| ︵2005 ᠤᠨ ᠤ 12 ᠳ᠋ᠤᠭᠠᠷ ᠰᠠᠷ᠎ᠠ ᠶᠢᠨ 29 ᠤ ᠡᠳᠤᠷ ᠠᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ | ᠬᠤᠷᠠᠯᠳᠤᠭᠠᠠ ᠠᠴᠠ ᠪᠠᠳᠤᠯᠠᠪᠠ︶ | ᠭᠠᠷᠴᠠᠭ | ᠨᠢᠭᠡᠳᠤᠭᠡᠷ ᠪᠦᠯᠦᠭ ᠶᠡᠷᠦᠩᠭᠡᠢ ᠲᠦᠷᠢᠮ | ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠲᠦᠷᠪᠡᠳᠦᠬᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠲᠠᠪᠤᠳᠤᠭᠠᠷ ᠪᠦᠯᠦᠭ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ | ᠵᠢᠷᠭᠤᠳᠤᠭᠠᠷ ᠪᠦᠯᠦᠭ ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ | ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠤᠭᠤᠯᠤᠬᠰᠠᠨ ᠲᠦᠷᠢᠮ | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢ | ᠵᠢᠷᠤᠮᠵᠢᠭᠤᠯᠤᠨ᠂ ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠭᠦᠢ ᠪᠠᠶᠢᠬᠤ ᠶᠢ ᠪᠠᠳᠤᠯᠠᠵᠦ᠂ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠵᠦ᠂ ᠮᠠᠯ ᠠᠵᠦ | ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠮᠠᠯ ᠠᠵᠦ | ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠦᠯᠦᠭᠡ ᠲᠤᠰ ᠬᠠᠦᠯᠢ ᠶᠢ ᠲᠤᠭᠳᠠᠭᠠᠪᠠ | ᠃ | ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠶᠢᠨ ᠲᠤᠳᠤᠷ᠎ᠠ ᠮᠠᠯ | ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ᠂ ᠪᠤᠶᠢᠵᠢᠭᠤᠯᠤᠨ ᠦᠷᠡᠵᠢᠬᠦᠯᠬᠦ᠂ | ᠠᠷᠠᠴᠢᠯᠠᠨ ᠲᠡᠵᠢᠭᠡᠬᠦ᠂ ᠡᠵᠡᠩᠨᠡᠬᠦ᠂ ᠵᠦᠭᠡᠭᠡᠪᠦᠷᠢᠯᠡᠬᠦ ᠵᠡᠷᠭᠡ ᠠᠵᠢᠯᠯᠠᠭ᠎ᠠ ᠬᠢᠬᠦ ᠳᠤ ᠲᠤᠰ ᠬᠠᠦᠯᠢ ᠶᠢ ᠬᠡᠷᠡᠭᠯᠡᠨ᠎ᠠ᠃ | | ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠭᠡᠳᠡᠭ ᠪᠤᠯ ᠲᠤᠰ ᠬᠠᠦᠯᠢ ᠶᠢᠨ ᠠᠷᠪᠠᠨ ᠨᠢᠭᠡᠳᠦᠭᠡᠷ | ᠵᠦᠢᠯ ᠤᠨ ᠲᠤᠭᠳᠠᠭᠠᠯ ᠶᠤᠰᠤᠭᠠᠷ ᠨᠡᠶᠢᠳᠡᠯᠡᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ | ᠤᠷᠤᠭᠤᠯᠤᠭᠰᠠᠨ ᠮᠠᠯ ᠵᠢᠬᠦᠷᠳᠡᠨ ᠢ ᠬᠡᠯᠡᠵᠦ ᠪᠠᠶᠢᠨ᠎ᠠ᠃ ᠵᠦᠬᠡᠢ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠵᠦ | ᠠᠰᠢᠭᠯᠠᠬᠤ ᠪᠤᠯᠤᠨ ᠦᠢᠯᠡᠳᠪᠦᠷᠢᠯᠡᠵᠦ ᠡᠵᠡᠩᠨᠡᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ | ᠬᠡᠷᠡᠭᠯᠡᠨ᠎ᠠ᠃ | ᠭᠤᠷᠪᠠᠳᠤᠭᠠᠷ ᠵᠦᠢᠯ ᠤᠯᠤᠰ ᠠᠴᠠ ᠮᠠᠯ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠲᠠᠷᠢᠶᠠᠯᠠᠩ᠂ | ᠬᠦᠳᠡᠭᠡ ᠲᠤᠰᠬᠤᠨ ᠤ ᠠᠵᠦ ᠠᠬᠤᠢ ᠶᠢ ᠬᠦᠭᠵᠢᠬᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠮᠠᠯ | ᠠᠵᠦ ᠠᠬᠤᠢ ᠶᠢᠨ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠶᠢᠨ ᠰᠠᠭᠤᠷᠢ | ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠡᠪᠴᠢᠶᠡᠵᠢᠬᠦᠯᠦᠨ ᠲᠡᠵᠢᠭᠡᠵᠦ ᠦᠷᠡᠵᠢᠭᠦᠯᠬᠦ | ᠦᠢᠯᠡᠰ ᠤᠨ ᠬᠦᠭᠵᠢᠯᠳᠠ ᠶᠢ ᠵᠤᠷᠢᠬᠵᠢᠭᠤᠯᠤᠨ ᠲᠡᠳᠬᠦᠵᠦ᠂ ᠮᠠᠯ ᠠᠵᠦ ᠠᠬᠤᠢ ᠶᠢᠨ ᠠᠵᠦ ᠦᠢᠯᠡᠰᠵᠢᠭᠰᠡᠨ | ᠡᠵᠡᠩᠨᠡᠯᠳᠡ ᠶᠢ ᠠᠬᠢᠭᠤᠯᠵᠦ᠂ ᠮᠠᠯ ᠠᠵᠦ ᠠᠬᠤᠢ ᠶᠢᠨ ᠶᠡᠷᠦᠩᠭᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠲᠡᠭᠡᠭᠰᠢᠯᠡᠬᠦᠯᠵᠦ᠂ ᠴᠢᠨᠠᠷ ᠰᠠᠶᠢᠳᠠᠢ᠂ ᠦᠨᠳᠦᠷ ᠦᠷ᠎ᠠ ᠠᠰᠢᠭᠳᠠᠢ᠂ ᠠᠮᠢ ᠠᠬᠤᠢ ᠶᠢᠨ᠂ ᠠᠶᠤᠯᠬᠦᠢ ᠮᠠᠯ ᠠᠵᠦ | ᠠᠬᠤᠢ ᠶᠢ ᠬᠦᠭᠵᠢᠬᠦᠯᠬᠦ ᠭᠡᠷᠡᠭᠳᠠᠢ᠃ | ᠤᠯᠤᠰ ᠠᠴᠠ ᠴᠦᠬᠡᠨ ᠲᠤᠭᠠᠳᠦ ᠦᠨᠳᠦᠰᠦᠳᠡᠨ ᠤ ᠭᠠᠵᠠᠷ ᠤᠷᠤᠨ᠂ ᠶᠠᠳᠠᠭᠤ ᠬᠦᠴᠢᠷᠳᠡᠯ ᠲᠠᠢ ᠭᠠᠵᠠᠷ | ᠤᠷᠤᠨ ᠤ ᠮᠠᠯ ᠠᠵᠦ ᠠᠬᠤᠢ ᠶᠢ ᠬᠦᠭᠵᠢᠬᠦᠯᠵᠦ᠂ ᠨᠤᠳᠤᠭ ᠪᠡᠯᠴᠢᠭᠡᠷ ᠢ ᠬᠠᠮᠠᠭᠠᠯᠠᠬᠤ ᠪᠠ ᠵᠦᠢ ᠵᠤᠬᠢᠰᠳᠠᠢ | ᠠᠰᠢᠬᠯᠠᠬᠤ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠢ ᠰᠠᠶᠢᠵᠢᠷᠠᠭᠤᠯᠬᠤ ᠶᠢ ᠬᠠᠪᠰᠤᠷᠤᠨ | ᠲᠡᠳᠬᠦᠨ᠎ᠠ᠃ | ᠲᠦᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠮᠠᠯ ᠡᠮᠨᠡᠯᠭᠡ ᠶᠢᠨ | ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠦᠨ᠂ ᠮᠠᠯ ᠠᠵᠦ ᠠᠬᠤᠢ ᠮᠠᠯ ᠡᠮᠨᠡᠯᠭᠡ ᠶᠢᠨ ᠰᠢᠨᠵᠢᠯᠡᠬᠦ | ᠤᠬᠠᠭᠠᠨ ᠮᠡᠷᠭᠡᠵᠢᠯ ᠢ ᠰᠤᠳᠤᠯᠬᠤ ᠪᠠ ᠲᠡᠯᠭᠡᠷᠡᠬᠦᠯᠬᠦ ᠦᠢᠯᠡᠰ ᠢ ᠬᠦᠭᠵᠢᠬᠦᠯᠵᠦ᠂ ᠮᠠᠯ ᠠᠵᠦ ᠠᠬᠤᠢ ᠮᠠᠯ | ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠦᠮᠦᠵᠢᠯ ᠤᠬᠠᠭᠤᠯᠭ᠎ᠠ ᠶᠢᠨ ᠠᠵᠢᠯ ᠪᠤᠯᠤᠨ ᠮᠠᠯ | ᠠᠵᠦ ᠠᠬᠤᠢ ᠮᠠᠯ ᠡᠮᠨᠡᠯᠭᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠦᠷᠨᠢᠬᠦᠯᠵᠦ᠂ ᠮᠠᠯ ᠠᠵᠦ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠠᠬᠢᠭᠤᠯᠤᠨ᠎ᠠ᠃ | ᠲᠠᠪᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠰᠠᠶᠢᠨ ᠲᠤᠷ᠎ᠠ ᠠᠴᠠ ᠪᠠᠨ | ᠬᠠᠦᠯᠢ ᠶᠤᠰᠤᠭᠠᠷ ᠠᠵᠢᠯ ᠲᠦᠷᠦᠯ ᠤᠨ ᠨᠡᠶᠢᠭᠡᠮᠯᠢᠭ ᠢ ᠪᠠᠶᠢᠭᠤᠯᠵᠦ᠂ ᠪᠦᠷᠢᠯᠳᠦᠬᠦᠨ ᠳᠡᠭᠡᠨ ᠮᠡᠳᠡᠭᠡ ᠵᠠᠩᠭᠢ᠂ | ᠮᠡᠷᠭᠡᠵᠢᠯ᠂ ᠡᠵᠡᠩᠨᠡᠯᠳᠡ᠂ ᠪᠤᠷᠤᠯᠠᠭᠤᠯᠭ᠎ᠠ᠂ ᠪᠤᠯᠪᠠᠰᠤᠷᠠᠭᠤᠯᠤᠯ ᠵᠡᠷᠭᠡ ᠳᠠᠯ᠎ᠠ ᠵᠢᠨᠦᠢᠯᠡᠴᠢᠯᠡᠭᠡ ᠬᠠᠨᠭ᠍ᠭᠠᠵᠦ᠂ ᠠᠵᠢᠯ | ᠲᠦᠷᠤᠯ ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠵᠦ᠂ ᠪᠦᠷᠢᠯᠳᠦᠬᠦᠨ ᠪᠠ ᠠᠵᠢᠯ ᠲᠦᠷᠦᠯ ᠤᠨ ᠢᠶᠠᠨ | ᠠᠰᠢᠭ ᠲᠤᠰᠠ ᠶᠢ ᠬᠠᠮᠠᠭᠠᠯᠠᠵᠦ ᠪᠤᠯᠤᠨ᠎ᠠ᠃ | ᠵᠢᠷᠭᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠠᠮᠢᠳᠠᠨ ᠤ ᠬᠢᠵᠢᠭ ᠢ | ᠰᠡᠷᠭᠡᠶᠢᠯᠡᠬᠦ ᠪᠠ ᠤᠷᠴᠢᠨ ᠠᠬᠤᠢ ᠶᠢ ᠬᠠᠮᠠᠭᠠᠯᠠᠬᠤ ᠡᠬᠦᠷᠭᠡ ᠪᠠᠨ ᠬᠠᠦᠯᠢ ᠶᠤᠰᠤᠭᠠᠷ ᠬᠦᠢᠴᠡᠳᠭᠡᠵᠦ᠂ ᠬᠤᠯᠪᠤᠭᠳᠠᠯ | ᠪᠦᠭᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠦᠯᠢ ᠶᠤᠰᠤᠭᠠᠷ ᠶᠠᠪᠤᠭᠤᠯᠬᠤ ᠬᠢᠨᠠᠯᠳᠠ ᠪᠠᠶᠢᠴᠠᠭᠠᠯᠳᠠ ᠶᠢ | ᠬᠦᠯᠢᠶᠡᠬᠦ ᠬᠡᠷᠡᠭᠳᠠᠢ᠃ | ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠮᠠᠯ ᠠᠵᠦ ᠠᠬᠤᠢ ᠶᠢᠨ ᠬᠢᠨᠠᠯᠳᠠ | ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠠᠵᠦ ᠠᠬᠤᠢ ᠶᠢᠨ ᠬᠢᠨᠠᠯᠳᠠ | ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠰᠢᠶᠠᠠ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠳ ᠲᠤᠰ ᠲᠤᠰ ᠤᠨ ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠮᠠᠯ ᠠᠵᠦ | ᠠᠬᠤᠢ ᠶᠢᠨ ᠬᠦᠭᠵᠢᠯᠳᠠ ᠶᠢ ᠠᠬᠢᠭᠤᠯᠬᠤ ᠬᠤᠯᠪᠤᠭᠳᠠᠯ ᠪᠦᠭᠦᠢ ᠠᠵᠢᠯ ᠢ ᠬᠠᠷᠢᠭᠤᠴᠠᠨ᠎ᠠ᠃ ᠨᠠᠢᠮᠠᠳᠤᠭᠠᠷ | ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠢ | ᠵᠢᠯᠤᠭᠤᠳᠴᠦ ᠪᠠᠶᠢᠭᠠᠳ ᠮᠠᠯ ᠵᠢᠬᠦᠷᠳᠡᠨ ᠢ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠵᠦᠭᠡᠭᠡᠪᠦᠷᠢᠯᠡᠬᠦ | ᠨᠦᠬᠦᠴᠡᠯ ᠪᠤᠯᠤᠨ ᠤᠷᠴᠢᠨ ᠲᠤᠭᠤᠷᠢᠨ ᠢ ᠨᠢ ᠰᠠᠶᠢᠵᠢᠷᠠᠭᠤᠯᠬᠤ ᠬᠡᠷᠡᠭᠳᠠᠢ᠃ | ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠶᠢᠰᠦᠳᠦᠭᠡᠷ ᠵᠦᠢᠯ ᠤᠯᠤᠰ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ | ᠲᠦᠷᠢᠮ ᠢ ᠲᠤᠭᠳᠠᠭᠠᠨ᠎ᠠ᠃ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ | ᠪᠠᠶᠢᠭᠠᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠦ᠂ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ | ᠤᠷᠤᠭᠤᠯᠬᠤ ᠬᠡᠷᠡᠭᠳᠠᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠨᠢ | ᠤᠯᠤᠰ ᠤᠨ ᠬᠢ ᠪᠠᠷ ᠭᠤᠤᠯ ᠪᠤᠯᠭᠠᠨ᠂ ᠬᠤᠯᠪᠤᠭᠳᠠᠯ ᠪᠦᠬᠦᠢ ᠨᠢᠭᠡᠴᠢ᠂ ᠬᠤᠪᠢ ᠬᠦᠮᠦᠨ ᠤ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠦᠢᠯᠡᠰ ᠢ ᠬᠠᠤᠯᠢ ᠶᠤᠰᠤᠭᠠᠷ ᠬᠦᠭᠵᠢᠬᠦᠯᠬᠦ ᠶᠢ ᠵᠤᠷᠢᠬᠵᠢᠭᠤᠯᠤᠨ | ᠲᠡᠮᠵᠢᠨ᠎ᠠ᠃ | ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰᠬᠠᠢ ᠮᠡᠷᠭᠡᠵᠢᠯ ᠤᠨ ᠠᠵᠢᠯᠳᠠᠡ ᠢᠶᠠᠷ ᠪᠦᠷᠢᠯᠳᠦᠭᠰᠡᠨ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢ ᠪᠠᠶᠢᠭᠤᠯᠵᠦ᠂ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ᠂ ᠦᠨᠡᠯᠡᠨ ᠵᠢᠱᠢᠬᠦ ᠪᠠ ᠮᠠᠯ ᠵᠢᠬᠦᠷᠳᠡᠨ ᠤ ᠰᠢᠨ᠎ᠠ ᠡᠬᠦᠯᠳᠡᠷ᠂ | ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠵᠢᠯ ᠢ ᠬᠠᠷᠢᠭᠤᠴᠠᠨ᠂ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠬᠡ ᠶᠢ ᠨᠤᠳᠠᠯᠠᠬᠤ ᠵᠢᠴᠢ ᠮᠠᠯ ᠵᠢᠭᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠬᠤ ᠲᠤᠬᠠᠢ ᠬᠤᠯᠪᠤᠬᠳᠠᠯ ᠪᠦᠬᠦᠢ ᠵᠦᠪᠯᠡᠯᠭᠡ ᠦᠭᠬᠦ ᠠᠵᠢᠯ ᠢ ᠡᠬᠦᠷᠭᠡᠯᠡᠨ᠎ᠠ᠃ | ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠤᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠤᠨ ᠪᠠᠶᠢᠳᠠᠯ ᠤᠨ ᠲᠤᠬᠠᠢ ᠮᠡᠳᠡᠬᠦᠯᠦᠯᠳᠠ ᠶᠢ ᠨᠡᠶᠢᠳᠡᠯᠡᠬᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ | ᠵᠦᠪᠰᠢᠶᠡᠷᠡᠭᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠳᠡᠯᠡᠬᠦ ᠠᠵᠢᠯ ᠢ | ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠤᠨ ᠲᠠᠷᠬᠠᠴᠠ ᠶᠢᠨ ᠪᠠᠶᠢᠳᠠᠯ ᠢ ᠦᠨᠳᠦᠰᠦᠯᠡᠡ᠂ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ | ᠡᠬᠢ ᠪᠠᠶᠠᠯᠢᠭ ᠢ ᠬᠠᠮᠠᠭᠠᠯᠠᠠ ᠠᠰᠢᠬᠯᠠᠬᠤ ᠲᠦᠯᠦᠪᠵᠢᠬᠦᠯᠭᠡ ᠶᠢ ᠲᠤᠭᠳᠠᠭᠠᠵᠦ᠂ ᠤᠯᠤᠰ ᠤᠨ ᠲᠡᠰ ᠤᠨ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠵᠦ᠂ ᠮᠠᠨ ᠤ | ᠤᠯᠤᠰ ᠤᠨ ᠤᠭ ᠭᠠᠷᠤᠯ ᠲᠠᠢ ᠦᠨᠡᠳᠦ᠂ ᠬᠤᠪᠤᠷ ᠴᠤᠬᠠᠭ᠂ ᠰᠦᠨᠦᠬᠦ ᠰᠢᠬᠠᠭᠰᠠᠨ ᠮᠠᠯ ᠵᠢᠬᠦᠷᠳᠡᠡ ᠤ | ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠨ᠎ᠠ᠃ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠲᠤᠰ ᠵᠠᠰᠠᠭ ᠵᠠᠬᠢᠷᠭᠠᠨ ᠤ ᠤᠷᠤᠨ ᠤ ᠪᠠᠨ | ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ᠂ ᠮᠤᠵᠢ ᠶᠢᠨ | ᠱᠠᠳᠤᠨ ᠤ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ | ᠨᠡᠶᠢᠳᠡᠯᠡᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠲᠠᠩᠰᠠᠯᠠᠭᠤᠯᠤᠨ᠎ᠠ᠃ | ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠯᠤᠰ ᠤᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠤᠯᠤᠰ ᠤᠨ ᠲᠡᠰ ᠤᠨ ᠮᠠᠯ | ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠨ᠂ ᠮᠤᠵᠢ ᠶᠢᠨ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠨᠢ ᠮᠤᠵᠢ ᠶᠢᠨ ᠱᠠᠳᠤᠨ ᠤ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ | ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ | ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠶᠢ ᠲᠤᠰ ᠲᠤᠰ ᠪᠠᠶᠢᠭᠤᠯᠬᠤ | ᠪᠤᠶᠤ ᠲᠤᠭᠳᠠᠭᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠬᠦᠷᠭᠡ ᠶᠢ ᠡᠬᠦᠷᠭᠡᠯᠡᠨ᠎ᠠ᠃ | ᠲᠦᠪ ᠤᠨ ᠪᠠ ᠮᠤᠵᠢ ᠶᠢᠨ ᠱᠠᠳᠤᠨ ᠤ ᠡᠳ᠋ ᠤᠨ ᠵᠠᠰᠠᠭ ᠤᠨ ᠪᠡᠯᠡ ᠮᠦᠡᠭᠭᠦᠨ ᠤ ᠲᠡᠮᠵᠢᠯᠭᠡ ᠶᠢ ᠬᠦᠷᠳᠡᠵᠦ | ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ | ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠨ ᠵᠦᠪᠰᠢᠶᠠᠷᠡᠯ ᠦᠬᠡᠢ ᠪᠠᠷ ᠬᠠᠮᠠᠭᠠᠯᠠᠯᠳᠠ ᠳᠤ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠲᠤᠷ᠎ᠠ ᠪᠠᠷ ᠢᠶᠠᠨ ᠰᠢᠢᠳᠪᠦᠷᠢᠯᠡᠵᠦ ᠪᠤᠯᠬᠤ ᠦᠭᠡᠢ᠃ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠤᠨ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠲᠤᠭᠳᠠᠭᠠᠯ ᠶᠤᠰᠤᠭᠠᠷ᠂ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ ᠲᠤᠭᠳᠠᠮᠠᠯ ᠬᠤᠭᠤᠴᠠᠭ᠎ᠠ ᠲᠠᠢ ᠪᠠᠷ | ᠴᠤᠬᠯᠠᠭᠤᠯᠤᠨ ᠰᠢᠨᠡᠳᠭᠡᠬᠦ ᠭᠡᠷᠡᠭᠳᠠᠢ᠃ ᠬᠤᠯᠪᠤᠬᠳᠠᠯ ᠪᠦᠬᠦᠢ ᠨᠢᠭᠡᠴᠢ᠂ ᠬᠤᠪᠢ ᠬᠦᠮᠦᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠯᠦᠭᠡ ᠬᠠᠮᠵᠢᠯᠴᠠᠨ ᠮᠠᠯ ᠵᠢᠬᠦᠷᠳᠡᠨ ᠤ ᠤᠳᠤᠮᠯᠠᠯ ᠤᠨ | ᠮᠠᠲ᠋ᠧᠷᠢᠶᠠᠯ ᠢ ᠴᠤᠬᠯᠠᠭᠤᠯᠬᠤ ᠶᠢᠨ ᠬᠠᠮᠳᠦ ᠵᠤᠬᠢᠬᠤ ᠬᠡᠮᠵᠢᠶᠠᠨ ᠤ ᠠᠵᠦ ᠠᠬᠤᠢ ᠶᠢᠨ ᠨᠦᠬᠦᠪᠦᠷᠢ ᠤᠯᠬᠤ | ᠡᠷᠭᠡ ᠲᠠᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ | ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠶᠢᠨ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠲᠤᠭᠳᠠᠭᠠᠨ᠎ᠠ᠃ | ᠠᠷᠪᠠᠨ ᠲᠦᠷᠪᠡᠳᠦᠭᠡᠷ ᠵᠦᠢᠯ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠰᠢᠯᠭᠠᠨ ᠲᠤᠭᠳᠠᠭᠠᠬᠤ ᠠᠴᠠ | ᠡᠮᠦᠨ᠎ᠠ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠠᠮᠠᠭᠠᠯᠠᠯᠳᠠ ᠶᠢᠨ ᠲᠦᠰᠦᠯ ᠲᠤᠭᠳᠠᠭᠠᠵᠦ᠂ ᠲᠦᠷ | ᠴᠠᠭ ᠤᠨ ᠬᠠᠮᠠᠭᠠᠯᠠᠯᠳᠠ ᠶᠢᠨ ᠠᠷᠭ᠎ᠠ ᠬᠡᠮᠵᠢᠶ᠎ᠠ ᠠᠪᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ | ᠲᠠᠩᠰᠠᠯᠠᠭᠤᠯᠬᠤ ᠬᠡᠷᠡᠭᠳᠠᠢ᠃ | ᠠᠷᠪᠠᠨ ᠲᠠᠪᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠠᠴᠠ | ᠤᠷᠤᠭᠤᠯᠵᠦ ᠢᠷᠡᠬᠦ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ | ᠭᠡᠷᠡᠭᠳᠠᠢ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ | ᠮᠡᠳᠡᠬᠦᠯᠤᠨ ᠦᠨᠡᠯᠡᠨ ᠨᠤᠳᠠᠯᠠᠭᠤᠯᠤᠭᠰᠠᠨ ᠤ ᠲᠠᠷᠠᠭ᠎ᠠ ᠵᠦᠪᠰᠢᠶᠡᠷᠡᠨ᠎ᠠ᠃ ᠵᠦᠪᠰᠢᠶᠠᠷᠡᠭᠰᠡᠨ ᠪᠠᠶᠢᠪᠠᠯ᠂ ︽ᠪᠦᠬᠦᠳᠡ | ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ | ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ | ᠬᠢᠵᠢᠭ ᠤᠨ ᠪᠠᠶᠢᠴᠠᠭᠠᠯᠳᠠ ᠬᠢᠨ᠎ᠠ᠃ | ᠬᠢᠯᠢ ᠶᠢᠨ ᠭᠠᠳᠠᠨ᠎ᠠ ᠠᠴᠠ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠨᠢ ᠬᠢᠯᠢ ᠶᠢᠨ | ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ᠂ ᠠᠮᠢ ᠠᠬᠤᠢ ᠶᠢᠨ ᠤᠷᠴᠢᠨ ᠲᠤᠭᠤᠷᠢᠨ ᠳᠤ ᠬᠤᠤᠷ | ᠬᠦᠨᠦᠭᠡᠯ ᠤᠴᠠᠷᠠᠭᠤᠯᠬᠤ ᠪᠤᠶᠤ ᠬᠤᠤᠷ ᠬᠦᠨᠦᠭᠡᠯ ᠤᠴᠠᠷᠠᠭᠤᠯᠬᠤ ᠪᠤᠯᠤᠮᠵᠢ ᠲᠠᠢ ᠪᠠᠶᠢᠬᠤ ᠶᠢ ᠤᠯᠵᠦ ᠮᠡᠳᠡᠪᠠᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ ᠯᠦᠭᠡ ᠵᠦᠪᠳᠡᠵᠦ ᠪᠠᠶᠢᠭᠠᠳ | ᠠᠶᠤᠯᠬᠦᠢ ᠶᠢᠨ ᠬᠢᠵᠠᠭᠠᠷᠯᠠᠬᠤ ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠭᠡᠷᠡᠭᠳᠠᠢ᠃ | ᠠᠷᠪᠠᠨ ᠵᠢᠷᠭᠤᠳᠤᠭᠠᠷ ᠵᠦᠢᠯ ᠬᠠᠮᠠᠭᠠᠯᠠᠯᠳᠠ ᠶᠢᠨ ᠲᠤᠪᠶᠤᠭ ᠲᠤ ᠤᠷᠤᠭᠤᠯᠤᠬᠰᠠᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠲᠤᠳᠤᠷ᠎ᠠ ᠬᠢᠯᠢ ᠶᠢᠨ ᠭᠠᠳᠠᠨᠠᠬᠢ | ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠵᠦ ᠰᠤᠳᠤᠯᠤᠨ ᠠᠰᠢᠬᠯᠠᠬᠤ ᠳᠤ᠂ ᠮᠤᠵᠢ ᠶᠢᠨ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠶᠢᠨ ᠬᠠᠮᠳᠦ ᠠᠰᠢᠭ ᠲᠤᠰᠠ ᠶᠢ ᠤᠯᠤᠰ ᠤᠷᠤᠨ ᠬᠠᠮᠳᠦ ᠪᠠᠷ | ᠬᠦᠷᠳᠡᠬᠦ ᠲᠦᠰᠦᠯ ᠢ ᠲᠤᠷᠠᠳᠬᠤ ᠭᠡᠷᠡᠭᠳᠠᠢ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠵᠦᠪᠰᠢᠶᠠᠷᠡᠬᠦᠯᠦᠨᠠ᠃ | ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠠᠯ᠂ ᠪᠠᠰᠠ ︽ | ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ | ᠬᠢᠵᠢᠭ ᠢ ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠬᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ | ᠬᠠᠮᠳᠦ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠠᠢ᠃ | ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠬᠢᠨᠠᠨ ᠲᠤᠭᠳᠠᠭᠠᠬᠤ ᠠᠴᠠ ᠡᠮᠦᠨ᠎ᠠ ᠬᠢᠯᠢ ᠶᠢᠨ ᠭᠠᠳᠠᠨ᠎ᠠ | ᠭᠠᠷᠭᠠᠵᠦ ᠪᠤᠯᠬᠤ ᠦᠭᠡᠢ᠂ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠠᠮᠳᠤᠷᠠᠨ ᠲᠡᠬᠦᠨ ᠢ | ᠰᠤᠳᠤᠯᠤᠨ ᠠᠰᠢᠬᠯᠠᠵᠦ ᠪᠤᠯᠬᠤ ᠦᠬᠡᠢ᠃ | ᠠᠷᠪᠠᠨ ᠲᠤᠯᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠤᠷᠤᠭᠤᠯᠵᠦ | ᠭᠠᠷᠭᠠᠬᠤ ᠪᠠ ᠭᠠᠳᠠᠭᠠᠳᠦ ᠲᠠᠢ ᠬᠤᠷᠰᠢᠵᠦ ᠰᠤᠳᠤᠯᠤᠨ ᠠᠰᠢᠬᠯᠠᠬᠤ ᠶᠢ ᠬᠢᠨᠠᠨ ᠵᠦᠪᠰᠢᠶᠡᠷᠡᠬᠦ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃ | ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ | ᠦᠢᠯᠡᠳᠪᠦᠷᠢᠯᠡᠵᠦ ᠡᠵᠡᠩᠨᠡᠬᠦ | ᠠᠷᠪᠠᠨ ᠨᠠᠢᠮᠠᠳᠤᠭᠠᠷ ᠵᠦᠢᠯ ᠤᠯᠤᠰ ᠠᠴᠠ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ | ᠰᠠᠶᠢᠨ ᠡᠬᠦᠯᠳᠡᠷ ᠢ ᠲᠡᠯᠭᠡᠷᠡᠬᠦᠯᠤᠨ ᠬᠡᠷᠡᠭᠯᠡᠬᠦ ᠶᠢ ᠲᠡᠳᠬᠦᠵᠦ᠂ ᠠᠵᠦ ᠠᠬᠤᠢᠢᠯᠠᠯ᠂ ᠲᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠮᠡᠷᠬᠡᠵᠢᠯ ᠲᠡᠯᠭᠡᠷᠡᠬᠦᠯᠬᠦ ᠨᠢᠭᠡᠴᠢ ᠶᠢᠨ ᠬᠢᠨ | ᠬᠤᠯᠪᠤᠭᠠᠯᠠᠵᠦ ᠪᠠᠶᠢᠭᠠᠳ ᠦᠷ᠎ᠠ ᠪᠤᠶᠢᠵᠢᠭᠤᠯᠬᠤ ᠠᠵᠢᠯ ᠢ ᠦᠷᠨᠢᠬᠦᠯᠦᠨ᠂ ᠮᠠᠯ ᠵᠢᠬᠦᠷᠳᠡᠨ ᠤ ᠰᠠᠶᠢᠨ ᠡᠬᠦᠯᠳᠡᠷ ᠢ | ᠦᠷᠡᠵᠢᠬᠦᠯᠦᠨ ᠪᠤᠶᠢᠵᠢᠭᠤᠯᠬᠤ ᠰᠢᠰᠲ᠋ᠧᠮ ᠪᠠᠶᠢᠭᠤᠯᠬᠤ ᠶᠢ ᠲᠡᠮᠵᠢᠨ᠎ᠠ᠃ | ᠠᠷᠪᠠ ᠶᠢᠰᠦᠳᠦᠭᠡᠷ ᠵᠦᠢᠯ ᠪᠤᠶᠢᠵᠢᠭᠤᠯᠤᠬᠰᠠᠨ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠭᠦᠷᠵᠢᠭᠰᠡᠨ | ᠤᠳᠤᠮ ᠬᠢᠭᠡᠳ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ | ᠲᠤᠭᠳᠠᠭᠠᠯᠭᠠᠬᠤ ᠪᠤᠶᠤ ᠰᠢᠯᠭᠠᠨ ᠲᠤᠭᠳᠠᠭᠠᠯᠭᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠠᠨ | ᠨᠡᠶᠢᠳᠡᠯᠡᠬᠦ ᠬᠡᠷᠡᠭᠳᠠᠢ᠃ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ | ᠠᠷᠭ᠎ᠠ ᠪᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠲᠤᠭᠳᠠᠭᠠᠨ᠎ᠠ᠃ ᠬᠢᠨᠠᠨ ᠲᠤᠭᠳᠠᠭᠠᠬᠤ ᠪᠤᠶᠤ ᠰᠢᠯᠭᠠᠨ ᠲᠤᠭᠳᠠᠭᠠᠬᠤ ᠳᠤ ᠬᠡᠷᠡᠭᠰᠡᠬᠦ | ᠲᠤᠷᠰᠢᠯᠳᠠ ᠬᠢᠬᠦ ᠂ ᠰᠢᠯᠭᠠᠨ ᠬᠡᠮᠵᠢᠬᠦ ᠵᠠᠷᠭᠡ ᠶᠢᠨ ᠵᠠᠷᠤᠳᠠᠯ ᠰᠦᠢᠳᠭᠡᠯ ᠢ ᠭᠤᠶᠤᠴᠢᠯᠠᠭᠴᠢ ᠲᠠᠭᠠᠭᠠᠨ᠎ᠠ᠂ ᠵᠠᠷᠤᠳᠠᠯ | ᠬᠤᠷᠢᠶᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ | ᠮᠦᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠠ ᠲᠤᠭᠳᠠᠭᠠᠨ᠎ᠠ᠃ | ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠬᠤ ᠶᠠᠪᠤᠴᠠ ᠲᠤᠮᠳᠠᠬᠢ | ᠲᠤᠷᠰᠢᠯᠳᠠ ᠶᠢ ᠬᠢᠬᠦ ᠳᠤ ᠲᠤᠷᠰᠢᠯᠳᠠ ᠬᠢᠵᠦ ᠪᠠᠶᠢᠭ᠎ᠠ ᠭᠠᠵᠠᠷ ᠤᠷᠤᠨ ᠤ ᠮᠤᠵᠢ ᠶᠢᠨ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠢᠶᠠᠷ ᠵᠦᠪᠰᠢᠶᠠᠷᠡᠬᠦᠯᠬᠦ ᠭᠡᠷᠡᠭᠳᠠᠢ᠃ | ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠤᠭᠰᠡᠳ ᠤᠨ ᠬᠠᠦᠯᠢ | ᠶᠤᠰᠤᠨ ᠤ ᠡᠷᠭᠡ ᠠᠰᠢᠭ ᠢ ᠬᠠᠤᠯᠢ ᠪᠠᠷ ᠬᠠᠮᠠᠭᠠᠯᠠᠨ᠎ᠠ᠃ | ᠬᠤᠷᠢᠳᠤᠭᠠᠷ ᠵᠦᠢᠯ ᠭᠧᠨ ᠰᠢᠯᠵᠢᠬᠦᠯᠦᠭᠰᠠᠨ ᠮᠠᠯ ᠵᠢᠬᠦᠷᠳᠡᠨ ᠤ ᠡᠬᠦᠯᠳᠡᠷ ᠢ ᠪᠤᠶᠢᠵᠢᠭᠤᠯᠬᠤ᠂ ᠲᠤᠷᠰᠢᠯᠳᠠ | ᠬᠢᠬᠦ᠂ ᠬᠢᠨᠠᠨ ᠲᠤᠭᠳᠠᠭᠠᠬᠤ ᠪᠠ ᠲᠡᠯᠭᠡᠷᠡᠬᠦᠯᠬᠦ ᠳᠤ ᠤᠯᠤᠰ ᠤᠨ ᠲᠠᠷᠢᠶᠠᠯᠠᠩ ᠤᠨ ᠭᠧᠨ ᠰᠢᠯᠵᠢᠬᠦᠯᠬᠦ ᠠᠮᠢᠳᠦ | ᠪᠤᠳᠠᠰ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠪᠠᠶᠢᠬᠤ ᠭᠡᠷᠡᠭᠳᠠᠢ᠃ | ᠬᠤᠷᠢᠨ ᠨᠢᠭᠡᠳᠦᠭᠡᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠮᠠᠯ ᠠᠵᠦ ᠠᠬᠤᠢ ᠮᠠᠯ ᠡᠮᠨᠡᠯᠭᠡ ᠶᠢᠨ | ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠨᠤᠭᠤᠳ ᠦᠷ᠎ᠠ ᠶᠢᠨ ᠮᠠᠯ ᠤᠨ ᠰᠢᠯᠢᠳᠡᠭ ᠪᠤᠳᠠᠭᠠᠯᠢ ᠪᠠᠶ᠎ᠠ ᠶᠢ ᠲᠠᠩᠰᠠᠯᠠᠵᠦ᠂ | ᠰᠢᠯᠢᠳᠡᠭ ᠦᠷ᠎ᠠ ᠶᠢᠨ ᠮᠠᠯ ᠢ ᠨᠡᠶᠢᠭᠡᠮ ᠨᠡᠶᠢᠳᠡ ᠳᠤ ᠲᠠᠨᠢᠯᠴᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ | ᠪᠤᠯᠤᠨ᠎ᠠ᠃ ᠰᠢᠯᠢᠳᠡᠭ ᠦᠷ᠎ᠠ ᠶᠢᠨ ᠮᠠᠯ ᠢ ᠲᠠᠩᠰᠠᠯᠠᠬᠤ ᠲᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | | ᠬᠤᠷᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠪᠤᠶᠤ ᠲᠠᠸᠠᠷ ᠤᠨ | ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠶᠢᠵᠢᠭᠤᠯᠤᠨ ᠦᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ᠂ | ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢ | ᠤᠯᠤᠬᠰᠠᠨ ᠪᠠᠶᠢᠬᠤ ᠭᠡᠷᠡᠭᠳᠠᠢ᠃ ᠭᠤᠶᠤᠴᠢᠯᠠᠬᠴᠢᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ | ᠵᠦᠪᠰᠢᠶᠠᠷᠡᠯ ᠤᠨ ᠦᠨᠡᠮᠯᠡᠯ ᠢᠶᠠᠨ ᠠᠪᠴᠦ ᠦᠢᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ | ᠮᠦᠴᠢᠷ ᠲᠤ ᠬᠠᠦᠯᠢ ᠶᠤᠰᠤᠭᠠᠷ ᠲᠠᠩᠰᠠᠯᠠᠭᠤᠯᠵᠦ᠂ ᠡᠵᠡᠩᠨᠡᠯᠳᠡ ᠶᠢᠨ ᠦᠨᠡᠮᠯᠡᠯ ᠢ ᠤᠯᠤᠬᠰᠠᠨ ᠤ ᠪᠠᠨ ᠲᠠᠷᠠᠭ᠎ᠠ | ᠰᠠᠶ᠋ᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ ᠪᠤᠯᠤᠨ᠎ᠠ᠃ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠯᠬᠤ ᠪᠠᠷ | ᠭᠤᠶᠤᠴᠢᠯᠠᠬᠤ ᠳᠤ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄ | ︵ᠨᠢᠭᠡ︶ ᠦᠢᠯᠡᠳᠪᠦᠷᠢᠯᠡᠵᠦ ᠡᠵᠡᠩᠨᠡᠬᠦ ᠦᠷ᠎ᠠ ᠶᠢᠨ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠭᠰᠠᠨ ᠪᠤᠶᠤ ᠰᠢᠯᠭᠠᠨ | ᠲᠤᠭᠳᠠᠭᠠᠯᠭᠠᠭᠰᠠᠨ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠭᠡᠷᠡᠭᠳᠡᠢ᠂ ᠡᠰᠡᠬᠦᠯ᠎ᠠ ᠵᠦᠪᠰᠢᠶᠡᠷᠡᠬᠦᠯᠦᠭᠡᠳ | ᠤᠷᠤᠭᠤᠯᠵᠦ ᠢᠷᠡᠭᠰᠠᠨ ᠬᠢᠯᠢ ᠶᠢᠨ ᠭᠠᠳᠠᠨᠠᠬᠢ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠬᠡᠷᠡᠭᠳᠠᠢ︔ | ︵ᠬᠤᠶᠠᠷ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠮᠠᠯ ᠠᠵᠦ ᠠᠬᠤᠢ ᠮᠠᠯ | ᠡᠮᠨᠡᠯᠭᠡ ᠶᠢᠨ ᠮᠡᠷᠭᠡᠵᠢᠯ ᠤᠨ ᠠᠵᠢᠯᠳᠠᠨ ᠲᠠᠢ ᠪᠠᠶᠢᠬᠤ︔ | ︵ᠭᠤᠷᠪᠠ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠦᠷᠡᠵᠢᠬᠦᠯᠦᠨ ᠪᠤᠶᠢᠵᠢᠭᠤᠯᠬᠤ | ᠪᠡᠯᠡᠳᠬᠡᠮᠵᠢ ᠲᠤᠨᠤᠭ ᠲᠦᠬᠦᠬᠡᠷᠤᠮᠵᠢ ᠲᠠᠢ ᠪᠠᠶᠢᠬᠤ︔ | ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠬᠢᠭᠡᠳ ᠲᠦᠷᠦ ᠶᠢᠨ | ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠵᠢᠭ ᠰᠡᠷᠬᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ | ᠪᠠᠶᠢᠬᠤ︔ | ︵ᠲᠠᠪᠤ︶ ᠪᠦᠷᠢᠨ ᠲᠡᠬᠦᠯᠳᠡᠷ ᠶᠠᠰᠦ ᠴᠢᠨᠠᠷ ᠤᠨ ᠬᠠᠮᠢᠶᠠᠷᠤᠯᠳᠠ ᠪᠠ ᠦᠷ᠎ᠠ ᠪᠤᠶᠢᠵᠢᠭᠤᠯᠬᠤ ᠲᠡᠮᠳᠡᠭᠯᠡᠯ ᠤᠨ | ᠲᠦᠷᠢᠮ ᠲᠠᠢ ᠪᠠᠶᠢᠬᠤ︔ | ︵ᠵᠢᠷᠭᠤᠭ᠎ᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠳᠤ ᠲᠤᠭᠳᠠᠭᠠᠨᠰᠠᠨ ᠪᠤᠰᠤᠳ | ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃ | ᠬᠤᠷᠢᠨ ᠭᠤᠷᠪᠠᠳᠤᠭᠠᠷ ᠵᠦᠢᠯ ᠭᠡᠷ ᠤᠨ ᠲᠡᠵᠢᠭᠡᠪᠦᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠤᠷᠡᠯ | ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ | ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠲᠤᠰ ᠬᠠᠦᠯᠢ ᠶᠢᠨ ᠬᠤᠷᠢᠨ ᠬᠤᠶᠠᠳᠤᠭᠠᠷ ᠵᠦᠢᠯ ᠤᠨ | ᠬᠤᠶᠠᠳᠤᠭᠠᠷ ᠪᠠᠳᠠᠭ ᠲᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠲᠤᠤᠷ᠎ᠠ ᠵᠢᠬᠰᠠᠭᠠᠬᠰᠠᠨ | ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠲᠤᠷᠰᠢᠯᠳᠠ ᠶᠢᠨ ᠲᠠᠰᠤᠭ᠂ ᠬᠠᠳᠠᠭᠠᠯᠠᠬᠤ | ᠪᠠ ᠵᠦᠭᠡᠭᠡᠪᠦᠷᠢᠯᠡᠬᠦ ᠨᠦᠬᠦᠴᠡᠯ ᠳᠤ ᠨᠡᠶᠢᠴᠡᠭᠰᠡᠨ ᠪᠠᠶᠢᠬᠤ︔ | ︵ᠬᠤᠶᠠᠷ︶ ᠲᠦᠷᠦ ᠶᠢᠨ ᠶᠠᠪᠤᠳᠠᠯ ᠤᠨ ᠬᠤᠷᠢᠶᠠᠠ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠤᠨ ᠲᠤᠭ᠎ᠠ ᠲᠤᠯᠤᠭᠠᠢ | ᠪᠤᠯᠤᠨ ᠶᠠᠰᠦ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ᠭᠤᠷᠪᠠ︶ ᠪᠡᠶ᠎ᠠ ᠶᠢᠨ ᠭᠠᠳᠠᠨ᠎ᠠ ᠦᠷ᠎ᠠ ᠲᠤᠭᠳᠠᠭᠠᠵᠦ ᠤᠯᠤᠭᠰᠠᠨ ᠬᠦᠪᠤᠷᠡᠯ᠂ ᠬᠡᠷᠡᠭᠯᠡᠭᠰᠡᠨ ᠦᠨᠳᠡᠭᠡᠨ | ᠡᠰ ᠤᠨ ᠢᠷᠡᠯᠳᠡ ᠨᠢ ᠲᠤᠳᠤᠷᠬᠠᠢ ᠪᠠᠶᠢᠵᠦ᠂ ᠦᠷ᠎ᠠ ᠲᠤᠭᠳᠠᠭᠠᠬᠤ ᠮᠠᠯ ᠨᠢ ᠤᠯᠤᠰ ᠤᠨ ᠲᠤᠭᠳᠠᠭᠠᠭᠰᠠᠨ | ᠦᠷ᠎ᠠ ᠶᠢᠨ ᠮᠠᠯ ᠤᠨ ᠡᠷᠡᠬᠦᠯ ᠤᠨ ᠪᠠᠷᠢᠮᠵᠢᠶ᠎ᠠ ᠪᠤᠯᠤᠨ ᠶᠠᠰᠦ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | ︵ᠲᠦᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠮᠠᠷᠭᠡᠵᠢᠯ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ᠃ | ᠬᠤᠷᠢᠨ ᠲᠦᠷᠪᠡᠳᠦᠭᠡᠷ ᠵᠦᠢᠯ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ | ᠵᠡᠷᠭᠡ ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ | ᠵᠦᠪᠰᠢᠶᠡᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠲᠤ ᠭᠤᠶᠤᠴᠢᠯᠠᠯ ᠭᠠᠷᠭᠠᠬᠤ ᠬᠡᠷᠡᠭᠳᠠᠢ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠤᠶᠤᠴᠢᠯᠠᠯ ᠢ | ᠤᠯᠤᠭᠰᠠᠨ ᠡᠳᠦᠷ ᠠᠴᠠ ᠡᠬᠢᠯᠡᠭᠡᠳ ᠭᠤᠴᠢᠨ ᠠᠵᠢᠯ ᠤᠨ ᠡᠳᠦᠷ ᠤᠨ ᠲᠤᠳᠤᠷ᠎ᠠ ᠬᠢᠨᠠᠨ ᠪᠠᠶᠢᠴᠠᠭᠠᠵᠦ | ᠲᠠᠭᠤᠰᠬᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ ᠵᠦᠪᠰᠢᠶᠠᠷᠡᠬᠦᠯᠬᠦ ᠭᠡᠷᠡᠭᠳᠠᠢ︔ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠵᠦ ᠵᠢᠷᠠᠨ ᠠᠵᠢᠯ ᠤᠨ ᠡᠳᠦᠷ ᠤᠨ | ᠲᠤᠳᠤᠷ᠎ᠠ᠂ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠠᠷᠡᠯ ᠤᠨ ᠦᠨᠡᠮᠯᠡᠯ ᠢ ᠤᠯᠭᠤᠬᠤ ᠡᠰᠡᠬᠦ ᠶᠢ ᠬᠠᠦᠯᠢ | ᠶᠤᠰᠤᠭᠠᠷ ᠲᠤᠭᠳᠠᠭᠠᠬᠤ ᠭᠡᠷᠡᠭᠳᠠᠢ᠃ | ᠪᠤᠰᠤᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ | ᠰᠢᠶᠠᠨ ᠤ ᠱᠠᠳᠤᠨ ᠠᠴᠠ ᠲᠠᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠵᠦ ᠤᠯᠭᠤᠨ᠎ᠠ | ᠂ ᠬᠢᠨᠠᠨ ᠪᠠᠶᠢᠴᠠᠭᠠᠵᠦ ᠤᠯᠭᠤᠬᠤ ᠪᠤᠳᠠᠳᠠᠢ ᠠᠷᠭ᠎ᠠ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ | ᠤᠷᠳᠤᠨ ᠠᠴᠠ ᠲᠤᠭᠳᠠᠭᠠᠨ᠎ᠠ᠃ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠦᠯᠢᠭᠡᠷ | ᠶᠠᠩᠵᠦ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠂ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠨᠢ ᠭᠤᠷᠪᠠᠨ ᠵᠢᠯ ᠪᠤᠯᠤᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ | ᠵᠦᠪᠰᠢᠶᠡᠷᠡᠯ ᠤᠨ ᠦᠨᠡᠮᠯᠡᠯ ᠢ ᠤᠯᠭᠤᠬᠤ ᠳᠤ ᠬᠦᠯᠦᠰᠦ ᠦᠷᠳᠡᠭ ᠤᠨ ᠵᠠᠷᠤᠳᠠᠯ ᠬᠤᠷᠢᠶᠠᠵᠦ ᠪᠤᠯᠤᠨ᠎ᠠ᠂ ᠵᠠᠷᠤᠳᠠᠯ | ᠬᠤᠷᠢᠶᠠᠬᠤ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ | ᠦᠨ᠎ᠠ ᠬᠠᠨᠭ᠍ᠰᠢ ᠶᠢᠨ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠬᠤᠷᠢᠨ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠤᠯ᠂ ᠲᠠᠯᠠᠪᠠᠢ ︵ᠦᠢᠯᠡᠳᠪᠤᠷᠢ︶ ᠶᠢᠨ ᠬᠠᠶ᠋ᠢᠭ᠂ | ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠵᠢᠴᠢ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ | ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠤᠳᠤᠷᠬᠠᠢᠢᠯᠠᠬᠤ ᠬᠡᠷᠡᠭᠳᠠᠢ᠃ | ᠶᠠᠮᠠᠷᠪᠠ ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ | ᠵᠦᠪᠰᠢᠶᠡᠷᠡᠯ ᠤᠨ ᠦᠨᠡᠮᠯᠡᠯ ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ | ᠵᠦᠪᠰᠢᠶᠡᠷᠡᠯ ᠤᠨ ᠦᠨᠡᠮᠯᠡᠯ ᠳᠠᠬᠢ ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ | ᠡᠵᠡᠩᠨᠡᠬᠦ ᠶᠢ ᠴᠠᠭᠠᠵᠠᠯᠠᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠢ ᠬᠠᠭᠤᠷᠮᠠᠬᠯᠠᠨ ᠵᠤᠬᠢᠶᠠᠬᠤ᠂ ᠦᠭᠡᠷᠡᠳᠡᠬᠦᠯᠦᠨ ᠵᠤᠬᠢᠶᠠᠬᠤ᠂ ᠰᠢᠯᠵᠢᠬᠦᠯᠦᠨ ᠦᠭᠬᠦ᠂ ᠲᠦᠷᠢᠶᠡᠰᠦᠯᠡᠬᠦᠯᠵᠦ | ᠵᠢᠭᠡᠯᠡᠬᠦᠯᠬᠦ ᠶᠢ ᠴᠠᠭᠠᠵᠠᠯᠠᠨ᠎ᠠ᠃ | ᠬᠤᠷᠢᠨ ᠵᠢᠷᠭᠤᠳᠤᠭᠠᠷ ᠵᠦᠢᠯ ᠲᠠᠷᠢᠶᠠᠴᠢᠨ ᠡᠷᠦᠭᠡ ᠶᠢᠨ ᠠᠷᠠᠴᠢᠯᠠᠨ ᠲᠡᠵᠢᠭᠡᠭᠰᠡᠨ ᠦᠷ᠎ᠠ ᠶᠢᠨ ᠮᠠᠯ | ᠵᠢᠬᠦᠷᠳᠡᠨ ᠢᠶᠠᠨ ᠦᠪᠡᠷ ᠢᠶᠠᠨ ᠦᠷᠡᠵᠢᠬᠦᠯᠦᠨ ᠲᠡᠵᠢᠭᠡᠬᠦ ᠪᠠ ᠦᠯᠡᠬᠦᠳᠡᠭᠰᠡᠨ ᠴᠦᠬᠡᠪᠤᠷᠢ ᠲᠦᠯ ᠮᠠᠯ᠂ ᠵᠢᠬᠦᠷᠳᠡᠨ ᠤ | ᠴᠤᠷᠪᠠᠭ᠎ᠠ ᠪᠠᠨ ᠬᠤᠳᠠᠯᠳᠤᠬᠤ ᠳᠤ᠂ ᠲᠠᠷᠢᠶᠠᠴᠢᠨ ᠡᠷᠦᠭᠡ ᠬᠡᠬᠡᠯᠳᠦᠬᠦᠯᠦᠭᠴᠢ ᠮᠠᠯ ᠲᠡᠵᠢᠬᠡᠭᠡᠳ ᠳᠤᠰᠠᠯᠠᠯᠴᠠᠬᠤ | ᠬᠡᠬᠡᠯᠳᠦᠬᠦᠯᠭᠡ ᠬᠢᠬᠦ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠠᠪᠬᠤ ᠭᠡᠷᠡᠭ ᠦᠭᠡᠢ᠃ | ᠬᠤᠷᠢᠨ ᠲᠤᠯᠤᠳᠤᠭᠠᠷ ᠵᠦᠢᠯ ᠲᠤᠰᠬᠠᠢᠢᠯᠠᠨ ᠭᠡᠷ ᠤᠨ ᠲᠡᠵᠢᠬᠡᠪᠤᠷᠢ ᠶᠢᠨ ᠭᠠᠷ ᠬᠡᠬᠡᠯᠳᠦᠬᠦᠯᠭᠡ᠂ ᠬᠦᠪᠦᠷᠡᠯ | ᠰᠢᠯᠵᠢᠬᠦᠯᠬᠦ ᠵᠡᠷᠭᠡ ᠦᠷᠡᠵᠢᠬᠦᠯᠬᠦ ᠠᠵᠢᠯ ᠢ ᠬᠢᠵᠦ ᠪᠠᠶᠢᠭ᠎ᠠ ᠠᠵᠢᠯᠳᠠᠨ᠂ ᠤᠯᠤᠰ ᠤᠨ ᠠᠵᠢᠯ ᠮᠡᠷᠬᠡᠵᠢᠯ ᠤᠨ | ᠵᠤᠬᠢᠴᠠᠩᠭᠤᠢ ᠬᠢᠷᠢ ᠬᠡᠮ ᠤᠨ ᠦᠨᠡᠮᠯᠡᠯ ᠢ ᠤᠯᠤᠭᠰᠠᠨ ᠪᠠᠶᠢᠬᠤ ᠭᠡᠷᠡᠭᠳᠠᠢ᠃ | ᠬᠤᠷᠢᠨ ᠨᠡᠢᠮᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠤᠬᠠᠢ ᠵᠠᠷ ᠨᠡᠶᠢᠳᠡᠯᠡᠬᠦ ᠳᠤ ᠬᠦᠷᠪᠡᠯ᠂ ᠵᠠᠷ | ᠨᠡᠶᠢᠳᠡᠯᠡᠬᠦᠯᠦᠭᠴᠢ ᠨᠢ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ | ᠪᠤᠯᠤᠨ ᠡᠵᠡᠩᠨᠡᠯᠳᠡ ᠶᠢᠨ ᠦᠨᠡᠮᠯᠡᠯ ᠢᠶᠠᠨ ᠬᠠᠨᠭ᠍ᠭᠠᠬᠤ ᠭᠡᠷᠡᠭᠳᠠᠢ᠃ ᠵᠠᠷ ᠤᠨ ᠠᠭᠤᠯᠭ᠎ᠠ ᠨᠢ ᠬᠤᠯᠪᠤᠭᠳᠠᠯ ᠪᠦᠬᠦᠢ | ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠠᠢ | ᠪᠦᠭᠡᠳ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠤᠨ ᠬᠢᠨᠠᠨ ᠲᠤᠭᠳᠠᠭᠠᠯᠳᠠ ᠪᠤᠶᠤ | ᠰᠢᠯᠭᠠᠨ ᠲᠤᠭᠳᠠᠭᠠᠯᠳᠠ ᠶᠢᠨ ᠨᠡᠷ᠎ᠠ ᠶᠢ ᠲᠤᠳᠤᠷᠬᠠᠢᠢᠯᠠᠨ ᠲᠡᠮᠳᠡᠭᠯᠡᠭᠰᠡᠨ ᠪᠠᠶᠢᠬᠤ ᠭᠡᠷᠡᠭᠳᠠᠢ︔ ᠭᠤᠤᠯ ᠰᠢᠨᠵᠢ | ᠪᠠᠶᠢᠳᠠᠯ ᠤᠨ ᠲᠤᠬᠠᠢ ᠲᠦᠷᠰᠦᠯᠡᠨ ᠲᠤᠭᠠᠴᠢᠬᠰᠠᠨ ᠨᠢ ᠲᠤᠰ ᠡᠬᠦᠯᠳᠡᠷ᠂ ᠲᠦᠬᠦᠷᠵᠢᠭᠰᠡᠨ ᠤᠳᠤᠮ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ | ᠬᠤᠷᠢ ᠶᠢᠰᠦᠳᠦᠭᠡᠷ ᠵᠦᠢᠯ ᠪᠤᠷᠤᠯᠠᠭᠤᠯᠬᠤ ᠦᠷ᠎ᠠ ᠶᠢᠨ ᠮᠠᠯ ᠵᠢᠬᠦᠷᠳᠡᠨ ᠪᠠ ᠭᠡᠷ ᠤᠨ ᠲᠡᠵᠢᠬᠡᠪᠤᠷᠢ ᠶᠢᠨ | ᠬᠡᠬᠡᠯᠳᠦᠬᠦᠯᠭᠡ ᠶᠢᠨ ᠦᠷᠳᠡᠭᠡ ︵ᠴᠡᠭ︶ ᠳᠤ ᠬᠡᠷᠡᠭᠯᠡᠵᠦ ᠪᠠᠶᠢᠭ᠎ᠠ ᠬᠡᠬᠡᠯᠳᠦᠬᠦᠯᠦᠭᠴᠢ ᠮᠠᠯ ᠨᠢ ᠡᠷᠬᠡᠪᠰᠢ | ᠭᠡᠭᠡᠯᠳᠦᠬᠦᠯᠭᠡ ᠳᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ | ᠪᠤᠷᠤᠯᠠᠭᠤᠯᠬᠤ ᠦᠶ᠎ᠠ ᠳᠤ᠂ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠦᠷ᠎ᠠ ᠶᠢᠨ ᠮᠠᠯ | ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠠᠮᠢᠳᠡᠠ ᠤ ᠬᠢᠵᠢᠭ ᠢ ᠰᠡᠷᠬᠡᠶᠢᠯᠡᠨ ᠬᠢᠨᠠᠬᠤ ᠪᠠᠶᠢᠭᠤᠯᠤᠮᠵᠢ ᠠᠴᠠ | ᠭᠠᠷᠭᠠᠵᠦ ᠦᠭᠬᠦᠭᠰᠡᠨ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠶᠢ ᠲᠠᠭᠠᠯᠳᠤᠭᠤᠯᠤᠭᠰᠠᠨ ᠪᠠᠶᠢᠬᠤ | ᠭᠡᠷᠡᠭᠳᠠᠢ᠂ ᠪᠤᠷᠤᠯᠠᠭᠤᠯᠬᠤ ᠦᠷ᠎ᠠ ᠶᠢᠨ ᠮᠠᠯ ᠳᠤ ᠪᠠᠰᠠ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ | ᠦᠭᠬᠦᠭᠰᠡᠨ ᠭᠡᠷ ᠤᠨ ᠲᠡᠵᠢᠬᠡᠪᠦᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ | ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠠᠷᠭᠡ ᠤᠳᠤᠮᠯᠠᠯ ᠤᠨ | ᠮᠠᠲ᠋ᠧᠷᠢᠶᠠᠯ ᠢ ᠦᠢᠯᠡᠳᠪᠦᠷᠢᠯᠡᠬᠦ ᠳᠡᠭᠡᠨ ᠦᠷ᠎ᠠ ᠠᠪᠤᠭᠰᠠᠨ᠂ ᠪᠤᠷᠤᠯᠠᠭᠤᠯᠤᠭᠰᠠᠨ᠂ ᠰᠢᠯᠵᠢᠬᠦᠯᠵᠦ ᠰᠠᠭᠤᠯᠭᠠᠭᠰᠠᠨ | ᠵᠡᠷᠭᠡ ᠲᠠᠯ᠎ᠠ ᠶᠢᠨ ᠪᠦᠷᠢᠨ ᠪᠦᠳᠦᠨ ᠲᠡᠮᠳᠡᠭᠯᠡᠯ ᠲᠠᠢ ᠪᠠᠶᠢᠵᠦ᠂ ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠭᠡᠷᠡᠭᠳᠠᠢ᠃ | | ᠭᠤᠴᠢᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠳᠠᠭᠠᠨ ᠲᠤᠤᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ | ︵ᠨᠢᠭᠡ︶ ᠪᠤᠰᠤᠳ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢᠶᠠᠷ ᠪᠤᠷᠤᠯᠠᠭᠤᠯᠤᠨ | ᠬᠤᠳᠠᠯᠳᠤᠵᠦ ᠪᠠᠶᠢᠭ᠎ᠠ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠬᠠᠭᠤᠷᠮᠠᠭᠯᠠᠨ | ᠤᠷᠤᠯᠠᠭᠤᠯᠬᠤ︔ | ︵ᠬᠤᠶᠠᠷ︶ ᠪᠤᠭᠤᠨᠢ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢᠶᠠᠷ ᠦᠨᠳᠦᠷ | ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ︔ | ︵ᠭᠤᠷᠪᠠ︶ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠬᠦᠷᠳᠡᠨ ᠢᠶᠠᠷ | ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ︔ | ︵ᠲᠦᠷᠪᠡ︶ ᠭᠠᠳᠠᠭᠠᠳᠦ ᠠᠴᠠ ᠤᠷᠤᠭᠤᠯᠬᠤ ᠵᠦᠪᠰᠢᠶᠡᠷᠡᠯ ᠠᠪᠤᠭᠰᠠᠨ ᠦᠭᠡᠢ ᠦᠷ᠎ᠠ ᠶᠢᠨ ᠮᠠᠯ | ᠵᠢᠬᠦᠷᠳᠡᠨ ᠢ ᠪᠤᠷᠤᠯᠠᠭᠤᠯᠬᠤ︔ | ︵ᠲᠠᠪᠤ︶ ᠲᠤᠰ ᠬᠠᠦᠯᠢ ᠶᠢᠨ ᠬᠤᠷᠢ ᠶᠢᠰᠦᠳᠦᠭᠡᠷ ᠵᠦᠢᠯ ᠳᠤ ᠲᠤᠭᠳᠠᠭᠠᠭᠰᠠᠨ ᠦᠷ᠎ᠠ ᠶᠢᠨ ᠮᠠᠯ | ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ | ᠲᠠᠭᠠᠯᠳᠤᠭᠤᠯᠤᠭᠰᠠᠨ ᠦᠭᠡᠢ ᠦᠷ᠎ᠠ ᠶᠢᠨ ᠮᠠᠯ ᠵᠢᠬᠦᠷᠳᠡᠨ ᠪᠤᠶᠤ ᠭᠡᠷ ᠤᠨ ᠲᠡᠵᠢᠬᠡᠪᠤᠷᠢ ᠶᠢᠨ ᠤᠳᠤᠮ ᠤᠨ | ᠲᠡᠮᠳᠡᠭᠯᠡᠯ ᠢ ᠲᠠᠭᠠᠯᠳᠤᠭᠤᠯᠤᠭᠰᠠᠨ ᠦᠭᠡᠢ ᠦᠷ᠎ᠠ ᠶᠢᠨ ᠮᠠᠯ ᠢ ᠪᠤᠷᠤᠯᠠᠭᠤᠯᠬᠤ︔ | ︵ᠵᠢᠷᠭᠤᠭ᠎ᠠ︶ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠭᠡᠭᠰᠡᠨ ᠦᠬᠡᠢ | ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠪᠤᠷᠤᠯᠠᠭᠤᠯᠬᠤ᠃ | ᠭᠤᠴᠢᠨ ᠨᠢᠬᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠪᠠᠷ | ᠭᠤᠶᠤᠴᠢᠯᠠᠬᠤ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ | ᠦᠨᠡᠮᠯᠡᠯ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠶᠢ ᠵᠦᠪᠰᠢᠶᠡᠷᠡᠭᠰᠡᠨ | ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠰᠠᠷ᠎ᠠ ᠪᠤᠯᠤᠨ᠎ᠠ᠃ | ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ ᠵᠢᠬᠦᠷᠳᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ | ᠮᠡᠷᠬᠡᠵᠢᠯ ᠤᠨ ᠱᠠᠭᠠᠷᠳᠠᠯᠭ᠎ᠠ ᠳᠤ ᠨᠡᠶᠢᠴᠡᠬᠦ ᠭᠡᠷᠡᠭᠳᠠᠢ᠃ ᠠᠩᠬ᠎ᠠ ᠤᠳᠠᠭ᠎ᠠ ᠭᠠᠳᠠᠭᠠᠳᠦ ᠠᠴᠠ ᠤᠷᠤᠭᠤᠯᠬᠤ | ᠦᠷ᠎ᠠ ᠶᠢᠨ ᠮᠠᠯ ᠵᠢᠬᠦᠷᠳᠡᠨ ᠳᠤ ᠪᠠᠰᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ | ᠺᠤᠮᠢᠰ ᠠᠴᠠ ᠬᠡᠭᠡᠯᠳᠦᠬᠦᠯᠭᠡ ᠳᠤ ᠭᠡᠷᠡᠭᠯᠡᠬᠦ ᠴᠢᠳᠠᠪᠬᠢ ᠶᠢᠨ ᠦᠨᠡᠯᠡᠯᠳᠠ ᠬᠢᠨ᠎ᠠ᠃ | ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠬᠠᠮᠢᠶᠠᠷᠤᠯᠳᠠ ᠳᠤ | ᠡᠮᠤᠨᠡᠬᠢ ᠬᠤᠶᠠᠷ ᠪᠠᠳᠠᠭ ᠤᠨ ᠲᠤᠭᠳᠠᠭᠠᠯ ᠢ ᠬᠡᠷᠡᠭᠯᠡᠬᠦ ᠠᠴᠠ ᠭᠠᠳᠠᠨ᠎ᠠ᠂ ᠪᠠᠰᠠ ᠲᠤᠰ ᠬᠠᠦᠯᠢ ᠶᠢᠨ ᠠᠷᠪᠠᠨ | ᠲᠠᠪᠤᠳᠤᠭᠠᠷ ᠵᠦᠢᠯ ᠪᠤᠯᠤᠨ ᠠᠷᠪᠠᠨ ᠵᠢᠷᠭᠤᠳᠤᠭᠠᠷ ᠵᠦᠢᠯ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃ | ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠨ ᠭᠠᠳᠠᠭᠠᠳᠦ ᠠᠴᠠ ᠤᠷᠤᠭᠤᠯᠤᠬᠰᠠᠨ ᠮᠠᠯ | ᠵᠢᠬᠦᠷᠳᠡᠨ ᠳᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠰᠤᠩᠭᠤᠨ ᠪᠤᠶᠢᠵᠢᠭᠤᠯᠬᠤ ᠶᠢ ᠵᠤᠷᠢᠬᠵᠢᠭᠤᠯᠤᠨ᠎ᠠ︔ | ᠰᠤᠩᠭᠤᠨ ᠪᠤᠶᠢᠵᠢᠭᠤᠯᠤᠭᠰᠠᠨ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠲᠡᠯᠭᠡᠷᠡᠬᠦᠯᠬᠦ ᠠᠴᠠ ᠡᠮᠦᠨ᠎ᠠ᠂ | ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠭᠡᠷᠡᠭᠳᠠᠢ᠃ | | ᠭᠤᠴᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠨᠡᠪᠴᠢᠭᠡᠬᠦ ᠲᠠᠯᠠᠪᠠᠢ ︵ | ᠦᠢᠯᠡᠳᠪᠦᠷᠢ︶ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠬᠤ ᠳᠤ ᠬᠦᠷᠪᠡᠯ᠂ ᠬᠤᠳᠠᠯᠳᠤᠨ | ᠠᠪᠤᠭᠴᠢ ᠳᠤ ᠪᠤᠷᠤᠯᠠᠭᠤᠯᠬᠤ ᠲᠦᠯ ᠮᠠᠯ᠂ ᠵᠢᠬᠦᠷᠳᠡᠨ ᠤ ᠴᠤᠷᠪᠠᠭ᠎ᠠ ᠶᠢᠨ ᠢᠶᠠᠨ ᠦᠢᠯᠡᠳᠪᠦᠷᠢᠯᠡᠯ ᠤᠨ | ᠴᠢᠳᠠᠪᠤᠷᠢ ᠶᠢᠨ ᠭᠤᠤᠯ ᠭᠦᠢᠴᠡᠳᠬᠡᠬᠦ ᠲᠤᠭ᠎ᠠ᠂ ᠴᠠᠷᠤᠯᠳᠠ ᠶᠢᠨ ᠪᠠᠶᠢᠳᠠᠯ᠂ ᠠᠷᠠᠴᠢᠯᠠᠵᠦ ᠲᠡᠵᠢᠭᠡᠬᠦ ᠮᠡᠷᠬᠡᠵᠢᠯ ᠤᠨ | ᠱᠠᠭᠠᠷᠳᠠᠯᠭ᠎ᠠ ᠪᠤᠯᠤᠨ ᠬᠤᠯᠪᠤᠭᠳᠠᠯ ᠪᠦᠬᠦᠢ ᠵᠦᠪᠯᠡᠯᠭᠡ ᠦᠭᠬᠦ ᠦᠢᠯᠡᠴᠢᠯᠡᠭᠡ ᠵᠠᠷᠭᠡ ᠶᠢ ᠬᠠᠨᠭ᠍ᠭᠠᠬᠤ ᠶᠢᠨ ᠬᠠᠮᠳᠦ | ᠠᠮᠢᠳᠠᠨ ᠤ ᠬᠢᠵᠢᠭ ᠢ ᠰᠡᠷᠭᠡᠶᠢᠯᠡᠨ ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ | ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ | ᠦᠷ᠎ᠠ ᠶᠢᠨ ᠮᠠᠯ ᠵᠢᠬᠦᠷᠳᠡᠨ ᠪᠠ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠤᠭᠠᠳ᠂ | ᠶᠠᠰᠦ ᠴᠢᠨᠠᠷ ᠤᠨ ᠠᠰᠠᠭᠤᠳᠠᠯ ᠠᠴᠠ ᠪᠤᠯᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠦᠯᠢ ᠶᠤᠰᠤᠭᠠᠷ ᠬᠤᠬᠢᠷᠠᠯ ᠢ ᠨᠢ ᠲᠦᠯᠦᠬᠦ ᠭᠡᠷᠡᠭᠳᠠᠢ᠃ | ᠭᠤᠴᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠦᠷ᠎ᠠ ᠶᠢᠨ | ᠮᠠᠯ ᠵᠢᠬᠦᠷᠳᠡᠡ ᠤ ᠶᠠᠰᠦ ᠴᠢᠨᠠᠷ ᠤᠨ ᠠᠶᠤᠯᠬᠦᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠷ᠎ᠠ ᠶᠢᠨ ᠮᠠᠯ | ᠵᠢᠬᠦᠷᠳᠡᠨ ᠤ ᠶᠠᠰᠦ ᠴᠢᠨᠠᠷ ᠤᠨ ᠠᠶᠤᠯᠬᠦᠢ ᠶᠢᠨ ᠬᠢᠨᠠᠯᠳᠠ ᠪᠠᠶᠢᠴᠠᠭᠠᠯᠳᠠ ᠶᠢ ᠬᠠᠦᠯᠢ ᠪᠠᠷ ᠲᠤᠭᠳᠠᠭᠠᠭᠰᠠᠨ ᠬᠢᠷᠢ | ᠬᠡᠮ ᠪᠦᠬᠦᠢ ᠦᠷ᠎ᠠ ᠶᠢᠨ ᠮᠠᠯ ᠵᠢᠬᠦᠷᠳᠡᠨ ᠤ ᠶᠠᠰᠦ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠦ | ᠬᠢᠯᠭᠡᠬᠦ ᠭᠡᠷᠡᠭᠳᠠᠢ︔ ᠰᠢᠯᠭᠠᠨ ᠪᠠᠶᠢᠴᠠᠭᠠᠬᠤ ᠳᠤ ᠭᠡᠷᠡᠭᠰᠡᠬᠦ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ | ᠲᠤᠭᠳᠠᠭᠠᠯ ᠶᠤᠰᠤᠭᠠᠷ ᠭᠠᠷᠭᠠᠵᠦ᠂ ᠰᠢᠯᠭᠠᠨ ᠪᠠᠶᠢᠴᠠᠭᠠᠯᠭᠠᠭᠴᠢ ᠠᠴᠠ ᠬᠤᠷᠢᠶᠠᠵᠦ ᠪᠤᠯᠬᠤ ᠦᠭᠡᠢ᠃ | ᠭᠤᠴᠢᠨ ᠲᠦᠷᠪᠡᠳᠦᠭᠡᠷ ᠵᠦᠢᠯ ᠬᠦᠷᠢ ᠶᠢᠨ ᠦᠷ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠠ ᠡᠬᠦᠯᠳᠡᠷ ᠢ | ᠰᠤᠩᠭᠤᠨ ᠪᠤᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠲᠡᠯᠭᠡᠷᠡᠬᠦᠯᠬᠦ ᠳᠤ ᠲᠤᠰ ᠬᠠᠦᠯᠢ ᠶᠢᠨ ᠬᠤᠯᠪᠤᠭᠳᠠᠯ | ᠪᠦᠬᠦᠢ ᠲᠤᠭᠳᠠᠭᠠᠯ ᠢ ᠭᠡᠷᠡᠭᠯᠡᠨ᠎ᠠ᠂ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠲᠦᠷᠪᠡᠳᠦᠭᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠭᠤᠴᠢᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠯᠠᠭ᠎ᠠ ᠮᠦᠴᠢᠷ ᠤᠳ ᠮᠠᠯ ᠠᠵᠦ | ᠠᠬᠤᠢ ᠶᠢᠨ ᠬᠦᠭᠵᠢᠯᠳᠠ ᠶᠢᠨ ᠲᠦᠯᠦᠪᠵᠢᠬᠦᠯᠭᠡ ᠪᠤᠯᠤᠨ ᠵᠠᠬ᠎ᠠ ᠲᠡᠯᠭᠡᠬᠦᠷ ᠤᠨ ᠭᠡᠷᠡᠭᠴᠡᠭᠡ ᠶᠢ ᠦᠨᠳᠦᠰᠦᠯᠡᠵᠦ᠂ | ᠮᠠᠯ ᠠᠵᠦ ᠠᠬᠤᠢ ᠶᠢᠨ ᠪᠦᠳᠦᠴᠠ ᠶᠢ ᠲᠤᠬᠢᠷᠠᠭᠤᠯᠬᠤ᠂ ᠲᠠᠪᠠᠭᠤᠯᠢᠭ ᠮᠠᠯ ᠵᠢᠬᠦᠷᠳᠡᠨ ᠤ ᠦᠢᠯᠡᠳᠪᠦᠷᠢᠯᠡᠯ ᠢ | ᠬᠦᠭᠵᠢᠬᠦᠯᠬᠦ᠂ ᠮᠠᠯ ᠵᠢᠬᠦᠷᠳᠡᠨ ᠤ ᠪᠦᠳᠦᠭᠡᠭᠳᠡᠬᠦᠨ ᠤ ᠵᠠᠬ᠎ᠠ ᠲᠡᠯᠭᠡᠬᠦᠷ ᠲᠠᠬᠢ ᠦᠷᠢᠰᠦᠯᠳᠦᠬᠦ ᠬᠦᠴᠦᠨ ᠢ | ᠲᠡᠭᠡᠭᠰᠢᠯᠡᠬᠦᠯᠬᠦ ᠶᠢ ᠵᠢᠯᠤᠭᠤᠳᠤᠨ ᠲᠡᠮᠵᠢᠬᠦ ᠬᠡᠷᠡᠭᠳᠠᠢ᠃ | ᠤᠯᠤᠰ ᠠᠴᠠ ᠲᠠᠯ᠎ᠠ ᠨᠤᠳᠤᠭ ᠤᠨ ᠮᠠᠯᠵᠢᠬᠤ ᠤᠷᠤᠨ ᠤ ᠨᠤᠳᠤᠭ ᠪᠡᠯᠴᠢᠭᠡᠷ ᠢ ᠬᠦᠷᠢᠶᠠᠯᠡᠨ ᠬᠠᠮᠠᠭᠠᠯᠠᠬᠤ᠂ | ᠨᠤᠳᠤᠭ ᠪᠡᠯᠴᠢᠭᠡᠷ ᠤᠨ ᠤᠰᠤᠨ ᠠᠰᠢᠭᠯᠠᠯᠳᠠ᠂ ᠨᠤᠳᠤᠭ ᠪᠡᠯᠴᠢᠭᠡᠷ ᠢ ᠰᠠᠶᠢᠵᠢᠷᠠᠭᠤᠯᠬᠤ᠂ ᠡᠪᠡᠰᠦ ᠪᠤᠷᠳᠤᠭᠠᠨ ᠤ | ᠰᠠᠭᠤᠷᠢᠨ ᠵᠠᠷᠭᠡ ᠨᠤᠳᠤᠭ ᠪᠡᠯᠴᠢᠭᠡᠷ ᠤᠨ ᠦᠨᠳᠤᠰᠦᠨ ᠪᠦᠳᠦᠭᠡᠨ ᠪᠠᠶᠢᠭᠤᠯᠤᠯᠳᠠ ᠬᠢᠬᠦ ᠶᠢ ᠳᠡᠮᠵᠢᠵᠦ᠂ ᠮᠠᠯ | ᠰᠦᠷᠦᠭ ᠤᠨ ᠪᠦᠳᠦᠴᠠ ᠶᠢ ᠰᠢᠯᠢᠳᠡᠭᠵᠢᠬᠦᠯᠦᠨ᠂ ᠮᠠᠯ ᠤᠨ ᠡᠬᠦᠯᠳᠡᠷ ᠢ ᠰᠠᠶᠢᠵᠢᠷᠠᠭᠤᠯᠵᠦ᠂ ᠦᠢᠯᠡᠳᠪᠦᠷᠢᠯᠡᠯ ᠤᠨ | ᠠᠷᠭ᠎ᠠ ᠬᠡᠯᠪᠡᠷᠢ ᠪᠠᠨ ᠬᠤᠪᠢᠷᠠᠭᠤᠯᠵᠦ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠪᠡᠯᠴᠢᠭᠡᠷ ᠬᠤᠪᠢᠶᠠᠨ ᠡᠬᠡᠯᠵᠢᠯᠡᠨ | ᠮᠠᠯᠵᠢᠬᠤ ᠶᠢ ᠬᠦᠭᠵᠢᠬᠦᠯᠵᠦ᠂ ᠮᠠᠯ ᠪᠤᠯᠤᠨ ᠪᠡᠯᠴᠢᠬᠡᠷ ᠤᠨ ᠲᠡᠩᠴᠡᠬᠦᠷᠢ ᠶᠢ ᠠᠯᠬᠤᠮ ᠠᠯᠬᠤᠮ ᠢᠶᠠᠷ ᠪᠡᠶᠡᠯᠡᠬᠦᠯᠵᠦ᠂ | ᠨᠤᠳᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠨᠦᠬᠦᠴᠡᠯ ᠢ ᠦᠭᠡᠷᠡᠴᠢᠯᠡᠨ ᠰᠠᠶᠢᠵᠢᠷᠠᠭᠤᠯᠤᠨ᠎ᠠ᠃ | ᠭᠤᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠠ ᠮᠤᠵᠢ ᠶᠢᠨ ᠱᠠᠳᠤᠨ ᠤ ᠠᠷᠠᠳ ᠤᠨ | ᠵᠠᠰᠠᠭ ᠤᠨ ᠤᠷᠳᠤᠨ ᠨᠤᠭᠤᠳ ᠮᠠᠯ ᠠᠵᠦ ᠠᠬᠤᠢ ᠶᠢᠨ ᠬᠦᠭᠵᠢᠯᠳᠠ ᠶᠢ ᠲᠡᠮᠵᠢᠬᠦ ᠰᠠᠶᠢᠨ ᠡᠬᠦᠯᠳᠡᠷ ᠤᠨ ᠨᠦᠬᠦᠪᠤᠷᠢ | ᠂ ᠲᠠᠮ ᠬᠦᠦ ᠲᠠᠢ ᠨᠦᠬᠦᠪᠤᠷᠢ ᠵᠡᠷᠭᠡ ᠪᠡᠯᠨ ᠮᠦᠡᠭᠭᠦ ᠶᠢ ᠡᠳ᠋ ᠤᠨ ᠵᠠᠰᠠᠭ ᠤᠨ ᠲᠦᠰᠦᠪ ᠲᠡᠭᠡᠨ ᠲᠤᠬᠢᠷᠠᠭᠤᠯᠬᠤ ᠶᠢᠨ | ᠬᠠᠮᠳᠦ᠂ ᠬᠤᠯᠪᠤᠭᠳᠠᠯ ᠪᠦᠬᠦᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠵᠢᠬᠡᠯᠡᠯᠭᠡ ᠤᠯᠭᠤᠬᠤ᠂ | ᠲᠠᠭᠠᠳᠬᠠᠯ ᠤᠨ ᠦᠢᠯᠡᠴᠢᠯᠡᠭᠡ ᠬᠠᠨᠭ᠍ᠭᠠᠬᠤ ᠵᠡᠷᠭᠡ ᠬᠡᠯᠪᠡᠷᠢ ᠪᠠᠷ ᠲᠠᠮᠵᠢᠭᠤᠯᠤᠨ᠂ ᠮᠠᠯ ᠵᠢᠬᠦᠷᠳᠡᠨ ᠲᠡᠵᠢᠭᠡᠨ | ᠦᠷᠡᠵᠢᠬᠦᠯᠦᠭᠴᠢᠳ ᠤᠨ ᠰᠢᠯᠢᠳᠡᠭ ᠰᠠᠶᠢᠨ ᠮᠠᠯ ᠵᠢᠬᠦᠷᠳᠡᠨ ᠢ ᠬᠤᠳᠠᠯᠳᠤᠨ ᠠᠪᠬᠤ᠂ ᠰᠠᠶᠢᠨ ᠡᠬᠦᠯᠳᠡᠷ ᠢ | ᠦᠷᠡᠵᠢᠬᠦᠯᠦᠨ ᠪᠤᠶᠢᠵᠢᠭᠤᠯᠬᠤ᠂ ᠦᠢᠯᠡᠳᠪᠤᠷᠢᠯᠡᠯ ᠤᠨ ᠲᠦᠬᠦᠬᠡᠷᠤᠮᠵᠢ ᠪᠠᠨ ᠦᠭᠡᠷᠡᠴᠢᠯᠡᠨ ᠰᠠᠶᠢᠵᠢᠷᠠᠭᠤᠯᠬᠤ᠂ | ᠲᠡᠵᠢᠬᠡᠵᠦ ᠦᠷᠡᠵᠢᠬᠦᠯᠬᠦ ᠭᠡᠪᠴᠢᠶ᠎ᠠ ᠪᠠᠨ ᠦᠷᠭᠡᠳᠭᠡᠬᠦ ᠶᠢ ᠲᠡᠮᠵᠢᠵᠦ᠂ ᠲᠡᠵᠢᠭᠡᠵᠦ ᠦᠷᠡᠵᠢᠬᠦᠯᠬᠦ ᠦᠷ᠎ᠠ | ᠠᠰᠢᠭ ᠢᠶᠠᠨ ᠲᠡᠭᠡᠭᠰᠢᠯᠡᠬᠦᠯᠬᠦ ᠶᠢ ᠵᠤᠷᠢᠬᠵᠢᠭᠤᠯᠤᠨ᠎ᠠ᠃ | ᠭᠤᠴᠢᠨ ᠲᠤᠯᠤᠳᠤᠭᠠᠷ ᠵᠦᠢᠯ ᠤᠯᠤᠰ ᠠᠴᠠ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ᠂ ᠲᠠᠷᠢᠶᠠᠴᠢᠨ ᠪᠠ ᠮᠠᠯ ᠠᠵᠦ ᠠᠬᠤᠢ ᠶᠢᠨ ᠬᠤᠷᠰᠢᠭᠰᠠᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠮᠠᠯ ᠵᠢᠬᠦᠷᠳᠡᠡ ᠲᠡᠵᠢᠭᠡᠨ ᠦᠷᠡᠵᠢᠬᠦᠯᠬᠦ ᠲᠠᠯᠠᠪᠠᠢ᠂ ᠲᠠᠵᠢᠭᠡᠨ ᠦᠷᠡᠵᠢᠬᠦᠯᠬᠦ ᠪᠠᠭ᠎ᠠ ᠲᠤᠭᠤᠷᠢᠭ | ᠪᠠᠶᠢᠭᠤᠯᠬᠤ ᠶᠢ ᠲᠡᠮᠵᠢᠵᠦ᠂ ᠭᠡᠪᠴᠢᠶᠠᠵᠢᠭ᠍ᠰᠡᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠦᠢᠯᠡᠰ ᠢ | ᠬᠦᠭᠵᠢᠬᠦᠯᠤᠨ᠎ᠠ᠃ ᠰᠤᠮᠤ ︵ᠪᠠᠯᠭᠠᠰᠤ︶ ᠶᠢᠨ ᠭᠠᠵᠠᠷ ᠰᠢᠷᠤᠢ ᠶᠢ ᠠᠰᠢᠬᠯᠠᠬᠤ ᠶᠡᠷᠦᠩᠭᠡᠢ ᠲᠦᠯᠦᠪᠵᠢᠬᠦᠯᠬᠡ | ᠬᠢᠬᠦ ᠳᠡᠭᠡᠨ ᠲᠤᠬᠠᠢ ᠶᠢᠨ ᠭᠠᠵᠠᠷ ᠤᠨ ᠢᠶᠠᠨ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠮᠠᠯ ᠵᠢᠬᠦᠷᠳᠡᠨ ᠢ ᠲᠡᠵᠢᠬᠡᠵᠦ | ᠦᠷᠡᠵᠢᠬᠦᠯᠬᠦ ᠳᠤ ᠭᠡᠷᠡᠭᠯᠡᠬᠦ ᠭᠠᠵᠠᠷ ᠢ ᠲᠤᠬᠢᠷᠠᠭᠤᠯᠬᠤ ᠭᠡᠷᠡᠭᠳᠠᠢ᠃ ᠬᠦᠳᠡᠭᠡ ᠲᠤᠰᠬᠤᠨ ᠤ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ᠂ ᠲᠠᠷᠢᠶᠠᠴᠢᠨ᠂ ᠮᠠᠯ ᠠᠵᠦ ᠠᠬᠤᠢ ᠶᠢᠨ ᠬᠤᠷᠰᠢᠬᠰᠠᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠰᠤᠮᠤ ︵ᠪᠠᠯᠭᠠᠰᠦ︶ ᠶᠢᠨ ᠭᠠᠵᠠᠷ ᠰᠢᠷᠤᠢ ᠶᠢ ᠠᠰᠢᠬᠯᠠᠬᠤ ᠶᠡᠷᠦᠩᠭᠡᠢ | ᠲᠦᠯᠦᠪᠵᠢᠬᠦᠯᠭᠡ ᠶᠢᠨ ᠶᠤᠰᠤᠭᠠᠷ ᠪᠠᠶᠢᠭᠤᠯᠤᠬᠰᠠᠨ ᠮᠠᠯ ᠵᠢᠬᠦᠷᠳᠡᠨ ᠢ ᠲᠡᠵᠢᠭᠡᠵᠦ ᠦᠷᠡᠵᠢᠬᠦᠯᠬᠦ ᠲᠠᠯᠠᠪᠡᠢ᠂ ᠲᠠᠵᠢᠬᠡᠨ | ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ ᠭᠠᠵᠠᠷ ᠢ ᠲᠠᠷᠢᠶᠠᠯᠠᠩ ᠳᠤ ᠭᠡᠷᠡᠭᠯᠡᠬᠦ ᠭᠠᠵᠠᠷ ᠤᠨ ᠶᠤᠰᠤᠭᠠᠷ | ᠬᠠᠮᠢᠶᠠᠷᠤᠨ᠎ᠠ᠃ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠲᠤᠭᠤᠷᠢᠭ ᠲᠤ ᠭᠡᠷᠡᠭᠯᠡᠬᠦ ᠭᠠᠵᠠᠷ ᠤᠨ ᠭᠡᠷᠡᠭᠯᠡᠬᠦ ᠡᠷᠭᠡ ᠶᠢᠨ ᠬᠤᠭᠤᠴᠠᠭ᠎ᠠ ᠨᠢ ᠲᠦᠬᠦᠷᠴᠦ᠂ ᠤᠤᠯ ᠤᠨ | ᠬᠡᠷᠡᠭᠴᠡᠭᠡ ᠶᠢ ᠨᠢ ᠰᠡᠷᠬᠦᠭᠡᠬᠦ ᠴᠢᠬᠤᠯᠨ ᠲᠠᠢ ᠪᠤᠯ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ | ᠦᠷᠡᠵᠢᠬᠦᠯᠬᠦ ᠪᠠᠭ᠎ᠠ ᠲᠤᠭᠤᠷᠢᠭ ᠤᠨ ᠭᠠᠵᠠᠷ ᠬᠡᠷᠡᠭᠯᠡᠬᠦ ᠡᠷᠭᠡᠳᠦ ᠬᠦᠮᠦᠨ ᠬᠠᠷᠢᠭᠤᠴᠠᠵᠦ ᠲᠡᠬᠦᠨ ᠢ ᠰᠡᠷᠬᠦᠭᠡᠨ᠎ᠠ᠃ | ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ | ᠭᠠᠵᠠᠷ ᠤᠨ ᠭᠡᠪᠴᠢᠶᠡᠨ ᠲᠤᠳᠤᠷ᠎ᠠ ᠡᠬᠦᠷᠢᠳᠠ ᠶᠢᠨ ᠴᠢᠨᠠᠷᠳᠠᠢ ᠪᠠᠷᠢᠯᠭ᠎ᠠ ︵ᠪᠠᠷᠢᠯᠭ᠎ᠠ ᠶᠢᠨ ᠵᠦᠢᠯ︶ ᠪᠠᠶᠢᠭᠤᠯᠬᠤ | ᠴᠢᠬᠤᠯᠨ ᠲᠠᠢ ᠪᠠᠶᠢᠵᠦ ᠲᠡᠷᠢᠶᠠᠯᠠᠩ ᠳᠤ ᠭᠡᠷᠡᠭᠯᠡᠬᠦ ᠭᠠᠵᠠᠷ ᠢ ᠰᠢᠯᠵᠢᠬᠦᠯᠦᠨ ᠭᠡᠷᠡᠭᠯᠡᠬᠦ ᠲᠠᠢ ᠬᠤᠯᠪᠤᠭᠳᠠᠬᠤ ᠳᠤ | ᠬᠦᠷᠪᠡᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ | ᠬᠠᠦᠯᠢ︾ ᠶᠢᠨ ᠲᠤᠭᠳᠠᠭᠠᠯ ᠶᠤᠰᠤᠭᠠᠷ ᠰᠢᠢᠳᠪᠦᠷᠢᠯᠡᠨ᠎ᠠ᠃ | ᠭᠤᠴᠢᠨ ᠨᠠᠢᠮᠠᠳᠤᠭᠠᠷ ᠵᠦᠢᠯ ᠤᠯᠤᠰ ᠠᠴᠠ ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ | ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠨᠤᠭᠤᠳ ᠲᠠᠷᠢᠶᠠᠴᠢᠳ ᠲᠤ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ | ᠮᠡᠷᠭᠡᠵᠢᠯ ᠤᠨ ᠪᠤᠯᠪᠠᠰᠤᠷᠠᠯ᠂ ᠰᠠᠶᠢᠨ ᠡᠬᠦᠯᠳᠡᠷ ᠲᠡᠯᠭᠡᠷᠡᠬᠦᠯᠬᠦ᠂ ᠭᠡᠮ ᠬᠢᠵᠢᠭ ᠰᠡᠷᠬᠡᠶᠢᠯᠡᠨ ᠵᠠᠰᠠᠬᠤ ᠵᠡᠷᠭᠡ | ᠦᠢᠯᠡᠴᠢᠯᠡᠭᠡ ᠶᠢ ᠬᠠᠨᠭ᠍ᠭᠠᠵᠦ ᠦᠭᠬᠦ ᠭᠡᠷᠡᠭᠳᠠᠢ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠤᠭᠤᠳ ᠤᠯᠤᠰ ᠠᠴᠠ ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠲᠡᠯᠭᠡᠷᠡᠬᠦᠯᠬᠦ | ᠪᠠᠶᠢᠭᠤᠯᠤᠮᠵᠢ ᠶᠢᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠮᠠᠷᠭᠡᠵᠢᠯ ᠤᠨ ᠦᠢᠯᠡᠴᠢᠯᠡᠭᠡ ᠬᠢᠬᠦ ᠳᠤ ᠬᠡᠷᠡᠭᠰᠡᠬᠦ | ᠠᠵᠢᠯ ᠤᠨ ᠵᠠᠷᠤᠳᠠᠯ ᠢ ᠪᠠᠳᠤᠯᠠᠬᠤ ᠭᠡᠷᠡᠭᠳᠠᠢ᠃ | ᠤᠯᠤᠰ ᠠᠴᠠ ᠮᠠᠯ ᠵᠢᠬᠦᠷᠳᠡᠨ ᠤ ᠪᠦᠳᠦᠭᠡᠭᠳᠡᠬᠦᠨ ᠢ ᠡᠳ᠋ᠰᠢᠬᠦᠯᠬᠦ ᠠᠵᠦ ᠠᠬᠤᠢᠢᠯᠠᠯ ᠪᠤᠯᠤᠨ ᠪᠤᠰᠤᠳ | ᠬᠤᠯᠪᠤᠭᠳᠠᠯ ᠪᠦᠬᠦᠢ ᠦᠢᠯᠡᠳᠪᠦᠷᠢᠯᠡᠭᠴᠢ ᠡᠵᠡᠩᠨᠡᠭᠴᠢᠳ ᠤᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ | ᠭᠡᠷᠡᠭᠰᠡᠬᠦ ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠤᠨ᠎ᠠ᠃ | ᠭᠤᠴᠢ ᠶᠢᠰᠦᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ | ᠪᠠᠭ᠎ᠠ ᠲᠤᠭᠤᠷᠢᠭ ᠨᠢ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄ | ︵ᠨᠢᠭᠡ︶ ᠠᠷᠠᠴᠢᠯᠠᠨ ᠲᠠᠵᠢᠭᠡᠬᠦ ᠭᠡᠪᠴᠢᠶ᠎ᠠ ᠲᠠᠢ ᠪᠠᠨ ᠲᠤᠬᠢᠷᠠᠭᠰᠠᠨ ᠦᠢᠯᠡᠳᠪᠦᠷᠢᠯᠡᠯ ᠤᠨ ᠳᠠᠯᠠᠪᠤᠷ ᠭᠠᠵᠠᠷ ᠪᠠ | ᠢᠵᠢ ᠪᠦᠷᠢᠳᠦᠭᠰᠡᠨ ᠦᠢᠯᠡᠳᠪᠦᠷᠢᠯᠡᠯ ᠤᠨ ᠲᠦᠬᠦᠭᠡᠷᠤᠮᠵᠢ ᠲᠠᠢ ᠪᠠᠶᠢᠬᠤ︔ | ︵ᠬᠤᠶᠠᠷ︶ ᠲᠡᠵᠢᠬᠡᠵᠦ ᠦᠷᠡᠵᠢᠬᠦᠯᠬᠦ ᠳᠤᠨᠢ ᠦᠢᠯᠡᠴᠢᠯᠡᠬᠦ ᠮᠠᠯ ᠠᠵᠦ ᠠᠬᠤᠢ ᠮᠠᠯ ᠡᠮᠨᠡᠯᠭᠡ ᠶᠢᠨ | ᠮᠡᠷᠭᠡᠵᠢᠯᠳᠡᠨ ᠲᠠᠢ ᠪᠠᠶᠢᠬᠤ︔ | ︵ᠭᠤᠷᠪᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ | ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠲᠤᠭᠳᠠᠭᠠᠭᠰᠠᠨ ᠬᠢᠵᠢᠭ ᠢ ᠰᠡᠷᠭᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ︔ | ︵ᠲᠦᠷᠪᠠ︶ ᠮᠠᠯ ᠵᠢᠬᠦᠷᠳᠡᠨ ᠤ ᠪᠠᠭᠠᠰᠦ ᠰᠢᠬᠡᠰᠦ᠂ ᠬᠠᠶᠠᠭᠳᠠᠮᠠᠯ ᠤᠰᠦ ᠪᠠ ᠪᠤᠰᠤᠳ ᠬᠠᠳᠠᠭᠤ ᠪᠡᠶᠡᠳᠦ | ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠬᠯᠠᠬᠤ ᠨᠠᠮᠤᠭ ᠤᠨ ᠬᠡᠢ ᠶᠢᠨ ᠲᠠᠳᠠᠭᠠᠯ ᠵᠡᠷᠭᠡ ᠲᠦᠬᠦᠭᠡᠷᠤᠮᠵᠢ ᠪᠤᠶᠤ | ᠪᠤᠰᠤᠳ ᠬᠤᠤᠷ ᠦᠭᠡᠶᠢᠵᠢᠬᠦᠯᠤᠨ ᠰᠢᠢᠳᠪᠦᠷᠢᠯᠡᠬᠦ ᠲᠦᠬᠦᠭᠡᠷᠤᠮᠵᠢ ᠲᠠᠢ ᠪᠠᠶᠢᠬᠤ︔ | ︵ᠲᠠᠪᠤ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ ᠳᠤ ᠲᠤᠭᠳᠠᠭᠠᠭᠰᠠᠨ ᠪᠤᠰᠤᠳ | ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃ | ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠢ ᠪᠠᠶᠢᠭᠤᠯᠤᠭᠴᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠨᠡᠷᠡᠶᠢᠳᠤᠯ᠂ ᠲᠡᠵᠢᠭᠡᠨ ᠦᠷᠡᠵᠢᠬᠦᠯᠬᠦ | ᠭᠠᠵᠠᠷ ᠤᠨ ᠬᠠᠶ᠋ᠢᠭ᠂ ᠮᠠᠯ ᠵᠢᠬᠦᠷᠳᠡᠨ ᠤ ᠡᠬᠦᠯᠳᠡᠷ ᠪᠤᠯᠤᠨ ᠲᠡᠵᠢᠭᠡᠨ ᠦᠷᠡᠵᠢᠬᠦᠯᠬᠦ ᠭᠡᠪᠴᠢᠶ᠎ᠠ ᠶᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠪᠠᠶᠢᠭ᠎ᠠ ᠭᠠᠵᠠᠷ ᠤᠨ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠲᠠᠩᠰᠠᠯᠠᠭᠤᠯᠵᠦ᠂ ᠮᠠᠯ ᠵᠢᠬᠦᠷᠳᠡᠨ ᠢ ᠢᠯᠭᠠᠬᠤ ᠲᠡᠮᠳᠡᠭ ᠤᠨ | ᠲᠦᠯᠦᠭᠡᠨ ᠤ ᠨᠤᠮᠧᠷ ᠢ ᠤᠯᠬᠤ ᠭᠡᠷᠡᠭᠳᠠᠢ᠃ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠲᠤᠰ ᠵᠠᠰᠠᠭ ᠵᠠᠬᠢᠷᠭᠠᠨ ᠤ | ᠤᠷᠤᠨ ᠤ ᠪᠠᠨ ᠮᠠᠯ ᠠᠵᠦ ᠠᠬᠤᠢ ᠶᠢᠨ ᠬᠦᠭᠵᠢᠯᠳᠠ ᠶᠢᠨ ᠪᠠᠶᠢᠳᠠᠯ ᠢ ᠦᠨᠳᠦᠰᠦᠯᠡᠵᠦ᠂ ᠮᠠᠯ ᠵᠢᠬᠦᠷᠳᠡᠨ ᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠤᠨ ᠬᠡᠪᠴᠢᠶᠠᠨ ᠤ ᠪᠠᠷᠢᠮᠵᠢᠶ᠎ᠠ ᠪᠠ | ᠲᠠᠩᠰᠠᠯᠠᠭᠤᠯᠬᠤ ᠵᠢᠷᠤᠮ ᠢ ᠲᠤᠭᠳᠠᠭᠠᠨ᠎ᠠ᠃ | ᠲᠦᠴᠢᠳᠦᠭᠡᠷ ᠵᠦᠢᠯ ᠲᠤᠤᠷ᠎ᠠ ᠵᠢᠭᠰᠠᠭᠠᠬᠰᠠᠨ ᠤᠷᠤᠨ ᠤ ᠲᠤᠳᠤᠷ᠎ᠠ ᠮᠠᠯ ᠵᠢᠬᠦᠷᠳᠡᠨ ᠢ ᠲᠡᠵᠢᠭᠡᠨ | ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶᠢᠭᠤᠯᠬᠤ ᠶᠢ ᠴᠠᠭᠠᠵᠠᠯᠠᠨ᠎ᠠ᠄ | ︵ᠨᠢᠭᠡ︶ ᠠᠮᠢᠳᠤᠷᠠᠯ ᠤᠨ ᠤᠤᠭᠤᠬᠤ ᠤᠰᠦ ᠶᠢᠨ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ᠂ | ᠨᠡᠷᠡᠳᠦ ᠦᠵᠡᠮᠵᠢᠳᠦ ᠤᠷᠤᠨ ᠵᠢᠴᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ ᠤᠷᠤᠨ ᠪᠤᠯᠤᠨ | ᠵᠠᠪᠰᠠᠷ ᠤᠨ ᠤᠷᠤᠨ︔ | ︵ᠬᠤᠶᠠᠷ︶ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ᠂ ᠰᠤᠶᠤᠯ ᠰᠤᠷᠭᠠᠨ ᠬᠦᠮᠦᠵᠢᠯ | ᠰᠢᠨᠵᠢᠯᠡᠬᠦ ᠤᠬᠠᠭᠠᠨ ᠤ ᠰᠤᠳᠤᠯᠭᠠᠨ ᠤ ᠤᠷᠤᠨ ᠵᠡᠷᠭᠡ ᠬᠦᠮᠦᠨ ᠠᠮᠠ ᠲᠦᠪᠯᠡᠷᠡᠭᠰᠡᠨ ᠤᠷᠤᠨ︔ | ︵ᠭᠤᠷᠪᠠ︶ ᠬᠠᠦᠯᠢ ᠴᠠᠭᠠᠵᠠ᠂ ᠬᠠᠦᠯᠢ ᠳᠤᠭᠳᠠᠭᠠᠯ ᠳᠤ ᠲᠤᠭᠳᠠᠭᠠᠭᠰᠠᠨ ᠲᠡᠵᠢᠬᠡᠬᠦ ᠶᠢ ᠴᠠᠭᠠᠵᠠᠯᠠᠬᠤ | ᠪᠤᠰᠤᠳ ᠤᠷᠤᠨ᠃ | ᠲᠦᠴᠢᠨ ᠨᠢᠭᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠢ ᠲᠡᠵᠢᠭᠡᠨ | ᠦᠷᠡᠵᠢᠬᠦᠯᠬᠦ ᠲᠠᠩᠰᠠ ᠡᠪᠭᠡᠮᠡᠯ ᠪᠠᠶᠢᠭᠤᠯᠵᠦ᠂ ᠲᠤᠤᠷᠠᠬᠢ ᠠᠭᠤᠯᠭ᠎ᠠ ᠨᠤᠭᠤᠳ ᠢ ᠲᠤᠳᠤᠷᠬᠠᠢ ᠲᠡᠮᠳᠡᠭᠯᠡᠭᠰᠡᠨ ᠪᠠᠶᠢᠬᠤ | ᠭᠡᠷᠡᠭᠳᠠᠢ᠄ | ︵ᠨᠢᠭᠡ︶ ᠮᠠᠯ ᠵᠢᠬᠦᠷᠳᠡᠨ ᠤ ᠡᠬᠦᠯᠳᠡᠷ᠂ ᠲᠤᠭ᠎ᠠ ᠲᠤᠯᠤᠭᠠᠢ᠂ ᠦᠷᠡᠵᠢᠯᠳᠠ ᠶᠢᠨ ᠲᠡᠮᠳᠡᠭᠯᠡᠯ᠂ ᠢᠯᠭᠠᠬᠤ | ᠲᠡᠮᠳᠡᠭ ᠤᠨ ᠪᠠᠶᠢᠳᠠᠯ᠂ ᠢᠷᠡᠯᠳᠡ ᠪᠤᠯᠤᠨ ᠲᠠᠯᠠᠪᠠᠢ ᠳᠤ ᠤᠷᠤᠭᠤᠯᠵᠦ ᠲᠠᠯᠠᠪᠡᠢ ᠠᠴᠠ ᠭᠠᠷᠭᠠᠭᠰᠠᠨ ᠡᠳᠦᠷ | ᠬᠤᠭᠤᠴᠠᠭ᠎ᠠ︔ | ︵ᠬᠤᠶᠠᠷ︶ ᠲᠡᠵᠢᠭᠡᠯ ᠪᠤᠷᠳᠤᠭ᠎ᠠ᠂ ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠵᠡᠷᠭᠡ | ᠤᠷᠤᠭᠤᠯᠤᠯᠳᠠ ᠶᠢᠨ ᠡᠳ᠋ ᠤᠨ ᠢᠷᠡᠯᠳᠠ᠂ ᠨᠡᠷᠡᠶᠢᠳᠤᠯ᠂ ᠬᠡᠷᠡᠭᠯᠡᠬᠦ ᠡᠳᠡᠭᠡᠳ᠂ ᠭᠡᠷᠡᠭᠯᠡᠬᠦ ᠴᠠᠭ ᠪᠤᠯᠤᠨ ᠬᠡᠷᠡᠭᠯᠡᠬᠦ | ᠭᠡᠮᠵᠢᠶ᠎ᠠ︔ | ︵ᠭᠤᠷᠪᠠ︶ ᠬᠢᠵᠢᠭ ᠪᠠᠶᠢᠴᠠᠭᠠᠭᠰᠠᠨ᠂ ᠴᠠᠷᠤᠯᠳᠠ ᠬᠢᠭᠰᠡᠨ᠂ ᠠᠷᠢᠭᠤᠳᠬᠠᠬᠰᠠᠨ ᠪᠠᠶᠢᠳᠠᠯ︔ | ︵ᠲᠦᠷᠪᠡ︶ ᠮᠠᠯ ᠵᠢᠬᠦᠷᠳᠡᠨ ᠤ ᠡᠪᠡᠳᠴᠢᠨ ᠤᠯᠤᠭᠰᠠᠨ᠂ ᠦᠬᠦᠭᠰᠡᠨ ᠪᠠ ᠬᠤᠤᠷ ᠦᠭᠡᠶᠢᠵᠢᠬᠦᠯᠦᠨ | ᠰᠢᠢᠳᠪᠦᠷᠢᠯᠡᠭᠰᠡᠨ ᠪᠠᠶᠢᠳᠠᠯ︔ ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ | ᠠᠭᠤᠯᠭ᠎ᠠ ᠨᠤᠭᠤᠳ᠃ | ᠲᠦᠴᠢᠨ ᠬᠤᠶᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠤᠭᠤᠳ ᠠᠷᠠᠴᠢᠯᠠᠨ | ᠲᠡᠵᠢᠭᠡᠵᠦ ᠪᠠᠶᠢᠭ᠎ᠠ ᠮᠠᠯ ᠵᠢᠬᠦᠷᠳᠡᠨ ᠳᠡᠭᠡᠨ ᠲᠤᠬᠢᠷᠡᠮᠵᠢᠳᠠᠢ ᠦᠷᠡᠵᠢᠯᠳᠠ ᠶᠢᠨ ᠨᠦᠬᠦᠴᠡᠯ ᠪᠠ ᠤᠷᠤᠰᠢᠨ ᠠᠮᠢᠳᠤᠷᠠᠬᠤ | ᠂ ᠦᠰᠦᠨ ᠪᠤᠶᠢᠵᠢᠬᠤ ᠤᠷᠴᠢᠨ ᠲᠤᠭᠤᠷᠢᠨ ᠢ ᠬᠠᠨᠭ᠍ᠭᠠᠵᠦ ᠦᠭᠬᠦ ᠭᠡᠷᠡᠭᠳᠠᠢ᠃ | ᠲᠦᠴᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠳᠡᠭᠡᠨ ᠲᠤᠤᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄ | ︵ᠨᠢᠭᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠲᠤᠭᠳᠠᠭᠠᠯ ᠪᠠ ᠤᠯᠤᠰ ᠤᠨ | ᠮᠠᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠶᠢ ᠵᠦᠷᠢᠴᠡᠵᠦ᠂ ᠲᠡᠵᠢᠭᠡᠯ ᠪᠤᠷᠳᠤᠭ᠎ᠠ᠂ | ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠢ ᠭᠡᠷᠡᠭᠯᠡᠬᠦ︔ | ︵ᠬᠤᠶᠠᠷ︶ ᠭᠤᠸᠠᠩᠵᠠ᠂ ᠬᠤᠭᠤᠯᠠᠨ ᠭᠡᠷ ᠤᠨ ᠦᠨᠳᠦᠷ ᠬᠠᠯᠠᠭᠤᠨ ᠢᠶᠠᠷ ᠰᠢᠢᠳᠪᠦᠷᠢᠯᠡᠬᠦ ᠶᠠᠪᠤᠴᠠ ᠶᠢ | ᠦᠡᠭᠭᠡᠷᠡᠭᠡᠭᠰᠡᠨ ᠦᠭᠡᠢ ᠤᠬᠢᠶᠠᠳᠠᠰᠦ ᠪᠠᠷ ᠭᠡᠷ ᠤᠨ ᠲᠡᠵᠢᠭᠡᠪᠤᠷᠢ ᠶᠢ ᠲᠡᠵᠢᠭᠡᠬᠦ︔ | ︵ᠭᠤᠷᠪᠠ︶ ᠬᠤᠭ ᠨᠤᠪᠰᠢ ᠶᠢᠨ ᠲᠠᠯᠠᠪᠠᠢ ᠳᠤ ᠪᠤᠶᠤ ᠬᠤᠭ ᠨᠤᠪᠰᠢ ᠶᠢᠨ ᠲᠠᠯᠠᠪᠠᠢ ᠳᠠᠬᠢ ᠪᠤᠳᠠᠰ ᠢᠶᠠᠷ ᠮᠠᠯ | ᠵᠢᠬᠦᠷᠳᠡᠨ ᠢ ᠠᠷᠠᠴᠢᠯᠠᠨ ᠲᠡᠵᠢᠭᠡᠬᠦ︔ ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ | ᠳᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠭᠰᠠᠨ ᠬᠦᠮᠦᠨ ᠪᠠ ᠮᠠᠯ ᠵᠢᠬᠦᠷᠳᠡᠨ ᠤ ᠡᠷᠡᠬᠦᠯ | ᠮᠡᠨᠳᠦ ᠳᠤ ᠬᠤᠤᠷ ᠬᠦᠨᠦᠭᠡᠯ ᠲᠠᠢ ᠪᠤᠰᠤᠳ ᠠᠵᠢᠯᠯᠠᠭ᠎ᠠ ᠨᠤᠭᠤᠳ᠃ | ᠲᠦᠴᠢᠨ ᠲᠦᠷᠪᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠠᠵᠢᠯ ᠢ ᠬᠢᠬᠦ ᠳᠡᠭᠡᠨ ︽ | ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠦᠯᠢ︾ ᠶᠢᠨ | ᠲᠤᠭᠳᠠᠭᠠᠯ ᠶᠤᠰᠤᠭᠠᠷ ᠮᠠᠯ ᠵᠢᠬᠦᠷᠳᠡᠨ ᠤ ᠬᠢᠵᠢᠭ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠭᠡᠷᠡᠭᠳᠠᠢ᠃ | ᠲᠦᠴᠢᠨ ᠲᠠᠪᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠯᠤᠰ ᠤᠨ ᠮᠠᠯ | ᠵᠢᠬᠦᠷᠳᠡᠨ ᠤ ᠢᠯᠭᠠᠬᠤ ᠲᠡᠮᠳᠡᠭ ᠤᠨ ᠬᠠᠮᠢᠶᠠᠷᠤᠯᠳᠠ ᠶᠢᠨ ᠲᠤᠭᠳᠠᠭᠠᠯ ᠶᠤᠰᠤᠭᠠᠷ᠂ ᠢᠯᠭᠠᠬᠤ ᠲᠡᠮᠳᠡᠭ ᠬᠢᠬᠦ | ᠴᠢᠬᠤᠯᠠᠳᠠᠢ ᠮᠠᠯ ᠵᠢᠬᠦᠷᠳᠡᠨ ᠤ ᠲᠤᠭᠳᠠᠭᠰᠠᠨ ᠤᠷᠤᠨ ᠪᠠᠶᠢᠷᠢ ᠳᠤᠨᠢ ᠢᠯᠭᠠᠬᠤ ᠲᠡᠮᠳᠡᠭ ᠳᠠᠯᠪᠢᠬᠤ ᠭᠡᠷᠡᠭᠳᠠᠢ᠃ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠯᠭᠠᠬᠤ ᠲᠡᠮᠳᠡᠭ | ᠬᠠᠨᠭ᠍ᠭᠠᠬᠤ ᠳᠠᠭᠠᠨ ᠰᠦᠢᠳᠭᠡᠯ ᠬᠤᠷᠢᠶᠠᠵᠦ ᠪᠤᠯᠬᠤ ᠦᠭᠡᠢ᠂ ᠬᠡᠷᠡᠭᠰᠡᠬᠦ ᠵᠠᠷᠤᠳᠠᠯ ᠢ ᠮᠤᠵᠢ ᠶᠢᠨ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ ᠮᠠᠯ ᠵᠢᠬᠦᠷᠳᠡᠨ ᠤ | ᠢᠯᠭᠠᠬᠤ ᠲᠡᠮᠳᠡᠭ ᠢ ᠲᠠᠪᠳᠠᠨ ᠭᠡᠷᠡᠭᠯᠡᠵᠦ ᠪᠤᠯᠬᠤ ᠦᠭᠡᠢ᠃ | ᠲᠦᠴᠢᠨ ᠵᠢᠷᠭᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ | ᠦᠷᠡᠵᠢᠬᠦᠯᠬᠦ ᠪᠠᠭ᠎ᠠ ᠲᠤᠭᠤᠷᠢᠭ ᠨᠢ ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ | ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠪᠤᠶᠤ ᠬᠤᠤᠷ ᠦᠭᠡᠶᠢᠵᠢᠬᠦᠯᠦᠨ ᠰᠢᠢᠳᠪᠦᠷᠢᠯᠡᠬᠦ | ᠲᠦᠬᠦᠭᠡᠷᠤᠮᠵᠢ ᠶᠢᠨ ᠬᠡᠪ ᠤᠨ ᠶᠤᠰᠤᠭᠠᠷ ᠠᠵᠢᠯᠯᠠᠬᠤ ᠶᠢ ᠪᠠᠳᠤᠯᠠᠵᠦ᠂ ᠪᠤᠬᠢᠷᠳᠤᠯ ᠪᠤᠳᠠᠰ ᠢ ᠪᠠᠷᠢᠮᠵᠢᠶ᠎ᠠ ᠳᠤ | ᠬᠦᠷᠦᠭᠦᠯᠦᠨ ᠭᠠᠳᠠᠭᠰᠢᠯᠠᠭᠤᠯᠬᠤ ᠶᠢ ᠪᠠᠳᠤᠯᠠᠵᠦ᠂ ᠤᠷᠴᠢᠨ ᠲᠤᠭᠤᠷᠢᠨ ᠢ ᠪᠤᠬᠢᠷᠳᠤᠭᠤᠯᠬᠤ ᠶᠢ ᠰᠡᠷᠬᠡᠶᠢᠯᠡᠬᠦ | ᠭᠡᠷᠡᠭᠳᠠᠢ᠃ | ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠨᠢ | ᠬᠠᠦᠯᠢ ᠠᠴᠠ ᠵᠦᠷᠢᠴᠠᠵᠦ ᠮᠠᠯ ᠵᠢᠬᠦᠷᠳᠡᠨ ᠤ ᠪᠠᠭᠠᠰᠤ ᠰᠢᠭᠡᠰᠦ᠂ ᠬᠠᠶᠠᠭᠳᠠᠮᠠᠯ ᠤᠰᠤ ᠪᠤᠯᠤᠨ ᠪᠤᠰᠤᠳ ᠬᠠᠳᠠᠭᠤ | ᠪᠡᠶᠡᠳᠦ ᠬᠠᠶᠠᠭᠳᠠᠮᠠᠯ ᠪᠤᠳᠠᠰ ᠢ ᠭᠠᠳᠠᠭᠰᠢᠯᠠᠭᠤᠯᠤᠭᠠᠳ᠂ ᠤᠷᠴᠢᠨ ᠲᠤᠭᠤᠷᠢᠨ ᠢ ᠪᠤᠬᠢᠷᠳᠤᠭᠤᠯᠬᠤ ᠬᠤᠤᠷ ᠬᠦᠨᠦᠭᠡᠯ | ᠭᠠᠷᠭᠠᠭᠰᠠᠨ ᠪᠠᠶᠢᠪᠠᠯ᠂ ᠬᠤᠤᠷ ᠬᠦᠨᠦᠬᠡᠯ ᠢ ᠠᠷᠢᠯᠭᠠᠨ᠂ ᠬᠠᠦᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ᠃ | ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ | ᠳᠤᠭᠤᠷᠢᠭ ᠤᠨ ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ | ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠲᠦᠬᠦᠬᠡᠷᠤᠮᠵᠢ ᠪᠠᠶᠢᠭᠤᠯᠬᠤ ᠶᠢ ᠲᠡᠮᠵᠢᠨ᠎ᠠ᠃ | ᠲᠦᠴᠢᠨ ᠲᠤᠯᠤᠳᠤᠭᠠᠷ ᠵᠦᠢᠯ ᠤᠯᠤᠰ ᠠᠴᠠ ᠵᠦᠭᠡᠢ ᠲᠡᠵᠢᠭᠡᠬᠦ ᠦᠢᠯᠡᠰ ᠢ ᠬᠦᠭᠵᠢᠬᠦᠯᠬᠦ ᠶᠢ | ᠵᠤᠷᠢᠬᠵᠢᠭᠤᠯᠤᠨ᠂ ᠵᠦᠬᠡᠢ ᠲᠡᠵᠢᠬᠡᠬᠦ ᠦᠢᠯᠡᠳᠪᠦᠷᠢᠯᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠨᠠ᠃ | | ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠪᠠᠯᠳᠦ ᠵᠦᠬᠡᠢ ᠶᠢᠨ ᠲᠤᠭᠤᠰᠤ ᠬᠦᠷᠳᠡᠬᠡᠬᠦ ᠲᠠᠷᠢᠶᠠᠯᠠᠩ ᠤᠨ | ᠤᠷ᠎ᠠ ᠮᠡᠷᠬᠡᠵᠢᠯ ᠤᠨ ᠠᠷᠭ᠎ᠠ ᠬᠡᠮᠵᠢᠶ᠎ᠠ ᠶᠢ ᠢᠳᠡᠪᠬᠢᠳᠠᠢ ᠪᠠᠷ ᠤᠬᠠᠭᠤᠯᠤᠨ ᠲᠡᠯᠭᠡᠷᠡᠬᠦᠯᠬᠦ ᠭᠡᠷᠡᠭᠳᠠᠢ᠃ | ᠲᠦᠴᠢᠨ ᠨᠠᠢᠮᠠᠳᠤᠭᠠᠷ ᠵᠦᠢᠯ ᠵᠦᠭᠡᠢ ᠲᠡᠵᠢᠭᠡᠬᠦ ᠦᠢᠯᠡᠳᠪᠦᠷᠢᠯᠡᠭᠴᠢᠳ ᠦᠢᠯᠡᠳᠪᠦᠷᠢᠯᠡᠯ ᠤᠨ | ᠶᠠᠪᠤᠴᠨ ᠳᠠᠭᠠᠨ ᠵᠦᠬᠡᠢ ᠶᠢᠨ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠬᠦᠢ ᠪᠠᠶᠢᠳᠠᠯ ᠳᠤ ᠬᠤᠤᠷ ᠬᠦᠨᠦᠭᠡᠯ | ᠤᠴᠠᠷᠠᠭᠤᠯᠬᠤ ᠡᠮ ᠤᠨ ᠵᠦᠢᠯ ᠪᠠ ᠰᠠᠪᠠ ᠭᠡᠷᠡᠭᠰᠡᠯ ᠢ ᠭᠡᠷᠡᠭᠯᠡᠵᠦ ᠪᠤᠯᠬᠤ ᠦᠭᠡᠢ᠂ ᠵᠦᠭᠡᠢ ᠶᠢᠨ ᠪᠦᠳᠦᠭᠡᠭᠳᠡᠬᠦᠨ ᠤ | ᠴᠢᠨᠠᠷ ᠢ ᠦᠨᠡᠨᠬᠦ ᠪᠠᠳᠤᠯᠠᠬᠤ ᠭᠡᠷᠡᠭᠳᠠᠢ᠃ ᠵᠦᠬᠡᠢ ᠲᠡᠵᠢᠬᠡᠬᠦ ᠰᠠᠪᠠ ᠬᠡᠷᠡᠭᠰᠡᠯ ᠨᠢ ᠤᠯᠤᠰ ᠤᠨ ᠮᠡᠷᠭᠡᠵᠢᠯ ᠤᠨ | ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ | ᠲᠦᠴᠢ ᠶᠢᠰᠦᠳᠤᠭᠡᠷ ᠵᠦᠢᠯ ᠵᠦᠬᠡᠢ ᠲᠠᠵᠢᠬᠡᠬᠦ ᠦᠢᠯᠡᠳᠪᠦᠷᠢᠯᠡᠭᠴᠢᠳ ᠭᠠᠵᠠᠷ ᠰᠢᠯᠵᠢᠨ ᠵᠦᠬᠡᠢ ᠪᠠᠨ | ᠲᠠᠯᠪᠢᠬᠤ ᠦᠶ᠎ᠠ ᠳᠤ᠂ ᠲᠤᠬᠠᠢ ᠶᠢᠨ ᠭᠠᠵᠠᠷ ᠤᠨ ᠲᠤᠳᠤᠭᠠᠳᠦ ᠶᠢ ᠬᠠᠮᠠᠭᠠᠯᠠᠬᠤ᠂ ᠵᠠᠮ ᠲᠡᠭᠡᠭᠡᠪᠤᠷᠢ᠂ ᠮᠠᠯ ᠠᠵᠦ | ᠠᠬᠤᠢ ᠮᠠᠯ ᠡᠮᠨᠡᠯᠭᠡ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠴᠢᠬᠤᠯᠠ ᠪᠦᠬᠦᠢ ᠲᠦᠬᠦᠮ ᠦᠵᠡᠬᠦᠯᠬᠦ | ᠭᠡᠷᠡᠭᠳᠠᠢ᠃ | ᠵᠦᠭᠡᠢ ᠲᠡᠵᠢᠬᠡᠬᠦ ᠦᠢᠯᠡᠳᠪᠦᠷᠢᠯᠡᠭᠴᠢᠳ ᠤᠯᠤᠰ ᠤᠨ ᠲᠤᠳᠤᠭᠠᠳᠦ ᠳᠤ ᠭᠠᠵᠠᠷ ᠰᠢᠯᠵᠢᠨ ᠵᠦᠭᠡᠢ ᠪᠠᠨ | ᠲᠠᠯᠪᠢᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠨᠢᠭᠡᠳᠦᠯᠳᠠᠢ ᠵᠠᠬᠪᠤᠷ ᠢᠶᠠᠷ ᠲᠠᠷᠤᠮᠠᠯᠯᠠᠠ ᠦᠢᠯᠡᠳᠦᠭᠰᠡᠨ | ᠬᠢᠵᠢᠭ ᠤᠨ ᠪᠠᠶᠢᠴᠠᠭᠠᠯᠳᠠ ᠶᠢᠨ ᠬᠢᠷᠢ ᠲᠡᠩᠴᠡᠭᠰᠡᠨ ᠬᠡᠷᠡᠴᠢ ᠪᠠᠷ ᠪᠠᠷᠢᠮᠳᠠ ᠪᠤᠯᠭᠠᠨ ᠵᠦᠭᠡᠢ ᠪᠠᠨ ᠲᠡᠭᠡᠭᠡᠪᠦᠷᠢᠯᠡᠨᠠ᠂ | ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢᠨ ᠬᠦᠴᠦᠨ ᠲᠠᠢ ᠬᠤᠭᠤᠴᠠᠭᠠᠨ ᠳᠤ ᠲᠠᠬᠢᠨ ᠲᠠᠪᠳᠠᠨ | ᠬᠢᠵᠢᠭ ᠪᠠᠶᠢᠴᠠᠭᠠᠵᠦ ᠪᠤᠯᠬᠤ ᠦᠭᠡᠢ᠃ | ᠲᠠᠪᠤᠳᠤᠭᠠᠷ ᠪᠦᠯᠦᠭ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ | ᠲᠠᠪᠢᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ | ᠨᠡᠭᠡᠭᠡᠯᠳᠠ ᠲᠠᠢ ᠪᠦᠭᠡᠳ ᠨᠢᠭᠡᠳᠦᠯᠳᠠᠢ᠂ ᠦᠷᠢᠰᠦᠯᠳᠦᠭᠡᠨ ᠲᠠᠢ ᠪᠦᠭᠡᠳ ᠡᠮᠬᠢ ᠵᠢᠷᠤᠮ ᠲᠠᠢ ᠮᠠᠯ ᠵᠢᠬᠦᠷᠳᠡᠨ ᠤ | ᠠᠷᠠᠯᠵᠢᠶᠠᠨ ᠤ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠠᠬᠢᠭᠤᠯᠬᠤ ᠭᠡᠷᠡᠭᠳᠠᠢ᠃ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠳ ᠮᠠᠯ ᠵᠢᠬᠦᠷᠳᠡᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠮᠡᠳᠡᠭᠡ ᠵᠠᠩᠭᠢ ᠶᠢ ᠴᠤᠬᠯᠠᠭᠤᠯᠬᠤ᠂ | ᠡᠮᠬᠢᠳᠭᠡᠬᠦ᠂ ᠨᠡᠶᠢᠳᠡᠯᠡᠬᠦ ᠠᠵᠢᠯ ᠢ ᠵᠤᠬᠢᠶᠠᠨ ᠪᠠᠶᠢᠭᠤᠯᠵᠦ᠂ ᠦᠢᠯᠡᠳᠪᠦᠷᠢᠯᠡᠭᠴᠢᠳ ᠲᠤ ᠮᠠᠳᠡᠭᠡ ᠵᠠᠩᠭᠢ ᠶᠢᠨ | ᠦᠢᠯᠡᠴᠢᠯᠡᠭᠡ ᠬᠠᠨᠭ᠍ᠭᠠᠬᠤ ᠭᠡᠷᠡᠭᠳᠠᠢ᠃ | ᠲᠠᠪᠢᠨ ᠨᠢᠭᠡᠳᠦᠭᠡᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠨᠤᠭᠤᠳ ᠲᠠᠷᠢᠶᠠᠯᠠᠩ ᠤᠨ ᠪᠦᠳᠦᠭᠡᠭᠳᠡᠬᠦᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠤᠨ | ᠬᠦᠭᠵᠢᠯᠳᠠ ᠶᠢᠨ ᠲᠦᠯᠦᠪᠵᠢᠬᠦᠯᠭᠡ ᠶᠢ ᠦᠨᠳᠦᠰᠦᠯᠡᠨ᠂ ᠮᠠᠯ ᠵᠢᠬᠦᠷᠳᠡᠨ ᠢ ᠳᠦᠪᠯᠡᠷᠡᠬᠦᠯᠵᠦ ᠲᠡᠷᠬᠠᠭᠠᠬᠤ | ᠭᠠᠵᠠᠷ ᠲᠤ ᠮᠠᠯ ᠵᠢᠬᠦᠷᠳᠡᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠳᠤ ᠲᠡᠮᠵᠢᠯᠭᠡ | ᠦᠵᠡᠬᠦᠯᠦᠨ᠎ᠠ᠃ | ᠮᠠᠯ ᠵᠢᠬᠦᠷᠳᠡᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠭᠠᠵᠠᠷ ᠢ ᠰᠤᠩᠭᠤᠬᠤ ᠳᠠᠭᠠᠨ | ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ | ᠠᠮᠢᠳᠠᠨ ᠤ ᠬᠢᠵᠢᠭ ᠢ ᠰᠡᠷᠭᠡᠶᠢᠯᠡᠬᠦ ᠨᠦᠬᠦᠴᠡᠯ ᠳᠤ ᠨᠡᠶᠢᠴᠡᠬᠦᠯᠬᠦ ᠭᠡᠷᠡᠭᠳᠠᠢ ᠪᠦᠭᠡᠳ ᠦᠷ᠎ᠠ ᠶᠢᠨ ᠮᠠᠯ ᠵᠢᠬᠦᠷᠳᠡᠨ ᠤ | ᠲᠠᠯᠠᠪᠠᠢ ᠪᠠ ᠲᠤᠮᠤ ᠬᠡᠯᠪᠡᠷᠢ ᠶᠢᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠠᠴᠠ ᠭᠤᠷᠪᠠᠨ ᠺᠢᠯᠤᠮᠧᠲᠷ | ᠵᠠᠶᠢᠳᠠᠢ ᠪᠠᠶᠢᠯᠭᠠᠬᠤ ᠭᠡᠷᠡᠭᠳᠡᠢ᠃ | ᠲᠠᠪᠢᠨ ᠬᠤᠶᠠᠳᠤᠭᠠᠷ ᠵᠦᠢᠯ ᠠᠷᠠᠯᠵᠢᠶᠠᠯᠠᠬᠤ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠡᠷᠭᠡᠵᠢᠯ ᠤᠨ | ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ ᠲᠡᠮᠳᠡᠭ ᠳᠠᠯᠪᠢᠬᠤ ᠶᠤᠰᠤᠳᠠᠢ ᠮᠠᠯ | ᠵᠢᠬᠦᠷᠳᠡᠨ ᠳᠤ ᠢᠯᠭᠠᠬᠤ ᠲᠡᠮᠳᠡᠭ ᠳᠠᠯᠪᠢᠭᠰᠠᠨ ᠦᠭᠡᠢ ᠪᠤᠯ ᠲᠡᠬᠦᠨ ᠢ ᠪᠤᠷᠤᠯᠠᠭᠤᠯᠬᠤ ᠪᠤᠶᠤ ᠬᠤᠳᠠᠯᠳᠤᠨ ᠠᠪᠴᠦ | ᠪᠤᠯᠬᠤ ᠦᠭᠡᠢ᠃ | ᠲᠠᠪᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠵᠦᠭᠡᠭᠡᠪᠦᠷᠢᠯᠡᠬᠦ ᠳᠤ ᠡᠷᠬᠡᠪᠰᠢ ᠬᠠᠦᠯᠢ ᠴᠠᠭᠠᠵᠠ᠂ | ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠠᠮᠢᠳᠠᠨ ᠤ | ᠬᠢᠵᠢᠭ ᠢ ᠰᠡᠷᠭᠡᠶᠢᠯᠡᠬᠦ ᠨᠦᠬᠦᠴᠡᠯ ᠳᠤ ᠨᠡᠶᠢᠴᠡᠬᠦᠯᠵᠦ᠂ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠵᠢᠬᠦᠷᠳᠡᠨ ᠤ | ᠠᠶᠤᠯᠬᠦᠢ ᠪᠠᠶᠢᠳᠠᠯ ᠢ ᠬᠠᠮᠠᠭᠠᠯᠠᠬᠤ ᠶᠢᠨ ᠬᠠᠮᠳᠦ ᠵᠦᠭᠡᠭᠡᠪᠦᠷᠢᠯᠡᠵᠦ ᠪᠠᠶᠢᠭ᠎ᠠ ᠮᠠᠯ ᠵᠢᠬᠦᠷᠳᠡᠨ ᠳᠡᠭᠡᠨ ᠴᠢᠬᠤᠯᠨ ᠪᠦᠬᠦᠢ | ᠤᠷᠤᠨ ᠵᠠᠢ ᠪᠤᠯᠤᠨ ᠲᠡᠵᠢᠭᠡᠵᠦ ᠤᠰᠤᠯᠠᠬᠤ ᠨᠦᠬᠦᠴᠡᠯ ᠢ ᠪᠦᠷᠢᠯᠳᠦᠬᠦᠯᠵᠦ ᠦᠭᠬᠦ ᠭᠡᠷᠡᠭᠳᠠᠢ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠦᠬᠡᠭᠡᠪᠦᠷᠢᠯᠡᠵᠦ ᠪᠠᠶᠢᠭ᠎ᠠ ᠮᠠᠯ ᠵᠢᠬᠦᠷᠳᠡᠡ ᠳᠤ ᠪᠠᠶᠢᠴᠠᠭᠠᠯᠳᠠ | ᠬᠢᠬᠦ ᠳᠡᠭᠡᠨ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠦᠨᠳᠦᠰᠦᠯᠡᠯ ᠲᠠᠢ ᠪᠠᠶᠢᠬᠤ ᠬᠡᠷᠡᠭᠳᠠᠢ᠃ | | ᠵᠢᠷᠭᠤᠳᠤᠭᠠᠷ ᠪᠦᠯᠦᠭ ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ | ᠲᠠᠪᠢᠨ ᠲᠦᠷᠪᠡᠳᠦᠭᠡᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ | ᠤᠷᠳᠤᠨ ᠨᠤᠭᠤᠳ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠪᠤᠯᠤᠨ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ᠂ ᠲᠤᠰ | ᠬᠠᠦᠯᠢ ᠪᠤᠯᠤᠨ ᠬᠤᠯᠪᠤᠭᠳᠠᠯ ᠪᠦᠬᠦᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠤᠭᠳᠠᠭᠠᠯ | ᠶᠤᠰᠤᠭᠠᠷ ᠮᠠᠯ ᠵᠢᠬᠦᠷᠳᠡᠨ ᠢ ᠠᠷᠠᠴᠢᠯᠠᠨ ᠲᠡᠵᠢᠬᠡᠬᠦ ᠤᠷᠴᠢᠨ ᠲᠤᠭᠤᠷᠢᠨ᠂ ᠦᠷ᠎ᠠ ᠶᠢᠨ ᠮᠠᠯ ᠵᠢᠬᠦᠷᠳᠡᠨ ᠤ ᠶᠠᠰᠤ | ᠴᠢᠨᠠᠷ᠂ ᠲᠡᠵᠢᠭᠡᠯ ᠪᠤᠷᠳᠤᠭ᠎ᠠ ᠪᠤᠯᠤᠨ ᠮᠠᠯ ᠤᠨ ᠡᠮ ᠵᠠᠷᠭᠡ ᠤᠷᠤᠭᠤᠯᠤᠯᠳᠠ ᠶᠢᠨ ᠪᠤᠳᠠᠰ ᠤᠨ ᠬᠡᠷᠡᠭᠯᠡᠭᠡ ᠵᠢᠴᠢ ᠮᠠᠯ | ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ ᠶᠢᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠭᠡᠷᠡᠭᠳᠠᠢ᠃ | ᠲᠠᠪᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠵᠢᠬᠦᠷᠳᠡᠨ ᠤ ᠢᠯᠭᠠᠬᠤ ᠲᠡᠮᠳᠡᠭ ᠪᠤᠯᠤᠨ | ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠢ ᠬᠠᠮᠢᠶᠠᠷᠬᠤ ᠠᠷᠭ᠎ᠠ ᠶᠢ ᠲᠤᠭᠳᠠᠭᠠᠵᠦ᠂ ᠠᠷᠭ᠎ᠠ ᠬᠡᠮᠵᠢᠶ᠎ᠠ ᠠᠪᠴᠦ | ᠪᠠᠶᠢᠭᠠᠳ ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠨᠠᠶᠢᠳᠠᠪᠤᠷᠢᠵᠢᠭᠤᠯᠬᠤᠭᠡᠷᠡᠭᠳᠠᠢ᠃ | ᠲᠠᠪᠢᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ | ᠵᠢᠬᠦᠷᠳᠡᠨ ᠤ ᠶᠠᠰᠤ ᠴᠢᠨᠠᠷ ᠤᠨ ᠠᠶᠤᠯᠬᠦᠢ ᠶᠢ ᠬᠢᠨᠠᠨ ᠪᠠᠶᠢᠴᠠᠭᠠᠬᠤ ᠲᠦᠯᠦᠪᠯᠡᠭᠡ ᠲᠤᠭᠳᠠᠭᠠᠵᠦ᠂ ᠲᠦᠯᠦᠪᠯᠡᠭᠡ | ᠶᠤᠰᠤᠭᠠᠷ ᠬᠢᠨᠠᠯᠳᠠ ᠲᠠᠯᠪᠢᠵᠦ ᠰᠤᠩᠭᠤᠨ ᠪᠠᠶᠢᠴᠠᠭᠠᠬᠤ ᠠᠵᠢᠯ ᠢ ᠦᠷᠨᠢᠬᠦᠯᠬᠦ ᠭᠡᠷᠡᠭᠳᠠᠢ᠃ | ᠲᠡᠪᠢᠨ ᠲᠤᠯᠤᠳᠤᠭᠠᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ | ᠵᠢᠬᠦᠷᠳᠡᠨ ᠤ ᠦᠢᠯᠡᠳᠪᠦᠷᠢᠯᠡᠯ ᠤᠨ ᠲᠦᠷᠢᠮᠵᠢᠯ ᠢ ᠵᠤᠬᠢᠶᠠᠨ ᠪᠠᠶᠢᠭᠤᠯᠤᠨ ᠲᠤᠭᠳᠠᠭᠠᠵᠦ᠂ ᠮᠠᠯ ᠵᠢᠬᠦᠷᠳᠡᠨ ᠤ | ᠠᠶᠤᠯᠬᠦᠢ ᠦᠢᠯᠡᠳᠪᠦᠷᠢᠯᠡᠯ ᠢ ᠵᠢᠯᠤᠭᠤᠳᠬᠤ ᠭᠡᠷᠡᠭᠳᠠᠢ᠃ | ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ | ᠲᠠᠪᠢᠨ ᠨᠠᠢᠮᠠᠳᠤᠭᠠᠷ ᠵᠦᠢᠯ ᠲᠤᠰ ᠬᠠᠦᠯᠢ ᠶᠢᠨ ᠠᠷᠪᠠᠨ ᠭᠤᠷᠪᠠᠳᠤᠭᠠᠷ ᠵᠦᠢᠯ ᠤᠨ ᠬᠤᠶᠠᠳᠤᠭᠠᠷ | ᠪᠠᠳᠠᠭ ᠤᠨ ᠲᠤᠭᠳᠠᠭᠠᠯ ᠢ ᠵᠦᠷᠢᠴᠡᠡ᠂ ᠬᠠᠮᠠᠭᠠᠯᠠᠯᠳᠠ ᠲᠠᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ | ᠲᠤᠷ᠎ᠠ ᠪᠠᠷ ᠢᠶᠠᠨ ᠰᠢᠢᠳᠪᠦᠷᠢᠯᠡᠭᠡᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ | ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠠᠪᠤᠨ ᠲᠦᠮᠡᠨ | ᠲᠦᠬᠦᠷᠢᠭ ᠠᠴᠠ ᠲᠡᠭᠡᠭᠰᠢ ᠲᠠᠪᠢᠨ ᠲᠦᠮᠡᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠰᠢᠳᠭᠡᠨ᠎ᠡ᠃ | ᠲᠠᠪᠢ ᠶᠢᠰᠦᠳᠤᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ ᠲᠤᠤᠷ᠎ᠠ | ᠵᠢᠬᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠭᠢᠭᠰᠡᠨ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ | ᠬᠤᠷᠢᠶᠠᠨ ᠠᠪᠬᠤ ᠶᠢᠨ ᠬᠠᠮᠳᠦ ᠨᠢᠭᠡ ᠲᠦᠮᠡᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠭᠦᠷᠢᠭ ᠠᠴᠠ | ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃ | ︵ᠨᠢᠭᠡ︶ ᠬᠢᠨᠠᠨ ᠪᠠᠶᠢᠴᠠᠭᠠᠵᠦ ᠵᠦᠪᠰᠢᠶᠡᠷᠡᠬᠦᠯᠦᠭᠰᠡᠨ ᠦᠭᠡᠢ ᠪᠠᠷ ᠬᠢᠯᠢ ᠶᠢᠨ ᠭᠠᠳᠠᠨ᠎ᠠ ᠠᠴᠠ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠷᠤᠭᠤᠯᠤᠭᠰᠠᠨ︔ | ︵ᠬᠤᠶᠠᠷ︶ ᠬᠢᠨᠠᠨ ᠪᠠᠶᠢᠴᠠᠭᠠᠵᠦ ᠵᠦᠪᠰᠢᠶᠠᠷᠡᠬᠦᠯᠦᠭᠰᠡᠨ ᠦᠭᠡᠢ ᠪᠠᠷ ᠬᠢᠯᠢ ᠶᠢᠨ ᠲᠤᠳᠤᠷ᠎ᠠ ᠪᠠᠨ ᠬᠢᠯᠢ ᠶᠢᠨ | ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠨ ᠬᠠᠮᠠᠭᠠᠯᠠᠯᠳᠠ ᠶᠢᠨ ᠲᠤᠪᠶᠤᠭ ᠲᠤ ᠵᠢᠭᠰᠠᠭᠠᠭᠰᠠᠨ ᠮᠠᠯ | ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠵᠦ ᠠᠰᠢᠬᠯᠠᠭᠰᠠᠨ︔ | ︵ᠭᠤᠷᠪᠠ︶ ᠬᠢᠯᠢ ᠶᠢᠨ ᠲᠤᠳᠤᠷ᠎ᠠ ᠪᠠᠨ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ | ᠬᠤᠷᠰᠢᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠤᠨ ᠬᠢᠨᠠᠨ ᠲᠤᠭᠳᠠᠭᠠᠯᠳᠠ ᠶᠢ | ᠦᠡᠭᠭᠡᠷᠡᠬᠦᠯᠦᠭᠡ ᠦᠭᠡᠢ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠵᠦ | ᠠᠰᠢᠬᠯᠠᠬᠰᠠᠨ᠃ | ᠵᠢᠷᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠦᠭᠡᠢ ᠪᠠᠷ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠬᠢᠯᠢ ᠠᠴᠠ ᠭᠠᠳᠠᠭᠰᠢ ᠭᠠᠷᠭᠠᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠪᠤᠭᠤᠮᠳᠠ ᠶᠢᠨ ᠬᠠᠦᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ | ᠬᠠᠦᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ ᠪᠤᠭᠤᠮᠳᠠ ᠨᠢ ᠬᠤᠷᠢᠶᠠᠵᠦ ᠠᠪᠤᠭᠰᠠᠨ ᠮᠠᠯ ᠵᠢᠬᠦᠷᠳᠡᠨ ᠤ | ᠤᠳᠤᠮᠯᠠᠯ ᠤᠨ ᠡᠬᠢ ᠪᠠᠶᠠᠯᠢᠭ ᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠬᠦᠯᠦᠨ ᠬᠦᠷᠭᠡᠵᠦ | ᠰᠢᠢᠳᠪᠦᠷᠢᠯᠡᠬᠦᠯᠬᠦ ᠭᠡᠷᠡᠭᠳᠠᠢ᠃ | ᠵᠢᠷᠡᠨ ᠨᠢᠭᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠢᠨᠠᠨ | ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠬᠦᠯᠦᠭᠰᠡᠨ ᠦᠭᠡᠢ ᠮᠠᠯ ᠵᠢᠬᠦᠷᠳᠡᠨ ᠤ ᠡᠬᠦᠯᠳᠡᠷ ᠢ | ᠪᠤᠷᠤᠯᠠᠭᠤᠯᠵᠦ ᠲᠡᠯᠭᠡᠷᠡᠬᠦᠯᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ ᠵᠢᠬᠦᠷᠳᠡᠨ ᠪᠠ ᠬᠠᠦᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠨᠢ ᠲᠠᠪᠤᠨ ᠲᠦᠮᠡᠨ ᠲᠦᠬᠦᠷᠢᠭ ᠠᠴᠠ ᠲᠡᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠦᠨ ᠰᠢᠳᠭᠡᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ | ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ | ᠮᠢᠩᠭᠠᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠡᠶᠢᠯᠡᠬᠦᠯᠦᠨ ᠰᠢᠳᠭᠡᠨ᠎ᠠ᠃ | ᠵᠢᠷᠡᠨ ᠬᠤᠶᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠦᠭᠡᠢ ᠪᠤᠶᠤ ᠦᠷ᠎ᠠ ᠶᠢᠨ | ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠲᠤᠭᠳᠠᠭᠠᠯ ᠢ ᠵᠦᠷᠢᠴᠡᠵᠦ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠭᠰᠡᠨ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ | ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ | ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ | ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠭᠤᠷᠪᠠᠨ ᠲᠦᠮᠡᠨ ᠲᠦᠬᠦᠷᠢᠭ ᠠᠴᠠ ᠲᠡᠭᠡᠭᠰᠢ | ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ | ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ︔ ᠬᠠᠦᠯᠢ ᠶᠢ ᠵᠦᠷᠢᠴᠡᠵᠦ | ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ | ᠭᠤᠷᠪᠠᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠭᠤᠷᠪᠠᠨ ᠮᠢᠩᠭᠠᠨ ᠲᠦᠬᠦᠷᠢᠭ ᠠᠴᠠ ᠲᠡᠭᠡᠭᠰᠢ | ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃ | ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠨ ᠲᠤᠭᠳᠠᠭᠠᠯ ᠢ | ᠵᠦᠷᠢᠴᠡᠨ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠭᠰᠡᠨ ᠪᠤᠶᠤ ᠦᠷ᠎ᠠ ᠶᠢᠨ ᠮᠠᠯ ᠵᠢᠬᠦᠷᠳᠡᠨ ᠢ | ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ | ᠵᠢᠭᠡᠯᠡᠬᠦᠯᠦᠭᠰᠡᠨ ᠪᠦᠭᠡᠳ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ | ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ | ᠨᠡᠶᠢᠯᠡᠬᠦᠯᠤᠨ ᠰᠢᠳᠭᠡᠨ᠎ᠠ᠃ | ᠵᠢᠷᠠᠨ ᠭᠤᠷᠪᠠᠳᠤᠭᠠᠷ ᠵᠦᠢᠯ ᠲᠤᠰ ᠬᠠᠦᠯᠢ ᠶᠢᠨ ᠬᠤᠷᠢᠨ ᠨᠠᠢᠮᠠᠳᠤᠭᠠᠷ ᠵᠦᠢᠯ ᠤᠨ ᠲᠤᠭᠳᠠᠭᠠᠯ ᠢ | ᠵᠦᠷᠢᠴᠡᠭᠰᠡᠨ ᠪᠠᠶᠢᠪᠠᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠠᠷ ᠤᠨ ᠬᠠᠦᠯᠢ︾ ᠶᠢᠨ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠦᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠵᠢᠷᠡᠨ ᠲᠦᠷᠪᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ | ᠬᠡᠷᠡᠭᠯᠡᠭᠰᠡᠨ ᠦᠷ᠎ᠠ ᠶᠢᠨ ᠮᠠᠯ ᠵᠢᠬᠦᠷᠳᠡᠨ ᠨᠢ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ | ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ | ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ | ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠮᠢᠩᠭᠠᠨ | ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ | ᠲᠠᠬᠢᠨ ᠠᠴᠠ ᠲᠡᠭᠡᠭᠰᠢ ᠬᠤᠶᠠᠷ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠤᠨ ᠰᠢᠳᠭᠡᠨ᠎ᠠ︔ | ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ | ᠤᠯᠵᠠ ᠠᠰᠢᠭ ᠨᠢ ᠲᠠᠪᠤᠨ ᠮᠢᠩᠭᠠᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠨᠢᠭᠡ ᠮᠢᠩᠭᠠᠨ ᠲᠦᠬᠦᠷᠢᠭ ᠠᠴᠠ | ᠲᠠᠭᠡᠭᠰᠢ ᠲᠠᠪᠤᠨ ᠮᠢᠩᠭᠠᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠬᠡᠨ᠎ᠠ᠃ | | ᠵᠢᠷᠡᠠ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠤᠨ ᠬᠤᠳᠠᠯᠳᠤᠬᠤ ᠳᠠᠭᠠᠨ ᠲᠤᠰ | ᠬᠠᠦᠯᠢ ᠶᠢᠨ ᠭᠤᠴᠢᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠦᠷᠪᠡᠳᠦᠭᠡᠷ ᠵᠤᠷᠪᠤᠰ ᠲᠠᠬᠢ ᠬᠠᠦᠯᠢ ᠶᠢ | ᠵᠦᠷᠢᠴᠡᠭᠰᠡᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠠᠴᠠ ᠪᠤᠷᠤᠯᠠᠭᠤᠯᠤᠨ ᠬᠤᠳᠠᠯᠳᠤᠬᠤ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ | ᠵᠦᠷᠢᠴᠡᠵᠦ ᠪᠤᠷᠤᠯᠠᠭᠤᠯᠤᠨ ᠬᠤᠳᠠᠯᠳᠤᠭᠰᠠᠨ ᠮᠠᠯ ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠢ ᠨᠢ ᠬᠤᠷᠢᠶᠠᠨ ᠠᠪᠤᠨ᠎ᠠ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ | ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ | ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ︔ | ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ | ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠦᠬᠦᠷᠢᠭ ᠠᠴᠠ | ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ︔ | ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠨᠩᠨᠡᠬᠦ | ᠵᠦᠪᠰᠢᠶᠡᠷᠡᠯ ᠤᠨ ᠦᠨᠡᠮᠯᠡᠯ ᠪᠤᠶᠤ ᠡᠵᠡᠩᠨᠡᠯᠳᠠ ᠶᠢᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ | ᠪᠤᠯᠭᠠᠬᠤ ᠪᠠᠷ ᠨᠡᠶᠢᠯᠡᠬᠦᠯᠦᠨ ᠰᠢᠳᠭᠡᠨ᠎ᠠ᠃ | ᠵᠢᠷᠠᠨ ᠵᠢᠷᠭᠤᠳᠤᠭᠠᠷ ᠵᠦᠢᠯ ᠲᠤᠰ ᠬᠠᠦᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠳᠠᠭᠠᠯ ᠢ ᠵᠦᠷᠢᠴᠡᠨ᠂ | ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠵᠤᠬᠢᠶᠠᠭᠰᠠᠨ | ᠦᠭᠡᠢ ᠡᠰᠡᠬᠦᠯ᠎ᠠ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠢ ᠲᠤᠭᠳᠠᠭᠠᠯ ᠶᠤᠰᠤᠭᠠᠷ ᠬᠠᠳᠠᠭᠠᠯᠠᠭᠰᠠᠨ ᠦᠭᠡᠢ | ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ | ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ | ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠦ᠂ ᠨᠢᠭᠡ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ | ᠲᠤᠷᠭᠠᠬᠤ ᠪᠠᠷ ᠰᠢᠳᠬᠡᠵᠦ ᠪᠤᠯᠤᠨ᠎ᠠ᠃ | ᠵᠢᠷᠠᠨ ᠲᠤᠯᠤᠳᠤᠭᠠᠷ ᠵᠦᠢᠯ ᠲᠤᠰ ᠬᠠᠦᠯᠢ ᠶᠢᠨ ᠲᠦᠴᠢᠨ ᠭᠤᠷᠪᠠᠳᠤᠭᠠᠷ ᠵᠦᠢᠯ ᠤᠨ ᠲᠤᠭᠳᠠᠭᠠᠯ ᠢ | ᠵᠦᠷᠢᠴᠡᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠰᠡᠨ ᠪᠠᠶᠢᠪᠠᠯ᠂ ᠬᠤᠯᠪᠤᠭᠳᠠᠯ ᠪᠦᠬᠦᠢ ᠬᠠᠦᠯᠢ ᠴᠠᠭᠠᠵᠠ᠂ | ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠤᠭᠳᠠᠭᠠᠯ ᠶᠤᠰᠤᠭᠠᠷ ᠰᠢᠳᠭᠡᠨ᠎ᠠ᠃ | ᠵᠢᠷᠠᠨ ᠨᠠᠢᠮᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ | ᠪᠤᠷᠤᠯᠠᠭᠤᠯᠤᠨ ᠬᠤᠳᠠᠯᠳᠤᠭᠰᠠᠨ ᠦᠷ᠎ᠠ ᠶᠢᠨ ᠮᠠᠯ ᠵᠢᠬᠦᠷᠳᠡᠨ ᠨᠢ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ | ᠬᠡᠷᠡᠴᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ᠂ ᠭᠡᠷ ᠤᠨ ᠲᠡᠵᠢᠭᠡᠪᠤᠷᠢ ᠶᠢᠨ ᠤᠳᠤᠮ ᠤᠨ | ᠲᠡᠮᠳᠡᠭᠯᠡᠯ ᠢ ᠲᠠᠭᠠᠯᠳᠤᠭᠤᠯᠤᠭᠰᠠᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ | ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ | ᠲᠡᠮᠳᠡᠭ ᠳᠠᠯᠪᠢᠬᠤ ᠶᠤᠰᠤᠳᠠᠢ ᠪᠠᠶᠢᠳᠠᠯ᠎ᠠ ᠢᠯᠭᠠᠬᠤ ᠲᠡᠮᠳᠡᠭ ᠳᠠᠯᠪᠢᠬᠰᠠᠨ ᠦᠭᠡᠢ ᠮᠠᠯ ᠵᠢᠬᠦᠷᠳᠡᠨ ᠢ | ᠪᠤᠷᠤᠯᠠᠭᠤᠯᠤᠭᠰᠠᠨ᠂ ᠬᠤᠳᠠᠯᠳᠤᠨ ᠠᠪᠤᠭᠰᠠᠨ᠂ ᠡᠰᠡᠬᠦᠯ᠎ᠠ ᠮᠠᠯ ᠵᠢᠬᠦᠷᠳᠡᠨ ᠤ ᠢᠯᠭᠠᠬᠤ ᠲᠡᠮᠳᠡᠭ ᠢ ᠲᠠᠬᠢᠨ ᠲᠠᠪᠳᠠᠨ | ᠭᠡᠷᠡᠭᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠠ | ᠵᠠᠯᠠᠷᠠᠭᠤᠯᠤᠭᠤᠯᠵᠦ᠂ ᠬᠤᠶᠠᠷ ᠮᠢᠩᠭᠠᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠦ | ᠪᠤᠯᠤᠨ᠎ᠠ᠃ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠠᠭᠤᠷᠮᠠᠭᠯᠠᠨ | ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ ᠤ ᠢᠯᠭᠠᠬᠤ ᠲᠡᠮᠳᠡᠭ ᠢ ᠭᠡᠷᠡᠭᠯᠡᠭᠰᠡᠨ ᠪᠠᠶᠢᠪᠠᠯ᠂ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ | ᠵᠤᠬᠢᠶᠠᠭᠰᠠᠨ ᠮᠠᠯ ᠵᠢᠬᠦᠷᠳᠡᠨ ᠤ ᠢᠯᠭᠠᠬᠤ ᠲᠡᠮᠳᠡᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ | ᠬᠤᠷᠢᠶᠠᠨ ᠠᠪᠴᠦ᠂ ᠭᠤᠷᠪᠠᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ | ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃ | ᠵᠢᠷᠠ ᠶᠢᠰᠦᠳᠦᠭᠡᠷ ᠵᠦᠢᠯ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ | ᠱᠠᠭᠠᠷᠳᠠᠯᠭ᠎ᠠ ᠳᠤ ᠨᠡᠶᠢᠴᠡᠬᠦ ᠦᠭᠡᠢ ᠮᠠᠯ ᠵᠢᠬᠦᠷᠳᠡᠨ ᠢ ᠪᠤᠷᠤᠯᠠᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ | ᠂ ᠬᠠᠦᠯᠢ ᠶᠢ ᠵᠦᠷᠢᠴᠡᠵᠦ ᠪᠤᠷᠤᠯᠠᠭᠤᠯᠤᠭᠰᠠᠨ ᠮᠠᠯ ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ | ᠠᠰᠢᠭ ᠢ ᠨᠢ ᠬᠤᠷᠢᠶᠠᠨ ᠠᠪᠴᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ | ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ︔ | ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ | ᠪᠤᠯᠭᠠᠬᠤ ᠪᠠᠷ ᠨᠡᠶᠢᠯᠡᠬᠦᠯᠦᠨ ᠰᠢᠳᠬᠡᠨ᠎ᠠ᠃ | ᠲᠠᠯᠠᠳᠤᠭᠠᠷ ᠵᠦᠢᠯ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠨ ᠠᠵᠢᠯᠳᠠᠨ ᠲᠤᠰᠢᠶᠠᠯ ᠤᠨ ᠢᠶᠠᠨ ᠲᠦᠬᠦᠮ ᠢ ᠠᠰᠢᠬᠯᠠᠨ ᠪᠤᠰᠤᠳ ᠤᠨ ᠵᠤᠭᠤᠰ ᠮᠦᠡᠭᠬᠦ ᠡᠳ᠋ | ᠪᠤᠳᠠᠰ ᠢ ᠬᠦᠯᠢᠶᠡᠨ ᠠᠪᠤᠭᠰᠠᠨ ᠪᠤᠶᠤ ᠪᠤᠰᠤᠳ ᠠᠰᠢᠭ ᠳᠤᠰᠠ ᠤᠯᠤᠭᠰᠠᠨ᠂ ᠬᠠᠦᠯᠢ ᠪᠠᠷ ᠲᠤᠭᠳᠠᠭᠠᠭᠰᠠᠨ | ᠨᠦᠬᠦᠴᠡᠯ ᠳᠤ ᠨᠡᠶᠢᠴᠡᠬᠦ ᠦᠭᠡᠢ ᠪᠠᠶᠢᠭᠤᠯᠭ᠎ᠠ᠂ ᠬᠤᠪᠢ ᠬᠦᠮᠦᠨ ᠳᠤ ᠵᠦᠪᠰᠢᠶᠡᠷᠡᠯ ᠤᠨ ᠦᠨᠡᠮᠯᠡᠯ ᠪᠤᠶᠤ | ᠬᠤᠯᠪᠤᠭᠳᠠᠯ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠢ ᠵᠦᠪᠰᠢᠶᠡᠷᠡᠨ ᠤᠯᠭᠤᠭᠰᠠᠨ᠂ ᠬᠢᠨᠠᠯᠳᠠ ᠲᠠᠯᠪᠢᠬᠤ | ᠬᠠᠷᠢᠭᠤᠴᠠᠯᠭ᠎ᠠ ᠪᠠᠨ ᠡᠰᠠ ᠬᠦᠢᠴᠡᠳᠬᠡᠭᠰᠡᠨ᠂ ᠡᠰᠡᠬᠦᠯ᠎ᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠤᠯᠵᠦ | ᠮᠡᠳᠡᠭᠡᠳ ᠪᠠᠶᠢᠴᠠᠭᠠᠨ ᠰᠢᠳᠬᠡᠭᠰᠡᠨ ᠦᠬᠡᠢ ᠪᠠᠶᠢᠪᠠᠯ᠂ ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠳᠬᠡᠯ ᠦᠭᠬᠦᠨ᠎ᠠ᠃ | | ᠲᠠᠯᠠᠨ ᠨᠢᠭᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠦᠷ᠎ᠠ ᠶᠢᠨ ᠮᠠᠯ | ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢᠶᠠᠨ ᠬᠤᠷᠢᠶᠠᠬᠳᠠᠨ ᠬᠦᠴᠦᠨ ᠦᠭᠡᠢ | ᠪᠤᠯᠭᠠᠭᠳᠠᠭᠰᠠᠨ ᠪᠠᠶᠢᠪᠠᠯ᠂ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠨᠢ ᠵᠦᠪᠰᠢᠶᠡᠷᠡᠯ ᠤᠨ ᠦᠨᠡᠮᠯᠡᠯ ᠢ ᠬᠤᠷᠢᠶᠠᠨ ᠠᠪᠴᠦ ᠬᠦᠴᠦᠨ ᠦᠭᠡᠢ ᠪᠤᠯᠭᠠᠭᠰᠠᠨ ᠡᠳᠦᠷ ᠠᠴᠠ | ᠡᠬᠢᠯᠡᠵᠦ ᠠᠷᠪᠠᠨ ᠡᠳᠦᠷ ᠤᠨ ᠲᠤᠳᠤᠷ᠎ᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠰᠠᠯᠠᠭ᠎ᠠ ᠮᠦᠴᠢᠷ ᠲᠤ ᠮᠡᠳᠡᠭᠳᠡᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠬᠠᠦᠯᠢ | ᠶᠤᠰᠤᠭᠠᠷ ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ | ᠬᠦᠷᠴᠦ ᠲᠠᠩᠰᠠᠯᠠᠯᠳᠠ ᠪᠠᠨ ᠬᠤᠪᠢᠷᠠᠭᠤᠯᠬᠤ ᠪᠤᠶᠤ ᠲᠠᠩᠰᠠᠯᠠᠯᠳᠠ ᠠᠴᠠ ᠬᠠᠰᠤᠬᠤ ᠭᠠᠷ ᠬᠦᠢᠴᠡᠳᠭᠡᠯ ᠬᠢᠬᠦ | ᠭᠡᠷᠡᠭᠳᠠᠢ᠃ | ᠲᠠᠯᠠᠨ ᠬᠤᠶᠠᠳᠤᠭᠠᠷ ᠵᠦᠢᠯ ᠲᠤᠰ ᠬᠠᠦᠯᠢ ᠶᠢᠨ ᠲᠤᠭᠳᠠᠭᠠᠯ ᠢ ᠵᠦᠷᠢᠴᠡᠵᠦ᠂ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠠᠯᠠᠨ ᠭᠤᠷᠪᠠᠳᠤᠭᠠᠷ ᠵᠦᠢᠯ ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ | ᠪᠠᠶᠠᠯᠢᠭ ᠬᠡᠳᠡᠭ ᠨᠢ ᠮᠠᠯ ᠵᠢᠬᠦᠷᠳᠡᠨ ᠪᠠ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ | ᠰᠢᠩᠭᠡᠨ᠂ ᠭᠧᠨ ᠤ ᠡᠳ᠋ ᠵᠡᠷᠭᠡ ᠤᠳᠤᠮᠯᠠᠯ ᠤᠨ ᠮᠠᠲ᠋ᠧᠷᠢᠶᠠᠯ ᠢ ᠵᠢᠭᠠᠵᠦ ᠪᠠᠶᠢᠨ᠎ᠠ᠃ ᠲᠤᠰ ᠬᠠᠦᠯᠢ ᠳᠤ ᠬᠡᠯᠡᠵᠦ | ᠪᠠᠶᠢᠭ᠎ᠠ ᠦᠷ᠎ᠠ ᠶᠢᠨ ᠮᠠᠯ ᠵᠢᠬᠦᠷᠳᠡᠨ ᠭᠡᠳᠡᠭ ᠨᠢ ᠰᠤᠩᠭᠤᠨ ᠪᠤᠶᠢᠵᠢᠭᠤᠯᠤᠯᠳᠠ ᠶᠢ ᠦᠡᠭᠭᠡᠷᠡᠭᠡᠭᠰᠡᠨ᠂ | ᠭᠡᠭᠡᠯᠳᠦᠬᠦᠯᠭᠡ ᠳᠤ ᠭᠡᠷᠡᠭᠯᠡᠬᠦ ᠦᠨ᠎ᠠ ᠦᠷᠳᠡᠭ ᠲᠠᠢ᠂ ᠬᠤᠶᠢᠴᠢ ᠦᠶ᠎ᠠ ᠶᠢ ᠦᠷᠡᠵᠢᠬᠦᠯᠬᠦ ᠳᠤ ᠲᠤᠬᠢᠷᠠᠬᠤ ᠮᠠᠯ | ᠵᠢᠬᠦᠷᠳᠡᠨ ᠵᠢᠴᠢ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ ᠰᠢᠩᠭᠡᠨ ᠵᠡᠷᠭᠡ ᠶᠢ ᠵᠢᠭᠠᠵᠦ | ᠪᠠᠶᠢᠨ᠎ᠠ᠃ | ᠲᠠᠯᠠᠨ ᠲᠦᠷᠪᠡᠳᠦᠭᠡᠷ ᠵᠦᠢᠯ ᠲᠤᠰ ᠬᠠᠦᠯᠢ ᠶᠢ 2006 ᠤᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠭᠡᠷᠡᠭᠵᠢᠬᠦᠯᠦᠨ᠎ᠠ᠃ | |