ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ (1)
ᠨᠡᠶᠢᠲᠡᠯᠡᠭᠰᠡᠨ ᠴᠠᠭ᠄
2017/9/5
       ︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ  ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29᠎ ᠤ ᠡᠳᠦᠷ ᠤᠨ ᠲᠤᠯᠤᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠲᠠᠪᠤᠳᠤᠭᠠᠷ ᠬᠤᠷᠠᠯᠳᠤᠭᠠᠨ ᠤ  ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ  ᠰᠢᠷᠦᠢ ᠶᠢᠨ ᠬᠠᠮᠢᠶᠠᠷᠤᠯᠳᠠ ᠶᠢᠨ ᠬᠠᠤᠯᠢ﹀᠎ ᠳᠤ ᠵᠠᠰᠠᠪᠤᠷᠢ ᠤᠷᠤᠭᠤᠯᠬᠤ ᠲᠤᠭᠳᠠᠭᠠᠯ︾᠎ ᠢ ᠦᠨᠳᠦᠰᠦᠯᠡᠵᠦ ᠠᠩᠬ᠎ᠠ  ᠤᠳᠠᠭ᠎ᠠ ᠵᠠᠰᠠᠪᠠ᠂ 1998 ᠤᠨ ᠤ 8 ᠰᠠᠷ᠎ᠡ ᠶᠢᠨ 29᠎ ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ  ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ 8 ᠰᠠᠷ᠎ᠡ ᠶᠢᠨ 28᠎ ᠤ ᠡᠳᠦᠷ ᠤᠨ ᠠᠷᠪᠠᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀᠎ ᠳᠤ ᠵᠠᠰᠠᠪᠤᠷᠢ ᠤᠷᠤᠭᠤᠯᠬᠤ ᠲᠤᠭᠳᠠᠭᠠᠯ  ︾᠎ ᠢ ᠦᠨᠳᠦᠰᠦᠯᠡᠨ  ᠬᠤᠶᠠᠳᠡᠬᠢ ᠤᠳᠠᠭ᠎ᠠ ᠵᠠᠰᠠᠪᠠ︶               ᠭᠠᠷᠴᠠᠭ               ᠨᠢᠭᠡᠳᠦᠭᠡᠷ ᠪᠦᠯᠦᠭ  ᠶᠠᠷᠦᠩᠭᠡᠢ ᠲᠦᠷᠢᠮ               ᠬᠤᠶᠠᠳᠣᠭᠠᠷ ᠪᠦᠯᠦᠭ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ        ᠭᠤᠷᠪᠠᠳᠤᠭᠠᠷ ᠪᠦᠯᠦᠭ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ        ᠲᠦᠷᠪᠡᠳᠦᠭᠡᠷ ᠪᠦᠯᠦᠭ  ᠲᠠᠷᠢᠶᠠᠨ ᠭᠠᠵᠠᠷ ᠢ ᠬᠠᠮᠠᠭᠠᠯᠠᠬᠤ        ᠲᠠᠪᠤᠳᠤᠭᠠᠷ ᠪᠦᠯᠦᠭ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ        ᠵᠢᠷᠭᠤᠳᠤᠭᠠᠷ ᠪᠦᠯᠦᠭ  ᠬᠢᠨᠠᠯᠳᠠ ᠲᠠᠯᠪᠢᠵᠦ ᠪᠠᠶᠢᠴᠠᠭᠠᠬᠤ        ᠲᠤᠯᠤᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ        ᠨᠠᠢᠮᠠᠳᠤᠭᠠᠷ ᠪᠦᠯᠦᠭ  ᠲᠠᠭᠠᠯᠳᠣᠭᠤᠯᠣᠭᠰᠠᠨ ᠲᠦᠷᠢᠮ      ᠨᠢᠭᠡᠳᠦᠭᠡᠷ ᠪᠦᠯᠦᠭ     ᠶᠠᠷᠦᠩᠭᠡᠢ ᠲᠦᠷᠢᠮ        ᠨᠢᠭᠡᠳᠦᠭᠡᠷ ᠵᠦᠢᠯ   ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ ᠨᠡᠶᠢᠭᠡᠮ  ᠵᠢᠷᠦᠮ ᠤᠨ ᠨᠡᠶᠢᠳᠡ ᠶᠢᠨ ᠦᠮᠴᠢᠯᠡᠯ ᠢ ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ  ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ ᠭᠠᠵᠠᠷ ᠢ ᠦᠨᠡᠨ ᠬᠦ  ᠬᠠᠮᠠᠭᠠᠯᠠᠵᠦ᠂ ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂  ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃        ᠬᠤᠶᠠᠳᠣᠭᠠᠷ ᠵᠦᠢᠯ   ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ  ᠵᠢᠷᠦᠮ ᠤᠨ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ  ᠲᠦᠮᠡᠨ ᠤ ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃      ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ  ᠦᠮᠴᠢᠯᠡᠯ ᠤᠨ ᠡᠷᠭᠡ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃       ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ  ᠎ ᠪᠠᠷ ᠬᠠᠣᠯᠢ ᠪᠣᠰᠣ ᠪᠠᠷ ᠰᠢᠯᠵᠢᠬᠦᠯᠦᠪ ᠦᠭᠴᠦ ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ  ᠶᠤᠰᠤᠭᠠᠷ ᠰᠢᠯᠵᠢᠬᠦᠯᠦᠨ ᠦᠭᠴᠦ ᠪᠤᠯᠤᠨ᠎ᠠ᠃       ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ  ᠬᠠᠤᠯᠢ ᠶᠤᠰᠤᠭᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃       ᠤᠯᠤᠰ ᠠᠴᠠ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ  ᠲᠦᠷᠢᠮ ᠢ ᠬᠠᠤᠯᠢ ᠶᠤᠰᠤᠭᠠᠷ ᠬᠡᠷᠡᠭᠵᠢᠬᠦᠯᠦᠨ᠎ᠡ᠃ ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ  ᠬᠡᠪᠴᠢᠶᠠᠨ ᠲᠤᠳᠤᠷ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ  ᠤᠯᠭᠤᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃       ᠭᠤᠷᠪᠠᠳᠤᠭᠠᠷ ᠵᠦᠢᠯ  ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ  ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ  ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠲᠠᠯ᠎ᠠ ᠪᠠᠷ  ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ  ᠠᠰᠢᠭᠯᠠᠵᠦ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ  ᠬᠡᠷᠡᠭᠲᠠᠢ᠃       ᠲᠦᠷᠪᠡᠳᠦᠭᠡᠷ ᠵᠦᠢᠯ  ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ  ᠬᠡᠷᠡᠭᠵᠢᠬᠦᠯᠦᠨ᠎ᠡ᠃      ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ᠂  ᠭᠠᠵᠠᠷ ᠰᠢᠷᠦᠢ ᠶᠢᠨ ᠬᠡᠷᠡᠭᠯᠡᠯᠳᠡ ᠶᠢ ᠲᠤᠭᠳᠠᠭᠠᠵᠦ᠂ ᠭᠠᠵᠠᠷ ᠰᠢᠷᠦᠢ ᠶᠢ ᠲᠡᠷᠢᠶᠠᠯᠠᠩ ᠳᠤ ᠬᠡᠷᠡᠭᠯᠡᠬᠦ ᠭᠠᠵᠠᠷ᠂  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ ᠭᠡᠵᠦ ᠬᠤᠪᠢᠶᠠᠨ᠎ᠠ᠃ ᠲᠠᠷᠢᠶᠠᠯᠠᠩ ᠳᠤ  ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠢ ᠴᠢᠩᠭ᠎ᠠ  ᠬᠢᠵᠠᠭᠠᠷᠯᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂  ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠤᠨ᠎ᠠ᠃     ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂  ᠰᠢᠭᠤᠶᠢᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ  ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ  ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ  ᠬᠤᠳᠠ ᠬᠦᠳᠡᠭᠡ ᠶᠢᠨ ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂  ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ  ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ ᠶᠠᠪᠤᠳᠠᠯ ᠤᠨ  ᠲᠦᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ  ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ︔ ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ  ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠦᠢ ᠶᠢ ᠵᠢᠭᠠᠵᠦ ᠪᠠᠶᠢᠨ᠎ᠠ᠃      ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ  ᠬᠡᠷᠡᠭᠲᠠᠢ᠃     ᠲᠠᠪᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ  ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ  ᠨᠢᠭᠡᠳᠦᠯᠲᠠᠢ ᠬᠠᠷᠢᠭᠤᠴᠠᠨ᠎ᠠ᠃       ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠪᠠᠶᠢᠭᠤᠯᠬᠤ ᠵᠢᠴᠢ ᠲᠠᠬᠦᠨ ᠤ ᠲᠤᠰᠢᠶᠠᠯ  ᠬᠠᠷᠢᠭᠤᠴᠠᠯᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ  ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠢ  ᠦᠨᠳᠦᠰᠦᠯᠡᠨ ᠲᠤᠭᠳᠠᠭᠠᠨ᠎ᠠ᠃       ᠵᠢᠷᠭᠤᠳᠤᠭᠠᠷ ᠵᠦᠢᠯ  ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ  ᠬᠠᠤᠯᠢ ᠴᠠᠭᠠᠵᠠ᠂ ᠬᠠᠤᠯᠢ ᠲᠦᠷᠢᠮ ᠢ ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ  ᠵᠠᠭᠠᠯᠳᠤᠬᠤ ᠡᠷᠭᠡ ᠲᠠᠢ᠃      ᠲᠤᠯᠤᠳᠤᠭᠠᠷ ᠵᠦᠢᠯ   ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂  ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ  ᠬᠢᠬᠦ ᠵᠡᠷᠭᠡ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ ᠠᠷᠠᠳ ᠤᠨ  ᠵᠠᠰᠠᠭ ᠤᠨ ᠤᠷᠳᠤᠨ ᠠᠴᠠ ᠬᠦᠬᠢᠬᠦᠯᠦᠨ ᠱᠠᠩᠨᠠᠨ᠎ᠠ᠃           ᠬᠤᠶᠠᠳᠣᠭᠠᠷ ᠪᠦᠯᠦᠭ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ      ᠨᠠᠢᠮᠠᠳᠣᠭᠠᠷ ᠵᠦᠢᠯ   ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ  ᠬᠠᠷᠢᠶᠠᠯᠠᠭᠳᠠᠨ᠎ᠠ᠃      ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ ᠦᠮᠴᠢᠯᠡᠯ ᠳᠤ  ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ ᠬᠠᠮᠳᠦ ᠶᠢᠨ  ᠦᠮᠴᠢᠯᠡᠯ ᠳᠤ ᠬᠠᠷᠢᠶᠠᠯᠠᠭᠳᠠᠨ᠎ᠠ︔ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ ᠦᠯᠡᠳᠡᠭᠡᠭᠰᠡᠨ ᠲᠡᠷᠢᠶ᠎ᠡ᠂  ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ᠃        ᠶᠢᠰᠦᠳᠦᠭᠡᠷ ᠵᠦᠢᠯ  ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ  ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ  ᠎ ᠪᠠᠷ ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠶᠢ  ᠬᠠᠮᠠᠭᠠᠯᠠᠬᠤ᠂ ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃        ᠠᠷᠪᠠᠳᠣᠭᠠᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ ᠶᠤᠰᠤᠭᠠᠷ  ᠭᠠᠴᠠᠭᠠᠨ ᠤ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠵᠦᠪᠯᠡᠯ ᠠᠴᠠ ᠡᠵᠡᠩᠨᠡᠵᠦ  ᠬᠠᠮᠢᠶᠠᠷᠤᠨ᠎ᠠ︔ ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ  ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠲᠤᠰ  ᠲᠤᠰ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ ᠤ ᠬᠠᠮᠳᠦ ᠶᠢᠨ ᠠᠵᠦ  ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ ᠬᠠᠮᠢᠶᠠᠷᠤᠨ᠎ᠠ  ︔ ᠨᠢᠭᠡᠨᠳᠡ ᠰᠤᠮᠤ ︵ᠪᠠᠯᠭᠠᠰᠦ︶᠎ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂  ᠰᠤᠮᠤ ︵ᠪᠠᠯᠭᠠᠰᠦ︶᠎ ᠶᠢᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ  ᠡᠵᠡᠩᠨᠡᠵᠦ ᠬᠠᠮᠢᠶᠠᠷᠤᠨ᠎ᠠ᠃      ᠠᠷᠪᠠᠨ ᠨᠢᠭᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ  ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ  ᠤᠯᠭᠤᠨ᠂ ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃       ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ ᠪᠤᠰᠤ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ  ᠣᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃      ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ  ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ  ᠲᠡᠮᠳᠡᠭᠯᠡᠵᠦ᠂ ᠬᠢᠨᠠᠨ ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ︔  ᠡᠬᠦᠨ ᠤ ᠲᠤᠳᠤᠷ᠎ᠡ᠂ ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠪᠤᠳᠠᠳᠠᠢ ᠪᠠᠷ ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ  ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ᠂ ᠤᠰᠤᠨ ᠤ ᠭᠠᠳᠠᠷᠭᠤ᠂ ᠲᠠᠯᠠᠢ ᠶᠢᠨ ᠲᠠᠩ ᠢ ᠠᠰᠢᠭᠯᠠᠨ ᠲᠡᠵᠢᠭᠡᠨ ᠦᠷᠡᠵᠢᠬᠦᠯᠬᠦ ᠠᠵᠢᠯ ᠳᠤ ᠬᠡᠷᠡᠭᠯᠡᠬᠦ ᠡᠷᠭᠡ ᠶᠢ  ᠨᠤᠳᠠᠯᠠᠨ ᠲᠤᠭᠳᠠᠭᠠᠬᠤ ᠳᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠢ ᠰᠢᠭᠤᠢ ᠶᠢᠨ ᠬᠠᠤᠯᠢ  》᠂《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ 》ᠪᠤᠯᠤᠨ《  ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠢᠭᠠᠰᠤᠨ ᠠᠵᠦ ᠠᠬᠤᠢ ᠶᠢᠨ ᠬᠠᠤᠯᠢ 》᠎ ᠶᠢᠨ ᠬᠤᠯᠪᠤᠭᠳᠠᠯ  ᠪᠦᠬᠦᠢ ᠲᠤᠭᠳᠠᠭᠠᠯ ᠶᠤᠰᠤᠭᠠᠷ ᠲᠤᠰ ᠲᠤᠰ ᠰᠢᠢᠳᠪᠦᠷᠢᠯᠡᠨ᠎ᠡ᠃       ᠠᠷᠪᠠᠨ ᠬᠤᠶᠠᠳᠦᠭᠠᠷ ᠵᠦᠢᠯ  ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ  ᠶᠤᠰᠤᠭᠠᠷ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ  ᠬᠤᠪᠢᠷᠠᠭᠠᠬᠤ ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃        ᠠᠷᠪᠠᠨ ᠭᠤᠷᠪᠠᠳᠦᠭᠠᠷ ᠵᠦᠢᠯ  ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ  ᠡᠷᠬᠡ ᠪᠠ ᠬᠡᠷᠡᠭᠯᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ  ᠪᠤᠯᠬᠤ ᠦᠭᠡᠢ᠃         ᠠᠷᠪᠠᠨ ᠲᠦᠷᠪᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ  ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂  ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ  ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ  ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ  ᠰᠢᠷᠦᠢ ᠶᠢ ᠲᠠᠭᠠᠭᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ  ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ  ᠵᠤᠬᠢᠰᠲᠠᠢ ᠠᠰᠢᠭᠯᠠᠬᠤ ᠡᠬᠦᠷᠭᠡ ᠲᠠᠢ᠃ ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ  ᠬᠠᠤᠯᠢ ᠪᠠᠷ ᠬᠠᠮᠠᠭᠠᠯᠠᠨ᠎ᠠ᠃       ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ ᠲᠠᠭᠠᠭᠠᠴᠢᠯᠠᠨ  ᠡᠵᠡᠩᠨᠡᠭᠴᠢᠳ ᠤᠨ ᠬᠤᠭᠤᠷᠤᠨᠳᠤᠬᠢ ᠲᠠᠭᠠᠭᠠᠴᠢᠯᠠᠭᠰᠠᠨ ᠭᠠᠵᠠᠷ ᠰᠢᠷᠦᠢ ᠳᠤ ᠵᠤᠬᠢᠰᠲᠠᠢ ᠲᠤᠬᠢᠷᠠᠭᠤᠯᠤᠯᠳᠠ ᠬᠢᠬᠦ ᠳᠤ  ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ  ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ  ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ᠠᠴᠠ ︵ᠪᠠᠯᠭᠠᠰᠦ︶᠎ ᠶᠢᠨ ᠠᠷᠠᠳ ᠤᠨ  ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠤᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃     ᠠᠷᠪᠠᠨ ᠲᠠᠪᠤᠳᠤᠭᠠᠷ ᠵᠦᠢᠯ  ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ  ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ  ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ  ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ  ᠬᠤᠪᠢ ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ  ᠠᠬᠤᠢ᠂ ᠵᠢᠭᠠᠰᠣᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ  ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠭᠡᠷ᠎ᠡ ᠲᠤᠭᠳᠠᠭᠠᠵᠦ᠂ ᠬᠤᠶᠠᠷ ᠡᠳᠡᠭᠡᠳ ᠤᠨ  ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ  ᠬᠤᠭᠤᠴᠠᠭ᠎ᠠ ᠶᠢ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠨ᠎ᠠ︔ ᠭᠠᠵᠠᠷ ᠰᠢᠷᠦᠢ ᠶᠢ ᠲᠠᠭᠠᠭᠠᠴᠢᠯᠠᠨ  ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ ᠬᠠᠮᠠᠭᠠᠯᠠᠬᠤ ᠪᠠ ᠭᠠᠵᠠᠷ ᠰᠢᠷᠦᠢ ᠶᠢᠨ  ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠵᠦᠢ ᠵᠤᠬᠢᠰᠲᠠᠢ ᠠᠰᠢᠭᠯᠠᠬᠤ  ᠡᠬᠦᠷᠭᠡ ᠲᠠᠢ᠃       ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ  ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠬᠦ ᠳᠤ ᠬᠦᠷᠪᠡᠯ᠂  ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠬᠦᠨ  ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ  ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ︵ᠪᠠᠯᠭᠠᠰᠦ︶᠎ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠬᠦᠯᠬᠦ ᠬᠡᠷᠡᠭᠲᠠᠢ᠃     ᠠᠷᠪᠠᠨ ᠵᠢᠷᠭᠤᠳᠤᠭᠠᠷ ᠵᠦᠢᠯ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ  ᠮᠠᠷᠭᠤᠯᠳᠤᠭᠠᠨ ᠢ ᠲᠤᠬᠠᠢ ᠶᠢᠨ ᠬᠦᠮᠦᠰ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ ᠪᠦᠳᠦᠬᠦ  ᠦᠭᠡᠢ ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃      ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ  ᠵᠠᠰᠠᠭ ᠤᠨ ᠤᠷᠳᠤᠨ ᠰᠢᠢᠳᠪᠦᠷᠢᠯᠡᠨ᠎ᠡ︔ ᠬᠤᠪᠢ ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ  ᠨᠢᠭᠡᠴᠢ ᠶᠢᠨ ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ  ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃      ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ  ᠲᠤᠭᠳᠠᠭᠠᠯ ᠢ ᠬᠦᠯᠢᠶᠡᠭᠦ ᠦᠭᠡᠢ ᠪᠤᠯ ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ  ᠡᠬᠢᠯᠡᠵᠦ ᠭᠤᠴᠢᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃      ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ  ᠰᠢᠢᠳᠪᠦᠷᠢᠯᠡᠬᠦ ᠠᠴᠠ ᠡᠮᠦᠨ᠎ᠡ᠂ ᠠᠯᠢ ᠡᠳᠡᠭᠡᠳ ᠨᠢ ᠴᠦ ᠭᠡᠳ ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ  ᠪᠠᠶᠢᠳᠠᠯ ᠢ ᠬᠤᠪᠢᠷᠠᠭᠤᠯᠵᠦ ᠪᠤᠯᠬᠤ ᠦᠭᠡᠢ᠃           ᠭᠤᠷᠪᠠᠳᠤᠭᠠᠷ ᠪᠦᠯᠦᠭ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ      ᠠᠷᠪᠠᠨ ᠲᠤᠯᠤᠳᠤᠭᠠᠷ ᠵᠦᠢᠯ  ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠨᠤᠭᠤᠳ ᠤᠯᠤᠰ  ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ᠂ ᠤᠯᠤᠰ ᠤᠨ ᠭᠠᠵᠠᠷ ᠰᠢᠷᠦᠢ ᠶᠢ  ᠵᠠᠰᠠᠬᠤ ᠪᠠ ᠡᠬᠢ ᠪᠠᠶᠠᠯᠢᠭ᠂ ᠤᠷᠴᠢᠨ ᠠᠬᠤᠢ ᠶᠢ ᠬᠠᠮᠠᠭᠠᠯᠠᠬᠤ ᠱᠠᠭᠠᠷᠳᠠᠯᠭ᠎ᠠ᠂ ᠭᠠᠵᠠᠷ ᠰᠢᠷᠦᠢ ᠶᠢᠨ  ᠬᠠᠩᠭᠠᠯᠳᠠ ᠶᠢᠨ ᠴᠢᠳᠠᠪᠤᠷᠢ ᠵᠢᠴᠢ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠰᠡᠬᠦ  ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ  ᠵᠤᠬᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠠᠢ᠃       ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠦᠯᠦᠪᠵᠢᠬᠦᠯᠬᠦ ᠬᠤᠭᠤᠴᠠᠭ᠎ᠠ  ᠬᠢᠵᠠᠭᠠᠷ ᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃      ᠠᠷᠪᠠᠨ ᠨᠠᠢᠮᠠᠳᠤᠭᠠᠷ ᠵᠦᠢᠯ  ᠲᠤᠤᠷᠠᠳᠦ ᠱᠠᠳᠣᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠪᠠᠨ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ  ᠦᠨᠳᠦᠰᠦᠯᠡᠨ ᠨᠠᠶᠢᠷᠠᠭᠤᠯᠵᠦ ᠵᠤᠬᠢᠶᠠᠬᠤ ᠬᠡᠷᠡᠭᠲᠠᠢ᠃       ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠤᠳᠤᠷᠡᠬᠢ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠬᠡᠳᠦᠷᠡᠵᠦ ᠪᠤᠯᠬᠤ ᠦᠭᠡᠢ᠂  ᠦᠯᠡᠳᠡᠭᠡᠬᠦ ᠲᠠᠷᠢᠶᠠᠨ ᠭᠠᠵᠠᠷ ᠤᠨ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠲᠤᠳᠠᠭᠤ ᠪᠠᠶᠢᠵᠦ ᠪᠤᠯᠬᠤ ᠦᠭᠡᠢ  ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ  ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠬᠡ ᠎ ᠨᠢ ᠲᠤᠰ  ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ ᠦᠭᠡᠢ  ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ᠃      ᠠᠷᠪᠠ ᠶᠢᠰᠦᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠤᠷ᠎ᠡ  ᠵᠢᠭᠰᠠᠭᠠᠭᠰᠠᠨ ᠵᠠᠷᠴᠢᠮ ᠶᠤᠰᠤᠭᠠᠷ ᠨᠠᠶᠢᠷᠠᠭᠤᠯᠤᠨ ᠵᠤᠬᠢᠶᠠᠨ᠎ᠠ᠄      ︵ᠨᠢᠭᠡ︶ ᠦᠨᠳᠦᠰᠦᠨ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ  ᠡᠵᠡᠯᠡᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠶᠢ ᠬᠢᠵᠠᠭᠠᠷᠯᠠᠨ᠎ᠠ︔       ︵ᠬᠤᠶᠠᠷ︶ ᠭᠠᠵᠠᠷ ᠰᠢᠷᠦᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ︔      ︵ᠭᠤᠷᠪᠠ︶ ᠡᠯ᠎ᠡ ᠲᠦᠷᠦᠯ ᠤᠨ᠂ ᠡᠯ᠎ᠡ ᠤᠷᠤᠨ ᠲᠤᠭᠤᠷᠢᠭ ᠤᠨ ᠬᠡᠷᠡᠭᠯᠡᠬᠦ ᠭᠠᠵᠠᠷ ᠢ ᠨᠢᠭᠡᠳᠦᠯᠲᠠᠢ  ᠲᠦᠯᠦᠪᠯᠡᠨ ᠲᠤᠬᠢᠷᠠᠭᠤᠯᠤᠨ᠎ᠠ︔      ︵ᠲᠦᠷᠪᠡ︶ ᠠᠮᠢ ᠠᠬᠤᠢ ᠶᠢᠨ ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠦ᠂ ᠭᠠᠵᠠᠷ ᠰᠢᠷᠦᠢ ᠶᠢᠨ  ᠦᠷᠬᠦᠯᠵᠢᠯᠡᠬᠦ ᠠᠰᠢᠭᠯᠠᠯᠳᠠ ᠶᠢ ᠪᠠᠳᠤᠯᠠᠨ᠎ᠠ︔      ︵ᠲᠠᠪᠤ︶ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠬᠡᠮᠵᠢᠶ᠎ᠡ ᠶᠢ ᠲᠠᠷᠢᠶᠠᠨ ᠭᠠᠵᠠᠷ ᠢ ᠨᠡᠭᠡᠭᠡᠨ ᠠᠰᠢᠭᠯᠠᠵᠦ  ᠰᠡᠷᠬᠦᠭᠡᠨ ᠬᠠᠭᠠᠯᠪᠤᠷᠢᠯᠠᠬᠤ ᠬᠡᠮᠵᠢᠶ᠎ᠡ ᠲᠠᠢ ᠲᠡᠩᠴᠡᠬᠦᠷᠢᠲᠠᠢ ᠪᠠᠶᠢᠯᠭᠠᠨ᠎ᠠ᠃       ᠬᠤᠷᠢᠳᠤᠭᠠᠷ ᠵᠦᠢᠯ  ᠰᠢᠶᠠᠨ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ  ᠭᠠᠵᠠᠷ ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠶᠢᠨ  ᠬᠡᠷᠡᠭᠯᠡᠯᠳᠡ ᠶᠢ ᠲᠤᠳᠤᠷᠬᠠᠢ ᠪᠤᠯᠭᠠᠬᠤ ᠬᠡᠷᠡᠭᠲᠠᠢ᠃     ᠰᠤᠮᠤ ︵ᠪᠠᠯᠭᠠᠰᠤ︶᠎ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ  ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ ᠢ  ᠦᠨᠳᠦᠰᠦᠯᠡᠨ ᠬᠡᠰᠡᠭ ᠭᠠᠵᠠᠷ ᠰᠢᠷᠦᠢ ᠨᠢᠭᠡᠪᠦᠷᠢ ᠶᠢᠨ ᠬᠡᠷᠡᠭᠯᠡᠯᠳᠡ ᠶᠢ ᠲᠤᠳᠤᠷᠬᠠᠢ ᠲᠤᠭᠳᠠᠭᠠᠭᠠᠳ ᠢᠯᠡ ᠪᠠᠷ  ᠵᠠᠷᠯᠠᠨ ᠨᠡᠶᠢᠳᠡᠯᠡᠬᠦ ᠬᠡᠷᠡᠭᠲᠠᠢ᠃      ᠬᠤᠷᠢᠨ ᠨᠢᠭᠡᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠲᠦᠯᠦᠪᠵᠢᠬᠦᠯᠭᠡ ᠶᠢ ᠱᠠᠳᠤ ᠬᠤᠪᠢᠶᠠᠵᠦ  ᠬᠢᠨᠠᠨ ᠵᠦᠪᠰᠢᠶᠡᠷᠡᠨ᠎ᠡ᠃     ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃      ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠬᠤᠳᠠ᠂ ᠵᠠᠭᠤᠨ  ᠲᠦᠮᠡ ᠠᠴᠠ ᠲᠡᠭᠡᠭᠰᠢᠬᠢ ᠬᠦᠮᠦᠨ ᠠᠮᠠ ᠲᠠᠢ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠢᠭᠠᠨ  ᠲᠤᠭᠳᠠᠭᠠᠭᠰᠠᠨ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠮᠤᠵᠢ᠂  ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠪᠠᠶᠢᠴᠠᠭᠠᠯᠭᠠᠵᠦ  ᠵᠦᠪᠰᠢᠶᠡᠷᠡᠬᠦᠯᠦᠭᠰᠡᠨ ᠤ ᠲᠠᠷᠠᠭ᠎ᠠ ᠲᠦᠷᠦ ᠶᠢᠨ ᠶᠠᠪᠤᠳᠠᠯ ᠤ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃       ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ  ᠭᠠᠵᠠᠷ ᠰᠢᠷᠦᠢ ᠶᠢ ᠠᠰᠢᠭᠯᠠᠵᠦ ᠶᠡᠷᠦᠩᠭᠡᠢ ᠲᠦᠯᠦᠪᠵᠢᠬᠦᠯᠭᠡ ᠶᠢ ᠲᠡᠭᠡᠭᠰᠢ ᠪᠠᠨ ᠱᠠᠳᠣ ᠲᠠᠷᠠᠭᠠᠯᠠᠨ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠭᠦᠯᠦᠨ᠎ᠡ︔ ᠡᠬᠦᠨ ᠤ ᠲᠤᠳᠤᠷ᠎ᠡ᠂ ᠰᠤᠮᠤ ︵ᠪᠠᠯᠭᠠᠰᠦ︶᠎ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ  ᠲᠤᠭᠤᠷᠢᠭ ᠲᠠᠢ ᠬᠤᠳᠠ᠂ ᠦᠪᠡᠷᠳᠡᠭᠡᠨ ᠵᠠᠰᠠᠬᠤ ᠵᠸᠤ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠵᠦ  ᠪᠤᠯᠤᠨ᠎ᠠ᠃       ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦᠯᠦᠭᠰᠡᠨ ᠤ ᠲᠠᠷᠠᠭ᠎ᠠ ᠡᠷᠭᠡᠪᠰᠢ  ᠴᠢᠩᠭ᠎ᠠ ᠬᠡᠷᠡᠭᠵᠢᠬᠦᠯᠬᠦ ᠬᠡᠷᠡᠭᠲᠠᠢ᠃       ᠬᠤᠷᠢᠨ ᠬᠤᠶᠠᠳᠤᠭᠠᠷ ᠵᠦᠢᠯ  ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ  ᠎ ᠨᠢ ᠤᠯᠤᠰ ᠠᠴᠠ ᠲᠤᠭᠳᠠᠭᠠᠭᠰᠠᠨ ᠪᠡᠷᠢᠮᠵᠢᠶ᠎ᠠ ᠳᠤ ᠨᠡᠶᠢᠴᠡᠭᠰᠡᠨ ᠪᠠᠶᠢᠵᠦ᠂ ᠤᠳᠤ ᠪᠠᠶᠢᠭ᠎ᠠ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠦᠢᠴᠡᠳ ᠠᠰᠢᠭᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠬᠦ ᠦᠭᠡᠢ  ᠪᠤᠶᠤ ᠠᠯᠢ ᠴᠢᠳᠠᠬᠤ ᠪᠠᠷ ᠪᠠᠭ᠎ᠠ ᠡᠵᠡᠯᠡᠬᠦ ᠬᠡᠷᠡᠭᠲᠠᠢ᠃      ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠂  ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠲᠤᠳᠤᠷᠠᠬᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠡᠪᠴᠢᠶ᠎ᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠤᠳᠠ ᠪᠠ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠬᠡᠳᠦᠷᠡᠵᠦ ᠪᠤᠯᠬᠤ ᠦᠭᠡᠢ᠃     ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠠᠶᠢᠯ ᠲᠤᠰᠬᠤᠨ ᠪᠠ ᠪᠠᠯᠭᠠᠰᠦ ᠶᠢᠨ  ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠬᠤᠳᠠ ᠪᠤᠯᠤᠨ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠨᠢ ᠬᠤᠳᠠ ᠶᠢᠨ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ  ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ ᠬᠡᠷᠡᠭᠲᠠᠢ᠃      ᠬᠤᠷᠢᠨ ᠭᠤᠷᠪᠠᠳᠦᠭᠠᠷ ᠵᠦᠢᠯ  ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ  ᠨᠡᠭᠡᠭᠡᠨ ᠠᠰᠢᠭᠯᠠᠬᠤ ᠲᠦᠯᠦᠪᠵᠢᠬᠦᠯᠭᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ  ᠠᠪᠴᠠᠯᠳᠤᠭᠰᠠᠨ ᠪᠠᠶᠢᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ ᠴᠦᠬᠦᠷᠦᠮ ᠤᠨ  ᠬᠠᠮᠢᠶᠠᠷᠤᠯᠳᠠ ᠪᠠ ᠬᠠᠮᠠᠭᠠᠯᠠᠯᠳᠠ ᠶᠢᠨ ᠬᠡᠪᠴᠢᠶᠡᠨ ᠲᠤᠳᠤᠷ᠎ᠡ ᠵᠢᠴᠢ ᠦᠶᠡᠷ ᠢ ᠲᠤᠭᠳᠠᠭᠠᠨ ᠬᠤᠷᠠᠭᠤᠯᠬᠤ ᠤᠷᠤᠨ ᠤ  ᠲᠤᠳᠤᠷᠠᠬᠢ ᠭᠠᠵᠠᠷ ᠰᠢᠷᠦᠢ ᠶᠢᠨ ᠠᠰᠢᠭᠯᠠᠯᠳᠠ ᠨᠢ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ  ᠪᠠ ᠨᠡᠭᠡᠭᠡᠨ ᠠᠰᠢᠭᠯᠠᠬᠤ ᠲᠦᠯᠦᠪᠵᠢᠬᠦᠯᠭᠡ ᠲᠠᠢ ᠨᠡᠶᠢᠴᠡᠵᠦ᠂ ᠭᠤᠤᠯ ᠤᠨ ᠵᠠᠮ᠂ ᠨᠠᠭᠤᠷ ᠲᠤᠭᠤᠷᠢᠮ ᠤᠨ ᠦᠶᠡᠷ ᠢ  ᠤᠷᠤᠰᠬᠠᠨ ᠦᠩᠭᠡᠷᠡᠬᠦᠯᠬᠦ᠂ ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭᠠᠷᠳᠠᠯᠭ᠎ᠠ ᠲᠠᠢ ᠨᠡᠶᠢᠴᠡᠭᠰᠡᠨ  ᠪᠠᠶᠢᠬᠤ ᠬᠡᠷᠡᠭᠲᠠᠢ᠃      ᠬᠤᠷᠢᠨ ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ  ᠰᠢᠷᠦᠢ ᠶᠢᠨ ᠠᠰᠢᠭᠯᠠᠯᠳᠠ ᠶᠢᠨ ᠲᠤᠬᠠᠢ ᠲᠦᠯᠦᠪᠯᠡᠭᠡᠳᠦ ᠬᠠᠮᠢᠶᠠᠷᠤᠯᠳᠠ ᠪᠠᠨ ᠴᠢᠩᠭᠠᠳᠬᠠᠵᠦ᠂ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃      ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠤᠯᠤᠰ ᠠᠷᠠᠳ ᠤᠨ ᠠᠵᠦ ᠠᠬᠤᠢ ᠪᠠ  ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ᠂ ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ᠂ ᠭᠠᠵᠠᠷ  ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠤᠨ  ᠭᠠᠵᠠᠷ ᠰᠢᠷᠦᠢ ᠶᠢᠨ ᠠᠰᠢᠭᠯᠠᠯᠳᠠ ᠶᠢᠨ ᠪᠤᠳᠠᠳᠦ ᠪᠠᠶᠢᠳᠠᠯ ᠢ ᠦᠨᠳᠦᠰᠦᠯᠡᠵᠦ ᠨᠠᠶᠢᠷᠠᠭᠤᠯᠤᠨ ᠵᠤᠬᠢᠶᠠᠨ᠎ᠠ᠃ ᠭᠠᠵᠠᠷ  ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ  ᠵᠢᠷᠦᠮ ᠲᠠᠢ ᠠᠳᠠᠯᠢ᠂ ᠬᠢᠨᠠᠨ ᠵᠦᠪᠰᠢᠶᠡᠷᠡᠵᠦ ᠪᠠᠭᠤᠯᠭᠠᠭᠰᠠᠨ ᠤ ᠲᠠᠷᠠᠭ᠎ᠠ ᠡᠷᠭᠡᠪᠰᠢ ᠴᠢᠩᠭ᠎ᠠ ᠵᠢᠷᠦᠮᠯᠠᠨ  ᠬᠡᠷᠡᠭᠵᠢᠬᠦᠯᠬᠦ ᠬᠡᠷᠡᠭᠲᠠᠢ᠃      ᠬᠤᠷᠢᠨ ᠲᠠᠪᠤᠳᠤᠭᠠᠷ ᠵᠦᠢᠯ  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠵᠢᠬᠦᠯᠭᠡ ᠶᠢ  ᠬᠡᠷᠡᠭᠵᠢᠬᠦᠯᠦᠭᠰᠡᠨ ᠪᠠᠶᠢᠳᠠᠯ ᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ  ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠢᠶᠠᠨ ᠠᠭᠤᠯᠭ᠎ᠠ ᠪᠤᠯᠭᠠᠭᠠᠳ ᠠᠳᠠᠯᠢ ᠱᠠᠳᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠬᠦ ᠬᠡᠷᠡᠭᠲᠠᠢ᠃      ᠬᠤᠷᠢᠨ ᠵᠢᠷᠭᠤᠳᠤᠭᠠᠷ ᠵᠦᠢᠯ  ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠳᠤ ᠬᠦᠷᠪᠡᠯ ᠡᠷᠭᠡᠪᠰᠢ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ  ᠵᠦᠪᠰᠢᠶᠡᠷᠡᠬᠦᠯᠬᠦ ᠬᠡᠷᠡᠭᠲᠠᠢ︔ ᠵᠦᠪᠰᠢᠶᠡᠷᠡᠬᠦᠯᠦᠭᠰᠡᠨ ᠦᠭᠡᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠦ ᠪᠤᠯᠬᠤ ᠦᠭᠡᠢ᠃       ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂  ᠤᠰᠤᠨ ᠠᠰᠢᠭᠯᠠᠯᠳᠠ ᠵᠡᠷᠭᠡ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ  ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ  ᠴᠢᠬᠤᠯᠠ ᠲᠠᠢ ᠪᠤᠯ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ  ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃        ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ  ᠤᠷᠳᠤᠨ ᠤ ᠵᠦᠪᠰᠢᠶᠡᠷᠡᠭᠰᠡᠨ ᠡᠨᠧᠷᠬᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ  ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠮᠤᠵᠢ ᠶᠢᠨ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦ  ᠡᠷᠭᠡ ᠶᠢᠨ ᠬᠡᠪᠴᠢᠶᠡᠨ ᠳᠤ ᠬᠠᠷᠢᠶᠠᠯᠠᠭᠳᠠᠵᠦ ᠪᠠᠶᠢᠪᠠᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠣᠷᠳᠤᠨ ᠤ  ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃      ᠬᠤᠷᠢᠨ ᠲᠤᠯᠤᠳᠤᠭᠠᠷ ᠵᠦᠢᠯ  ᠤᠯᠤᠰ ᠠᠴᠠ ᠭᠠᠵᠠᠷ ᠰᠢᠷᠦᠢ ᠶᠢᠨ ᠪᠠᠶᠢᠴᠠᠭᠠᠯᠳᠠ ᠬᠢᠬᠦ ᠲᠦᠷᠢᠮ ᠢ  ᠪᠠᠶᠢᠭᠤᠯᠤᠨ᠎ᠠ᠃      ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠪᠠᠨ ᠬᠤᠯᠪᠤᠭᠳᠠᠯ ᠪᠦᠬᠦᠢ ᠰᠠᠯᠠᠭ᠎ᠠ  ᠮᠦᠴᠢᠷ ᠲᠠᠢ ᠬᠠᠮᠳᠤᠷᠠᠨ ᠭᠠᠵᠠᠷ ᠰᠢᠷᠦᠢ ᠶᠢᠨ ᠪᠠᠶᠢᠴᠠᠭᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ ᠪᠤᠶᠤ  ᠬᠡᠷᠡᠭᠯᠡᠭᠴᠢ ᠨᠢ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠦ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ  ᠦᠭᠬᠦ ᠬᠡᠷᠡᠭᠲᠠᠢ᠃      ᠬᠤᠷᠢᠨ ᠨᠠᠢᠮᠠᠳᠦᠭᠠᠷ ᠵᠦᠢᠯ  ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ ᠤ ᠪᠠᠨ  ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ᠂ ᠭᠠᠵᠠᠷ ᠰᠢᠷᠦᠢ ᠶᠢ ᠪᠠᠶᠢᠴᠠᠭᠠᠭᠰᠠᠨ ᠦᠷ᠎ᠡ ᠪᠦᠳᠦᠭᠡᠯ᠂  ᠲᠦᠯᠦᠪᠵᠢᠬᠦᠯᠦᠭᠰᠡᠨ ᠭᠠᠵᠠᠷ ᠰᠢᠷᠦᠢ ᠶᠢᠨ ᠬᠡᠷᠡᠭᠯᠡᠯᠳᠡ ᠪᠠ ᠤᠯᠤᠰ ᠠᠴᠠ ᠲᠤᠭᠳᠠᠭᠠᠭᠰᠠᠨ ᠨᠢᠭᠡᠳᠦᠯᠲᠠᠢ  ᠪᠠᠷᠢᠮᠵᠢᠶ᠎ᠡ ᠶᠢ ᠦᠨᠳᠦᠰᠦᠯᠡᠵᠦ ᠪᠠᠶᠢᠭᠠᠳ ᠭᠠᠵᠷ ᠰᠢᠷᠦᠢ ᠶᠢᠨ ᠵᠡᠷᠭᠡ ᠲᠡᠰ ᠢ ᠦᠨᠡᠯᠡᠨ ᠲᠤᠭᠳᠠᠭᠠᠨ᠎ᠠ᠃      ᠬᠤᠷᠢ ᠶᠢᠰᠦᠳᠦᠭᠡᠷ ᠵᠦᠢᠯ  ᠣᠯᠣᠰ ᠠᠴᠠ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠲᠦᠷᠢᠮ ᠢ  ᠪᠠᠶᠢᠭᠤᠯᠤᠨ᠎ᠠ᠃      ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠤᠨ ᠤ ᠲᠤᠭ᠎ᠠ ᠪᠦᠷᠢᠳᠭᠡᠯ ᠤᠨ ᠰᠠᠯᠠᠭ᠎ᠠ  ᠮᠦᠴᠢᠷ ᠲᠤᠭ᠎ᠠ ᠪᠦᠷᠢᠳᠭᠡᠯ ᠤᠨ ᠪᠠᠶᠢᠴᠠᠭᠠᠯᠳᠠ ᠬᠢᠬᠦ ᠲᠦᠰᠦᠯ ᠢ ᠬᠠᠮᠳᠦ ᠪᠠᠷ ᠲᠤᠭᠳᠠᠭᠠᠭᠠᠳ ᠭᠠᠵᠠᠷ ᠰᠢᠷᠦᠢ ᠶᠢᠨ  ᠲᠤᠭ᠎ᠠ ᠪᠦᠷᠢᠳᠭᠡᠯ ᠢ ᠬᠠᠤᠯᠢ ᠶᠤᠰᠤᠭᠠᠷ ᠬᠢᠵᠦ᠂ ᠭᠠᠵᠷ ᠰᠢᠷᠦᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ  ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ  ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠂ ᠬᠤᠳᠠᠯ ᠮᠡᠳᠡᠬᠦᠯᠵᠦ᠂ ᠲᠠᠷᠤᠭᠠᠳ ᠮᠡᠳᠡᠬᠦᠯᠬᠦ ᠦᠭᠡᠢ ᠪᠠᠶᠢᠵᠦ᠂  ᠮᠡᠳᠡᠬᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃      ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ  ᠪᠦᠷᠢᠳᠭᠡᠯ ᠤᠨ ᠰᠠᠯᠠᠭ᠎ᠠ ᠮᠦᠴᠢᠷ ᠤᠨ ᠬᠠᠮᠳᠦᠪᠡᠷ ᠨᠡᠶᠢᠳᠡᠯᠡᠭᠰᠡᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ  ᠪᠦᠷᠢᠳᠭᠡᠯ ᠤᠨ ᠮᠠᠲ᠋ᠧᠷᠢᠶᠠᠯ ᠪᠤᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠨᠠᠶᠢᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃      ᠭᠤᠴᠢᠳᠤᠭᠠᠷ ᠵᠦᠢᠯ  ᠤᠯᠤᠰ ᠠᠴᠠ ᠪᠦᠬᠦ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠮᠡᠳᠡᠭᠡ  ᠵᠠᠩᠬᠢ ᠶᠢᠨ ᠰᠢᠰᠲ᠋ᠧᠮ ᠢ ᠪᠠᠶᠢᠭᠤᠯᠵᠦ᠂ ᠭᠠᠵᠠᠷ ᠰᠢᠷᠦᠢ ᠠᠰᠢᠭᠯᠠᠵᠦ ᠪᠠᠶᠢᠭ᠎ᠠ ᠪᠠᠶᠢᠳᠠᠯ ᠢ ᠬᠦᠳᠡᠯᠦᠩᠬᠦᠢ ᠪᠠᠷ  ᠬᠢᠨᠠᠵᠦ ᠬᠡᠮᠵᠢᠨ᠎ᠡ᠃  
 
ᠢᠷᠡᠯᠲᠡ᠄ ᠲᠤᠮᠳᠠᠳᠤ ᠤᠯᠤᠰ ᠬᠦᠬᠡᠬᠤᠳᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1