢᠯᠡᠬᠦ ᠴᠢᠲᠠᠪᠤᠷᠢ ᠪᠠᠨ ᠠᠯᠲᠠᠭᠰᠠᠨ ᠪᠠᠶᠢᠲᠠᠯ ᠤᠨ ᠲᠤᠤᠷ᠎ᠠ᠂ | ᠤᠯᠤᠰ ᠪᠠ ᠨᠡᠶᠢᠭᠡᠮ ᠠᠴᠠ ᠡᠳ᠋ ᠪᠤᠲᠠᠰ ᠤᠨ ᠲᠤᠰᠠᠯᠠᠮᠵᠢ ᠤᠯᠬᠤ ᠡᠷᠭᠡ ᠲᠠᠢ᠃ ᠤᠯᠤᠰ ᠠᠴᠠ ᠠᠷᠠᠳ ᠢᠷᠭᠡᠨ ᠤ | ᠡᠲᠡᠭᠡᠷ ᠡᠷᠭᠡ ᠪᠠᠨ ᠡᠳ᠋ᠯᠡᠬᠦ ᠳᠤ ᠱᠠᠭᠠᠷᠲᠠᠭᠲᠠᠬᠤ ᠨᠡᠶᠢᠭᠡᠮ ᠤᠨ ᠲᠠᠭᠠᠳᠬᠠᠯ᠂ ᠨᠡᠶᠢᠭᠡᠮ ᠤᠨ ᠲᠡᠳᠭᠦᠮᠵᠢ ᠪᠠ ᠡᠮ | ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ ᠬᠦᠭᠵᠢᠬᠦᠯᠦᠨ᠎ᠠ᠃ ᠤᠯᠤᠰ ᠪᠠ ᠨᠡᠶᠢᠭᠡᠮ ᠠᠴᠠ ᠵᠠᠮᠲᠡᠭ | ᠴᠡᠷᠢᠭ ᠤᠨ ᠠᠮᠢᠲᠤᠷᠠᠯ ᠢ ᠪᠠᠲᠤᠯᠠᠵᠤ᠂ ᠦᠷᠡᠭᠲᠡᠭᠰᠡᠨ ᠪᠠᠭᠠᠲᠤᠷᠴᠤᠤᠨ ᠤᠨ ᠭᠡᠷ ᠪᠦᠯᠢ ᠶᠢᠨ ᠬᠢᠨ ᠳᠤ ᠠᠰᠠᠷᠠᠮᠵᠢ | ᠦᠵᠡᠬᠦᠯᠵᠤ᠂ ᠴᠡᠷᠢᠭ ᠤᠨ ᠭᠡᠷ ᠪᠦᠯᠢ ᠶᠢ ᠬᠠᠷᠠᠭᠠᠯᠵᠠᠨ᠎ᠠ ᠃ ᠤᠯᠤᠰ ᠪᠠ ᠨᠡᠶᠢᠭᠡᠮ ᠠᠴᠠ ᠰᠤᠬᠤᠷ᠂ | ᠲᠦᠯᠡᠢ᠂ ᠶᠠᠪᠠ ᠭᠢᠭᠡᠳ ᠪᠤᠰᠤᠤᠨ ᠵᠠᠮᠲᠡᠭ ᠠᠷᠠᠳ ᠢᠷᠭᠡᠨ ᠤ ᠬᠦᠲᠡᠯᠮᠤᠷᠢ᠂ ᠠᠮᠢᠲᠤᠷᠠᠯ ᠪᠠ ᠰᠤᠷᠭᠠᠨ ᠬᠦᠮᠦᠵᠢᠯ | ᠭᠦᠷᠲᠡᠬᠦ ᠶᠠᠪᠤᠲᠠᠯ ᠢ ᠬᠠᠪᠰᠤᠷᠴᠤ ᠲᠤᠭᠢᠷᠠᠭᠤᠯᠤᠨ᠎ᠠ᠃ | ᠲᠦᠴᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠰᠤᠷᠭᠠᠨ ᠬᠦᠮᠦᠵᠢᠯ ᠬᠦᠷᠲᠡᠬᠦ ᠡᠷᠭᠡ ᠪᠠ ᠡᠬᠦᠷᠭᠡ ᠲᠠᠢ᠃ ᠤᠯᠤᠰ ᠠᠴᠠ ᠵᠠᠯᠠᠭᠤᠴᠤᠤᠨ᠂ ᠪᠠᠭᠠᠴᠤᠤᠨ᠂ | ᠭᠡᠤᠭᠡᠤᠨ ᠢ ᠬᠦᠮᠦᠵᠢᠬᠦᠯᠵᠤ᠂ ᠵᠠᠩ ᠮᠤᠷᠠᠯ᠂ ᠤᠶᠤᠨ ᠤᠬᠠᠭᠠᠨ᠂ ᠪᠡᠶ᠎ᠠ ᠮᠠᠬᠠᠪᠤᠤᠨ ᠵᠡᠷᠭᠡ ᠪᠦᠬᠦ ᠲᠠᠯ᠎ᠠ ᠪᠠᠷ | ᠬᠦᠭᠵᠢᠬᠦᠯᠦᠨ᠎ᠠ᠃ | ᠲᠦᠴᠢᠨ ᠲᠤᠯᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ | ᠢᠷᠭᠡᠨᠰᠢᠨᠵᠢᠯᠡᠬᠦ ᠤᠬᠠᠭᠠᠨ ᠤ ᠰᠤᠲᠤᠯᠭ᠎ᠠ ᠭᠢᠬᠦ᠂ ᠤᠳᠬ᠎ᠠ ᠵᠤᠬᠢᠶᠠᠯ ᠤᠷᠠᠯᠢᠭ ᠤᠨ ᠵᠤᠬᠢᠶᠠᠨ ᠪᠦᠲᠦᠭᠡᠬᠦ ᠠᠵᠢᠯ | ᠭᠢᠬᠦ ᠪᠠ ᠰᠤᠶᠤᠯ ᠤᠨ ᠪᠤᠰᠤᠤᠨ ᠠᠵᠢᠯᠯᠠᠭ᠎ᠠ ᠭᠢᠬᠦ ᠡᠷᠭᠡ ᠴᠢᠯᠦᠭᠡ ᠲᠠᠢ᠃ ᠰᠤᠷᠭᠠᠨ ᠬᠦᠮᠦᠵᠢᠯ᠂ ᠰᠢᠨᠵᠢᠯᠡᠬᠦ | ᠤᠬᠠᠭᠨᠠ᠂ ᠲᠧᠭᠨᠢᠭ ᠮᠡᠷᠭᠡᠵᠢᠯ᠂ ᠤᠳᠬ᠎ᠠ ᠵᠤᠬᠢᠶᠠᠯ᠂ ᠤᠷᠠᠯᠢᠭ ᠪᠠ ᠰᠤᠶᠤᠯ ᠤᠨ ᠪᠤᠰᠤᠤᠨ ᠦᠢᠯᠡᠰ ᠢ ᠭᠢᠵᠤ | ᠪᠠᠶᠢᠭ᠎ᠠ ᠠᠷᠠᠳ ᠢᠷᠭᠡᠨ ᠤ ᠭᠢᠭᠰᠡᠨ ᠠᠷᠠᠳ ᠲᠦᠮᠠᠨ ᠳᠤ ᠠᠴᠢ ᠲᠤᠰᠠᠲᠠᠢ ᠪᠦᠲᠦᠭᠡᠯᠴᠢ ᠠᠵᠢᠯ ᠢ ᠤᠯᠤᠰ ᠠᠴᠠ | ᠵᠤᠷᠢᠬᠵᠢᠭᠤᠯᠵᠤ ᠲᠤᠰᠠᠯᠠᠨ᠎ᠠ᠃ | ᠲᠦᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠡᠮᠡᠭᠲᠡᠶᠢᠴᠤᠤᠨ | ᠤᠯᠤᠰ ᠲᠦᠷᠤ᠂ ᠠᠵᠤ ᠠᠬᠤᠢ᠂ ᠰᠤᠶᠤᠯ ᠪᠤᠯᠪᠠᠰᠤᠷᠠᠯ᠂ ᠨᠡᠶᠢᠭᠡᠮ ᠪᠠ ᠭᠡᠷ ᠪᠦᠯᠢ ᠶᠢᠨ ᠠᠮᠢᠲᠤᠷᠠᠯ ᠵᠡᠷᠭᠡ ᠤᠯᠠᠨ | ᠲᠠᠯ᠎ᠠ ᠪᠠᠷ ᠡᠷᠡᠭᠲᠡᠶᠢᠴᠤᠤᠨ ᠲᠠᠢ ᠠᠲᠠᠯᠢ ᠲᠡᠭᠰᠢ ᠡᠷᠭᠡ ᠶᠢ ᠡᠳ᠋ᠯᠠᠨ᠎ᠠ᠃ ᠤᠯᠤᠰ ᠠᠴᠠ ᠡᠮᠡᠭᠲᠡᠶᠢᠴᠤᠤᠨ ᠤᠨ | ᠡᠷᠭᠡ ᠠᠰᠢᠭ ᠢ ᠬᠠᠮᠠᠭᠠᠯᠵᠤ᠂ ᠡᠷᠡᠭᠲᠡᠢ ᠡᠮᠡᠭᠲᠡᠢ ᠶᠢᠨ ᠠᠲᠠᠯᠢ ᠠᠵᠢᠯ ᠳᠤ ᠠᠲᠠᠯᠢ ᠬᠦᠯᠦᠰᠤ ᠤᠯᠭᠤᠵᠤ᠂ ᠡᠮᠡᠭᠲᠡᠢ | ᠺᠠᠳ᠋ᠷ ᠢ ᠬᠦᠮᠦᠵᠢᠭᠦᠯᠦᠨ ᠰᠢᠯᠢᠵᠤ ᠲᠠᠪᠰᠢᠬᠦᠯᠦᠨ᠎ᠠ᠃ | ᠲᠦᠴᠢ ᠶᠢᠰᠤᠲᠤᠭᠡᠷ ᠵᠦᠢᠯ ᠤᠷᠤᠭ ᠤᠨ ᠶᠠᠪᠤᠲᠠᠯ᠂ ᠭᠡᠷ ᠪᠦᠯᠢ᠂ ᠡᠭᠡ ᠪᠠ ᠭᠡᠤᠭᠡᠤᠨ ᠢ ᠤᠯᠤᠰ ᠠᠴᠠ | ᠬᠠᠮᠠᠭᠠᠯᠠᠨ᠎ᠠ᠃ ᠡᠷ᠎ᠠ ᠡᠮ᠎ᠠ ᠬᠤᠶᠠᠭᠤᠯᠠ ᠪᠠᠨ ᠲᠦᠯᠦᠪᠯᠡᠭᠡ ᠲᠠᠢ ᠪᠠᠷ ᠭᠡᠤᠭᠡᠤᠨ ᠠᠪᠬᠤ ᠡᠬᠦᠷᠭᠡ ᠲᠠᠢ᠃ | ᠡᠴᠢᠭᠡ ᠡᠭᠡ ᠪᠤᠯᠤᠭᠰᠠᠳ ᠨᠠᠰᠤᠨ ᠳᠤ ᠬᠦᠷᠤᠭᠡᠲᠤᠢ ᠦᠷ᠎ᠠ ᠭᠡᠤᠭᠡᠤᠨ ᠢᠶᠠᠨ ᠦᠰᠭᠡᠨ ᠬᠦᠮᠦᠵᠢᠬᠦᠯᠬᠦ | ᠡᠬᠦᠷᠭᠡ ᠲᠠᠢ᠂ ᠨᠠᠰᠤᠨ ᠳᠤ ᠬᠦᠷᠦᠭᠰᠡᠨ ᠦᠷ᠎ᠠ ᠭᠡᠤᠭᠡᠤᠨ ᠨᠢ ᠡᠴᠢᠭᠡ ᠡᠭᠡ ᠪᠠᠨ ᠠᠰᠠᠷᠠᠨ ᠲᠡᠵᠢᠭᠡᠬᠦ ᠲᠡᠳᠭᠦᠨ | ᠲᠡᠮᠵᠢᠬᠦ ᠡᠬᠦᠷᠭᠡ ᠲᠠᠢ᠃ ᠤᠷᠤᠭ ᠤᠨ ᠡᠷᠭᠡ ᠴᠢᠯᠦᠭᠡ ᠶᠢ ᠡᠪᠲᠡᠬᠦ ᠶᠢ ᠴᠠᠭᠠᠵᠠᠯᠠᠵᠤ᠂ ᠨᠠᠰᠤᠲᠠᠨ᠂ | ᠡᠮᠡᠭᠲᠡᠶᠢᠴᠤᠤᠨ ᠪᠠ ᠭᠡᠤᠭᠡᠤᠨ ᠲᠤ ᠬᠠᠯᠠ ᠦᠵᠡᠬᠦᠯᠬᠦ ᠶᠢ ᠴᠠᠭᠠᠵᠠᠯᠠᠨ᠎ᠠ᠃ | ᠲᠠᠪᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠠᠴᠠ ᠲᠤᠮᠲᠠᠲᠤ ᠶᠢᠨ | ᠬᠠᠷᠢᠶᠠᠲᠤ ᠨᠠᠷ ᠤᠨ ᠵᠦᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠤᠯᠤᠰ ᠲᠠᠭᠠᠨ ᠪᠤᠴᠠᠵᠤ ᠢᠷᠡᠭᠰᠡᠨ | ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ | ᠃ | ᠲᠠᠪᠢᠨ ᠨᠢᠭᠡᠲᠤᠭᠡᠷ ᠵᠦᠢᠯ ᠪᠦᠭᠦᠳ᠋ᠨ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠷᠭᠡ ᠴᠢᠯᠦᠭᠡ ᠪᠠᠨ ᠡᠳ᠋ᠯᠡᠬᠦ ᠪᠠ ᠡᠷᠭᠡ ᠪᠠᠨ ᠭᠡᠷᠡᠭᠯᠡᠬᠦ ᠳᠡᠭᠡᠨ ᠤᠯᠤᠰ ᠤᠨ᠂ ᠨᠠᠶᠢᠭᠡᠮ ᠤᠨ᠂ ᠬᠠᠮᠲᠤ ᠶᠢᠨ ᠠᠰᠢᠭ | ᠲᠤᠰᠠ ᠪᠠ ᠪᠤᠰᠤᠤᠨ ᠠᠷᠠᠳ ᠢᠷᠭᠡᠨ ᠤ ᠬᠠᠤᠯᠢ ᠶᠤᠰᠤᠨ ᠤ ᠡᠷᠭᠡ ᠴᠢᠯᠦᠭᠡ ᠭᠢᠭᠡᠳ ᠡᠷᠭᠡ ᠶᠢ ᠬᠤᠭᠢᠷᠠᠭᠤᠯᠵᠤ | ᠪᠤᠯᠬᠤ ᠦᠭᠡᠢ᠃ | ᠲᠠᠪᠢᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠤᠯᠤᠰ ᠤᠷᠤᠨ ᠤ ᠨᠢᠭᠡᠲᠤᠯ ᠪᠠ ᠪᠦᠬᠦ ᠤᠯᠤᠰ ᠤᠨ ᠦᠨᠲᠤᠰᠤᠲᠠᠨ ᠨᠦᠭᠦᠳ ᠤᠨ ᠪᠦᠯᠬᠦᠮᠲᠡᠯ ᠢ ᠬᠠᠮᠠᠭᠠᠯᠠᠬᠤ | ᠡᠬᠦᠷᠭᠡ ᠲᠠᠢ᠃ | ᠲᠠᠪᠢᠨ ᠭᠤᠷᠪᠠᠲᠤᠭᠠᠷ ᠵᠦᠢᠯ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠷᠭᠡᠪᠰᠢ ᠦᠨᠲᠤᠰᠤᠨ ᠬᠠᠤᠯᠢ ᠪᠠ ᠬᠠᠤᠯᠢ ᠴᠠᠭᠠᠵᠠ ᠶᠢ ᠵᠢᠷᠤᠮᠯᠡᠵᠤ᠂ ᠤᠯᠤᠰ ᠤᠨ ᠨᠢᠭᠤᠴᠨ ᠶᠢ ᠬᠠᠮᠠᠭᠠᠯᠠᠵᠤ᠂ | ᠨᠠᠶᠢᠲᠠ ᠶᠢᠨ ᠡᠳ᠋ ᠬᠦᠷᠤᠩᠭᠡ ᠶᠢ ᠬᠠᠶᠢᠷᠠᠯᠠᠨ ᠬᠠᠮᠠᠭᠠᠯᠠᠵᠤ᠂ ᠬᠦᠲᠡᠯᠮᠤᠷᠢ ᠶᠢᠨ ᠰᠠᠭᠢᠯᠭ᠎ᠠ ᠶᠢ ᠰᠠᠭᠢᠵᠤ᠂ | ᠨᠠᠶᠢᠲᠠ ᠶᠢᠨ ᠡᠮᠭᠢ ᠵᠢᠷᠤᠮ ᠢ ᠵᠢᠷᠤᠮᠯᠡᠵᠤ᠂ ᠨᠠᠶᠢᠭᠡᠮ ᠨᠠᠶᠢᠲᠠ ᠶᠢᠨ ᠶᠤᠰᠤ ᠮᠤᠷᠠᠯ ᠢ ᠬᠦᠨᠲᠤᠳᠭᠡᠬᠦ ᠭᠡᠷᠡᠭᠲᠡᠢ᠃ | | ᠲᠠᠪᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠡᠭᠡ ᠤᠷᠤᠨ ᠤ ᠪᠠᠨ ᠠᠮᠤᠷ ᠲᠦᠪᠰᠢᠨ᠂ ᠠᠯᠲᠠᠷ ᠬᠦᠨᠲᠤ ᠪᠠ ᠠᠰᠢᠭ ᠲᠤᠰᠠ ᠶᠢ ᠬᠠᠮᠠᠭᠠᠯᠠᠬᠤ ᠡᠬᠦᠷᠭᠡ ᠲᠠᠢ᠂ | ᠡᠭᠡ ᠤᠷᠤᠨ ᠤ ᠪᠠᠨ ᠠᠮᠤᠷ ᠲᠦᠪᠰᠢᠨ᠂ ᠠᠯᠲᠠᠷ ᠬᠦᠨᠲᠤ ᠪᠠ ᠠᠰᠢᠭ ᠲᠤᠰᠨ ᠳᠤ ᠬᠤᠤᠷᠲᠠᠢ ᠠᠵᠢᠯᠯᠠᠭ᠎ᠠ ᠭᠢᠵᠤ | ᠪᠤᠯᠬᠤ ᠦᠭᠡᠢ᠃ | ᠲᠠᠪᠢᠨ ᠲᠠᠪᠤᠲᠤᠭᠠᠷ ᠵᠦᠢᠯ ᠡᠭᠡ ᠤᠷᠤᠨ ᠢᠶᠠᠨ ᠬᠠᠮᠠᠭᠠᠯᠠᠵᠤ᠂ ᠲᠦᠷᠢᠮᠡᠭᠡᠶᠢᠯᠡᠯ ᠢ ᠡᠰᠡᠷᠬᠦᠴᠡᠬᠦ ᠶᠠᠪᠤᠲᠠᠯ | ᠪᠤᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠨᠢᠭᠡᠪᠤᠷᠢ ᠶᠢᠨ ᠠᠷᠢᠭᠤᠨ ᠲᠠᠷᠬᠠᠨ | ᠡᠬᠦᠷᠭᠡ ᠬᠠᠷᠢᠭᠤᠴᠠᠯᠭ᠎ᠠ ᠮᠦᠨ᠃ ᠬᠠᠤᠯᠢ ᠶᠤᠰᠤᠭᠠᠷ ᠴᠡᠷᠢᠭ ᠤᠨ ᠠᠯᠪᠠ ᠬᠠᠭᠠᠬᠤ ᠪᠠ ᠡᠷᠤᠭᠡ ᠶᠢᠨ | ᠴᠡᠷᠢᠭ ᠤᠨ ᠵᠤᠬᠢᠶᠠᠨ ᠪᠠᠶᠢᠭᠤᠯᠤᠯᠲᠠ ᠳᠤ ᠤᠷᠤᠯᠴᠠᠬᠤ ᠶᠠᠪᠤᠲᠠᠯ ᠪᠤᠯ ᠪᠦᠬᠦᠳ᠋ᠨ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠠᠷᠠᠳ ᠢᠷᠭᠡᠨ ᠤ ᠢᠷᠠᠭᠤ ᠠᠯᠲᠠᠷᠲᠤ ᠡᠬᠦᠷᠭᠡ ᠮᠦᠨ᠃ | ᠲᠠᠪᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ | ᠬᠠᠤᠯᠢ ᠶᠤᠰᠤᠭᠠᠷ ᠭᠠᠶᠢᠯᠢ ᠲᠤᠰᠢᠶᠠᠬᠤ ᠡᠬᠦᠷᠭᠡ ᠲᠠᠢ᠃ | ᠭᠤᠷᠪᠠᠲᠤᠭᠠᠷ ᠪᠦᠯᠦᠭ ᠲᠦᠷᠤ ᠶᠢᠨ ᠪᠠᠶᠢᠭᠤᠯᠤᠮᠵᠢ | ᠨᠢᠭᠡᠲᠤᠭᠡᠷ ᠭᠡᠰᠡᠭ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠠᠪᠢᠨ ᠲᠤᠯᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ ᠲᠦᠷᠤ ᠶᠢᠨ ᠲᠡᠭᠡᠲᠤ ᠡᠷᠭᠡᠲᠤ ᠪᠠᠶᠢᠭᠤᠯᠭ᠎ᠠ ᠮᠦᠨ᠃ | ᠲᠡᠬᠦᠨ ᠤ ᠪᠠᠶᠢᠩᠭᠤ ᠶᠢᠨ ᠪᠠᠶᠢᠭᠤᠯᠭ᠎ᠠ ᠪᠤᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠮᠦᠨ᠃ | ᠲᠠᠪᠢᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠤ ᠶᠢᠨ | ᠬᠠᠤᠯᠢ ᠲᠤᠭᠲᠠᠭᠠᠬᠤ ᠡᠷᠭᠡ ᠶᠢ ᠭᠡᠷᠡᠭᠵᠢᠬᠦᠯᠦᠨ᠎ᠠ᠃ | ᠲᠠᠪᠢ ᠶᠢᠰᠤᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯ | ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ᠂ ᠵᠠᠰᠠᠭ ᠵᠠᠭᠢᠷᠭᠠᠨ ᠤ ᠤᠨᠴᠠᠭᠠᠢ ᠤᠷᠤᠨ ᠪᠠ | ᠴᠡᠷᠢᠭ ᠠᠩᠭᠢ ᠶᠢᠨ ᠰᠤᠩᠭᠤᠭᠰᠠᠨ ᠲᠦᠯᠦᠭᠡᠯᠡᠭᠴᠢᠳ ᠢᠶᠠᠷ ᠪᠦᠷᠢᠯᠲᠤᠨᠠ᠃ ᠴᠦᠭᠡᠨ ᠲᠤᠭᠠᠲᠤ | ᠦᠨᠳᠦᠰᠦᠳᠡᠨ ᠨᠦᠭᠦᠳ ᠪᠦᠷ ᠵᠤᠬᠢᠬᠤ ᠲᠤᠭᠠᠨ ᠤ ᠲᠦᠯᠦᠭᠡᠯᠡᠭᠴᠢ ᠲᠠᠢ ᠪᠠᠶᠢᠬᠤ ᠭᠡᠷᠡᠭᠲᠡᠢ᠃ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠤᠩᠭᠤᠭᠠᠯᠢ ᠶᠢ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠷᠬᠢᠯᠡᠨ᠎ᠡ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠨᠡᠷᠡᠰ ᠪᠠ | ᠲᠥᠯᠥᠭᠡᠯᠡᠭᠴᠢᠳ ᠤᠨ ᠪᠣᠢ ᠪᠣᠯᠬᠤ ᠠᠷᠭ᠎ᠠ ᠶᠢ ᠬᠠᠤᠯᠢ ᠪᠠᠷ ᠲᠤᠭᠲᠠᠭᠠᠨ᠎ᠠ᠃ | ᠵᠢᠷᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠤᠯᠤᠨ᠎ᠠ᠃ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ ᠲᠠᠭᠤᠰᠬᠤ ᠠᠴᠠ ᠬᠤᠶᠠᠷ ᠰᠠᠷ᠎ᠠ ᠶᠢᠨ | ᠡᠮᠤᠨ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠡᠷᠭᠡᠪᠰᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠢ ᠰᠤᠩᠭᠤᠬᠤ ᠶᠠᠪᠤᠲᠠᠯ ᠢ ᠪᠡᠶᠡᠯᠡᠬᠦᠯᠦᠭᠰᠡᠨ ᠪᠠᠶᠢᠬᠤ ᠭᠡᠷᠡᠭᠲᠡᠢ᠃ ᠭᠡᠷᠪᠠ ᠰᠤᠩᠭᠤᠭᠤᠯᠢ | ᠶᠠᠪᠤᠭᠤᠯᠵᠤ ᠦᠯᠦ ᠪᠤᠯᠬᠤ ᠶᠡᠷᠤ ᠪᠤᠰᠤ ᠶᠢᠨ ᠪᠠᠶᠢᠲᠠᠯ ᠲᠤᠭᠢᠶᠠᠯᠲᠤᠭᠠᠳ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠪᠦᠷᠢᠯᠲᠤᠭᠦᠨ ᠤ ᠭᠤᠷᠪᠠᠨ ᠤ ᠬᠤᠶᠠᠷ | ᠬᠤᠪᠢ ᠠᠴᠠ ᠲᠡᠭᠡᠭᠰᠢᠭᠢ ᠤᠯᠠᠩᠭᠢ ᠲᠤᠭᠠᠨ ᠤ ᠬᠦᠮᠦᠰ ᠪᠠᠲᠤᠯᠠᠪᠠᠯ ᠰᠤᠩᠭᠤᠭᠤᠯᠢ ᠶᠢ ᠬᠤᠶᠢᠰᠢᠯᠠᠭᠤᠯᠵᠤ᠂ ᠲᠤᠰ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ | ᠬᠤᠭᠤᠴᠠᠭ᠎ᠠ ᠶᠢ ᠤᠷᠲᠤᠳᠬᠠᠵᠤ ᠪᠤᠯᠤᠨ᠎ᠠ᠃ ᠶᠡᠷᠤ ᠪᠤᠰᠤ ᠶᠢᠨ ᠪᠠᠶᠢᠲᠠᠯ ᠲᠡᠬᠦᠰᠦᠭᠰᠡᠨ ᠤ ᠰᠡᠬᠦᠯᠡᠷᠭᠢ ᠨᠢᠭᠡ | ᠵᠢᠯ ᠤᠨ ᠲᠤᠲᠤᠷ᠎ᠠ᠂ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠰᠤᠩᠭᠤᠬᠤ ᠶᠠᠪᠤᠲᠠᠯ ᠢ ᠡᠷᠭᠡᠪᠰᠢ | ᠪᠡᠶᠡᠯᠡᠬᠦᠯᠬᠦ ᠭᠡᠷᠡᠭᠲᠡᠢ᠃ | ᠵᠢᠷᠠᠨ ᠨᠢᠭᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠡᠷᠭᠢᠯᠡᠵᠤ ᠵᠢᠯ ᠪᠦᠷᠢ ᠨᠢᠭᠡ ᠤᠲᠠᠭ᠎ᠠ ᠬᠤᠷᠠᠯᠳᠣᠭᠤᠯᠣᠨ᠎ᠠ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠢᠬᠤᠯᠠ ᠲᠠᠢ ᠭᠡᠵᠤ ᠦᠵᠡᠭᠰᠡᠨ ᠪᠤᠶᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠨ ᠤ ᠨᠢᠭᠡ ᠬᠤᠪᠢ ᠠᠴᠠ ᠲᠡᠭᠡᠭᠰᠢᠭᠢ ᠲᠦᠯᠦᠭᠡᠯᠡᠭᠴᠢᠳ | ᠲᠤᠷᠠᠲᠤᠯᠭ᠎ᠠ ᠭᠠᠷᠭᠠᠭᠰᠠᠨ ᠪᠠᠶᠢᠪᠠᠯ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠢ ᠲᠠᠷᠨ ᠲᠤᠬᠠᠢ ᠳᠤᠨᠢ ᠬᠤᠷᠠᠯᠲᠤᠭᠤᠯᠵᠤ ᠪᠤᠯᠤᠨ᠎ᠠ᠃ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠢ ᠬᠤᠷᠠᠯᠲᠤᠭᠤᠯᠬᠤ ᠳᠠᠭᠠᠨ ᠲᠡᠷᠢᠬᠦᠯᠡᠭᠴᠢᠳ ᠤᠨ | ᠪᠦᠯᠭᠦᠮ ᠢ ᠰᠤᠩᠭᠤᠨ ᠭᠠᠷᠭᠠᠵᠤ ᠬᠤᠷᠠᠯᠲᠤᠭᠠᠨ ᠢ ᠡᠷᠭᠢᠯᠡᠬᠦᠯᠦᠨᠠ᠃ | ᠵᠢᠷᠠᠨ ᠬᠤᠶᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠤᠤᠷ᠎ᠠ ᠲᠤᠷᠠᠲᠤᠭᠰᠠᠨ ᠡᠷᠭᠡ ᠲᠤᠰᠢᠶᠠᠯ ᠤᠳ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠳᠤ ᠵᠠᠰᠠᠪᠤᠷᠢ ᠤᠷᠤᠭᠤᠯᠤᠨ᠎ᠠ︔ | ︵ᠬᠤᠶᠠᠷ︶ ᠦᠨᠲᠤᠰᠤᠨ ᠬᠠᠤᠯᠢ ᠶᠢ ᠭᠡᠷᠡᠭᠵᠢᠬᠦᠯᠵᠤ ᠪᠠᠶᠢᠭ᠎ᠠ ᠪᠠᠶᠢᠲᠠᠯ ᠳᠤ ᠭᠢᠨᠡᠯᠲᠠ ᠲᠠᠯᠪᠢᠨ᠎ᠠ︔ | | ︵ᠭᠤᠷᠪᠠ︶ ᠡᠷᠡᠬᠦᠦ ᠶᠢᠨ ᠭᠡᠷᠡᠭ᠂ ᠢᠷᠭᠡᠨ ᠤ ᠭᠡᠷᠡᠭ᠂ ᠲᠦᠷᠤ ᠶᠢᠨ ᠪᠠᠶᠢᠭᠤᠯᠤᠮᠵᠢ ᠶᠢᠨ ᠪᠠ ᠪᠤᠰᠤᠤᠨ | ᠭᠤᠤᠯ ᠭᠤᠤᠯ ᠬᠠᠤᠯᠢ ᠴᠠᠭᠠᠵᠠ ᠶᠢ ᠲᠤᠭᠲᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠤᠨ᠎ᠠ︔ | ︵ᠲᠦᠷᠪᠠ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ | ᠲᠡᠷᠢᠬᠦᠯᠡᠭᠴᠢ ᠶᠢ ᠰᠤᠩᠭᠤᠨ᠎ᠠ︔ | ︵ᠲᠠᠪᠤ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠶᠢᠨ ᠲᠡᠪᠰᠢᠬᠦᠯᠦᠭᠰᠡᠨ | ᠨᠠᠷᠠ ᠶᠢ ᠦᠨᠲᠤᠰᠦᠯᠡᠨ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠪᠤᠯᠬᠤ ᠬᠦᠮᠦᠨ ᠢ | ᠲᠤᠭᠲᠠᠭᠠᠨ᠎ᠠ︔ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠤᠨ ᠲᠡᠪᠰᠢᠬᠦᠯᠦᠭᠰᠡᠨ ᠨᠠᠷᠠ ᠶᠢ | ᠦᠨᠲᠤᠰᠤᠯᠠᠨ ᠲᠦᠷᠤ ᠶᠢᠨ ᠶᠠᠪᠤᠲᠠᠯ ᠤᠨ ᠬᠤᠷᠢᠶᠠᠨ ᠤ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ | ᠭᠡᠰᠢᠬᠦᠦᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠭᠢᠯᠡᠭᠴᠢ᠂ ᠨᠢᠭᠲᠠᠯᠠᠨ ᠪᠠᠶᠢᠴᠠᠭᠠᠬᠤ ᠲᠠᠷᠤᠭ᠎ᠠ᠂ ᠨᠠᠷᠢᠨ | ᠪᠢᠴᠢᠭ ᠤᠨ ᠲᠠᠷᠤᠭ᠎ᠠ ᠪᠤᠯᠬᠤ ᠬᠦᠮᠦᠰ ᠢ ᠲᠤᠭᠲᠠᠭᠠᠨ᠎ᠠ︔ | ︵ᠵᠢᠷᠭᠤᠭ᠎ᠠ︶ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢ ᠰᠤᠩᠭᠤᠨ᠎ᠠ︔ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢᠨ ᠲᠠᠪᠰᠢᠬᠦᠯᠦᠭᠰᠡᠨ ᠨᠠᠷᠠ ᠶᠢ ᠦᠨᠲᠤᠰᠤᠯᠠᠨ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ ᠪᠦᠷᠢᠯᠲᠤᠭᠦᠨ ᠪᠤᠯᠬᠤ ᠬᠦᠮᠦᠰ ᠢ ᠲᠤᠭᠲᠠᠭᠠᠨ᠎ᠠ︔ | | ︵ᠲᠤᠯᠤᠭ᠎ᠠ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠤ ᠲᠠᠷᠤᠭ᠎ᠠ ᠶᠢ ᠰᠤᠩᠭᠤᠨ᠎ᠠ︔ | | ︵ᠨᠠᠢᠮᠠ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠨ᠎ᠠ︔ | | ︵ᠶᠢᠰᠤ︶ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ ᠭᠢᠭᠡᠳ | ᠲᠦᠯᠦᠪᠯᠡᠭᠡ ᠶᠢ ᠬᠦᠢᠴᠡᠳᠭᠡᠭᠰᠠᠨ ᠪᠠᠶᠢᠲᠠᠯ ᠤᠨ ᠲᠤᠬᠠᠢ ᠢᠯᠡᠳᠭᠡᠯ ᠢ ᠭᠢᠨᠠᠨ ᠵᠦᠪᠰᠢᠶᠠᠷᠠᠨ᠎ᠠ︔ | ︵ᠠᠷᠪᠠ︶ ᠤᠯᠤᠰ ᠤᠨ ᠲᠦᠰᠦᠪ ᠪᠠ ᠲᠦᠰᠦᠪ ᠢ ᠬᠦᠢᠴᠡᠳᠭᠡᠭᠰᠡᠨ ᠪᠠᠶᠢᠲᠠᠯ ᠤᠨ ᠲᠤᠬᠠᠢ ᠢᠯᠡᠳᠭᠡᠯ ᠢ | ᠭᠢᠨᠠᠨ ᠵᠦᠪᠰᠢᠶᠠᠷᠠᠨ᠎ᠠ︔ | ︵ᠠᠷᠪᠠᠨ ᠨᠢᠭᠡ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠵᠤᠬᠢᠰ ᠦᠭᠡᠢ ᠲᠤᠭᠲᠠᠭᠠᠯ ᠢ ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠨ᠎ᠠ︔ | | ︵ᠠᠷᠪᠠᠨ ᠬᠤᠶᠠᠷ︶ ᠮᠤᠵᠢ᠂ ᠦᠪᠡᠷᠲᠡᠭᠡᠨ ᠵᠠᠰᠬᠤ ᠤᠷᠤᠨ ᠪᠠ ᠰᠢᠭᠤᠤᠨ ᠬᠠᠷᠢᠶ᠎ᠠ ᠬᠤᠲᠠ ᠪᠠᠶᠢᠭᠤᠯᠬᠤ | ᠶᠢ ᠵᠦᠪᠰᠢᠶᠠᠷᠠᠨ᠎ᠠ︔ | ︵ᠠᠷᠪᠠᠨ ᠭᠤᠷᠪᠠ︶ ᠵᠠᠰᠠᠭ ᠵᠠᠭᠢᠷᠭᠠᠨ ᠤ ᠤᠨᠴᠠᠭᠠᠢ ᠤᠷᠤᠨ ᠪᠠᠶᠢᠭᠤᠯᠬᠤ ᠶᠠᠪᠤᠲᠠᠯ ᠪᠠ ᠲᠡᠬᠦᠨ ᠤ | ᠲᠦᠷᠢᠮ ᠢ ᠲᠤᠭᠲᠠᠭᠠᠨ᠎ᠠ︔ | ︵ᠠᠷᠪᠠᠨ ᠲᠦᠷᠪᠠ︶ ᠲᠠᠶᠢᠨ ᠪᠠ ᠨᠠᠶᠢᠷᠠᠮᠲᠠᠯ ᠤᠨ ᠠᠰᠠᠭᠤᠲᠠᠯ ᠢ ᠲᠤᠭᠲᠠᠭᠠᠨ᠎ᠠ︔ | ︵ᠠᠷᠪᠠᠨ ᠲᠠᠪᠤ︶ ᠲᠦᠷᠤ ᠶᠢᠨ ᠲᠡᠭᠡᠲᠤ ᠡᠷᠭᠡᠲᠤ ᠪᠠᠶᠢᠭᠤᠯᠭ᠎ᠠ ᠶᠢᠨ ᠬᠦᠢᠴᠡᠳᠭᠡᠬᠦ ᠭᠡᠷᠡᠭᠲᠡᠢ ᠪᠤᠰᠤᠤᠨ | ᠡᠷᠭᠡ ᠲᠤᠰᠢᠶᠠᠯ ᠤᠳ ᠢ ᠭᠦᠢᠴᠡᠳᠭᠡᠨ᠎ᠠ᠃ | ᠵᠢᠷᠠᠨ ᠭᠤᠷᠪᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠲᠤᠤᠷ᠎ᠠ ᠲᠤᠷᠠᠲᠤᠭᠰᠠᠨ ᠬᠦᠮᠦᠰ ᠢ ᠲᠤᠰᠢᠶᠠᠯ ᠠᠴᠠ ᠨᠢ ᠪᠠᠭᠤᠯᠭᠠᠬᠤ ᠡᠷᠭᠡ ᠲᠠᠢ᠄ | ︵ᠨᠢᠭᠡ︶ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ︔ | | ︵ᠬᠤᠶᠠᠷ︶ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ᠂ | ᠲᠦᠷᠤ ᠶᠢᠨ ᠶᠠᠪᠤᠲᠠᠯ ᠤᠨ ᠭᠡᠰᠢᠬᠦᠤᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠭᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ︔ | ︵ᠭᠤᠷᠪᠠ︶ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠪᠠ ᠲᠦᠪ ᠤᠨ | ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ ᠪᠦᠷᠢᠯᠲᠤᠭᠦᠨ︔ | ︵ᠲᠦᠷᠪᠠ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ︔ | ︵ᠲᠠᠪᠤ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ᠃ | ᠵᠢᠷᠠᠨ ᠲᠦᠷᠪᠡᠲᠤᠭᠡᠷ ᠵᠦᠢᠯ ᠦᠨᠲᠤᠰᠤᠨ ᠬᠠᠤᠯᠢ ᠳᠤ ᠵᠠᠰᠠᠪᠤᠷᠢ ᠤᠷᠤᠭᠤᠯᠬᠤ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠨ ᠤ ᠨᠢᠭᠡ ᠬᠤᠪᠢ ᠠᠴᠠ ᠲᠡᠭᠡᠭᠰᠢᠭᠢ ᠲᠦᠯᠦᠭᠡᠯᠡᠭᠴᠢᠳ | ᠲᠤᠷᠠᠲᠤᠯᠭ᠎ᠠ ᠭᠠᠷᠭᠠᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦ | ᠲᠦᠯᠦᠭᠡᠯᠡᠭᠴᠢᠳ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢ ᠤᠯᠠᠩᠭᠢ ᠲᠤᠭ᠎ᠠ ᠪᠠᠷ ᠪᠠᠲᠤᠯᠠᠭᠤᠯᠤᠨ᠎ᠠ᠃ | ᠬᠠᠤᠯᠢ ᠴᠠᠭᠠᠵᠠ ᠪᠠ ᠪᠤᠰᠤᠤᠨ ᠰᠠᠨᠠᠯ ᠵᠦᠪᠯᠡᠯᠭᠡ ᠶᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠦᠬᠦ ᠲᠦᠯᠦᠭᠡᠯᠡᠭᠴᠢᠳ ᠤᠨ ᠬᠠᠭᠠᠰ ᠠᠴᠠ ᠲᠡᠭᠡᠭᠰᠢᠭᠢ ᠲᠤᠭ᠎ᠠ ᠪᠠᠷ ᠪᠠᠳᠣᠯᠠᠭᠤᠯᠤᠨᠠ᠃ | ᠵᠢᠷᠠᠨ ᠲᠠᠪᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠤᠤᠷᠠᠭᠢ ᠬᠦᠮᠦᠰ ᠢᠶᠠᠷ ᠪᠦᠷᠢᠯᠲᠤᠨᠠ᠄ ᠬᠤᠷᠢᠶᠠᠨ ᠲᠠᠷᠤᠭ᠎ᠠ᠂ ᠲᠡᠳ᠋ | ᠬᠤᠷᠢᠶᠠᠨ ᠲᠠᠷᠤᠭ᠎ᠠ ᠨᠠᠷ᠂ ᠨᠠᠷᠢᠨ ᠪᠢᠴᠢᠭ ᠤᠨ ᠲᠠᠷᠤᠭ᠎ᠠ᠂ ᠭᠡᠰᠢᠭᠦᠳ᠃ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠤᠨ | ᠲᠤᠲᠤᠷ᠎ᠠ ᠴᠦᠭᠡᠨ ᠲᠤᠭᠠᠲᠤ ᠦᠨᠲᠤᠰᠤᠲᠠᠨ ᠤ ᠵᠤᠬᠢᠬᠤ ᠲᠤᠭᠠᠨ ᠤ ᠲᠦᠯᠦᠭᠡᠯᠡᠭᠴᠢ ᠪᠠᠶᠢᠬᠤ ᠭᠡᠷᠡᠭᠲᠡᠢ᠃ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠢ ᠰᠤᠩᠭᠤᠬᠤ ᠪᠠ | ᠪᠠᠭᠤᠯᠭᠠᠬᠤ ᠡᠷᠭᠡ ᠲᠠᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ᠂ ᠰᠢᠬᠦᠨ | ᠲᠠᠰᠤᠯᠬᠤ ᠪᠠ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠦ ᠪᠤᠯᠬᠤ ᠦᠭᠡᠢ᠃ | ᠵᠢᠷᠠᠨ ᠵᠢᠷᠭᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ | ᠠᠲᠠᠯᠢ᠂ ᠪᠠᠶᠢᠩᠭᠤ ᠶᠢᠨ ᠬᠤᠷᠢᠶ᠎ᠠ ᠨᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠰᠢᠨ᠎ᠠ ᠪᠠᠶᠢᠩᠭᠤ ᠶᠢᠨ ᠬᠤᠷᠢᠶ᠎ᠠ ᠶᠢ ᠰᠤᠩᠭᠤᠵᠤ ᠭᠠᠷᠭᠠᠬᠤ ᠪᠤᠯᠲᠠᠯ᠎ᠠ | ᠡᠷᠭᠡ ᠲᠤᠰᠢᠶᠠᠯ ᠵᠢᠠᠨᠬᠦ᠋ᠢᠴᠡᠳᠭᠡᠨᠠ᠃ ᠬᠤᠷᠢᠶᠠᠨ ᠲᠠᠷᠤᠭ᠎ᠠ᠂ ᠲᠡᠳ᠋ ᠬᠤᠷᠢᠶᠠᠨ ᠲᠠᠷᠤᠭ᠎ᠠ ᠵᠠᠯᠭ᠎ᠠ ᠪᠠᠷ ᠬᠤᠶᠠᠷ | ᠬᠤᠭᠤᠴᠠᠭ᠎ᠠ ᠠᠴᠠ ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ | ᠵᠢᠷᠠᠨ ᠲᠤᠯᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠤᠤᠷ᠎ᠠ ᠵᠢᠭᠰᠠᠭᠠᠭᠰᠠᠨ ᠡᠷᠭᠡ ᠲᠤᠰᠢᠶᠠᠯ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠳᠤ ᠲᠡᠶᠢᠯᠪᠤᠷᠢ ᠭᠢᠵᠤ᠂ ᠦᠨᠲᠤᠰᠤᠨ ᠬᠠᠤᠯᠢ ᠶᠢ ᠭᠡᠷᠡᠭᠵᠢᠬᠦᠯᠵᠤ | ᠪᠠᠶᠢᠭ᠎ᠠ ᠪᠠᠶᠢᠲᠠᠯ ᠳᠤ ᠭᠢᠨᠠᠯᠲᠠ ᠲᠠᠯᠪᠢᠨ᠎ᠠ︔ | ︵ᠬᠤᠶᠠᠷ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠬᠤ | ᠶᠤᠰᠤᠲᠠᠢ ᠬᠠᠤᠯᠢ ᠴᠠᠭᠠᠵᠠ ᠠᠴᠠ ᠪᠤᠰᠤᠤᠨ ᠬᠠᠤᠯᠢ ᠴᠠᠭᠠᠵᠠ ᠶᠢ ᠲᠤᠭᠲᠠᠭᠠᠬᠤ ᠪᠦᠭᠡᠳ ᠲᠡᠬᠦᠨ ᠳᠤ ᠵᠠᠰᠠᠪᠤᠷᠢ | ᠤᠷᠤᠭᠤᠯᠤᠨ᠎ᠠ︔ | ︵ᠭᠤᠷᠪᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠡᠨ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠤᠭᠲᠠᠭᠠᠭᠰᠠᠨ ᠬᠠᠤᠯᠢ ᠳᠤ ᠭᠡᠰᠡᠭ ᠲᠠᠯ᠎ᠠ ᠪᠠᠷ ᠨᠦᠬᠦᠪᠤᠷᠢᠯᠡᠨ᠂ ᠲᠡᠬᠦᠨ ᠳᠤ ᠵᠠᠰᠠᠪᠤᠷᠢ ᠤᠷᠤᠭᠤᠯᠤᠨ᠎ᠠ᠂ ᠭᠡᠪᠡᠴᠤ | ᠲᠤᠰ ᠬᠠᠤᠯᠢ ᠶᠢᠨ ᠦᠨᠲᠤᠰᠤᠨ ᠵᠠᠷᠴᠢᠮ ᠲᠠᠢ ᠬᠠᠷᠰᠢᠯᠲᠤᠭᠤᠯᠵᠤ ᠪᠤᠯᠬᠤ ᠦᠭᠡᠢ︔ | ︵ᠲᠦᠷᠪᠠ︶ ᠬᠠᠤᠯᠢ ᠴᠠᠭᠠᠵᠠ ᠳᠤ ᠲᠠᠶᠢᠯᠪᠤᠷᠢ ᠭᠢᠨ᠎ᠠ︔ | ︵ᠲᠠᠪᠤ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠯᠠᠲᠤᠭᠠᠨ | ᠲᠡᠬᠦᠰᠦᠭᠰᠡᠨ ᠬᠤᠭᠤᠴᠠᠭᠠᠨ ᠳᠤ᠂ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ | ᠲᠦᠯᠦᠪᠯᠡᠭᠡ᠂ ᠤᠯᠤᠰ ᠤᠨ ᠲᠦᠰᠦᠪ ᠢ ᠭᠡᠷᠡᠭᠵᠢᠬᠦᠯᠬᠦ ᠶᠠᠪᠤᠴᠨ ᠳᠤ ᠭᠢᠬᠦ ᠴᠢᠬᠤᠯᠠ ᠲᠠᠢ ᠭᠡᠰᠡᠭ ᠲᠠᠯ᠎ᠠ ᠶᠢᠨ | ᠲᠤᠭᠢᠷᠠᠭᠤᠯᠤᠯᠲᠠ ᠶᠢᠨ ᠲᠦᠰᠦᠯ ᠢ ᠭᠢᠨᠠᠨ ᠪᠠᠶᠢᠴᠠᠭᠠᠵᠤ ᠵᠦᠪᠰᠢᠶᠠᠷᠠᠨ᠎ᠠ︔ | ︵ᠵᠢᠷᠭᠤᠭ᠎ᠠ︶ ᠲᠦᠷᠤ ᠶᠢᠨ ᠶᠠᠪᠤᠲᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ᠂ | ᠠᠷᠠᠳ ᠤᠨ ᠲᠡᠭᠡᠲᠤ ᠰᠢᠬᠦᠬᠦ ᠬᠤᠷᠢᠶ᠎ᠠ᠂ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠠᠵᠢᠯ ᠳᠤ | ᠭᠢᠨᠠᠯᠲᠠᠲ᠋ᠠᠯᠪᠢᠨᠠ︔ | ︵ᠲᠤᠯᠤᠭ᠎ᠠ︶ ᠦᠨᠲᠤᠰᠤᠨ ᠬᠠᠤᠯᠢ᠂ ᠬᠠᠤᠯᠢ ᠴᠠᠭᠠᠵᠠ ᠲᠠᠢ ᠬᠠᠷᠰᠢᠯᠲᠤᠬᠤ ᠲᠦᠷᠤ ᠶᠢᠨ ᠶᠠᠪᠤᠲᠠᠯ ᠤᠨ | ᠬᠤᠷᠢᠶᠠᠨ ᠤ ᠲᠤᠭᠲᠠᠭᠠᠭᠰᠠᠨ ᠵᠠᠰᠠᠭ ᠵᠠᠭᠢᠷᠭᠠᠨ ᠤ ᠬᠠᠤᠯᠢ ᠲᠤᠭᠲᠠᠭᠠᠯ᠂ ᠲᠤᠭᠲᠠᠭᠠᠯ᠂ ᠵᠠᠷᠯᠢᠭ ᠢ ᠭᠦᠴᠦᠨ ᠦᠭᠡᠢ | ᠪᠤᠯᠭᠠᠨ᠎ᠠ︔ | ︵ᠨᠠᠢᠮᠠ︶ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠲᠠᠢ | ᠬᠠᠷᠰᠢᠯᠲᠤᠬᠤ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ ᠲᠦᠷᠦ ᠶᠢᠨ ᠡᠷᠭᠡᠲᠤ | ᠪᠠᠶᠢᠭᠤᠯᠭ᠎ᠠ ᠶᠢᠨ ᠲᠤᠭᠲᠠᠭᠠᠭᠰᠠᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠠ ᠰᠢᠢᠳᠪᠤᠷᠢ ᠶᠢ | ᠬᠦᠴᠦᠨ ᠦᠭᠡᠢ ᠪᠤᠯᠭᠠᠨ᠎ᠠ︔ | ︵ᠶᠢᠰᠤ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠡᠨ ᠬᠤᠭᠤᠴᠠᠭᠠᠨ ᠳᠤ᠂ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ ᠤᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠶᠠᠮᠤᠤᠨ ᠤᠨ ᠰᠠᠶᠢᠳ᠂ ᠬᠤᠷᠢᠶᠠᠳ ᠤᠨ ᠡᠷᠬᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠪᠤᠯᠬᠤ ᠭᠦᠮᠦᠰ ᠢ ᠲᠤᠭᠲᠠᠭᠠᠨ᠎ᠠ︔ | ︵ᠠᠷᠪᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ | ᠲᠡᠬᠦᠰᠦᠭᠰᠠᠨ ᠬᠤᠭᠤᠴᠠᠭᠠᠨ ᠳᠤ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠪᠤᠰᠤᠤᠨ | ᠪᠦᠷᠢᠯᠲᠤᠭᠦᠨ ᠪᠤᠯᠬᠤ ᠬᠦᠮᠦᠰ ᠢ ᠲᠤᠭᠲᠠᠭᠠᠨ᠎ᠠ︔ | ︵ᠠᠷᠪᠠᠨ ᠨᠢᠭᠡ︶ ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠠᠷᠠᠳ ᠤᠨ ᠲᠡᠭᠡᠲᠤ ᠰᠢᠬᠦᠬᠦ ᠬᠤᠷᠢᠶᠠᠨ ᠤ ᠲᠡᠳ᠋ ᠲᠠᠷᠤᠭ᠎ᠠ᠂ ᠰᠢᠬᠦᠭᠴᠢ | ᠂ ᠰᠢᠬᠦᠬᠦ ᠺᠤᠮᠢᠰ ᠤᠨ ᠭᠡᠰᠢᠬᠦᠤᠨ ᠪᠠ ᠴᠡᠷᠢᠭ ᠤᠨ ᠰᠢᠬᠦᠬᠦ ᠬᠤᠷᠢᠶᠠᠨ ᠤ ᠲᠠᠷᠤᠭ᠎ᠠ ᠶᠢ ᠲᠤᠮᠢᠯᠠᠬᠤ ᠪᠤᠶᠤ | ᠪᠠᠭᠤᠯᠭᠠᠨ᠎ᠠ︔ | ︵ᠠᠷᠪᠠᠨ ᠬᠤᠶᠠᠷ︶ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ | ᠲᠡᠪᠰᠢᠬᠦᠯᠦᠭᠰᠡᠨ ᠨᠠᠷᠠ ᠶᠢ ᠦᠨᠲᠤᠰᠤᠯᠠᠨ ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠲᠡᠳ᠋ ᠪᠠᠶᠢᠴᠠᠭᠠᠬᠤ | ᠲᠠᠷᠤᠭ᠎ᠠ᠂ ᠪᠠᠶᠢᠴᠠᠭᠠᠭᠴᠢ᠂ ᠪᠠᠶᠢᠴᠠᠭᠠᠬᠤ ᠺᠤᠮᠢᠰ ᠤᠨ ᠭᠡᠰᠢᠬᠦᠦᠨ ᠪᠠ ᠴᠡᠷᠢᠭ ᠤᠨ ᠪᠠᠶᠢᠴᠠᠭᠠᠬᠤ ᠬᠤᠷᠢᠶᠠᠨ ᠤ | ᠲᠠᠷᠤᠭ᠎ᠠ ᠶᠢ ᠲᠤᠮᠢᠯᠡᠬᠤ ᠪᠤᠶᠤ ᠪᠠᠭᠤᠯᠭᠠᠬᠤ ᠪᠦᠭᠡᠳ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠲᠤᠮᠢᠯᠡᠬᠤ ᠪᠤᠶᠤ ᠪᠠᠭᠤᠯᠭᠠᠬᠤ ᠶᠢ | ᠵᠦᠪᠰᠢᠶᠠᠷᠠᠨ᠎ᠠ︔ | ︵ᠠᠷᠪᠠᠨ ᠭᠤᠷᠪᠠ︶ ᠭᠠᠲᠠᠭᠠᠲᠤ ᠳᠤ ᠰᠠᠭᠤᠬᠤ ᠪᠦᠷᠢᠨ ᠡᠷᠭᠡᠲᠤ ᠲᠦᠯᠦᠭᠡᠯᠡᠭᠴᠢ ᠶᠢ ᠲᠤᠮᠢᠯᠡᠬᠤ | ᠪᠤᠶᠤ ᠪᠠᠭᠤᠯᠭᠠᠬᠤ ᠶᠢ ᠲᠤᠭᠲᠠᠭᠠᠨ᠎ᠠ︔ | ︵ᠠᠷᠪᠠᠨ ᠲᠦᠷᠪᠠ︶ ᠭᠠᠲᠠᠭᠠᠲᠤ ᠤᠯᠤᠰ ᠲᠠᠢ ᠪᠠᠶᠢᠭᠤᠯᠤᠭᠰᠠᠨ ᠭᠡᠷ᠎ᠠ ᠭᠢᠭᠡᠳ ᠴᠢᠬᠤᠯᠠ | ᠬᠡᠯᠡᠯᠴᠡᠭᠡᠷ ᠢ ᠵᠦᠪᠰᠢᠶᠠᠷᠠᠬᠦ ᠪᠠ ᠬᠦᠴᠤᠨ ᠦᠭᠡᠢ ᠪᠤᠯᠭᠠᠬᠤ ᠶᠢ ᠲᠤᠭᠲᠠᠭᠠᠨ᠎ᠠ︔ | ︵ᠠᠷᠪᠠᠨ ᠲᠠᠪᠤ︶ ᠴᠡᠷᠢᠭ ᠤᠨ ᠬᠦᠮᠦᠨ ᠪᠠ ᠭᠠᠲᠠᠭᠠᠲᠤ ᠶᠠᠪᠤᠲᠠᠯ ᠤᠨ ᠠᠵᠢᠯᠲᠠᠨ ᠤ ᠵᠡᠷᠭᠡ | ᠴᠤᠯᠠ ᠶᠢᠨ ᠲᠦᠷᠢᠮ ᠪᠠ ᠪᠤᠰᠤᠤᠨ ᠲᠤᠰᠬᠠᠢ ᠵᠡᠷᠭᠡ ᠴᠤᠯᠠ ᠶᠢᠨ ᠲᠦᠷᠢᠮ ᠢ ᠲᠤᠭᠲᠠᠭᠠᠨ᠎ᠠ︔ | ︵ᠠᠷᠪᠠᠨ ᠵᠢᠷᠭᠤᠭ᠎ᠠ︶ ᠤᠯᠤᠰ ᠤᠨ ᠭᠠᠪᠢᠶ᠎ᠠ ᠶᠢᠨ ᠲᠡᠮᠲᠡᠭ ᠪᠠ ᠬᠦᠨᠲᠤᠲᠤ ᠴᠤᠯᠠ ᠶᠢ ᠲᠤᠭᠲᠠᠭᠠᠬᠤ | ᠪᠦᠭᠡᠳ ᠡᠬᠦᠨ ᠢ ᠤᠯᠭᠤᠬᠤ ᠶᠢ ᠲᠤᠭᠲᠠᠭᠠᠨ᠎ᠠ︔ | ︵ᠠᠷᠪᠠᠨ ᠲᠤᠯᠤᠭ᠎ᠠ︶ ᠤᠨᠴᠨ ᠠᠭᠤᠴᠢᠯᠠᠯ ᠦᠵᠡᠬᠦᠯᠬᠦ ᠶᠢ ᠲᠤᠭᠲᠠᠭᠠᠨ᠎ᠠ︔ | ︵ᠠᠷᠪᠠᠨ ᠨᠠᠢᠮᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ᠂ ᠤᠯᠤᠰ ᠤᠷᠤᠨ ᠭᠡᠷᠪᠠ ᠵᠠᠪᠰᠡᠭᠲᠦ ᠬᠠᠯᠲᠠᠯᠭ᠎ᠠ ᠳᠤ ᠤᠴᠠᠷᠠᠬᠤ | ᠪᠤᠶᠤ ᠲᠦᠷᠢᠮᠡᠭᠡᠶᠢᠯᠡᠯ ᠢ ᠬᠠᠮᠲᠤ ᠪᠠᠷ ᠬᠤᠷᠢᠬᠯᠠᠬᠤ ᠪᠠᠷ ᠲᠤᠭᠲᠠᠭᠠᠭᠰᠠᠨ ᠤᠯᠠᠨ ᠤᠯᠤᠰ ᠤᠨ ᠬᠤᠭᠤᠷᠤᠨᠲᠤᠭᠢ ᠭᠡᠷ᠎ᠠ | ᠶᠢ ᠡᠷᠭᠡᠪᠰᠢ ᠪᠡᠶᠡᠯᠡᠬᠦᠯᠬᠦ ᠪᠠᠶᠢᠲᠠᠯ ᠭᠠᠷᠪᠠᠯ᠂ ᠲᠠᠶᠢᠨ ᠤ ᠪᠠᠶᠢᠲᠠᠯ ᠳᠤ ᠤᠷᠤᠬᠤ ᠶᠢ ᠵᠠᠷᠯᠠᠬᠤ ᠶᠠᠪᠤᠲᠠᠯ ᠢ | ᠲᠤᠭᠲᠠᠭᠠᠨ᠎ᠠ︔ | ︵ᠠᠷᠪᠠ ᠶᠢᠰᠤ︶ ᠤᠯᠤᠰ ᠲᠠᠶᠠᠭᠠᠷ ᠤᠨ ᠶᠠᠷᠤᠩᠭᠡᠢ ᠲᠠᠶᠢᠴᠢᠯᠠᠯᠲᠠ ᠪᠤᠶᠤ ᠭᠡᠰᠡᠭ ᠤᠷᠤᠨ ᠤ | ᠲᠠᠶᠢᠴᠢᠯᠠᠯᠲᠠ ᠶᠢ ᠲᠤᠭᠲᠠᠭᠠᠨ᠎ᠠ︔ | ︵ᠬᠤᠷᠢ︶ ᠪᠦᠬᠦ ᠤᠯᠤᠰ ᠤᠨ ᠪᠤᠶᠤ ᠤᠨᠴᠨ ᠵᠠᠷᠢᠮ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠤᠨ ᠬᠠᠷᠢᠶ᠎ᠠ ᠬᠤᠲᠠ ᠶᠢᠨ ᠪᠠᠴᠢᠮ ᠪᠠᠶᠢᠲᠠᠯ ᠳᠤ ᠤᠷᠤᠬᠤ ᠶᠢ ᠲᠤᠭᠲᠠᠭᠠᠨ᠎ᠠ︔ | ︵ᠬᠤᠷᠢᠨ ᠨᠢᠭᠡ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠤᠯᠭᠤᠭᠰᠠᠨ ᠪᠤᠰᠤᠤᠨ ᠡᠷᠭᠡ ᠲᠤᠰᠢᠶᠠᠯ ᠤᠳ ᠢ ᠬᠦᠢᠴᠡᠳᠭᠡᠨ᠎ᠠ᠃ | ᠵᠢᠷᠠᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠠᠷᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠢ ᠡᠷᠭᠢᠯᠡᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠲᠤᠭᠤᠯᠤᠨᠠ᠃ ᠲᠡᠳ᠋ ᠬᠤᠷᠢᠶᠠᠨ ᠲᠠᠷᠤᠭ᠎ᠠ᠂ ᠨᠠᠷᠢᠨ | ᠪᠢᠴᠢᠭ ᠤᠨ ᠲᠠᠷᠤᠭ᠎ᠠ ᠨᠢ ᠬᠤᠷᠢᠶᠠᠨ ᠲᠠᠷᠤᠭ᠎ᠠ ᠶᠢ ᠬᠠᠪᠰᠤᠷᠤᠨ ᠠᠵᠢᠯᠯᠠᠨ᠎ᠠ᠃ ᠬᠤᠷᠢᠶᠠᠨ ᠲᠠᠷᠤᠭ᠎ᠠ᠂ ᠲᠡᠳ᠋ | ᠬᠤᠷᠢᠶᠠᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠨᠠᠷ ᠬᠤᠷᠢᠶᠠᠨ ᠲᠠᠷᠤᠭ᠎ᠠ ᠶᠢᠨ ᠬᠤᠷᠠᠯ ᠢ ᠪᠦᠷᠢᠯᠲᠦᠬᠦᠯᠦᠭᠡᠳ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠲᠤᠷ | ᠲᠤᠲᠤᠮ ᠤᠨ ᠴᠢᠬᠤᠯᠠ ᠠᠵᠢᠯ ᠢ ᠰᠢᠢᠳᠪᠤᠷᠢᠯᠡᠨ᠎ᠠ᠃ | ᠵᠢᠷᠠ ᠶᠢᠰᠤᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠦᠬᠦ ᠤᠯᠤᠰ ᠤᠨ ᠠᠷᠠᠳ ᠤᠨ ᠲᠦᠯᠦᠭᠡᠯᠭᠴᠢᠳ ᠤᠨ ᠶᠡᠭᠡ ᠬᠤᠷᠠᠯ ᠳᠤ ᠬᠠᠷᠢᠭᠤᠴᠠᠬᠤ | ᠪᠦᠭᠡᠳ ᠠᠵᠢᠯ ᠢᠶᠠᠨ ᠮᠡᠲᠡᠬᠦᠯᠦᠨᠠ᠃ | ᠲᠠᠯᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠦᠨᠲᠤᠰᠤᠲᠠᠨ ᠤ ᠺᠤᠮᠢᠰ᠂ ᠬᠠᠤᠯᠢ ᠴᠠᠭᠠᠵᠠ ᠶᠢᠨ ᠺᠤᠮᠢᠰ᠂ ᠡᠳ᠋ ᠤᠨ ᠵᠠᠰᠠᠭ ᠤᠨ ᠠᠵᠤ ᠠᠬᠤᠢ ᠶᠢᠨ ᠺᠤᠮᠢᠰ᠂ | ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠡᠷᠡᠬᠦᠯ ᠬᠠᠮᠠᠭᠠᠯᠠᠯ ᠤᠨ ᠺᠤᠮᠢᠰ᠂ ᠲᠤᠮᠲᠠᠲᠤ ᠶᠢᠨ | ᠬᠠᠷᠢᠶᠠᠲᠤ ᠨᠠᠷ ᠤᠨ ᠺᠤᠮᠢᠰ ᠭᠢᠭᠡᠳ ᠪᠠᠶᠢᠭᠤᠯᠬᠤ ᠴᠢᠬᠤᠯᠠ ᠲᠠᠢ ᠪᠤᠰᠤᠤᠨ ᠲᠤᠰᠬᠠᠢ ᠺᠤᠮᠢᠰ ᠤᠳ ᠢ ᠪᠠᠶᠢᠭᠤᠯᠤᠨ᠎ᠠ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠲᠡᠬᠦᠰᠦᠭᠰᠡᠨ | ᠬᠤᠭᠤᠴᠠᠭᠠᠨ ᠳᠤ᠂ ᠲᠤᠰᠬᠠᠢ ᠺᠤᠮᠢᠰ ᠤᠳ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠤᠲᠤᠷᠢᠲᠤᠯᠭ᠎ᠠ ᠶᠢ ᠬᠦᠯᠢᠶᠠᠨ᠎ᠠ᠃ ᠲᠤᠰᠬᠠᠢ ᠺᠤᠮᠢᠰ ᠤᠳ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠲᠤᠷᠢᠲᠤᠯᠭ᠎ᠠ ᠲᠤᠤᠷ᠎ᠡ ᠬᠤᠯᠪᠤᠭᠲᠠᠯ | ᠪᠦᠭᠦᠢ ᠰᠠᠨᠠᠯ ᠵᠦᠪᠯᠡᠯᠭᠡ ᠨᠦᠭᠦᠳ ᠢ ᠰᠤᠲᠤᠯᠤᠨ ᠭᠢᠨᠠᠬᠤ ᠪᠤᠶᠤ ᠲᠤᠭᠤᠷᠪᠢᠨ ᠲᠤᠭᠲᠠᠭᠠᠨ᠎ᠠ᠃ | ᠲᠠᠯᠠᠨ ᠨᠢᠭᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠴᠢᠬᠤᠯᠠ ᠲᠠᠢ ᠭᠡᠵᠤ ᠦᠵᠡᠪᠠᠯ᠂ ᠲᠤᠰᠬᠠᠢ ᠠᠰᠠᠭᠤᠲᠠᠯ ᠤᠨ ᠲᠤᠬᠠᠢ ᠪᠠᠶᠢᠴᠠᠭᠠᠬᠤ ᠺᠤᠮᠢᠰ ᠪᠠᠶᠢᠭᠤᠯᠵᠤ ᠪᠤᠯᠬᠤ | ᠪᠦᠭᠡᠳ ᠪᠠᠢᠴᠠᠭᠠᠬᠤ ᠺᠤᠮᠢᠰ ᠤᠨ ᠮᠡᠲᠡᠬᠦᠯᠦᠯᠲᠠ ᠶᠢ ᠦᠨᠲᠤᠰᠤᠯᠠᠨ ᠵᠤᠬᠢᠴᠠᠩᠭᠤᠢ ᠰᠢᠢᠳᠪᠤᠷᠢ ᠭᠠᠷᠭᠠᠵᠤ ᠪᠤᠯᠤᠨ᠎ᠠ | ᠃ ᠪᠠᠶᠢᠴᠠᠭᠠᠬᠤ ᠺᠤᠮᠢᠰ ᠪᠠᠶᠢᠴᠠᠭᠠᠯᠲᠠ ᠭᠢᠬᠦ ᠦᠶ᠎ᠠ ᠳᠤ᠂ ᠬᠤᠯᠪᠤᠭᠲᠠᠯ ᠪᠦᠭᠦᠢ ᠲᠦᠷᠤ ᠶᠢᠨ ᠪᠠᠶᠢᠭᠤᠯᠭ᠎ᠠ᠂ | ᠨᠠᠶᠢᠭᠡᠮ ᠤᠨ ᠪᠦᠯᠭᠦᠮ ᠭᠢᠭᠡᠳ ᠠᠷᠠᠳ ᠢᠷᠭᠡᠳ ᠲᠡᠭᠦᠨ ᠳᠤ ᠭᠡᠷᠡᠭᠴᠡᠭᠡ ᠲᠠᠢ ᠮᠡᠲ᠋ᠧᠷᠢᠶᠠᠯ ᠤᠯᠭᠤᠵᠤ ᠦᠭᠬᠦ | ᠡᠬᠦᠷᠭᠡ ᠲᠠᠢ᠃ | ᠲᠠᠯᠠᠨ ᠬᠤᠶᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ᠂ ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠡ ᠲᠤᠰᠢᠶᠠᠯ ᠤᠨ ᠭᠡᠪᠴᠢᠶᠠᠨ ᠳᠠᠬᠢ | ᠰᠠᠨᠠᠯ ᠵᠦᠪᠯᠡᠯᠭᠡ ᠨᠦᠭᠦᠳ ᠢ ᠲᠤᠰ ᠲᠤᠰ ᠲᠤᠷᠠᠳᠬᠤ ᠡᠷᠭᠡ ᠲᠠᠢ᠃ | ᠲᠠᠯᠠᠨ ᠭᠤᠷᠪᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠤ ᠬᠤᠭᠤᠴᠠᠭᠠᠨ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠪᠠᠶᠢᠩᠭᠤ ᠶᠢᠨ ᠬᠤᠷᠢᠶᠠᠨ ᠤ ᠬᠤᠷᠠᠯᠲᠤᠭᠠᠨ ᠤ ᠬᠤᠭᠤᠴᠠᠭᠠᠨ ᠳᠤ᠂ | ᠬᠠᠤᠯᠢ ᠳᠤ ᠲᠤᠭᠲᠠᠭᠠᠭᠰᠠᠨ ᠵᠢᠷᠤᠮ ᠶᠤᠰᠤᠭᠠᠷ ᠲᠦᠷᠤ ᠶᠢᠨ ᠶᠠᠪᠤᠲᠠᠯ ᠤᠨ ᠬᠤᠷᠢᠶ᠎ᠠ ᠪᠤᠶᠤ ᠲᠦᠷᠤ ᠶᠢᠨ | ᠶᠠᠪᠤᠲᠠᠯ ᠤᠨ ᠬᠤᠷᠢᠶᠠᠨ ᠤ ᠶᠠᠮᠤᠤᠨ ᠬᠤᠷᠢᠶᠠᠳ ᠠᠴᠠ ᠲᠤᠯᠭᠠᠨ ᠠᠰᠭᠠᠤᠬᠤ ᠰᠠᠨᠠᠯ ᠲᠤᠷᠠᠳᠬᠤ ᠡᠷᠭᠡ ᠲᠠᠢ᠃ | ᠠᠰᠠᠭᠤᠭᠲᠠᠭᠰᠠᠨ ᠪᠠᠶᠢᠭᠤᠯᠭ᠎ᠠ ᠡᠷᠭᠡᠪᠰᠢ ᠬᠠᠷᠢᠭᠤᠴᠠᠵᠤ ᠪᠠᠶᠢᠭᠠᠳ ᠬᠠᠷᠢᠭᠤᠯᠲᠠ ᠦᠭᠬᠦ ᠭᠡᠷᠡᠭᠲᠠᠢ᠃ | ᠲᠠᠯᠠᠨ ᠲᠦᠷᠪᠡᠲᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠤ | ᠲᠡᠷᠢᠬᠦᠯᠡᠭᠴᠢᠳ ᠤᠨ ᠪᠦᠯᠭᠦᠮ ᠤᠨ ᠵᠦᠪᠰᠢᠶᠠᠷᠠᠯ ᠦᠭᠡᠢ ᠪᠠᠷ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠ ᠲᠡᠬᠦᠰᠦᠭᠰᠡᠨ ᠬᠤᠭᠤᠴᠠᠭᠠᠨ ᠳᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠦᠪᠰᠢᠶᠠᠷᠠᠯ ᠦᠭᠡᠢ ᠪᠠᠷ | ᠪᠠᠷᠢᠪᠴᠢᠯᠠᠬᠤ ᠪᠤᠶᠤ ᠡᠷᠡᠬᠦᠦ ᠶᠢᠨ ᠭᠡᠷᠡᠭ ᠢᠶᠠᠷ ᠰᠢᠬᠦᠵᠤ ᠪᠤᠯᠬᠤ ᠦᠭᠡᠢ᠃ | ᠲᠠᠯᠠᠨ ᠲᠠᠪᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠡᠯ᠎ᠠ ᠵᠦᠢᠯ ᠤᠨ ᠬᠤᠷᠠᠯᠳᠣᠭᠠᠨ ᠲᠡᠭᠡᠷ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠭᠡᠯᠡᠭᠰᠠᠨ ᠦᠭᠡ ᠪᠠ ᠦᠭᠬᠦᠭᠰᠡᠨ ᠰᠠᠨᠠᠯ ᠢ ᠬᠠᠤᠯᠢ ᠴᠠᠭᠠᠵᠠ ᠪᠠᠷ ᠨᠡᠭᠡᠮᠵᠢᠯᠡᠵᠤ ᠪᠤᠯᠬᠤ | ᠦᠭᠡᠢ᠃ | ᠲᠠᠯᠠᠨ ᠵᠢᠷᠭᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠡᠷᠭᠡᠪᠰᠢ ᠦᠨᠲᠤᠰᠤᠨ ᠬᠠᠤᠯᠢ ᠪᠠ ᠬᠠᠤᠯᠢ ᠴᠠᠭᠠᠵᠠ ᠶᠢ ᠵᠢᠱᠢᠶᠠᠴᠢ ᠪᠠᠷ ᠵᠢᠷᠤᠮᠯᠠᠨ᠂ ᠤᠯᠤᠰ | ᠤᠷᠤᠨ ᠤ ᠨᠢᠭᠤᠴᠨ ᠶᠢ ᠬᠠᠮᠠᠭᠠᠯᠠᠬᠤ ᠶᠢᠨ ᠬᠠᠮᠲᠤ ᠦᠪᠡᠷ ᠤᠨ ᠤᠷᠤᠯᠴᠠᠭᠰᠠᠨ ᠦᠢᠯᠡᠳᠪᠤᠷᠢᠯᠡᠯ᠂ ᠠᠵᠢᠯ ᠪᠠ | ᠨᠠᠶᠢᠭᠡᠮ ᠤᠨ ᠠᠵᠢᠯᠯᠠᠭᠠᠨ ᠤ ᠲᠤᠮᠲᠠ ᠪᠠᠨ ᠦᠨᠲᠤᠰᠤᠨ ᠬᠠᠤᠯᠢ᠂ ᠬᠠᠤᠯᠢ ᠴᠠᠭᠠᠵᠠ ᠶᠢ ᠭᠡᠷᠡᠭᠵᠢᠬᠦᠯᠬᠦ ᠳᠤ | ᠬᠠᠪᠰᠤᠷᠴᠤ ᠲᠤᠰᠠᠯᠠᠬᠤ ᠭᠡᠷᠡᠭᠲᠠᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠨᠢ ᠤᠭ ᠰᠤᠩᠭᠤᠭᠰᠠᠨ ᠨᠢᠭᠡᠴᠢ ᠪᠤᠯᠤᠨ ᠠᠷᠠᠳ ᠲᠦᠮᠠᠨ ᠲᠠᠢ ᠦᠷᠬᠦᠯᠵᠢ ᠨᠢᠭᠲᠠ | ᠬᠠᠷᠢᠯᠴᠠᠵᠤ᠂ ᠠᠷᠠᠳ ᠲᠦᠮᠠᠨ ᠤ ᠰᠠᠨᠠᠯ ᠱᠠᠭᠠᠷᠲᠠᠯᠭ᠎ᠠ ᠶᠢ ᠰᠤᠨᠤᠰᠴᠤ ᠲᠤᠰᠬᠠᠨ᠂ ᠠᠷᠠᠳ ᠲᠦᠮᠠᠨ ᠳᠤ | ᠴᠢᠷᠮᠠᠶᠢᠨ ᠦᠢᠯᠡᠴᠢᠯᠡᠬᠦ ᠭᠡᠷᠡᠭᠲᠡᠢ᠃ | ᠲᠠᠯᠠᠨ ᠲᠤᠯᠤᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠨᠢ ᠤᠭ ᠰᠤᠩᠭᠤᠭᠰᠠᠨ | ᠨᠢᠭᠡᠴᠢ ᠶᠢᠨ ᠢᠶᠠᠨ ᠭᠢᠨᠠᠯᠲᠠ ᠶᠢ ᠬᠦᠯᠢᠶᠠᠨ᠎ᠠ᠃ ᠤᠭ ᠰᠤᠩᠭᠤᠭᠰᠠᠨ ᠨᠢᠭᠡᠴᠢ ᠨᠢ ᠬᠠᠤᠯᠢ ᠳᠤ ᠲᠤᠭᠲᠠᠭᠠᠭᠰᠠᠨ | ᠵᠢᠷᠤᠮ ᠶᠤᠰᠤᠭᠠᠷ ᠲᠤᠰ ᠨᠢᠭᠡᠴᠢ ᠶᠢᠨ ᠰᠤᠩᠭᠤᠭᠰᠠᠨ ᠲᠦᠯᠦᠭᠡᠯᠡᠭᠴᠢ ᠪᠠᠨ ᠪᠠᠭᠤᠯᠭᠠᠬᠤ ᠡᠷᠭᠡ ᠲᠠᠢ᠃ | ᠲᠠᠯᠠᠨ ᠨᠠᠢᠮᠠᠲᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠵᠤᠬᠢᠶᠠᠨ ᠪᠠᠶᠢᠭᠤᠯᠤᠯᠲᠠ ᠪᠠ ᠠᠵᠢᠯ ᠤᠨ ᠵᠢᠷᠤᠮ ᠢ ᠬᠠᠤᠯᠢ ᠪᠠᠷ ᠲᠤᠭᠲᠠᠭᠠᠨ᠎ᠠ᠃ | ᠬᠤᠶᠠᠲᠤᠭᠠᠷ ᠭᠡᠰᠡᠭ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠲᠠᠯᠠᠨ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ | ᠲᠡᠷᠢᠬᠦᠯᠡᠭᠴᠢ ᠶᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠰᠤᠩᠭᠤᠨ᠎ᠠ᠃ | ᠰᠤᠩᠭᠤᠬᠤ ᠡᠷᠭᠡ ᠪᠠ ᠰᠤᠩᠭᠤᠭᠲᠠᠬᠤ ᠡᠷᠭᠡ ᠲᠠᠢ ᠪᠦᠬᠦᠯᠢ ᠲᠦᠴᠢᠨ ᠲᠠᠪᠤᠨ ᠨᠠᠰᠤᠨ ᠳᠤ ᠬᠦᠷᠦᠭᠰᠡᠨ ᠪᠦᠬᠦᠲᠠ | ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠢᠷᠭᠡᠨ ᠪᠦᠬᠦᠨ ᠪᠦᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠᠷ ᠰᠤᠩᠭᠤᠭᠲᠠᠵᠤ ᠪᠤᠯᠤᠨ᠎ᠠ᠃ ᠪᠦᠬᠦᠲᠠ ᠨᠠᠶᠢᠷᠮᠠᠲᠠᠬᠤ | ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ ᠬᠤᠭᠤᠴᠠᠭ᠎ᠠ ᠠᠴᠠ ᠢᠯᠡᠬᠦᠦ | ᠲᠤᠰᠢᠶᠠᠯ ᠬᠠᠷᠢᠭᠤᠴᠠᠵᠤ ᠪᠤᠯᠬᠤ ᠦᠭᠡᠢ᠃ | ᠨᠠᠶᠠᠲᠤᠭᠠᠷ ᠵᠦᠢᠯ ᠪᠦᠬᠦᠲᠠ ᠨᠠᠶᠢᠷᠮᠠᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠲᠠᠭᠠᠯ ᠢ ᠦᠨᠲᠤᠰᠤᠯᠠᠨ ᠬᠠᠤᠯᠢ | ᠴᠠᠭᠠᠵᠠ ᠶᠢ ᠨᠠᠶᠢᠲᠡᠯᠡᠨ᠎ᠠ᠂ ᠲᠦᠷᠤ ᠶᠢᠨ ᠶᠠᠪᠤᠲᠠᠯ ᠤᠨ ᠬᠤᠷᠢᠶᠠᠨ ᠤ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ | ᠂ ᠲᠦᠷᠤ ᠶᠢᠨ ᠶᠠᠪᠤᠲᠠᠯ ᠤᠨ ᠭᠡᠰᠢᠬᠦᠦᠨ᠂ ᠶᠠᠮᠤᠤᠨ ᠤᠨ ᠰᠠᠶᠢᠳ᠂ ᠬᠤᠷᠢᠶᠠᠳ ᠤᠨ ᠡᠷᠬᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠶᠢ ᠲᠤᠰᠢᠶᠠᠯ ᠳᠤ ᠲᠤᠮᠢᠯᠠᠬᠤ ᠪᠤᠶᠤ ᠲᠤᠰᠢᠶᠠᠯ ᠠᠴᠠ | ᠪᠠᠭᠤᠯᠭᠠᠨ᠎ᠠ᠂ ᠤᠯᠤᠰ ᠤᠨ ᠭᠠᠪᠢᠶ᠎ᠠ ᠶᠢᠨ ᠲᠡᠮᠲᠡᠭ ᠪᠠ ᠬᠦᠨᠲᠤᠲᠤ ᠴᠤᠯᠠ ᠶᠢ ᠤᠯᠭᠤᠨ᠎ᠠ᠂ ᠤᠨᠴᠨ | ᠠᠭᠤᠴᠢᠯᠠᠯ ᠤᠨ ᠵᠠᠷᠯᠢᠭ ᠢ ᠨᠡᠶᠢᠲᠡᠯᠠᠨᠠ᠂ ᠪᠠᠴᠢᠮ ᠪᠠᠶᠢᠲᠠᠯ ᠳᠤ ᠤᠷᠤᠭᠰᠠᠨ ᠢ ᠵᠠᠷᠯᠠᠨ᠎ᠠ᠂ ᠲᠠᠶᠢᠨ ᠤ ᠪᠠᠶᠢᠲᠠᠯ ᠳᠤ | ᠤᠷᠤᠭᠰᠠᠨ ᠢ ᠵᠠᠷᠯᠠᠨ᠎ᠠ᠂ ᠲᠠᠶᠢᠴᠢᠯᠠᠯᠲᠠ ᠶᠢᠨ ᠵᠠᠷᠯᠢᠭ ᠢ ᠵᠠᠷᠯᠠᠨ᠎ᠠ᠃ | ᠨᠠᠶᠠᠨ ᠨᠢᠭᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠢ ᠲᠦᠯᠦᠭᠡᠯᠡᠨ ᠲᠦᠷᠤ ᠶᠢᠨ ᠠᠵᠢᠯᠯᠠᠭ᠎ᠠ ᠶᠠᠪᠤᠭᠤᠯᠵᠤ᠂ | ᠭᠠᠲᠠᠭᠠᠲᠤ ᠶᠢᠨ ᠡᠯᠴᠢᠨ ᠰᠠᠶᠢᠳ ᠢ ᠬᠦᠯᠢᠶᠠᠨ ᠠᠪᠤᠨ᠎ᠠ︔ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠲᠠᠭᠠᠯ ᠢ ᠦᠨᠲᠤᠰᠤᠯᠠᠨ᠂ ᠭᠠᠲᠠᠭᠠᠲᠤ ᠳᠤ ᠰᠠᠭᠤᠬᠤ ᠪᠦᠷᠢᠨ | ᠡᠷᠭᠡᠲᠤ ᠲᠦᠯᠦᠭᠡᠯᠡᠭᠴᠢ ᠶᠢ ᠲᠤᠮᠢᠯᠠᠬᠤ ᠪᠤᠶᠤ ᠡᠭᠡᠬᠦᠯᠦᠨ ᠠᠪᠴᠢᠷᠠᠨ᠎ᠠ᠂ ᠭᠠᠲᠠᠭᠠᠲᠤ ᠲᠠᠢ ᠪᠠᠶᠢᠭᠤᠯᠤᠭᠰᠠᠨ ᠭᠡᠷ᠎ᠠ | ᠪᠤᠯᠤᠨ ᠴᠢᠬᠤᠯᠠ ᠭᠡᠯᠡᠯᠴᠡᠭᠡᠷ ᠢ ᠵᠦᠪᠰᠢᠶᠠᠷᠠᠬᠦ ᠪᠤᠶᠤ ᠬᠦᠴᠤᠨ ᠦᠭᠡᠢ ᠪᠤᠯᠭᠠᠨ᠎ᠠ᠃ | ᠨᠠᠶᠠᠨ ᠬᠤᠶᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠳ᠋ | ᠲᠡᠷᠢᠬᠦᠯᠡᠭᠴᠢ ᠨᠢ ᠲᠡᠷᠢᠬᠦᠯᠡᠭᠴᠢ ᠶᠢ ᠬᠠᠪᠰᠤᠷᠤᠨ ᠠᠵᠢᠯᠯᠠᠨ᠎ᠠ᠃ ᠪᠦᠬᠦᠲᠠ ᠨᠠᠶᠢᠷᠠᠮᠲᠠᠬᠤ ᠲᠤᠮᠲᠠᠲᠤ | ᠠᠷᠠᠳ ᠤᠯᠤᠰ ᠤᠨ ᠲᠡᠳ᠋ ᠲᠡᠷᠢᠬᠦᠯᠡᠭᠴᠢ ᠨᠢ ᠲᠡᠷᠢᠬᠦᠯᠡᠭᠴᠢ ᠶᠢᠨ ᠭᠡᠰᠡᠭ ᠡᠷᠭᠡ ᠲᠤᠰᠢᠶᠠᠯ ᠢ ᠤᠷᠤᠯᠠᠨ | ᠬᠦᠢᠴᠡᠳᠭᠡᠵᠤ ᠪᠤᠯᠤᠨ᠎ᠠ᠃ | ᠨᠠᠶᠠᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ | ᠲᠡᠳ᠋ ᠲᠡᠷᠢᠬᠦᠯᠡᠭᠴᠢ ᠲᠠᠷᠠᠭ᠎ᠠ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠠᠴᠠ ᠰᠤᠩᠭᠤᠭᠲᠠᠭᠰᠠᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢ ᠲᠤᠰᠢᠶᠠᠯ ᠳᠤ ᠭᠠᠷᠬᠤ ᠪᠤᠯᠲᠠᠯ᠎ᠠ ᠡᠷᠭᠡ | ᠲᠤᠰᠢᠶᠠᠯ ᠢᠶᠠᠨ ᠬᠦᠢᠴᠡᠳᠭᠡᠨ᠎ᠡ᠃ | ᠨᠠᠶᠠᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ ᠶᠢᠨ | ᠤᠷᠤ ᠰᠤᠯᠠ ᠭᠠᠷᠪᠠᠯ᠂ ᠲᠡᠷᠢᠬᠦᠯᠡᠭᠴᠢ ᠶᠢᠨ ᠲᠤᠰᠢᠶᠠᠯ ᠢ ᠲᠡᠳ᠋ ᠲᠡᠷᠢᠬᠦᠯᠡᠭᠴᠢ ᠵᠠᠯᠭᠠᠮᠵᠢᠯᠠᠨ ᠬᠠᠷᠢᠭᠤᠴᠠᠨ᠎ᠠ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠳ᠋ ᠲᠡᠷᠢᠬᠦᠯᠡᠭᠴᠢ ᠶᠢᠨ ᠤᠷᠤ ᠰᠤᠯᠠ ᠭᠠᠷᠪᠠᠯ᠂ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠦᠬᠦᠪᠤᠷᠢᠯᠠᠨ ᠰᠤᠩᠭᠤᠨ᠎ᠠ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠶᠢᠨ ᠤᠷᠤ ᠴᠦᠮ | ᠰᠤᠯᠠ ᠭᠠᠷᠪᠠᠯ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠦᠬᠦᠪᠤᠷᠢᠯᠡᠨ | ᠰᠤᠩᠭᠤᠨ᠎ᠠ︔ ᠨᠦᠬᠦᠪᠤᠷᠢᠯᠠᠨ ᠰᠤᠩᠭᠤᠵᠤ ᠭᠠᠷᠭᠠᠬᠤ ᠠᠴᠠ ᠡᠮᠤᠨ᠎ᠠ᠂ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠤᠭ᠎ᠠ ᠠᠴᠠ ᠲᠡᠷᠢᠬᠦᠯᠡᠭᠴᠢ ᠶᠢᠨ | ᠲᠤᠰᠢᠶᠠᠯ ᠢ ᠲᠦᠷ ᠤᠷᠤᠯᠠᠨᠠ᠃ |