ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ  ︵2︶
ᠨᠡᠶᠢᠲᠡᠯᠡᠭᠰᠡᠨ ᠴᠠᠭ᠄
2017/9/5
ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ ᠪᠤᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ ᠪᠤᠳᠤᠬᠤ ᠬᠦᠯᠦᠰᠤ ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃ ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠡᠳ ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ ᠬᠡᠷᠡᠭᠲᠠᠢ᠄ ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ ︵ᠬᠤᠶᠠᠷ︶ ᠴᠠᠭᠠᠨ ᠰᠠᠷ᠎ᠠ ᠶᠢᠨ ᠪᠠᠶᠠᠷ︔ ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔ ︵ᠲᠦᠷᠪᠡ︶ ᠤᠯᠤᠰ ᠤᠨ ᠪᠠᠶᠠᠷ︔ ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ ᠲᠤᠭᠲᠠᠭᠠᠭᠰᠠᠨ ᠪᠤᠰᠤᠳ ᠪᠠᠶᠠᠷ ᠤᠨ ᠡᠳᠦᠷ᠃ ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ ᠦᠭᠡᠢ ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔ ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ ᠪᠤᠯᠤᠭᠰᠠᠨ︔ ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃ ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃ ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄ ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠᠵᠢᠯᠯᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ᠃ ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠬᠤ ᠲᠦᠷᠢᠮ ᠢ ᠬᠡᠷᠡᠭᠵᠢᠭᠦᠯᠦᠨ᠎ᠡ᠃ ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃ ᠲᠠ᠊ᠪᠤᠳᠤᠭᠠᠷ ᠪᠦᠯᠦᠭ ᠴᠠᠯᠢᠩ ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ ᠡᠵᠡᠮᠳᠡᠯ ᠶᠠᠪᠤᠭᠤᠯᠤᠨ᠎ᠠ᠃ ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ ᠦᠢᠯᠡᠳᠪᠦᠷᠢᠯᠡᠯ ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ ᠨᠢᠭᠡᠴᠢ ᠶᠢᠨ ᠢᠶᠠᠨ ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠲᠤᠭᠲᠠᠭᠠᠨ᠎ᠠ᠃ ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃ ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ ᠬᠡᠷᠡᠭᠲᠠᠢ᠄ ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ︔ ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔ ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔ ︵ᠲᠦᠷᠪᠡ︶ ᠠᠵᠢᠯ ᠤᠯᠭᠤᠭᠰᠠᠨ ᠪᠠᠶᠢᠳᠠᠯ︔ ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶᠡᠨ ᠤ ᠵᠦᠷᠢᠶ᠎ᠡ᠃ ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦ᠋ᠢᠷᠴᠢᠨ ᠬᠤᠪᠢ ᠬᠦᠮᠦᠨ ᠳᠤ ᠰᠠᠷ᠎ᠠ ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ ᠦᠭᠡᠢ ᠪᠠᠷ ᠬᠠᠰᠤᠵᠤ ᠪᠤᠯᠬᠤ ᠦᠭᠡᠢ᠃ ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠢ ᠬᠠᠤᠯᠢ ᠶᠤᠰᠤᠭᠠᠷ ᠤᠯᠭᠤᠬᠤ ᠬᠡᠷᠡᠭᠲᠠᠢ᠃ ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ ᠪᠠ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠦᠳᠡᠯᠮᠮᠦᠷᠢᠴᠢᠳ ᠲᠤ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃ ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ᠡᠬᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠦᠯᠦᠪᠯᠡᠨ ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃ ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ ᠤᠨ ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃ ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ ᠪᠠᠶᠢᠬᠤ ᠡᠷᠬᠡ ᠲᠠᠢ︔ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ ᠬᠡᠷᠡᠭᠯᠡᠬᠦ ᠨᠢᠭᠡᠴᠢ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠤᠨᠴᠠᠭᠠᠢ ᠬᠠᠮᠠᠭᠠᠯᠠᠯᠲᠠ ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃ ᠨᠠᠰᠤᠨ ᠳᠤ ᠬᠦᠷᠦᠭᠡᠳᠦᠢ ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠦᠳᠡᠯᠮᠦᠷᠢᠴᠢᠨ ᠢ ᠬᠡᠯᠡᠵᠤ ᠪᠠᠶᠢᠨ᠎ᠠ᠃ ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠵᠢᠷᠮᠤᠰᠤᠨ ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠮᠦᠰᠦᠯᠡᠭᠡᠳ ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠲᠡᠲᠡ ᠨᠠᠷ ᠢ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ ᠠᠴᠠ ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳᠡᠯᠡᠨ᠎ᠡ᠃ ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ ᠲᠠᠢ ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ ᠠᠵᠢᠯᠴᠢᠨ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1