ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ ︵1︶
ᠨᠡᠶᠢᠲᠡᠯᠡᠭᠰᠡᠨ ᠴᠠᠭ᠄
2017/9/5
︵1994 ᠣᠨ ᠤ 7 ᠰᠠᠷ᠎ᠠ ᠶᠢᠨ 5᠎ ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ ᠂ 1994 ᠣᠨ ᠤ 7 ᠰᠠᠷ᠎ᠠ ᠶᠢᠨ 5᠎ ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶ ᠭᠠᠷᠴᠠᠭ ᠨᠢᠭᠡᠳᠦᠭᠡᠷ ᠪᠦᠯᠦᠭ ᠶᠡᠷᠦᠩᠬᠡᠢ ᠳᠦᠷᠢᠮ ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ ᠲᠠᠪᠤᠳᠤᠭᠠᠷ ᠪᠦᠯᠦᠭ ᠴᠠᠯᠢᠩ ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠲᠠᠨ ᠤ ᠣᠨᠴᠠᠭᠠᠢ ᠬᠠᠮᠠᠭᠠᠯᠠᠯᠲᠠ ᠨᠠᠢᠮᠠᠳᠤᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ ᠶᠢᠰᠤᠳᠦᠭᠡᠷ ᠪᠦᠯᠦᠭ ᠨᠠᠶᠢᠭᠡᠮ ᠤᠨ ᠲᠠᠭᠠᠳᠬᠠᠯ ᠪᠠ ᠠᠰᠠᠷᠠᠮᠵᠢ ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ ᠨᠢᠭᠡᠳᠦᠭᠡᠷ ᠪᠦᠯᠦᠭ ᠶᠡᠷᠤᠩᠬᠡᠢ ᠲᠦᠷᠢᠮ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ ᠲᠤᠭᠲᠠᠭᠠᠪᠠ ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ ᠠᠵᠤ ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠢ ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ ᠬᠦᠳᠡᠯᠮᠦᠷᠢᠴᠢᠳ ᠲᠤᠰ ᠬᠠᠤᠯᠢ ᠶᠢ ᠬᠡᠷᠡᠭᠯᠡᠨ᠎ᠡ᠃ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ ᠬᠠᠤᠯᠢ ᠶᠢᠨ ᠶᠤᠰᠤᠭᠠᠷ ᠬᠡᠷᠡᠭᠵᠢᠭᠦᠯᠦᠨ᠎ᠡ᠃ ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ ᠬᠦᠳᠡᠯᠮᠦᠷᠢᠴᠢᠨ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ ᠮᠤᠷᠠᠯ ᠢ ᠵᠢᠷᠤᠮᠯᠠᠬᠤ ᠬᠡᠷᠡᠭᠲᠠᠢ᠃ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ ᠤᠯᠭᠤᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ ᠪᠠᠷᠢᠮᠵᠢᠶ᠎ᠠ ᠶᠢ ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ ᠲᠡᠭᠦᠯᠳᠡᠷᠵᠢᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ ᠠᠵᠢᠯᠯᠠᠭ᠎ᠠ ᠪᠠᠨ ᠦᠷᠨᠢᠭᠦᠯᠦᠨ᠎ᠡ᠃ ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ ᠶᠡᠭᠡ ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ ᠵᠦᠪᠳᠡᠯᠴᠡᠨ᠎ᠡ᠃ ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ ᠬᠠᠮᠢᠶᠠᠷᠤᠨ᠎ᠠ᠃ ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ ᠲᠤᠲᠤᠷ᠎ᠠ ᠠᠵᠤ ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ ᠨᠡᠮᠡᠭᠳᠡᠭᠦᠯᠬᠦ ᠶᠢ ᠵᠤᠷᠢᠭᠵᠢᠭᠤᠯᠠᠨ᠎ᠠ᠃ ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ ᠠᠵᠢᠯ ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃ ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃ ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃ ᠤᠳᠬ᠎ᠠ ᠤᠷᠠᠯᠢᠭ᠂ ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ ᠬᠦᠢᠴᠡᠳᠭᠡᠬᠦ ᠬᠡᠷᠡᠭᠲᠠᠢ ᠪᠦᠭᠡᠳ ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠬᠡᠷᠡᠭᠲᠠᠢ᠃ ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ ᠲᠤᠳᠤᠷᠬᠠᠶᠢᠯᠠᠬᠤ ᠬᠡᠯᠡᠯᠴᠡᠭᠡᠷ ᠮᠦᠨ᠃ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ ᠪᠠᠶᠢᠭᠤᠯᠬᠤ ᠬᠡᠷᠡᠭᠲᠠᠢ᠃ ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ ᠬᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠪᠤᠯᠤᠨ᠎ᠠ᠂ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃ ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ ᠬᠦᠳᠡᠯᠮᠦᠷᠢ ᠶᠢᠨ ᠭᠡᠷ᠎ᠡ︔ ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ ᠬᠦᠳᠡᠯᠮᠦᠷᠢ ᠶᠢᠨ ᠭᠡᠷ᠎ᠡ︔ ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ ᠦᠭᠡᠢ ᠪᠤᠯ ᠪᠤᠰᠤᠳ ᠬᠡᠰᠡᠭ ᠨᠢ ᠮᠦᠨ ᠬᠦ ᠬᠦᠴᠦᠨ ᠲᠠᠢ᠃ ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ ᠬᠤᠷᠢᠶᠠᠨ ᠠᠴᠠ ᠨᠤᠲᠠᠯᠠᠨ ᠲᠣᠭᠲᠠᠭᠠᠨ᠎ᠠ᠃ ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄ ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ︔ ︵ᠬᠤᠶᠠᠷ︶ ᠠᠵᠢᠯ ᠤᠨ ᠠᠭᠤᠯᠭ᠎ᠠ︔ ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ︔ ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔ ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ︔ ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔ ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ ᠬᠦᠳᠡᠯᠮᠦᠷᠢ ᠶᠢᠨ ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ ᠪᠤᠯᠤᠨ᠎ᠠ᠃ ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ ᠬᠦᠳᠡᠯᠮᠦᠷᠢᠴᠢᠨ ᠬᠦᠮᠦᠨ ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠲᠤᠭᠲᠠᠭᠠᠵᠤ ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ ᠬᠡᠲᠤᠷᠡᠵᠤ ᠪᠤᠯᠬᠤ ᠦᠭᠡᠢ᠃ ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ ᠰᠠᠨᠠᠯ ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠭᠡᠷᠡᠴᠢᠯᠡᠭᠳᠡᠭᠰᠡᠨ︔ ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔ ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ ᠤᠴᠠᠷᠠᠭᠤᠯᠤᠭᠰᠠᠨ︔ ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ ᠴᠢᠳᠠᠬᠤ ᠦᠭᠡᠢ ᠪᠤᠯᠤᠭᠰᠠᠨ︔ ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ ᠪᠠᠶᠢᠬᠤ︔ ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ ᠶᠤᠰᠤᠭᠠᠷ ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ ᠡᠪᠯᠡᠯ ᠪᠤᠶᠤ ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃ ᠬᠦᠮᠦᠨ ᠬᠡᠷᠡᠭᠯᠡᠬᠦ ᠨᠢᠭᠡᠴᠢ ᠲᠤᠰ ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ ᠬᠡᠷᠡᠭᠲᠠᠢ᠃ ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠠᠵᠤ ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ︔ ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ ᠪᠠᠶᠢᠬᠤ︔ ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔ ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃ ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ ᠬᠦᠮᠦᠨ ᠬᠡᠷᠡᠭᠯᠡᠬᠦ ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠭᠡᠪᠡᠯ ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ ᠮᠡᠳᠡᠭᠳᠡᠵᠤ ᠪᠤᠯᠤᠨ᠎ᠠ᠄ ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔ ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔ ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ ᠬᠠᠩᠭᠠᠭᠰᠠᠨ᠃ ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ ᠭᠡᠷ᠎ᠡ ᠶᠢᠨ ᠲᠦᠰᠦᠯ ᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ ᠠᠬᠤᠶᠢᠯᠠᠯ ᠯᠤᠭ᠎ᠠ ᠲᠤᠭᠲᠠᠭᠠᠨ᠎ᠠ᠃ ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ ᠬᠦᠴᠦᠨ ᠲᠠᠢ ᠪᠤᠯᠤᠨ᠎ᠠ᠃ ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ ᠬᠠᠮᠲᠤ ᠶᠢᠨ ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1