| | | | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ | ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ | ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ ᠪᠤᠯᠪᠠᠰᠤᠷᠠᠯ ᠢ | ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ ᠣᠷᠣᠭᠤᠯᠵᠣ᠂ | ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ | ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ ᠵᠤᠷᠢᠭᠵᠢᠭᠤᠯᠤᠨ | ᠲᠡᠮᠵᠢᠬᠦ ᠬᠡᠷᠡᠭᠲᠠᠢ᠃ | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ | ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ | ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ ᠢ | ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ | ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ | ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ᠂ | ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ | ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠰᠡᠨ ᠬᠢᠨᠠᠨ | ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ | ᠲᠤᠭᠲᠠᠭᠠᠯᠲᠠ ᠬᠢᠬᠦ ᠶᠢ ᠬᠠᠷᠢᠭᠤᠴᠠᠨ᠎ᠠ᠃ ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ ᠨᠡᠶᠢᠭᠡᠮ ᠤᠨ | ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ | ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ | ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ ᠠᠬᠤᠢ ᠶᠢᠨ | ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ ᠵᠤᠬᠢᠴᠠᠯᠳᠤᠬᠤ ᠬᠡᠷᠡᠭᠲᠠᠢ | ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ ᠲᠦᠷᠦᠯ ᠢ ᠨᠢ | ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ ᠲᠡᠭᠡᠷ᠎ᠡ ᠠᠴᠠ | ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ ᠬᠦᠳᠡᠯᠮᠦᠷᠢᠴᠢᠳ ᠡᠷᠬᠡᠪᠰᠢ ᠬᠠᠤᠯᠢ | ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ | ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ ᠨᠡᠶᠢᠭᠡᠮ ᠤᠨ | ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄ | ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ ᠡᠪᠡᠳᠴᠢᠨ | ᠤᠯᠤᠭᠰᠠᠨ︔ | ︵ᠲᠦᠷᠪᠡ︶ ᠠᠵᠢᠯ ᠠᠯᠳᠠᠭᠰᠠᠨ︔ | ︵ᠲᠠᠪᠤ︶ ᠬᠦᠩᠭᠡᠵᠢᠭᠰᠡᠨ᠃ ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ | ᠶᠤᠰᠤᠭᠠᠷ ᠭᠡᠷ ᠪᠦᠯᠢ ᠶᠢᠨ ᠬᠢᠨ ᠤ ᠤᠯᠭᠤᠮᠵᠢ ᠬᠦᠷᠲᠡᠨ᠎ᠡ᠃ ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ | ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ | ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ | ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃ | ᠲᠠᠯᠠᠨ ᠲᠦᠷᠪᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ ᠡᠷᠬᠢᠯᠡᠬᠦ ᠪᠠᠶᠢᠭᠤᠯᠤᠮᠵᠢ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ ᠠᠪᠴᠣ ᠵᠠᠷᠤᠬᠤ | ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢᠨ ᠦᠷᠲᠡᠭ ᠢ ᠪᠠᠲᠤᠯᠠᠵᠤ | ᠨᠡᠮᠡᠭᠳᠡᠭᠦᠯᠬᠦ ᠬᠠᠷᠢᠭᠤᠴᠠᠯᠭ᠎ᠠ ᠲᠠᠢ᠃ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ | ᠪᠠᠶᠢᠭᠤᠯᠤᠮᠵᠢ ᠬᠠᠤᠯᠢ ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ ᠤᠨ ᠮᠦᠩᠭᠦ ᠶᠢ ᠬᠤᠷᠢᠶᠠᠨ ᠠᠪᠴᠤ | ᠵᠠᠷᠤᠬᠤ᠂ ᠬᠠᠮᠢᠶᠠᠷᠴᠤ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠲᠠᠭᠠᠳᠬᠠᠯ ᠤᠨ | ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ | ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ ᠡᠭᠦᠷᠭᠡ ᠲᠤᠰᠢᠶᠠᠯ ᠢ ᠬᠠᠤᠯᠢ ᠪᠠᠷ ᠲᠤᠭᠲᠠᠭᠠᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ | ᠨᠡᠭᠦᠯᠭᠡᠨ ᠬᠡᠷᠡᠭᠯᠡᠵᠤ ᠪᠤᠯᠬᠤ ᠦᠭᠡᠢ᠃ | ᠲᠠᠯᠠᠨ ᠲᠠᠪᠤᠳᠤᠭᠠᠷ ᠵᠦᠢᠯ ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ ᠪᠠᠶᠢᠳᠠᠯ ᠢ | ᠦᠨᠳᠤᠰᠦᠯᠡᠨ ᠬᠦᠳᠡᠯᠮᠦᠷᠢᠴᠢᠳ ᠲᠤ ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ | ᠵᠤᠷᠢᠭᠵᠢᠭᠤᠯᠤᠨ᠎ᠠ᠃ ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ | ᠤᠯᠤᠰ ᠠᠴᠠ ᠰᠠᠨᠠᠭᠠᠴᠢᠯᠠᠨ᠎ᠠ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠬᠦᠭᠵᠢᠭᠦᠯᠵᠤ᠂ ᠤᠯᠠᠨ | ᠨᠡᠶᠢᠲᠡ ᠶᠢᠨ ᠠᠰᠠᠷᠠᠮᠵᠢ ᠶᠢᠨ ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ ᠠᠮᠠᠷᠠᠬᠤ᠂ ᠠᠮᠠᠷᠠᠨ | ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃ ᠬᠦᠮᠦᠨ ᠬᠡᠷᠡᠭᠯᠡᠬᠦ ᠨᠢᠭᠡᠴᠢ ᠨᠦᠬᠦᠴᠡᠯ | ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ | ᠲᠡᠭᠡᠭᠰᠢᠯᠡᠭᠦᠯᠬᠦ ᠬᠡᠷᠡᠭᠲᠠᠢ᠃ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠲᠠᠯᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠪᠤᠯᠤᠨ ᠬᠦᠳᠡᠯᠮᠦᠷᠢᠴᠢᠨ ᠬᠤᠭᠤᠷᠤᠨᠳᠤ ᠪᠠᠨ | ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ ᠴᠣ᠋ ᠪᠤᠯᠤᠨ᠎ᠠ | ᠃ ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃ | ᠲᠠᠯᠠᠨ ᠨᠠᠢᠮᠠᠳᠣᠭᠠᠷ ᠵᠦᠢᠯ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠨᠡᠶᠢᠴᠡᠬᠦ᠂ ᠭᠤᠤᠯᠴᠢ | ᠪᠠᠶᠢᠬᠤ᠂ ᠴᠠᠭ ᠲᠤᠬᠠᠢ ᠲᠤᠨᠢ ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ ᠮᠠᠷᠭᠤᠭᠠᠨ ᠤ | ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠬᠤ ᠬᠡᠷᠡᠭᠲᠠᠢ᠃ | ᠲᠠᠯ᠎ᠠ ᠶᠢᠰᠦᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ ᠬᠦᠮᠦᠨ ᠲᠤᠰ | ᠨᠢᠭᠡᠴᠢ ᠶᠢᠨ ᠢᠶᠠᠨ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ ᠭᠤᠶᠤᠴᠢᠯᠠᠯ ᠭᠠᠷᠭᠠᠵᠤ | ᠪᠤᠯᠤᠨ᠎ᠠ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ | ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ | ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ ᠨᠢᠭᠡ | ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ | ᠵᠠᠭᠠᠯᠳᠤᠯᠭ᠎ᠠ ᠭᠠᠷᠭᠠᠵᠤ ᠪᠤᠯᠤᠨ᠎ᠠ᠃ | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠪᠠᠶᠢᠭᠤᠯᠵᠤ | ᠪᠤᠯᠤᠨ᠎ᠠ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ ᠲᠦᠯᠦᠭᠡᠯᠡᠭᠴᠢ᠂ | ᠬᠦᠮᠦᠨ ᠬᠡᠷᠡᠭᠯᠡᠬᠦ ᠨᠢᠭᠡᠴᠢ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ ᠲᠦᠯᠦᠭᠡᠯᠡᠭᠴᠢ ᠪᠠᠷ ᠪᠦᠷᠢᠯᠳᠦᠨ᠎ᠡ᠃ | ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠠᠵᠢᠯᠲᠠᠨ ᠤ | ᠡᠪᠯᠡᠯ ᠤᠨ ᠲᠦᠯᠦᠭᠡᠯᠡᠭᠴᠢ ᠡᠬᠦᠷᠭᠡᠯᠡᠨ᠎ᠡ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ | ᠲᠤᠬᠢᠷᠠᠭᠰᠠᠨ ᠪᠠᠶᠢᠪᠠᠯ ᠲᠤᠬᠠᠢ ᠶᠢᠨ ᠬᠦᠮᠦᠨ ᠬᠡᠷᠡᠭᠵᠢᠭᠦᠯᠬᠦ ᠬᠡᠷᠡᠭᠲᠠᠢ᠃ | ᠨᠠᠶᠠᠨ ᠨᠢᠭᠡᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ ᠡᠪᠯᠡᠯ ᠤᠨ | ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠠᠯ᠎ᠠ ᠶᠢᠨ ᠲᠦᠯᠦᠭᠡᠯᠡᠭᠴᠢ ᠪᠠᠷ ᠪᠦᠷᠢᠯᠳᠦᠨ᠎ᠡ᠃ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃ | ᠨᠠᠶᠠᠨ ᠬᠤᠶᠠᠳᠤᠭᠠᠷ ᠵᠦᠢᠯ ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ ᠲᠠᠯ᠎ᠠ ᠪᠠᠷ ᠨᠢ | ᠬᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ ᠬᠦᠳᠡᠯᠮᠦᠷᠢ ᠶᠢᠨ | ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ ᠭᠠᠷᠭᠠᠬᠤ ᠭᠡᠷᠡᠭᠲᠠᠢ︔ | ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠢ ᠤᠯᠤᠭᠰᠠᠨ ᠡᠳᠦᠷ ᠠᠴᠠ ᠬᠤᠶᠢᠰᠢ ᠶᠢᠨ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ᠂ | ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ ᠦᠭᠡᠢ ᠪᠤᠯ ᠲᠤᠬᠠᠢ ᠶᠢᠨ ᠬᠦᠮᠦᠨ | ᠡᠷᠬᠡᠪᠰᠢ ᠬᠡᠷᠡᠭᠵᠢᠭᠦᠯᠬᠦ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠤᠭᠰᠠᠨ | ᠬᠢᠨᠠᠨ ᠲᠠᠰᠤᠯᠤᠯᠲᠠ ᠶᠢ ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ | ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠠᠤᠯᠢ ᠳᠤ | ᠲᠤᠭᠲᠠᠭᠠᠭᠰᠠᠨ ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠳᠡᠯᠨ ᠠᠴᠠ ᠲᠠᠰᠤᠯᠤᠭᠰᠠᠨ | ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ ᠨᠦᠭᠦᠭᠡ ᠲᠠᠯ᠎ᠠ ᠶᠢᠨ ᠲᠤᠬᠠᠢ ᠶᠢᠨ ᠬᠦᠮᠦᠨ ᠠᠯᠪᠠᠳᠠᠨ | ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃ | ᠨᠠᠶᠠᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ | ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ | ᠲᠠᠯ᠎ᠠ ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃ ᠬᠠᠮᠲᠤ ᠶᠢᠨ ᠭᠡᠷ᠎ᠡ ᠶᠢ | ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ | ᠴᠢᠳᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ︔ ᠬᠦᠨᠳᠡᠯᠡᠨ ᠠᠴᠠ ᠲᠠᠰᠤᠯᠤᠭᠰᠠᠨ ᠬᠢᠨᠠᠨ | ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ | ᠪᠢᠴᠢᠭ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠶᠠᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠲᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠢ ᠶᠢᠨ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠤᠰᠤᠭᠠᠷ | ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠨᠠᠶᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ | ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠢ ᠳᠤ ᠬᠦᠷᠴᠤ ᠬᠦᠳᠡᠯᠮᠦᠷᠢ ᠶᠢᠨ | ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ ᠴᠢᠬᠤᠯᠠ ᠪᠦᠬᠦᠢ | ᠮᠠᠲ᠋ᠧᠷᠢᠶᠠᠯ ᠢ ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ ᠡᠷᠬᠡ ᠲᠠᠢ᠃ | ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ ᠠᠵᠢᠯ ᠢᠶᠠᠨ | ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ ᠬᠡᠷᠡᠭᠵᠢᠭᠦᠯᠬᠦ ᠶᠢᠨ | ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃ ᠨ᠊ | ᠠᠶᠠᠨ ᠲᠤᠯᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ | ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ | ᠨᠠᠶᠠᠨ ᠨᠠᠢᠮᠠᠳᠤᠭᠠᠷ ᠵᠦᠢᠯ ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ | ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ ᠶᠠᠮᠠᠷᠪᠠ ᠵᠤᠬᠢᠶᠠᠨ | ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ | ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠ ᠶᠢᠰᠤᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠲᠤᠭᠲᠠᠭᠠᠭᠰᠠᠨ ᠬᠦᠳᠡᠯᠮᠦᠷᠢ ᠶᠢᠨ ᠲᠦᠷᠢᠮ | ᠲᠤᠭᠲᠠᠭᠠᠯ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ | ᠃ | ᠶᠡᠷᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ | ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ ᠲᠤᠷᠭᠠᠵᠤ ᠪᠤᠯᠤᠨ᠎ᠠ | ᠃ | ᠶᠡᠷᠡᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ ᠴᠠᠯᠢᠩ ᠬᠦᠯᠦᠰᠤ᠂ ᠠᠵᠤ | ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ ᠮᠦᠩᠬᠦ ᠦᠭᠭᠦᠭᠦᠯᠵᠤ | ᠪᠤᠯᠤᠨ᠎ᠠ᠄ ︵ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ | ᠰᠠᠭᠠᠲᠠᠭᠠᠭᠰᠠᠨ︔ ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ | ᠬᠦᠯᠦᠰᠦ ᠶᠢ ᠦᠯᠦ ᠦᠭᠭᠦᠭᠰᠡᠨ︔ ︵ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ | ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠤᠯᠤᠭᠰᠠᠨ︔ ︵ᠲᠦᠷᠪᠡ︶ ᠬᠦᠳᠡᠯᠮᠦᠷᠢᠴᠢᠳ ᠤᠨ | ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ ᠬᠠᠤᠯᠢ ᠶᠢᠨ ᠲᠤᠭᠲᠠᠭᠠᠯ ᠶᠤᠰᠤᠭᠠᠷ | ᠬᠦᠳᠡᠯᠮᠦᠷᠢᠴᠢᠳ ᠲᠤ ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃ | ᠶᠡᠷᠡᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠠᠶᠤᠯᠬᠦᠢ ᠶᠢᠨ ᠪᠡᠯᠡᠳᠭᠡᠯ | ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ ᠨᠡᠶᠢᠴᠡᠬᠦ | ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠ | ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ | ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ︔ ᠭᠡᠨᠡᠳᠡᠯ ᠭᠠᠷᠬᠤ | ᠲᠠᠯᠳᠠ ᠭᠡᠮ ᠳᠤ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ | ᠬᠦᠳᠡᠯᠮᠦᠷᠢᠴᠢᠳ ᠤᠨ ᠠᠮᠢ ᠨᠠᠰᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ | ᠬᠠᠤᠯᠢ ᠶᠢᠨ ᠵᠠᠭᠤ ᠨᠠᠶᠠᠨ ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠨ ᠢ ᠠᠯᠪᠠᠳᠠᠨ ᠲᠤᠭᠲᠠᠭᠠᠯ ᠠᠴᠠ | ᠵᠦᠷᠢᠴᠡᠵᠤ ᠠᠶᠤᠯ ᠲᠦᠭᠰᠢᠭᠦᠷᠢ ᠲᠠᠢ ᠠᠵᠢᠯ ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ ᠶᠡᠭᠡ ᠭᠡᠨᠡᠳᠡᠯ | ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠠᠤᠯᠢ ᠪᠤᠰᠤ ᠪᠠᠷ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ | ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠡᠵᠡᠩᠨᠡᠬᠦ ᠦᠨᠡᠮᠯᠡᠯ ᠢ ᠨᠢ ᠬᠤᠷᠢᠶᠠᠵᠤ ᠠᠪᠤᠨ᠎ᠠ᠃ | ᠶᠠᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ | ᠠᠵᠢᠯᠴᠢᠨ ᠤ ᠬᠠᠮᠠᠭᠠᠯᠠᠯᠲᠠ ᠶᠢᠨ ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠲᠡᠳᠡ ᠨᠠᠷ ᠤᠨ ᠬᠠᠤᠯᠢ | ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠡᠮᠡᠭᠲᠠᠢ ᠠᠵᠢᠯᠲᠠᠨ ᠠᠵᠢᠯᠴᠢᠨ ᠪᠤᠶᠤ ᠨᠠᠰᠤᠨ ᠳᠤ | ᠬᠦᠷᠦᠭᠡᠳᠦᠢ ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ | ᠃ | ᠶᠡᠷᠡᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ | ᠭᠠᠷᠭᠠᠭᠰᠠᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠬᠦᠮᠦᠨ ᠳᠤ ᠠᠷᠪᠠᠨ | ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ ᠲᠤᠷᠭᠠᠬᠤ ᠪᠤᠶᠤ ᠰᠠᠷᠠᠮᠵᠢ ᠦᠭᠬᠦ ᠰᠢᠳᠭᠡᠯ | ᠦᠭᠬᠦᠨ᠎ᠡ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ | ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ ᠴᠤᠬᠢᠬᠤ᠂ ᠬᠠᠤᠯᠢ ᠪᠤᠰᠤ ᠪᠠᠷ | ᠨᠡᠩᠵᠢᠭᠰᠡᠨ ᠪᠠ ᠬᠤᠷᠢᠭᠰᠠᠨ᠃ | ᠶᠡᠷᠡᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠤᠴᠢᠷ ᠰᠢᠯᠲᠠᠭᠠᠨ ᠠᠴᠠ ᠪᠤᠯᠵᠤ ᠬᠦᠴᠦᠨ ᠦᠭᠡᠢ | ᠭᠡᠷ᠎ᠡ ᠪᠠᠶᠢᠭᠤᠯᠤᠭᠠᠳ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ | ᠶᠡᠷᠡᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠵᠤᠷᠢᠭᠤᠳᠠ ᠤᠳᠠᠭᠠᠰᠢᠷᠠᠭᠤᠯᠤᠨ ᠬᠦᠳᠡᠯᠮᠦᠷᠢ ᠶᠢᠨ | ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ | ᠵᠠᠯᠠᠷᠠᠭᠤᠯᠤᠨ᠎ᠠ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ | ᠶᠡᠷᠡ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠠᠴᠠ ᠪᠠᠨ ᠠᠩᠭᠢᠵᠢᠷᠠᠭᠠᠳᠦᠢ | ᠬᠦᠳᠡᠯᠮᠦᠷᠢᠴᠢᠨ ᠢ ᠡᠯᠰᠡᠵᠤ ᠬᠡᠷᠡᠭᠯᠡᠭᠡᠳ ᠤᠤᠯ ᠤᠨ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ ᠬᠤᠬᠢᠷᠠᠯ | ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠢ ᠨᠢ ᠬᠤᠯᠪᠤᠭᠳᠠᠭᠰᠠᠨ ᠲᠦᠯᠦᠬᠦ ᠬᠠᠷᠢᠭᠤᠴᠠᠯᠭ᠎ᠠ ᠶᠢ | ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃ | ᠵᠠᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ ᠲᠠᠭᠠᠳᠬᠠᠯ ᠤᠨ | ᠰᠦᠢᠳᠭᠡᠯ ᠲᠤᠰᠢᠶᠠᠬᠤ ᠦᠭᠡᠢ ᠪᠠᠶᠢᠪᠠᠯ ᠬᠦᠳᠡᠯᠮᠦᠷᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ | ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ︔ ᠬᠤᠭᠤᠴᠠᠭ᠎ᠠ ᠬᠡᠲᠤᠷᠡᠭᠡᠳ ᠲᠤᠰᠢᠶᠠᠬᠤ ᠦᠭᠡᠢ ᠪᠠᠶᠢᠪᠠᠯ | ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃ | ᠵᠠᠭᠤ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ | ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ ᠴᠤᠬᠢᠯᠲᠠ ᠦᠭᠭᠦᠨ | ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠤᠭᠤᠰ ᠢᠶᠠᠷ ᠲᠤᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ | ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠠᠭᠤ ᠬᠤᠶᠠᠳᠣᠭᠠᠷ ᠵᠦᠢᠯ ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ | ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ | ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠵᠠᠭᠤ ᠭᠤᠷᠪᠠᠳᠤᠭᠠᠷ ᠵᠦᠢᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠠᠵᠢᠯᠲᠠᠨ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ ᠲᠤᠰᠢᠶᠠᠯ ᠢᠶᠠᠨ | ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ ᠪᠦᠷᠢᠯᠳᠤᠭᠰᠡᠨ ᠪᠠᠶᠢᠪᠠᠯ | ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠤᠨ ᠪᠦᠷᠢᠯᠳᠤᠭᠰᠡᠨ ᠦᠭᠡᠢ ᠪᠠᠶᠢᠪᠠᠯ | ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | ᠵᠠᠭᠤ ᠲᠦᠷᠪᠡᠳᠦᠭᠡᠷ ᠵᠦᠢᠯ ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ | ᠭᠠᠷᠲᠠᠨ ᠡᠷᠬᠢᠯᠡᠬᠦ ᠪᠠᠶᠢᠭᠤᠯᠤᠮᠵᠢ ᠶᠢᠨ ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠨᠡᠭᠦᠯᠭᠡᠨ | ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠵᠠᠭᠤ ᠲᠠᠪᠤᠳᠤᠭᠠᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠬᠦᠳᠡᠯᠮᠦᠷᠢᠴᠢᠳ ᠤᠨ ᠬᠠᠤᠯᠢ ᠶᠤᠰᠤᠨ ᠤ | ᠡᠷᠬᠡ ᠠᠰᠢᠭ ᠲᠤ ᠬᠠᠯᠳᠠᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠠᠭᠤ ᠵᠢᠷᠭᠤᠳᠤᠭᠠᠷ ᠵᠦᠢᠯ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠤᠷᠳᠤᠨ ᠲᠤᠰ ᠬᠠᠤᠯᠢ ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ ᠢᠶᠠᠨ ᠦᠨᠳᠦᠰᠦᠯᠡᠨ | ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ ᠲᠤᠭᠲᠠᠭᠠᠵᠤ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃ | ᠵᠠᠭᠤ ᠲᠤᠯᠤᠳᠤᠭᠠᠷ ᠵᠦᠢᠯ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ | |