ᠭᠤᠷᠪᠠᠲᠤᠭᠠᠷ ᠭᠡᠰᠡᠭ ᠲᠦᠷᠤ ᠶᠢᠨ ᠶᠠᠪᠤᠲᠠᠯ ᠤᠨ ᠬᠤᠷᠢᠶ᠎ᠠ | ᠨᠠᠶᠠᠨ ᠲᠠᠪᠤᠲᠤᠭᠠᠷ ᠵᠦᠢᠯ ᠠᠷᠠᠳ ᠤᠨ ᠲᠦᠪ ᠵᠠᠰᠠᠭ ᠤᠨ ᠤᠷᠲᠤᠨ ᠪᠤᠯᠬᠤ ᠪᠦᠬᠦᠲᠠ ᠨᠠᠶᠢᠷᠠᠮᠲᠠᠬᠤ | ᠲᠤᠮᠲᠠᠲᠤ ᠠᠷᠠᠳ ᠤᠯᠤᠰ ᠤᠨ ᠲᠦᠷᠤ ᠶᠢᠨ ᠶᠠᠪᠤᠲᠠᠯ ᠤᠨ ᠬᠤᠷᠢᠶ᠎ᠠ ᠪᠤᠯ ᠲᠦᠷᠤ ᠶᠢᠨ ᠲᠡᠭᠡᠲᠤ ᠡᠷᠭᠡᠲᠤ | ᠪᠠᠶᠢᠭᠤᠯᠭ᠎ᠠ ᠶᠢᠨ ᠬᠦᠢᠴᠡᠳᠭᠡᠬᠦ ᠪᠠᠶᠢᠭᠤᠯᠭ᠎ᠠ ᠮᠦᠨ᠂ ᠲᠦᠷᠤ ᠶᠢᠨ ᠲᠡᠭᠡᠲᠤ ᠡᠷᠭᠡᠲᠤ ᠵᠠᠰᠠᠭ ᠵᠠᠭᠢᠷᠭᠠᠨ ᠤ | ᠪᠠᠶᠢᠭᠤᠯᠭ᠎ᠠ ᠮᠦᠨ᠃ | ᠨᠠᠶᠠᠨ ᠵᠢᠷᠭᠤᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠲᠤᠤᠷᠠᠭᠢ ᠬᠦᠮᠦᠰ ᠢᠶᠠᠷ | ᠪᠦᠷᠢᠯᠲᠤᠨᠠ᠄ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳᠨᠠᠷ᠂ ᠲᠦᠷᠤ ᠶᠢᠨ ᠶᠠᠪᠤᠲᠠᠯ ᠤᠨ | ᠭᠡᠰᠢᠬᠦᠤᠨ᠂ ᠶᠠᠮᠤᠤᠨ ᠤᠨ ᠰᠠᠶᠢᠳ ᠨᠠᠷ᠂ ᠬᠤᠷᠢᠶᠠᠳ ᠤᠨ ᠡᠷᠭᠢᠯᠡᠭᠴᠢ᠂ ᠨᠢᠭᠲᠠᠯᠠᠨ | ᠪᠠᠶᠢᠴᠠᠭᠠᠬᠤ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ᠃ ᠲᠦᠷᠤ ᠶᠢᠨ ᠶᠠᠪᠤᠲᠠᠯ ᠤᠨ ᠬᠤᠷᠢᠶ᠎ᠠ ᠳᠤ | ᠶᠡᠷᠤᠩᠭᠡᠢ ᠰᠠᠶᠢᠳ ᠤᠨ ᠬᠠᠷᠢᠭᠤᠴᠠᠬᠤ ᠲᠦᠷᠢᠮ ᠢ ᠶᠠᠪᠤᠭᠤᠯᠤᠨ᠎ᠠ᠃ ᠶᠠᠮᠤᠤᠨ᠂ ᠬᠤᠷᠢᠶᠠᠳ ᠤᠨ ᠰᠠᠶᠢᠳ᠂ | ᠡᠷᠭᠢᠯᠡᠭᠴᠢ ᠶᠢᠨ ᠬᠠᠷᠢᠭᠤᠴᠠᠬᠤ ᠲᠦᠷᠢᠮ ᠢ ᠶᠠᠪᠤᠭᠤᠯᠤᠨ᠎ᠠ᠃ ᠲᠦᠷᠤ ᠶᠢᠨ ᠶᠠᠪᠤᠲᠠᠯ ᠤᠨ ᠬᠤᠷᠢᠶᠠᠨ ᠤ | ᠵᠤᠬᠢᠶᠠᠨ ᠪᠠᠶᠢᠭᠤᠯᠤᠯᠲᠠ ᠶᠢ ᠬᠠᠤᠯᠢ ᠪᠠᠷ ᠲᠤᠭᠲᠠᠭᠠᠨ᠎ᠠ᠃ | ᠨᠠᠶᠠᠨ ᠲᠤᠯᠤᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶᠠᠨ ᠤ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ ᠶᠡᠷᠤᠩᠭᠡᠢ ᠰᠠᠶᠢᠳ᠂ ᠲᠡᠳ᠋ ᠶᠡᠷᠤᠩᠭᠡᠢ | ᠰᠠᠶᠢᠳ᠂ ᠲᠦᠷᠤ ᠶᠢᠨ ᠶᠠᠪᠤᠲᠠᠯ ᠤᠨ ᠭᠡᠰᠢᠬᠦᠨ ᠨᠠᠷ ᠵᠠᠯᠭ᠎ᠠ ᠪᠠᠷ ᠬᠤᠶᠠᠷ ᠬᠤᠭᠤᠴᠠᠭ᠎ᠠ ᠠᠴᠠ ᠢᠯᠡᠭᠦᠣ ᠲᠤᠰᠢᠶᠠᠯ | ᠬᠠᠷᠢᠭᠤᠴᠠᠵᠦ ᠪᠤᠯᠬᠤ ᠦᠭᠡᠢ᠃ | ᠨᠠᠶᠠᠨ ᠨᠠᠢᠮᠠᠳᠣᠭᠠᠷ ᠵᠦᠢᠯ ᠶᠡᠷᠤᠩᠭᠡᠢ ᠰᠠᠶᠢᠳ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ | ᠣᠳᠣᠷᠢᠳᠣᠨ᠎ᠠ᠃ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ ᠭᠡᠰᠢᠬᠦᠨ ᠨᠢ ᠶᠠᠷᠦᠩᠭᠡᠢ ᠰᠠᠶᠢᠳ ᠢ | ᠬᠠᠪᠰᠣᠷᠣᠨ ᠠᠵᠢᠯᠯᠠᠨ᠎ᠠ᠃ ᠶᠡᠷᠤᠩᠭᠡᠢ ᠰᠠᠶᠢᠳ᠂ ᠲᠡᠳ᠋ ᠶᠡᠷᠤᠩᠭᠡᠢ ᠰᠠᠶᠢᠳ᠂ ᠲᠦᠷᠤ ᠶᠢᠨ ᠶᠠᠪᠤᠲᠠᠯ ᠤᠨ | ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠨᠠᠷ ᠲᠦᠷᠤ ᠶᠢᠨ ᠶᠠᠪᠤᠲᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ | ᠪᠦᠷᠢᠯᠲᠤᠭᠦᠯᠦᠨᠠ᠃ ᠶᠡᠷᠤᠩᠭᠡᠢ ᠰᠠᠶᠢᠳ ᠲᠦᠷᠤ ᠶᠢᠨ ᠶᠠᠪᠤᠲᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠪᠠ | ᠲᠦᠷᠤ ᠶᠢᠨ ᠶᠠᠪᠤᠲᠠᠯ ᠤᠨ ᠬᠤᠷᠢᠶᠠᠨ ᠤ ᠪᠦᠬᠦᠲᠠ ᠬᠤᠷᠠᠯ ᠢ ᠬᠤᠷᠠᠯᠲᠤᠭᠤᠯᠬᠤ ᠪᠦᠭᠡᠳ ᠡᠷᠭᠢᠯᠡᠨ᠎ᠠ᠃ | ᠨᠠᠶᠠᠨ ᠶᠢᠰᠤᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠲᠤᠤᠷ᠎ᠠ ᠵᠢᠭᠰᠠᠭᠠᠭᠰᠠᠨ ᠡᠷᠭᠡ | ᠲᠤᠰᠢᠶᠠᠯ ᠤᠳ ᠢ ᠬᠦᠢᠴᠡᠳᠭᠡᠨ᠎ᠠ᠄ | ︵ᠨᠢᠭᠡ︶ ᠦᠨᠲᠤᠰᠤᠨ ᠬᠠᠤᠯᠢ ᠪᠠ ᠬᠠᠤᠯᠢ ᠴᠭᠠᠵᠠ ᠶᠢ ᠦᠨᠲᠤᠰᠤᠯᠠᠨ᠂ ᠵᠠᠰᠠᠭ ᠵᠠᠭᠢᠷᠭᠠᠨ ᠤ ᠠᠷᠭ᠎ᠠ | ᠭᠡᠮᠵᠢᠶ᠎ᠠ ᠶᠢ ᠲᠤᠭᠲᠠᠭᠠᠵᠤ᠂ ᠵᠠᠰᠠᠭ ᠵᠠᠭᠢᠷᠭᠠᠨ ᠤ ᠬᠠᠤᠯᠢ ᠲᠤᠭᠲᠠᠭᠠᠯ ᠢ ᠲᠤᠭᠲᠠᠭᠠᠵᠤ᠂ ᠲᠤᠭᠲᠠᠭᠠᠯ ᠪᠠ ᠵᠠᠷᠯᠢᠭ ᠢ | ᠨᠠᠶᠢᠲᠡᠯᠡᠨ᠎ᠠ︔ | ︵ᠬᠤᠶᠠᠷ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠰᠠᠨᠠᠯ ᠵᠦᠪᠯᠡᠯᠭᠡ | ᠲᠤᠷᠠᠲᠤᠨᠠ ︔ | ︵ᠭᠤᠷᠪᠠ︶ ᠶᠠᠮᠤᠤᠨ ᠬᠤᠷᠢᠶᠠᠳ ᠤᠨ ᠡᠬᠦᠷᠭᠡ ᠪᠠ ᠲᠤᠰᠢᠶᠠᠯ ᠬᠠᠷᠢᠭᠤᠴᠠᠯᠭ᠎ᠠ ᠶᠢ ᠲᠤᠭᠲᠠᠭᠠᠵᠤ᠂ | ᠶᠠᠮᠤᠤᠨ ᠬᠤᠷᠢᠶᠠᠳ ᠤᠨ ᠠᠵᠢᠯ ᠢ ᠨᠢᠭᠡᠲᠤᠯᠲᠠᠢ ᠤᠲᠤᠷᠢᠳᠬᠤ ᠪᠦᠭᠡᠳ ᠶᠠᠮᠤᠤᠨ ᠬᠤᠷᠢᠶᠠᠳ ᠲᠤ ᠦᠯᠦ | ᠬᠠᠷᠢᠶᠠᠯᠠᠭᠲᠠᠬᠤ ᠪᠦᠬᠦ ᠤᠯᠤᠰ ᠤᠨ ᠴᠢᠨᠠᠷᠲᠠᠢ ᠵᠠᠰᠠᠭ ᠵᠠᠭᠢᠷᠭᠠᠨ ᠤ ᠠᠵᠢᠯ ᠢ ᠤᠲᠤᠷᠢᠲᠤᠨ᠎ᠠ︔ | ︵ᠲᠦᠷᠪᠠ︶ ᠪᠦᠬᠦ ᠤᠯᠤᠰ ᠤᠨ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠵᠠᠰᠠᠭ ᠵᠠᠭᠢᠷᠭᠠᠨ ᠤ | ᠪᠠᠶᠢᠭᠤᠯᠭ᠎ᠠ ᠶᠢᠨ ᠠᠵᠢᠯ ᠢ ᠨᠢᠭᠡᠲᠤᠯᠲᠠᠢ ᠤᠲᠤᠷᠢᠳᠴᠤ᠂ ᠲᠦᠪ ᠪᠤᠯᠤᠨ ᠮᠤᠵᠢ᠂ ᠦᠪᠠᠷᠲᠠᠭᠡᠨ ᠵᠠᠰᠠᠬᠤ ᠤᠷᠤᠨ᠂ | ᠰᠢᠭᠤᠤᠨ ᠬᠠᠷᠢᠶ᠎ᠠ ᠬᠤᠲᠠ ᠶᠢᠨ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠡᠷᠭᠡ ᠲᠤᠰᠢᠶᠠᠯ ᠤᠨ ᠪᠤᠲᠠᠲᠠᠢ | ᠬᠤᠪᠢᠶᠠᠷᠢᠯᠠᠯ ᠢ ᠲᠤᠭᠲᠠᠭᠠᠨ᠎ᠠ︔ | ︵ᠲᠠᠪᠤ︶ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ᠂ | ᠤᠯᠤᠰ ᠤᠨ ᠲᠦᠰᠤᠪ ᠢ ᠨᠠᠶᠢᠷᠠᠭᠤᠯᠤᠨ ᠲᠤᠭᠲᠠᠭᠠᠬᠤ ᠪᠦᠭᠡᠳ ᠬᠦᠢᠴᠳᠭᠡᠨᠠ︔ | ︵ᠵᠢᠷᠭᠤᠭ᠎ᠠ︶ ᠠᠵᠤ ᠠᠬᠤᠢ ᠶᠢᠨ ᠠᠵᠢᠯ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢ | ᠤᠲᠤᠷᠢᠲᠤᠨ ᠬᠠᠮᠢᠶᠠᠷᠤᠨ᠎ᠠ︔ | ︵ᠲᠤᠯᠤᠭ᠎ᠠ︶ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ ᠪᠤᠯᠪᠠᠰᠤᠷᠠᠯ᠂ ᠡᠷᠡᠬᠦᠯ ᠬᠠᠮᠠᠭᠠᠯᠠᠯ | ᠂ ᠪᠡᠶ᠎ᠠ ᠶᠢᠨ ᠲᠠᠮᠢᠷ ᠪᠤᠯᠤᠨ ᠲᠦᠯᠦᠪᠯᠡᠭᠡᠲᠠᠢ ᠪᠠᠷ ᠭᠡᠤᠭᠡᠤᠨ ᠠᠪᠬᠤ ᠠᠵᠢᠯ ᠢ ᠤᠲᠤᠷᠢᠲᠤᠨ ᠬᠠᠮᠢᠶᠠᠷᠤᠨ᠎ᠠ︔ | ︵ᠨᠠᠢᠮᠠ︶ ᠠᠷᠠᠳ ᠤᠨ ᠶᠠᠪᠤᠲᠠᠯ᠂ ᠲᠤᠲᠤᠭᠠᠲᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠭᠢᠷᠭ᠎ᠠ ᠪᠠ | ᠭᠢᠨᠠᠨ ᠪᠠᠶᠢᠴᠠᠭᠠᠬᠤ ᠵᠠᠷᠭᠡ ᠠᠵᠢᠯ ᠢ ᠤᠲᠤᠷᠢᠲᠤᠨ ᠬᠠᠮᠢᠶᠠᠷᠤᠨ᠎ᠠ︔ | ︵ᠶᠢᠰᠤ︶ ᠭᠠᠲᠠᠭᠠᠲᠤ ᠶᠠᠪᠤᠲᠠᠯ ᠢ ᠬᠠᠮᠢᠶᠠᠷᠴᠦ᠂ ᠭᠠᠲᠠᠭᠠᠲᠤ ᠤᠯᠤᠰ ᠲᠠᠢ ᠭᠡᠷ᠎ᠠ ᠪᠠ ᠭᠡᠯᠡᠯᠴᠡᠭᠡᠷ | ᠲᠤᠭᠲᠠᠭᠠᠨ᠎ᠠ︔ | ︵ᠠᠷᠪᠠ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ | ᠤᠲᠤᠷᠢᠲᠤᠨ ᠬᠠᠮᠢᠶᠠᠷᠤᠨ᠎ᠠ︔ | ︵ᠠᠷᠪᠠᠨ ᠨᠢᠭᠡ︶ ᠦᠨᠲᠤᠰᠤᠲᠠᠨ ᠤ ᠭᠡᠷᠡᠭ ᠶᠠᠪᠤᠲᠠᠯ ᠢ ᠤᠲᠤᠷᠢᠲᠤᠨ ᠬᠠᠮᠢᠶᠠᠷᠴᠤ᠂ ᠴᠦᠭᠡᠨ ᠲᠤᠭᠠᠲᠤ | ᠦᠨᠲᠤᠰᠤᠲᠠᠨ ᠨᠦᠭᠦᠳ ᠤᠨ ᠲᠡᠭᠰᠢ ᠡᠷᠭᠡ ᠪᠤᠯᠤᠨ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠠᠷᠲᠡᠭᠡᠨ ᠵᠠᠰᠠᠬᠤ ᠡᠷᠭᠡ ᠶᠢ ᠪᠠᠲᠤᠯᠠᠭ᠎ᠠ ᠲᠠᠢ ᠪᠤᠯᠭᠠᠨ᠎ᠠ︔ | ︵ᠠᠷᠪᠠᠨ ᠬᠤᠶᠠᠷ︶ ᠲᠤᠮᠲᠠᠲᠤ ᠶᠢᠨ ᠬᠠᠷᠢᠶᠠᠲᠤ ᠨᠠᠷ ᠤᠨ ᠵᠦᠢ ᠶᠤᠰᠤᠨ ᠤ ᠡᠷᠭᠡ ᠠᠰᠢᠭ ᠢ | ᠬᠠᠮᠠᠭᠠᠯᠠᠵᠤ᠂ ᠤᠯᠤᠰ ᠲᠠᠭᠠᠨ ᠪᠤᠴᠠᠵᠤ ᠢᠷᠡᠭᠰᠡᠨ ᠲᠤᠮᠲᠠᠲᠤ ᠶᠢᠨ ᠬᠠᠷᠢᠶᠠᠲᠤ ᠪᠠ ᠬᠠᠷᠢᠶᠠᠲᠤ ᠨᠠᠷ ᠤᠨ ᠭᠡᠷ | ᠪᠦᠯᠢ ᠶᠢᠨ ᠬᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ︔ | ︵ᠠᠷᠪᠠᠨ ᠭᠤᠷᠪᠠ︶ ᠶᠠᠮᠤᠤᠨ᠂ ᠬᠤᠷᠢᠶᠠᠳ ᠤᠨ ᠨᠠᠶᠢᠲᠡᠯᠡᠭᠰᠡᠨ ᠵᠤᠭᠢᠰ ᠦᠭᠡᠢ ᠵᠠᠷᠯᠢᠭ᠂ ᠵᠢᠭᠠᠪᠤᠷᠢ | ᠪᠠ ᠲᠦᠷᠢᠮ ᠲᠤᠭᠲᠠᠭᠠᠯ ᠢ ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠨ᠎ᠠ︔ | ︵ᠠᠷᠪᠠᠨ ᠳᠥᠷᠪᠡ︶ ᠣᠷᠣᠨ ᠨᠤᠲᠤᠭ ᠤᠨ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠵᠣᠬᠢᠰ ᠦᠭᠡᠢ | ᠰᠢᠢᠳᠪᠦᠷᠢ ᠪᠠ ᠵᠠᠷᠯᠢᠭ ᠢ ᠬᠤᠪᠢᠷᠠᠭᠤᠯᠬᠤ ᠪᠣᠶᠣ ᠬᠦᠴᠦᠨ ᠦᠭᠡᠢ ᠪᠣᠯᠭᠠᠨ᠎ᠠ︔ | ︵ᠠᠷᠪᠠᠨ ᠲᠠᠪᠤ︶ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ ᠤᠷᠤᠨ ᠤ | ᠬᠤᠪᠢᠶᠠᠷᠢᠯᠠᠯ ᠢ ᠵᠦᠪᠰᠢᠶᠠᠷᠠᠵᠤ᠂ ᠦᠪᠡᠷᠲᠡᠭᠡᠨ ᠵᠠᠰᠠᠬᠤ ᠵᠸᠤ᠂ ᠰᠢᠶᠠᠨ᠂ ᠦᠪᠡᠷᠲᠡᠭᠡᠨ ᠵᠠᠰᠠᠬᠤ ᠰᠢᠶᠠᠨ᠂ ᠬᠤᠲᠠ | ᠪᠠᠶᠢᠭᠤᠯᠬᠤ ᠶᠠᠪᠤᠲᠠᠯ ᠪᠠ ᠤᠷᠤᠨ ᠤ ᠬᠤᠪᠢᠶᠠᠷᠢᠯᠠᠯ ᠢ ᠵᠦᠪᠰᠢᠶᠠᠷᠠᠨ᠎ᠠ︔ | ︵ᠠᠷᠪᠠᠨ ᠵᠢᠷᠭᠤᠭ᠎ᠠ︶ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠲᠠ ᠶᠢᠨ | ᠭᠡᠪᠴᠢᠶᠠᠨ ᠳᠠᠬᠢ ᠭᠡᠰᠡᠭ ᠭᠠᠵᠠᠷ ᠤᠨ ᠪᠠᠴᠢᠮ ᠪᠠᠶᠢᠲᠠᠯ ᠳᠤ ᠤᠷᠤᠬᠤ ᠶᠢ ᠬᠠᠤᠯᠢ ᠳᠤ ᠲᠤᠭᠲᠠᠭᠠᠭᠰᠠᠨ ᠶᠤᠰᠤᠭᠠᠷ | ᠲᠤᠭᠲᠠᠭᠠᠨ᠎ᠠ︔ | ︵ᠠᠷᠪᠠᠨ ᠲᠤᠯᠤᠭ᠎ᠠ︶ ᠵᠠᠰᠠᠭ ᠵᠠᠭᠢᠷᠭᠠᠨ ᠤ ᠪᠠᠶᠢᠭᠤᠯᠤᠮᠵᠢ ᠶᠢᠨ ᠤᠷᠤᠨ ᠲᠤᠭ᠎ᠠ ᠶᠢ ᠭᠢᠨᠠᠨ ᠲᠤᠭᠲᠠᠭᠠᠵᠤ᠂ | ᠬᠠᠤᠯᠢ ᠳᠤ ᠲᠤᠭᠲᠠᠭᠠᠭᠰᠠᠨ ᠶᠤᠰᠤᠭᠠᠷ ᠵᠠᠰᠠᠭ ᠵᠠᠭᠢᠷᠭᠠᠨ ᠤ ᠠᠵᠢᠯᠲᠠᠨ ᠢ ᠲᠤᠮᠢᠯᠡᠵᠤ᠂ ᠪᠠᠭᠤᠯᠭᠠᠵᠤ᠂ | ᠬᠦᠮᠦᠵᠢᠬᠦᠯᠦᠨ ᠪᠤᠯᠪᠠᠰᠤᠷᠠᠭᠤᠯᠵᠤ᠂ ᠭᠢᠨᠠᠨ ᠰᠢᠯᠭᠠᠵᠤ᠂ ᠱᠠᠩᠨᠠᠵᠤ ᠰᠢᠳᠭᠡᠨ᠎ᠠ︔ | ︵ᠠᠷᠪᠠᠨ ᠨᠠᠢᠮᠠ︶ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠤᠯᠭᠤᠭᠰᠠᠨ | ᠪᠤᠰᠤᠤᠨ ᠡᠷᠭᠡ ᠲᠤᠰᠢᠶᠠᠯ ᠤᠳ ᠢ ᠬᠦᠢᠴᠡᠳᠭᠡᠨ᠎ᠡ᠃ | ᠶᠠᠷᠠᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶᠠᠨ ᠤ ᠶᠠᠮᠤᠤᠨ ᠤᠨ ᠰᠠᠶᠢᠳ᠂ ᠬᠤᠷᠢᠶᠠᠳ ᠤᠨ | ᠡᠷᠭᠢᠯᠡᠭᠴᠢ ᠲᠤᠰ ᠰᠠᠯᠠᠭ᠎ᠠ ᠮᠦᠴᠢᠷ ᠤᠨ ᠢᠶᠠᠨ ᠠᠵᠢᠯ ᠢ ᠬᠠᠷᠢᠭᠤᠴᠠᠨ᠎ᠠ︔ ᠶᠠᠮᠤᠨ ᠤ ᠶᠠᠪᠤᠲᠠᠯ ᠤᠨ ᠬᠤᠷᠠᠯ ᠪᠤᠶᠤ | ᠬᠤᠷᠢᠶᠠᠨ ᠤ ᠬᠤᠷᠠᠯ᠂ ᠬᠤᠷᠶᠠᠨ ᠤ ᠶᠠᠪᠤᠲᠠᠯ ᠤᠨ ᠬᠤᠷᠠᠯ ᠢ ᠬᠤᠷᠠᠯᠲᠤᠭᠤᠯᠬᠤ ᠪᠦᠭᠡᠳ ᠡᠷᠭᠢᠯᠡᠵᠤ᠂ ᠲᠤᠰ ᠰᠠᠯᠠᠭ᠎ᠠ | ᠮᠦᠴᠢᠷ ᠤᠨ ᠢᠶᠠᠨ ᠠᠵᠢᠯ ᠤᠨ ᠴᠢᠬᠤᠯᠠ ᠶᠡᠭᠡ ᠠᠰᠠᠭᠤᠲᠠᠯ ᠢ ᠶᠠᠷᠢᠯᠴᠠᠨ ᠲᠤᠭᠲᠠᠭᠠᠨ᠎ᠠ᠃ ᠶᠠᠮᠤᠤᠨ᠂ | ᠬᠤᠷᠢᠶᠠᠳ ᠬᠠᠤᠯᠢ ᠴᠠᠭᠠᠵᠠ ᠪᠠ ᠲᠦᠷᠤ ᠶᠢᠨ ᠶᠠᠪᠤᠲᠠᠯ ᠤᠨ ᠬᠤᠷᠢᠶᠠᠨ ᠤ ᠵᠠᠰᠠᠭ ᠵᠠᠭᠢᠷᠭᠠᠨ ᠤ ᠬᠠᠤᠯᠢ ᠲᠤᠭᠲᠠᠭᠠᠯ | ᠂ ᠲᠤᠭᠲᠠᠭᠠᠯ᠂ ᠵᠠᠷᠯᠢᠭ ᠢ ᠦᠨᠲᠤᠰᠤᠯᠠᠨ᠂ ᠲᠤᠰ ᠰᠠᠯᠠᠭ᠎ᠠ ᠮᠦᠴᠢᠷ ᠤᠨ ᠢᠶᠠᠨ ᠡᠷᠭᠡ ᠮᠡᠲᠡᠯ ᠤᠨ ᠭᠡᠪᠴᠢᠶᠠᠨ ᠳᠤ | ᠵᠠᠷᠯᠢᠭ᠂ ᠵᠢᠭᠠᠪᠤᠷᠢ ᠪᠠ ᠲᠦᠷᠢᠮ ᠲᠤᠭᠲᠠᠭᠠᠯ ᠢ ᠨᠠᠶᠢᠲᠡᠯᠡᠨ᠎ᠠ᠃ | ᠶᠠᠷᠠᠨ ᠨᠢᠭᠡᠲᠤᠭᠡᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠨᠢᠭᠲᠠᠯᠠᠨ ᠪᠠᠶᠢᠴᠠᠭᠠᠬᠤ ᠪᠠᠶᠢᠭᠤᠯᠭ᠎ᠠ | ᠪᠠᠶᠢᠭᠤᠯᠵᠤ᠂ ᠲᠦᠷᠤ ᠶᠢᠨ ᠶᠠᠪᠤᠲᠠᠯ ᠤᠨ ᠬᠤᠷᠢᠶᠠᠨ ᠤ ᠡᠯ᠎ᠠ ᠰᠠᠯᠠᠭ᠎ᠠ ᠮᠦᠴᠢᠷ᠂ ᠤᠷᠤᠨ ᠨᠤᠲᠤᠭ ᠤᠨ ᠡᠯ᠎ᠠ | ᠱᠠᠲᠤᠨ ᠤ ᠵᠠᠰᠠᠭ ᠤᠨ ᠤᠷᠲᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠪᠠ ᠲᠦᠷᠤ ᠶᠢᠨ ᠡᠳ᠋ ᠤᠨ ᠵᠠᠰᠠᠭ | ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ | ᠨᠤᠭᠤᠳ ᠤᠨ ᠡᠳ᠋ ᠮᠦᠩᠭᠦᠨ ᠤ ᠤᠷᠤᠯᠭ᠎ᠠ ᠵᠠᠷᠤᠯᠭ᠎ᠠ ᠶᠢ ᠨᠢᠭᠲᠠᠯᠠᠨ ᠪᠠᠶᠢᠴᠠᠭᠠᠵᠤ ᠭᠢᠨᠠᠯᠲᠠ ᠲᠠᠯᠪᠢᠨ᠎ᠠ᠃ | ᠨᠢᠭᠲᠠᠯᠠᠨ ᠪᠠᠶᠢᠴᠠᠭᠠᠬᠤ ᠪᠠᠶᠢᠭᠤᠯᠭ᠎ᠠ ᠨᠢ ᠲᠦᠷᠤ ᠶᠢᠨ ᠶᠠᠪᠤᠲᠠᠯ ᠤᠨ ᠬᠤᠷᠢᠶᠠᠨ ᠤ ᠶᠠᠷᠤᠩᠭᠡᠢ ᠰᠠᠶᠢᠳ ᠤᠨ | ᠤᠲᠤᠷᠢᠲᠤᠯᠭ᠎ᠠ ᠲᠤᠤᠷ᠎ᠠ᠂ ᠬᠠᠤᠯᠢ ᠶᠢᠨ ᠲᠤᠭᠲᠠᠭᠠᠯ ᠶᠤᠰᠤᠭᠠᠷ ᠨᠢᠭᠲᠠᠯᠠᠨ ᠪᠠᠶᠢᠴᠠᠭᠠᠬᠤ ᠭᠢᠨᠠᠯᠲᠠ ᠲᠠᠯᠪᠢᠬᠤ ᠡᠷᠭᠡ | ᠪᠠᠨ ᠪᠡᠶ᠎ᠠ ᠪᠠᠨ ᠲᠠᠭᠠᠭᠠᠵᠤ ᠭᠦᠢᠴᠡᠳᠭᠡᠨ᠎ᠠ᠂ ᠵᠠᠰᠠᠭ ᠵᠠᠭᠢᠷᠭᠠᠨ ᠤ ᠪᠤᠰᠤᠤᠨ ᠪᠠᠶᠢᠭᠤᠯᠭ᠎ᠠ᠂ ᠨᠠᠶᠢᠭᠡᠮ ᠤᠨ ᠪᠦᠯᠭᠦᠮ | ᠪᠠ ᠬᠤᠪᠢ ᠬᠦᠮᠦᠨ ᠭᠠᠷ ᠲᠦᠷᠤᠵᠤ ᠪᠤᠯᠬᠤ ᠦᠭᠡᠢ᠃ | ᠶᠠᠷᠠᠨ ᠬᠤᠶᠠᠲᠤᠭᠠᠷ ᠵᠦᠢᠯ ᠲᠦᠷᠤ ᠶᠢᠨ ᠶᠠᠪᠤᠲᠠᠯ ᠤᠨ ᠬᠤᠷᠢᠶ᠎ᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ︔ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ᠂ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠵᠤ᠂ | ᠠᠵᠢᠯ ᠢᠶᠠᠨ ᠮᠡᠲᠡᠬᠦᠯᠦᠨᠠ᠃ | ᠲᠦᠷᠪᠡᠲᠤᠭᠡᠷ ᠭᠡᠰᠡᠭ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ | ᠶᠠᠷᠠᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠦᠪ ᠤᠨ | ᠴᠡᠷᠢᠭ ᠤᠨ ᠶᠠᠪᠤᠲᠠᠯ ᠤᠨ ᠬᠤᠷᠢᠶ᠎ᠠ ᠪᠦᠬᠦ ᠤᠯᠤᠰ ᠤᠨ ᠵᠠᠪᠰᠡᠭᠲᠦ ᠬᠦᠴᠤᠨ ᠢ ᠤᠲᠤᠷᠢᠲᠤᠨ᠎ᠠ᠃ ᠲᠦᠪ ᠤᠨ | ᠴᠡᠷᠢᠭ ᠤᠨ ᠶᠠᠪᠤᠲᠠᠯ ᠤᠨ ᠬᠤᠷᠢᠶ᠎ᠠ ᠲᠤᠤᠷ᠎ᠠ ᠲᠤᠷᠠᠲᠤᠭᠰᠠᠨ ᠬᠦᠮᠦᠰ ᠢᠶᠠᠷ ᠪᠦᠷᠢᠯᠲᠤᠨᠠ᠄ ᠲᠡᠷᠢᠬᠦᠯᠡᠭᠴᠢ᠂ | ᠲᠡᠳ᠋ ᠲᠡᠷᠢᠬᠦᠯᠡᠭᠴᠢ ᠨᠠᠷ᠂ ᠭᠡᠰᠢᠬᠦᠦᠨ᠃ ᠲᠦᠪ ᠤᠨ ᠴᠡᠷᠢᠭ ᠤᠨ ᠶᠠᠪᠤᠲᠠᠯ ᠤᠨ ᠬᠤᠷᠢᠶ᠎ᠠ | ᠲᠡᠷᠢᠬᠦᠯᠡᠭᠴᠢ ᠶᠢᠨ ᠬᠠᠷᠢᠭᠤᠴᠠᠬᠤ ᠲᠦᠷᠢᠮ ᠢ ᠭᠡᠷᠡᠭᠵᠢᠬᠦᠯᠦᠨ᠎ᠠ᠃ ᠲᠦᠪ ᠤᠨ ᠴᠡᠷᠢᠭ ᠤᠨ ᠶᠠᠪᠤᠲᠠᠯ ᠤᠨ | ᠬᠤᠷᠢᠶᠠᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ | ᠶᠠᠷᠠᠨ ᠲᠦᠷᠪᠠᠲᠤᠭᠡᠷ ᠵᠦᠢᠯ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠨᠢ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠨ᠎ᠠ᠃ | ᠲᠠᠪᠤᠲᠤᠭᠠᠷ ᠭᠡᠰᠡᠭ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠪᠠ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ | ᠶᠠᠷᠠᠨ ᠲᠠᠪᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠰᠢᠶᠠᠨ᠂ ᠬᠤᠲᠠ᠂ ᠬᠤᠲᠠ ᠶᠢᠨ | ᠬᠠᠷᠢᠶ᠎ᠠ ᠲᠤᠭᠤᠷᠢᠭ᠂ ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠳᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠠᠷᠠᠳ ᠤᠨ ᠵᠠᠰᠠᠭ ᠤᠨ ᠤᠷᠲᠤᠨ ᠢ ᠪᠠᠶᠢᠭᠤᠯᠤᠨ᠎ᠠ᠃ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠵᠠᠰᠠᠭ ᠤᠨ ᠤᠷᠲᠤᠨ ᠤ ᠵᠤᠬᠢᠶᠠᠨ ᠪᠠᠶᠢᠭᠤᠯᠤᠯᠲᠠ ᠶᠢ ᠬᠠᠤᠯᠢ ᠪᠠᠷ ᠲᠤᠭᠲᠠᠭᠠᠨ᠎ᠠ᠃ | ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ ᠵᠠᠰᠠᠬᠤ ᠰᠢᠶᠠᠨ ᠳᠤ ᠦᠪᠡᠷᠲᠡᠭᠡᠨ | ᠵᠠᠰᠠᠬᠤ ᠪᠠᠶᠢᠭᠤᠯᠭ᠎ᠠ ᠶᠢ ᠪᠠᠶᠢᠭᠤᠯᠤᠨ᠎ᠠ᠃ ᠦᠪᠡᠷᠲᠡᠭᠡᠨ ᠵᠠᠰᠠᠬᠤ ᠪᠠᠶᠢᠭᠤᠯᠭ᠎ᠠ ᠶᠢᠨ ᠵᠤᠬᠢᠶᠠᠨ ᠪᠠᠶᠢᠭᠤᠯᠤᠯᠲᠠ ᠪᠠ | ᠠᠵᠢᠯ ᠢ ᠦᠨᠲᠤᠰᠤᠨ ᠬᠠᠤᠯᠢ ᠶᠢᠨ ᠭᠤᠷᠪᠠᠲᠤᠭᠠᠷ ᠪᠦᠯᠦᠭ ᠤᠨ ᠲᠠᠪᠤᠲᠤᠭᠠᠷ ᠭᠡᠰᠡᠭ᠂ ᠵᠢᠷᠭᠤᠲᠤᠭᠠᠷ ᠭᠡᠰᠡᠭ ᠲᠤ | ᠲᠤᠭᠲᠠᠭᠠᠭᠰᠠᠨ ᠦᠨᠲᠤᠰᠤᠨ ᠵᠠᠷᠴᠢᠮ ᠢ ᠦᠨᠲᠤᠰᠤᠯᠠᠨ ᠬᠠᠤᠯᠢ ᠪᠠᠷ ᠲᠤᠭᠲᠠᠭᠠᠨ᠎ᠠ᠃ | ᠶᠠᠷᠠᠨ ᠵᠢᠷᠭᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠤᠯ ᠤᠷᠤᠨ ᠨᠤᠲᠤᠭ ᠤᠨ ᠲᠦᠷᠤ ᠶᠢᠨ ᠡᠷᠭᠡᠲᠤ ᠪᠠᠶᠢᠭᠤᠯᠭ᠎ᠠ ᠮᠦᠨ᠃ ᠰᠢᠶᠠᠨ ᠤ ᠱᠠᠲᠤᠨ | ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠪᠠᠶᠢᠩᠭᠤ ᠶᠢᠨ ᠬᠤᠷᠢᠶ᠎ᠠ ᠪᠠᠶᠢᠭᠤᠯᠤᠨ᠎ᠠ᠃ | ᠶᠠᠷᠠᠨ ᠲᠤᠯᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠲᠤᠭᠤᠷᠢᠭ ᠪᠦᠭᠦᠢ ᠬᠤᠲᠠ ᠶᠢᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠲᠤᠤᠷ᠎ᠠ ᠨᠢᠭᠡ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠢᠶᠠᠷ ᠰᠤᠩᠭᠤᠨ᠎ᠠ︔ ᠰᠢᠶᠠᠨ᠂ ᠲᠤᠭᠤᠷᠢᠭ ᠦᠭᠡᠢ ᠬᠤᠲᠠ᠂ ᠬᠤᠲᠠ ᠶᠢᠨ | ᠬᠠᠷᠢᠶ᠎ᠠ ᠲᠤᠭᠤᠷᠢᠭ᠂ ᠰᠤᠮᠤ᠂ ᠦᠨᠲᠤᠰᠤᠲᠠᠨ ᠤ ᠰᠤᠮᠤ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠢ ᠰᠤᠩᠭᠤᠭᠤᠯᠢ ᠶᠢᠨ ᠠᠷᠠᠳ ᠰᠢᠭᠤᠤᠨ ᠰᠤᠩᠭᠤᠨ᠎ᠠ᠃ ᠤᠷᠤᠨ ᠨᠤᠲᠤᠭ ᠤᠨ | ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠲᠤᠭ᠎ᠠ ᠪᠠ | ᠲᠦᠯᠦᠭᠡᠯᠡᠭᠴᠢᠳ ᠢ ᠭᠠᠷᠭᠠᠬᠤ ᠠᠷᠭ᠎ᠠ ᠶᠢ ᠬᠠᠤᠯᠢ ᠪᠠᠷ ᠲᠤᠭᠲᠠᠭᠠᠨ᠎ᠠ᠃ | ᠶᠠᠷᠠᠨ ᠨᠠᠢᠮᠠᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ ᠪᠤᠯᠤᠨ᠎ᠠ᠃ | ᠶᠠᠷᠨ ᠶᠢᠰᠤᠲᠤᠭᠡᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠲᠤᠰ ᠵᠠᠰᠠᠭ ᠵᠠᠭᠢᠷᠭᠠᠨ ᠤ ᠤᠷᠤᠨ ᠳᠠᠭᠠᠨ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ | ᠵᠠᠭᠢᠷᠭᠠᠨ ᠤ ᠬᠠᠤᠯᠢ ᠲᠤᠭᠲᠠᠭᠠᠯ ᠢ ᠵᠢᠷᠤᠮᠯᠡᠬᠤ ᠪᠠ ᠬᠦᠢᠴᠡᠳᠭᠡᠬᠦ ᠶᠠᠪᠤᠲᠠᠯ ᠢ ᠪᠠᠲᠤᠯᠠᠨ᠎ᠠ︔ ᠬᠠᠤᠯᠢ ᠳᠤ | ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠳᠡᠭᠡᠨ ᠰᠢᠢᠳᠪᠤᠷᠢ ᠪᠠᠲᠤᠯᠠᠬᠤ ᠪᠠ ᠨᠠᠶᠢᠲᠡᠯᠡᠵᠤ᠂ ᠤᠷᠤᠨ | ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠤᠶᠤᠯ ᠤᠨ ᠪᠦᠲᠤᠭᠡᠨ ᠪᠠᠶᠢᠭᠤᠯᠤᠯᠲᠠ ᠪᠠ ᠤᠯᠠᠨ | ᠨᠠᠶᠢᠲᠠ ᠶᠢᠨ ᠠᠵᠢᠯ ᠦᠢᠯᠡᠰ ᠤᠨ ᠪᠦᠲᠤᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠭᠢᠨᠠᠨ ᠪᠠᠶᠢᠴᠭᠠᠬᠤ ᠪᠦᠭᠡᠳ | ᠲᠤᠭᠲᠠᠭᠠᠨ᠎ᠠ᠃ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠲᠤᠰ ᠵᠠᠰᠠᠭ ᠵᠠᠭᠢᠷᠭᠠᠨ ᠤ ᠤᠷᠤᠨ ᠤ ᠲᠤᠲᠤᠷᠠᠭᠢ ᠤᠯᠤᠰ ᠠᠷᠠᠳ ᠤᠨ ᠠᠵᠤ | ᠠᠬᠤᠢ ᠪᠠ ᠨᠠᠶᠢᠭᠡᠮ ᠤᠨ ᠭᠦᠭᠵᠢᠯᠲᠠ ᠶᠢᠨ ᠲᠦᠯᠦᠪᠯᠡᠭᠡ᠂ ᠲᠦᠰᠦᠪ ᠭᠢᠭᠡᠳ ᠲᠡᠲᠡᠭᠡᠷ ᠢ ᠭᠦᠢᠴᠡᠳᠭᠡᠭᠰᠠᠨ | ᠪᠠᠶᠢᠲᠠᠯ ᠤᠨ ᠮᠡᠲᠡᠬᠦᠯᠦᠯᠲᠠ ᠶᠢ ᠭᠢᠨᠠᠨ ᠪᠠᠶᠢᠴᠠᠭᠠᠬᠤ ᠪᠦᠭᠡᠳ ᠵᠦᠪᠰᠢᠶᠠᠷᠠᠨ᠎ᠠ︔ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠤᠬᠢᠰ ᠦᠭᠡᠢ ᠲᠤᠭᠲᠠᠭᠠᠯ ᠢ ᠦᠭᠡᠷᠡᠴᠢᠯᠡᠬᠦ | ᠪᠤᠶᠤ ᠬᠦᠴᠤᠨ ᠦᠭᠡᠢ ᠪᠤᠯᠭᠠᠬᠤ ᠡᠷᠭᠡ ᠲᠠᠢ᠃ ᠦᠨᠲᠤᠰᠤᠲᠠᠨ ᠤ ᠰᠤᠮᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠨᠢ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ | ᠦᠨᠲᠤᠰᠤᠲᠠᠨ ᠤ ᠤᠨᠴᠠᠯᠢᠭ ᠲᠠᠭᠠᠨ ᠲᠤᠭᠢᠷᠠᠬᠤ ᠪᠤᠲᠠᠲᠠᠢ ᠠᠷᠭ᠎ᠠ ᠭᠡᠮᠵᠢᠶ᠎ᠠ ᠠᠪᠴᠤ ᠪᠤᠯᠤᠨ᠎ᠠ᠃ | ᠵᠠᠭᠤᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠪᠠ ᠲᠡᠬᠦᠨ ᠤ ᠪᠠᠶᠢᠩᠭᠤ ᠶᠢᠨ ᠬᠤᠷᠢᠶ᠎ᠠ ᠨᠢ ᠦᠨᠲᠤᠰᠤᠨ ᠬᠠᠤᠯᠢ᠂ ᠬᠠᠤᠯᠢ ᠴᠠᠭᠠᠵᠠ᠂ ᠵᠠᠰᠠᠭ ᠵᠠᠭᠢᠷᠭᠠᠨ ᠤ | ᠬᠠᠤᠯᠢ ᠲᠤᠭᠲᠠᠭᠠᠯ ᠲᠠᠢ ᠬᠠᠷᠰᠢᠯᠲᠤᠬᠤ ᠦᠭᠡᠢ ᠤᠷᠢᠳᠠᠯ ᠲᠤᠤᠷ᠎ᠠ᠂ ᠤᠷᠤᠨ ᠨᠤᠲᠤᠭ ᠤᠨ ᠴᠢᠨᠠᠷᠲᠠᠢ ᠬᠠᠤᠯᠢ | ᠲᠤᠭᠲᠠᠭᠠᠯ ᠲᠤᠭᠲᠠᠭᠠᠵᠤ ᠪᠤᠯᠤᠨ᠎ᠠ᠂ ᠲᠡᠬᠦᠨ ᠢᠶᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠲᠡᠬᠦᠯᠦᠨ ᠲᠠᠩᠰᠠᠯᠠᠭᠤᠯᠤᠨ᠎ᠠ᠃ | ᠵᠠᠭᠤ ᠨᠢᠭᠡᠲᠤᠭᠡᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠲᠤᠰ ᠱᠠᠲᠤᠨ ᠤ ᠠᠷᠠᠳ ᠤᠨ ᠵᠠᠰᠠᠭ ᠤᠨ ᠤᠷᠲᠤᠨ ᠤ ᠮᠤᠵᠢ ᠶᠢᠨ ᠲᠠᠷᠤᠭ᠎ᠠ ᠪᠠ ᠮᠤᠵᠢ ᠶᠢᠨ ᠲᠡᠳ᠋ | ᠲᠠᠷᠤᠭ᠎ᠠ᠂ ᠬᠤᠲᠠ ᠶᠢᠨ ᠲᠠᠷᠤᠭ᠎ᠠ ᠪᠠ ᠬᠤᠲᠠ ᠶᠢᠨ ᠲᠡᠳ᠋ ᠲᠠᠷᠤᠭ᠎ᠠ᠂ ᠰᠢᠶᠠᠨ ᠤ ᠲᠠᠷᠤᠭ᠎ᠠ ᠪᠠ ᠰᠢᠶᠠᠠ ᠤ ᠲᠡᠳ᠋ | ᠲᠠᠷᠤᠭ᠎ᠠ᠂ ᠲᠤᠭᠤᠷᠢᠭ ᠤᠨ ᠲᠠᠷᠤᠭ᠎ᠠ ᠪᠠ ᠲᠤᠭᠤᠷᠢᠭ ᠤᠨ ᠲᠡᠳ᠋ ᠲᠠᠷᠤᠭ᠎ᠠ᠂ ᠰᠤᠮᠤᠨ ᠤ ᠲᠠᠷᠤᠭ᠎ᠠ ᠪᠠ ᠰᠤᠮᠤᠨ ᠤ | ᠲᠡᠳ᠋ ᠲᠠᠷᠤᠭ᠎ᠠ᠂ ᠪᠠᠯᠭᠠᠰᠤᠨ ᠤ ᠲᠠᠷᠤᠭ᠎ᠠ ᠪᠠ ᠪᠠᠯᠭᠠᠰᠤᠨ ᠤ ᠲᠡᠳ᠋ ᠲᠠᠷᠤᠭ᠎ᠠ ᠶᠢ ᠰᠤᠩᠭᠤᠬᠤ ᠪᠦᠭᠡᠳ ᠪᠠᠭᠤᠯᠭᠠᠬᠤ | ᠡᠷᠭᠡ ᠲᠠᠢ᠃ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ | ᠪᠠ ᠲᠤᠰ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠬᠤ ᠪᠦᠭᠡᠳ | ᠪᠠᠭᠤᠯᠭᠠᠬᠤ ᠡᠷᠭᠡ ᠲᠠᠢ᠃ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠤᠩᠭᠤᠬᠤ ᠪᠤᠶᠤ | ᠪᠠᠭᠤᠯᠭᠠᠬᠤ ᠳᠠᠭᠠᠨ ᠡᠷᠭᠡᠪᠰᠢ ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠲᠠᠷᠤᠭ᠎ᠠ ᠳᠤ ᠮᠡᠲᠡᠬᠦᠯᠦᠭᠡᠳ᠂ ᠲᠠᠷᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠳᠤ ᠲᠠᠪᠰᠢᠬᠦᠯᠵᠤ | ᠵᠦᠪᠰᠢᠶᠠᠷᠠᠬᠦᠯᠬᠦ ᠭᠡᠷᠡᠭᠲᠡᠢ᠃ | ᠵᠠᠭᠤ ᠬᠤᠶᠠᠲᠤᠭᠠᠷ ᠵᠦᠢᠯ ᠮᠤᠵᠢ᠂ ᠰᠢᠭᠤᠤᠨ ᠬᠠᠷᠢᠶ᠎ᠠ ᠬᠤᠲᠠ᠂ ᠲᠤᠭᠤᠷᠢᠭ ᠪᠦᠭᠦᠢ ᠬᠤᠲᠠ ᠶᠢᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠨᠢ ᠤᠭ ᠰᠤᠩᠭᠤᠭᠰᠠᠨ ᠨᠢᠭᠡᠴᠢ ᠶᠢᠨ ᠢᠶᠠᠨ | ᠭᠢᠨᠠᠯᠲᠠ ᠶᠢ ᠬᠦᠯᠢᠶᠡᠨ᠎ᠠ︔ ᠰᠢᠶᠠᠨ᠂ ᠲᠤᠭᠤᠷᠢᠭ ᠦᠭᠡᠢ ᠬᠤᠲᠠ᠂ ᠬᠤᠲᠠ ᠶᠢᠨ ᠬᠠᠷᠢᠶ᠎ᠠ ᠲᠤᠭᠤᠷᠢᠭ᠂ ᠰᠤᠮᠤ᠂ | ᠦᠨᠲᠤᠰᠤᠲᠠᠨ ᠤ ᠰᠤᠮᠤ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠨᠢ | ᠰᠤᠩᠭᠤᠭᠤᠯᠢ ᠶᠢᠨ ᠠᠷᠠᠳ ᠤᠨ ᠢᠶᠠᠨ ᠭᠢᠨᠠᠯᠲᠠ ᠶᠢ ᠬᠦᠯᠢᠶᠡᠨ᠎ᠠ᠃ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠰᠤᠩᠭᠤᠵᠤ ᠭᠠᠷᠭᠠᠭᠰᠠᠨ ᠨᠢᠭᠡᠴᠢ ᠪᠠ | ᠰᠤᠩᠭᠤᠭᠤᠯᠢ ᠶᠢᠨ ᠠᠷᠠᠳ ᠦᠪᠠᠷ ᠤᠨ ᠰᠤᠩᠭᠤᠵᠤ ᠭᠠᠷᠭᠠᠰᠠᠨ ᠲᠦᠯᠦᠭᠡᠯᠡᠭᠴᠢ ᠪᠠᠨ ᠬᠠᠤᠯᠢ ᠳᠤ ᠲᠤᠭᠲᠠᠭᠠᠭᠰᠠᠨ | ᠵᠢᠷᠤᠮ ᠶᠤᠰᠤᠭᠠᠷ ᠪᠠᠭᠤᠯᠭᠠᠬᠤ ᠡᠷᠭᠡ ᠲᠠᠢ᠃ | ᠵᠠᠭᠤ ᠭᠤᠷᠪᠠᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠡᠷᠭᠢᠯᠡᠭᠴᠢ᠂ ᠲᠡᠳ᠋ | ᠡᠷᠭᠢᠯᠡᠭᠴᠢ ᠭᠡᠲᠤᠨ ᠭᠦᠮᠦᠨ᠂ ᠭᠡᠰᠢᠬᠦᠨ ᠭᠡᠲᠤᠨ ᠬᠦᠮᠦᠨ ᠢᠶᠠᠷ ᠪᠦᠷᠢᠯᠲᠤᠵᠤ᠂ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ ᠰᠢᠶᠠᠨ ᠤ ᠱᠠᠲᠤᠨ | ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠥᠷᠢᠯᠳᠦᠭᠦᠨ ᠨᠠᠷ ᠢ ᠰᠣᠩᠭᠤᠬᠤ ᠶᠢᠨ ᠬᠠᠮᠲᠤ ᠤᠭᠴᠠᠷᠠᠭᠤᠯᠬᠤ ᠡᠷᠬᠡ ᠲᠠᠢ᠃ ᠰᠢᠶᠠᠨ ᠤ ᠱᠠᠲᠤᠨ ᠠᠴᠠ | ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠲᠤᠭᠦᠨ ᠨᠠᠷ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ᠂ ᠰᠢᠬᠦᠨ | ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ ᠬᠠᠷᠢᠭᠤᠴᠠᠵᠤ ᠪᠤᠯᠬᠤ ᠦᠭᠡᠢ᠃ | ᠵᠠᠭᠤ ᠲᠦᠷᠪᠡᠲᠤᠭᠡᠷ ᠵᠦᠢᠯ ᠰᠢᠶᠠᠨ ᠤ ᠱᠠᠲᠤᠨ ᠤ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠵᠠᠰᠠᠭ | ᠵᠠᠭᠢᠷᠭᠠᠨ ᠤ ᠤᠷᠤᠨ ᠤ ᠪᠠᠨ ᠲᠤᠲᠤᠷᠠᠭᠢ ᠡᠯ᠎ᠠ ᠲᠠᠯ᠎ᠠ ᠶᠢᠨ ᠠᠵᠢᠯ ᠤᠨ ᠴᠢᠬᠤᠯᠠ ᠶᠠᠪᠤᠲᠠᠯ ᠤᠳ ᠢ ᠶᠠᠷᠢᠯᠴᠠᠬᠤ | ᠪᠦᠭᠡᠳ ᠲᠤᠭᠲᠠᠭᠠᠨ᠎ᠠ︔ ᠲᠤᠰ ᠱᠠᠲᠤᠨ ᠤ ᠪᠠᠨ ᠠᠷᠠᠳ ᠤᠨ ᠵᠠᠰᠠᠭ ᠤᠨ ᠤᠷᠲᠤᠨ᠂ ᠠᠷᠠᠳ ᠤᠨ ᠰᠢᠬᠦᠬᠦ | ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤ ᠭᠢᠨᠠᠯᠲᠠ ᠲᠠᠯᠪᠢᠨ᠎ᠠ︔ ᠲᠤᠰ ᠱᠠᠲᠤᠨ ᠤ | ᠠᠷᠠᠳ ᠤᠨ ᠵᠠᠰᠠᠭ ᠤᠨ ᠤᠷᠲᠤᠨ ᠤ ᠵᠤᠬᠢᠰ ᠦᠭᠡᠢ ᠲᠤᠭᠲᠠᠭᠠᠯ᠂ ᠵᠠᠷᠯᠢᠭ ᠢ ᠬᠦᠴᠤᠨ ᠦᠭᠡᠢ ᠪᠤᠯᠭᠠᠨ᠎ᠠ︔ | ᠲᠤᠤᠷ᠎ᠠ ᠨᠢᠭᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠰ ᠦᠭᠡᠢ ᠰᠢᠢᠳᠪᠤᠷᠢ ᠶᠢ | ᠬᠦᠴᠤᠨ ᠦᠭᠡᠢ ᠪᠤᠯᠭᠠᠨ᠎ᠠ︔ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ ᠲᠦᠷᠤ ᠶᠢᠨ | ᠪᠠᠶᠢᠭᠤᠯᠭ᠎ᠠ ᠶᠢᠨ ᠠᠵᠢᠯᠳᠠᠨ ᠢ ᠲᠤᠮᠢᠯᠡᠬᠤ ᠪᠤᠶᠤ ᠪᠠᠭᠤᠯᠭᠠᠬᠤ ᠶᠢ ᠲᠤᠭᠲᠠᠭᠠᠨ᠎ᠠ︔ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠳᠣᠭᠠᠨ ᠲᠡᠬᠦᠰᠦᠭᠰᠡᠨ ᠬᠤᠭᠤᠴᠠᠭᠠᠨ ᠳᠤ᠂ ᠲᠡᠭᠡᠷ᠎ᠠ ᠨᠢᠭᠡ | ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠨᠴᠨ ᠵᠠᠷᠢᠮ ᠲᠦᠯᠦᠭᠡᠯᠡᠭᠴᠢ ᠶᠢ ᠪᠠᠭᠤᠯᠭᠠᠬᠤ | ᠪᠤᠶᠤ ᠨᠦᠬᠦᠪᠤᠷᠢᠯᠡᠵᠤ ᠰᠤᠩᠭᠤᠨ᠎ᠠ᠃ | ᠵᠠᠭᠤ ᠲᠠᠪᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ | ᠪᠤᠯ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠡᠷᠭᠡᠲᠤ ᠪᠠᠶᠢᠭᠤᠯᠭ᠎ᠠ ᠶᠢᠨ ᠭᠦᠢᠢᠴᠡᠳᠭᠡᠬᠦ ᠪᠠᠶᠢᠭᠤᠯᠭ᠎ᠠ | ᠮᠦᠨ ᠪᠦᠭᠡᠳ ᠤᠷᠤᠨ ᠨᠤᠲᠤᠭ ᠤᠨ ᠡᠯ᠎ᠠ ᠱᠠᠲᠤᠨ ᠤ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ ᠮᠦᠨ᠃ | ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠮᠤᠵᠢ ᠶᠢᠨ ᠲᠠᠷᠤᠭ᠎ᠠ᠂ ᠬᠤᠲᠠ ᠶᠢᠨ | ᠲᠠᠷᠤᠭ᠎ᠠ᠂ ᠰᠢᠶᠠᠨ ᠤ ᠲᠠᠷᠤᠭ᠎ᠠ᠂ ᠲᠤᠭᠤᠷᠢᠭ ᠤᠨ ᠲᠠᠷᠤᠭ᠎ᠠ᠂ ᠰᠤᠮᠤᠨ ᠤ ᠲᠠᠷᠤᠭ᠎ᠠ᠂ ᠪᠠᠯᠭᠠᠰᠤᠨ ᠤ | ᠲᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ | ᠵᠠᠭᠤ ᠵᠢᠷᠭᠤᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ | ᠤᠷᠲᠤᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠃ | ᠵᠠᠭᠤ ᠲᠤᠯᠤᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ | ᠱᠠᠲᠤᠨ ᠤ ᠠᠷᠠᠳ ᠤᠨ ᠵᠠᠰᠠᠭ ᠤᠨ ᠤᠷᠲᠤᠨ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶᠠᠨ ᠲᠤᠲᠤᠷ᠎ᠠ | ᠲᠤᠰ ᠵᠠᠰᠠᠭ ᠵᠠᠭᠢᠷᠭᠠᠨ ᠤ ᠤᠷᠤᠨ ᠤ ᠠᠵᠤ ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ | ᠪᠤᠯᠪᠠᠰᠤᠷᠠᠯ ᠂ ᠡᠷᠡᠬᠦᠯ ᠬᠠᠮᠠᠭᠠᠯᠠᠯ᠂ ᠪᠡᠶ᠎ᠠ ᠶᠢᠨ ᠲᠠᠮᠢᠷ ᠤᠨ ᠦᠢᠯᠡᠰ᠂ ᠬᠤᠲᠠ ᠬᠦᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠲᠠᠯ᠂ ᠲᠤᠲᠤᠭᠠᠲᠤ ᠶᠢ ᠬᠠᠮᠠᠭᠠᠯᠠᠬᠤ᠂ | ᠦᠨᠲᠤᠰᠤᠲᠠᠨ ᠤ ᠭᠡᠷᠡᠭ ᠶᠠᠪᠤᠲᠠᠯ᠂ ᠬᠠᠤᠯᠢ ᠴᠠᠭᠠᠵᠠ ᠶᠢᠨ ᠵᠠᠰᠠᠭ ᠵᠠᠭᠢᠷᠭ᠎ᠠ᠂ ᠭᠢᠨᠠᠨ ᠪᠠᠶᠢᠴᠠᠭᠠᠬᠤ᠂ ᠲᠦᠯᠦᠪᠯᠡᠭᠡ | ᠲᠠᠢ ᠪᠠᠷ ᠭᠡᠤᠭᠡᠤᠨ ᠠᠪᠬᠤ ᠵᠠᠷᠭᠡ ᠶᠢᠨ ᠵᠠᠰᠠᠭ ᠵᠠᠭᠢᠷᠭᠠᠨ ᠤ ᠠᠵᠢᠯ ᠢ ᠬᠠᠮᠢᠶᠠᠷᠴᠤ᠂ ᠲᠤᠭᠲᠠᠭᠠᠯ ᠪᠠ ᠵᠠᠷᠯᠢᠭ | ᠨᠠᠶᠢᠲᠡᠯᠡᠵᠤ᠂ ᠵᠠᠰᠠᠭ ᠵᠠᠭᠢᠷᠭᠠᠨ ᠤ ᠠᠵᠢᠯᠲᠠᠳ ᠢ ᠲᠤᠮᠢᠯᠠᠬᠤ ᠪᠠ ᠪᠠᠭᠤᠯᠭᠠᠵᠤ᠂ ᠬᠦᠮᠦᠵᠢᠬᠦᠯᠦᠨ | ᠪᠤᠯᠪᠠᠰᠤᠷᠠᠭᠤᠯᠵᠤ᠂ ᠭᠢᠨᠠᠨ ᠰᠢᠯᠭᠠᠵᠤ᠂ ᠱᠠᠩᠨᠠᠵᠤ ᠰᠢᠳᠭᠡᠨ᠎ᠠ᠃ ᠰᠤᠮᠤ᠂ ᠦᠨᠲᠤᠰᠤᠲᠠᠨ ᠤ ᠰᠤᠮᠤ᠂ | ᠪᠠᠯᠭᠠᠰᠤᠨ ᠤ ᠠᠷᠠᠳ ᠤᠨ ᠵᠠᠰᠠᠭ ᠤᠨ ᠤᠷᠲᠤᠨ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠰᠢᠢᠳᠪᠤᠷᠢ ᠪᠠ ᠲᠦᠷᠤ ᠶᠢᠨ ᠲᠡᠭᠡᠲᠤ ᠱᠠᠲᠤᠨ ᠤ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠲᠤᠭᠲᠠᠭᠠᠯ | ᠵᠠᠷᠯᠢᠭ ᠢ ᠬᠦᠢᠴᠡᠳᠭᠡᠵᠤ᠂ ᠲᠤᠰ ᠵᠠᠰᠠᠭ ᠵᠠᠭᠢᠷᠭᠠᠨ ᠤ ᠤᠷᠤᠨ ᠤ ᠪᠠᠨ ᠵᠠᠰᠠᠭ ᠵᠠᠭᠢᠷᠭᠠᠨ ᠤ ᠠᠵᠢᠯ ᠢ ᠬᠠᠮᠢᠶᠠᠷᠤᠨ᠎ᠠ | ᠃ ᠮᠤᠵᠢ᠂ ᠰᠢᠭᠤᠤᠨ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠨᠢ ᠰᠤᠮᠤ᠂ | ᠦᠨᠲᠤᠰᠤᠲᠠᠨ ᠤ ᠰᠤᠮᠤ᠂ ᠪᠠᠯᠭᠠᠰᠤ ᠪᠠᠶᠢᠭᠤᠯᠬᠤ ᠶᠠᠪᠤᠲᠠᠯ ᠪᠠ ᠤᠷᠤᠨ ᠤ ᠬᠤᠪᠢᠶᠠᠷᠢᠯᠠᠯ ᠢ ᠲᠤᠭᠲᠠᠭᠠᠨ᠎ᠠ᠃ | ᠵᠠᠭᠤ ᠨᠠᠢᠮᠠᠲᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠵᠠᠰᠠᠭ ᠤᠨ ᠤᠷᠲᠤᠨ ᠦᠪᠠᠷ ᠤᠨ ᠬᠠᠷᠢᠶ᠎ᠠ ᠠᠵᠢᠯ ᠤᠨ ᠰᠠᠯᠠᠭ᠎ᠠ ᠮᠦᠴᠢᠷ ᠤᠳ ᠪᠠ ᠲᠤᠤᠷᠠᠲᠤ | ᠱᠠᠲᠤᠨ ᠤ ᠠᠷᠠᠳ ᠤᠨ ᠵᠠᠰᠠᠭ ᠤᠨ ᠤᠷᠲᠤᠨ ᠤ ᠠᠵᠢᠯ ᠢ ᠤᠲᠤᠷᠢᠲᠤᠨ᠎ᠠ᠂ ᠦᠪᠡᠷ ᠤᠨ ᠬᠠᠷᠢᠶ᠎ᠠ ᠠᠵᠢᠯ ᠤᠨ | ᠰᠠᠯᠠᠭ᠎ᠠ ᠮᠦᠴᠢᠷ ᠤᠨ ᠪᠠ ᠲᠤᠤᠷᠠᠲᠤ ᠱᠠᠲᠤᠨ ᠤ ᠠᠷᠠᠳ ᠤᠨ ᠵᠠᠰᠠᠭ ᠤᠨ ᠤᠷᠲᠤᠨ ᠤ ᠵᠤᠭᠢᠰ ᠦᠭᠡᠢ ᠲᠤᠭᠲᠠᠭᠠᠯ ᠢ | ᠦᠭᠡᠷᠡᠴᠢᠯᠡᠬᠦ ᠪᠤᠶᠤ ᠬᠦᠴᠤᠨ ᠦᠭᠡᠢ ᠪᠤᠯᠭᠠᠬᠤ ᠡᠷᠭᠡ ᠲᠠᠢ᠃ | ᠵᠠᠭᠤ ᠶᠢᠰᠤᠲᠤᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠤᠨᠲᠤᠭ ᠤᠨ ᠡᠯ᠎ᠠ | ᠱᠠᠲᠤᠨ ᠤ ᠠᠷᠠᠳ ᠤᠨ ᠵᠠᠰᠠᠭ ᠤᠨ ᠤᠷᠲᠤᠨ ᠳᠤ ᠨᠢᠭᠲᠠᠯᠠᠨ ᠪᠠᠶᠢᠴᠠᠭᠠᠬᠤ ᠪᠠᠶᠢᠭᠤᠯᠭ᠎ᠠ ᠭᠠᠷᠭᠠᠨ᠎ᠠ᠃ ᠤᠷᠤᠨ | ᠨᠤᠲᠤᠭ ᠤᠨ ᠡᠯ᠎ᠠ ᠱᠠᠲᠤᠨ ᠤ ᠨᠢᠭᠲᠠᠯᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠳᠤ ᠲᠤᠭᠲᠠᠭᠠᠭᠰᠠᠨ ᠶᠤᠰᠤᠭᠠᠷ | ᠨᠢᠭᠲᠠᠯᠠᠨ ᠪᠠᠶᠢᠴᠠᠭᠠᠬᠤ ᠭᠢᠨᠠᠯᠲᠠ ᠲᠠᠯᠪᠢᠬᠤ ᠡᠷᠭᠡ ᠪᠠᠨ ᠪᠡᠶ᠎ᠠ ᠪᠠᠨ ᠲᠠᠭᠠᠭᠠᠨ ᠬᠦᠢᠴᠡᠳᠭᠡᠵᠤ᠂ ᠲᠤᠰ ᠱᠠᠲᠤᠨ ᠤ | ᠠᠷᠠᠳ ᠤᠨ ᠵᠠᠰᠠᠭ ᠤᠨ ᠤᠷᠲᠤᠨ ᠪᠠ ᠲᠡᠭᠡᠷ᠎ᠠ ᠨᠢᠭᠡ ᠱᠠᠲᠤᠨ ᠤ ᠨᠢᠭᠲᠠᠯᠠᠨᠨ ᠪᠠᠶᠢᠴᠠᠭᠠᠬᠤ ᠪᠠᠶᠢᠭᠤᠯᠭ᠎ᠠ ᠳᠤ | ᠬᠠᠷᠢᠭᠤᠴᠠᠨ᠎ᠠ᠃ | ᠵᠠᠭᠤ ᠠᠷᠪᠠᠲᠤᠭᠠᠷ ᠵᠦᠢᠯ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ | ᠤᠷᠲᠤᠨ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠵᠤ᠂ | ᠠᠵᠢᠯ ᠢᠶᠠᠨ ᠮᠡᠲᠡᠬᠦᠯᠦᠨᠠ ᠃ ᠰᠢᠶᠠᠨ ᠤ ᠱᠠᠲᠤᠨ ᠠᠴᠠ ᠲᠡᠭᠡᠭᠰᠢᠭᠢ ᠤᠷᠤᠨ ᠨᠤᠲᠤᠭ ᠤᠨ ᠡᠯ᠎ᠠ ᠱᠠᠲᠤᠨ ᠤ | ᠠᠷᠠᠳ ᠤᠨ ᠵᠠᠰᠠᠭ ᠤᠨ ᠤᠷᠲᠤᠨ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠲᠤᠭᠠᠨ ᠲᠡᠬᠦᠰᠦᠭᠰᠡᠨ ᠬᠤᠭᠤᠴᠠᠭᠠᠨ ᠳᠤ ᠪᠤᠯ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ ᠤᠷᠤᠨ | ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠨᠢ ᠲᠡᠭᠡᠷ᠎ᠠ ᠨᠢᠭᠡ ᠱᠠᠲᠤᠨ ᠤ ᠲᠦᠷᠤ ᠶᠢᠨ | ᠵᠠᠰᠠᠭ ᠵᠠᠭᠢᠷᠭᠠᠨ ᠤ ᠪᠠᠶᠢᠭᠤᠯᠭ᠎ᠠ ᠳᠤ ᠬᠠᠷᠢᠭᠤᠴᠠᠵᠤ᠂ ᠠᠵᠢᠯ ᠢᠶᠠᠨ ᠮᠡᠲᠡᠬᠦᠯᠦᠨᠠ᠃ ᠪᠦᠬᠦ ᠤᠯᠤᠰ ᠤᠨ ᠤᠷᠤᠨ | ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠪᠤᠯ ᠴᠦᠮ ᠲᠦᠷᠤ ᠶᠢᠨ ᠶᠠᠪᠤᠲᠠᠯ ᠤᠨ | ᠬᠤᠷᠢᠶᠠᠨ ᠤ ᠨᠢᠭᠡᠲᠤᠯᠲᠠᠢ ᠤᠲᠤᠷᠢᠲᠤᠯᠭ᠎ᠠ ᠲᠤᠤᠷᠡᠭᠢ ᠲᠦᠷᠤ ᠶᠢᠨ ᠵᠠᠰᠠᠭ ᠵᠠᠭᠢᠷᠭᠠᠨ ᠤ ᠪᠠᠶᠢᠭᠤᠯᠭ᠎ᠠ ᠮᠦᠨ᠂ | ᠴᠦᠮ ᠲᠦᠷᠤ ᠶᠢᠨ ᠶᠠᠪᠤᠲᠠᠯ ᠤᠨ ᠬᠤᠷᠢᠶ᠎ᠠ ᠶᠢ ᠲᠠᠭᠠᠬᠤ ᠭᠡᠷᠡᠭᠲᠠᠢ᠃ | ᠵᠠᠭᠤ ᠠᠷᠪᠠᠨ ᠨᠢᠭᠡᠲᠤᠭᠡᠷ ᠵᠦᠢᠯ ᠬᠤᠲᠠ ᠪᠠ ᠬᠦᠲᠡᠭᠡ ᠲᠤᠰᠬᠤᠨ ᠤ ᠰᠠᠭᠤᠭᠠᠯᠢ ᠠᠷᠠᠳ ᠤᠨ | ᠤᠷᠤᠰᠢᠨ ᠰᠠᠭᠤᠵᠤ ᠪᠠᠶᠢᠭ᠎ᠠ ᠭᠠᠵᠠᠷ ᠤᠷᠤᠨ ᠢᠶᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠵᠦᠪᠯᠡᠯ ᠪᠤᠶᠤ | ᠭᠠᠴᠠᠭᠠᠨ ᠤ ᠠᠷᠠᠳ ᠤᠨ ᠵᠦᠪᠯᠡᠯ ᠪᠤᠯ ᠦᠨᠲᠤᠰᠤᠨ ᠱᠠᠲᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ | ᠵᠠᠰᠠᠬᠤ ᠵᠤᠬᠢᠶᠠᠨ ᠪᠠᠶᠢᠭᠤᠯᠤᠯᠲᠠ ᠮᠦᠨ᠃ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ | ᠵᠦᠪᠯᠡᠯ ᠤᠨ ᠡᠷᠭᠢᠯᠡᠭᠴᠢ᠂ ᠲᠡᠳ᠋ ᠡᠷᠭᠢᠯᠡᠭᠴᠢ ᠪᠠ ᠭᠡᠰᠢᠬᠦᠦᠨ ᠢ ᠰᠠᠭᠤᠭᠠᠯᠢ ᠠᠷᠠᠳ ᠰᠤᠩᠭᠤᠨ ᠭᠠᠷᠭᠠᠨ᠎ᠠ᠃ | ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠪᠤᠯᠤᠨ ᠦᠨᠲᠤᠰᠤᠨ ᠱᠠᠲᠤᠨ ᠤ ᠵᠠᠰᠠᠭ ᠤᠨ | ᠬᠤᠭᠤᠷᠤᠨᠲᠤᠭᠢ ᠬᠠᠷᠢᠴᠠᠭ᠎ᠠ ᠶᠢ ᠬᠠᠤᠯᠢ ᠪᠠᠷ ᠲᠤᠭᠲᠠᠭᠠᠨ᠎ᠠ᠃ ᠰᠠᠭᠤᠭᠠᠯᠢ ᠠᠷᠠᠳ ᠤ ᠵᠦᠪᠯᠡᠯ᠂ | ᠭᠠᠴᠠᠭᠠᠨ ᠤ ᠠᠷᠠᠳ ᠤᠨ ᠵᠦᠪᠯᠠᠯ ᠨᠢ ᠠᠷᠠᠳ ᠤᠨ ᠡᠶᠡᠲᠡᠬᠦᠯᠬᠦ᠂ ᠠᠮᠤᠷ ᠢ ᠬᠠᠮᠠᠭᠠᠯᠠᠬᠤ᠂ ᠤᠯᠠᠨ ᠨᠠᠶᠢᠲᠠ ᠶᠢᠨ | ᠡᠷᠡᠬᠦᠯ ᠬᠠᠮᠠᠭᠠᠯᠠᠯ ᠵᠡᠷᠭᠡ ᠶᠢᠨ ᠺᠤᠮᠢᠰ ᠢ ᠪᠠᠶᠢᠭᠤᠯᠵᠤ᠂ ᠤᠷᠤᠰᠢᠨ ᠰᠠᠭᠤᠵᠤ ᠪᠠᠶᠢᠭ᠎ᠠ ᠭᠠᠵᠠᠷ ᠤᠷᠤᠨ ᠤ ᠪᠠᠨ | ᠤᠯᠠᠨ ᠨᠠᠶᠢᠲᠠ ᠶᠢᠨ ᠭᠡᠷᠡᠭ ᠶᠠᠪᠤᠲᠠᠯ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠢ ᠡᠷᠭᠢᠯᠡᠵᠤ᠂ ᠠᠷᠠᠳ ᠤᠨ | ᠬᠤᠭᠤᠷᠤᠨᠲᠤᠭᠢ ᠵᠢᠭᠤᠷᠭᠠᠨ ᠢ ᠡᠶᠡᠲᠡᠬᠦᠯᠵᠤ᠂ ᠨᠠᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠠᠪᠤᠲᠠᠯ ᠳᠤ | ᠬᠠᠪᠰᠤᠷᠠᠬᠤ ᠪᠦᠭᠡᠳ ᠠᠷᠠᠳ ᠤᠨ ᠵᠠᠰᠠᠭ ᠤᠨ ᠤᠷᠲᠤᠨ ᠳᠤ ᠤᠯᠠᠨ ᠲᠦᠮᠠᠨ ᠤ ᠰᠠᠨᠠᠯ ᠱᠠᠭᠠᠷᠲᠠᠯᠭ᠎ᠠ ᠶᠢ | ᠲᠤᠰᠬᠠᠵᠤ ᠰᠠᠨᠠᠭᠤᠯᠭ᠎ᠠ ᠭᠠᠷᠭᠠᠨ᠎ᠠ᠃ | ᠵᠢᠷᠭᠤᠲᠤᠭᠠᠷ ᠭᠡᠰᠡᠭ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ | ᠵᠠᠰᠠᠬᠤ ᠪᠠᠶᠢᠭᠤᠯᠭ᠎ᠠ | ᠵᠠᠭᠤ ᠠᠷᠪᠠᠨ ᠬᠤᠶᠠᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠪᠤᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠡᠷᠲᠡᠭᠡᠨ | ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠵᠠᠰᠠᠭ ᠤᠨ ᠤᠷᠲᠤᠨ ᠮᠦᠨ | ᠃ | ᠵᠠᠭᠤ ᠠᠷᠪᠠᠨ ᠭᠤᠷᠪᠠᠲᠤᠭᠠᠷ ᠵᠦᠢᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ | ᠦᠪᠡᠷᠲᠡᠭᠡᠨ ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠨ ᠤ ᠦᠪᠡᠷᠲᠡᠭᠡᠨ | ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠲᠦᠯᠦᠭᠡᠯᠡᠭᠴᠢ ᠪᠠᠶᠢᠬᠤ ᠠᠴᠠ ᠭᠠᠲᠠᠨ᠎ᠠ ᠤᠤᠯ ᠵᠠᠰᠠᠭ | ᠵᠠᠭᠢᠷᠭᠠᠨ ᠤ ᠤᠷᠤᠨ ᠳᠤ ᠰᠠᠭᠤᠵᠤ ᠪᠠᠶᠢᠭ᠎ᠠ ᠪᠤᠰᠤᠤᠨ ᠦᠨᠲᠤᠰᠤᠲᠠᠨ ᠤ ᠵᠤᠬᠢᠬᠤ ᠲᠤᠭᠠᠨ ᠤ ᠲᠦᠯᠦᠭᠡᠯᠡᠭᠴᠢ ᠪᠠᠰᠠ | ᠪᠠᠶᠢᠬᠤ ᠭᠡᠷᠡᠭᠲᠡᠢ᠃ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ ᠦᠪᠠᠷᠲᠡᠭᠡᠨ ᠵᠠᠰᠠᠬᠤ | ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠲᠤᠷ᠎ᠠ ᠤᠷᠤᠨ ᠤ | ᠦᠪᠡᠷᠲᠡᠭᠡᠨ ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠠᠷᠠᠳ ᠢᠷᠭᠡᠨ ᠡᠷᠭᠢᠯᠡᠭᠴᠢ ᠪᠤᠶᠤ ᠲᠡᠳ᠋ | ᠡᠷᠭᠢᠯᠡᠭᠴᠢ ᠪᠤᠯᠤᠭᠰᠠᠨ ᠪᠠᠶᠢᠬᠤ ᠭᠡᠷᠡᠭᠲᠡᠢ᠃ | ᠵᠠᠭᠤ ᠠᠷᠪᠠᠨ ᠲᠦᠷᠪᠡᠲᠤᠭᠡᠷ ᠵᠦᠢᠯ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ | ᠵᠠᠰᠠᠬᠤ ᠵᠸᠤ ᠶᠢᠨ ᠲᠠᠷᠤᠭ᠎ᠠ᠂ ᠦᠪᠡᠷᠲᠡᠭᠡᠨ ᠵᠠᠰᠠᠬᠤ ᠰᠢᠶᠠᠨ ᠤ ᠲᠠᠷᠤᠭ᠎ᠠ ᠶᠢᠨ ᠲᠤᠰᠢᠶᠠᠯ ᠢ ᠤᠷᠤᠨ ᠤ ᠦᠪᠡᠷᠲᠡᠭᠡᠨ | ᠵᠠᠰᠠᠬᠤ ᠶᠢ ᠭᠡᠷᠡᠭᠵᠢᠬᠦᠯᠵᠤ ᠪᠠᠶᠢᠭ᠎ᠠ ᠦᠨᠲᠤᠰᠤᠲᠠᠨ ᠤ ᠠᠷᠠᠳ ᠢᠷᠭᠡᠨ ᠡᠬᠦᠷᠭᠡᠯᠡᠨ᠎ᠠ᠃ | ᠵᠠᠭᠤ ᠠᠷᠪᠠᠨ ᠲᠠᠪᠤᠲᠤᠭᠠᠷ ᠵᠦᠢᠯ ᠦᠪᠡᠷᠲᠡᠭᠡᠨ ᠵᠠᠰᠠᠬᠤ ᠤᠷᠤᠨ᠂ ᠦᠪᠡᠷᠲᠡᠭᠡᠨ ᠵᠠᠰᠠᠬᠤ ᠵᠸᠤ᠂ | ᠦᠪᠡᠷᠲᠡᠭᠡᠨ ᠵᠠᠰᠠᠬᠤ ᠰᠢᠶᠠᠨ ᠤ ᠦᠪᠡᠷᠲᠡᠭᠡᠨ ᠵᠠᠰᠠᠬᠤ ᠪᠠᠶᠢᠭᠤᠯᠭ᠎ᠠ ᠦᠨᠲᠤᠰᠤᠨ ᠬᠠᠤᠯᠢ ᠶᠢᠨ ᠭᠤᠷᠪᠠᠲᠤᠭᠠᠷ | ᠪᠦᠯᠦᠭ ᠤᠨ ᠲᠠᠪᠤᠲᠤᠭᠠᠷ ᠭᠡᠰᠡᠭ ᠲᠤ ᠲᠤᠭᠲᠠᠭᠠᠭᠰᠠᠨ ᠤᠷᠤᠨ ᠨᠤᠲᠤᠭ ᠤᠨ ᠲᠦᠷᠤ ᠶᠢᠨ ᠪᠠᠶᠢᠭᠤᠯᠭ᠎ᠠ ᠶᠢᠨ ᠡᠷᠭᠡ | ᠲᠤᠰᠢᠶᠠᠯ ᠢ ᠭᠦᠢᠴᠡᠳᠭᠡᠬᠦ ᠶᠢᠨ ᠬᠠᠮᠲᠤ᠂ ᠦᠨᠲᠤᠰᠤᠨ ᠬᠠᠤᠯᠢ᠂ ᠦᠨᠲᠤᠰᠤᠲᠠᠨ ᠤ ᠤᠷᠤᠨ ᠤ ᠦᠪᠡᠷᠲᠡᠭᠡᠨ | ᠵᠠᠰᠠᠬᠤ ᠬᠠᠤᠯᠢ ᠪᠠ ᠪᠤᠰᠤᠤᠨ ᠬᠠᠤᠯᠢ ᠳᠤ ᠲᠤᠭᠲᠠᠭᠠᠭᠰᠠᠨ ᠡᠷᠭᠡ ᠮᠡᠲᠡᠯ ᠤᠨ ᠭᠡᠪᠴᠢᠶ᠎ᠠ ᠲᠤᠲᠤᠷ᠎ᠠ ᠦᠪᠡᠷᠲᠡᠭᠡᠨ | ᠵᠠᠰᠠᠬᠤ ᠡᠷᠭᠡ ᠪᠠᠨ ᠬᠡᠷᠡᠭᠵᠢᠬᠦᠯᠵᠤ᠂ ᠲᠤᠰ ᠤᠷᠤᠨ ᠤ ᠪᠠᠨ ᠪᠤᠲᠠᠲᠠᠢ ᠪᠠᠶᠢᠲᠠᠯ ᠢ ᠦᠨᠲᠤᠰᠤᠯᠠᠨ ᠤᠯᠤᠰ ᠤᠨ | ᠬᠠᠤᠯᠢ ᠴᠠᠭᠠᠵᠠ᠂ ᠲᠦᠷᠤ ᠶᠢᠨ ᠪᠤᠲᠤᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠠ᠃ | ᠵᠠᠭᠤ ᠠᠷᠪᠠᠨ ᠵᠢᠷᠭᠤᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠭᠠᠵᠠᠷ ᠤᠨ ᠦᠨᠲᠤᠰᠤᠲᠠᠨ ᠤ ᠤᠯᠤᠰ ᠲᠦᠷᠤ᠂ ᠠᠵᠤ | ᠠᠬᠤᠢ᠂ ᠰᠤᠶᠤᠯ ᠪᠤᠯᠪᠠᠰᠤᠷᠠᠯ ᠤᠨ ᠤᠨᠴᠠᠯᠢᠭ ᠢ ᠦᠨᠲᠤᠰᠤᠯᠠᠵᠤ ᠦᠪᠡᠷᠲᠡᠭᠡᠨ ᠵᠠᠰᠠᠬᠤ ᠲᠦᠷᠢᠮ ᠪᠠ ᠲᠤᠰᠬᠠᠢ | ᠲᠦᠷᠢᠮ ᠲᠤᠭᠲᠠᠭᠠᠬᠤ ᠡᠷᠭᠡ ᠲᠠᠢ᠃ ᠦᠪᠡᠷᠲᠡᠭᠡᠨ ᠵᠠᠰᠠᠬᠤ ᠤᠷᠤᠨ ᠤ ᠦᠪᠡᠷᠲᠡᠭᠡᠨ ᠵᠠᠰᠠᠬᠤ ᠲᠦᠷᠢᠮ ᠪᠠ | ᠲᠤᠰᠬᠠᠢ ᠲᠦᠷᠢᠮ ᠨᠢ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠮᠡᠲᠡᠬᠦᠯᠵᠤ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠤᠨ ᠲᠠᠢ ᠪᠤᠯᠤᠨ᠎ᠠ᠃ ᠦᠪᠡᠷᠲᠡᠭᠡᠨ ᠵᠠᠰᠠᠬᠤ | ᠵᠸᠤ᠂ ᠦᠪᠡᠷᠲᠡᠭᠡᠨ ᠵᠠᠰᠠᠬᠤ ᠰᠢᠶᠠᠨ ᠤ ᠦᠪᠡᠷᠲᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠨᠢ ᠮᠤᠵᠢ ᠪᠤᠶᠤ | ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠮᠡᠲᠡᠬᠦᠯᠵᠤ ᠵᠦᠪᠰᠢᠶᠠᠷᠠᠬᠦᠯᠦᠭᠰᠡᠨ ᠤ ᠲᠠᠷᠠᠭ᠎ᠠ ᠬᠦᠴᠤᠨ ᠲᠠᠢ ᠪᠤᠯᠬᠤ ᠪᠦᠭᠡᠳ ᠲᠡᠬᠦᠨ ᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠲᠡᠬᠦᠯᠵᠤ | ᠲᠠᠩᠰᠠᠯᠠᠭᠤᠯᠤᠨ᠎ᠠ᠃ | ᠵᠠᠭᠤ ᠠᠷᠪᠠᠨ ᠲᠤᠯᠤᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠢ ᠤᠷᠤᠨ ᠨᠤᠲᠤᠭ ᠤᠨ ᠡᠳ᠋ ᠤᠨ ᠵᠠᠰᠠᠭ ᠢᠶᠠᠨ ᠬᠠᠮᠢᠶᠠᠷᠬᠤ ᠦᠪᠡᠷᠲᠡᠭᠡᠨ | ᠵᠠᠰᠠᠬᠤ ᠡᠷᠭᠡ ᠲᠠᠢ᠃ ᠤᠯᠤᠰ ᠤᠨ ᠡᠳ᠋ ᠤᠨ ᠵᠠᠰᠠᠭ ᠤᠨ ᠪᠠᠶᠢᠭᠤᠯᠤᠯ ᠤᠨ ᠶᠤᠰᠤᠭᠠᠷ ᠦᠨᠲᠤᠰᠤᠲᠠᠨ ᠤ | ᠦᠪᠡᠷᠲᠡᠭᠡᠨ ᠵᠠᠰᠠᠬᠤ ᠤᠷᠤᠨ ᠨᠤᠲᠤᠭ ᠲᠤ ᠬᠠᠷᠢᠶᠠᠯᠠᠭᠲᠠᠬᠤ ᠡᠳ᠋ ᠤᠨ ᠵᠠᠰᠠᠭ ᠤᠨ ᠤᠷᠤᠯᠭ᠎ᠠ ᠪᠦᠭᠦᠨ ᠢ ᠴᠦᠮ | ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ ᠵᠠᠰᠠᠬᠤ ᠪᠠᠶᠢᠭᠤᠯᠭ᠎ᠠ ᠠᠴᠠ ᠡᠵᠡᠨ | ᠮᠡᠲᠡᠵᠤ ᠲᠤᠭᠢᠷᠠᠭᠤᠯᠤᠨ ᠭᠡᠷᠡᠭᠯᠡᠨ᠎ᠠ᠃ | ᠵᠠᠭᠤ ᠠᠷᠪᠠᠨ ᠨᠠᠢᠮᠠᠲᠤᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠤᠯᠤᠰ ᠤᠨ ᠲᠦᠯᠦᠪᠯᠡᠭᠡᠨ ᠤ ᠵᠢᠯᠦᠭᠤᠲᠤᠯᠭᠠ ᠶᠢᠨ ᠲᠤᠤᠷ᠎ᠠ᠂ | ᠤᠷᠤᠨ ᠨᠤᠲᠤᠭ ᠤᠨ ᠴᠢᠨᠠᠷᠲᠠᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠡᠵᠡᠨ ᠮᠡᠲᠡᠵᠤ | ᠲᠤᠭᠢᠷᠠᠭᠤᠯᠤᠨ ᠬᠠᠮᠢᠶᠠᠷᠤᠨ᠎ᠠ᠃ ᠤᠯᠤᠰ ᠠᠴᠠ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ | ᠲᠤ ᠡᠳ᠋ ᠪᠠᠶᠠᠯᠢᠭ ᠢ ᠨᠡᠭᠡᠭᠡᠵᠤ ᠠᠰᠢᠭᠯᠠᠵᠤ᠂ ᠠᠵᠤ ᠠᠬᠤᠢᠢᠯᠠᠯ ᠪᠠᠶᠢᠭᠤᠯᠬᠤ ᠳᠠᠭᠠᠨ ᠦᠨᠲᠤᠰᠤᠲᠠᠨ ᠤ | ᠦᠪᠡᠷᠲᠡᠭᠡᠨ ᠵᠠᠰᠠᠬᠤ ᠤᠷᠤᠨ ᠨᠤᠲᠤᠭ ᠤᠨ ᠠᠰᠢᠭ ᠲᠤᠰᠨ ᠶᠢ ᠬᠠᠷᠠᠭᠠᠯᠵᠠᠬᠤ ᠭᠡᠷᠡᠭᠲᠡᠢ᠃ | ᠵᠠᠭᠤ ᠠᠷᠪᠠ ᠶᠢᠰᠤᠲᠤᠭᠡᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ | ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠲᠤᠰ ᠭᠠᠵᠠᠷ ᠤᠨ ᠢᠶᠠᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ | ᠰᠤᠶᠤᠯ ᠪᠤᠯᠪᠠᠰᠤᠷᠠᠯ᠂ ᠡᠷᠡᠬᠦᠯ ᠬᠠᠮᠠᠭᠠᠯᠠᠯ᠂ ᠪᠠᠶ᠎ᠠ ᠶᠢᠨ ᠲᠠᠮᠢᠷ ᠤᠨ ᠦᠢᠯᠡᠰ ᠢ ᠡᠵᠡᠨ ᠮᠡᠲᠡᠨ ᠬᠠᠮᠢᠶᠠᠷᠴᠤ᠂ | ᠦᠨᠲᠤᠰᠤᠲᠠᠨ ᠤ ᠪᠠᠨ ᠰᠤᠶᠤᠯ ᠤᠨ ᠦᠪ ᠢ ᠬᠠᠮᠠᠭᠠᠯᠠᠨ ᠡᠮᠭᠢᠳᠭᠡᠵᠤ᠂ ᠦᠨᠲᠤᠰᠤᠲᠠᠨ ᠤ ᠪᠠᠨ ᠰᠤᠶᠤᠯ ᠢ | ᠴᠡᠴᠡᠭᠯᠡᠬᠦᠯᠦᠨ ᠬᠦᠭᠵᠢᠬᠦᠯᠬᠦᠭᠡᠷᠡᠭᠲᠡᠢ᠃ ᠵᠠᠭᠤ ᠬᠤᠷᠢᠳᠣᠭᠠᠷ ᠵᠦᠢᠯ ᠦᠨᠲᠤᠰᠤᠲᠠᠨ ᠤ ᠦᠪᠡᠷᠲᠡᠭᠡᠨ ᠵᠠᠰᠠᠬᠤ | ᠤᠷᠤᠨ ᠨᠤᠲᠤᠭ ᠤᠨ ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ ᠤᠯᠤᠰ ᠤᠷᠤᠨ ᠤ ᠴᠡᠷᠢᠭ ᠤᠨ ᠶᠠᠪᠤᠲᠠᠯ ᠤᠨ | ᠲᠦᠷᠢᠮ ᠪᠠ ᠲᠤᠰ ᠭᠠᠵᠠᠷ ᠤᠨ ᠢᠶᠠᠨ ᠪᠤᠲᠠᠲᠠᠢ ᠭᠡᠷᠡᠭᠴᠡᠭᠡ ᠶᠢ ᠦᠨᠲᠤᠰᠤᠯᠠᠨ᠂ ᠲᠦᠷᠤ ᠶᠢᠨ ᠶᠠᠪᠤᠲᠠᠯ ᠤᠨ | ᠬᠤᠷᠢᠶ᠎ᠠ ᠪᠠᠷ ᠵᠦᠪᠰᠢᠶᠡᠷᠡᠬᠦᠯᠦᠭᠡᠳ᠂ ᠨᠠᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠤᠰ ᠭᠠᠵᠠᠷ ᠤᠨ ᠢᠶᠠᠨ | ᠲᠤᠲᠤᠭᠠᠲᠤ ᠶᠢ ᠬᠠᠮᠠᠭᠠᠯᠬᠤ ᠴᠡᠷᠢᠭ ᠢ ᠪᠠᠶᠢᠭᠤᠯᠵᠤ ᠪᠤᠯᠤᠨ᠎ᠠ᠃ ᠵᠠᠭᠤ ᠬᠤᠷᠢᠨ ᠨᠢᠭᠡᠲᠤᠭᠡᠷ ᠵᠦᠢᠯ | ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠤᠨ ᠦᠪᠡᠷᠲᠡᠭᠡᠨ ᠵᠠᠰᠠᠬᠤ ᠪᠠᠶᠢᠭᠤᠯᠭ᠎ᠠ ᠨᠤᠭᠤᠳ | ᠡᠬᠦᠷᠭᠡ ᠲᠤᠰᠢᠶᠠᠯ ᠢᠶᠠᠨ ᠬᠦᠢᠴᠡᠳᠭᠡᠬᠦ ᠳᠡᠭᠡᠨ ᠲᠤᠰ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ | ᠨᠤᠲᠤᠭ ᠤᠨ ᠦᠪᠡᠷᠲᠡᠭᠡᠨ ᠵᠠᠰᠠᠬᠤ ᠲᠦᠷᠢᠮ ᠤᠨ ᠲᠤᠭᠲᠠᠭᠠᠯ ᠶᠤᠰᠤᠭᠠᠷ ᠲᠤᠰ ᠭᠠᠵᠠᠷ ᠲᠤ ᠨᠠᠶᠢᠲᠠᠮ ᠭᠡᠷᠡᠭᠯᠡᠵᠤ | ᠪᠠᠶᠢᠭ᠎ᠠ ᠨᠢᠭᠡ ᠪᠤᠶᠤ ᠭᠡᠲᠤᠨ ᠵᠦᠢᠯ ᠤᠨ ᠦᠭᠡ ᠭᠡᠯᠡ ᠦᠰᠦᠭ ᠪᠢᠴᠢᠭ ᠢ ᠬᠡᠷᠡᠭᠯᠡᠨ᠎ᠡ᠃ | ᠵᠠᠭᠤ ᠬᠤᠷᠢᠨ ᠬᠤᠶᠠᠲᠤᠭᠠᠷ ᠵᠦᠢᠯ ᠤᠯᠤᠰ ᠠᠴᠠ ᠡᠳ᠋ ᠤᠨ ᠵᠠᠰᠠᠭ᠂ ᠡᠳ᠋ ᠪᠤᠲᠠᠰ᠂ ᠲᠧᠭᠨᠢᠭ | ᠮᠡᠷᠭᠡᠵᠢᠯ ᠵᠡᠷᠭᠡ ᠲᠠᠯ᠎ᠠ ᠪᠠᠷ ᠴᠦᠭᠡᠨ ᠲᠤᠭᠠᠲᠤ ᠦᠨᠲᠤᠰᠤᠲᠠᠨ ᠨᠦᠭᠦᠳ ᠢ ᠬᠠᠪᠰᠤᠷᠴᠤ᠂ ᠠᠵᠤ ᠠᠬᠤᠢ ᠶᠢᠨ | ᠪᠦᠲᠦᠭᠡᠨ ᠪᠢᠠᠢᠭᠤᠯᠤᠯᠲᠠ ᠪᠠ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ᠨᠢ ᠲᠦᠷᠭᠡᠨ | ᠭᠦᠭᠵᠢᠬᠦᠯᠦᠨ᠎ᠠ᠃ ᠤᠯᠤᠰ ᠠᠴᠠ ᠦᠨᠲᠤᠰᠤᠲᠠᠨ ᠤ ᠦᠪᠡᠷᠲᠡᠭᠡᠨ ᠵᠠᠰᠠᠬᠤ ᠤᠷᠤᠨ ᠨᠤᠲᠤᠭ ᠢ ᠬᠠᠪᠰᠤᠷᠴᠤ᠂ | ᠲᠤᠰ ᠭᠠᠵᠠᠷ ᠤᠨ ᠭᠢᠨᠢ ᠦᠨᠲᠤᠰᠤᠲᠠᠨ ᠨᠦᠭᠦᠳ ᠤᠨ ᠲᠤᠲᠤᠷ᠎ᠠ ᠠᠴᠠ ᠡᠯ᠎ᠠ ᠱᠠᠲᠤᠨ ᠤ ᠺᠠᠳ᠋ᠷ᠂ ᠲᠦᠷᠤᠯ | ᠪᠦᠷᠢ ᠶᠢᠨ ᠲᠤᠰᠬᠠᠢ ᠴᠢᠲᠠᠪᠤᠷᠢᠲᠠᠨ ᠪᠠ ᠮᠡᠷᠭᠡᠵᠢᠯᠲᠠᠢ ᠠᠵᠢᠯᠴᠢᠨ ᠢ ᠦᠯᠡᠮᠵᠢᠭᠡᠨ ᠬᠦᠮᠦᠵᠢᠬᠦᠯᠦᠨ᠎ᠠ᠃ | ᠲᠤᠯᠤᠲᠤᠭᠠᠷ ᠭᠡᠰᠡᠭ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ | ᠵᠠᠭᠤ ᠬᠤᠷᠢᠨ ᠭᠤᠷᠪᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠠᠷᠠᠳ ᠤᠨ ᠰᠢᠬᠦᠬᠦ ᠬᠤᠷᠢᠶ᠎ᠠ ᠪᠤᠯ ᠲᠦᠷᠤ ᠶᠢᠨ ᠰᠢᠬᠦᠨ ᠲᠠᠰᠤᠯᠬᠤ ᠪᠠᠶᠢᠭᠤᠯᠭ᠎ᠠ ᠮᠦᠨ᠃ | ᠵᠠᠭᠤ ᠬᠤᠷᠢᠨ ᠲᠦᠷᠪᠡᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠠᠷᠠᠳ ᠤᠨ ᠲᠡᠭᠡᠲᠤ ᠰᠢᠬᠦᠬᠦ ᠬᠤᠷᠢᠶ᠎ᠠ᠂ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠰᠢᠬᠦᠬᠦ ᠬᠤᠷᠢᠶ᠎ᠠ ᠪᠠ | ᠴᠡᠷᠢᠭ ᠤᠨ ᠶᠠᠪᠤᠲᠠᠯ ᠤᠨ ᠰᠢᠬᠦᠬᠦ ᠬᠤᠷᠢᠶ᠎ᠠ ᠵᠠᠷᠭᠡ ᠲᠤᠰᠬᠠᠢ ᠠᠷᠠᠳ ᠤᠨ ᠰᠢᠬᠦᠬᠦ ᠬᠤᠷᠢᠶ᠎ᠠ ᠪᠠᠶᠢᠭᠤᠯᠤᠨ᠎ᠠ᠃ | ᠠᠷᠠᠳ ᠤᠨ ᠲᠡᠭᠡᠲᠤ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠢᠨ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ ᠬᠤᠭᠤᠴᠠᠭ᠎ᠠ ᠠᠴᠠ | ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ | ᠠᠷᠠᠳ ᠤᠨ ᠰᠢᠬᠦᠬᠦ ᠬᠤᠷᠢᠶᠠᠨ ᠤ ᠵᠤᠬᠢᠶᠠᠨ ᠪᠠᠶᠢᠭᠤᠯᠤᠯᠳᠠ ᠶᠢ ᠬᠠᠤᠯᠢ ᠪᠠᠷ ᠲᠤᠭᠲᠠᠭᠠᠨ᠎ᠠ᠃ | ᠵᠠᠭᠤ ᠬᠤᠷᠢᠨ ᠲᠠᠪᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ ᠭᠡᠷᠡᠭ ᠰᠢᠬᠦᠬᠦ ᠳᠡᠭᠡᠨ ᠬᠠᠤᠯᠢ ᠳᠤ | ᠲᠤᠭᠲᠠᠭᠠᠭᠰᠠᠨ ᠤᠨᠴᠠᠭᠠᠢ ᠪᠠᠶᠢᠲᠠᠯ ᠠᠴᠠ ᠪᠤᠰᠤᠤᠨ ᠢ ᠨᠢ ᠴᠦᠮ ᠢᠯᠠ ᠪᠠᠷ ᠶᠠᠪᠤᠭᠤᠯᠤᠨ᠎ᠠ᠃ ᠵᠠᠭᠠᠯᠲᠤᠭᠲᠠᠭᠰᠠᠳ | ᠦᠮᠦᠭᠯᠡᠬᠦᠯᠬᠦ ᠡᠷᠭᠡ ᠲᠠᠢ᠃ | ᠵᠠᠭᠤ ᠬᠤᠷᠢᠨ ᠵᠢᠷᠭᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ ᠬᠠᠤᠯᠢ ᠳᠤ ᠲᠤᠭᠲᠠᠭᠠᠭᠰᠠᠨ | ᠶᠤᠰᠤᠭᠠᠷ ᠰᠢᠬᠦᠨ ᠲᠠᠰᠤᠯᠬᠤ ᠡᠷᠭᠡ ᠪᠠᠨ ᠪᠡᠶ᠎ᠠ ᠪᠠᠨ ᠲᠠᠭᠠᠭᠠᠵᠤ ᠭᠡᠷᠡᠭᠵᠢᠬᠦᠯᠦᠨ᠎ᠠ᠂ ᠵᠠᠰᠠᠭ ᠵᠠᠭᠢᠷᠭᠠᠨ ᠤ | ᠪᠠᠶᠢᠭᠤᠯᠭ᠎ᠠ᠂ ᠨᠠᠶᠢᠭᠡᠮ ᠤᠨ ᠪᠦᠯᠭᠦᠮ ᠪᠠ ᠬᠤᠪᠢ ᠬᠦᠮᠦᠨ ᠤ ᠭᠠᠷ ᠲᠦᠷᠤᠭᠦ ᠶᠢ ᠬᠦᠯᠢᠶᠡᠬᠦ ᠦᠭᠡᠢ᠃ | ᠵᠠᠭᠤ ᠬᠤᠷᠢᠨ ᠲᠤᠯᠤᠲᠤᠭᠠᠷ ᠵᠦᠢᠯ ᠠᠷᠠᠳ ᠤᠨ ᠲᠡᠭᠡᠲᠤ ᠰᠢᠬᠦᠬᠦ ᠬᠤᠷᠢᠶ᠎ᠠ ᠪᠤᠯ ᠲᠡᠭᠡᠲᠤ ᠰᠢᠬᠦᠨ | ᠲᠠᠰᠤᠯᠬᠤ ᠪᠠᠶᠢᠭᠤᠯᠭ᠎ᠠ ᠮᠦᠨ᠃ | ᠠᠷᠠᠳ ᠤᠨ ᠲᠡᠭᠡᠲᠤ ᠰᠢᠬᠦᠬᠦ ᠬᠤᠷᠢᠶ᠎ᠠ ᠨᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠰᠢᠬᠦᠬᠦ | ᠬᠤᠷᠢᠶᠠᠨ ᠤ ᠪᠠ ᠠᠷᠠᠳ ᠤᠨ ᠲᠤᠰᠬᠠᠢ ᠰᠢᠬᠦᠬᠦ ᠬᠤᠷᠢᠶᠠᠨ ᠤ ᠰᠢᠬᠦᠨ ᠲᠠᠰᠤᠯᠬᠤ ᠠᠵᠢᠯ ᠳᠤ ᠭᠢᠨᠠᠯᠲᠠ ᠲᠠᠯᠪᠢᠨ᠎ᠠ᠂ | ᠲᠡᠭᠡᠲᠤ ᠱᠠᠲᠤᠨ ᠤ ᠠᠷᠠᠳ ᠤᠨ ᠰᠢᠬᠦᠬᠦ ᠬᠤᠷᠢᠶ᠎ᠠ ᠨᠢ ᠲᠤᠤᠷᠠᠲᠤ ᠱᠠᠲᠤᠨ ᠤ ᠠᠷᠠᠳ ᠤᠨ ᠰᠢᠬᠦᠬᠦ ᠬᠤᠷᠢᠶᠠᠨ ᠤ | ᠰᠢᠬᠦᠨ ᠲᠠᠰᠤᠯᠬᠤ ᠠᠵᠢᠯ ᠳᠤ ᠭᠢᠨᠠᠯᠲᠠ ᠲᠯᠠᠪᠢᠨᠠ᠃ | ᠵᠠᠭᠤ ᠬᠤᠷᠢᠨ ᠨᠠᠢᠮᠠᠲᠤᠭᠠᠷ ᠵᠦᠢᠯ ᠠᠷᠠᠳ ᠤᠨ ᠲᠡᠭᠡᠲᠤ ᠰᠢᠬᠦᠬᠦ ᠬᠤᠷᠢᠶ᠎ᠠ ᠨᠢ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠷᠢᠭᠤᠴᠠᠨ᠎ᠠ᠃ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠰᠢᠬᠦᠬᠦ ᠬᠤᠷᠢᠶ᠎ᠠ ᠨᠢ ᠲᠡᠬᠦᠨ ᠢ ᠭᠠᠷᠭᠠᠭᠰᠠᠨ ᠲᠦᠷᠤ ᠶᠢᠨ ᠡᠷᠭᠡᠲᠤ ᠪᠠᠶᠢᠭᠤᠯᠭ᠎ᠠ ᠳᠤ ᠬᠠᠷᠢᠭᠤᠴᠠᠨ᠎ᠠ᠃ | ᠵᠠᠭᠤ ᠬᠤᠷᠢ ᠶᠢᠰᠤᠲᠤᠭᠡᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠠᠷᠠᠳ ᠤᠨ | ᠪᠠᠶᠢᠴᠠᠭᠠᠬᠤ ᠬᠤᠷᠢᠶ᠎ᠠ ᠪᠤᠯ ᠲᠦᠷᠤ ᠶᠢᠨ ᠬᠠᠤᠯᠢ ᠴᠠᠭᠠᠵᠠ ᠶᠢᠨ ᠭᠢᠨᠠᠯᠲᠠ ᠲᠠᠯᠪᠢᠬᠤ ᠪᠠᠶᠢᠭᠤᠯᠭ᠎ᠠ ᠮᠦᠨ᠃ | ᠵᠠᠭᠤ ᠭᠤᠴᠢᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠠᠷᠠᠳ ᠤᠨ ᠲᠡᠭᠡᠲᠤ | ᠪᠠᠶᠢᠴᠠᠭᠠᠬᠤ ᠬᠤᠷᠢᠶ᠎ᠠ᠂ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ | ᠴᠡᠷᠢᠭ ᠤᠨ ᠪᠠᠶᠢᠴᠠᠭᠠᠬᠤ ᠬᠤᠷᠢᠶ᠎ᠠ ᠵᠡᠷᠭᠡ ᠠᠷᠠᠳ ᠤᠨ ᠲᠤᠰᠬᠠᠢ ᠪᠠᠶᠢᠴᠠᠭᠠᠬᠤ ᠬᠤᠷᠢᠶ᠎ᠠ ᠪᠠᠶᠢᠭᠤᠯᠤᠨ᠎ᠠ᠃ | ᠠᠷᠠᠳ ᠤᠨ ᠲᠡᠭᠡᠲᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢᠨ ᠬᠤᠭᠤᠴᠠᠭ᠎ᠠ ᠪᠦᠷᠢ ᠶᠢᠨ | ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠲᠠᠯᠢ᠂ ᠵᠠᠯᠭ᠎ᠠ ᠪᠠᠷ ᠬᠤᠶᠠᠷ ᠬᠤᠭᠤᠴᠠᠭ᠎ᠠ ᠠᠴᠠ | ᠢᠯᠡᠬᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃ ᠠᠷᠠᠳ ᠤᠨ ᠪᠠᠶᠢᠴᠠᠭᠠᠬᠤ ᠬᠤᠷᠢᠶᠠᠨ ᠤ ᠵᠤᠬᠢᠶᠠᠨ | ᠪᠠᠢᠭᠤᠯᠤᠯᠲᠠ ᠶᠢ ᠬᠠᠤᠯᠢ ᠪᠠᠷ ᠲᠤᠭᠳᠠᠭᠠᠨ᠎ᠠ᠃ ᠵᠠᠭᠤ | ᠭᠤᠴᠢᠨ ᠨᠢᠭᠡᠲᠤᠭᠡᠷ ᠵᠦᠢᠯ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠳᠤ ᠲᠤᠭᠲᠠᠭᠠᠭᠰᠠᠨ | ᠶᠤᠰᠤᠭᠠᠷ ᠪᠠᠶᠢᠴᠠᠭᠠᠬᠤ ᠡᠷᠭᠡ ᠪᠠᠨ ᠪᠡᠶ᠎ᠠ ᠪᠠᠨ ᠲᠠᠭᠠᠭᠠᠵᠤ ᠭᠡᠷᠡᠭᠵᠢᠬᠦᠯᠦᠨ᠎ᠠ᠂ ᠵᠠᠰᠠᠭ ᠵᠠᠭᠢᠷᠭᠠᠨ ᠤ ᠪᠠᠶᠢᠭᠤᠯᠭ᠎ᠠ᠂ | ᠨᠠᠶᠢᠭᠡᠮ ᠤᠨ ᠪᠦᠯᠭᠦᠮ ᠪᠠ ᠬᠤᠪᠢ ᠬᠦᠮᠦᠨ ᠤ ᠭᠠᠷ ᠲᠦᠷᠦᠬᠦ ᠶᠢ ᠬᠦᠯᠢᠶᠡᠬᠦ ᠦᠭᠡᠢ᠃ | ᠵᠠᠭᠤ ᠭᠤᠴᠢᠨ ᠬᠤᠶᠠᠲᠤᠭᠠᠷ ᠵᠦᠢᠯ ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠪᠤᠯ ᠲᠡᠭᠡᠲᠤ | ᠪᠠᠶᠢᠴᠠᠭᠠᠬᠤ ᠪᠠᠶᠢᠭᠤᠯᠭ᠎ᠠ ᠮᠦᠨ᠃ | ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠨᠢ ᠤᠷᠤᠨ ᠨᠤᠲᠤᠭ ᠤᠨ ᠡᠯ᠎ᠠ ᠱᠠᠲᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠ ᠠᠷᠠᠳ ᠤᠨ ᠲᠤᠰᠬᠠᠢ ᠪᠠᠶᠢᠴᠠᠭᠠᠬᠤ ᠬᠤᠷᠢᠶᠠᠨ ᠤ ᠠᠵᠢᠯ ᠢ ᠤᠲᠤᠷᠢᠲᠤᠨ᠎ᠠ᠂ | ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠲᠤᠤᠷᠠᠲᠤ ᠱᠠᠲᠤᠨ ᠤ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠢ ᠤᠲᠤᠷᠢᠲᠤᠨ᠎ᠠ᠃ | ᠵᠠᠭᠤ ᠭᠤᠴᠢᠨ ᠭᠤᠷᠪᠠᠲᠤᠭᠠᠷ ᠵᠦᠢᠯ ᠠᠷᠠᠳ ᠤᠨ ᠲᠡᠭᠡᠲᠤ ᠪᠠᠶᠢᠴᠠᠭᠠᠬᠤ ᠬᠤᠷᠢᠶ᠎ᠠ ᠨᠢ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠨ᠎ᠠ᠃ ᠤᠷᠤᠨ ᠨᠤᠲᠤᠭ ᠤᠨ | ᠡᠯ᠎ᠠ ᠱᠠᠲᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠲᠡᠬᠦᠨ ᠢ ᠭᠠᠷᠭᠠᠭᠰᠠᠨ ᠲᠦᠷᠤ ᠶᠢᠨ ᠡᠷᠭᠡᠲᠤ ᠪᠠᠶᠢᠭᠤᠯᠭ᠎ᠠ | ᠪᠠ ᠲᠡᠭᠡᠲᠤ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠠᠷᠢᠭᠤᠴᠠᠨ᠎ᠠ᠃ | ᠵᠠᠭᠤ ᠭᠤᠴᠢᠨ ᠲᠦᠷᠪᠡᠲᠤᠭᠡᠷ ᠵᠦᠢᠯ ᠦᠨᠲᠤᠰᠤᠲᠠᠨ ᠨᠦᠭᠦᠳ ᠤᠨ ᠠᠷᠠᠳ ᠢᠷᠭᠡᠨ ᠴᠦᠮ | ᠦᠨᠲᠤᠰᠤᠲᠠᠨ ᠤ ᠪᠠᠨ ᠦᠭᠡ ᠭᠡᠯᠡ ᠦᠰᠦᠭ ᠪᠢᠴᠢᠭ ᠢᠶᠠᠷ ᠵᠠᠷᠭᠤᠯᠲᠤᠬᠤ ᠡᠷᠭᠡ ᠲᠠᠢ᠃ ᠠᠷᠠᠳ ᠤᠨ ᠰᠢᠬᠦᠬᠦ | ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠨᠢ ᠲᠤᠰ ᠭᠠᠵᠠᠷ ᠲᠤ ᠨᠡᠶᠢᠲᠡᠮ ᠭᠡᠷᠡᠭᠯᠡᠵᠤ ᠪᠠᠶᠢᠭ᠎ᠠ ᠦᠭᠡ ᠭᠡᠯᠡ | ᠦᠰᠦᠭ ᠪᠢᠴᠢᠭ ᠢ ᠮᠡᠲᠡᠬᠦ ᠦᠭᠡᠢ ᠵᠠᠷᠭᠤ ᠳᠤ ᠤᠷᠤᠯᠴᠠᠭᠰᠠᠳ ᠲᠤ ᠤᠷᠴᠢᠭᠤᠯᠵᠤ ᠦᠭᠬᠦ ᠭᠡᠷᠡᠭᠲᠡᠢ᠃ | ᠴᠦᠭᠡᠨ ᠲᠤᠭᠠᠲᠤ ᠦᠨᠲᠤᠰᠤᠲᠠᠨ ᠤ ᠲᠦᠪᠯᠡᠷᠡᠨ ᠰᠠᠭᠤᠭ᠎ᠠ ᠪᠤᠶᠤ ᠤᠯᠠᠨ ᠦᠨᠲᠤᠰᠤᠲᠠᠨ ᠤ ᠴᠤᠭᠯᠠᠷᠠᠨ | ᠰᠠᠭᠤᠭ᠎ᠠ ᠤᠷᠤᠨ ᠳᠤ ᠪᠤᠯ᠂ ᠲᠤᠰ ᠭᠠᠵᠠᠷ ᠲᠤ ᠨᠠᠶᠢᠲᠠᠮ ᠭᠡᠷᠡᠭᠯᠡᠵᠤ ᠪᠠᠶᠢᠭ᠎ᠠ ᠦᠭᠡ ᠭᠡᠯᠡ ᠪᠠᠷ ᠰᠢᠬᠦᠨ | ᠰᠢᠢᠳᠪᠤᠷᠢᠯᠡᠨ᠎ᠠ︔ ᠪᠤᠲᠠᠲᠤ ᠭᠡᠷᠡᠭᠴᠡᠭᠡ ᠶᠢ ᠦᠨᠲᠤᠰᠤᠯᠠᠵᠤ ᠵᠠᠭᠠᠯᠲᠤᠯᠭ᠎ᠠ ᠶᠢᠨ ᠪᠢᠢᠴᠭ᠂ ᠰᠢᠬᠦᠨ ᠲᠠᠰᠤᠯᠤᠭᠰᠠᠨ | ᠪᠢᠴᠢᠭ᠂ ᠵᠠᠷ ᠪᠠ ᠪᠤᠰᠤᠤᠨ ᠪᠢᠴᠢᠭ ᠮᠠᠲ᠋ᠧᠷᠢᠶᠠᠯ ᠢ ᠲᠤᠰ ᠭᠠᠵᠠᠷ ᠲᠤ ᠨᠠᠶᠢᠲᠠᠮ ᠭᠡᠷᠡᠭᠯᠡᠵᠤ ᠪᠠᠶᠢᠭ᠎ᠠ ᠨᠢᠭᠡ | ᠵᠦᠢᠯ ᠤᠨ ᠪᠤᠶᠤ ᠭᠡᠲᠤᠨ ᠵᠦᠢᠯ ᠤᠨ ᠦᠰᠦᠭ ᠪᠢᠴᠢᠭ ᠢᠶᠠᠷ ᠪᠢᠴᠢᠬᠦ ᠭᠡᠷᠡᠭᠲᠡᠢ᠃ | ᠵᠠᠭᠤ ᠭᠤᠴᠢᠨ ᠲᠠᠪᠤᠲᠤᠭᠠᠷ ᠵᠦᠢᠯ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠡᠷᠡᠬᠦᠦ ᠶᠢᠨ ᠭᠡᠷᠡᠭ ᠢ ᠰᠢᠢᠳᠪᠤᠷᠢᠯᠡᠬᠦ ᠳᠡᠭᠡᠨ | ᠠᠵᠢᠯ ᠬᠤᠪᠢᠶᠠᠨ ᠬᠠᠷᠢᠭᠤᠴᠠᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠨᠦᠬᠦᠴᠠᠯᠲᠤᠵᠤ ᠪᠠᠶᠢᠭᠠᠳ ᠬᠠᠤᠯᠢ | ᠴᠠᠭᠠᠵᠠ ᠶᠢ ᠤᠨᠤᠪᠴᠢᠲᠠᠢ ᠪᠦᠭᠡᠳ ᠬᠦᠴᠤᠨ ᠲᠡᠬᠦᠯᠲᠠᠷ ᠭᠡᠷᠡᠭᠵᠢᠬᠦᠯᠬᠦ ᠶᠢ ᠪᠠᠲᠤᠯᠠᠬᠤ ᠭᠡᠷᠡᠭᠲᠡᠢ᠃ | ᠲᠦᠷᠪᠡᠲᠤᠭᠡᠷ ᠪᠦᠯᠦᠭ ᠤᠯᠤᠰ ᠤᠨ ᠲᠤᠭ᠂ ᠤᠯᠤᠰ ᠤᠨ ᠰᠦᠯᠲᠠ ᠲᠠᠭᠤᠤ᠂ ᠤᠯᠤᠰ ᠤᠨ | ᠰᠦᠯᠲᠠ᠂ ᠨᠠᠶᠢᠰᠯᠠᠯ | ᠵᠠᠭᠤ ᠭᠤᠴᠢᠨ ᠵᠢᠷᠭᠤᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠤᠯᠤᠰ ᠤᠨ ᠲᠤᠭ ᠪᠤᠯ ᠲᠠᠪᠤᠨ ᠤᠲᠤᠲᠤ ᠤᠯᠠᠭᠠᠨ ᠲᠤᠭ ᠮᠦᠨ᠃ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠰᠦᠯᠲᠠ ᠲᠠᠭᠤᠤ ᠪᠤᠯ ︽ᠵᠢᠷᠤᠮ ᠤᠨ | ᠴᠡᠷᠢᠭ ᠤᠨ ᠤᠷᠤᠭᠰᠢᠯᠠᠯᠲᠠ ᠶᠢᠨ ᠲᠠᠭᠤᠤ︾ ᠪᠤᠯᠤᠨ᠎ᠠ᠃ | ᠵᠠᠭᠤ ᠭᠤᠴᠢᠨ ᠲᠤᠯᠤᠲᠤᠭᠠᠷ ᠵᠦᠢᠯ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠤᠯᠤᠰ ᠤᠨ ᠰᠦᠯᠲᠠ ᠪᠤᠯ ᠲᠤᠮᠲᠠ ᠪᠠᠨ ᠲᠠᠪᠤᠨ ᠤᠲᠤᠨ ᠢᠶᠠᠷ ᠭᠡᠷᠡᠯᠲᠤᠬᠦᠯᠦᠭᠰᠡᠨ ᠲᠢᠶᠠᠨ ᠠᠨ ᠮᠧᠨ ᠠᠰᠠᠷ ᠲᠠᠢ᠂ | ᠬᠦᠪᠡᠭᠡ ᠪᠠᠷ ᠢᠶᠠᠨ ᠲᠠᠷᠢᠶᠠᠨ ᠲᠦᠷᠦᠬᠦᠦ ᠪᠠ ᠠᠷᠠᠭᠠᠲᠤ ᠬᠦᠷᠲᠤ ᠲᠠᠢ᠃ | ᠵᠠᠭᠤ ᠭᠤᠴᠢᠨ ᠨᠠᠢᠮᠠᠲᠤᠭᠠᠷ ᠵᠦᠢᠯ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠨᠠᠶᠢᠰᠯᠠᠯ ᠪᠤᠯ ᠪᠡᠭᠡᠵᠢᠩ ᠮᠦᠨ᠃ |