| | | ︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ | ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29 ᠤ ᠡᠳᠦᠷ ᠤᠨ ᠲᠤᠯᠤᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ | ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ︾ ᠢ ᠦᠨᠳᠦᠰᠦᠯᠡᠵᠦ ᠠᠩᠬ᠎ᠠ | ᠤᠳᠠᠭ᠎ᠠ ᠵᠠᠰᠠᠪᠠ᠂ 1998 ᠤᠨ ᠤ 8 ᠰᠠᠷ᠎ᠡ ᠶᠢᠨ 29 ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ | ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ 8 ᠰᠠᠷ᠎ᠡ ᠶᠢᠨ 28 ᠤ ᠡᠳᠦᠷ ᠤᠨ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ ︾ ᠢ ᠦᠨᠳᠦᠰᠦᠯᠡᠨ | ᠬᠤᠶᠠᠳᠡᠬᠢ ᠤᠳᠠᠭ᠎ᠠ ᠵᠠᠰᠠᠪᠠ︶ | ᠭᠠᠷᠴᠠᠭ | ᠨᠢᠭᠡᠳᠦᠭᠡᠷ ᠪᠦᠯᠦᠭ ᠶᠠᠷᠦᠩᠭᠡᠢ ᠲᠦᠷᠢᠮ | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | | ᠨᠢᠭᠡᠳᠦᠭᠡᠷ ᠪᠦᠯᠦᠭ ᠶᠠᠷᠦᠩᠭᠡᠢ ᠲᠦᠷᠢᠮ | ᠨᠢᠭᠡᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ | ᠨᠡᠶᠢᠭᠡᠮ ᠵᠢᠷᠦᠮ ᠤᠨ ᠨᠡᠶᠢᠳᠡ ᠶᠢᠨ ᠦᠮᠴᠢᠯᠡᠯ ᠢ ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ | ᠪᠠ ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ ᠭᠠᠵᠠᠷ ᠢ ᠦᠨᠡᠨ ᠬᠦ | ᠬᠠᠮᠠᠭᠠᠯᠠᠵᠦ᠂ ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ | ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ | ᠵᠢᠷᠦᠮ ᠤᠨ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ | ᠲᠦᠮᠡᠨ ᠤ ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃ ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ | ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢ ᠲᠦᠷᠦ ᠶᠢᠨ ᠶᠠᠪᠤᠳᠠᠯ ᠤᠨ | ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃ ᠶᠠᠮᠠᠷᠪᠠ ᠨᠢᠭᠡᠴᠢ᠂ ᠬᠤᠪᠢ ᠬᠦᠮᠦᠨ ᠭᠠᠵᠠᠷ | ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠣᠯᠢ ᠪᠣᠰᠣ ᠪᠠᠷ ᠰᠢᠯᠵᠢᠬᠦᠯᠦᠪ ᠦᠭᠴᠦ | ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ ᠰᠢᠯᠵᠢᠬᠦᠯᠦᠨ ᠦᠭᠴᠦ ᠪᠤᠯᠤᠨ᠎ᠠ᠃ | ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ | ᠬᠠᠤᠯᠢ ᠶᠤᠰᠤᠭᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃ | ᠤᠯᠤᠰ ᠠᠴᠠ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ ᠲᠦᠷᠢᠮ ᠢ | ᠬᠠᠤᠯᠢ ᠶᠤᠰᠤᠭᠠᠷ ᠬᠡᠷᠡᠭᠵᠢᠬᠦᠯᠦᠨ᠎ᠡ᠃ ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ ᠬᠡᠪᠴᠢᠶᠠᠨ | ᠲᠤᠳᠤᠷ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠤᠯᠭᠤᠭᠰᠠᠨ | ᠪᠠᠶᠢᠪᠠᠯ ᠡᠬᠦᠨ ᠳᠤ ᠪᠠᠭᠳᠠᠬᠤ ᠦᠭᠡᠢ᠃ | ᠭᠤᠷᠪᠠᠳᠤᠭᠠᠷ ᠵᠦᠢᠯ ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ | ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ | ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠲᠠᠯ᠎ᠠ ᠪᠠᠷ | ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ | ᠠᠰᠢᠭᠯᠠᠵᠦ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ | ᠬᠡᠷᠡᠭᠲᠠᠢ᠃ | ᠲᠦᠷᠪᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ | ᠬᠡᠷᠡᠭᠵᠢᠬᠦᠯᠦᠨ᠎ᠡ᠃ ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠨᠠᠶᠢᠷᠠᠭᠤᠯᠤᠨ ᠵᠤᠬᠢᠶᠠᠵᠦ᠂ ᠭᠠᠵᠠᠷ ᠰᠢᠷᠦᠢ ᠶᠢᠨ ᠬᠡᠷᠡᠭᠯᠡᠯᠳᠡ ᠶᠢ ᠲᠤᠭᠳᠠᠭᠠᠵᠦ᠂ ᠭᠠᠵᠠᠷ ᠰᠢᠷᠦᠢ ᠶᠢ | ᠲᠡᠷᠢᠶᠠᠯᠠᠩ ᠳᠤ ᠬᠡᠷᠡᠭᠯᠡᠬᠦ ᠭᠠᠵᠠᠷ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ | ᠭᠡᠵᠦ ᠬᠤᠪᠢᠶᠠᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠪᠤᠯᠭᠠᠨ ᠬᠤᠪᠢᠷᠠᠭᠠᠬᠤ ᠶᠢ ᠴᠢᠩᠭ᠎ᠠ ᠬᠢᠵᠠᠭᠠᠷᠯᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ | ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂ ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠤᠨ᠎ᠠ᠃ | ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂ | ᠰᠢᠭᠤᠶᠢᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ | ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ | ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ | ᠬᠤᠳᠠ ᠬᠦᠳᠡᠭᠡ ᠶᠢᠨ ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ | ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ | ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ ᠶᠠᠪᠤᠳᠠᠯ ᠤᠨ | ᠲᠦᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ | ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ︔ ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ | ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠦᠢ ᠶᠢ ᠵᠢᠭᠠᠵᠦ ᠪᠠᠶᠢᠨ᠎ᠠ᠃ | ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ | ᠬᠡᠷᠡᠭᠲᠠᠢ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ | ᠨᠢᠭᠡᠳᠦᠯᠲᠠᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠪᠠᠶᠢᠭᠤᠯᠬᠤ ᠵᠢᠴᠢ | ᠲᠠᠬᠦᠨ ᠤ ᠲᠤᠰᠢᠶᠠᠯ ᠬᠠᠷᠢᠭᠤᠴᠠᠯᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ | ᠠᠷᠠᠳ ᠤᠨ ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ | ᠲᠤᠭᠳᠠᠭᠠᠯ ᠢ ᠦᠨᠳᠦᠰᠦᠯᠡᠨ ᠲᠤᠭᠳᠠᠭᠠᠨ᠎ᠠ᠃ | ᠵᠢᠷᠭᠤᠳᠤᠭᠠᠷ ᠵᠦᠢᠯ ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ ᠴᠠᠭᠠᠵᠠ᠂ ᠬᠠᠤᠯᠢ ᠲᠦᠷᠢᠮ ᠢ ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ | ᠵᠠᠭᠠᠯᠳᠤᠬᠤ ᠡᠷᠭᠡ ᠲᠠᠢ᠃ | ᠲᠤᠯᠤᠳᠤᠭᠠᠷ ᠵᠦᠢᠯ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ | ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ | ᠬᠢᠬᠦ ᠵᠡᠷᠭᠡ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ ᠠᠷᠠᠳ ᠤᠨ | ᠵᠠᠰᠠᠭ ᠤᠨ ᠤᠷᠳᠤᠨ ᠠᠴᠠ ᠬᠦᠬᠢᠬᠦᠯᠦᠨ ᠱᠠᠩᠨᠠᠨ᠎ᠠ᠃ | | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠨᠠᠢᠮᠠᠳᠣᠭᠠᠷ ᠵᠦᠢᠯ ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ᠃ | ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ ᠬᠠᠮᠳᠦ ᠶᠢᠨ | ᠦᠮᠴᠢᠯᠡᠯ ᠳᠤ ᠬᠠᠷᠢᠶᠠᠯᠠᠭᠳᠠᠨ᠎ᠠ︔ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ ᠦᠯᠡᠳᠡᠭᠡᠭᠰᠡᠨ ᠲᠡᠷᠢᠶ᠎ᠡ᠂ | ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ᠃ | ᠶᠢᠰᠦᠳᠦᠭᠡᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ | ᠪᠠᠷ ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠶᠢ | ᠬᠠᠮᠠᠭᠠᠯᠠᠬᠤ᠂ ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃ | ᠠᠷᠪᠠᠳᠣᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ | ᠶᠤᠰᠤᠭᠠᠷ ᠭᠠᠴᠠᠭᠠᠨ ᠤ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠵᠦᠪᠯᠡᠯ ᠠᠴᠠ | ᠡᠵᠡᠩᠨᠡᠵᠦ ᠬᠠᠮᠢᠶᠠᠷᠤᠨ᠎ᠠ︔ ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ | ᠲᠤᠰ ᠲᠤᠰ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ ᠤ ᠬᠠᠮᠳᠦ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ | ᠬᠠᠮᠢᠶᠠᠷᠤᠨ᠎ᠠ ︔ ᠨᠢᠭᠡᠨᠳᠡ ᠰᠤᠮᠤ ︵ᠪᠠᠯᠭᠠᠰᠦ︶ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ | ᠬᠠᠷᠢᠶᠠᠯᠠᠭᠳᠠᠵᠦ ᠪᠠᠶᠢᠪᠠᠯ᠂ ᠰᠤᠮᠤ ︵ᠪᠠᠯᠭᠠᠰᠦ︶ ᠶᠢᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠠᠴᠠ ᠡᠵᠡᠩᠨᠡᠵᠦ ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ | ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ | ᠤᠯᠭᠤᠨ᠂ ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ | ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠣᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃ ᠨᠢᠭᠡᠴᠢ ᠪᠠ | ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠳᠤ ᠬᠦᠷᠪᠡᠯ᠂ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠨ | ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ︔ ᠡᠬᠦᠨ ᠤ ᠲᠤᠳᠤᠷ᠎ᠡ᠂ | ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠪᠤᠳᠠᠳᠠᠢ ᠪᠠᠷ | ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠲᠤᠭᠳᠠᠭᠠᠨ᠎ᠠ᠃ ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ | ᠨᠤᠳᠠᠯᠠᠨ ᠲᠤᠭᠳᠠᠭᠠᠬᠤ᠂ ᠤᠰᠤᠨ ᠤ ᠭᠠᠳᠠᠷᠭᠤ᠂ ᠲᠠᠯᠠᠢ ᠶᠢᠨ ᠲᠠᠩ ᠢ ᠠᠰᠢᠭᠯᠠᠨ ᠲᠡᠵᠢᠭᠡᠨ ᠦᠷᠡᠵᠢᠬᠦᠯᠬᠦ | ᠠᠵᠢᠯ ᠳᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ ᠳᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ | ᠤᠯᠤᠰ ᠤᠨ ᠤᠢ ᠰᠢᠭᠤᠢ ᠶᠢᠨ ᠬᠠᠤᠯᠢ 》᠂《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ | ᠪᠡᠯᠴᠢᠭᠡᠷ ᠤᠨ ᠬᠠᠤᠯᠢ 》ᠪᠤᠯᠤᠨ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠢᠭᠠᠰᠤᠨ ᠠᠵᠦ | ᠠᠬᠤᠢ ᠶᠢᠨ ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠰ ᠲᠤᠰ ᠰᠢᠢᠳᠪᠦᠷᠢᠯᠡᠨ᠎ᠡ᠃ | ᠠᠷᠪᠠᠨ ᠬᠤᠶᠠᠳᠦᠭᠠᠷ ᠵᠦᠢᠯ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ | ᠶᠤᠰᠤᠭᠠᠷ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ | ᠬᠤᠪᠢᠷᠠᠭᠠᠬᠤ ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃ | ᠠᠷᠪᠠᠨ ᠭᠤᠷᠪᠠᠳᠦᠭᠠᠷ ᠵᠦᠢᠯ ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ | ᠡᠷᠬᠡ ᠪᠠ ᠬᠡᠷᠡᠭᠯᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ | ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂ | ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ | ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ | ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ | ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ | ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ | ᠵᠤᠬᠢᠰᠲᠠᠢ ᠠᠰᠢᠭᠯᠠᠬᠤ ᠡᠬᠦᠷᠭᠡ ᠲᠠᠢ᠃ ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ | ᠬᠠᠤᠯᠢ ᠪᠠᠷ ᠬᠠᠮᠠᠭᠠᠯᠠᠨ᠎ᠠ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ | ᠲᠠᠭᠠᠭᠠᠴᠢᠯᠠᠨ ᠡᠵᠡᠩᠨᠡᠭᠴᠢᠳ ᠤᠨ ᠬᠤᠭᠤᠷᠤᠨᠳᠤᠬᠢ ᠲᠠᠭᠠᠭᠠᠴᠢᠯᠠᠭᠰᠠᠨ ᠭᠠᠵᠠᠷ ᠰᠢᠷᠦᠢ ᠳᠤ ᠵᠤᠬᠢᠰᠲᠠᠢ | ᠲᠤᠬᠢᠷᠠᠭᠤᠯᠤᠯᠳᠠ ᠬᠢᠬᠦ ᠳᠤ ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ | ᠬᠤᠪᠢ ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ | ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ᠠᠴᠠ ︵ᠪᠠᠯᠭᠠᠰᠦ︶ ᠶᠢᠨ | ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠲᠠᠪᠤᠳᠤᠭᠠᠷ ᠵᠦᠢᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ | ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ | ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ | ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ | ᠠᠵᠦ ᠠᠬᠤᠢ᠂ ᠮᠠᠯ ᠠᠵᠦ ᠠᠬᠤᠢ᠂ ᠵᠢᠭᠠᠰᠣᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ | ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠭᠡᠷ᠎ᠡ | ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠶᠢ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠨ᠎ᠠ︔ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ ᠬᠠᠮᠠᠭᠠᠯᠠᠬᠤ ᠪᠠ | ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠵᠦᠢ | ᠵᠤᠬᠢᠰᠲᠠᠢ ᠠᠰᠢᠭᠯᠠᠬᠤ ᠡᠬᠦᠷᠭᠡ ᠲᠠᠢ᠃ ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ | ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ | ᠲᠠᠭᠠᠭᠠᠴᠢᠯᠠᠨ ᠡᠵᠡᠩᠨᠡᠬᠦ ᠳᠤ ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ | ᠬᠤᠪᠢ ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ | ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ︵ᠪᠠᠯᠭᠠᠰᠦ︶ ᠶᠢᠨ ᠠᠷᠠᠳ ᠤᠨ | ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ | ᠮᠠᠷᠭᠤᠯᠳᠤᠭᠠᠨ ᠢ ᠲᠤᠬᠠᠢ ᠶᠢᠨ ᠬᠦᠮᠦᠰ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ ᠪᠦᠳᠦᠬᠦ | ᠦᠭᠡᠢ ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃ | ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠰᠢᠢᠳᠪᠦᠷᠢᠯᠡᠨ᠎ᠡ︔ ᠬᠤᠪᠢ ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ | ᠨᠢᠭᠡᠴᠢ ᠶᠢᠨ ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃ ᠲᠤᠬᠠᠢ ᠶᠢᠨ | ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠭᠦ | ᠦᠭᠡᠢ ᠪᠤᠯ ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ ᠡᠬᠢᠯᠡᠵᠦ ᠭᠤᠴᠢᠨ | ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃ ᠭᠠᠵᠠᠷ ᠰᠢᠷᠦᠢ ᠶᠢᠨ | ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠠᠴᠠ ᠡᠮᠦᠨ᠎ᠡ᠂ ᠠᠯᠢ | ᠡᠳᠡᠭᠡᠳ ᠨᠢ ᠴᠦ ᠭᠡᠳ ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ ᠪᠠᠶᠢᠳᠠᠯ ᠢ ᠬᠤᠪᠢᠷᠠᠭᠤᠯᠵᠦ ᠪᠤᠯᠬᠤ | ᠦᠭᠡᠢ᠃ | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠠᠷᠪᠠᠨ ᠲᠤᠯᠤᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠨᠤᠭᠤᠳ ᠤᠯᠤᠰ | ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ᠂ ᠤᠯᠤᠰ ᠤᠨ ᠭᠠᠵᠠᠷ ᠰᠢᠷᠦᠢ ᠶᠢ | ᠵᠠᠰᠠᠬᠤ ᠪᠠ ᠡᠬᠢ ᠪᠠᠶᠠᠯᠢᠭ᠂ ᠤᠷᠴᠢᠨ ᠠᠬᠤᠢ ᠶᠢ ᠬᠠᠮᠠᠭᠠᠯᠠᠬᠤ ᠱᠠᠭᠠᠷᠳᠠᠯᠭ᠎ᠠ᠂ ᠭᠠᠵᠠᠷ ᠰᠢᠷᠦᠢ ᠶᠢᠨ | ᠬᠠᠩᠭᠠᠯᠳᠠ ᠶᠢᠨ ᠴᠢᠳᠠᠪᠤᠷᠢ ᠵᠢᠴᠢ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠰᠡᠬᠦ | ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠠᠢ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠦᠯᠦᠪᠵᠢᠬᠦᠯᠬᠦ ᠬᠤᠭᠤᠴᠠᠭ᠎ᠠ | ᠬᠢᠵᠠᠭᠠᠷ ᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠠᠷᠪᠠᠨ ᠨᠠᠢᠮᠠᠳᠤᠭᠠᠷ ᠵᠦᠢᠯ ᠲᠤᠤᠷᠠᠳᠦ ᠱᠠᠳᠣᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠪᠠᠨ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠦᠨᠳᠦᠰᠦᠯᠡᠨ ᠨᠠᠶᠢᠷᠠᠭᠤᠯᠵᠦ ᠵᠤᠬᠢᠶᠠᠬᠤ ᠬᠡᠷᠡᠭᠲᠠᠢ᠃ | ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠤᠳᠤᠷᠡᠬᠢ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠬᠡᠳᠦᠷᠡᠵᠦ ᠪᠤᠯᠬᠤ ᠦᠭᠡᠢ᠂ | ᠦᠯᠡᠳᠡᠭᠡᠬᠦ ᠲᠠᠷᠢᠶᠠᠨ ᠭᠠᠵᠠᠷ ᠤᠨ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠲᠤᠳᠠᠭᠤ ᠪᠠᠶᠢᠵᠦ ᠪᠤᠯᠬᠤ | ᠦᠭᠡᠢ ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ | ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠬᠡ | ᠨᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ | ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ᠃ | ᠠᠷᠪᠠ ᠶᠢᠰᠦᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠤᠷ᠎ᠡ | ᠵᠢᠭᠰᠠᠭᠠᠭᠰᠠᠨ ᠵᠠᠷᠴᠢᠮ ᠶᠤᠰᠤᠭᠠᠷ ᠨᠠᠶᠢᠷᠠᠭᠤᠯᠤᠨ ᠵᠤᠬᠢᠶᠠᠨ᠎ᠠ᠄ ︵ᠨᠢᠭᠡ︶ ᠦᠨᠳᠦᠰᠦᠨ ᠲᠠᠷᠢᠶᠠᠨ ᠭᠠᠵᠠᠷ ᠢ | ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠶᠢ ᠬᠢᠵᠠᠭᠠᠷᠯᠠᠨ᠎ᠠ︔ ︵ᠬᠤᠶᠠᠷ︶ ᠭᠠᠵᠠᠷ ᠰᠢᠷᠦᠢ ᠶᠢᠨ ᠠᠰᠢᠭᠯᠠᠯᠳᠠ ᠶᠢᠨ | ᠨᠤᠷᠮ᠎ᠠ ᠶᠢ ᠲᠡᠭᠡᠭᠰᠢᠯᠡᠬᠦᠯᠦᠨ᠎ᠡ︔ ︵ᠭᠤᠷᠪᠠ︶ ᠡᠯ᠎ᠡ ᠲᠦᠷᠦᠯ ᠤᠨ᠂ ᠡᠯ᠎ᠡ ᠤᠷᠤᠨ ᠲᠤᠭᠤᠷᠢᠭ ᠤᠨ | ᠬᠡᠷᠡᠭᠯᠡᠬᠦ ᠭᠠᠵᠠᠷ ᠢ ᠨᠢᠭᠡᠳᠦᠯᠲᠠᠢ ᠲᠦᠯᠦᠪᠯᠡᠨ ᠲᠤᠬᠢᠷᠠᠭᠤᠯᠤᠨ᠎ᠠ︔ ︵ᠲᠦᠷᠪᠡ︶ ᠠᠮᠢ ᠠᠬᠤᠢ ᠶᠢᠨ | ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠦ᠂ ᠭᠠᠵᠠᠷ ᠰᠢᠷᠦᠢ ᠶᠢᠨ ᠦᠷᠬᠦᠯᠵᠢᠯᠡᠬᠦ ᠠᠰᠢᠭᠯᠠᠯᠳᠠ ᠶᠢ | ᠪᠠᠳᠤᠯᠠᠨ᠎ᠠ︔ ︵ᠲᠠᠪᠤ︶ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠬᠡᠮᠵᠢᠶ᠎ᠡ ᠶᠢ ᠲᠠᠷᠢᠶᠠᠨ ᠭᠠᠵᠠᠷ ᠢ ᠨᠡᠭᠡᠭᠡᠨ | ᠠᠰᠢᠭᠯᠠᠵᠦ ᠰᠡᠷᠬᠦᠭᠡᠨ ᠬᠠᠭᠠᠯᠪᠤᠷᠢᠯᠠᠬᠤ ᠬᠡᠮᠵᠢᠶ᠎ᠡ ᠲᠠᠢ ᠲᠡᠩᠴᠡᠬᠦᠷᠢᠲᠠᠢ ᠪᠠᠶᠢᠯᠭᠠᠨ᠎ᠠ᠃ | ᠬᠤᠷᠢᠳᠤᠭᠠᠷ ᠵᠦᠢᠯ ᠰᠢᠶᠠᠨ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠭᠠᠵᠠᠷ ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠶᠢᠨ | ᠬᠡᠷᠡᠭᠯᠡᠯᠳᠡ ᠶᠢ ᠲᠤᠳᠤᠷᠬᠠᠢ ᠪᠤᠯᠭᠠᠬᠤ ᠬᠡᠷᠡᠭᠲᠠᠢ᠃ | ᠰᠤᠮᠤ ︵ᠪᠠᠯᠭᠠᠰᠤ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ | ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ ᠢ | ᠦᠨᠳᠦᠰᠦᠯᠡᠨ ᠬᠡᠰᠡᠭ ᠭᠠᠵᠠᠷ ᠰᠢᠷᠦᠢ ᠨᠢᠭᠡᠪᠦᠷᠢ ᠶᠢᠨ ᠬᠡᠷᠡᠭᠯᠡᠯᠳᠡ ᠶᠢ ᠲᠤᠳᠤᠷᠬᠠᠢ ᠲᠤᠭᠳᠠᠭᠠᠭᠠᠳ ᠢᠯᠡ ᠪᠠᠷ | ᠵᠠᠷᠯᠠᠨ ᠨᠡᠶᠢᠳᠡᠯᠡᠬᠦ ᠬᠡᠷᠡᠭᠲᠠᠢ᠃ | ᠬᠤᠷᠢᠨ ᠨᠢᠭᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠲᠦᠯᠦᠪᠵᠢᠬᠦᠯᠭᠡ ᠶᠢ ᠱᠠᠳᠤ ᠬᠤᠪᠢᠶᠠᠵᠦ | ᠬᠢᠨᠠᠨ ᠵᠦᠪᠰᠢᠶᠡᠷᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠬᠤᠳᠠ᠂ ᠵᠠᠭᠤᠨ | ᠲᠦᠮᠡ ᠠᠴᠠ ᠲᠡᠭᠡᠭᠰᠢᠬᠢ ᠬᠦᠮᠦᠨ ᠠᠮᠠ ᠲᠠᠢ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠢᠭᠠᠨ | ᠲᠤᠭᠳᠠᠭᠠᠭᠰᠠᠨ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠮᠤᠵᠢ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠪᠠᠶᠢᠴᠠᠭᠠᠯᠭᠠᠵᠦ | ᠵᠦᠪᠰᠢᠶᠡᠷᠡᠬᠦᠯᠦᠭᠰᠡᠨ ᠤ ᠲᠠᠷᠠᠭ᠎ᠠ ᠲᠦᠷᠦ ᠶᠢᠨ ᠶᠠᠪᠤᠳᠠᠯ ᠤ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ ᠭᠠᠵᠠᠷ | ᠰᠢᠷᠦᠢ ᠶᠢ ᠠᠰᠢᠭᠯᠠᠵᠦ ᠶᠡᠷᠦᠩᠭᠡᠢ ᠲᠦᠯᠦᠪᠵᠢᠬᠦᠯᠭᠡ ᠶᠢ ᠲᠡᠭᠡᠭᠰᠢ ᠪᠠᠨ ᠱᠠᠳᠣ ᠲᠠᠷᠠᠭᠠᠯᠠᠨ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠭᠦᠯᠦᠨ᠎ᠡ︔ ᠡᠬᠦᠨ ᠤ ᠲᠤᠳᠤᠷ᠎ᠡ᠂ ᠰᠤᠮᠤ ︵ᠪᠠᠯᠭᠠᠰᠦ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ | ᠲᠤᠭᠤᠷᠢᠭ ᠲᠠᠢ ᠬᠤᠳᠠ᠂ ᠦᠪᠡᠷᠳᠡᠭᠡᠨ ᠵᠠᠰᠠᠬᠤ ᠵᠸᠤ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠵᠦ | ᠪᠤᠯᠤᠨ᠎ᠠ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦᠯᠦᠭᠰᠡᠨ ᠤ | ᠲᠠᠷᠠᠭ᠎ᠠ ᠡᠷᠭᠡᠪᠰᠢ ᠴᠢᠩᠭ᠎ᠠ ᠬᠡᠷᠡᠭᠵᠢᠬᠦᠯᠬᠦ ᠬᠡᠷᠡᠭᠲᠠᠢ᠃ | ᠬᠤᠷᠢᠨ ᠬᠤᠶᠠᠳᠤᠭᠠᠷ ᠵᠦᠢᠯ ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ | ᠬᠡᠪᠴᠢᠶ᠎ᠡ ᠨᠢ ᠤᠯᠤᠰ ᠠᠴᠠ ᠲᠤᠭᠳᠠᠭᠠᠭᠰᠠᠨ ᠪᠡᠷᠢᠮᠵᠢᠶ᠎ᠠ ᠳᠤ ᠨᠡᠶᠢᠴᠡᠭᠰᠡᠨ ᠪᠠᠶᠢᠵᠦ᠂ ᠤᠳᠤ ᠪᠠᠶᠢᠭ᠎ᠠ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠦᠢᠴᠡᠳ ᠠᠰᠢᠭᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠬᠦ ᠦᠭᠡᠢ | ᠪᠤᠶᠤ ᠠᠯᠢ ᠴᠢᠳᠠᠬᠤ ᠪᠠᠷ ᠪᠠᠭ᠎ᠠ ᠡᠵᠡᠯᠡᠬᠦ ᠬᠡᠷᠡᠭᠲᠠᠢ᠃ | ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠨᠢ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠂ | ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠲᠤᠳᠤᠷᠠᠬᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠡᠪᠴᠢᠶ᠎ᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠤᠳᠠ ᠪᠠ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠬᠡᠳᠦᠷᠡᠵᠦ ᠪᠤᠯᠬᠤ ᠦᠭᠡᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠠᠶᠢᠯ ᠲᠤᠰᠬᠤᠨ ᠪᠠ ᠪᠠᠯᠭᠠᠰᠦ ᠶᠢᠨ | ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠬᠤᠳᠠ ᠪᠤᠯᠤᠨ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠨᠢ ᠬᠤᠳᠠ ᠶᠢᠨ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ | ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ ᠬᠡᠷᠡᠭᠲᠠᠢ᠃ | ᠬᠤᠷᠢᠨ ᠭᠤᠷᠪᠠᠳᠦᠭᠠᠷ ᠵᠦᠢᠯ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ | ᠨᠡᠭᠡᠭᠡᠨ ᠠᠰᠢᠭᠯᠠᠬᠤ ᠲᠦᠯᠦᠪᠵᠢᠬᠦᠯᠭᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ | ᠠᠪᠴᠠᠯᠳᠤᠭᠰᠠᠨ ᠪᠠᠶᠢᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ ᠴᠦᠬᠦᠷᠦᠮ ᠤᠨ | ᠬᠠᠮᠢᠶᠠᠷᠤᠯᠳᠠ ᠪᠠ ᠬᠠᠮᠠᠭᠠᠯᠠᠯᠳᠠ ᠶᠢᠨ ᠬᠡᠪᠴᠢᠶᠡᠨ ᠲᠤᠳᠤᠷ᠎ᠡ ᠵᠢᠴᠢ ᠦᠶᠡᠷ ᠢ ᠲᠤᠭᠳᠠᠭᠠᠨ ᠬᠤᠷᠠᠭᠤᠯᠬᠤ ᠤᠷᠤᠨ ᠤ | ᠲᠤᠳᠤᠷᠠᠬᠢ ᠭᠠᠵᠠᠷ ᠰᠢᠷᠦᠢ ᠶᠢᠨ ᠠᠰᠢᠭᠯᠠᠯᠳᠠ ᠨᠢ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ | ᠪᠠ ᠨᠡᠭᠡᠭᠡᠨ ᠠᠰᠢᠭᠯᠠᠬᠤ ᠲᠦᠯᠦᠪᠵᠢᠬᠦᠯᠭᠡ ᠲᠠᠢ ᠨᠡᠶᠢᠴᠡᠵᠦ᠂ ᠭᠤᠤᠯ ᠤᠨ ᠵᠠᠮ᠂ ᠨᠠᠭᠤᠷ ᠲᠤᠭᠤᠷᠢᠮ ᠤᠨ | ᠦᠶᠡᠷ ᠢ ᠤᠷᠤᠰᠬᠠᠨ ᠦᠩᠭᠡᠷᠡᠬᠦᠯᠬᠦ᠂ ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭᠠᠷᠳᠠᠯᠭ᠎ᠠ ᠲᠠᠢ | ᠨᠡᠶᠢᠴᠡᠭᠰᠡᠨ ᠪᠠᠶᠢᠬᠤ ᠬᠡᠷᠡᠭᠲᠠᠢ᠃ | ᠬᠤᠷᠢᠨ ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ | ᠰᠢᠷᠦᠢ ᠶᠢᠨ ᠠᠰᠢᠭᠯᠠᠯᠳᠠ ᠶᠢᠨ ᠲᠤᠬᠠᠢ ᠲᠦᠯᠦᠪᠯᠡᠭᠡᠳᠦ ᠬᠠᠮᠢᠶᠠᠷᠤᠯᠳᠠ ᠪᠠᠨ ᠴᠢᠩᠭᠠᠳᠬᠠᠵᠦ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃ | ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠤᠯᠤᠰ ᠠᠷᠠᠳ ᠤᠨ ᠠᠵᠦ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ᠂ ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ᠂ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠤᠨ | ᠭᠠᠵᠠᠷ ᠰᠢᠷᠦᠢ ᠶᠢᠨ ᠠᠰᠢᠭᠯᠠᠯᠳᠠ ᠶᠢᠨ ᠪᠤᠳᠠᠳᠦ ᠪᠠᠶᠢᠳᠠᠯ ᠢ ᠦᠨᠳᠦᠰᠦᠯᠡᠵᠦ ᠨᠠᠶᠢᠷᠠᠭᠤᠯᠤᠨ ᠵᠤᠬᠢᠶᠠᠨ᠎ᠠ᠃ ᠭᠠᠵᠠᠷ | ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠨᠢ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ | ᠵᠢᠷᠦᠮ ᠲᠠᠢ ᠠᠳᠠᠯᠢ᠂ ᠬᠢᠨᠠᠨ ᠵᠦᠪᠰᠢᠶᠡᠷᠡᠵᠦ ᠪᠠᠭᠤᠯᠭᠠᠭᠰᠠᠨ ᠤ ᠲᠠᠷᠠᠭ᠎ᠠ ᠡᠷᠭᠡᠪᠰᠢ ᠴᠢᠩᠭ᠎ᠠ ᠵᠢᠷᠦᠮᠯᠠᠨ | ᠬᠡᠷᠡᠭᠵᠢᠬᠦᠯᠬᠦ ᠬᠡᠷᠡᠭᠲᠠᠢ᠃ | ᠬᠤᠷᠢᠨ ᠲᠠᠪᠤᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠵᠢᠬᠦᠯᠭᠡ ᠶᠢ | ᠬᠡᠷᠡᠭᠵᠢᠬᠦᠯᠦᠭᠰᠡᠨ ᠪᠠᠶᠢᠳᠠᠯ ᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ | ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠢᠶᠠᠨ ᠠᠭᠤᠯᠭ᠎ᠠ ᠪᠤᠯᠭᠠᠭᠠᠳ ᠠᠳᠠᠯᠢ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠬᠦ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠳᠤ ᠬᠦᠷᠪᠡᠯ ᠡᠷᠭᠡᠪᠰᠢ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ | ᠵᠦᠪᠰᠢᠶᠡᠷᠡᠬᠦᠯᠬᠦ ᠬᠡᠷᠡᠭᠲᠠᠢ︔ ᠵᠦᠪᠰᠢᠶᠡᠷᠡᠬᠦᠯᠦᠭᠰᠡᠨ ᠦᠭᠡᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠦ ᠪᠤᠯᠬᠤ ᠦᠭᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂ | ᠤᠰᠤᠨ ᠠᠰᠢᠭᠯᠠᠯᠳᠠ ᠵᠡᠷᠭᠡ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ | ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ | ᠴᠢᠬᠤᠯᠠ ᠲᠠᠢ ᠪᠤᠯ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ | ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠵᠦᠪᠰᠢᠶᠡᠷᠡᠭᠰᠡᠨ ᠡᠨᠧᠷᠬᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ | ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠮᠤᠵᠢ ᠶᠢᠨ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦ | ᠡᠷᠭᠡ ᠶᠢᠨ ᠬᠡᠪᠴᠢᠶᠡᠨ ᠳᠤ ᠬᠠᠷᠢᠶᠠᠯᠠᠭᠳᠠᠵᠦ ᠪᠠᠶᠢᠪᠠᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ | ᠣᠷᠳᠤᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃ | ᠬᠤᠷᠢᠨ ᠲᠤᠯᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢᠨ ᠪᠠᠶᠢᠴᠠᠭᠠᠯᠳᠠ ᠬᠢᠬᠦ ᠲᠦᠷᠢᠮ ᠢ | ᠪᠠᠶᠢᠭᠤᠯᠤᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠪᠠᠨ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠠᠢ ᠬᠠᠮᠳᠤᠷᠠᠨ ᠭᠠᠵᠠᠷ ᠰᠢᠷᠦᠢ ᠶᠢᠨ ᠪᠠᠶᠢᠴᠠᠭᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ ᠪᠤᠶᠤ | ᠬᠡᠷᠡᠭᠯᠡᠭᠴᠢ ᠨᠢ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠦ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ | ᠦᠭᠬᠦ ᠬᠡᠷᠡᠭᠲᠠᠢ᠃ | ᠬᠤᠷᠢᠨ ᠨᠠᠢᠮᠠᠳᠦᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ ᠤ ᠪᠠᠨ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ᠂ ᠭᠠᠵᠠᠷ ᠰᠢᠷᠦᠢ ᠶᠢ ᠪᠠᠶᠢᠴᠠᠭᠠᠭᠰᠠᠨ ᠦᠷ᠎ᠡ ᠪᠦᠳᠦᠭᠡᠯ᠂ | ᠲᠦᠯᠦᠪᠵᠢᠬᠦᠯᠦᠭᠰᠡᠨ ᠭᠠᠵᠠᠷ ᠰᠢᠷᠦᠢ ᠶᠢᠨ ᠬᠡᠷᠡᠭᠯᠡᠯᠳᠡ ᠪᠠ ᠤᠯᠤᠰ ᠠᠴᠠ ᠲᠤᠭᠳᠠᠭᠠᠭᠰᠠᠨ ᠨᠢᠭᠡᠳᠦᠯᠲᠠᠢ | ᠪᠠᠷᠢᠮᠵᠢᠶ᠎ᠡ ᠶᠢ ᠦᠨᠳᠦᠰᠦᠯᠡᠵᠦ ᠪᠠᠶᠢᠭᠠᠳ ᠭᠠᠵᠷ ᠰᠢᠷᠦᠢ ᠶᠢᠨ ᠵᠡᠷᠭᠡ ᠲᠡᠰ ᠢ ᠦᠨᠡᠯᠡᠨ ᠲᠤᠭᠳᠠᠭᠠᠨ᠎ᠠ᠃ | ᠬᠤᠷᠢ ᠶᠢᠰᠦᠳᠦᠭᠡᠷ ᠵᠦᠢᠯ ᠣᠯᠣᠰ ᠠᠴᠠ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠲᠦᠷᠢᠮ ᠢ | ᠪᠠᠶᠢᠭᠤᠯᠤᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠤᠨ ᠤ ᠲᠤᠭ᠎ᠠ ᠪᠦᠷᠢᠳᠭᠡᠯ ᠤᠨ ᠰᠠᠯᠠᠭ᠎ᠠ | ᠮᠦᠴᠢᠷ ᠲᠤᠭ᠎ᠠ ᠪᠦᠷᠢᠳᠭᠡᠯ ᠤᠨ ᠪᠠᠶᠢᠴᠠᠭᠠᠯᠳᠠ ᠬᠢᠬᠦ ᠲᠦᠰᠦᠯ ᠢ ᠬᠠᠮᠳᠦ ᠪᠠᠷ ᠲᠤᠭᠳᠠᠭᠠᠭᠠᠳ ᠭᠠᠵᠠᠷ ᠰᠢᠷᠦᠢ ᠶᠢᠨ | ᠲᠤᠭ᠎ᠠ ᠪᠦᠷᠢᠳᠭᠡᠯ ᠢ ᠬᠠᠤᠯᠢ ᠶᠤᠰᠤᠭᠠᠷ ᠬᠢᠵᠦ᠂ ᠭᠠᠵᠷ ᠰᠢᠷᠦᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ | ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ | ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠂ ᠬᠤᠳᠠᠯ ᠮᠡᠳᠡᠬᠦᠯᠵᠦ᠂ ᠲᠠᠷᠤᠭᠠᠳ ᠮᠡᠳᠡᠬᠦᠯᠬᠦ ᠦᠭᠡᠢ ᠪᠠᠶᠢᠵᠦ᠂ | ᠮᠡᠳᠡᠬᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ | ᠪᠦᠷᠢᠳᠭᠡᠯ ᠤᠨ ᠰᠠᠯᠠᠭ᠎ᠠ ᠮᠦᠴᠢᠷ ᠤᠨ ᠬᠠᠮᠳᠦᠪᠡᠷ ᠨᠡᠶᠢᠳᠡᠯᠡᠭᠰᠡᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ | ᠪᠦᠷᠢᠳᠭᠡᠯ ᠤᠨ ᠮᠠᠲ᠋ᠧᠷᠢᠶᠠᠯ ᠪᠤᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠨᠠᠶᠢᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃ | ᠭᠤᠴᠢᠳᠤᠭᠠᠷ ᠵᠦᠢᠯ ᠤᠯᠤᠰ ᠠᠴᠠ ᠪᠦᠬᠦ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠮᠡᠳᠡᠭᠡ | ᠵᠠᠩᠬᠢ ᠶᠢᠨ ᠰᠢᠰᠲ᠋ᠧᠮ ᠢ ᠪᠠᠶᠢᠭᠤᠯᠵᠦ᠂ ᠭᠠᠵᠠᠷ ᠰᠢᠷᠦᠢ ᠠᠰᠢᠭᠯᠠᠵᠦ ᠪᠠᠶᠢᠭ᠎ᠠ ᠪᠠᠶᠢᠳᠠᠯ ᠢ ᠬᠦᠳᠡᠯᠦᠩᠬᠦᠢ ᠪᠠᠷ | ᠬᠢᠨᠠᠵᠦ ᠬᠡᠮᠵᠢᠨ᠎ᠡ᠃ | | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠭᠤᠴᠢᠨ ᠨᠢᠭᠡᠳᠦᠭᠡᠷ ᠵᠦᠢᠯ ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ | ᠭᠠᠵᠠᠷ ᠪᠤᠰᠤ ᠪᠤᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ | ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃ | ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ | ᠬᠡᠷᠡᠭᠯᠡᠭᠰᠡᠨ ᠪᠠᠶᠢᠪᠠᠯ᠂《 ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ 》ᠵᠠᠷᠴᠢᠮ ᠤᠨ | ᠶᠤᠰᠤᠭᠠᠷ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ | ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ | ᠬᠠᠭᠠᠯᠪᠤᠷᠢᠯᠠᠬᠤ ᠬᠡᠷᠡᠭᠲᠠᠢ︔ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ ᠲᠠᠷᠢᠶᠠᠨ ᠭᠠᠵᠠᠷ ᠨᠢ | ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠶᠢᠨ ᠲᠤᠭᠳᠠᠭᠠᠯ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ | ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ | ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ ᠲᠦᠯᠦᠪᠯᠡᠭᠡ ᠶᠤᠰᠤᠭᠠᠷ | ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ | ᠲᠠᠬᠦᠨ ᠢ ᠨᠢ ᠰᠢᠯᠭᠠᠨ ᠠᠪᠬᠤ ᠬᠡᠷᠡᠭᠲᠠᠢ᠃ | ᠭᠤᠴᠢᠨ ᠬᠤᠶᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ | ᠲᠠᠷᠢᠯᠠᠭ᠎ᠠ ᠶᠢᠨ ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ ᠲᠤ | ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ | ᠱᠠᠭᠠᠷᠳᠠᠯᠭ᠎ᠠ ᠲᠠᠯᠪᠢᠵᠦ ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠪᠠ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ | ᠠᠷᠭ᠎ᠠ ᠬᠡᠮᠵᠢᠶ᠎ᠡ ᠠᠪᠴᠦ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ | ᠪᠦᠬᠦ ᠬᠡᠮᠵᠢᠶ᠎ᠡ ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ︔ ᠲᠠᠷᠢᠶᠠᠨ ᠭᠠᠵᠠᠷ ᠤᠨ ᠪᠦᠬᠦ | ᠬᠡᠮᠵᠢᠶ᠎ᠡ ᠨᠢ ᠬᠠᠰᠣᠭᠳᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠠᠷᠯᠢᠭᠳᠠᠵᠦ ᠪᠠᠶᠢᠭᠠᠳ | ᠬᠠᠰᠣᠭᠳᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ | ᠲᠤᠭᠳᠠᠭᠰᠠᠨ ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ ᠬᠠᠭᠠᠯᠪᠤᠷᠢᠯᠠᠭᠤᠯᠬᠤ ᠪᠦᠭᠡᠳ ᠲᠦᠷᠦ ᠶᠢᠨ | ᠶᠠᠪᠤᠳᠠᠯ ᠤᠨ ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ | ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠣᠷᠠᠨ ᠰᠢᠯᠭᠠᠵᠦ ᠠᠪᠤᠨ᠎ᠠ᠃ | ᠤᠨᠴᠠ ᠵᠠᠷᠢᠮ ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ ᠡᠬᠢ ᠰᠣᠷᠪᠤᠯᠵᠢ ᠨᠢ | ᠦᠨᠡᠭᠡᠷ ᠲᠤᠳᠠᠮᠠᠭ ᠪᠠᠶᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠬᠦᠯᠦᠭᠰᠡᠨ ᠤ | ᠲᠠᠷᠠᠭ᠎ᠠ᠂ ᠰᠢᠨ᠎ᠡ ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠡᠵᠡᠯᠡᠵᠦ ᠬᠡᠷᠡᠭᠯᠡᠭᠰᠡᠨ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ | ᠲᠤᠳᠤᠷᠠᠬᠢ ᠬᠠᠭᠠᠯᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ ᠬᠠᠰᠣᠭᠤᠯᠵᠦ ᠬᠡᠯᠳᠦᠷᠢᠬᠦᠯᠦᠭᠡᠳ᠂ | ᠦᠭᠡᠷ᠎ᠡ ᠭᠠᠵᠠᠷ ᠲᠤ ᠣᠴᠢᠵᠦ ᠬᠠᠭᠠᠯᠪᠤᠷᠢᠯᠠᠬᠤ ᠬᠡᠷᠡᠭᠲᠠᠢ᠃ | ᠭᠤᠴᠢᠨ ᠲᠦᠷᠪᠡᠳᠦᠭᠡᠷ ᠵᠦᠢᠯ ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ | ᠬᠡᠷᠡᠭᠵᠢᠬᠦᠯᠦᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ | ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ | ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ ᠲᠠᠷᠢᠮᠠᠯ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠲᠤᠳᠤᠷᠠᠬᠢ ᠲᠠᠷᠢᠶᠠᠨ ᠭᠠᠵᠠᠷ︔ | ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ | ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ | ᠪᠠ ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ︔ | ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︔ | ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ | ᠬᠢᠬᠦ ᠲᠠᠷᠢᠶᠠᠨ ᠭᠠᠵᠠᠷ︔ | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠳᠠ ᠶᠢᠨ ᠤᠷᠤᠨ ᠳᠤ ᠤᠷᠤᠭᠤᠯᠬᠤ ᠶᠤᠰᠤᠲᠠᠢ ᠭᠡᠵᠦ ᠲᠤᠭᠳᠠᠭᠠᠭᠰᠠᠨ ᠪᠤᠰᠤᠳ ᠲᠠᠷᠢᠶᠠᠨ ᠭᠠᠵᠠᠷ᠃ | ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ | ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ80 | % ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶ ᠪᠠᠷ ᠨᠢᠭᠡᠴᠢ | ᠪᠤᠯᠭᠠᠨ ᠵᠠᠭᠠᠭᠯᠠᠨ ᠲᠤᠭᠳᠠᠭᠠᠵᠦ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠲᠠᠷᠢᠶᠠᠯᠠᠩ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠤᠴᠢᠨ ᠲᠠᠪᠤᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ | ᠬᠡᠮᠵᠢᠶ᠎ᠡ ᠠᠪᠴᠦ ᠪᠠᠶᠢᠭᠠᠳ ᠤᠰᠤ ᠵᠠᠯᠠᠬᠤ ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ | ᠰᠠᠶᠢᠵᠢᠷᠠᠭᠤᠯᠤᠨ᠂ ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂ | ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ | ᠭᠠᠵᠠᠷ ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ︔ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠰᠠᠶᠢᠨ ᠭᠠᠵᠠᠷ ᠢ | ᠡᠵᠡᠯᠡᠨ ᠬᠡᠷᠡᠭᠯᠡᠵᠦ ᠪᠤᠯᠬᠤ ᠦᠭᠡᠢ᠃ | ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ | ᠲᠡᠭᠡᠷ᠎ᠡ ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ | ᠠᠪᠬᠤ ᠶᠢ ᠴᠠᠭᠠᠵᠠᠯᠠᠨ᠎ᠠ᠃ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ | ᠦᠢᠯᠡᠰ ᠢ ᠬᠦᠭᠵᠢᠬᠦᠯᠬᠦ ᠪᠡ ᠨᠠᠭᠤᠷ ᠮᠠᠯᠳᠠᠵᠦ ᠵᠢᠭᠠᠰᠣ ᠲᠡᠵᠢᠭᠡᠬᠦ ᠶᠢ ᠴᠠᠭᠠᠵᠠᠯᠠᠨ᠎ᠠ᠃ | ᠭᠤᠴᠢᠨ ᠲᠤᠯᠤᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ | ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ | ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ ᠵᠢᠯ ᠤᠨ | ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ | ᠂ ᠤᠤᠯ ᠤᠨ ᠡᠨᠡ ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ | ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ ᠪᠠᠶᠢᠭᠤᠯᠵᠦ ᠪᠠᠶᠢᠭᠠᠳ ᠲᠠᠷᠢᠵᠦ | ᠴᠦ ᠪᠤᠯᠤᠨ᠎ᠠ︔ ᠨᠢᠭᠡ ᠵᠢᠯ ᠭᠠᠷᠦᠢ ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ | ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ | ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ ᠲᠤᠰᠢᠶᠠᠬᠤ ᠬᠡᠷᠡᠭᠲᠠᠢ︔ ᠬᠤᠶᠠᠷ ᠵᠢᠯ ᠲᠠᠷᠠᠭᠠᠯᠠᠨ | ᠬᠡᠷᠡᠭᠯᠡᠭᠰᠡᠨ ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ | ᠬᠡᠷᠡᠭᠯᠡᠬᠦ ᠡᠷᠭᠡ ᠶᠢ ᠨᠢ ᠦᠨ᠎ᠡ ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ︔ ᠡᠨᠡ ᠭᠠᠵᠠᠷ ᠰᠢᠷᠦᠢ ᠤᠤᠯ ᠨᠢ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ ᠬᠦᠳᠡᠭᠡ ᠲᠤᠰᠬᠤᠨ ᠤ ᠬᠠᠮᠳᠦ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ ᠰᠡᠷᠬᠦᠭᠡᠬᠦ ᠬᠡᠷᠡᠭᠲᠠᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ | ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ | ᠨᠡᠭᠡᠭᠡᠨ ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ《 ᠪᠦᠬᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ | ᠬᠠᠮᠢᠶᠠᠷᠤᠯᠳᠠ ᠶᠢᠨ ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃ | ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ | ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ | ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠢᠶᠠᠨ | ᠬᠤᠷᠢᠶᠠᠨ ᠠᠪᠬᠤ ᠬᠡᠷᠡᠭᠲᠠᠢ᠃ | ᠭᠤᠴᠢᠨ ᠨᠠᠢᠮᠠᠳᠣᠭᠠᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂ | ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ | ᠰᠢᠷᠦᠢ ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ ᠭᠠᠵᠠᠷ ᠰᠢᠷᠦᠢ ᠶᠢ ᠨᠢᠭᠡᠴᠢ | ᠪᠠ ᠬᠤᠪᠢ ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ︔ ᠲᠠᠷᠢᠶᠠᠯᠠᠩ ᠳᠤ ᠬᠡᠷᠡᠭᠯᠡᠬᠦ | ᠭᠠᠵᠠᠷ ᠪᠤᠯᠭᠠᠵᠦ ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ | ᠭᠠᠵᠠᠷ ᠪᠤᠯᠭᠠᠨ ᠨᠡᠭᠡᠭᠡᠨ ᠠᠰᠢᠭᠯᠠᠬᠤ ᠬᠡᠷᠡᠭᠲᠠᠢ᠃ | ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ | ᠬᠠᠮᠠᠭᠠᠯᠠᠨ᠎ᠠ᠃ | ᠭᠤᠴᠢ ᠶᠢᠰᠦᠳᠦᠭᠡᠷ ᠵᠦᠢᠯ ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ | ᠰᠢᠨᠵᠢᠯᠡᠬᠦ ᠤᠬᠠᠭᠠᠨᠴᠢ ᠨᠤᠳᠠᠯᠠᠯᠳᠠ ᠪᠠ ᠦᠨᠡᠯᠡᠨ ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ ᠬᠠᠤᠯᠢ | ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ | ᠡᠪᠳᠡᠵᠦ ᠲᠠᠷᠢᠶᠠᠨ ᠭᠠᠵᠠᠷ ᠪᠤᠯᠭᠠᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ | ᠭᠠᠷᠭᠠᠬᠤ ᠪᠠ ᠭᠤᠤᠯ ᠮᠦᠷᠡᠨ ᠤ ᠲᠠᠩ ᠭᠠᠵᠠᠷ ᠢ ᠡᠵᠡᠯᠡᠬᠦ ᠶᠢ ᠴᠠᠭᠠᠵᠠᠯᠠᠨ᠎ᠠ᠃ | ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ | ᠭᠠᠵᠠᠷ ᠰᠢᠷᠦᠢ ᠶᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂ | ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ ᠰᠢᠭᠤᠢ᠂ ᠡᠪᠡᠰᠦ | ᠪᠡᠯᠴᠢᠭᠡᠷ ᠨᠠᠭᠤᠷ ᠲᠤᠭᠤᠷᠢᠮ ᠪᠤᠯᠭᠠᠬᠤ ᠬᠡᠷᠡᠭᠲᠠᠢ᠃ | ᠲᠦᠴᠢᠳᠦᠭᠡᠷ ᠵᠦᠢᠯ ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ | ᠦᠮᠴᠢᠯᠡᠯ ᠤᠨ ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ | ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ | ᠦᠢᠯᠡᠳᠪᠦᠷᠢᠯᠡᠯ ᠬᠢᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ | ᠬᠠᠤᠯᠢ ᠶᠤᠰᠤᠭᠠᠷ ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ | ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃ | ᠲᠦᠴᠢᠨ ᠨᠢᠭᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ | ᠵᠤᠷᠢᠭᠵᠢᠭᠤᠯᠤᠨ᠎ᠠ᠃ ᠰᠢᠶᠠᠨ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ | ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ | ᠶᠡᠷᠦᠩᠭᠡᠶᠢᠯᠡᠨ ᠵᠠᠰᠠᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ | ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ | ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠠᠢ᠃ | ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ | ᠠᠪᠴᠦ ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ | ᠭᠠᠵᠠᠷ ᠪᠠ ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃ | ᠲᠦᠴᠢᠨ ᠬᠤᠶᠠᠳᠤᠭᠠᠷ ᠵᠦᠢᠯ ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ | ᠵᠡᠷᠭᠡ ᠠᠴᠠ ᠪᠤᠯᠵᠦ ᠭᠠᠵᠠᠷ ᠰᠢᠷᠦᠢ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ | ᠬᠤᠪᠢ ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ ᠬᠠᠭᠠᠯᠪᠤᠷᠢᠯᠠᠬᠤ ᠠᠵᠢᠯ ᠢ | ᠬᠠᠷᠢᠭᠤᠴᠠᠬᠤ ᠬᠡᠷᠡᠭᠲᠠᠢ︔ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ | ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ | ᠲᠤᠰᠢᠶᠠᠵᠦ᠂ ᠲᠤᠰ ᠰᠦᠢᠳᠭᠡᠯ ᠢ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ | ᠃ ᠰᠡᠷᠬᠦᠭᠡᠨ ᠬᠠᠭᠠᠯᠪᠤᠷᠢᠯᠠᠭᠰᠠᠨ ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃ | | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠲᠦᠴᠢᠨ ᠭᠤᠷᠪᠠᠳᠣᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ | ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ | ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠬᠤ ᠬᠡᠷᠡᠭᠲᠠᠢ︔ ᠭᠡᠪᠡᠴᠦ ᠰᠣᠮᠤ ᠪᠠᠯᠭᠠᠰᠤᠨ ᠤ ᠠᠵᠦ ᠠᠬᠤᠶᠢᠯᠠᠯ | ᠡᠷᠬᠢᠯᠡᠬᠦ ᠪᠠ ᠭᠠᠴᠠᠭᠠᠨ ᠤ ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ | ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ᠂ ᠡᠰᠡᠬᠦᠯ᠎ᠡ ᠰᠤᠮᠤ ︵ᠪᠠᠯᠭᠠᠰᠤ︶ ᠭᠠᠴᠠᠭ᠎ᠠ ᠶᠢᠨ ᠨᠠᠶᠢᠳᠡ ᠶᠢᠨ | ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ | ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ | ᠦᠮᠴᠢᠯᠡᠯ ᠤᠨ ᠭᠠᠵᠠᠷ ᠰᠢᠷᠦᠢ ᠳᠤ ᠤᠯᠤᠰ ᠤᠨ ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ | ᠲᠠᠳᠠᠪᠤᠷᠢᠯᠠᠭᠰᠠᠨ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ ᠪᠠᠭᠳᠠᠨ᠎ᠠ᠃ | | ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ | ᠶᠠᠪᠤᠳᠠᠯ ᠳᠤ ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ ᠬᠡᠷᠡᠭᠯᠡᠬᠦ ᠪᠠᠷ ᠬᠢᠨᠠᠨ | ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠵᠦᠪᠰᠢᠶᠡᠷᠡᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ | ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ | ᠲᠤᠰᠬᠤᠨ᠂ ᠪᠠᠯᠭᠠᠰᠣᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ | ᠲᠤᠳᠤᠷ᠎ᠡ᠂ ᠲᠤᠰ ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ | ᠠᠰᠢᠭᠯᠠᠯᠳᠠ ᠶᠢᠨ ᠤᠨ ᠤ ᠲᠦᠯᠦᠪᠯᠡᠭᠡ ᠶᠢᠨ ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ ᠤᠤᠯ ᠤᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ | ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ | ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠬᠤᠳᠠ᠂ ᠰᠢᠶᠠᠨ ᠤ | ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠪᠤᠯᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ | ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠶᠢᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠦᠨ᠎ᠡ᠃ | ᠲᠦᠴᠢᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ | ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠄ | ︵ᠨᠢᠭᠡ︶ ᠦᠨᠳᠦᠰᠦᠨ ᠲᠠᠷᠢᠶᠠᠨ ᠭᠠᠵᠠᠷ︔ | ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ ᠲᠠᠷᠢᠶᠠᠨ | ᠭᠠᠵᠠᠷ︔ | ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃ | ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ | ᠲᠠᠳᠠᠪᠤᠷᠢᠯᠠᠬᠤ ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ | ᠮᠡᠳᠡᠬᠦᠯᠵᠦ ᠲᠠᠩᠰᠠᠯᠠᠭᠤᠯᠤᠨ᠎ᠠ᠃ | ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ | ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ | ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ ᠲᠠᠷᠢᠶᠠᠯᠠᠩ ᠳᠤ | ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ | ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ | ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ︔ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ | ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ | ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠠᠰ | ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠠᠴᠠ | ᠲᠠᠪᠠᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠲᠠᠳᠠᠪᠤᠷᠢᠯᠠᠬᠤ ᠶᠢ | ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ | ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ | ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ ᠨᠡᠶᠢᠳᠡᠯᠡᠬᠦ ᠶᠢᠨ ᠬᠠᠮᠳᠦ | ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ | ᠪᠦᠬᠦᠢ ᠬᠦᠮᠦᠨ ᠠᠯᠪᠠᠨ ᠵᠠᠷ ᠲᠤ ᠲᠤᠭᠳᠠᠭᠠᠭᠰᠠᠨ ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ | ᠬᠠᠷᠢᠶᠠᠯᠠᠯ ᠤᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ | ᠲᠠᠳᠠᠪᠤᠷᠢᠯᠠᠭᠰᠠᠨ ᠲᠦᠯᠦᠪᠦᠷᠢ ᠠᠪᠬᠤ ᠲᠠᠩᠰᠠᠯᠠᠯᠳᠠ ᠬᠢᠯᠭᠡᠬᠦ ᠬᠡᠷᠡᠭᠲᠠᠢ᠃ | ᠲᠦᠴᠢᠨ ᠲᠤᠯᠤᠳᠤᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ | ᠭᠠᠵᠠᠷ ᠰᠢᠷᠦᠢ ᠶᠢᠨ ᠤᠤᠯ ᠬᠡᠷᠡᠭᠯᠡᠯᠳᠡ ᠶᠤᠰᠤᠭᠠᠷ ᠲᠦᠯᠦᠪᠤᠷᠢ ᠦᠭᠬᠦ ᠬᠡᠷᠡᠭᠲᠠᠢ᠃ | ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂ | ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ | ᠲᠦᠯᠦᠪᠤᠷᠢ ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠬᠡᠮᠵᠢᠶ᠎ᠡ | ᠨᠢ ᠲᠤᠰ ᠲᠠᠷᠢᠶᠠᠨ ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ | ᠦᠢᠯᠡᠳᠬᠦᠨ ᠤ ᠦᠷᠳᠡᠭ ᠤ ᠬᠢᠨᠢ ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ | ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ | ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ | ᠲᠠᠳᠠᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ ᠭᠠᠵᠠᠷ ᠪᠠᠨ ᠲᠠᠳᠠᠪᠤᠷᠢᠯᠠᠭᠳᠠᠭᠰᠠᠨ | ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ ᠪᠦᠷᠢ ᠳᠤ ᠨᠤᠭᠳᠠᠵᠦ ᠪᠠᠶᠢᠭᠰᠠᠨ | ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ ᠲᠦᠪᠬᠢᠨᠡᠬᠦᠯᠬᠦ | ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ | ᠵᠢᠯ ᠤᠨ ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ | ᠲᠠᠳᠠᠪᠤᠷᠢᠯᠠᠭᠳᠠᠰᠠᠨ ᠲᠠᠷᠢᠶᠠᠨ ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠬᠠᠮᠤᠭ ᠦᠨᠳᠦᠷ ᠬᠡᠮᠵᠢᠶ᠎ᠡ ᠨᠢ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ | ᠦᠢᠯᠡᠳᠬᠦᠨ ᠤ ᠦᠷᠳᠡᠭ ᠤᠨ ᠠᠷᠪᠠᠨ ᠲᠠᠪᠤᠨ ᠲᠠᠬᠢᠨ ᠠᠴᠠ ᠭᠡᠳᠦᠷᠡᠵᠦ ᠪᠤᠯᠬᠤ ᠦᠭᠡᠢ᠃ | ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ | ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ | ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ | ᠲᠦᠯᠦᠪᠤᠷᠢ ᠶᠢᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ | ᠲᠤᠭᠳᠠᠭᠠᠨ᠎ᠠ᠃ | ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ | ᠬᠡᠷᠡᠭᠯᠡᠬᠦ ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ | ᠭᠠᠵᠠᠷ ᠭᠠᠷᠭᠠᠬᠤ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃ | ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ | ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ | ᠲᠠᠷᠢᠶᠠᠴᠢᠳ ᠤᠨ ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ ᠦᠭᠡᠢ ᠪᠠᠶᠢᠪᠠᠯ᠂ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠦᠭᠡᠳ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ | ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠨᠡᠶᠢᠯᠡᠪᠤᠷᠢ ᠨᠢ ᠭᠠᠵᠠᠷ | ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ | ᠦᠷᠳᠡᠭ ᠤᠨ ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ ᠦᠭᠡᠢ᠃ | ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ | ᠠᠬᠤᠢ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ | ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ | ᠲᠡᠭᠡᠭᠰᠢᠯᠡᠬᠦᠯᠵᠦ ᠪᠤᠯᠤᠨ᠎ᠠ᠃ | ᠲᠦᠴᠢᠨ ᠨᠠᠢᠮᠠᠳᠣᠭᠠᠷ ᠵᠦᠢᠯ ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ | ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠦᠴᠢ ᠶᠢᠰᠦᠳᠦᠭᠡᠷ ᠵᠦᠢᠯ ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ | ᠰᠦᠢᠳᠭᠡᠯ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃ | ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ | ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃ | ᠲᠠᠪᠢᠳᠣᠭᠠᠷ ᠵᠦᠢᠯ ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ | ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠪᠠ ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ ᠬᠡᠷᠡᠭᠲᠠᠢ᠃ | ᠲᠠᠪᠢᠨ ᠨᠢᠭᠡᠳᠦᠭᠡᠷ ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ | ᠴᠠᠬᠢᠯᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ | ᠲᠦᠯᠦᠪᠤᠷᠢ ᠰᠦᠢᠳᠭᠡᠯ ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠡ ᠠᠴᠠ ᠠᠰ ᠲᠤᠨᠢ ᠲᠤᠭᠳᠠᠭᠠᠨ᠎ᠠ᠃ | ᠲᠠᠪᠢᠨ ᠬᠤᠶᠠᠳᠣᠭᠠᠷ ᠵᠦᠢᠯ ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ | ᠨᠤᠳᠠᠯᠠᠯᠳᠠ ᠬᠢᠬᠦ ᠦᠶ᠎ᠡ ᠳᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ ᠠᠰᠢᠭᠯᠠᠯᠳᠠ ᠶᠢᠨ ᠣᠨ ᠤ | ᠲᠦᠯᠦᠪᠯᠡᠭᠡ ᠪᠤᠯᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠪᠠᠶᠢᠴᠠᠭᠠᠬᠤ ᠶᠢᠨ | ᠬᠠᠮᠳᠦ ᠰᠠᠨᠠᠯ ᠢᠶᠠᠨ ᠲᠤᠷᠠᠳᠴᠦ ᠪᠤᠯᠤᠨ᠎ᠠ᠃ | ᠲᠠᠪᠢᠨ ᠭᠤᠷᠪᠠᠳᠣᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ | ᠵᠦᠢᠯᠡᠰ ᠲᠤ ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ | ᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ | ᠲᠤᠭᠳᠠᠭᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠭᠤᠶᠤᠴᠢᠯᠠᠯ | ᠭᠠᠷᠭᠠᠵᠦ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ | ᠪᠠᠶᠢᠴᠠᠭᠠᠯᠭᠠᠭᠠᠳ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ ᠃ | | ᠲᠠᠪᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ | ᠭᠠᠵᠠᠷ ᠰᠢᠷᠦᠢ ᠶᠢ ᠤᠯᠬᠤ ᠬᠡᠷᠡᠭᠲᠠᠢ︔ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ | ᠵᠦᠪᠰᠢᠶᠡᠷᠡᠬᠦᠯᠦᠭᠡᠳ ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄ ︵ᠨᠢᠭᠡ︶ ᠲᠦᠷᠦ ᠶᠢᠨ | ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔ ︵ᠬᠤᠶᠠᠷ︶ | ᠬᠤᠳᠠ ᠶᠢᠨ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠲᠤ | ᠬᠡᠷᠡᠭᠯᠡᠬᠦ ᠭᠠᠵᠠᠷ︔ ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ | ᠡᠨᠧᠷᠬᠢ ᠶᠢᠨ ᠰᠣᠷᠪᠤᠯᠵᠢ ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠳᠤ | ᠬᠡᠷᠡᠭᠯᠡᠬᠦ ᠭᠠᠵᠠᠷ︔ ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ | ᠲᠤᠭᠳᠠᠭᠠᠭᠰᠠᠨ ᠪᠤᠰᠤᠳ ᠵᠦᠢᠯ ᠤᠨ ᠬᠡᠷᠡᠭᠯᠡᠬᠦ ᠭᠠᠵᠠᠷ᠃ | ᠲᠠᠪᠢᠨ ᠲᠠᠪᠤᠳᠤᠭᠠᠷ ᠵᠦᠢᠯ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ | ᠪᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ | ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ ᠶᠤᠰᠤᠭᠠᠷ ᠭᠠᠵᠷ | ᠰᠢᠷᠦᠢ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ | ᠬᠡᠷᠡᠭᠯᠡᠬᠦ ᠰᠦᠢᠳᠭᠡᠯ ᠪᠤᠯᠤᠨ ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ | ᠬᠡᠷᠡᠭᠯᠡᠵᠦ ᠪᠤᠯᠤᠨ᠎ᠠ᠃ ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ | ᠨᠡᠮᠡᠭᠳᠡᠭᠰᠡᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ ᠰᠢᠷᠦᠢ ᠶᠢ ᠲᠦᠯᠦᠪᠤᠷᠢ ᠲᠠᠢ ᠪᠠᠷ | ᠬᠡᠷᠡᠭᠯᠡᠬᠦ ᠰᠦᠢᠳᠭᠡᠯ ᠤᠨ 30 % ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % | ᠬᠤᠪᠢ ᠶᠢ ᠬᠤᠯᠪᠤᠭᠳᠠᠯ ᠪᠦᠬᠦᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ | ᠦᠭᠬᠦᠨ᠎ᠡ᠂ ᠡᠳᠡᠭᠡᠷ ᠢ ᠴᠦᠮ ᠲᠠᠷᠢᠶᠠᠨ ᠭᠠᠵᠠᠷ ᠢ ᠨᠡᠭᠡᠭᠡᠨ ᠠᠰᠢᠭᠯᠠᠬᠤ ᠳᠤ ᠲᠤᠰᠬᠠᠢ ᠬᠡᠷᠡᠭᠯᠡᠨ᠎ᠡ᠃ | ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ | ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ | ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ | ᠬᠡᠷᠡᠭᠲᠠᠢ︔ ᠡᠨᠡ ᠭᠠᠵᠠᠷ ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ | ᠴᠢᠬᠤᠯᠠ ᠲᠠᠢ ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ | ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ | ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳ ᠢᠶᠠᠷ ᠬᠤᠯᠪᠤᠭᠳᠠᠯ | ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠵᠦᠪᠰᠢᠶᠡᠷᠡᠯ ᠢ ᠤᠯᠬᠤ ᠬᠡᠷᠡᠭᠲᠠᠢ᠃ | ᠲᠠᠪᠢᠨ ᠲᠤᠯᠤᠳᠦᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ | ᠲᠦᠯᠦᠪᠵᠢᠬᠦᠯᠭᠡ ᠶᠢᠨ ᠲᠤᠭᠤᠷᠢᠭ ᠲᠤᠳᠤᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ | ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ | ᠬᠡᠷᠡᠭᠯᠡᠭᠴᠢᠳ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠢ ᠦᠨᠳᠦᠰᠦᠯᠡᠨ ᠬᠤᠯᠪᠤᠭᠳᠠᠯ ᠪᠦᠬᠦᠢ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ ᠤ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠭᠠᠴᠠᠭᠠᠨ ᠤ ᠠᠷᠠᠳ ᠤᠨ ᠵᠦᠪᠯᠡᠯ ᠯᠦᠭᠡ ᠭᠠᠵᠠᠷ | ᠰᠢᠷᠦᠢ ᠶᠢ ᠲᠦᠷ ᠬᠡᠷᠡᠭᠯᠡᠬᠦ ᠬᠡᠷ᠎ᠡ ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ ᠲᠤᠭᠳᠠᠭᠠᠭᠰᠠᠨ ᠶᠤᠰᠤᠭᠠᠷ | ᠭᠠᠵᠠᠷ ᠰᠢᠷᠦᠢ ᠶᠢ ᠲᠦᠷ ᠬᠡᠷᠡᠭᠯᠡᠬᠦ ᠲᠦᠯᠦᠪᠤᠷᠢ ᠰᠦᠢᠳᠭᠡᠯ ᠦᠭᠬᠦ ᠬᠡᠷᠡᠭᠲᠠᠢ᠃ | ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵᠤᠨ | ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ | ᠪᠠᠷᠢᠵᠦ ᠪᠤᠯᠬᠤ ᠦᠭᠡᠢ᠃ ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ | ᠬᠤᠶᠠᠷ ᠵᠢᠯ ᠠᠴᠠ ᠬᠡᠳᠦᠷᠡᠬᠦᠯᠬᠦ ᠦᠭᠡᠢ᠃ | ᠲᠠᠪᠢᠨ ᠨᠠᠢᠮᠠᠳᠦᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ | ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ | ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠦᠭᠡᠳ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ | ᠪᠤᠯᠤᠨ᠎ᠠ᠄ ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ | ᠪᠤᠯᠤᠭᠰᠠᠨ︔ ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ | ᠲᠤᠭᠤᠷᠢᠭ ᠢ ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ | ᠲᠠᠢ ᠪᠤᠯᠤᠭᠰᠠᠨ ︔ ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ | ᠪᠠᠷ ᠬᠡᠷᠡᠭᠯᠡᠬᠦ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠬᠦ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ | ᠰᠢᠷᠦᠢ ᠬᠡᠷᠡᠭᠯᠡᠭᠴᠢ ᠬᠤᠭᠤᠴᠠᠭ᠎ᠠ ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ | ᠤᠷᠳᠤᠳᠬᠠᠬᠤ ᠭᠤᠶᠤᠴᠢᠯᠠᠯ ᠨᠢ ᠡᠰᠡ ᠵᠦᠪᠰᠢᠶᠡᠷᠡᠭᠳᠡᠭᠰᠡᠨ︔ ︵ᠲᠦᠷᠪᠡ︶ ᠨᠢᠭᠡᠴᠢ ᠨᠢ ᠬᠠᠰᠣᠭᠳᠠᠭᠰᠠᠨ | ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ ᠬᠤᠪᠢᠶᠠᠷᠢᠯᠠᠨ ᠤᠯᠤᠭᠰᠠᠨ ᠤᠯᠤᠰ ᠤᠨ ᠦᠮᠴᠢᠯᠡᠯ ᠤᠨ | ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ︔ ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ | ᠪᠠᠭᠤᠳᠠᠯ᠂ ᠠᠭᠤᠷᠬᠠᠢ ᠵᠡᠷᠭᠡ ᠶᠢ ᠬᠢᠨᠠᠨ ᠵᠦᠪᠰᠢᠶᠡᠷᠡᠯ ᠢᠶᠠᠷ ᠲᠠᠮᠵᠢᠭᠤᠯᠤᠭᠠᠳ ᠬᠡᠷᠡᠭᠴᠡᠭᠡ ᠠᠴᠠ ᠭᠠᠷᠭᠠᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ ᠶᠤᠰᠤᠭᠠᠷ | ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂ ᠭᠠᠵᠠᠷ | ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃ | ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ | ᠤᠯᠠᠨ ᠨᠡᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ | ᠠᠷᠠᠳ ᠤᠨ ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠬᠢᠬᠦ ᠳᠡᠭᠡᠨ | ᠠᠶᠢᠯ ᠲᠤᠰᠬᠤᠨ ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ | ᠲᠠᠯ᠎ᠠ ᠪᠠᠷ ᠨᠡᠭᠡᠭᠡᠨ ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ︔ ᠪᠦᠳᠦᠭᠡᠨ | ᠪᠠᠶᠢᠭᠤᠯᠤᠯᠳᠠ ᠳᠤ ᠭᠠᠵᠠᠷ ᠬᠡᠷᠡᠭᠯᠡᠬᠦ ᠳᠡᠭᠡᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ | ᠪᠦᠭᠡᠳ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂ | ᠵᠢᠷᠠᠨ ᠬᠤᠶᠠᠳᠤᠭᠠᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | | ᠵᠢᠷᠠᠳᠤᠭᠠᠷ ᠵᠦᠢᠯ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠨᠤᠭᠤᠳ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ | ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠷ ᠢᠶᠠᠨ ᠬᠤᠪᠢ ᠤᠷᠤᠬᠤ᠂ ᠬᠤᠯᠪᠤᠭᠠᠯᠠᠨ | ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ ᠬᠠᠮᠳᠤᠷᠠᠨ ᠠᠵᠦ ᠠᠬᠤᠶᠢᠯᠠᠯ | ᠡᠷᠬᠢᠯᠡᠬᠦ ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ ᠠᠪᠴᠦ᠂ ᠰᠢᠶᠠᠨ ᠤ | ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ ᠰᠢᠶᠠᠨ ᠤ | ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ | ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ | ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ | ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠢ ᠡᠷᠭᠡᠪᠰᠢ ᠴᠢᠩᠭ᠎ᠠ ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ ᠪᠤᠰᠤ ᠠᠵᠢᠯ ᠲᠦᠷᠦᠯ | ᠪᠤᠯᠤᠨ ᠡᠵᠡᠩᠨᠡᠬᠦ ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ | ᠪᠤᠯᠤᠨ᠎ᠠ᠃ | ᠵᠢᠷᠠᠨ ᠨᠢᠭᠡᠳᠦᠭᠡᠷ ᠵᠦᠢᠯ ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂ | ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ | ᠪᠠᠶᠢᠪᠠᠯ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠤᠯᠤᠭᠠᠳ᠂ | ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ | ᠱᠠᠳᠤᠨ ᠠᠴᠠ ᠲᠡᠭᠡᠭᠰᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠶᠤᠰᠤᠭᠠᠷ | ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ | ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ | ᠬᠦᠢᠴᠡᠳᠭᠡᠯ ᠬᠢᠨ᠎ᠡ᠃ | ᠵᠢᠷᠠᠨ ᠬᠤᠶᠠᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ | ᠯᠡ ᠤᠷᠤᠨ ᠰᠠᠭᠤᠴᠠ ᠶᠢᠨ ᠭᠠᠵᠠᠷ ᠲᠠᠢ ᠪᠠᠶᠢᠵᠦ ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ | ᠲᠠᠯᠠᠪᠠᠢ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ | ᠪᠠᠷᠢᠮᠵᠢᠶ᠎ᠡ ᠠᠴᠠ ᠭᠡᠳᠦᠷᠡᠵᠦ ᠪᠤᠯᠬᠤ ᠦᠭᠡᠢ᠃ ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ | ᠪᠠᠷᠢᠬᠤ ᠳᠠᠭᠠᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ ᠤᠭ ᠤᠨ ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ | ᠲᠤᠳᠤᠷᠠᠬᠢ ᠰᠤᠯᠠ ᠭᠠᠵᠠᠷ ᠢ ᠬᠡᠷᠡᠭᠯᠡᠬᠦ ᠬᠡᠷᠡᠭᠲᠠᠢ᠃ ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ | ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ | ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠦᠪᠰᠢᠶᠡᠷᠡᠬᠦᠯᠦᠨ᠎ᠡ︔ | ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠳᠤ ᠬᠤᠯᠪᠤᠭᠳᠠᠪᠠᠯ᠂ ᠲᠤᠰ ᠬᠠᠤᠯᠢ ᠶᠢᠨ | ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂ | ᠲᠦᠷᠢᠶᠡᠰᠦᠯᠡᠬᠦᠯᠦᠭᠰᠡᠨ ᠤ ᠲᠠᠷᠠᠭ᠎ᠠ ᠲᠠᠬᠢᠨ ᠤᠷᠤᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ | ᠵᠦᠪᠰᠢᠶᠡᠷᠡᠬᠦ ᠦᠭᠡᠢ᠃ | ᠵᠢᠷᠠᠨ ᠭᠤᠷᠪᠠᠳᠤᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ | ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ | ᠪᠠᠶᠢᠭᠤᠯᠤᠯᠳᠠ ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ︔ ᠭᠡᠪᠡᠴᠦ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ | ᠶᠤᠰᠤᠭᠠᠷ ᠤᠯᠤᠭᠰᠠᠨ ᠠᠵᠦ ᠠᠬᠤᠶᠢᠯᠠᠯ ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ | ᠬᠡᠷᠡᠭᠯᠡᠬᠦ ᠡᠷᠭᠡ ᠪᠠᠨ ᠬᠠᠤᠯᠢ ᠶᠤᠰᠤᠭᠠᠷ ᠰᠢᠯᠵᠢᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠵᠢᠷᠠᠨ ᠲᠦᠷᠪᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ | ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ | ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ | ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ | ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄ ︵ᠨᠢᠭᠡ︶ ᠰᠤᠮᠤ ︵ᠪᠠᠯᠭᠠᠰᠤ︶ | ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ | ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔ ︵ᠬᠤᠶᠠᠷ︶ ᠭᠠᠵᠠᠷ | ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ ᠡᠰᠡ ᠬᠡᠷᠡᠭᠯᠡᠭᠰᠡᠨ︔ ︵ᠭᠤᠷᠪᠠ︶ | ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ | ᠬᠦᠮᠦᠨ ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃ | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠢᠨᠠᠯᠳᠠ ᠲᠠᠯᠪᠢᠵᠦ | ᠪᠠᠶᠢᠴᠠᠭᠠᠯᠳᠠ ᠬᠢᠨ᠎ᠡ᠃ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠲᠤᠭᠤᠷᠠᠳᠠᠯ᠎ᠠ ᠮᠡᠳᠡᠵᠦ᠂ ᠡᠬᠦᠷᠭᠡ | ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠦ᠂ ᠬᠠᠤᠯᠢ ᠶᠢ ᠭᠤᠤᠯᠴᠢ ᠪᠠᠷ ᠬᠡᠷᠡᠭᠵᠢᠬᠦᠯᠬᠦ ᠬᠡᠷᠡᠭᠲᠠᠢ᠃ | ᠵᠢᠷᠠᠨ ᠲᠣᠯᠣᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠤ ᠲᠤᠤᠷ᠎ᠡ ᠵᠢᠭᠰᠠᠭᠠᠭᠰᠠᠨ ᠠᠷᠭ᠎ᠠ | ᠬᠡᠮᠵᠢᠶ᠎ᠡ ᠨᠦᠭᠦᠳ ᠢ ᠠᠪᠬᠤ ᠡᠷᠭᠡ ᠲᠠᠢ᠄ ︵ᠨᠢᠭᠡ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ | ᠬᠦᠮᠦᠨ ᠳᠤ ᠭᠠᠵᠠᠷ ᠰᠢᠷᠦᠢ ᠶᠢᠨ ᠡᠷᠭᠡ ᠶᠢᠨ ᠲᠤᠬᠠᠢ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ | ᠬᠠᠩᠭᠠᠯᠭᠠᠬᠤ ᠱᠠᠭᠠᠷᠳᠠᠯᠭ᠎ᠠ ᠲᠠᠯᠪᠢᠵᠦ᠂ ᠲᠠᠳᠡᠭᠡᠷ ᠢ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠵᠦ ᠠᠪᠬᠤ︔ | ︵ᠬᠤᠶᠠᠷ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠢ ᠭᠠᠵᠠᠷ ᠰᠢᠷᠦᠢ ᠶᠢᠨ ᠡᠷᠭᠡ ᠶᠢᠨ | ᠬᠤᠯᠪᠤᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ︔ ︵ | ᠭᠤᠷᠪᠠ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠭᠠᠵᠠᠷ ᠰᠢᠷᠦᠢ ᠶᠢᠨ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ︔ ︵ᠲᠦᠷᠪᠡ︶ ᠭᠠᠵᠠᠷ | ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ ᠬᠦᠮᠦᠨ ᠢ ᠵᠠᠷᠯᠢᠭᠳᠠᠵᠦ ᠪᠠᠶᠢᠭᠠᠳ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ | ᠨᠢ ᠵᠤᠭᠰᠤᠭᠠᠬᠤ᠃ | ᠵᠢᠷᠠᠨ ᠨᠠᠢᠮᠠᠳᠦᠭᠠᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ | ᠠᠵᠢᠯᠳᠠᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠂ | ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠢᠶᠠᠷ ᠪᠢᠴᠢᠭ ᠮᠠᠲ᠋ᠧᠷᠢᠶᠠᠯ᠂ ᠮᠠᠲ᠋ᠧᠷᠢᠶᠠᠯ ᠬᠠᠩᠭᠠᠯᠭᠠᠬᠤ᠂ | ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ ᠴᠢᠬᠤᠯᠠ ᠲᠠᠢ ᠪᠤᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠢᠨᠠᠯᠳᠠ ᠲᠠᠯᠪᠢᠵᠦ ᠪᠠᠶᠢᠴᠠᠭᠠᠯᠳᠠ ᠬᠢᠬᠦ ᠬᠡᠷᠡᠴᠢ ᠲᠡᠮᠳᠡᠭ ᠢᠶᠠᠨ ᠭᠠᠷᠭᠠᠵᠦ ᠦᠵᠡᠬᠦᠯᠬᠦ ᠬᠡᠷᠡᠭᠲᠠᠢ᠃ | ᠵᠢᠷᠨ ᠶᠢᠰᠦᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠳᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠵᠦ ᠪᠠᠶᠢᠴᠠᠭᠠᠯᠳᠠ | ᠬᠢᠬᠦ ᠦᠶ᠎ᠡ ᠳᠤ ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ | ᠠᠵᠢᠯ ᠤᠨ ᠲᠠᠯ᠎ᠠ ᠪᠠᠷ ᠲᠦᠬᠦᠮ ᠦᠵᠡᠬᠦᠯᠬᠦ ᠬᠡᠷᠡᠭᠲᠠᠢ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ | ᠲᠠᠯᠪᠢᠵᠦ ᠪᠠᠶᠢᠴᠠᠭᠠᠬᠤ ᠠᠵᠢᠯᠳᠠᠳ ᠤᠨ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠬᠦᠢᠴᠡᠳᠭᠡᠬᠦ ᠶᠢ ᠲᠡᠪᠴᠢᠬᠦ | ᠪᠠ ᠬᠠᠷᠰᠢᠯᠠᠵᠦ ᠪᠤᠯᠬᠤ ᠦᠭᠡᠢ᠃ | ᠲᠠᠯᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ | ᠠᠵᠢᠯ ᠤᠨ ᠲᠤᠮᠳᠠ ᠪᠠᠨ ᠲᠦᠷᠦ ᠶᠢᠨ ᠠᠵᠢᠯᠳᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ᠂ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ ᠪᠠᠶᠢᠪᠠᠯ ᠬᠠᠤᠯᠢ ᠶᠤᠰᠤᠭᠠᠷ ᠰᠢᠢᠳᠪᠦᠷᠢᠯᠡᠬᠦ | ᠬᠡᠷᠡᠭᠲᠠᠢ︔ ᠦᠪᠡᠷᠳᠡᠭᠡᠨ ᠰᠢᠢᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ ᠤ ᠪᠤᠶᠤ ᠲᠡᠭᠡᠳᠦ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ | ᠰᠢᠳᠭᠡᠯ ᠦᠭᠬᠦ ᠰᠠᠨᠠᠭᠤᠯᠭ᠎ᠠ ᠶᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ | ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃ | ᠲᠠᠯᠠᠨ ᠨᠢᠭᠡᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ | ᠪᠠᠶᠢᠴᠠᠭᠠᠬᠤ ᠠᠵᠢᠯ ᠤᠨ ᠲᠤᠮᠳᠠ ᠪᠠᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠠᠤᠯᠢ ᠠᠴᠠ | ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠠᠵᠢᠯᠯᠠᠭ᠎ᠠ ᠪᠠᠶᠢᠬᠤ ᠶᠢ ᠤᠯᠵᠦ ᠮᠡᠳᠡᠪᠡᠯ᠂ ᠤᠤᠯ ᠤᠨ ᠬᠡᠷᠡᠭ ᠢ | ᠬᠤᠯᠪᠤᠭᠳᠠᠯ ᠪᠦᠬᠦᠢ ᠪᠠᠶᠢᠭᠤᠯᠭ᠎ᠠ ᠳᠤ ᠰᠢᠯᠵᠢᠬᠦᠯᠦᠨ ᠦᠭᠴᠦ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠭᠡᠮᠵᠢᠯᠡᠬᠦᠯᠬᠦ ᠬᠡᠷᠡᠭᠲᠠᠢ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠳᠭᠡᠯ ᠦᠭᠬᠦ ᠬᠡᠷᠡᠭᠲᠠᠢ᠃ | ᠲᠠᠯᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠰᠢᠳᠭᠡᠯ | ᠦᠭᠬᠦ ᠶᠤᠰᠤᠲᠠᠢ ᠪᠠᠶᠢᠳᠠᠯ᠎ᠠ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠰᠢᠳᠭᠡᠯ ᠦᠭᠬᠦ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ | ᠵᠠᠷᠯᠢᠭᠳᠠᠵᠦ ᠪᠠᠶᠢᠭᠠᠳ ᠵᠠᠰᠠᠭ ᠵᠠᠬᠢᠷᠭᠠᠨ ᠤ ᠰᠢᠳᠭᠡᠯ ᠦᠭᠬᠦ ᠲᠤᠭᠳᠠᠭᠠᠯ ᠭᠠᠷᠭᠠᠭᠤᠯᠬᠤ ᠪᠤᠶᠤ ᠰᠢᠭᠤᠳ ᠵᠠᠰᠠᠭ | ᠵᠠᠬᠢᠷᠭᠠᠨ ᠤ ᠰᠢᠳᠭᠡᠯ ᠦᠭᠬᠦ ᠶᠢᠨ ᠬᠠᠮᠳᠦ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠭᠡᠯ ᠦᠭᠬᠦ ᠡᠷᠭᠡ ᠲᠠᠢ᠃ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠯᠠᠨ ᠭᠤᠷᠪᠠᠳᠦᠭᠠᠷ ᠵᠦᠢᠯ ᠭᠠᠵᠠᠷ ᠰᠢᠷᠦᠢ ᠶᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ | ᠪᠤᠰᠤ ᠪᠠᠷ ᠰᠢᠯᠵᠢᠬᠦᠯᠦᠨ ᠦᠭᠬᠦᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ | ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠦ ᠠᠪᠤᠨ᠎ᠠ︔ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠭᠰᠠᠨ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ | ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ | ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ | ᠰᠡᠷᠬᠦᠭᠡᠯᠭᠡᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ | ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠦᠬᠦᠭᠡᠷᠦᠮᠵᠢ ᠶᠢ ᠨᠢ ᠬᠤᠷᠢᠶᠠᠨ ᠠᠪᠤᠨ᠎ᠠ︔ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ | ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ | ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠳᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠲᠠᠷᠢᠶᠠᠨ ᠭᠠᠵᠠᠷ ᠢ | ᠡᠵᠡᠯᠡᠨ ᠶᠤᠤ ᠭᠠᠷᠭᠠᠭᠰᠠᠨ᠂ ᠪᠤᠯᠠᠰᠢᠨ ᠭᠠᠵᠠᠷ ᠭᠠᠷᠭᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠬᠡᠷ | ᠪᠠᠷᠢᠭᠰᠠᠨ᠂ ᠡᠯᠡᠰᠦ ᠮᠠᠯᠳᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠳᠠᠭᠰᠠᠨ᠂ ᠰᠢᠷᠦᠢ ᠠᠪᠤᠭᠰᠠᠨ | ᠵᠡᠷᠭᠡ ᠠᠴᠠ ᠪᠤᠯᠵᠦ ᠲᠠᠷᠢᠶᠠᠯᠬᠤ ᠨᠦᠬᠦᠴᠡᠯ ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠶᠢ ᠨᠡᠭᠡᠭᠡᠨ | ᠠᠰᠢᠭᠯᠠᠭᠰᠠᠨ ᠠᠴᠠ ᠪᠤᠯᠤᠭᠠᠳ ᠭᠠᠵᠠᠷ ᠰᠢᠷᠦᠢ ᠶᠢ ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠶᠢᠪᠠᠯ᠂ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ | ᠪᠤᠶᠤ ᠵᠠᠰᠠᠭᠤᠯᠵᠦ᠂ ᠵᠤᠭᠤᠰ ᠢᠶᠠᠷ ᠲᠣᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠶᠠᠯ᠎ᠠ ᠪᠤᠯᠵᠦ | ᠪᠦᠷᠢᠯᠳᠦᠭᠰᠡᠨ ᠪᠠᠶᠢᠠᠪᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠲᠠᠪᠤᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠭᠠᠵᠠᠷ ᠰᠢᠷᠦᠢ ᠶᠢ | ᠰᠡᠷᠬᠦᠭᠡᠨ ᠬᠠᠭᠠᠯᠪᠤᠷᠢᠯᠠᠬᠤ ᠡᠬᠦᠷᠭᠡ ᠪᠠᠨ ᠬᠦᠢᠴᠡᠳᠭᠡᠬᠦ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠬᠤᠭᠤᠴᠠᠭ᠎ᠠ | ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ ᠵᠠᠷᠯᠢᠭᠳᠠᠵᠦ ᠪᠠᠶᠢᠭᠠᠳ ᠰᠡᠷᠬᠦᠭᠡᠨ ᠬᠠᠭᠠᠯᠪᠤᠷᠢᠯᠠᠬᠤ | ᠰᠦᠢᠳᠭᠡᠯ ᠲᠤᠰᠢᠶᠠᠯᠭᠠᠭᠠᠳ᠂ ᠭᠠᠵᠠᠷ ᠰᠢᠷᠦᠢ ᠶᠢ ᠲᠠᠬᠢᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ ᠵᠤᠭᠤᠰ ᠢᠶᠠᠷ | ᠲᠤᠷᠭᠠᠬᠤ ᠪᠠᠷ ᠰᠢᠳᠭᠡᠵᠦ ᠪᠤᠯᠤᠨ᠎ᠠ᠃ | ᠲᠠᠯᠠᠨ ᠵᠢᠷᠭᠤᠳᠤᠭᠠᠷ ᠵᠦᠢᠯ ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ | ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠨ᠎ᠠ᠂ | ᠭᠠᠵᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ | ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠭᠠᠭᠰᠠᠨ ᠪᠠᠶᠢᠪᠠᠯ᠂ ᠬᠠᠤᠯᠢ | ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ | ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ | ᠪᠠᠶᠢᠳᠠᠯ ᠢ ᠨᠢ ᠰᠡᠷᠬᠦᠭᠡᠯᠭᠡᠨ᠎ᠡ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ | ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ | ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ | ᠪᠤᠯᠤᠨ᠎ᠠ︔ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠶᠢᠨ ᠰᠢᠭᠤᠳ ᠬᠠᠷᠢᠭᠤᠴᠠᠵᠦ | ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ᠃ | ᠵᠦᠪᠰᠢᠶᠡᠷᠡᠭᠰᠡᠨ ᠲᠤᠭ᠎ᠠ ᠬᠡᠮᠵᠢᠶ᠎ᠡ ᠠᠴᠠ ᠲᠠᠪᠠᠭᠤᠯᠤᠨ ᠭᠠᠵᠠᠷ ᠰᠢᠷᠦᠢ ᠶᠢ ᠡᠵᠡᠯᠡᠨ ᠬᠡᠷᠡᠭᠯᠡᠭᠰᠡᠨ ᠪᠠᠶᠢᠪᠠᠯ | ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ | ᠲᠤᠭᠠᠴᠠᠵᠦ ᠰᠢᠢᠳᠪᠦᠷᠢᠯᠡᠨ᠎ᠡ᠃ | ᠲᠠᠯᠠᠨ ᠲᠤᠯᠤᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠵᠦᠪᠰᠢᠶᠡᠷᠡᠯ ᠤᠯᠤᠭᠰᠠᠨ | ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ | ᠬᠡᠷᠡᠭᠯᠡᠵᠦ ᠤᠷᠤᠨ ᠰᠠᠭᠤᠴᠠ ᠪᠠᠷᠢᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ | ᠪᠠᠶᠢᠭᠠᠳ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠵᠦ᠂ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠨᠢ ᠬᠤᠭᠤᠴᠠᠭ᠎ᠠ | ᠲᠤᠭᠳᠠᠭᠠᠨ ᠨᠤᠷᠠᠭᠠᠯᠭᠠᠨ ᠠᠷᠢᠯᠠᠭᠠᠭᠤᠯᠤᠨᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ | ᠭᠡᠳᠦᠷᠡᠭᠰᠡᠨ ᠪᠠᠶᠢᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠭᠠᠵᠠᠷ ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃ | ᠲᠠᠯᠠᠨ ᠨᠠᠢᠮᠠᠳᠦᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠬᠤ᠂ ᠭᠠᠵᠠᠷ ᠰᠢᠷᠦᠢ ᠶᠢ ᠬᠡᠷᠡᠭᠯᠡᠬᠦ ᠶᠢ | ᠵᠦᠪᠰᠢᠶᠡᠷᠡᠬᠦ ᠡᠷᠭᠡ ᠦᠭᠡᠢ ᠨᠢᠭᠡᠴᠢ ᠪᠤᠶᠤ ᠬᠤᠪᠢ ᠬᠦᠮᠦᠨ ᠭᠠᠵᠠᠷ ᠰᠢᠷᠦᠢ ᠶᠢᠨ ᠡᠵᠡᠯᠡᠨ ᠬᠡᠷᠡᠭᠯᠡᠬᠦ ᠶᠢ ᠬᠠᠤᠯᠢ | ᠪᠤᠰᠤ ᠪᠠᠷ ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠠᠴᠠ ᠪᠠᠨ ᠲᠠᠪᠠᠵᠦ᠂ ᠭᠠᠵᠠᠷ ᠰᠢᠷᠦᠢ | ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠠᠴᠠ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ᠂ | ᠡᠰᠡᠬᠦᠯ᠎ᠡ ᠭᠠᠵᠠᠷ ᠰᠢᠷᠦᠢ ᠶᠢ ᠡᠵᠡᠯᠡᠨ ᠬᠡᠷᠡᠭᠯᠡᠬᠦ᠂ ᠲᠠᠳᠠᠪᠤᠷᠢᠯᠠᠬᠤ ᠶᠢ ᠬᠠᠤᠯᠢ ᠳᠤ ᠲᠤᠭᠳᠠᠭᠠᠭᠰᠠᠨ ᠵᠢᠷᠦᠮ ᠠᠴᠠ | ᠵᠦᠷᠢᠴᠡᠨ ᠵᠦᠪᠰᠢᠶᠡᠷᠡᠭᠰᠡᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠤᠯᠤᠨ᠎ᠠ᠃ | ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠰᠢᠭᠤᠳ | ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ | ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ ᠪᠠᠷ ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ | ᠰᠢᠷᠦᠢ ᠶᠢ ᠨᠢ ᠪᠤᠴᠠᠭᠠᠨ ᠠᠪᠬᠤ ᠬᠡᠷᠡᠭᠲᠠᠢ᠂ ᠬᠤᠯᠪᠤᠭᠳᠠᠯ ᠪᠦᠬᠦᠢ ᠲᠤᠬᠠᠢ ᠶᠢᠨ ᠬᠦᠮᠦᠨ ᠨᠢ ᠪᠤᠴᠠᠭᠠᠵᠦ ᠦᠭᠬᠦ ᠶᠢ | ᠲᠡᠪᠴᠢᠪᠡᠯ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠢᠶᠠᠷ ᠲᠤᠭᠠᠴᠠᠵᠦ ᠰᠢᠢᠳᠪᠦᠷᠢᠯᠡᠨ᠎ᠡ᠃ | ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ | ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠤᠷᠢ ᠶᠢᠨ | ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃ | ᠲᠠᠯᠨ ᠶᠢᠰᠦᠳᠦᠭᠡᠷ ᠵᠦᠢᠯ ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠰᠢᠷᠦᠢ | ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠬᠡᠷᠡᠭᠯᠡᠵᠦ᠂ | ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ | ᠰᠢᠳᠭᠡᠯ ᠦᠭᠬᠦᠨ᠎ᠡ᠃ | ᠨᠠᠶᠠᠳᠤᠭᠠᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ | ᠶᠤᠰᠤᠭᠠᠷ ᠪᠤᠴᠠᠭᠠᠵᠦ ᠠᠪᠬᠤ ᠳᠤ ᠲᠤᠬᠠᠢ ᠶᠢᠨ ᠬᠦᠮᠦᠨ ᠨᠢ ᠭᠠᠵᠠᠷ ᠰᠢᠷᠦᠢ ᠲᠤᠰᠢᠶᠠᠬᠤ ᠶᠢ ᠲᠡᠪᠴᠢᠭᠰᠡᠨ᠂ | ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠪᠤᠴᠠᠭᠠᠵᠦ ᠦᠭᠬᠦ ᠶᠢ ᠲᠡᠪᠴᠢᠭᠰᠡᠨ᠂ | ᠡᠰᠡᠬᠦᠯ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠤᠰᠤᠭᠠᠷ ᠬᠡᠷᠡᠭᠯᠡᠭᠰᠡᠨ | ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢ ᠨᠢ | ᠪᠤᠴᠠᠭᠠᠯᠭᠠᠵᠦ᠂ ᠵᠤᠭᠤᠰ ᠢᠶᠠᠷ ᠲᠤᠷᠭᠠᠨ᠎ᠠ᠃ | ᠨᠠᠶᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠲᠤᠷ᠎ᠡ ᠪᠠᠷ ᠢᠶᠠᠨ ᠰᠢᠯᠵᠢᠬᠦᠯᠦᠨ ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ | ᠭᠠᠷᠭᠠᠭᠠᠳ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠭᠰᠡᠨ ᠪᠠᠶᠢᠪᠠᠯ᠂ ᠰᠢᠶᠠᠨ ᠤ | ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂ | ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠦᠨ ᠰᠢᠳᠭᠡᠨ᠎ᠡ᠃ ᠨᠠᠶᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ | ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠤᠪᠢᠷᠠᠭᠠᠬᠤ ᠲᠠᠩᠰᠠᠯᠠᠯᠳᠠ ᠬᠢᠯᠭᠡᠭᠰᠡᠨ ᠦᠭᠡᠢ | ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ | ᠬᠢᠯᠭᠡᠨ᠎ᠡ᠃ | ᠨᠠᠶᠠᠨ ᠭᠤᠷᠪᠠᠳᠦᠭᠠᠷ ᠵᠦᠢᠯ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ | ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠲᠤᠰ ᠬᠠᠤᠯᠢ ᠶᠢᠨ ᠲᠤᠭᠳᠠᠭᠠᠯ ᠶᠤᠰᠤᠭᠠᠷ | ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠪᠠᠷ ᠵᠠᠷᠯᠢᠭᠳᠠᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ | ᠪᠤᠶᠤ ᠬᠤᠪᠢ ᠬᠦᠮᠦᠨ ᠨᠢ ᠪᠠᠷᠢᠯᠭ᠎ᠠ ᠶᠢᠨ ᠠᠵᠢᠯ ᠢᠶᠠᠨ ᠲᠡᠷᠡ ᠲᠤᠤᠷ᠎ᠡ ᠨᠢ ᠵᠤᠭᠰᠤᠭᠠᠵᠦ ᠦᠪᠡᠷᠳᠡᠭᠡᠨ ᠨᠤᠷᠭᠠᠨ | ᠠᠷᠢᠯᠭᠠᠬᠤ ᠬᠡᠷᠡᠭᠲᠠᠢ︔ ᠪᠠᠷᠢᠯᠭ᠎ᠠ ᠶᠢᠨ ᠠᠵᠢᠯ ᠢᠶᠠᠨ ᠦᠷᠬᠦᠯᠵᠢᠯᠡᠨ ᠬᠢᠵᠦ ᠪᠠᠶᠢᠪᠠᠯ᠂ ᠰᠢᠳᠭᠡᠬᠦ ᠲᠤᠭᠳᠠᠭᠠᠯ | ᠭᠠᠷᠭᠠᠭᠰᠠᠨ ᠪᠠᠶᠢᠭᠤᠯᠭ᠎ᠠ ᠬᠤᠷᠢᠭᠯᠠᠨ ᠵᠤᠭᠰᠤᠭᠠᠬᠤ ᠡᠷᠭᠡ ᠲᠠᠢ᠃ ᠪᠦᠳᠦᠭᠡᠨ ᠪᠠᠶᠢᠭᠤᠯᠬᠤ ᠨᠢᠭᠡᠴᠢ ᠪᠤᠶᠤ ᠬᠤᠪᠢ | ᠬᠦᠮᠦᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠵᠠᠰᠠᠭ ᠵᠠᠬᠢᠷᠭᠠᠨ ᠤ ᠰᠢᠳᠭᠡᠯ | ᠦᠭᠬᠦ ᠲᠤᠭᠳᠠᠭᠠᠯ ᠢ ᠬᠦᠯᠢᠶᠡᠬᠦ ᠦᠭᠡᠢ ᠪᠤᠯ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ | ᠠᠷᠢᠯᠭᠠᠭᠤᠯᠬᠤ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠡ | ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ︔ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ | ᠵᠠᠭᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭᠠᠨ ᠠᠷᠢᠯᠭᠠᠭᠰᠠᠨ ᠦᠭᠡᠢ ᠪᠠᠶᠢᠪᠠᠯ᠂ ᠰᠢᠳᠭᠡᠯ ᠦᠭᠬᠦ | ᠲᠤᠭᠳᠠᠭᠠᠯ ᠭᠠᠷᠭᠠᠭᠰᠠᠨ ᠪᠠᠶᠢᠭᠤᠯᠭ᠎ᠠ ᠨᠢ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠯ | ᠭᠠᠷᠭᠠᠵᠦ ᠠᠯᠪᠠᠳᠠᠨ ᠬᠦᠢᠴᠡᠳᠭᠡᠬᠦᠯᠦᠨ᠎ᠡ᠂ ᠵᠠᠷᠣᠳᠠᠯ ᠰᠦᠢᠳᠭᠡᠯ ᠢ ᠨᠢ ᠬᠠᠤᠯᠢ ᠠᠴᠠ ᠵᠦᠷᠢᠴᠡᠭᠰᠡᠳ ᠲᠠᠭᠠᠭᠠᠨ᠎ᠠ᠃ | ᠨᠠᠶᠠᠨ ᠳᠦᠷᠪᠡᠳᠦᠭᠡᠷ ᠵᠦᠢᠯ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠠᠵᠢᠯᠳᠠᠳ ᠡᠬᠦᠷᠭᠡ ᠲᠤᠰᠢᠶᠠᠯ ᠳᠠᠭᠠᠨ ᠣᠰᠣᠯᠳᠠᠵᠦ᠂ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ | ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠭᠡᠮ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ | ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | ᠨᠠᠶᠠᠨ ᠲᠠᠪᠤᠳᠦᠭᠠᠷ ᠵᠦᠢᠯ ᠲᠤᠮᠳᠠᠳᠦ ᠭᠠᠳᠠᠭᠠᠳᠦ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠦ ᠠᠬᠤᠶᠢᠯᠠᠯ | ᠂ ᠲᠤᠮᠳᠠᠳᠦ ᠭᠠᠳᠠᠭᠠᠳᠦ ᠶᠢᠨ ᠬᠤᠷᠰᠢᠨ ᠡᠵᠡᠩᠨᠡᠭᠰᠡᠨ ᠠᠵᠦ ᠠᠬᠤᠶᠢᠯᠠᠯ᠂ ᠭᠠᠳᠠᠭᠠᠳᠦ ᠪᠡᠯᠡ ᠶᠢᠨ ᠠᠵᠦ | ᠠᠬᠤᠶᠢᠯᠠᠯ ᠤᠳ ᠭᠠᠵᠠᠷ ᠰᠢᠷᠦᠢ ᠬᠡᠷᠡᠭᠯᠡᠬᠦ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ ᠳᠤ ᠠᠰᠳᠠᠭᠠᠨ | ᠲᠤᠭᠳᠠᠭᠠᠯ ᠲᠠᠢ ᠪᠠᠶᠢᠪᠠᠯ ᠲᠡᠷᠡ ᠲᠤᠭᠳᠠᠭᠠᠯ ᠢ ᠬᠡᠷᠡᠭᠵᠢᠬᠦᠯᠦᠨ᠎ᠡ᠃ | ᠨᠠᠶᠠᠨ ᠵᠢᠷᠭᠤᠳᠦᠭᠠᠷ ᠵᠦᠢᠯ ᠲᠤᠰ ᠬᠠᠤᠯᠢ ᠶᠢ 1999 ᠤᠨ ᠤ 1 ᠰᠠᠷ᠎ᠡ ᠶᠢᠨ 1 ᠤ ᠡᠳᠦᠷ ᠠᠴᠠ | ᠡᠬᠢᠯᠡᠵᠦ ᠬᠡᠷᠡᠭᠵᠢᠬᠦᠯᠦᠨ᠎ᠡ᠃ |