| | | ᠢᠨᠲ᠋ᠧᠷ ᠰᠦᠯᠵᠢᠶᠡᠨ ᠤ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ᠵᠠᠰᠠᠭ ᠤᠨ ᠣᠷᠳᠣᠨ ᠤ | ᠰᠦᠯᠵᠢᠶ᠎ᠡ ᠶᠢᠨ ᠪᠠᠶᠢᠷᠢ ᠰᠠᠭᠤᠷᠢ ᠤᠯᠠᠮ ᠠᠴᠠ ᠤᠯᠠᠮ ᠴᠢᠬᠤᠯᠠ ᠪᠣᠯᠵᠠᠢ᠃ ᠨᠢᠭᠡᠳᠦᠯᠲᠡᠢ ᠳᠡᠭᠡᠪᠦᠷ ᠵᠢᠷᠤᠭ | ᠲᠥᠯᠥᠪᠯᠡᠭᠡ ᠪᠣᠯᠣᠨ ᠰᠢᠨᠵᠢᠯᠡᠬᠦ ᠤᠬᠠᠭᠠᠨᠴᠢ ᠵᠢᠷᠤᠮᠯᠠᠯ ᠪᠠᠷᠢᠮᠵᠢᠶ᠎ᠠ ᠲᠤᠲᠠᠭᠰᠠᠨ ᠠᠴᠠ ᠪᠣᠯᠵᠤ᠂ ᠵᠠᠰᠠᠭ ᠤᠨ | ᠣᠷᠳᠣᠨ ᠤ ᠰᠦᠯᠵᠢᠶ᠎ᠡ ᠳᠤ ᠪᠥᠳᠥᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠨᠢ | ᠲᠣᠳᠣᠷᠬᠠᠶ ᠦᠭᠡᠢ᠂ ᠰᠦᠯᠵᠢᠶ᠎ᠡ ᠨᠡᠭᠡᠭᠡᠵᠦ ᠵᠣᠭᠰᠤᠭᠠᠬᠤ ᠨᠢ ᠡᠮᠬᠢ ᠵᠢᠷᠤᠮ ᠦᠭᠡᠶ ᠳᠤᠷ᠎ᠠ ᠪᠠᠷ ᠢᠶᠠᠨ ᠪᠠᠶᠢᠬᠤ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ ︽ᠵᠢᠭᠠᠯᠲᠠ︾ ᠨᠢ ᠪᠥᠬᠦ ᠤᠯᠤᠰ ᠤᠨ ᠵᠠᠰᠠᠭ ᠤᠨ ᠣᠷᠳᠣᠨ ᠤ | ᠰᠦᠯᠵᠢᠶ᠎ᠡ ᠶᠢᠨ ᠪᠠᠶᠢᠭᠤᠯᠤᠯᠲᠠ ᠬᠥᠭᠵᠢᠯᠲᠡ ᠳᠤ ᠲᠣᠳᠣᠷᠬᠠᠶ ᠵᠢᠷᠤᠮᠯᠠᠯ ᠭᠠᠷᠭᠠᠪᠠ᠃ | ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠤᠨ ᠣᠷᠳᠣᠨ ᠤ | ᠰᠦᠯᠵᠢᠶ᠎ᠡ ᠶᠢᠨ ᠬᠥᠭᠵᠢᠯᠲᠡ ᠶᠢᠨ ᠵᠢᠭᠠᠯᠲᠠ︾ ︵︽ᠵᠢᠭᠠᠯᠲᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ | ᠲᠠᠷᠬᠠᠭᠠᠵᠤ᠂ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠭᠤᠯᠤᠯᠲᠠ ᠶᠢᠨ ᠬᠥᠭᠵᠢᠯᠲᠡ ᠶᠢᠨ | ᠲᠤᠬᠠᠶ ᠲᠣᠳᠣᠷᠬᠠᠶ ᠵᠢᠷᠤᠮᠯᠠᠯ ᠭᠠᠷᠭᠠᠭᠰᠠᠨ ᠪᠠᠶᠢᠨ᠎ᠠ᠃ | 2015 ᠣᠨ ᠠᠴᠠ ᠨᠠᠰᠢᠬᠢ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ ᠪᠣᠯᠣᠨ | ᠰᠤᠭᠤᠴᠢᠨ ᠪᠠᠶᠢᠴᠠᠭᠠᠯᠲᠠ ᠪᠣᠯ ᠪᠡᠯᠡᠳᠬᠡᠯ ᠠᠵᠢᠯ ᠪᠣᠯᠣᠨ᠎ᠠ ᠭᠡᠪᠡᠯ ︽ᠵᠢᠭᠠᠯᠲᠠ︾ ᠪᠣᠯ ᠳᠠᠷᠤᠶ ᠭᠤᠣᠯ ᠠᠭᠤᠯᠭ᠎ᠠ | ᠪᠣᠯᠣᠨ᠎ᠠ᠃ ︽ᠵᠢᠭᠠᠯᠲᠠ︾ ᠳᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠬᠢᠵᠤ ᠬᠥᠭᠵᠢᠭᠰᠡᠨ ᠰᠠᠶᠢᠨ ᠵᠠᠮ | ᠱᠤᠭᠤᠮ ᠢ ᠬᠠᠷᠠᠭᠤᠯᠵᠤ᠂ ᠬᠢᠷᠢ ᠲᠡᠩᠴᠡᠬᠦ ᠳᠣᠣᠷ᠎ᠠ ᠱᠠᠭᠠᠷᠳᠠᠯᠭ᠎ᠠ ᠳᠡᠭᠡᠷ᠎ᠡ᠂ ᠪᠠᠰᠠ ᠥᠨᠳᠥᠷ ᠲᠥᠪᠰᠢᠨ ᠤ | ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠵᠣᠭᠰᠣᠯᠲᠠ ᠨᠢ ᠨᠡᠩ ᠥᠨᠳᠥᠷ᠂ ᠬᠡᠪᠴᠢᠶ᠎ᠡ ᠨᠢ ᠨᠡᠩ ᠥᠷᠭᠡᠨ᠂ | ᠲᠥᠷᠥᠯ ᠠᠩᠭᠢᠯᠠᠯ ᠨᠢ ᠨᠡᠩ ᠨᠠᠷᠢᠨ ᠪᠦᠲᠦᠭᠡᠨ ᠪᠠᠶᠢᠭᠤᠯᠤᠯᠲᠠ ᠶᠢᠨ ᠵᠠᠮ ᠢ ᠳᠤᠷᠠᠳᠤᠭᠰᠠᠨ ᠠᠴᠠ᠂ ᠠᠵᠢᠯ | ᠲᠥᠷᠥᠯ ᠤᠨ ᠬᠢᠨ ᠳᠡᠭᠡᠳᠦ ᠬᠡᠮᠵᠢᠶᠡᠨ ᠤ ᠠᠩᠬᠠᠷᠤᠯ ᠢᠶᠠᠨ ᠲᠠᠯᠪᠢᠭᠰᠠᠨ ᠪᠠᠶᠢᠨ᠎ᠠ᠃ ᠡᠨᠡ ᠬᠦ ᠪᠥᠬᠦ ᠤᠯᠤᠰ ᠤᠨ | ᠵᠠᠰᠠᠭ ᠤᠨ ᠣᠷᠳᠣᠨ ᠤ ᠰᠦᠯᠵᠢᠶ᠎ᠡ ᠶᠢᠨ ᠲᠤᠬᠠᠶ ᠳᠡᠭᠡᠪᠦᠷ ᠵᠢᠷᠤᠭ ᠲᠥᠯᠥᠪᠯᠡᠭᠡ ᠬᠢᠭᠰᠡᠨ ᠪᠢᠴᠢᠭ ᠮᠠᠲ᠋ᠧᠷᠢᠶᠠᠯ ᠨᠢ | ᠬᠤᠶᠢᠰᠢᠳᠠ ᠶᠢᠨ ᠮᠠᠰᠢ ᠤᠷᠳᠤ ᠬᠤᠭᠤᠴᠠᠭᠠᠨ ᠤ ᠳᠣᠲᠣᠷ᠎ᠠ᠂ ᠵᠠᠰᠠᠭ ᠤᠨ ᠣᠷᠳᠣᠨ ᠤ ᠰᠦᠯᠵᠢᠶ᠎ᠡ ᠶᠢᠨ | ᠪᠠᠶᠢᠭᠤᠯᠤᠯᠲᠠ ᠶᠢ ᠪᠦᠲᠦᠮᠵᠢᠲᠡᠢ ᠪᠠᠷ ᠵᠢᠷᠤᠮᠵᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ | ᠰᠢᠨ᠎ᠡ ᠶᠢ ᠡᠭᠦᠳᠬᠦ ᠬᠥᠭᠵᠢᠯᠲᠡ ᠶᠢ ᠬᠦᠲᠦᠯᠦᠨ ᠳᠠᠭᠠᠭᠤᠯᠵᠤ᠂ ᠵᠠᠰᠠᠭ ᠤᠨ ᠣᠷᠳᠣᠨ ᠤ ᠰᠦᠯᠵᠢᠶ᠎ᠡ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠂ | ᠤᠯᠤᠰ ᠣᠷᠣᠨ ᠢ ᠵᠠᠰᠠᠬᠤ ᠰᠢᠰᠲ᠋ᠧᠮᠵᠢ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠮᠡᠳᠡᠭᠡ | ᠵᠠᠩᠭᠢᠵᠢᠯᠲᠠ ᠪᠠᠷ ᠲᠦᠯᠬᠢᠨ ᠠᠬᠢᠭᠤᠯᠬᠤ ᠪᠣᠯᠣᠨ᠎ᠠ᠃ | ᠵᠠᠰᠠᠭ ᠤᠨ ᠣᠷᠳᠣᠨ ᠤ ᠰᠦᠯᠵᠢᠶ᠎ᠡ ᠠᠵᠢᠯᠯᠠᠭᠠᠨ ᠤ ᠵᠦᠭᠯᠡᠭᠦᠷ ᠲᠠᠢ ᠪᠣᠯᠪᠠ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠦᠷᠦ ᠶᠢᠨ | ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠪᠠᠶᠢᠭᠤᠯᠵᠤ᠂ | ᠵᠠᠷᠴᠢᠮ ᠳᠡᠭᠡᠷ᠎ᠡ ᠪᠠᠨ ᠨᠢᠭᠡ ᠨᠢᠭᠡᠴᠡ ᠬᠠᠮᠤᠭ ᠤᠨ ᠣᠯᠠᠨ ᠳᠠᠭᠠᠨ ᠨᠢᠭᠡ ᠰᠦᠯᠵᠢᠶ᠎ᠡ ᠪᠠᠶᠢᠭᠤᠯᠤᠨ᠂ ᠰᠢᠶᠡᠩ | ᠪᠠᠯᠭᠠᠰᠤ᠂ ᠵᠡᠭᠡᠯᠢ ᠭᠤᠳᠤᠮᠵᠢ ᠨᠢ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠪᠠᠶᠢᠭᠤᠯᠬᠤ | ᠦᠭᠡᠢ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠬᠤᠳᠠᠯᠳᠤᠭᠠᠨ ᠤ ᠵᠠᠷ ᠨᠡᠶᠢᠲᠡᠯᠡᠬᠦ ᠪᠤᠶᠤ ᠬᠤᠳᠠᠯᠳᠤᠭᠠᠨ ᠤ | ᠵᠠᠷ ᠬᠠᠭᠤᠳᠠᠰᠤ ᠴᠦᠷᠬᠡᠯᠡᠬᠦ ᠶᠢ ᠡᠷᠡᠰ ᠴᠠᠭᠠᠵᠠᠯᠠᠨ᠎ᠠ …… ︽ᠵᠢᠭᠠᠯᠲᠠ︾ ᠳᠤ ᠵᠠᠷᠢᠮ ᠶᠠᠷᠢᠶ᠎ᠠ ᠬᠡᠯᠡᠯᠴᠡᠭᠡᠨ ᠤ | ᠠᠩᠬᠠᠷᠤᠯ ᠤᠨ ᠴᠡᠭ ᠲᠤ ᠲᠣᠳᠣᠷᠬᠠᠶ ᠬᠠᠷᠢᠭᠤᠯᠲᠠ ᠥᠭᠭᠦᠭᠰᠡᠨ ᠢ ᠬᠢᠨᠠᠮᠠᠭᠠᠢ ᠣᠩᠰᠢᠭᠴᠢᠳ ᠣᠯᠵᠣ ᠬᠠᠷᠠᠵᠤ | ᠪᠣᠯᠣᠨ᠎ᠠ᠃ ᠭᠡᠬᠦ ᠳᠡᠭᠡᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠶᠢᠳᠦᠯ ᠠᠴᠠ ᠨᠡᠭᠡᠭᠡᠨ ᠡᠷᠬᠢᠯᠡᠬᠦ ᠴᠤᠪᠤᠷᠠᠯ | ᠬᠦᠷᠲᠡᠯ᠎ᠡ᠂ ︽ᠵᠢᠭᠠᠯᠲᠠ︾ ᠳᠤ ᠴᠥᠮ ᠨᠠᠷᠢᠰᠬᠠᠭᠰᠠᠨ ᠲᠣᠭᠲᠠᠭᠠᠯ ᠭᠠᠷᠭᠠᠵᠠᠶ᠂ ᠵᠠᠰᠠᠭ ᠤᠨ ᠣᠷᠳᠣᠨ ᠤ | ᠰᠦᠯᠵᠢᠶ᠎ᠡ ᠶᠢᠨ ᠲᠤᠯᠭᠠᠷᠠᠵᠤ ᠮᠡᠳᠡᠬᠦ ᠠᠰᠠᠭᠤᠳᠠᠯ ᠤᠳ ᠢ ᠴᠥᠮ ᠵᠢᠷᠤᠮᠵᠢᠭᠰᠠᠨ ᠵᠠᠮ ᠮᠥᠷ ᠲᠤ ᠲᠠᠲᠠᠨ | ᠣᠷᠣᠭᠤᠯᠤᠭᠰᠠᠨ ᠨᠢ᠂ ᠥᠩᠭᠡᠷᠡᠭᠰᠡᠨ ᠤ ᠵᠢᠷᠤᠮᠯᠠᠬᠤ ᠪᠠᠷ ᠳᠦᠷᠢᠮ ᠪᠠᠶᠢᠬᠤ ᠦᠭᠡᠢ ᠴᠠᠭ ᠦᠶ᠎ᠡ ᠠᠴᠠ | ᠲᠦᠢᠯᠪᠤᠷᠢᠲᠠᠶ ᠰᠠᠯᠤᠭᠰᠠᠨ ᠪᠠᠶᠢᠨ᠎ᠠ᠃ ᠪᠠᠰᠠ ᠵᠢᠱᠢᠶᠡᠯᠡᠪᠡᠯ᠂ ︽ᠵᠢᠭᠠᠯᠲᠠ︾ ᠳᠤ ᠡᠯ᠎ᠡ ᠰᠦᠯᠵᠢᠶ᠎ᠡ ᠶᠢ | ᠳᠣᠣᠷ᠎ᠠ ᠬᠡᠰᠡᠭ ᠤᠨ ᠢᠶᠠᠨ ᠴᠢᠳᠠᠮᠵᠢᠲᠦ ᠪᠣᠯᠣᠩ ᠳᠤ ᠭᠤᠣᠯᠯᠠᠨ ᠡᠷᠬᠢᠯᠡᠭᠰᠡᠨ ᠨᠢᠭᠡᠴᠡ ᠵᠢᠴᠢ ᠬᠠᠷᠢᠯᠴᠠᠬᠤ ᠠᠷᠭ᠎ᠠ | ᠮᠠᠶ᠋ᠢᠭ ᠢ ᠵᠢᠭᠰᠠᠭᠠᠨ ᠲᠤᠲᠤᠷᠬᠠᠶᠢᠯᠠᠬᠤ ᠶᠢ ᠱᠠᠭᠠᠷᠳᠠᠵᠠᠢ᠃ ᠵᠠᠰᠠᠭ ᠤᠨ ᠣᠷᠳᠣᠨ ᠤ ᠰᠦᠯᠵᠢᠶ᠎ᠡ ᠶᠢᠨ ᠬᠡᠪ ᠮᠠᠶ᠋ᠢᠭ᠂ | ᠭᠤᠣᠯ ᠡᠯᠧᠮᠧᠨ᠋ᠲ ᠵᠡᠷᠭᠡ ᠳᠡᠯᠭᠡᠮᠡᠯ ᠪᠠᠶᠢᠷᠢᠰᠢᠯ ᠪᠦᠬᠦᠨ ᠳᠤ ᠴᠥᠮ ᠲᠣᠳᠣᠷᠬᠠᠶ ᠲᠣᠭᠲᠠᠭᠠᠯ ᠭᠠᠷᠭᠠᠵᠤ᠂ | ᠵᠠᠰᠠᠭ ᠤᠨ ᠣᠷᠳᠣᠨ ᠤ ᠰᠦᠯᠵᠢᠶ᠎ᠡ ᠶᠢᠨ ᠵᠢᠷᠤᠭ ᠲᠥᠯᠥᠪᠯᠡᠭᠡ ᠵᠡᠷᠭᠡ ᠲᠠᠯ᠎ᠠ ᠶᠢᠨ ᠪᠠᠷᠢᠮᠵᠢᠶᠠᠴᠢᠯᠠᠭᠰᠠᠨ | ᠱᠠᠭᠠᠷᠳᠠᠯᠭ᠎ᠠ ᠶᠢ ᠠᠩᠬ᠎ᠠ ᠤᠳᠠᠭ᠎ᠠ ᠲᠤᠲᠤᠷᠬᠠᠶᠢᠯᠠᠨ᠂ ᠲᠣᠪᠴᠢ ᠣᠶᠢᠯᠠᠭᠠᠮᠵᠢᠲᠠᠶ ᠪᠦᠭᠡᠳ ᠴᠡᠪᠡᠷ ᠰᠠᠶᠢᠬᠠᠨ | ᠪᠠᠭᠲᠠᠭᠠᠮᠵᠢᠲᠠᠢ ᠬᠡᠪ ᠨᠠᠮᠪᠠ ᠲᠠᠢ ᠪᠠᠶᠢᠬᠤ ᠶᠢ ᠰᠤᠷᠲᠠᠯᠴᠢᠯᠠᠵᠠᠢ᠂ ᠥᠭᠡᠷ᠎ᠡ ᠪᠠᠷ ᠬᠡᠯᠡᠪᠡᠯ ︽ᠰᠦᠯᠵᠢᠶᠡᠨ ᠳᠡᠭᠡᠷᠡᠬᠢ | ᠵᠠᠰᠠᠭ ᠤᠨ ᠣᠷᠳᠣᠨ︾ ᠳᠤ ᠨᠢᠭᠡᠨ ᠵᠠᠰᠠᠯ ᠴᠢᠮᠡᠭᠯᠡᠯ ᠤᠨ ᠪᠠᠷᠢᠯᠭ᠎ᠠ ᠶᠢᠨ ᠵᠢᠷᠤᠭ ᠢ ᠵᠢᠷᠤᠵᠤ ᠥᠭᠴᠡᠢ᠃ | ︽ᠵᠢᠭᠠᠯᠲᠠ︾ ᠳᠤ ᠪᠠᠰᠠ ᠡᠷᠴᠢᠮᠵᠢᠭᠦᠯᠬᠦ ᠪᠣᠯ ᠵᠠᠰᠠᠭ ᠤᠨ ᠣᠷᠳᠣᠨ ᠤ ᠰᠦᠯᠵᠢᠶ᠎ᠡ ᠶᠢᠨ ︽ ᠮᠡᠳᠡᠭᠡ | ᠵᠠᠩᠭᠢ ᠶᠢᠨ ᠲᠤᠰᠠᠭᠠᠷᠯᠠᠯ︾ ︽ᠳ᠋ᠠᠶᠢᠲ᠋ᠠ ᠤᠨ ᠲᠥᠭᠵᠢᠷᠡᠯ︾ ᠵᠡᠷᠭᠡ ᠠᠰᠠᠭᠤᠳᠠᠯ ᠢ ᠰᠢᠶᠳᠪᠦᠷᠢᠯᠡᠬᠦ ᠪᠦᠲᠦᠮᠵᠢᠲᠡᠶ | ᠠᠷᠭ᠎ᠠ ᠵᠠᠮ ᠪᠣᠯᠬᠤ ᠶᠢ ᠵᠢᠭᠠᠵᠤ ᠭᠠᠷᠭᠠᠨ᠂ ᠵᠠᠰᠠᠭ ᠤᠨ ᠣᠷᠳᠣᠨ ᠤ ᠰᠦᠯᠵᠢᠶ᠎ᠡ ᠶᠢᠨ ᠥᠪᠡᠷᠮᠢᠴᠡᠵᠢᠭᠦᠯᠦᠭᠰᠡᠨ | ᠦᠢᠯᠡᠴᠢᠯᠡᠭᠡ᠂ ᠨᠡᠭᠡᠭᠡᠯᠲᠡᠲᠦ ᠪᠦᠲᠦᠴᠡ᠂ ᠲᠣᠮᠣ ᠳ᠋ᠠᠶᠢᠲ᠋ᠠ ᠪᠠᠷ ᠲᠤᠯᠭᠠᠭᠤᠷᠢᠯᠠᠬᠤ᠂ ᠣᠯᠠᠨ ᠠᠷᠭ᠎ᠠ ᠵᠠᠮ ᠢᠶᠠᠷ | ᠥᠷᠭᠡᠳᠬᠡᠬᠦ ᠵᠡᠷᠭᠡ ᠰᠢᠨ᠎ᠡ ᠶᠢ ᠡᠭᠦᠳᠬᠦ ᠬᠥᠭᠵᠢᠯᠲᠡ ᠶᠢᠨ ᠴᠢᠭᠯᠡᠯ ᠢ ᠳᠤᠷᠠᠳᠪᠠ᠃ | ᠲᠤᠰᠬᠠᠶ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ︽ᠵᠢᠭᠠᠯᠲᠠ︾ ᠳᠤ ᠨᠠᠷᠢᠨ ᠵᠦᠢᠯ ᠤᠨ ᠱᠠᠭᠠᠷᠳᠠᠯᠭ᠎ᠠ᠂ | ᠨᠠᠭᠠᠳᠤ ᠵᠠᠬ᠎ᠠ ᠶᠢᠨ ᠱᠠᠭᠠᠷᠳᠠᠯᠭ᠎ᠠ ᠪᠠᠶᠢᠬᠤ ᠮᠥᠷᠲᠡᠭᠡᠨ ᠪᠠᠰᠠ ᠨᠡᠭᠡᠭᠡᠯᠲᠡᠲᠦ ᠬᠡᠯᠪᠡᠷᠢ ᠶᠢᠨ ᠱᠠᠭᠠᠷᠳᠠᠯᠭ᠎ᠠ | ᠪᠠᠶᠢᠬᠤ ᠠᠴᠠ᠂ ᠢᠷᠡᠭᠡᠳᠦᠶ ᠶᠢᠨ ᠴᠢᠭᠯᠡᠯ ᠢ ᠵᠢᠭᠠᠨ ᠲᠤᠲᠤᠷᠬᠠᠶᠢᠯᠠᠭᠰᠠᠨ ᠪᠠᠶᠢᠨ᠎ᠠ᠃ ᠡᠨᠡ ᠬᠦ ᠵᠠᠰᠠᠭ ᠤᠨ | ᠣᠷᠳᠣᠨ ᠤ ᠰᠦᠯᠵᠢᠶ᠎ᠡ ᠶᠢᠨ ᠬᠥᠭᠵᠢᠯᠲᠡ ᠶᠢᠨ ︽ᠠᠵᠢᠯᠯᠠᠭ᠎ᠠ ᠶᠢᠨ ᠵᠦᠭᠯᠡᠭᠦᠷ︾ ᠭᠡᠬᠦ ᠪᠤᠶᠤ ︽ᠲᠠᠶᠢᠯᠪᠤᠷᠢ | ᠪᠢᠴᠢᠭ︾ ᠨᠢ ᠤᠯᠤᠰ ᠣᠷᠣᠨ ᠤ ᠵᠠᠰᠠᠯᠲᠠ ᠯᠤᠭ᠎ᠠ ᠨᠢᠭᠲᠠ ᠬᠤᠯᠪᠣᠭ᠎ᠠ ᠪᠠᠷᠢᠯᠴᠠᠵᠤ᠂ ᠬᠤᠵᠢᠮ ᠢᠷᠡᠭᠡᠳᠦᠶ ᠳᠤ | ᠣᠯᠠᠨ ᠨᠡᠶᠢᠲᠡ ᠶᠢᠨ ᠠᠮᠢᠳᠤᠷᠠᠯ ᠢ ᠯᠠᠪᠲᠠᠶ ᠭᠦᠨᠵᠡᠭᠡᠶ ᠨᠥᠯᠥᠭᠡᠯᠡᠬᠦ ᠪᠣᠯᠣᠨ᠎ᠠ᠃ | ᠠᠰᠠᠭᠤᠳᠠᠯ ᠢ ᠰᠢᠶᠳᠪᠦᠷᠢᠯᠡᠬᠦ ᠳᠤ ᠮᠠᠰᠢ ᠶᠡᠭᠡ ᠠᠵᠢᠯᠯᠠᠪᠤᠷᠢ ᠶᠢᠨ ᠴᠢᠨᠠᠷ ᠲᠠᠢ | ᠥᠩᠭᠡᠷᠡᠭᠰᠡᠨ ᠳᠤ᠂ ᠵᠠᠰᠠᠭ ᠤᠨ ᠣᠷᠳᠣᠨ ᠤ ᠰᠦᠯᠵᠢᠶᠡᠨ ᠳᠤ᠂ ᠵᠠᠷᠢᠮ ᠦᠬᠦᠰᠢᠷᠡᠮᠡᠯ ᠰᠦᠯᠵᠢᠶ᠎ᠡ᠂ ᠬᠠᠴᠢᠨ | ᠰᠣᠨᠢᠨ ᠬᠠᠷᠢᠭᠤᠯᠲᠠ ᠵᠡᠷᠭᠡ ᠨᠢ ᠣᠯᠠᠨ ᠲᠦᠮᠡᠨ ᠳᠤ ᠵᠢᠮᠡᠯᠡᠭᠳᠡᠵᠦ᠂ ᠵᠠᠰᠠᠭ ᠤᠨ ᠣᠷᠳᠣᠨ ᠤ ᠳᠦᠷᠢ ᠲᠥᠷᠬᠦ ᠶᠢ | ᠶᠡᠬᠡᠳᠡ ᠨᠥᠯᠥᠭᠡᠯᠡᠪᠡ᠃ ᠲᠡᠳᠡᠭᠡᠷ ᠨᠢ ︽ᠵᠠᠰᠠᠭ ᠤᠨ ᠣᠷᠳᠣᠨ ᠤ ᠴᠢᠷᠠᠶ ᠳᠠᠬᠢ ᠰᠣᠷᠪᠢ︾ ᠭᠡᠵᠦ ᠨᠡᠷᠡᠯᠡᠭᠳᠡᠵᠦ᠂ | ᠡᠰᠡ ᠦᠢᠯᠡᠳᠬᠦᠢ᠂ ᠬᠡᠯᠪᠡᠷᠢ ᠶᠢᠨ ᠦᠵᠡᠯ ᠶᠠᠪᠤᠭᠤᠯᠬᠤ ᠶᠢᠨ ᠴᠢᠬᠤᠯᠠ ᠵᠢᠱᠢᠶ᠎ᠡ ᠪᠠᠷᠢᠮᠲᠠ ᠪᠣᠯᠪᠠ᠃ | 2015 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠠᠩᠬᠠᠳᠤᠭᠠᠷ | ᠤᠳᠠᠭᠠᠨ ᠤ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠦᠭᠰᠡᠨ ᠠᠴᠠ ᠨᠠᠰᠢ᠂ ᠨᠠᠷᠢᠨ ᠪᠠᠶᠢᠳᠠᠯ ᠢ ᠣᠶᠢᠯᠠᠭᠠᠬᠤ ᠪᠠᠷ ᠳᠠᠮᠵᠢᠭᠤᠯᠤᠨ᠂ ︽ᠠᠮᠵᠢᠭᠰᠠᠨ | ᠦᠭᠡᠢ᠂ ᠣᠨᠣᠪᠴᠢ ᠦᠭᠡᠶ᠂ ᠬᠠᠷᠢᠭᠤ ᠦᠭᠡᠶ᠂ ᠪᠣᠳᠠᠲᠠᠶ ᠬᠡᠷᠡᠭᠯᠡᠭᠡ ᠳᠤ ᠥᠯᠥ ᠳᠣᠭᠢᠷᠠᠬᠤ︾ ᠵᠡᠷᠭᠡ ᠠᠰᠠᠭᠤᠳᠠᠯ ᠢ | ᠠᠩᠬ᠎ᠠ ᠠᠯᠬᠤᠮ ᠰᠢᠶᠳᠪᠦᠷᠢᠯᠡᠪᠡ᠃ 2016 ᠣᠨ ᠳᠤ ᠬᠢᠨᠠᠯᠲᠠ ᠬᠠᠮᠢᠶᠠᠷᠤᠯᠲᠠ ᠶᠢᠨ ᠪᠠᠶᠢᠩᠭᠤ ᠶᠢᠨ | ᠲᠣᠭᠲᠠᠴᠠ ᠶᠢ ᠪᠠᠶᠢᠭᠤᠯᠦᠭ᠌ᠰᠠᠨ ᠠᠴᠠ ᠨᠠᠰᠢ᠂ ᠤᠯᠠᠷᠢᠯ ᠪᠦᠷᠢ ᠳᠤ ᠰᠤᠭᠤᠴᠢᠨ ᠪᠠᠶᠢᠴᠠᠭᠠᠯᠲᠠ ᠥᠷᠨᠢᠭᠦᠯᠵᠦ᠂ | ᠵᠠᠰᠠᠭ ᠤᠨ ᠣᠷᠳᠣᠨ ᠤ ᠰᠦᠯᠵᠢᠶᠡᠨ ᠤ ᠤᠷᠳᠤ ᠬᠤᠭᠤᠴᠠᠭᠠᠨ ᠤ ᠲᠤᠷᠰᠢ ᠬᠢ ︽ᠲᠠᠷᠠᠬᠠᠶ ᠪᠤᠲᠠᠷᠬᠠᠶ᠂ ᠡᠮᠬᠢ | ᠵᠠᠮᠪᠠᠷᠠᠭ᠎ᠠ ᠦᠭᠡᠢ᠂ ᠪᠠᠷᠤᠭᠲᠠᠢ ᠪᠠᠶᠢᠬᠤ︾ ᠵᠡᠷᠭᠡ ᠪᠠᠶᠢᠳᠠᠯ ᠢ ᠰᠠᠶᠢᠵᠢᠷᠠᠭᠤᠯᠪᠠ᠃ | ᠭᠡᠪᠡᠴᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠪᠠ ︽ᠪᠠᠭᠤᠯᠭᠠᠬᠤ᠂ | ᠬᠠᠮᠢᠶᠠᠷᠬᠤ᠂ ᠦᠶᠯᠡᠴᠢᠯᠡᠬᠦ︾ ᠶᠢᠨ ᠲᠦᠯᠬᠢᠨ ᠠᠬᠢᠭᠤᠯᠬᠤ ᠶᠢ ᠳᠠᠭᠠᠯᠳᠤᠨ᠂ ᠢᠨᠲ᠋ᠧᠷ ᠰᠦᠯᠵᠢᠶᠡᠨ ᠤ ᠴᠠᠭ ᠦᠶ᠎ᠡ | ᠬᠦᠷᠴᠦ ᠢᠷᠡᠬᠦ ᠶᠢ ᠳᠠᠭᠠᠯᠳᠤᠨ᠂ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠷᠢ ᠰᠠᠭᠤᠷᠢ ᠤᠯᠠᠮ ᠠᠴᠠ ᠤᠯᠠᠮ | ᠴᠢᠬᠤᠯᠠ ᠪᠤᠯᠵᠦ ᠢᠷᠡᠪᠡ᠃ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠪᠦᠬᠦ ᠲᠠᠯ᠎ᠠ ᠪᠠᠷ | ᠲᠦᠯᠬᠢᠨ ᠠᠬᠢᠭᠤᠯᠬᠤ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠶᠢ ᠣᠯᠠᠨ ᠤᠳᠠᠭ᠎ᠠ ᠳᠤᠷᠠᠳᠤᠨ ᠭᠠᠷᠭᠠᠵᠤ᠂ | ᠵᠠᠰᠠᠭ ᠤᠨ ᠣᠷᠳᠣᠨ ᠤ ᠰᠦᠯᠵᠢᠶ᠎ᠡ ᠶᠢ ᠵᠠᠰᠠᠭ ᠤᠨ ᠶᠠᠪᠤᠳᠠᠯ ᠢ ᠨᠡᠩ ᠪᠦᠬᠦ ᠲᠠᠯ᠎ᠠ ᠪᠠᠷ ᠢᠯᠡ ᠪᠣᠯᠭᠠᠬᠤ ᠲᠠᠪᠴᠠᠩ᠂ | ᠲᠦᠷᠦ ᠶᠢᠨ ᠪᠤᠳᠤᠯᠭ᠎ᠠ ᠶᠢ ᠨᠡᠶᠢᠲᠡᠯᠡᠨ ᠲᠠᠶᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠨᠡᠩ | ᠡᠷᠬᠡ ᠰᠦᠷ ᠲᠠᠢ ᠲᠠᠪᠴᠠᠩ᠂ ᠠᠩᠬᠠᠷᠤᠯ ᠬᠠᠯᠠᠮᠰᠢᠯ ᠳᠤ ᠨᠡᠩ ᠴᠠᠭ ᠲᠤᠬᠠᠶ ᠳᠤᠨᠢ ᠬᠠᠷᠢᠭᠤ ᠲᠤᠰᠬᠠᠬᠤ ᠪᠠ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ | | ᠭᠡᠪᠡᠴᠦ᠂ ᠵᠠᠰᠠᠭ ᠤᠨ ᠣᠷᠳᠣᠨ ᠤ ᠰᠦᠯᠵᠢᠶ᠎ᠡ ᠨᠦᠭᠦᠳ ᠲᠡᠪᠰᠢᠵᠤ ᠪᠠᠶᠢᠭ᠎ᠠ ᠶᠢᠨ ᠬᠠᠮᠲᠤ᠂ ᠪᠠᠰᠠ ᠰᠢᠨ᠎ᠡ | ᠱᠠᠭᠠᠷᠳᠠᠯᠭ᠎ᠠ ᠪᠣᠯᠤᠨ ᠰᠢᠶᠳᠪᠦᠷᠢᠯᠡᠬᠦ ᠴᠢᠬᠤᠯᠠ ᠲᠠᠢ ᠠᠰᠠᠭᠤᠳᠠᠯ ᠤᠳ ᠲᠤᠯᠭᠠᠷᠠᠵᠤ ᠪᠠᠶᠢᠨ᠎ᠠ᠃ ᠵᠢᠱᠢᠶᠡᠯᠡᠪᠡᠯ᠂ | ᠨᠢᠭᠡᠳᠦᠯᠲᠡᠶ ᠳᠡᠭᠡᠪᠦᠷ ᠲᠥᠯᠥᠪᠯᠡᠭᠡ ᠪᠣᠯᠤᠨ ᠰᠢᠨᠵᠢᠯᠡᠬᠦ ᠤᠬᠠᠭᠠᠨᠴᠢ ᠵᠢᠷᠤᠮᠵᠢᠯ ᠪᠠᠷᠢᠮᠵᠢᠶ᠎ᠠ ᠲᠤᠲᠠᠭᠳᠠᠵᠤ᠂ | ᠪᠥᠳᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠶ ᠦᠭᠡᠢ᠂ ᠳᠤᠷ᠎ᠠ ᠪᠠᠷ ᠢᠶᠠᠨ | ᠨᠡᠭᠡᠭᠡᠵᠤ ᠡᠷᠬᠢᠯᠡᠨ ᠬᠠᠭᠠᠵᠤ ᠵᠣᠭᠰᠣᠭᠠᠬᠤ᠂ ᠲᠠᠪᠴᠠᠩ ᠤᠨ ᠡᠷᠴᠢᠮᠵᠢᠭᠦᠯᠦᠭᠰᠡᠨ ᠬᠡᠮᠵᠢᠶ᠎ᠡ ᠳᠣᠣᠷ᠎ᠠ᠂ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠳᠤ ᠪᠡᠷᠬᠡ᠂ ᠠᠵᠢᠯᠯᠠᠬᠤ ᠦᠢᠯᠡᠴᠢᠯᠡᠭᠡᠨ ᠤ ᠬᠡᠷᠡᠭᠯᠡᠭᠡᠨ ᠤ | ᠴᠢᠨᠠᠷ ᠢᠶᠠᠷ ᠠᠨᠠᠶ᠂ ᠮᠡᠳᠡᠭᠡ ᠵᠠᠩᠭᠢ ᠶᠢᠨ ᠠᠭᠤᠯᠭ᠎ᠠ ᠶᠢ ᠳᠤᠷ᠎ᠠ ᠪᠠᠷ ᠢᠶᠠᠨ ᠣᠪᠣᠭᠠᠯᠠᠬᠤ᠂ ᠶᠠᠩᠵᠤ ᠪᠦᠷᠢ ᠶᠢᠨ | ᠪᠤᠯᠤᠩ ᠭᠠᠷᠭᠠᠬᠤ᠂ ᠠᠶᠤᠯ ᠦᠭᠡᠢ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠷ ᠪᠠᠭᠤᠷᠠᠶ ᠪᠠᠶᠢᠬᠤ ᠵᠡᠷᠭᠡ | ᠠᠰᠠᠭᠤᠳᠠᠯ ᠣᠷᠣᠰᠢᠵᠤ᠂ ᠰᠦᠯᠵᠢᠶᠡᠨ ᠳᠡᠭᠡᠷᠡᠬᠢ ᠵᠠᠰᠠᠭ ᠤᠨ ᠣᠷᠳᠣᠨ ᠤ ᠡᠷᠬᠡ ᠰᠦᠷᠲᠦ ᠴᠢᠨᠠᠷ᠂ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠪᠠ ᠤᠯᠠᠨ ᠲᠦᠮᠡᠨ ᠤ ᠮᠡᠳᠡᠷᠡᠮᠵᠢ ᠶᠢᠨ ᠰᠡᠳᠬᠢᠯᠭᠡ᠂ ᠬᠦᠷᠲᠡᠮᠵᠢᠲᠦ | ᠲᠥᠷᠥᠭᠳᠡᠯ ᠢ ᠭᠡᠮᠲᠦᠭᠡᠵᠦ᠂ ᠨᠢᠭᠡᠨ ᠵᠢᠭᠠᠨ ᠵᠢᠯᠤᠭᠤᠳᠤᠯᠭ᠎ᠠ ᠪᠠᠷ ᠵᠠᠰᠠᠭ ᠤᠨ ᠣᠷᠳᠣᠨ ᠤ ᠰᠦᠯᠵᠢᠶ᠎ᠡ ᠶᠢᠨ | ᠬᠥᠭᠵᠢᠯᠲᠡ ᠶᠢᠨ ᠪᠦᠳᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠪᠠᠴᠢᠮ ᠬᠡᠷᠡᠭᠴᠡᠭᠡ ᠲᠠᠢ ᠪᠣᠯᠪᠠ᠃ ᠬᠤᠨᠠᠨ | ᠮᠤᠵᠢ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠵᠠᠰᠠᠭ ᠤᠨ ᠣᠷᠳᠣᠨ ᠤ | ᠰᠦᠯᠵᠢᠶᠡᠨ ᠤ ᠭᠠᠵᠠᠷ ᠤᠨ ᠳᠡᠳ᠋ ᠳᠠᠷᠤᠭ᠎ᠠ ᠶᠠᠨ ᠵᠢᠶᠧ ᠢᠯᠡᠳᠬᠡᠭᠰᠡᠨ ᠨᠢ᠂ ︽ᠵᠢᠭᠠᠯᠲᠠ︾ ᠪᠣᠯ ᠪᠦᠬᠦ | ᠤᠯᠤᠰ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶᠡᠨ ᠤ ᠬᠠᠮᠢᠶᠠᠷᠤᠭᠴᠢ ᠪᠠ ᠪᠦᠲᠦᠭᠡᠨ | ᠪᠠᠶᠢᠭᠤᠯᠤᠭᠴᠢ ᠶᠢᠨ ᠬᠦᠰᠡᠭᠰᠡᠭᠡᠷ ᠤᠳᠠᠭᠰᠠᠨ ᠨᠢᠭᠡᠨ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ | ᠲᠣᠩ ᠴᠢᠩᠭ᠎ᠠ ᠵᠢᠯᠣᠭᠤᠳᠬᠤ ᠴᠢᠨᠠᠷ ᠲᠠᠢ᠂ ᠢᠯᠠᠩᠭᠤᠶ᠎ᠠ ᠵᠠᠰᠠᠭ ᠤᠨ ᠣᠷᠳᠣᠨ ᠤ ᠰᠦᠯᠵᠢᠶᠡᠨ ᠤ ᠠᠵᠢᠯ ᠤᠨ | ᠳᠤᠮᠳᠠ ᠣᠷᠣᠰᠢᠵᠤ ᠪᠠᠶᠢᠭ᠎ᠠ ᠡᠮᠵᠡᠭ ᠪᠠ ᠬᠦᠴᠢᠷ ᠲᠦᠪᠡᠭᠲᠡᠶ ᠠᠰᠠᠭᠤᠳᠠᠯ ᠳᠤ ᠴᠢᠭᠯᠡᠭᠦᠯᠦᠭᠡᠳ ᠲᠦᠢᠯ ᠤᠨ | ᠠᠵᠢᠯᠯᠠᠪᠤᠷᠢ ᠶᠢᠨ ᠴᠢᠨᠠᠷ ᠲᠠᠢ ᠰᠢᠢᠳᠪᠦᠷᠢᠯᠡᠬᠦ ᠲᠥᠰᠦᠯ ᠢ ᠬᠠᠩᠭᠠᠪᠠ ᠭᠡᠪᠡ᠃ | ᠡᠷᠴᠢᠮᠵᠢᠭᠦᠯᠬᠦ ᠪᠣᠯ ᠶᠡᠭᠡ ᠬᠠᠨᠳᠤᠰᠢ ᠮᠥᠨ | ᠴᠢᠩᠬᠤᠸᠠ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ | ᠫᠷᠣᠹᠧᠰᠰᠣᠷ ᠮᠧᠩ ᠭᠦᠸᠧ ᠴᠢᠩ ᠰᠤᠷᠪᠤᠯᠵᠢᠯᠠᠭ᠎ᠠ ᠬᠦᠯᠢᠶᠡᠵᠦ ᠢᠯᠡᠳᠬᠡᠭᠰᠡᠨ ᠨᠢ᠂ ︽ᠵᠢᠭᠠᠯᠲᠠ︾ ᠳᠤ ᠠᠷᠠᠳ | ᠲᠦᠮᠡᠨ ᠢᠶᠠᠷ ᠭᠤᠣᠯ ᠪᠣᠯᠭᠠᠬᠤ ᠦᠨᠳᠦᠰᠦᠨ ᠣᠨᠣᠯᠵᠢᠬᠤᠨ ᠢ ᠳᠣᠪᠣᠶᠢᠯᠭᠠᠵᠤ᠂ ᠵᠠᠰᠠᠭ ᠤᠨ ᠣᠷᠳᠣᠨ ᠤ | ᠰᠦᠯᠵᠢᠶ᠎ᠡ ᠶᠢ ᠠᠵᠤ ᠠᠬᠤᠶᠢᠯᠠᠯ ᠪᠣᠯᠣᠨ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ᠶᠡᠬᠡᠬᠡᠨ ᠬᠦᠴᠦ ᠣᠷᠣᠭᠤᠯᠵᠤ ᠪᠠᠶᠢᠭᠠᠳ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠵᠤ᠂ ᠤᠯᠠᠨ | ᠲᠦᠮᠡᠨ ᠢ ᠨᠡᠩ ᠬᠦᠷᠲᠡᠮᠵᠢᠲᠦ ᠲᠥᠷᠥᠭᠳᠡᠯ ᠲᠠᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠲᠤᠯᠠᠳᠠ᠄ ︽ | ᠵᠢᠭᠠᠯᠲᠠ︾ ᠳᠤ ᠡᠷᠴᠢᠮᠵᠢᠭᠦᠯᠦᠨ ᠬᠠᠮᠲᠤᠪᠡᠷ ᠬᠦᠷᠲᠡᠬᠦ ᠪᠠ ᠰᠢᠨ᠎ᠡ ᠶᠢ ᠡᠭᠦᠳᠦᠨ ᠬᠥᠭᠵᠢᠭᠦᠯᠬᠦ ᠬᠤᠶᠠᠷ ᠵᠦᠢᠯ ᠢ | ᠳᠣᠪᠣᠶᠢᠯᠭᠠᠵᠠᠢ ᠭᠡᠪᠡ᠃ | ︽ᠵᠢᠭᠠᠯᠲᠠ︾ ᠳᠤ ᠵᠠᠰᠠᠭ ᠤᠨ ᠣᠷᠳᠣᠨ ᠤ ᠰᠦᠯᠵᠢᠶ᠎ᠡ ᠶᠢ ᠡᠷᠴᠢᠮᠵᠢᠭᠦᠯᠬᠦ ᠪᠣᠳᠠᠲᠠᠶ ᠵᠠᠮ ᠱᠤᠭᠤᠮ ᠪᠣᠯᠣᠨ | ᠱᠠᠭᠠᠷᠳᠠᠯᠭ᠎ᠠ ᠶᠢ ᠲᠣᠳᠣᠷᠬᠠᠯᠵᠦ᠂ ᠨᠢᠭᠡᠳᠦᠯᠲᠡᠶ ᠪᠠᠷᠢᠮᠵᠢᠶ᠎ᠠ ᠶᠢᠨ ᠰᠢᠰᠲ᠋ᠧᠮᠵᠢ᠂ ᠨᠢᠭᠡᠳᠦᠯᠲᠡᠶ ᠮᠡᠷᠭᠡᠵᠢᠯ ᠤᠨ | ᠲᠠᠪᠴᠠᠩ᠂ ᠨᠢᠭᠡᠳᠦᠯᠲᠡᠶ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ᠂ ᠨᠢᠭᠡᠳᠦᠯᠲᠡᠶ ᠠᠵᠢᠯᠯᠠᠭᠠᠨ ᠤ | ᠬᠢᠨᠠᠯᠲᠠ ᠪᠠᠷ ᠳᠠᠮᠵᠢᠭᠤᠯᠤᠨ᠂ ᠮᠡᠳᠡᠭᠡ ᠵᠠᠩᠭᠢ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠢᠶᠠᠷᠴᠤ᠂ ᠠᠭᠤᠯᠭ᠎ᠠ ᠶᠢᠨ | ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠤ᠂ ᠰᠦᠯᠵᠢᠶᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠬᠦ᠂ | ᠲᠠᠪᠴᠠᠩ ᠤᠨ ᠠᠮᠤᠷ ᠲᠦᠪᠰᠢᠨ ᠢ ᠡᠮᠬᠢᠯᠡᠨ ᠨᠡᠶᠢᠯᠡᠭᠦᠯᠬᠦ᠂ ᠲᠤᠭ᠎ᠠ ᠪᠠᠷᠢᠮᠲᠠ ᠶᠢ ᠬᠠᠷᠢᠯᠴᠠᠨ ᠮᠡᠳᠡᠷᠡᠵᠦ ᠬᠠᠮᠲᠤᠪᠠᠷ | ᠬᠦᠷᠲᠡᠬᠦ᠂ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠭᠦᠯᠦᠨ ᠵᠢᠷᠤᠮᠵᠢᠭᠤᠯᠵᠤ᠂ ᠦᠶᠯᠡᠴᠢᠯᠡᠭᠡ ᠶᠢ ᠳᠥᠭᠦᠮ | ᠳᠥᠲᠡ ᠥᠨᠳᠥᠷ ᠪᠦᠲᠦᠮᠵᠢᠲᠡᠶ ᠪᠣᠯᠭᠠᠬᠤ ᠶᠢ ᠪᠡᠶᠡᠯᠡᠭᠦᠯᠦᠨ᠎ᠡ᠃ | ᠣᠯᠠᠨ ᠵᠦᠢᠯ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠤ ᠪᠠᠶᠢᠭᠤᠯᠤᠯᠲᠠ ᠬᠠᠮᠢᠶᠠᠷᠤᠯᠲᠠ ᠶᠢ | ᠡᠷᠬᠢᠯᠡᠭᠰᠡᠨ ᠰᠤᠷᠪᠤᠯᠵᠢᠯᠠᠭᠴᠢ ᠳᠤ ᠠᠵᠢᠯᠲᠠᠳ ᠤᠨ ᠬᠡᠯᠡᠬᠦ ᠳᠡᠭᠡᠨ᠂ ᠡᠷᠴᠢᠮᠵᠢᠭᠦᠯᠬᠦ ᠪᠣᠯ ᠶᠡᠭᠡ ᠬᠠᠨᠳᠤᠰᠢ ᠮᠥᠨ | ᠭᠡᠪᠡ᠃ ᠴᠢᠳᠠᠮᠵᠢ ᠶᠢᠨ ᠲᠠᠯ᠎ᠠ ᠠᠴᠠ ᠦᠵᠡᠪᠡᠯ᠂ ᠮᠠᠰᠢ ᠤᠯᠠᠨ ᠦᠨᠳᠦᠰᠦᠨ ᠱᠠᠲᠤᠨ ᠤ ᠰᠦᠯᠵᠢᠶᠡᠨ ᠤ | ᠮᠡᠷᠭᠡᠵᠢᠯ ᠤᠨ ᠬᠢᠷᠢ ᠲᠦᠪᠰᠢᠨ ᠬᠦᠷᠦᠯᠴᠡᠬᠦ ᠦᠭᠡᠢ᠂ ᠦᠢᠯᠡᠴᠢᠯᠡᠭᠡᠨ ᠤ ᠴᠢᠳᠠᠮᠵᠢ ᠪᠠᠭᠤᠷᠠᠶ ᠪᠣᠯᠬᠤᠷ᠂ ᠰᠢᠨ᠎ᠡ | ᠴᠠᠭ ᠦᠶ᠎ᠡ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠷᠢ ᠲᠣᠭᠲᠠᠭᠠᠯᠲᠠ ᠶᠢ ᠠᠴᠢᠶᠠᠯᠠᠵᠤ ᠴᠢᠳᠠᠬᠤ | ᠦᠭᠡᠢ᠂ ᠡᠷᠬᠡᠪᠰᠢ ᠳᠡᠭᠡᠭᠰᠢ ᠪᠠᠨ ᠡᠷᠴᠢᠮᠵᠢᠭᠦᠯᠬᠦ ᠬᠡᠷᠡᠭᠲᠡᠢ᠃ ᠠᠮᠤᠷ ᠲᠦᠪᠰᠢᠨ ᠤ ᠡᠭᠦᠳᠡᠨ ᠠᠴᠠ ᠠᠪᠴᠤ | ᠦᠵᠡᠪᠡᠯ᠂ ᠦᠨᠳᠦᠰᠦᠨ ᠱᠠᠲᠤᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠬᠡᠮᠵᠢᠶ᠎ᠡ | ᠳᠣᠣᠷ᠎ᠠ᠂ ᠢᠨᠲ᠋ᠧᠷ ᠰᠦᠯᠵᠢᠶᠡᠨ ᠤ ᠳᠠᠭᠠᠷᠢᠯᠲᠠ ᠶᠢ ᠬᠤᠷᠢᠭᠯᠠᠵᠤ ᠴᠢᠳᠠᠬᠤ ᠦᠭᠡᠢ᠂ ᠢᠯᠠᠩᠭᠤᠶ᠎ᠠ ᠵᠠᠷᠢᠮ ᠵᠣᠬᠢᠶᠠᠨ | ᠪᠠᠶᠢᠭᠤᠯᠤᠯᠲᠠ ᠲᠠᠢ᠂ ᠤᠷᠢᠳᠴᠢᠯᠠᠨ ᠬᠤᠤᠪᠢᠯᠳᠤᠭᠰᠠᠨ ᠳᠠᠭᠠᠷᠢᠯᠲᠠ ᠶᠢ ᠰᠡᠷᠭᠡᠶᠢᠯᠡᠵᠦ ᠴᠢᠳᠠᠬᠤ ᠦᠭᠡᠢ᠃ ᠡᠬᠢ | ᠪᠠᠶᠠᠯᠢᠭ ᠢ ᠬᠠᠮᠲᠤᠪᠠᠷ ᠬᠦᠷᠲᠡᠬᠦ ᠲᠠᠯ᠎ᠠ ᠠᠴᠠ ᠦᠵᠡᠪᠡᠯ᠂ ᠲᠠᠷᠠᠬᠠᠢ ᠪᠤᠲᠠᠷᠬᠠᠢ ᠪᠠᠷ ᠪᠠᠶᠢᠭᠤᠯᠪᠠᠯ ︽ᠲᠤᠭ᠎ᠠ | ᠪᠠᠷᠢᠮᠲᠠ ᠶᠢᠨ ᠲᠦᠭᠵᠢᠷᠡᠯ︾ ᠪᠠ ︽ᠮᠡᠳᠡᠭᠡ ᠵᠠᠩᠭᠢ ᠶᠢᠨ ᠲᠤᠩᠭᠠᠷᠯᠠᠯ︾ ᠢ ᠵᠠᠶᠢᠯᠠᠰᠢ ᠦᠭᠡᠢ ᠪᠣᠢ ᠪᠣᠯᠭᠠᠨ᠎ᠠ᠂ | ᠡᠷᠴᠢᠮᠵᠢᠭᠦᠯᠦᠭᠰᠡᠨ ᠠᠴᠠ ᠬᠤᠶᠢᠰᠢ᠂ ᠬᠠᠷᠠᠯᠴᠠᠨ ᠬᠤᠯᠪᠣᠭᠠᠯᠠᠨ ᠨᠡᠪᠲᠡᠷᠡᠯᠴᠡᠬᠦ ᠶᠢ ᠪᠡᠶᠡᠯᠡᠭᠦᠯᠵᠦ ᠴᠢᠳᠠᠨ᠎ᠠ᠃ | ᠪᠡᠯᠡ ᠣᠷᠤᠭᠤᠯᠤᠯᠲᠠ ᠶᠢ ᠭᠠᠮᠨᠠᠨ ᠠᠷᠪᠢᠯᠠᠬᠤ ᠲᠠᠯ᠎ᠠ ᠠᠴᠠ ᠦᠵᠡᠪᠡᠯ᠂ ᠳᠠᠪᠬᠤᠷᠳᠠᠭᠤᠯᠤᠨ ᠪᠦᠳᠦᠭᠡᠨ | ᠪᠠᠶᠢᠭᠤᠯᠬᠤ ᠠᠴᠠ ᠵᠠᠶᠢᠯᠠᠰᠬᠢᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠴᠢᠳᠠᠬᠤ ᠪᠣᠯᠣᠨ᠎ᠠ᠃ | ᠴᠢᠩᠬᠤᠸᠠ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ | ᠰᠦᠯᠵᠢᠶᠡᠨ ᠳᠡᠭᠡᠷᠡᠬᠢ ᠵᠠᠰᠠᠭ ᠤᠨ ᠣᠷᠳᠣᠨ ᠢ ᠰᠤᠳᠤᠯᠬᠤ ᠲᠥᠪ ᠤᠨ ᠳᠡᠳ᠋ ᠡᠷᠬᠢᠯᠡᠭᠴᠢ ᠸᠠᠩ ᠢᠤ ᠺᠦᠶ ᠶᠢᠨ | ᠦᠵᠡᠬᠦ ᠪᠠᠷ᠂ ᠡᠷᠴᠢᠮᠵᠢᠬᠦᠯᠬᠦ ᠠᠵᠢᠯ ᠳᠤ ᠭᠤᠣᠯᠳᠠᠭᠤ ᠨᠢᠭᠡ ᠳᠤ ᠮᠡᠷᠭᠡᠵᠢᠯ ᠤᠨ ᠲᠠᠪᠴᠠᠩ᠂ ᠬᠤᠶᠠᠷ ᠲᠤ | ᠡᠷᠴᠢᠮᠵᠢᠭᠦᠯᠦᠭᠰᠡᠨ ᠤ ᠳᠠᠷᠠᠭᠠᠬᠢ ᠰᠢᠨ᠎ᠡ ᠬᠠᠮᠢᠶᠠᠷᠤᠯᠲᠠ ᠶᠢᠨ ᠠᠵᠢᠯᠯᠠᠭᠠᠨ ᠤ ᠵᠠᠭᠪᠤᠷ᠂ ᠭᠤᠷᠪᠠ ᠳᠤ | ᠡᠷᠴᠢᠮᠵᠢᠭᠦᠯᠦᠭᠰᠡᠨ ᠤ ᠳᠠᠷᠠᠭᠠᠬᠢ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ | ᠭᠤᠷᠪᠠᠨ ᠲᠠᠯ᠎ᠠ ᠪᠠᠭᠲᠠᠨ᠎ᠠ᠃ ᠮᠡᠷᠭᠡᠵᠢᠯ ᠤᠨ ᠲᠠᠪᠴᠠᠩ ᠤᠨ ᠲᠠᠯ᠎ᠠ ᠪᠠᠷ᠂ ︽ᠵᠢᠭᠠᠯᠲᠠ︾ ᠳᠤ ︽ᠲᠠᠪᠴᠠᠩ ᠢ ᠬᠡᠨ | ᠪᠠᠶᠢᠭᠤᠯᠬᠤ︾ ︽ᠬᠡᠷᠬᠢᠨ ᠪᠠᠶᠢᠷᠢᠯᠠᠭᠤᠯᠬᠤ︾ ︽ᠡᠭᠦᠷᠭᠡ ᠬᠠᠷᠢᠭᠤᠴᠠᠯᠭ᠎ᠠ ᠶᠢ ᠬᠡᠷᠬᠢᠨ ᠬᠤᠪᠢᠶᠠᠷᠢᠯᠠᠬᠤ ︾ ︽ | ᠵᠤᠷᠪᠤᠰ ᠬᠡᠰᠡᠭ ᠢᠶᠠᠷ ᠬᠤᠪᠢᠶᠠᠷᠢᠯᠠᠬᠤ︾ ᠵᠡᠷᠭᠡ ᠠᠰᠠᠭᠤᠳᠠᠯ ᠤᠳ ᠢ ᠮᠠᠰᠢ ᠰᠠᠶᠢᠨ ᠬᠠᠷᠢᠭᠤᠯᠪᠠ᠃ | ᠬᠠᠮᠢᠶᠠᠷᠤᠯᠲᠠ ᠶᠢᠨ ᠠᠵᠢᠯᠯᠠᠭᠠᠨ ᠤ ᠵᠠᠭᠪᠤᠷ ᠤᠨ ᠲᠠᠯ᠎ᠠ ᠪᠠᠷ᠂ ︽ᠵᠢᠭᠠᠯᠲᠠ︾ ᠳᠤ ︽ᠡᠷᠴᠢᠮᠵᠢᠬᠦᠯᠬᠦ ᠲᠠᠯ᠎ᠠ︾ | ᠪᠤᠯᠤᠨ ︽ᠡᠷᠴᠢᠮᠵᠢᠬᠦᠯᠦᠭᠳᠡᠬᠦ ᠲᠠᠯ᠎ᠠ︾ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠤᠲᠤᠷᠬᠠᠶᠢᠯᠠᠪᠠ᠃ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠯ᠎ᠠ ᠪᠠᠷ᠂ ︽ᠵᠢᠭᠠᠯᠲᠠ︾ ᠳᠤ ᠡᠷᠴᠢᠮᠵᠢᠬᠦᠯᠬᠦ | ᠲᠠᠪᠴᠠᠩ ᠤᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠᠶᠢᠭᠤᠯᠬᠤ ᠶᠢ ᠲᠤᠲᠤᠷᠬᠠᠢ | ᠳᠤᠷᠠᠳᠤᠨ ᠭᠠᠷᠭᠠᠵᠤ᠂ ︽ᠤᠷᠢᠳᠠᠪᠠᠷ ᠬᠥᠮᠥᠷᠭᠡ ᠳᠤ ᠤᠷᠤᠭᠤᠯᠵᠤ ᠲᠠᠷᠠᠭ᠎ᠠ ᠨᠢ ᠬᠡᠷᠡᠭᠯᠡᠬᠦ︾ ᠵᠠᠷᠴᠢᠮ ᠶᠣᠰᠣᠭᠠᠷ᠂ | ᠨᠢᠭᠡᠳᠦᠯᠲᠡᠶ ᠬᠠᠮᠢᠶᠠᠷᠤᠯᠲᠠ᠂ ᠨᠢᠭᠡᠳᠦᠯᠲᠡᠶ ᠲᠦᠷᠦᠯ ᠠᠩᠬᠢᠯᠠᠯ᠂ ᠨᠢᠭᠡᠳᠦᠯᠲᠡᠶ ᠡᠰᠢᠲᠦ ᠲᠤᠭ᠎ᠠ ᠪᠠᠷᠢᠮᠲᠠ᠂ | ᠨᠢᠭᠡᠳᠦᠯᠲᠡᠶ ᠲᠤᠭ᠎ᠠ ᠪᠠᠷᠢᠮᠲᠠ ᠶᠢᠨ ᠬᠡᠯᠪᠡᠷᠢ᠂ ᠨᠢᠭᠡᠳᠦᠯᠲᠡᠶ ᠰᠢᠯᠵᠢᠬᠦᠯᠦᠨ ᠬᠡᠷᠡᠭᠯᠡᠬᠦ᠂ ᠨᠢᠭᠡᠳᠦᠯᠲᠡᠶ ᠬᠢᠨᠠᠨ | ᠬᠠᠮᠢᠶᠠᠷᠬᠤ ᠶᠢ ᠪᠡᠶᠡᠯᠡᠭᠦᠯᠦᠨ᠎ᠡ᠃ 2017 ᠤᠨ ᠤ 3 ᠳ᠋ᠤᠭᠠᠷ ᠰᠠᠷ᠎ᠠ ᠶᠢᠨ ᠰᠡᠬᠦᠯᠴᠢ ᠪᠣᠯᠲᠠᠯ᠎ᠠ᠂ ᠪᠦᠬᠦ | ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠨᠡᠶᠢᠲᠡ 40951 ᠡᠮᠬᠢᠯᠡᠨ ᠨᠡᠶᠢᠯᠡᠭᠦᠯᠵᠦ᠂ | ᠡᠮᠬᠢᠯᠡᠨ ᠨᠡᠶᠢᠯᠡᠬᠦᠯᠦᠭᠰᠡᠨ ᠬᠠᠷᠢᠴᠠᠯ 48.7% ᠳᠤ ᠬᠦᠷᠪᠡ᠃ ᠵᠢᠱᠢᠯᠲᠡ ᠪᠠᠷ ︽ᠵᠢᠭᠠᠯᠲᠠ︾ ᠶᠢ ᠨᠡᠶᠢᠲᠡᠯᠡᠭᠰᠡᠨ ᠤ | ᠳᠠᠷᠠᠭ᠎ᠠ᠂ ᠡᠷᠴᠢᠮᠵᠢᠬᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃ | ᠰᠢᠨ᠎ᠡ ᠶᠢ ᠡᠭᠦᠳᠦᠨ ᠬᠦᠭᠵᠢᠬᠦᠯᠬᠦ ︽ᠳᠡᠭᠡᠳᠦ ᠱᠤᠭᠤᠮ︾ ᠤᠨ ᠵᠢᠭᠠᠯᠲᠠ | ᠬᠡᠷᠪᠡ ᠡᠷᠴᠢᠮᠵᠢᠬᠦᠯᠬᠦ ᠶᠢ ︽ᠬᠠᠲᠠᠭᠤ ᠱᠠᠭᠠᠷᠳᠠᠯᠭ᠎ᠠ︾ ᠬᠡᠪᠡᠯ᠂ ᠰᠢᠨ᠎ᠡ ᠶᠢ ᠡᠭᠦᠳᠦᠨ ᠬᠦᠭᠵᠢᠬᠦᠯᠬᠦ ᠶᠢ | ︽ ᠵᠥᠭᠡᠯᠡᠨ ᠬᠦᠲᠦᠯᠦᠨ ᠵᠢᠯᠤᠭᠤᠳᠤᠯᠭ᠎ᠠ︾ ᠬᠡᠵᠤ ᠪᠤᠯᠤᠨ᠎ᠠ᠃ | ︽ᠵᠢᠭᠠᠯᠲᠠ︾ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢᠨ ᠡᠬᠢ | ᠪᠠᠶᠠᠯᠢᠭ ᠤᠨ ᠬᠥᠮᠥᠷᠭᠡ ᠪᠦᠳᠦᠭᠡᠨ ᠪᠠᠶᠢᠭᠤᠯᠬᠤ ᠤᠬᠠᠭᠳᠠᠬᠤᠨ ᠢ ᠠᠩᠬ᠎ᠠ ᠤᠳᠠᠭ᠎ᠠ ᠲᠣᠳᠣᠷᠬᠠᠶ ᠳᠤᠷᠠᠳᠴᠤ᠂ | ᠲᠠᠪᠴᠠᠩ ᠳᠡᠭᠡᠷᠡᠬᠢ ᠡᠯ᠎ᠡ ᠰᠦᠯᠵᠢᠶᠡᠨ ᠦᠷᠲᠡᠭᠡ ᠶᠢᠨ ᠮᠡᠳᠡᠭᠡ ᠵᠠᠩᠭᠢ ᠶᠢ ᠴᠦᠮ ᠬᠥᠮᠥᠷᠭᠡ ᠳᠤ ᠤᠷᠤᠭᠤᠯᠤᠨ | ᠬᠠᠮᠢᠶᠠᠷᠴᠤ᠂ ᠰᠦᠯᠵᠢᠶᠡᠨ ᠤ ᠪᠤᠯᠤᠩ ᠳᠤ ᠡᠬᠢ ᠪᠠᠶᠠᠯᠢᠭ ᠤᠨ ᠬᠥᠮᠥᠷᠭᠡ ᠠᠴᠠ ᠡᠬᠢ ᠪᠠᠶᠠᠯᠢᠭ ᠰᠢᠯᠵᠢᠭᠦᠯᠦᠨ | ᠬᠡᠷᠡᠭᠯᠡᠵᠤ᠂ ᠪᠦᠬᠦ ᠲᠠᠪᠴᠠᠩ ᠤᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠬᠦᠯᠬᠦ ᠪᠤᠯᠤᠨ᠎ᠠ᠃ ︽ᠳᠤᠤᠷ᠎ᠠ ᠳᠡᠰ ᠱᠠᠲᠤᠨ ᠤ ᠬᠢ ᠶᠢ ᠨᠢᠭᠡᠳᠦᠯᠲᠡᠶ ᠡᠬᠢ ᠪᠠᠶᠠᠯᠢᠭ ᠤᠨ ᠬᠥᠮᠥᠷᠭᠡ ᠪᠤᠯᠭᠠᠨ | ᠪᠠᠶᠢᠭᠤᠯᠵᠤ᠂ ᠪᠦᠲᠦᠴᠡ ᠶᠢ ᠨᠢ ᠬᠠᠷᠢᠨ ᠨᠡᠭᠡᠭᠡᠯᠲᠡ ᠲᠠᠢ ᠪᠠᠶᠢᠯᠭᠠᠵᠤ᠂ ᠢᠷᠡᠭᠡᠳᠦᠶ ᠳᠤ ︿ᠮᠢᠩᠭᠠᠨ ᠬᠥᠮᠦᠨ ᠤ | ᠮᠢᠩᠭᠠᠨ ᠵᠦᠢᠯ ᠤᠨ ᠰᠦᠯᠵᠢᠶ᠎ᠡ﹀ ᠶᠢ ᠪᠡᠶᠡᠯᠡᠬᠦᠯᠬᠦ ᠪᠣᠯᠤᠮᠵᠢ ᠲᠠᠢ ᠶᠤᠮ︾᠃ ᠨᠢᠭᠡᠨ ᠠᠵᠢᠯ ᠮᠡᠷᠭᠡᠵᠢᠯ ᠤᠨ | ᠪᠠᠶᠢᠳᠠᠯ ᠢ ᠤᠶᠢᠯᠠᠭᠠᠭᠴᠢ ᠠᠴᠠ ᠰᠤᠷᠪᠤᠯᠵᠢᠯᠠᠭᠴᠢ ᠳᠤ ᠢᠩᠭᠢᠵᠦ ᠵᠠᠳᠠᠯᠤᠯᠲᠠ ᠬᠢᠭᠰᠡᠨ ᠪᠠᠶᠢᠨ᠎ᠠ᠄ ︽ᠬᠡᠷᠪᠡ ᠨᠢᠭᠡ | ᠨᠠᠰᠤᠲᠠᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠡᠭᠡᠷ᠎ᠡ ᠨᠠᠰᠤᠲᠠᠶᠢᠴᠤᠳ ᠤᠨ ᠦᠨᠡᠮᠯᠡᠯ ᠢᠶᠠᠨ | ᠬᠦᠢᠴᠡᠳᠭᠡᠭᠰᠡᠨ ᠪᠤᠯ᠂ ᠰᠢᠰᠲ᠋ᠧᠮ ᠠᠴᠠ ᠠᠶᠠᠨᠳᠠᠭᠠᠨ ᠪᠤᠰᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠲᠡᠭᠦᠨ ᠳᠤ ᠬᠦᠷᠭᠡᠬᠦ ᠪᠣᠯᠤᠯᠴᠠᠭ᠎ᠠ ᠲᠠᠢ ᠶᠤᠮ᠃︾ | ᠦᠪᠡᠷᠮᠢᠴᠡᠵᠢᠭᠰᠡᠨ ᠦᠢᠯᠡᠴᠢᠯᠡᠭᠡ᠂ ᠨᠡᠭᠡᠭᠡᠯᠲᠡᠲᠦ ᠪᠦᠲᠦᠴᠡ᠂ ᠲᠣᠮᠣ ᠳ᠋ᠠᠶᠢᠲ᠋ᠠ ᠪᠠᠷ ᠲᠤᠯᠭᠠᠭᠤᠷᠢ | ᠪᠤᠯᠭᠠᠬᠤ᠂ ᠤᠯᠠᠨ ᠠᠷᠭ᠎ᠠ ᠵᠠᠮ ᠢᠶᠠᠷ ᠦᠷᠭᠡᠳᠭᠡᠬᠦ᠂ ᠤᠶᠤᠨᠯᠢᠭ ᠬᠠᠶᠢᠯᠲᠠ᠂ ᠤᠶᠤᠨᠯᠢᠭ ᠬᠠᠷᠢᠯᠴᠠᠨ ᠬᠦᠳᠡᠯᠦᠯᠴᠡᠭᠡ | ᠂ ᠤᠶᠤᠨᠯᠢᠭ ᠬᠦᠷᠭᠡᠯᠲᠡ ᠁ ᠁ ᠵᠡᠷᠭᠡ ᠶᠢᠨ ᠲᠤᠬᠠᠢ ᠸᠠᠩ ᠢᠤ ᠺᠦᠶ ᠶᠢᠨ ᠦᠵᠡᠬᠦ ᠪᠠᠷ᠂ ᠡᠳᠡᠭᠡᠷ | ᠱᠠᠭᠠᠷᠳᠠᠯᠭ᠎ᠠ ᠨᠢ ᠦᠵᠡᠬᠦ ᠳᠤ ᠤᠷᠢᠳᠴᠢᠯᠠᠭᠰᠠᠨ ᠮᠡᠲᠦ ᠪᠤᠯᠪᠠᠴᠤ ᠬᠠᠷᠢᠴᠠᠩᠭᠤᠶ ᠪᠠᠶᠢᠳᠠᠭ ᠶᠤᠮ᠂ ᠬᠡᠷᠪᠡ ᠴᠥᠮ | ᠨᠠᠭᠠᠳᠤ ᠵᠠᠬ᠎ᠠ ᠶᠢᠨ ᠱᠠᠭᠠᠷᠳᠠᠯᠭ᠎ᠠ ᠪᠠᠶᠢᠪᠠᠯ᠂ ᠲᠡᠷᠢᠭᠦᠨ ᠤ ᠭᠠᠵᠠᠷ ᠣᠷᠣᠨ ᠳᠤ ᠠᠪᠴᠤ ᠬᠡᠯᠡᠪᠡᠯ᠂ ᠡᠳᠡᠭᠡᠷ | ᠱᠠᠭᠠᠷᠳᠠᠯᠭ᠎ᠠ ᠨᠢ ᠬᠠᠷᠢᠨ ᠬᠡᠲᠦᠷᠭᠡᠢ ᠳᠣᠣᠷ᠎ᠠ ᠪᠠᠶᠢᠭ᠎ᠠ᠂ ᠰᠠᠭᠤᠷᠢ ᠰᠠᠶᠢᠲᠠᠶ ᠭᠠᠵᠠᠷ ᠣᠷᠣᠨ ᠨᠢ ᠠᠯᠤᠰ ᠢ ᠬᠠᠷᠠᠬᠤ | ᠬᠡᠷᠡᠭᠲᠡᠶ ᠶᠤᠮ᠃ ᠡᠳᠡᠭᠡᠷ ᠠᠯᠤᠰ ᠬᠤᠯᠠᠴᠢ ᠴᠢᠨᠠᠷᠲᠠᠢ ᠵᠢᠭᠠᠯᠲᠠ ᠨᠢ ᠵᠠᠷᠢᠮ ᠰᠦᠯᠵᠢᠶ᠎ᠡ ᠶᠢᠨ ᠬᠡᠷᠡᠭᠯᠡᠭᠡ ᠳᠤ | ᠨᠢᠭᠡᠨᠲᠡ ᠪᠡᠶᠡᠯᠡᠭᠳᠡᠭᠰᠡᠨ ᠪᠥᠭᠡᠳ ᠥᠷᠭᠡᠨ ᠢᠶᠠᠷ ᠬᠡᠷᠡᠭᠯᠡᠭᠳᠡᠵᠤ᠂ ᠴᠢᠨᠠᠭᠰᠢᠯᠠᠪᠠᠯ ᠵᠠᠷᠢᠮ ᠣᠷᠣᠨ ᠨᠤᠲᠤᠭ ᠤᠨ | ᠵᠠᠰᠠᠭ ᠤᠨ ᠣᠷᠳᠣᠨ ᠤ ᠰᠦᠯᠵᠢᠶ᠎ᠡ ᠨᠢ ᠴᠦ ᠡᠭᠦᠨ ᠢ ᠰᠦᠪᠡᠭᠴᠢᠯᠡᠵᠦ ᠪᠤᠢ᠃ ᠬᠡᠷᠪᠡ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠨᠢ ᠢᠨᠲ᠋ᠧᠷ ᠰᠦᠯᠵᠢᠶᠡᠨ ᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠳᠠᠭᠠᠵᠤ | ᠳᠡᠶᠢᠯᠬᠦ ᠦᠭᠡᠢ ᠪᠤᠯᠪᠠᠯ᠂ ᠤᠯᠠᠨ ᠨᠡᠶᠢᠲᠡ ᠳᠤ ︽ᠬᠡᠷᠡᠭᠯᠡᠬᠦ ᠳᠤ ᠠᠶ᠎ᠠ ᠦᠭᠡᠢ︾ ᠰᠠᠨᠠᠭᠳᠠᠭᠤᠯᠤᠨ᠂ ᠣᠶᠢᠯᠠᠭᠠᠯᠲᠠ | ᠪᠠᠷ ᠠᠨᠠᠢ ᠪᠤᠯᠬᠤ ᠶᠤᠮ᠃ ᠰᠢᠨ᠎ᠡ ᠶᠢ ᠡᠭᠦᠳᠦᠨ ᠬᠦᠭᠵᠢᠬᠦᠯᠬᠦ ᠶᠢᠨ ᠠᠭᠤᠯᠭ᠎ᠠ ᠨᠢ ᠬᠥᠲᠥᠯᠥᠨ ᠵᠢᠯᠣᠭᠤᠳᠬᠤ | ᠴᠢᠨᠠᠷᠲᠠᠶ ᠠᠭᠤᠯᠭ᠎ᠠ ᠳᠤ ᠬᠠᠷᠢᠶᠠᠯᠠᠭᠳᠠᠬᠤ ᠠᠴᠠ ᠬᠠᠷᠢᠨ ᠠᠯᠪᠠᠳᠠᠯᠭ᠎ᠠ ᠶᠢᠨ ᠴᠢᠨᠠᠷ ᠲᠠᠢ ᠪᠢᠰᠢ ᠶᠤᠮ᠂ ᠪᠦᠬᠦ | ᠤᠯᠤᠰ ᠤᠨ ᠡᠯ᠎ᠡ ᠭᠠᠵᠠᠷ ᠤᠨ ᠰᠦᠯᠵᠢᠶ᠎ᠡ ᠨᠢ ᠤᠬᠤᠷᠬᠠᠨ ᠬᠤᠭᠤᠴᠠᠭᠠᠨ ᠳᠤ ᠪᠦᠷ ᠬᠦᠷᠴᠦ ᠴᠢᠳᠠᠬᠤ ᠦᠭᠡᠢ | ᠪᠠᠶᠢᠵᠤ ᠮᠡᠳᠡᠨ᠎ᠠ᠂ ᠭᠡᠪᠡᠴᠦ ᠲᠡᠷᠡ ᠨᠢ ᠨᠢᠭᠡᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ ᠵᠢᠭᠠᠨ ᠦᠭᠴᠦ᠂ | ᠤᠯᠠᠨ ᠢ ᠬᠦᠲᠦᠯᠦᠨ ᠳᠠᠭᠠᠭᠤᠯᠵᠤ ᠪᠠᠶᠢᠭᠠᠳ ᠡᠨᠡ ᠬᠦ ᠴᠢᠭᠯᠡᠯ ᠲᠡᠰᠢ ᠲᠡᠮᠡᠤᠯᠡᠭᠦᠯᠬᠦ ᠪᠤᠯᠤᠨ᠎ᠠ᠃ | ᠮᠸᠡᠭ ᠴᠢᠩ ᠬᠦᠸᠧ ᠶᠢᠨ ᠦᠵᠡᠬᠦ ᠪᠠᠷ᠂ ︽ᠵᠢᠭᠠᠯᠲᠠ︾ ᠳᠤ ᠲᠣᠳᠣᠷᠬᠠᠶᠢᠯᠠᠭᠰᠠᠨ ᠵᠠᠰᠠᠭ ᠤᠨ ᠣᠷᠳᠣᠨ ᠤ | ᠰᠦᠯᠵᠢᠶ᠎ᠡ ᠶᠢᠨ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ︽ᠬᠤᠶᠠᠷ ᠬᠡᠯᠪᠡᠷᠢ ᠬᠤᠶᠠᠷ ᠪᠤᠯᠭᠠᠬᠤ︾ ᠪᠠᠷ | ᠳ᠋ᠦᠡᠭᠨᠡᠵᠤ ᠪᠤᠯᠤᠨ᠎ᠠ᠃ ᠨᠢᠭᠡ ᠨᠢ ᠥᠩᠭᠡᠷᠡᠭᠡᠯᠲᠡ ᠶᠢᠨ ᠬᠡᠯᠪᠡᠷᠢ᠃ ᠢᠨᠲ᠋ᠧᠷ ᠰᠦᠯᠵᠢᠶᠡᠨ ᠤ ᠴᠠᠭ ᠦᠶ᠎ᠡ ᠳᠤ᠂ | ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠨᠢ ᠬᠤᠳᠠᠯᠳᠤᠭᠠᠨ ᠤ ᠰᠦᠯᠵᠢᠶᠡᠨ ᠥᠷᠲᠡᠭᠡ ᠪᠤᠯᠤᠨ | ᠬᠤᠳᠠᠯᠳᠤᠭᠠᠨ ᠤ ᠲᠠᠪᠴᠠᠩ ᠲᠠᠢ ᠠᠳᠠᠯᠢ ᠪᠠᠷ ᠬᠡᠷᠡᠭᠯᠡᠭᠴᠢ ᠶᠢᠨ ᠦᠡᠭᠭᠡᠷᠡᠭᠡᠯᠲᠡ ᠶᠢ ᠠᠩᠬᠠᠷᠬᠤ ᠶᠢ ᠤᠯᠠᠮ ᠠᠴᠠ | ᠤᠯᠠᠮ ᠴᠢᠬᠤᠯᠠᠴᠢᠯᠠᠵᠤ ᠪᠤᠢ᠃ ᠬᠤᠶᠠᠷ ᠨᠢ ᠨᠡᠭᠡᠭᠡᠯᠲᠡᠲᠦ ᠬᠡᠯᠪᠡᠷᠢ᠃ ᠰᠦᠯᠵᠢᠶᠡᠨ ᠦᠷᠲᠡᠭᠡ ᠨᠢ ᠰᠢᠨ᠎ᠡ | ᠮᠡᠷᠭᠡᠵᠢᠯ ᠢ ᠲᠡᠰᠦᠷᠡᠯᠳᠠ ᠦᠭᠡᠢ ᠨᠡᠶᠢᠯᠡᠯᠳᠦᠨ ᠠᠭᠤᠰᠤᠯᠴᠠᠭᠤᠯᠵᠤ᠂ ᠰᠢᠨ᠎ᠡ ᠬᠡᠷᠡᠭᠯᠡᠭᠡ ᠶᠢ ᠠᠴᠢᠶᠠᠯᠠᠵᠤ᠂ ᠤᠯᠠᠨ | ᠡᠰᠢᠲᠦ ᠠᠷᠭ᠎ᠠ ᠵᠠᠮ ᠲᠡᠰᠢ ᠪᠠᠨ ᠤᠷᠲᠤᠳᠬᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠲᠤᠭ᠎ᠠ | ᠪᠠᠷᠢᠮᠲᠠ ᠶᠢᠨ ᠨᠡᠭᠡᠭᠡᠯᠳᠡ ᠲᠠᠢ ᠪᠦᠭᠡᠳ ᠬᠠᠮᠲᠤᠪᠡᠷ ᠬᠦᠷᠲᠡᠬᠦ ᠶᠢ ᠠᠬᠢᠭᠤᠯᠵᠤ᠂ ᠨᠡᠭᠡᠭᠡᠯᠲᠡᠲᠦ ᠬᠡᠯᠪᠡᠷᠢ ᠶᠢ | ᠬᠠᠷᠠᠭᠤᠯᠤᠭᠰᠠᠨ ᠪᠠᠶᠢᠨ᠎ᠠ᠃ ︽ᠬᠤᠶᠠᠷ ᠪᠤᠯᠭᠠᠬᠤ︾ ᠨᠢ ᠳᠠᠷᠤᠢ ᠪᠠᠷᠢᠮᠵᠢᠶᠠᠵᠢᠭᠤᠯᠬᠤ ᠪᠠ ᠤᠶᠦᠡᠴᠢᠯᠡᠬᠤ | ᠪᠤᠯᠤᠨ᠎ᠠ᠃ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠲᠦᠷᠦᠯ ᠠᠩᠬᠢᠯᠠᠯ᠂ | ᠨᠢᠭᠡᠳᠦᠯᠲᠡᠶ ᠡᠰᠢᠲᠦ ᠲᠤᠭ᠎ᠠ ᠪᠠᠷᠢᠮᠲᠠ᠂ ᠨᠢᠭᠡᠳᠦᠯᠲᠡᠶ ᠲᠤᠭ᠎ᠠ ᠪᠠᠷᠢᠮᠲᠠ ᠶᠢᠨ ᠬᠡᠯᠪᠡᠷᠢ᠂ ᠨᠢᠭᠡᠳᠦᠯᠲᠡᠶ ᠰᠢᠯᠵᠢᠬᠦᠯᠦᠨ | ᠬᠡᠷᠡᠭᠯᠡᠬᠦ᠂ ᠨᠢᠭᠡᠳᠦᠯᠲᠡᠶ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ᠰᠢᠶᠠᠨ ᠤ ᠱᠠᠲᠤᠨ ᠤ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠰᠢᠶᠠᠨ ᠤ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ ᠶᠢᠨ ᠡᠯ᠎ᠡ ᠬᠠᠮᠢᠶ᠎ᠠ ᠪᠦᠬᠦᠢ ᠪᠤᠯᠤᠩ ᠳᠤ ᠵᠠᠭᠠᠳᠠᠰᠤ ᠦᠭᠡᠢ ᠵᠠᠯᠭᠠᠨ ᠤᠷᠤᠭᠤᠯᠵᠤ᠂ ᠮᠤᠵᠢ ᠶᠢᠨ | ᠱᠠᠲᠤᠨ ᠤ ᠪᠠ ᠲᠤᠰᠬᠠᠢ ᠤᠷᠤᠨ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠰᠦᠯᠵᠢᠶᠡᠨ ᠦᠷᠲᠡᠭᠡ ᠶᠢᠨ ᠮᠡᠳᠡᠭᠡ ᠵᠠᠩᠭᠢ ᠶᠢ ᠪᠠᠰᠠ ᠮᠤᠵᠢ ᠶᠢᠨ ᠱᠠᠲᠤᠨ ᠤ ᠪᠤᠶᠤ ᠬᠤᠳᠠ ᠶᠢᠨ ᠱᠠᠲᠤᠨ ᠤ | ᠨᠢᠭᠡᠳᠦᠯᠲᠠᠢ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠥᠮᠥᠷᠭᠡ ᠳᠤ ᠤᠷᠤᠭᠤᠯᠤᠨ᠎ᠠ᠃ ᠤᠶᠤᠨᠴᠢᠯᠠᠬᠤ ᠨᠢ ᠤᠯᠠᠨ | ᠲᠦᠮᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠪᠤᠯᠤᠨ ᠲᠤᠭ᠎ᠠ ᠪᠠᠷᠢᠮᠲᠠ ᠶᠢ ᠤᠯᠬᠤ ᠳᠤ ᠳᠦᠭᠦᠮ | ᠦᠵᠡᠭᠦᠯᠵᠤ᠂ ᠬᠠᠨᠳᠤᠯᠭᠠᠲᠤ ᠴᠢᠨᠠᠷ ᠲᠠᠢ ᠪᠦᠭᠡᠳ ᠦᠪᠡᠷᠮᠢᠴᠡᠵᠢᠭᠰᠡᠨ ᠦᠢᠯᠡᠴᠢᠯᠡᠭᠡ ᠶᠢ ᠬᠠᠨᠭ᠍ᠭᠠᠬᠤ ᠪᠤᠯᠤᠨ᠎ᠠ᠃ | |