ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ (2)
ᠨᠡᠶᠢᠲᠡᠯᠡᠭᠰᠡᠨ ᠴᠠᠭ᠄
2017/9/5
 ᠲᠦᠷᠪᠡᠳᠦᠭᠡᠷ ᠪᠦᠯᠦᠭ   ᠲᠠᠷᠢᠶᠠᠨ ᠭᠠᠵᠠᠷ ᠢ ᠬᠠᠮᠠᠭᠠᠯᠠᠬᠤ       ᠭᠤᠴᠢᠨ ᠨᠢᠭᠡᠳᠦᠭᠡᠷ ᠵᠦᠢᠯ ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ  ᠭᠠᠵᠠᠷ ᠪᠤᠰᠤ ᠪᠤᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃      ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃  ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠪᠠᠶᠢᠪᠠᠯ᠂《 ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ 》ᠵᠠᠷᠴᠢᠮ ᠤᠨ  ᠶᠤᠰᠤᠭᠠᠷ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ  ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ  ᠬᠠᠭᠠᠯᠪᠤᠷᠢᠯᠠᠬᠤ ᠬᠡᠷᠡᠭᠲᠠᠢ︔ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ ᠲᠠᠷᠢᠶᠠᠨ ᠭᠠᠵᠠᠷ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ  ᠬᠤᠳᠠ ᠶᠢᠨ ᠲᠤᠭᠳᠠᠭᠠᠯ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ  ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ᠃       ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ  ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ ᠲᠦᠯᠦᠪᠯᠡᠭᠡ ᠶᠤᠰᠤᠭᠠᠷ  ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ ᠲᠠᠬᠦᠨ ᠢ  ᠎ ᠨᠢ ᠰᠢᠯᠭᠠᠨ ᠠᠪᠬᠤ ᠬᠡᠷᠡᠭᠲᠠᠢ᠃         ᠭᠤᠴᠢᠨ ᠬᠤᠶᠠᠳᠣᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ  ᠲᠠᠷᠢᠯᠠᠭ᠎ᠠ ᠶᠢᠨ ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ ᠲᠤ  ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ  ᠱᠠᠭᠠᠷᠳᠠᠯᠭ᠎ᠠ ᠲᠠᠯᠪᠢᠵᠦ ᠪᠤᠯᠤᠨ᠎ᠠ᠃        ᠭᠤᠴᠢᠨ ᠭᠤᠷᠪᠠᠳᠤᠭᠠᠷ ᠵᠦᠢᠯ  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ  ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ ᠠᠷᠭ᠎ᠠ ᠬᠡᠮᠵᠢᠶ᠎ᠡ  ᠠᠪᠴᠦ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ  ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ︔ ᠲᠠᠷᠢᠶᠠᠨ ᠭᠠᠵᠠᠷ ᠤᠨ ᠪᠦᠬᠦ ᠬᠡᠮᠵᠢᠶ᠎ᠡ ᠨᠢ  ᠬᠠᠰᠣᠭᠳᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠠᠷᠯᠢᠭᠳᠠᠵᠦ ᠪᠠᠶᠢᠭᠠᠳ ᠬᠠᠰᠣᠭᠳᠠᠭᠰᠠᠨ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ ᠲᠤᠭᠳᠠᠭᠰᠠᠨ  ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ ᠬᠠᠭᠠᠯᠪᠤᠷᠢᠯᠠᠭᠤᠯᠬᠤ ᠪᠦᠭᠡᠳ ᠲᠦᠷᠦ ᠶᠢᠨ ᠶᠠᠪᠤᠳᠠᠯ ᠤᠨ  ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠠᠷᠢᠶᠠᠯᠠᠩ ᠤᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠣᠷᠠᠨ ᠰᠢᠯᠭᠠᠵᠦ ᠠᠪᠤᠨ᠎ᠠ᠃ ᠤᠨᠴᠠ ᠵᠠᠷᠢᠮ  ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ ᠡᠬᠢ ᠰᠣᠷᠪᠤᠯᠵᠢ ᠨᠢ ᠦᠨᠡᠭᠡᠷ ᠲᠤᠳᠠᠮᠠᠭ  ᠪᠠᠶᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠬᠦᠯᠦᠭᠰᠡᠨ ᠤ ᠲᠠᠷᠠᠭ᠎ᠠ᠂ ᠰᠢᠨ᠎ᠡ  ᠎ ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ ᠤᠨ  ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠭᠠᠯᠪᠤᠷᠢᠯᠠᠬᠤ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ ᠲᠤ ᠣᠴᠢᠵᠦ  ᠬᠠᠭᠠᠯᠪᠤᠷᠢᠯᠠᠬᠤ ᠬᠡᠷᠡᠭᠲᠠᠢ᠃         ᠭᠤᠴᠢᠨ ᠲᠦᠷᠪᠡᠳᠦᠭᠡᠷ ᠵᠦᠢᠯ ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ  ᠬᠡᠷᠡᠭᠵᠢᠬᠦᠯᠦᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ  ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ  ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄      ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ ᠲᠠᠷᠢᠮᠠᠯ ᠤᠨ ᠦᠢᠯᠡᠳᠪᠦᠷᠢᠯᠡᠯ ᠤᠨ  ᠰᠠᠭᠤᠷᠢᠨ ᠭᠠᠵᠠᠷ ᠤᠨ ᠲᠤᠳᠤᠷᠠᠬᠢ ᠲᠠᠷᠢᠶᠠᠨ ᠭᠠᠵᠠᠷ︔       ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ  ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ ᠪᠠ  ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ︔      ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︔      ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ  ᠬᠢᠬᠦ ᠲᠠᠷᠢᠶᠠᠨ ᠭᠠᠵᠠᠷ︔      ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ  ᠬᠠᠮᠠᠭᠠᠯᠠᠯᠳᠠ ᠶᠢᠨ ᠤᠷᠤᠨ ᠳᠤ ᠤᠷᠤᠭᠤᠯᠬᠤ ᠶᠤᠰᠤᠲᠠᠢ ᠭᠡᠵᠦ ᠲᠤᠭᠳᠠᠭᠠᠭᠰᠠᠨ ᠪᠤᠰᠤᠳ ᠲᠠᠷᠢᠶᠠᠨ ᠭᠠᠵᠠᠷ᠃       ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ  ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ80  %᠎ ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃      ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶᠎ ᠪᠠᠷ ᠨᠢᠭᠡᠴᠢ  ᠪᠤᠯᠭᠠᠨ ᠵᠠᠭᠠᠭᠯᠠᠨ ᠲᠤᠭᠳᠠᠭᠠᠵᠦ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠲᠠᠷᠢᠶᠠᠯᠠᠩ ᠤᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃        ᠭᠤᠴᠢᠨ ᠲᠠᠪᠤᠳᠤᠭᠠᠷ ᠵᠦᠢᠯ  ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ  ᠬᠡᠮᠵᠢᠶ᠎ᠡ ᠠᠪᠴᠦ ᠪᠠᠶᠢᠭᠠᠳ ᠤᠰᠤ ᠵᠠᠯᠠᠬᠤ ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ  ᠰᠠᠶᠢᠵᠢᠷᠠᠭᠤᠯᠤᠨ᠂ ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂  ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃        ᠭᠤᠴᠢᠨ ᠵᠢᠷᠭᠤᠳᠤᠭᠠᠷ ᠵᠦᠢᠯ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ  ᠭᠠᠵᠠᠷ ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ  ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ︔ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠰᠠᠶᠢᠨ ᠭᠠᠵᠠᠷ ᠢ  ᠡᠵᠡᠯᠡᠨ ᠬᠡᠷᠡᠭᠯᠡᠵᠦ ᠪᠤᠯᠬᠤ ᠦᠭᠡᠢ᠃        ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠲᠡᠭᠡᠷ᠎ᠡ  ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ  ᠠᠪᠬᠤ ᠶᠢ ᠴᠠᠭᠠᠵᠠᠯᠠᠨ᠎ᠠ᠃      ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠢ ᠬᠦᠭᠵᠢᠬᠦᠯᠬᠦ ᠪᠡ ᠨᠠᠭᠤᠷ  ᠮᠠᠯᠳᠠᠵᠦ ᠵᠢᠭᠠᠰᠣ ᠲᠡᠵᠢᠭᠡᠬᠦ ᠶᠢ ᠴᠠᠭᠠᠵᠠᠯᠠᠨ᠎ᠠ᠃      ᠭᠤᠴᠢᠨ ᠲᠤᠯᠤᠳᠤᠭᠠᠷ ᠵᠦᠢᠯ  ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ  ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ ᠵᠢᠯ ᠤᠨ  ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ  ᠂ ᠤᠤᠯ ᠤᠨ ᠡᠨᠡ ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ  ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ ᠪᠠᠶᠢᠭᠤᠯᠵᠦ ᠪᠠᠶᠢᠭᠠᠳ ᠲᠠᠷᠢᠵᠦ  ᠴᠦ ᠪᠤᠯᠤᠨ᠎ᠠ︔ ᠨᠢᠭᠡ ᠵᠢᠯ ᠭᠠᠷᠦᠢ ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ  ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ  ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ ᠲᠤᠰᠢᠶᠠᠬᠤ ᠬᠡᠷᠡᠭᠲᠠᠢ︔ ᠬᠤᠶᠠᠷ ᠵᠢᠯ ᠲᠠᠷᠠᠭᠠᠯᠠᠨ ᠬᠡᠷᠡᠭᠯᠡᠭᠰᠡᠨ  ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ ᠰᠢᠶᠠᠨ ᠤ ᠱᠠᠳᠤᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ ᠬᠡᠷᠡᠭᠯᠡᠬᠦ  ᠡᠷᠭᠡ ᠶᠢ ᠨᠢ ᠦᠨ᠎ᠡ ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ︔ ᠡᠨᠡ ᠭᠠᠵᠠᠷ ᠰᠢᠷᠦᠢ ᠤᠤᠯ ᠨᠢ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ ᠬᠦᠳᠡᠭᠡ ᠲᠤᠰᠬᠤᠨ ᠤ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ ᠰᠡᠷᠬᠦᠭᠡᠬᠦ ᠬᠡᠷᠡᠭᠲᠠᠢ᠃      ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ  ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ  ᠨᠡᠭᠡᠭᠡᠨ ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ《 ᠪᠦᠬᠦᠳᠡ ᠨᠠᠶᠢᠷᠠᠮᠳᠠᠬᠤ  ᠲᠤᠮᠳᠠᠳᠦ ᠠᠷᠠᠳ ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ  ᠬᠠᠮᠢᠶᠠᠷᠤᠯᠳᠠ ᠶᠢᠨ ᠬᠠᠤᠯᠢ 》᠎ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃     ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ  ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ  ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠢᠶᠠᠨ  ᠬᠤᠷᠢᠶᠠᠨ ᠠᠪᠬᠤ ᠬᠡᠷᠡᠭᠲᠠᠢ᠃        ᠭᠤᠴᠢᠨ ᠨᠠᠢᠮᠠᠳᠣᠭᠠᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂  ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ  ᠰᠢᠷᠦᠢ ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ ᠭᠠᠵᠠᠷ ᠰᠢᠷᠦᠢ ᠶᠢ ᠨᠢᠭᠡᠴᠢ  ᠪᠠ ᠬᠤᠪᠢ ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ︔ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠵᠦ ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠨ ᠨᠡᠭᠡᠭᠡᠨ ᠠᠰᠢᠭᠯᠠᠬᠤ ᠬᠡᠷᠡᠭᠲᠠᠢ᠃         ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ  ᠬᠠᠮᠠᠭᠠᠯᠠᠨ᠎ᠠ᠃        ᠭᠤᠴᠢ ᠶᠢᠰᠦᠳᠦᠭᠡᠷ ᠵᠦᠢᠯ  ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ ᠰᠢᠨᠵᠢᠯᠡᠬᠦ  ᠤᠬᠠᠭᠠᠨᠴᠢ ᠨᠤᠳᠠᠯᠠᠯᠳᠠ ᠪᠠ ᠦᠨᠡᠯᠡᠨ ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ ᠬᠠᠤᠯᠢ  ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ  ᠡᠪᠳᠡᠵᠦ ᠲᠠᠷᠢᠶᠠᠨ ᠭᠠᠵᠠᠷ ᠪᠤᠯᠭᠠᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ  ᠭᠠᠷᠭᠠᠬᠤ ᠪᠠ ᠭᠤᠤᠯ ᠮᠦᠷᠡᠨ ᠤ ᠲᠠᠩ ᠭᠠᠵᠠᠷ ᠢ ᠡᠵᠡᠯᠡᠬᠦ ᠶᠢ ᠴᠠᠭᠠᠵᠠᠯᠠᠨ᠎ᠠ᠃      ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ  ᠭᠠᠵᠠᠷ ᠰᠢᠷᠦᠢ ᠶᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂  ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ ᠰᠢᠭᠤᠢ᠂ ᠡᠪᠡᠰᠦ  ᠪᠡᠯᠴᠢᠭᠡᠷ ᠨᠠᠭᠤᠷ ᠲᠤᠭᠤᠷᠢᠮ ᠪᠤᠯᠭᠠᠬᠤ ᠬᠡᠷᠡᠭᠲᠠᠢ᠃        ᠲᠦᠴᠢᠳᠦᠭᠡᠷ ᠵᠦᠢᠯ  ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ  ᠦᠮᠴᠢᠯᠡᠯ ᠤᠨ ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ  ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ  ᠦᠢᠯᠡᠳᠪᠦᠷᠢᠯᠡᠯ ᠬᠢᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ  ᠬᠠᠤᠯᠢ ᠶᠤᠰᠤᠭᠠᠷ ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ  ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃         ᠲᠦᠴᠢᠨ ᠨᠢᠭᠡᠳᠦᠭᠡᠷ ᠵᠦᠢᠯ  ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ  ᠵᠤᠷᠢᠭᠵᠢᠭᠤᠯᠤᠨ᠎ᠠ᠃ ᠰᠢᠶᠠᠨ᠂ ᠰᠤᠮᠤ ︵ᠪᠠᠯᠭᠠᠰᠤ︶᠎ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ  ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ ᠭᠠᠵᠠᠷ  ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ  ᠶᠡᠷᠦᠩᠭᠡᠶᠢᠯᠡᠨ ᠵᠠᠰᠠᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ  ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ  ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠠᠢ᠃      ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ  ᠠᠪᠴᠦ ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ  ᠭᠠᠵᠠᠷ ᠪᠠ ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃        ᠲᠦᠴᠢᠨ ᠬᠤᠶᠠᠳᠤᠭᠠᠷ ᠵᠦᠢᠯ  ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ  ᠵᠡᠷᠭᠡ ᠠᠴᠠ ᠪᠤᠯᠵᠦ ᠭᠠᠵᠠᠷ ᠰᠢᠷᠦᠢ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ  ᠬᠤᠪᠢ ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ ᠬᠠᠭᠠᠯᠪᠤᠷᠢᠯᠠᠬᠤ ᠠᠵᠢᠯ ᠢ  ᠬᠠᠷᠢᠭᠤᠴᠠᠬᠤ ᠬᠡᠷᠡᠭᠲᠠᠢ︔ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ  ᠲᠤᠰᠢᠶᠠᠵᠦ᠂ ᠲᠤᠰ ᠰᠦᠢᠳᠭᠡᠯ ᠢ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ  ᠃ ᠰᠡᠷᠬᠦᠭᠡᠨ ᠬᠠᠭᠠᠯᠪᠤᠷᠢᠯᠠᠭᠰᠠᠨ ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃                    ᠲᠠᠪᠤᠳᠤᠭᠠᠷ ᠪᠦᠯᠦᠭ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ      ᠲᠦᠴᠢᠨ ᠭᠤᠷᠪᠠᠳᠣᠭᠠᠷ ᠵᠦᠢᠯ  ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ  ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ  ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠬᠤ ᠬᠡᠷᠡᠭᠲᠠᠢ︔ ᠭᠡᠪᠡᠴᠦ ᠰᠣᠮᠤ ᠪᠠᠯᠭᠠᠰᠤᠨ ᠤ ᠠᠵᠦ ᠠᠬᠤᠶᠢᠯᠠᠯ  ᠡᠷᠬᠢᠯᠡᠬᠦ ᠪᠠ ᠭᠠᠴᠠᠭᠠᠨ ᠤ ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ  ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ  ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ᠂ ᠡᠰᠡᠬᠦᠯ᠎ᠡ ᠰᠤᠮᠤ ︵ᠪᠠᠯᠭᠠᠰᠤ︶ ᠭᠠᠴᠠᠭ᠎ᠠ ᠶᠢᠨ ᠨᠠᠶᠢᠳᠡ ᠶᠢᠨ  ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ  ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃     ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ  ᠦᠮᠴᠢᠯᠡᠯ ᠤᠨ ᠭᠠᠵᠠᠷ ᠰᠢᠷᠦᠢ ᠳᠤ ᠤᠯᠤᠰ ᠤᠨ ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ  ᠲᠠᠳᠠᠪᠤᠷᠢᠯᠠᠭᠰᠠᠨ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ ᠪᠠᠭᠳᠠᠨ᠎ᠠ᠃       ᠲᠦᠴᠢᠨ ᠲᠦᠷᠪᠡᠳᠦᠭᠡᠷ ᠵᠦᠢᠯ  ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ  ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ  ᠶᠠᠪᠤᠳᠠᠯ ᠳᠤ ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ ᠬᠡᠷᠡᠭᠯᠡᠬᠦ ᠪᠠᠷ ᠬᠢᠨᠠᠨ  ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ  ᠣᠷᠳᠣᠨ ᠠᠴᠠ ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ  ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ  ᠵᠦᠪᠰᠢᠶᠡᠷᠡᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ  ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ  ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠃      ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ  ᠲᠤᠰᠬᠤᠨ᠂ ᠪᠠᠯᠭᠠᠰᠣᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ  ᠲᠤᠳᠤᠷ᠎ᠡ᠂ ᠲᠤᠰ ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ ᠬᠡᠷᠡᠭᠯᠡᠬᠦ ᠭᠠᠵᠠᠷ ᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ  ᠠᠰᠢᠭᠯᠠᠯᠳᠠ ᠶᠢᠨ ᠤᠨ ᠤ ᠲᠦᠯᠦᠪᠯᠡᠭᠡ ᠶᠢᠨ ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ ᠤᠤᠯ ᠤᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ  ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ  ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠬᠤᠳᠠ᠂ ᠰᠢᠶᠠᠨ ᠤ  ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠪᠤᠯᠤᠨ᠎ᠠ᠃      ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ  ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠶᠢᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠦᠨ᠎ᠡ᠃        ᠲᠦᠴᠢᠨ ᠲᠠᠪᠤᠳᠤᠭᠠᠷ ᠵᠦᠢᠯ  ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂  ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠄     ︵ᠨᠢᠭᠡ︶ ᠦᠨᠳᠦᠰᠦᠨ ᠲᠠᠷᠢᠶᠠᠨ ᠭᠠᠵᠠᠷ︔      ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ ᠲᠠᠷᠢᠶᠠᠨ  ᠭᠠᠵᠠᠷ︔       ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃      ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ  ᠲᠠᠳᠠᠪᠤᠷᠢᠯᠠᠬᠤ ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠲᠠᠩᠰᠠᠯᠠᠭᠤᠯᠤᠨ᠎ᠠ᠃      ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ  ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ ᠲᠠᠷᠢᠶᠠᠯᠠᠩ ᠳᠤ  ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ  ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ  ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ︔ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ  ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ  ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ  ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠠᠰ  ᠎ ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠠᠴᠠ  ᠲᠠᠪᠠᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠲᠠᠳᠠᠪᠤᠷᠢᠯᠠᠬᠤ ᠶᠢ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃      ᠲᠦᠴᠢᠨ ᠵᠢᠷᠭᠤᠳᠤᠭᠠᠷ ᠵᠦᠢᠯ  ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂  ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ  ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ ᠨᠡᠶᠢᠳᠡᠯᠡᠬᠦ ᠶᠢᠨ ᠬᠠᠮᠳᠦ  ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃       ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ  ᠬᠦᠮᠦᠨ ᠠᠯᠪᠠᠨ ᠵᠠᠷ ᠲᠤ ᠲᠤᠭᠳᠠᠭᠠᠭᠰᠠᠨ ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ  ᠬᠠᠷᠢᠶᠠᠯᠠᠯ ᠤᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ  ᠲᠠᠳᠠᠪᠤᠷᠢᠯᠠᠭᠰᠠᠨ ᠲᠦᠯᠦᠪᠦᠷᠢ ᠠᠪᠬᠤ ᠲᠠᠩᠰᠠᠯᠠᠯᠳᠠ ᠬᠢᠯᠭᠡᠬᠦ ᠬᠡᠷᠡᠭᠲᠠᠢ᠃             ᠲᠦᠴᠢᠨ ᠲᠤᠯᠤᠳᠤᠭᠠᠷ ᠵᠦᠢᠯ  ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ  ᠭᠠᠵᠠᠷ ᠰᠢᠷᠦᠢ ᠶᠢᠨ ᠤᠤᠯ ᠬᠡᠷᠡᠭᠯᠡᠯᠳᠡ ᠶᠤᠰᠤᠭᠠᠷ ᠲᠦᠯᠦᠪᠤᠷᠢ ᠦᠭᠬᠦ ᠬᠡᠷᠡᠭᠲᠠᠢ᠃       ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂  ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ  ᠲᠦᠯᠦᠪᠤᠷᠢ ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠬᠡᠮᠵᠢᠶ᠎ᠡ  ᠎ ᠨᠢ ᠲᠤᠰ ᠲᠠᠷᠢᠶᠠᠨ ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ  ᠦᠢᠯᠡᠳᠬᠦᠨ ᠤ ᠦᠷᠳᠡᠭ ᠤ ᠬᠢᠨᠢ ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ  ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ  ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ  ᠲᠠᠳᠠᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ ᠭᠠᠵᠠᠷ ᠪᠠᠨ ᠲᠠᠳᠠᠪᠤᠷᠢᠯᠠᠭᠳᠠᠭᠰᠠᠨ  ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ ᠪᠦᠷᠢ ᠳᠤ ᠨᠤᠭᠳᠠᠵᠦ ᠪᠠᠶᠢᠭᠰᠠᠨ  ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ ᠲᠦᠪᠬᠢᠨᠡᠬᠦᠯᠬᠦ  ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ  ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ  ᠵᠢᠯ ᠤᠨ ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ  ᠲᠠᠳᠠᠪᠤᠷᠢᠯᠠᠭᠳᠠᠰᠠᠨ ᠲᠠᠷᠢᠶᠠᠨ ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ  ᠬᠠᠮᠤᠭ ᠦᠨᠳᠦᠷ ᠬᠡᠮᠵᠢᠶ᠎ᠡ ᠨᠢ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ  ᠦᠢᠯᠡᠳᠬᠦᠨ ᠤ ᠦᠷᠳᠡᠭ ᠤᠨ ᠠᠷᠪᠠᠨ ᠲᠠᠪᠤᠨ ᠲᠠᠬᠢᠨ ᠠᠴᠠ ᠭᠡᠳᠦᠷᠡᠵᠦ ᠪᠤᠯᠬᠤ ᠦᠭᠡᠢ᠃      ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ  ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ  ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ  ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃       ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ  ᠲᠦᠯᠦᠪᠤᠷᠢ ᠶᠢᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ  ᠲᠤᠭᠳᠠᠭᠠᠨ᠎ᠠ᠃      ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ  ᠬᠡᠷᠡᠭᠯᠡᠬᠦ ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ  ᠭᠠᠵᠠᠷ ᠭᠠᠷᠭᠠᠬᠤ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃      ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ  ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ  ᠲᠠᠷᠢᠶᠠᠴᠢᠳ ᠤᠨ ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ ᠦᠭᠡᠢ ᠪᠠᠶᠢᠪᠠᠯ᠂  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠦᠭᠡᠳ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ  ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠨᠡᠶᠢᠯᠡᠪᠤᠷᠢ ᠨᠢ ᠭᠠᠵᠠᠷ  ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ  ᠦᠷᠳᠡᠭ ᠤᠨ ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ ᠦᠭᠡᠢ᠃        ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ  ᠠᠬᠤᠢ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ  ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ  ᠲᠡᠭᠡᠭᠰᠢᠯᠡᠬᠦᠯᠵᠦ ᠪᠤᠯᠤᠨ᠎ᠠ᠃         ᠲᠦᠴᠢᠨ ᠨᠠᠢᠮᠠᠳᠣᠭᠠᠷ ᠵᠦᠢᠯ  ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ  ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ  ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ  ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃       ᠲᠦᠴᠢ ᠶᠢᠰᠦᠳᠦᠭᠡᠷ ᠵᠦᠢᠯ  ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ  ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ  ᠤᠷᠤᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ  ᠪᠦᠷᠢᠯᠳᠦᠬᠦᠨ ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃        ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ  ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃         ᠲᠠᠪᠢᠳᠣᠭᠠᠷ ᠵᠦᠢᠯ  ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ  ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ ᠪᠠ ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ ᠬᠡᠷᠡᠭᠲᠠᠢ᠃         ᠲᠠᠪᠢᠨ ᠨᠢᠭᠡᠳᠦᠭᠡᠷ  ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ ᠴᠠᠬᠢᠯᠭᠠᠨ ᠤ  ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ ᠲᠦᠯᠦᠪᠤᠷᠢ  ᠰᠦᠢᠳᠭᠡᠯ ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ  ᠬᠤᠷᠢᠶ᠎ᠡ ᠠᠴᠠ ᠠᠰ ᠲᠤᠨᠢ ᠲᠤᠭᠳᠠᠭᠠᠨ᠎ᠠ᠃       ᠲᠠᠪᠢᠨ ᠬᠤᠶᠠᠳᠣᠭᠠᠷ ᠵᠦᠢᠯ  ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ  ᠨᠤᠳᠠᠯᠠᠯᠳᠠ ᠬᠢᠬᠦ ᠦᠶ᠎ᠡ ᠳᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ ᠠᠰᠢᠭᠯᠠᠯᠳᠠ ᠶᠢᠨ ᠣᠨ ᠤ  ᠲᠦᠯᠦᠪᠯᠡᠭᠡ ᠪᠤᠯᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠪᠠᠶᠢᠴᠠᠭᠠᠬᠤ ᠶᠢᠨ  ᠬᠠᠮᠳᠦ ᠰᠠᠨᠠᠯ ᠢᠶᠠᠨ ᠲᠤᠷᠠᠳᠴᠦ ᠪᠤᠯᠤᠨ᠎ᠠ᠃        ᠲᠠᠪᠢᠨ ᠭᠤᠷᠪᠠᠳᠣᠭᠠᠷ ᠵᠦᠢᠯ  ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ  ᠵᠦᠢᠯᠡᠰ ᠲᠤ ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ  ᠎ ᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ  ᠲᠤᠭᠳᠠᠭᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ  ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠭᠤᠶᠤᠴᠢᠯᠠᠯ  ᠭᠠᠷᠭᠠᠵᠦ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ  ᠪᠠᠶᠢᠴᠠᠭᠠᠯᠭᠠᠭᠠᠳ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ  ᠃      ᠲᠠᠪᠢᠨ ᠲᠦᠷᠪᠡᠳᠦᠭᠡᠷ ᠵᠦᠢᠯ  ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ  ᠭᠠᠵᠠᠷ ᠰᠢᠷᠦᠢ ᠶᠢ ᠤᠯᠬᠤ ᠬᠡᠷᠡᠭᠲᠠᠢ︔ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ  ᠭᠠᠵᠠᠷ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ  ᠵᠦᠪᠰᠢᠶᠡᠷᠡᠬᠦᠯᠦᠭᠡᠳ ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄      ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔       ︵ᠬᠤᠶᠠᠷ︶ ᠬᠤᠳᠠ ᠶᠢᠨ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ  ᠠᠰᠠᠷᠠᠮᠵᠢ ᠶᠢᠨ ᠦᠢᠯᠡᠰ ᠲᠤ ᠬᠡᠷᠡᠭᠯᠡᠬᠦ ᠭᠠᠵᠠᠷ︔      ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠬᠢ ᠶᠢᠨ ᠰᠣᠷᠪᠤᠯᠵᠢ  ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ︔      ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ  ᠵᠦᠢᠯ ᠤᠨ ᠬᠡᠷᠡᠭᠯᠡᠬᠦ ᠭᠠᠵᠠᠷ᠃       ᠲᠠᠪᠢᠨ ᠲᠠᠪᠤᠳᠤᠭᠠᠷ ᠵᠦᠢᠯ  ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ  ᠎ ᠪᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ  ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ ᠶᠤᠰᠤᠭᠠᠷ ᠭᠠᠵᠷ  ᠰᠢᠷᠦᠢ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ  ᠬᠡᠷᠡᠭᠯᠡᠬᠦ ᠰᠦᠢᠳᠭᠡᠯ ᠪᠤᠯᠤᠨ ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ  ᠬᠡᠷᠡᠭᠯᠡᠵᠦ ᠪᠤᠯᠤᠨ᠎ᠠ᠃      ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ ᠨᠡᠮᠡᠭᠳᠡᠭᠰᠡᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠤᠨ 30  % ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % ᠬᠤᠪᠢ ᠶᠢ ᠬᠤᠯᠪᠤᠭᠳᠠᠯ ᠪᠦᠬᠦᠢ  ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ ᠦᠭᠬᠦᠨ᠎ᠡ᠂ ᠡᠳᠡᠭᠡᠷ ᠢ ᠴᠦᠮ ᠲᠠᠷᠢᠶᠠᠨ  ᠭᠠᠵᠠᠷ ᠢ ᠨᠡᠭᠡᠭᠡᠨ ᠠᠰᠢᠭᠯᠠᠬᠤ ᠳᠤ ᠲᠤᠰᠬᠠᠢ ᠬᠡᠷᠡᠭᠯᠡᠨ᠎ᠡ᠃        ᠲᠠᠪᠢᠨ ᠵᠢᠷᠭᠤᠳᠤᠭᠠᠷ ᠵᠦᠢᠯ  ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ  ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ  ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ  ᠬᠡᠷᠡᠭᠲᠠᠢ︔ ᠡᠨᠡ ᠭᠠᠵᠠᠷ ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ  ᠴᠢᠬᠤᠯᠠ ᠲᠠᠢ  ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ  ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃  ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ  ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳ ᠢᠶᠠᠷ ᠬᠤᠯᠪᠤᠭᠳᠠᠯ  ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ  ᠵᠦᠪᠰᠢᠶᠡᠷᠡᠯ ᠢ ᠤᠯᠬᠤ ᠬᠡᠷᠡᠭᠲᠠᠢ᠃       ᠲᠠᠪᠢᠨ ᠲᠤᠯᠤᠳᠦᠭᠠᠷ ᠵᠦᠢᠯ  ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ  ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ ᠲᠠᠷᠢᠶᠠᠴᠢᠳ ᠤᠨ  ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ  ᠲᠤᠳᠤᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ  ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ ᠬᠡᠷᠡᠭᠯᠡᠭᠴᠢᠳ ᠭᠠᠵᠠᠷ ᠰᠢᠷᠦᠢ ᠶᠢᠨ  ᠡᠷᠭᠡ ᠶᠢᠨ ᠬᠠᠷᠢᠶᠠᠯᠠᠯ ᠢ ᠦᠨᠳᠦᠰᠦᠯᠡᠨ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ᠂ ᠭᠠᠴᠠᠭᠠᠨ ᠤ ᠠᠷᠠᠳ ᠤᠨ ᠵᠦᠪᠯᠡᠯ ᠯᠦᠭᠡ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ  ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ ᠲᠤᠭᠳᠠᠭᠠᠭᠰᠠᠨ ᠶᠤᠰᠤᠭᠠᠷ ᠭᠠᠵᠠᠷ ᠰᠢᠷᠦᠢ ᠶᠢ ᠲᠦᠷ ᠬᠡᠷᠡᠭᠯᠡᠬᠦ  ᠲᠦᠯᠦᠪᠤᠷᠢ ᠰᠦᠢᠳᠭᠡᠯ ᠦᠭᠬᠦ ᠬᠡᠷᠡᠭᠲᠠᠢ᠃      ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵᠤᠨ  ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ  ᠪᠠᠷᠢᠵᠦ ᠪᠤᠯᠬᠤ ᠦᠭᠡᠢ᠃      ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠳᠦᠷᠡᠬᠦᠯᠬᠦ  ᠦᠭᠡᠢ᠃      ᠲᠠᠪᠢᠨ ᠨᠠᠢᠮᠠᠳᠦᠭᠠᠷ ᠵᠦᠢᠯ  ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂  ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ  ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠬᠦᠯᠦᠭᠡᠳ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ  ᠪᠤᠯᠤᠨ᠎ᠠ᠄      ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ  ᠪᠤᠯᠤᠭᠰᠠᠨ︔      ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ ᠲᠤᠭᠤᠷᠢᠭ ᠢ  ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ ᠎ ᠲᠠᠢ ᠪᠤᠯᠤᠭᠰᠠᠨ  ︔      ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠎ ᠪᠠᠷ ᠬᠡᠷᠡᠭᠯᠡᠬᠦ  ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠬᠦ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ ᠰᠢᠷᠦᠢ  ᠬᠡᠷᠡᠭᠯᠡᠭᠴᠢ ᠬᠤᠭᠤᠴᠠᠭ᠎ᠠ ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ ᠤᠷᠳᠤᠳᠬᠠᠬᠤ  ᠭᠤᠶᠤᠴᠢᠯᠠᠯ ᠨᠢ ᠡᠰᠡ ᠵᠦᠪᠰᠢᠶᠡᠷᠡᠭᠳᠡᠭᠰᠡᠨ︔      ︵ᠲᠦᠷᠪᠡ︶ ᠨᠢᠭᠡᠴᠢ ᠨᠢ ᠬᠠᠰᠣᠭᠳᠠᠭᠰᠠᠨ ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ  ᠬᠤᠪᠢᠶᠠᠷᠢᠯᠠᠨ ᠤᠯᠤᠭᠰᠠᠨ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ︔      ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ ᠪᠠᠭᠤᠳᠠᠯ᠂ ᠠᠭᠤᠷᠬᠠᠢ ᠵᠡᠷᠭᠡ ᠶᠢ ᠬᠢᠨᠠᠨ  ᠵᠦᠪᠰᠢᠶᠡᠷᠡᠯ ᠢᠶᠠᠷ ᠲᠠᠮᠵᠢᠭᠤᠯᠤᠭᠠᠳ ᠬᠡᠷᠡᠭᠴᠡᠭᠡ ᠠᠴᠠ ᠭᠠᠷᠭᠠᠭᠰᠠᠨ᠃      ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ  ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂  ᠭᠠᠵᠠᠷ ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃        ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ  ᠤᠯᠠᠨ ᠨᠡᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ ᠠᠷᠠᠳ ᠤᠨ  ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠬᠢᠬᠦ ᠳᠡᠭᠡᠨ ᠠᠶᠢᠯ  ᠲᠤᠰᠬᠤᠨ ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ ᠲᠠᠯ᠎ᠠ ᠪᠠᠷ  ᠨᠡᠭᠡᠭᠡᠨ ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ︔ ᠪᠦᠳᠦᠭᠡᠨ  ᠪᠠᠶᠢᠭᠤᠯᠤᠯᠳᠠ ᠳᠤ ᠭᠠᠵᠠᠷ ᠬᠡᠷᠡᠭᠯᠡᠬᠦ ᠳᠡᠭᠡᠨ ᠰᠤᠮᠤ ︵ᠪᠠᠯᠭᠠᠰᠣ︶᠎ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ  ᠪᠦᠭᠡᠳ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂  ᠵᠢᠷᠠᠨ ᠬᠤᠶᠠᠳᠤᠭᠠᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃       ᠵᠢᠷᠠᠳᠤᠭᠠᠷ ᠵᠦᠢᠯ  ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ ᠨᠤᠭᠤᠳ ᠰᠤᠮᠤ ︵ᠪᠠᠯᠭᠠᠰᠣ︶᠎ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ  ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠷ ᠢᠶᠠᠨ ᠬᠤᠪᠢ ᠤᠷᠤᠬᠤ᠂ ᠬᠤᠯᠪᠤᠭᠠᠯᠠᠨ  ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ ᠬᠠᠮᠳᠤᠷᠠᠨ ᠠᠵᠦ ᠠᠬᠤᠶᠢᠯᠠᠯ  ᠡᠷᠬᠢᠯᠡᠬᠦ ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ ᠠᠪᠴᠦ᠂ ᠰᠢᠶᠠᠨ ᠤ  ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ ᠰᠢᠶᠠᠨ ᠤ  ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ  ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ  ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ  ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ  ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃      ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠢ ᠡᠷᠭᠡᠪᠰᠢ ᠴᠢᠩᠭ᠎ᠠ ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂  ᠰᠢᠭᠤᠳ ᠬᠠᠷᠢᠶ᠎ᠠ ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ ᠪᠤᠰᠤ ᠠᠵᠢᠯ ᠲᠦᠷᠦᠯ  ᠪᠤᠯᠤᠨ ᠡᠵᠡᠩᠨᠡᠬᠦ ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ  ᠪᠤᠯᠤᠨ᠎ᠠ᠃       ᠵᠢᠷᠠᠨ ᠨᠢᠭᠡᠳᠦᠭᠡᠷ ᠵᠦᠢᠯ  ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂  ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ  ᠪᠠᠶᠢᠪᠠᠯ᠂ ᠰᠤᠮᠤ ︵ᠪᠠᠯᠭᠠᠰᠤ︶᠎ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠤᠯᠤᠭᠠᠳ᠂  ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ  ᠱᠠᠳᠤᠨ ᠠᠴᠠ ᠲᠡᠭᠡᠭᠰᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ  ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠶᠤᠰᠤᠭᠠᠷ  ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ  ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ  ᠬᠦᠢᠴᠡᠳᠭᠡᠯ ᠬᠢᠨ᠎ᠡ᠃        ᠵᠢᠷᠠᠨ ᠬᠤᠶᠠᠳᠦᠭᠠᠷ ᠵᠦᠢᠯ  ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ ᠯᠡ  ᠤᠷᠤᠨ ᠰᠠᠭᠤᠴᠠ ᠶᠢᠨ ᠭᠠᠵᠠᠷ ᠲᠠᠢ ᠪᠠᠶᠢᠵᠦ ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ ᠲᠠᠯᠠᠪᠠᠢ  ᠎ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ  ᠭᠡᠳᠦᠷᠡᠵᠦ ᠪᠤᠯᠬᠤ ᠦᠭᠡᠢ᠃   ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠷᠢᠬᠤ ᠳᠠᠭᠠᠨ ᠰᠤᠮᠤ ︵ᠪᠠᠯᠭᠠᠰᠣ︶᠎ ᠶᠢᠨ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ  ᠤᠭ ᠤᠨ ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ ᠲᠤᠳᠤᠷᠠᠬᠢ ᠰᠤᠯᠠ ᠭᠠᠵᠠᠷ ᠢ ᠬᠡᠷᠡᠭᠯᠡᠬᠦ ᠬᠡᠷᠡᠭᠲᠠᠢ᠃      ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶ ᠎ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ  ᠵᠠᠰᠠᠭ ᠤᠨ ᠣᠷᠳᠤᠨ ᠢᠶᠠᠷ ᠵᠦᠪᠰᠢᠶᠡᠷᠡᠬᠦᠯᠦᠨ᠎ᠡ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ  ᠬᠡᠷᠡᠭᠯᠡᠬᠦ ᠳᠤ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃      ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂  ᠲᠦᠷᠢᠶᠡᠰᠦᠯᠡᠬᠦᠯᠦᠭᠰᠡᠨ ᠤ ᠲᠠᠷᠠᠭ᠎ᠠ ᠲᠠᠬᠢᠨ ᠤᠷᠤᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ  ᠵᠦᠪᠰᠢᠶᠡᠷᠡᠬᠦ ᠦᠭᠡᠢ᠃        ᠵᠢᠷᠠᠨ ᠭᠤᠷᠪᠠᠳᠤᠭᠠᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ  ᠡᠷᠭᠡ ᠶᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ  ᠪᠠᠶᠢᠭᠤᠯᠤᠯᠳᠠ ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ︔ ᠭᠡᠪᠡᠴᠦ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ  ᠶᠤᠰᠤᠭᠠᠷ ᠤᠯᠤᠭᠰᠠᠨ ᠠᠵᠦ ᠠᠬᠤᠶᠢᠯᠠᠯ ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ  ᠬᠡᠷᠡᠭᠯᠡᠬᠦ ᠡᠷᠭᠡ ᠪᠠᠨ ᠬᠠᠤᠯᠢ ᠶᠤᠰᠤᠭᠠᠷ ᠰᠢᠯᠵᠢᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃       ᠵᠢᠷᠠᠨ ᠲᠦᠷᠪᠡᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ  ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ  ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃        ᠵᠢᠷᠠᠨ ᠲᠠᠪᠤᠳᠤᠭᠠᠷ ᠵᠦᠢᠯ  ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂  ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ  ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ  ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄      ︵ᠨᠢᠭᠡ︶ ᠰᠤᠮᠤ ︵ᠪᠠᠯᠭᠠᠰᠤ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ  ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔       ︵ᠬᠤᠶᠠᠷ︶ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ ᠡᠰᠡ ᠬᠡᠷᠡᠭᠯᠡᠭᠰᠡᠨ︔      ︵ᠭᠤᠷᠪᠠ︶ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ  ᠎ ᠪᠠᠨ ᠪᠤᠯᠢᠭᠰᠠᠨ᠃      ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ  ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ  ᠬᠦᠮᠦᠨ ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃
 
ᠢᠷᠡᠯᠲᠡ᠄ ᠲᠤᠮᠳᠠᠳᠤ ᠤᠯᠤᠰ ᠬᠦᠬᠡᠬᠤᠳᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1