| | ︵2015 ᠤᠨ ᠤ 3 ᠳ᠋ᠤᠭᠠᠷ ᠰᠠᠷ᠎ᠡ ᠶᠢᠨ 27 ᠤ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠡ ᠶᠢᠨ ᠠᠷᠪᠠᠨ ᠲᠠᠪᠤᠳᠤᠭᠠᠷ ᠬᠤᠷᠠᠯ ᠠᠴᠠ ᠪᠠᠳᠤᠯᠠᠪᠠ︶ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠯᠪᠠᠨ ᠵᠠᠷ | ᠶᠢᠰᠦᠳᠦᠭᠡᠷ ᠲᠣᠭᠠᠲᠣ | 2015 ᠣᠨ ᠤ 3 ᠳ᠋ᠤᠭᠠᠷ ᠰᠠᠷ᠎ᠠ ᠶᠢᠨ 27 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠷᠪᠠᠨ ᠲᠠᠪᠣᠳᠣᠭᠠᠷ ᠬᠤᠷᠠᠯ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠲᠦᠷᠭᠡᠨ ᠤ ᠵᠠᠮ ᠤᠨ ᠳᠦᠷᠢᠮ︾ ᠢ ᠪᠠᠲᠣᠯᠠᠪᠠ᠂ ᠣᠳᠣ ᠨᠡᠶᠢᠲᠡᠯᠡᠶ᠎ᠡ᠂ 2015 ᠣᠨ ᠤ 6 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | 2015 ᠣᠨ ᠤ 3 ᠳ᠋ᠤᠭᠠᠷ ᠰᠠᠷ᠎ᠠ ᠶᠢᠨ 27 ᠤ ᠡᠳᠦᠷ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠲᠦᠷᠭᠡᠨ ᠤ ᠵᠠᠮ ᠤᠨ ᠦᠢᠯᠡᠰ ᠤᠨ ᠬᠦᠭᠵᠢᠯᠲᠡ ᠶᠢ ᠠᠬᠢᠭᠤᠯᠵᠣ᠂ ᠲᠦᠷᠭᠡᠨ ᠤ ᠵᠠᠮ ᠤᠨ | ᠪᠦᠷᠢᠨ ᠲᠦᠬᠦᠷ᠂ ᠠᠶᠣᠯ ᠦᠭᠡᠢ ᠪᠠ ᠰᠠᠭᠠᠳ ᠦᠭᠡᠢ ᠨᠡᠪᠲᠡᠷᠡᠬᠦ ᠶᠢ ᠪᠠᠲᠣᠯᠠᠬᠤ ᠶᠢᠨ ᠲᠦᠯᠦᠭᠡ᠂ ︽ ᠪᠦᠬᠦᠲᠡ | ᠨᠠᠶᠢᠷᠠᠮᠳᠠᠬᠤ ᠲᠣᠮᠲᠠᠲᠣ ᠠᠷᠠᠳ ᠣᠯᠣᠰ ᠤᠨ ᠵᠠᠰᠠᠮᠠᠯ ᠵᠠᠮ ᠤᠨ ᠬᠠᠣᠯᠢ︾ ᠪᠠ ᠣᠯᠣᠰ ᠤᠨ ᠬᠠᠮᠢᠶ᠎ᠠ ᠪᠦᠬᠦᠢ | ᠬᠠᠣᠯᠢ ᠴᠠᠭᠠᠵᠠ᠂ ᠬᠠᠣᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ | ᠣᠶᠠᠯᠳᠣᠭᠤᠯᠵᠣ᠂ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠦᠷᠭᠡᠨ ᠤ ᠵᠠᠮ ᠤᠨ | ᠲᠦᠯᠦᠪᠵᠢᠬᠦᠯᠭᠡ᠂ ᠪᠦᠲᠦᠭᠡᠨ ᠪᠠᠶᠢᠭᠤᠯᠣᠯᠲᠠ᠂ ᠠᠷᠠᠴᠢᠯᠠᠯ ᠬᠠᠮᠠᠭᠠᠯᠠᠯᠲᠠ᠂ ᠡᠵᠡᠩᠨᠡᠯᠲᠡ᠂ ᠬᠡᠷᠡᠭᠯᠡᠯᠲᠡ ᠪᠠ | ᠬᠠᠮᠢᠶᠠᠷᠣᠯᠲᠠ ᠳᠤ ᠲᠣᠰ ᠳᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠲᠦᠷᠭᠡᠨ ᠤ ᠵᠠᠮ ᠤᠨ ᠬᠦᠭᠵᠢᠯᠲᠡ ᠨᠢ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠬᠦ᠂ | ᠠᠮᠣᠷ ᠲᠦᠪᠰᠢᠨ ᠢᠶᠠᠷ ᠰᠠᠭᠠᠳ ᠦᠭᠡᠢ ᠨᠡᠪᠲᠡᠷᠡᠬᠦ᠂ ᠦᠨᠳᠦᠷ ᠦᠷ᠎ᠡ ᠠᠰᠢᠭᠲᠣ᠂ ᠠᠷᠠᠳ ᠲᠤ ᠲᠦᠬᠦᠮ | ᠦᠵᠡᠬᠦᠯᠬᠦ᠂ ᠣᠷᠴᠢᠨ ᠲᠣᠭᠤᠷᠢᠨ ᠢ ᠬᠠᠮᠠᠭᠠᠯᠠᠬᠤ᠂ ᠪᠦᠲᠦᠭᠡᠨ ᠪᠠᠶᠢᠭᠤᠯᠵᠣ ᠵᠠᠰᠠᠨ ᠦᠭᠡᠷᠡᠴᠢᠯᠡᠬᠦ ᠬᠢᠭᠡᠳ | ᠠᠷᠠᠴᠢᠯᠠᠨ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠵᠢᠷᠣᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠣᠷᠣᠨ ᠤ ᠲᠦᠷᠭᠡᠨ ᠤ ᠵᠠᠮ ᠤᠨ ᠠᠵᠢᠯ ᠢ | ᠭᠤᠣᠯᠯᠠᠨ ᠬᠠᠮᠢᠶᠠᠷᠴᠣ᠂ ᠲᠡᠬᠦᠨ ᠳᠤ ᠬᠠᠷᠢᠶᠠᠯᠠᠭᠳᠠᠬᠤ ᠲᠦᠷᠭᠡᠨ ᠤ ᠵᠠᠮ ᠤᠨ ᠬᠠᠮᠢᠶᠠᠷᠣᠯᠲᠠ ᠶᠢᠨ | ᠪᠠᠶᠢᠭᠤᠯᠣᠮᠵᠢ ᠨᠢ ᠲᠦᠷᠭᠡᠨ ᠤ ᠵᠠᠮ ᠤᠨ ᠵᠠᠮ ᠤᠨ ᠶᠠᠪᠣᠳᠠᠯ᠂ ᠠᠷᠠᠴᠢᠯᠠᠨ ᠬᠠᠮᠠᠭᠠᠯᠠᠬᠤ᠂ ᠡᠵᠡᠩᠨᠡᠨ ᠦᠢᠯᠡᠴᠢᠯᠡᠬᠦ᠂ | ᠰᠦᠢᠳᠬᠡᠯ ᠬᠤᠷᠢᠶᠠᠬᠤ ᠵᠡᠷᠭᠡ ᠬᠢᠨᠠᠯᠲᠠ ᠬᠠᠮᠢᠶᠠᠷᠣᠯᠲᠠ ᠶᠢᠨ ᠠᠵᠢᠯ ᠢ ᠪᠣᠲᠠᠲᠠᠢ ᠬᠠᠷᠢᠭᠤᠴᠠᠨ᠎ᠠ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ | ᠪᠦᠬᠦ ᠣᠷᠣᠨ ᠤ ᠲᠦᠷᠭᠡᠨ ᠤ ᠵᠠᠮ ᠤᠨ ᠵᠠᠮ ᠬᠠᠷᠢᠯᠴᠠᠭᠠᠨ ᠤ ᠠᠮᠣᠷ ᠲᠦᠪᠰᠢᠨ ᠪᠠ ᠠᠮᠣᠷ ᠢ ᠬᠠᠮᠠᠭᠠᠯᠠᠬᠤ | ᠬᠠᠮᠢᠶᠠᠷᠣᠯᠲᠠ ᠶᠢᠨ ᠠᠵᠢᠯ ᠢ ᠭᠤᠣᠯᠯᠠᠨ ᠬᠠᠮᠢᠶᠠᠷᠣᠨ᠎ᠠ᠃ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠦᠷᠭᠡᠨ ᠤ ᠵᠠᠮ ᠤᠨ ᠵᠠᠮ ᠬᠠᠷᠢᠯᠴᠠᠭᠠᠨ ᠤ ᠠᠮᠣᠷ | ᠲᠦᠪᠰᠢᠨ ᠤ ᠬᠠᠮᠢᠶᠠᠷᠣᠯᠲᠠ ᠶᠢᠨ ᠠᠵᠢᠯ ᠢ ᠪᠣᠲᠠᠲᠠᠢ ᠬᠠᠷᠢᠭᠤᠴᠠᠨ᠎ᠠ᠃ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ | ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠨᠢ ᠨᠢᠭᠲᠠ ᠬᠠᠮᠵᠢᠯᠴᠠᠵᠣ᠂ ᠲᠦᠷᠭᠡᠨ ᠤ ᠵᠠᠮ ᠤᠨ ᠬᠠᠮᠢᠶᠠᠷᠣᠯᠲᠠ | ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠠᠢ᠃ ᠦᠪᠡᠷᠲᠡᠭᠡᠨ ᠵᠠᠰᠠᠬᠤ ᠣᠷᠣᠨ ᠤ | ᠬᠦᠭᠵᠢᠬᠦᠯᠦᠯᠲᠡ ᠪᠠ ᠦᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ | ᠂ ᠣᠯᠣᠰ ᠤᠨ ᠭᠠᠵᠠᠷ ᠰᠢᠷᠣᠢ᠂ ᠬᠢᠨᠠᠨ ᠪᠣᠳᠣᠬᠤ᠂ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ | ᠬᠠᠮᠢᠶᠠᠷᠣᠯᠲᠠ᠂ ᠶᠠᠰᠣ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠪᠠ ᠲᠦᠷᠭᠡᠨ ᠤ | ᠵᠠᠮ ᠤᠨ ᠵᠠᠮ ᠳᠠᠭᠠᠣ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠲᠣᠰ ᠲᠣᠰ ᠤᠨ ᠲᠣᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠲᠣᠲᠣᠷ᠎ᠠ ᠲᠦᠷᠭᠡᠨ ᠤ ᠵᠠᠮ ᠤᠨ ᠬᠤᠯᠪᠣᠭᠳᠠᠯ ᠪᠦᠬᠦᠢ ᠬᠢᠨᠠᠯᠲᠠ ᠲᠠᠯᠪᠢᠯᠲᠠ᠂ | ᠬᠠᠮᠢᠶᠠᠷᠣᠯᠲᠠ ᠪᠠ ᠦᠢᠯᠡᠴᠢᠯᠡᠭᠡᠨ ᠤ ᠠᠵᠢᠯ ᠢ ᠰᠠᠶᠢᠲᠣᠷ ᠬᠢᠬᠦ ᠬᠡᠷᠡᠭᠲᠠᠢ᠃ | ᠲᠠᠪᠤᠳᠤᠭᠠᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠲᠦᠷᠭᠡᠨ ᠤ ᠵᠠᠮ ᠤᠨ | ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠡᠷᠭᠡ ᠲᠣᠰᠢᠶᠠᠯ ᠢᠶᠠᠨ ᠬᠡᠷᠡᠭᠵᠢᠬᠦᠯᠬᠦ ᠳᠤ ᠬᠡᠷᠡᠭᠰᠡᠬᠦ ᠵᠠᠷᠣᠳᠠᠯ ᠢ | ᠦᠪᠡᠷᠲᠡᠭᠡᠨ ᠵᠠᠰᠠᠬᠤ ᠣᠷᠣᠨ ᠤ ᠲᠣᠰ ᠱᠠᠲᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠎ᠠ᠃ | ᠵᠢᠷᠭᠤᠳᠤᠭᠠᠷ ᠵᠦᠢᠯ ᠲᠦᠷᠭᠡᠨ ᠤ ᠵᠠᠮ ᠤᠨ ᠡᠵᠡᠩᠨᠡᠯᠲᠡ ᠬᠠᠮᠢᠶᠠᠷᠣᠯᠲᠠ ᠶᠢᠨ ᠠᠵᠢᠯᠯᠠᠭ᠎ᠠ ᠶᠢ ᠡᠷᠬᠢᠯᠡᠵᠣ | ᠪᠠᠶᠢᠭ᠎ᠠ ᠠᠵᠣ ᠠᠬᠤᠶᠢᠯᠠᠯ ᠪᠣᠶᠣ ᠪᠣᠰᠣᠳ ᠵᠣᠬᠢᠶᠠᠨ ᠪᠠᠶᠢᠭᠤᠯᠣᠯᠲᠠ ︵ᠲᠣᠷᠣᠭᠰᠢ ᠲᠦᠷᠭᠡᠨ ᠤ ᠵᠠᠮ ᠤᠨ | ᠡᠵᠡᠩᠨᠡᠭᠴᠢ ᠬᠡᠵᠣ ᠲᠦᠬᠦᠮᠴᠢᠯᠡᠨ᠎ᠡ︶ ᠶᠢᠨ ᠬᠠᠣᠯᠢ ᠶᠣᠰᠣᠭᠠᠷ ᠣᠯᠣᠭᠰᠠᠨ ᠲᠦᠷᠭᠡᠨ ᠤ ᠵᠠᠮ ᠤᠨ ᠰᠦᠢᠳᠬᠡᠯ | ᠬᠤᠷᠢᠶᠠᠬᠤ ᠡᠷᠭᠡ᠂ ᠵᠡᠷ ᠮᠡᠳᠡᠭᠡᠨ ᠤ ᠡᠵᠡᠩᠨᠡᠯᠲᠡ ᠶᠢᠨ ᠡᠷᠭᠡ᠂ ᠦᠢᠯᠡᠴᠢᠯᠡᠭᠡᠨ ᠤ ᠲᠦᠬᠦᠭᠡᠷᠦᠮᠵᠢ ᠶᠢᠨ | ᠡᠵᠡᠩᠨᠡᠯᠲᠡ ᠶᠢᠨ ᠡᠷᠭᠡ ᠶᠢ ᠬᠠᠣᠯᠢ ᠴᠠᠭᠠᠵᠠ ᠠᠴᠠ ᠬᠠᠮᠠᠭᠠᠯᠠᠨ᠎ᠠ᠃ | ᠲᠤᠯᠤᠳᠤᠭᠠᠷ ᠵᠦᠢᠯ ᠲᠦᠷᠭᠡᠨ ᠤ ᠵᠠᠮ ᠨᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ | ᠲᠦᠬᠦᠭᠡᠷᠦᠮᠵᠢ ᠳᠤ ᠬᠠᠷᠢᠶᠠᠯᠠᠭᠳᠠᠵᠣ᠂ ᠶᠠᠮᠠᠷᠪᠠ ᠨᠢᠭᠡᠴᠡ ᠪᠠ ᠬᠤᠪᠢ ᠬᠦᠮᠦᠨ ᠬᠡᠳ ᠲᠦᠷᠭᠡᠨ ᠤ ᠵᠠᠮ᠂ | ᠲᠦᠷᠭᠡᠨ ᠤ ᠵᠠᠮ ᠤᠨ ᠬᠡᠷᠡᠭᠯᠡᠬᠦ ᠭᠠᠵᠠᠷ ᠵᠢᠴᠢ ᠲᠦᠷᠭᠡᠨ ᠤ ᠵᠠᠮ ᠤᠨ ᠳᠠᠭᠠᠯᠲᠠ ᠲᠦᠬᠦᠭᠡᠷᠦᠮᠵᠢ ᠶᠢ ᠡᠪᠲᠡᠬᠦ᠂ | ᠰᠦᠢᠳᠬᠡᠬᠦ ᠪᠣᠶᠣ ᠬᠠᠣᠯᠢ ᠪᠣᠰᠣ ᠪᠠᠷ ᠡᠵᠡᠯᠡᠨ ᠬᠡᠷᠡᠭᠯᠡᠵᠣ ᠪᠣᠯᠬᠤ ᠦᠭᠡᠢ︔ ᠲᠦᠷᠭᠡᠨ ᠤ ᠵᠠᠮ ᠵᠢᠴᠢ ᠲᠡᠬᠦᠨ ᠤ | ᠳᠠᠭᠠᠯᠲᠠ ᠵᠠᠮ ᠳᠡᠭᠡᠷ᠎ᠡ ᠬᠠᠣᠯᠢ ᠪᠣᠰᠣ ᠪᠠᠷ ᠬᠠᠷᠰᠢ ᠰᠠᠭᠠᠳ ᠲᠣᠬᠢᠷᠠᠭᠤᠯᠬᠤ᠂ ᠰᠦᠢᠳᠬᠡᠯ ᠬᠤᠷᠢᠶᠠᠬᠤ᠂ | ᠵᠣᠭᠤᠰ ᠢᠶᠠᠷ ᠲᠣᠷᠭᠠᠬᠤ ᠪᠠ ᠲᠡᠷᠭᠡ ᠣᠨᠤᠭ᠎ᠠ ᠶᠢ ᠬᠠᠰᠢᠨ ᠪᠠᠶᠢᠴᠠᠭᠠᠵᠣ ᠪᠣᠯᠬᠤ ᠦᠭᠡᠢ︔ ᠲᠦᠷᠭᠡᠨ ᠤ ᠵᠡᠮ | ᠳᠡᠭᠡᠷ᠎ᠡ ᠬᠠᠣᠯᠢ ᠪᠣᠰᠣ ᠪᠠᠷ ᠲᠣᠷ᠎ᠠ ᠲᠠᠪᠠ ᠪᠠᠷ ᠢᠶᠠᠨ ᠭᠠᠷᠴᠣ ᠣᠷᠣᠬᠤ ᠭᠠᠵᠠᠷ ᠪᠣᠶᠣ ᠳᠠᠭᠠᠯᠲᠠ ᠲᠦᠬᠦᠭᠡᠷᠦᠮᠵᠢ ᠶᠢ | ᠲᠣᠬᠢᠷᠠᠭᠤᠯᠵᠣ ᠪᠣᠯᠬᠤ ᠦᠭᠡᠢ᠃ ᠪᠣᠢ ᠪᠦᠬᠦᠢ ᠨᠢᠭᠡᠴᠡ ᠪᠠ ᠬᠤᠪᠢ ᠬᠦᠮᠦᠨ ᠴᠦ᠋ᠮ ᠲᠦᠷᠭᠡᠨ ᠤ ᠵᠠᠮ ᠢ | ᠬᠠᠮᠠᠭᠠᠯᠠᠬᠤ ᠡᠬᠦᠷᠭᠡ ᠲᠠᠢ᠂ ᠲᠦᠷᠭᠡᠨ ᠤ ᠵᠠᠮ᠂ ᠲᠦᠷᠭᠡᠨ ᠤ ᠵᠠᠮ ᠤᠨ ᠬᠡᠷᠡᠭᠯᠡᠬᠦ ᠭᠠᠵᠠᠷ᠂ ᠲᠦᠷᠭᠡᠨ ᠤ ᠵᠠᠮ ᠤᠨ | ᠳᠠᠭᠠᠯᠲᠠ ᠲᠦᠬᠦᠭᠡᠷᠦᠮᠵᠢ ᠶᠢ ᠡᠪᠲᠡᠬᠦ᠂ ᠰᠦᠢᠳᠬᠡᠬᠦ ᠪᠠ ᠲᠦᠷᠭᠡᠨ ᠤ ᠵᠠᠮ ᠤᠨ ᠠᠮᠣᠷ ᠲᠦᠪᠰᠢᠨ᠂ ᠰᠠᠭᠠᠳ | ᠦᠭᠡᠢ ᠨᠡᠪᠲᠡᠷᠡᠬᠦ ᠶᠢ ᠨᠦᠯᠦᠭᠡᠯᠡᠬᠦ ᠦᠢᠯᠡ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠣᠬᠤ ᠡᠷᠭᠡ ᠲᠠᠢ︔ ᠲᠦᠷᠭᠡᠨ ᠤ | ᠵᠠᠮ ᠤᠨ ᠰᠦᠢᠳᠬᠡᠯ ᠬᠤᠷᠢᠶᠠᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠳᠤ ᠬᠢᠨᠠᠯᠲᠠ ᠲᠠᠯᠪᠢᠬᠤ ᠡᠷᠭᠡ ᠲᠠᠢ᠃ | ᠬᠤᠶᠠᠳᠤᠭᠠᠷ ᠪᠦᠯᠦᠭ ᠲᠦᠯᠦᠪᠵᠢᠭᠦᠯᠭᠡ ᠪᠠ ᠪᠦᠳᠦᠭᠡᠨ ᠪᠠᠶᠢᠭᠤᠯᠤᠯᠳᠠ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠣᠮᠣᠰ ᠠᠷᠠᠳ ᠤᠨ ᠠᠵᠣ ᠠᠬᠤᠢ ᠪᠠ | ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ᠂ ᠣᠯᠣᠰ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠣᠯᠲᠠ ᠶᠢᠨ | ᠬᠡᠷᠡᠭᠴᠡᠭᠡ ᠶᠢ ᠦᠨᠳᠦᠰᠦᠯᠡᠨ᠂ ᠣᠯᠣᠰ ᠤᠨ ᠲᠦᠷᠭᠡᠨ ᠤ ᠵᠠᠮ ᠤᠨ ᠶᠡᠷᠦᠩᠭᠡᠢ ᠲᠦᠯᠦᠪᠵᠢᠬᠦᠯᠭᠡ ᠶᠢᠨ | ᠱᠠᠭᠠᠷᠳᠠᠯᠭ᠎ᠠ ᠶᠣᠰᠣᠭᠠᠷ᠂ ᠠᠳᠠᠯᠢ ᠱᠠᠲᠣᠨ ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠲᠣᠲᠣᠭᠠᠲᠣ ᠶᠢ | ᠬᠠᠮᠠᠭᠠᠯᠠᠬᠤ᠂ ᠣᠯᠣᠰ ᠤᠨ ᠭᠠᠵᠠᠷ ᠰᠢᠷᠣᠢ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠣᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠰᠣᠨ ᠠᠰᠢᠭᠯᠠᠯᠲᠠ᠂ ᠲᠡᠣᠭᠡ ᠶᠢᠨ ᠲᠣᠷᠠᠰᠬᠠᠯᠲᠣ | ᠵᠦᠢᠯᠠᠰ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠣᠷᠠᠨ᠂ ᠵᠠᠮ ᠳᠠᠭᠠᠣ ᠳᠠᠬᠢ ᠠᠶᠢᠮᠠᠭ ᠤᠨ ᠵᠠᠬᠢᠷᠭ᠎ᠠ᠂ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠣ ᠪᠠᠷ ᠵᠦᠪᠳᠡᠯᠴᠡᠵᠣ ᠪᠠᠶᠢᠭᠠᠳ | ᠦᠪᠡᠷᠲᠡᠭᠡᠨ ᠵᠠᠰᠠᠬᠤ ᠣᠷᠣᠨ ᠤ ᠲᠦᠷᠭᠡᠨ ᠤ ᠵᠠᠮ ᠤᠨ ᠲᠦᠯᠦᠪᠵᠢᠬᠦᠯᠭᠡ ᠶᠢ ᠨᠠᠶᠢᠷᠠᠭᠤᠯᠵᠣ᠂ ᠬᠠᠣᠯᠢ ᠶᠣᠰᠣᠭᠠᠷ | ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠬᠦ ᠬᠡᠷᠡᠭᠲᠠᠢ᠃ | ᠦᠪᠡᠷᠲᠡᠭᠡᠨ ᠵᠠᠰᠠᠬᠤ ᠣᠷᠣᠨ ᠤ ᠲᠦᠷᠭᠡᠨ ᠤ ᠵᠠᠮ ᠤᠨ ᠲᠦᠯᠦᠪᠵᠢᠬᠦᠯᠭᠡ ᠶᠢ ᠬᠤᠲᠠ ᠬᠦᠳᠡᠭᠡ ᠶᠢᠨ | ᠲᠦᠯᠦᠪᠵᠢᠬᠦᠯᠭᠡ ᠲᠠᠢ ᠵᠣᠬᠢᠴᠠᠯᠳᠣᠭᠤᠯᠵᠣ᠂ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ | ᠲᠦᠯᠦᠪᠵᠢᠬᠦᠯᠭᠡ ᠨᠢ ᠭᠠᠵᠠᠷ ᠰᠢᠷᠣᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠨᠡᠶᠢᠴᠡᠬᠦ ᠬᠡᠷᠡᠭᠲᠠᠢ᠃ | ᠶᠢᠰᠦᠳᠦᠭᠡᠷ ᠵᠦᠢᠯ ᠲᠣᠰᠬᠤᠨ ᠪᠠᠯᠭᠠᠰᠣ᠂ ᠨᠡᠭᠡᠭᠡᠯᠲᠡ ᠶᠢᠨ ᠣᠷᠣᠨ᠂ ᠡᠳ᠋ ᠪᠠᠷᠠᠭ᠎ᠠ ᠲᠦᠪᠯᠡᠷᠡᠬᠦᠯᠵᠣ | ᠲᠠᠷᠬᠠᠭᠠᠬᠤ ᠭᠠᠵᠠᠷ ᠵᠡᠷᠭᠡ ᠣᠯᠠᠨ ᠨᠡᠶᠢᠲᠡ ᠶᠢᠨ ᠭᠠᠵᠠᠷ ᠢ ᠲᠦᠯᠦᠪᠵᠢᠬᠦᠯᠬᠦ ᠪᠠ ᠰᠢᠨ᠎ᠡ ᠪᠠᠷ ᠪᠠᠶᠢᠭᠤᠯᠬᠤ ᠳᠤ | ᠲᠦᠷᠭᠡᠨ ᠤ ᠵᠠᠮ ᠲᠠᠢ ᠲᠣᠭᠲᠠᠭᠰᠠᠨ ᠵᠠᠢ ᠲᠠᠢ ᠪᠠᠶᠢᠯᠭᠠᠬᠤ ᠶᠢᠨ ᠬᠠᠮᠲᠣ ᠲᠦᠷᠭᠡᠨ ᠤ ᠵᠠᠮ ᠤᠨ ᠬᠤᠶᠠᠷ ᠲᠠᠯ᠎ᠠ ᠲᠠᠢ | ᠵᠣᠬᠢᠴᠠᠯᠳᠣᠭᠤᠯᠣᠨ ᠬᠢᠬᠦ ᠠᠴᠠ ᠵᠠᠶᠢᠯᠠᠰᠬᠢᠬᠦ ᠬᠡᠷᠡᠭᠲᠠᠢ᠃ | ᠠᠷᠪᠠᠳᠤᠭᠠᠷ ᠵᠦᠢᠯ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ ᠶᠢ ᠵᠠᠰᠠᠭ ᠤᠨ | ᠣᠷᠳᠣᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠦᠭᠬᠦ ᠠᠴᠠ ᠭᠠᠳᠠᠨ᠎ᠠ᠂ ᠣᠯᠣᠰ ᠤᠨ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠬᠤᠷᠠᠮᠳᠣᠭᠤᠯᠬᠤ ᠬᠡᠷᠡᠭᠲᠠᠢ᠃ ᠣᠯᠣᠰ ᠤᠨ ᠲᠣᠲᠣᠭᠠᠲᠣ ᠭᠠᠳᠠᠭᠠᠲᠣ ᠶᠢᠨ ᠠᠵᠣ | ᠠᠬᠤᠢ ᠶᠢᠨ ᠵᠣᠬᠢᠶᠠᠨ ᠪᠠᠶᠢᠭᠤᠯᠣᠯᠲᠠ ᠣᠨᠴᠠ ᠵᠦᠪᠰᠢᠶᠡᠷᠡᠯ ᠤᠨ ᠡᠵᠡᠩᠨᠡᠯᠲᠡ ᠶᠢᠨ ᠠᠷᠭ᠎ᠠ ᠪᠠᠷ ᠲᠣᠰᠠᠭᠠᠷ ᠪᠡᠯᠡ | ᠣᠷᠣᠭᠤᠯᠬᠤ᠂ ᠪᠡᠯᠡ ᠨᠡᠶᠢᠯᠡᠬᠦᠯᠬᠦ᠂ ᠬᠤᠷᠰᠢᠬᠤ᠂ ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠲᠦᠷᠭᠡᠨ ᠤ | ᠵᠠᠮ ᠳᠤ ᠬᠠᠣᠯᠢ ᠶᠣᠰᠣᠭᠠᠷ ᠪᠡᠯᠡ ᠣᠷᠣᠭᠤᠯᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠶᠢ ᠦᠪᠡᠷᠲᠡᠭᠡᠨ ᠵᠠᠰᠠᠬᠤ | ᠣᠷᠣᠨ ᠠᠴᠠ ᠬᠦᠲᠦᠯᠦᠨ ᠵᠣᠷᠢᠬᠵᠢᠭᠤᠯᠣᠨ᠎ᠠ᠃ | ᠲᠦᠷᠭᠡᠨ ᠤ ᠵᠠᠮ ᠤᠨ ᠡᠵᠡᠩᠨᠡᠯᠲᠡ ᠶᠢᠨ ᠡᠷᠭᠡ ᠶᠢᠨ ᠣᠯᠭᠤᠯᠲᠠ ᠪᠠ ᠡᠵᠡᠩᠨᠡᠯᠲᠡ ᠶᠢᠨ ᠬᠤᠭᠤᠴᠠᠭ᠎ᠠ ᠶᠢ | ᠣᠯᠣᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠡ ᠪᠦᠬᠦᠢ ᠲᠣᠭᠲᠠᠭᠠᠯ ᠶᠣᠰᠣᠭᠠᠷ ᠬᠡᠷᠡᠭᠵᠢᠬᠦᠯᠦᠨ᠎ᠡ᠃ | ᠠᠷᠪᠠᠨ ᠨᠢᠭᠡᠳᠦᠭᠡᠷ ᠵᠦᠢᠯ ᠲᠦᠷᠭᠡᠨ ᠤ ᠵᠠᠮ ᠤᠨ ᠪᠠᠶᠢᠭᠤᠯᠣᠯᠲᠠ ᠶᠢᠨ ᠲᠦᠷᠦᠯ ᠵᠦᠢᠯ ᠨᠢ ᠬᠠᠣᠯᠢ ᠶᠢᠨ | ᠡᠷᠭᠡᠲᠡᠨ ᠬᠠᠷᠢᠭᠤᠴᠠᠬᠤ ᠳᠦᠷᠢᠮ᠂ ᠳᠠᠭᠠᠭᠠᠴᠢᠯᠠᠯᠲᠠ ᠵᠠᠷᠯᠠᠵᠣ ᠳᠠᠭᠠᠭᠠᠴᠢᠯᠠᠯᠲᠠ ᠬᠦᠯᠢᠶᠡᠬᠦ ᠲᠦᠷᠢᠮ ᠪᠠ | ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ ᠢ ᠬᠡᠷᠡᠭᠵᠢᠬᠦᠯᠦᠨ᠎ᠡ᠃ ᠲᠦᠷᠭᠡᠨ ᠤ ᠵᠠᠮ ᠤᠨ | ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ ᠡᠷᠭᠡᠲᠡᠨ ᠨᠢ ᠣᠯᠣᠰ ᠠᠴᠠ ᠲᠣᠭᠲᠠᠭᠠᠭᠰᠠᠨ ᠦᠨᠳᠦᠰᠦᠨ | ᠪᠦᠲᠦᠭᠡᠨ ᠪᠠᠶᠢᠭᠤᠯᠣᠯᠲᠠ ᠶᠢᠨ ᠳᠠᠷᠠᠭᠠᠯᠠᠯ ᠪᠠ ᠬᠠᠮᠢᠶ᠎ᠡ ᠪᠦᠬᠦᠢ ᠲᠣᠭᠲᠠᠭᠠᠯ ᠶᠣᠰᠣᠭᠠᠷ ᠬᠢᠬᠦ ᠶᠢᠨ ᠬᠠᠮᠲᠣ | ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠣᠷᠣᠭᠤᠯᠣᠯᠲᠠ᠂ ᠳᠠᠭᠠᠭᠠᠴᠢᠯᠠᠯᠲᠠ ᠵᠠᠷᠯᠠᠵᠣ | ᠳᠠᠭᠠᠭᠠᠴᠢᠯᠠᠯᠲᠠ ᠬᠦᠯᠢᠶᠡᠬᠦ᠂ ᠶᠠᠰᠣ ᠴᠢᠨᠠᠷ᠂ ᠠᠮᠣᠷ ᠲᠦᠪᠰᠢᠨ᠂ ᠪᠠᠷᠢᠯᠭ᠎ᠠ ᠶᠢᠨ ᠬᠤᠭᠤᠴᠠᠭ᠎ᠠ ᠪᠠ ᠣᠷᠴᠢᠨ | ᠲᠣᠭᠤᠷᠢᠨ ᠤ ᠬᠠᠮᠠᠭᠠᠯᠠᠯᠲᠠ ᠳᠤ ᠬᠠᠷᠢᠭᠤᠴᠠᠭᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠪᠡᠯᠡ ᠣᠷᠣᠭᠤᠯᠣᠯᠲᠠ ᠶᠢᠨ ᠡᠵᠡᠩᠨᠡᠯᠲᠡ ᠶᠢᠨ ᠴᠢᠨᠠᠷᠲᠠᠢ ᠲᠦᠷᠭᠡᠨ ᠤ ᠵᠠᠮ ᠤᠨ | ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ ᠡᠷᠭᠡᠲᠡᠨ ᠨᠢ ᠪᠣᠯᠵᠣᠭᠰᠠᠨ ᠬᠤᠭᠤᠴᠠᠭᠠᠨ ᠳᠣᠲᠣᠷ᠎ᠠ | ᠪᠠᠷᠢᠯᠭ᠎ᠠ ᠪᠠᠨ ᠡᠬᠢᠯᠡᠬᠦᠯᠬᠦ ᠪᠠ ᠪᠠᠶᠢᠭᠤᠯᠣᠨ ᠪᠦᠲᠦᠭᠡᠵᠣ ᠡᠵᠡᠩᠨᠡᠯᠲᠡ ᠳᠤ ᠣᠷᠣᠭᠤᠯᠬᠤ ᠬᠡᠷᠡᠭᠲᠠᠢ᠃ ᠬᠤᠭᠤᠴᠠᠭ᠎ᠠ | ᠶᠣᠰᠣᠭᠠᠷ ᠪᠠᠷᠢᠯᠭ᠎ᠠ ᠪᠠᠨ ᠡᠬᠢᠯᠡᠬᠦᠯᠵᠣ᠂ ᠪᠠᠷᠢᠯᠭ᠎ᠠ ᠳᠠᠭᠤᠰᠬᠠᠵᠣ ᠳᠡᠶᠢᠯᠬᠦ ᠦᠭᠡᠢ ᠪᠣᠯ ᠬᠡᠷ᠎ᠡ ᠳᠤ ᠪᠣᠯᠵᠣᠭᠰᠠᠨ | ᠪᠣᠶᠣ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠠᠷᠪᠠᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠲᠦᠷᠭᠡᠨ ᠤ ᠵᠠᠮ ᠤᠨ ᠪᠠᠷᠢᠯᠭ᠎ᠠ ᠶᠢᠨ | ᠶᠠᠰᠣ ᠴᠢᠨᠠᠷ ᠢ ᠬᠢᠨᠠᠨ ᠬᠠᠮᠢᠶᠠᠷᠬᠤ ᠳᠦᠷᠢᠮ ᠢ ᠬᠡᠷᠡᠭᠵᠢᠬᠦᠯᠦᠨ᠎ᠡ᠃ | ᠬᠠᠶᠢᠨ ᠪᠠᠶᠢᠴᠠᠭᠠᠬᠤ᠂ ᠲᠦᠯᠦᠪᠯᠡᠬᠦ᠂ ᠪᠠᠷᠢᠯᠭ᠎ᠠ ᠶᠢᠨ ᠠᠵᠢᠯ ᠬᠢᠬᠦ᠂ ᠬᠢᠨᠠᠨ ᠬᠠᠮᠢᠶᠠᠷᠬᠤ ᠵᠡᠷᠭᠡ ᠲᠦᠷᠭᠡᠨ ᠤ | ᠵᠠᠮ ᠤᠨ ᠠᠵᠢᠯ ᠢ ᠡᠷᠬᠢᠯᠡᠵᠣ ᠪᠠᠶᠢᠭ᠎ᠠ ᠨᠢᠭᠡᠴᠡ ᠨᠢ ᠲᠦᠷᠭᠡᠨ ᠤ ᠵᠠᠮ ᠤᠨ ᠢᠨᠵᠧᠨᠧᠷᠢᠩ ᠤᠨ ᠶᠠᠰᠣ ᠴᠢᠨᠠᠷ ᠤᠨ | ᠬᠠᠷᠢᠭᠤᠴᠠᠯᠭ᠎ᠠ ᠶᠢ ᠬᠠᠣᠯᠢ ᠶᠣᠰᠣᠭᠠᠷ ᠡᠬᠦᠷᠭᠡᠯᠡᠵᠣ᠂ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠵᠢᠴᠢ ᠲᠡᠬᠦᠨ ᠳᠤ ᠬᠠᠷᠢᠶᠠᠯᠠᠭᠳᠠᠬᠤ ᠶᠠᠰᠣ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠣᠮᠵᠢ ᠶᠢᠨ | ᠬᠢᠨᠠᠯᠲᠠ ᠪᠠᠶᠢᠴᠠᠭᠠᠯᠲᠠ ᠶᠢ ᠬᠦᠯᠢᠶᠠᠵᠣ᠂ ᠬᠢᠨᠠᠯᠲᠠ ᠪᠠᠶᠢᠴᠠᠭᠠᠯᠲᠠ ᠳᠤ ᠬᠠᠮᠵᠢᠯᠴᠠᠨ᠎ᠠ︔ ᠪᠦᠲᠦᠭᠡᠨ | ᠪᠠᠶᠢᠭᠤᠯᠣᠯᠲᠠ ᠶᠢᠨ ᠨᠢᠭᠡᠴᠡ ᠪᠠᠷᠢᠯᠭ᠎ᠠ ᠡᠬᠢᠯᠡᠬᠦᠯᠬᠦ ᠵᠦᠪᠰᠢᠶᠡᠷᠡᠯ ᠤᠨ ᠦᠨᠡᠮᠯᠡᠯ ᠢ ᠣᠯᠬᠤ ᠠᠴᠠ ᠡᠮᠦᠨ᠎ᠡ᠂ | ᠣᠯᠣᠰ ᠤᠨ ᠬᠠᠮᠢᠶ᠎ᠡ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠶᠠᠰᠣ ᠴᠢᠨᠠᠷ ᠲᠤ ᠬᠢᠨᠠᠯᠲᠠ ᠲᠠᠯᠪᠢᠬᠤ | ᠭᠠᠷᠳᠠᠮ ᠢ ᠭᠦᠢᠴᠡᠳᠬᠡᠬᠦ ᠬᠡᠷᠡᠭᠲᠠᠢ᠃ ᠠᠷᠪᠠᠨ ᠲᠦᠷᠪᠡᠳᠦᠭᠡᠷ ᠵᠦᠢᠯ ᠬᠠᠶᠢᠨ ᠪᠠᠶᠢᠴᠠᠭᠠᠬᠤ᠂ ᠲᠦᠯᠦᠪᠯᠡᠬᠦ᠂ | ᠪᠠᠷᠢᠯᠭ᠎ᠠ ᠬᠢᠬᠦ᠂ ᠬᠢᠨᠠᠨ ᠬᠠᠮᠢᠶᠠᠷᠬᠤ ᠵᠡᠷᠭᠡ ᠲᠦᠷᠭᠡᠨ ᠤ ᠵᠠᠮ ᠤᠨ ᠠᠵᠢᠯ ᠢ ᠡᠷᠬᠢᠯᠡᠵᠣ ᠪᠠᠶᠢᠭ᠎ᠠ ᠨᠢᠭᠡᠴᠡ | ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠳᠠᠭᠠᠭᠠᠨ ᠠᠪᠬᠤ ᠵᠣᠬᠢᠴᠠᠩᠭᠤᠢ ᠬᠢᠷᠢ | ᠬᠡᠮ ᠢ ᠪᠦᠷᠢᠳᠦᠬᠦᠯᠬᠦ ᠶᠢᠨ ᠬᠠᠮᠲᠣ ᠲᠡᠬᠦᠨ ᠤ ᠬᠢᠷᠢ ᠬᠡᠮ ᠤᠨ ᠲᠡᠰ ᠤᠨ ᠵᠦᠪᠰᠢᠶᠡᠷᠡᠭᠰᠡᠨ ᠬᠡᠪᠴᠢᠶᠠᠨ ᠲᠣᠲᠣᠷ᠎ᠠ | ᠪᠠᠷᠢᠯᠭ᠎ᠠ ᠶᠢ ᠳᠠᠭᠠᠭᠠᠴᠢᠯᠠᠨ ᠠᠪᠬᠤ ᠬᠡᠷᠡᠭᠲᠠᠢ᠃ ᠬᠠᠶᠢᠨ ᠪᠠᠶᠢᠴᠠᠭᠠᠬᠤ᠂ ᠲᠦᠯᠦᠪᠯᠡᠬᠦ᠂ ᠪᠠᠷᠢᠯᠭ᠎ᠠ ᠬᠢᠬᠦ ᠨᠢᠭᠡᠴᠡ | ᠳᠠᠭᠠᠭᠠᠴᠢᠯᠠᠭᠰᠠᠨ ᠪᠠᠷᠢᠯᠭ᠎ᠠ ᠪᠠᠨ ᠰᠢᠯᠵᠢᠬᠦᠯᠦᠨ ᠳᠠᠭᠠᠭᠠᠴᠢᠯᠠᠭᠤᠯᠬᠤ ᠪᠣᠶᠣ ᠬᠠᠣᠯᠢ ᠪᠣᠰᠣ ᠪᠠᠷ ᠰᠠᠯᠭᠠᠨ | ᠳᠠᠭᠠᠭᠠᠴᠢᠯᠠᠭᠤᠯᠵᠣ ᠪᠣᠯᠬᠤ ᠦᠭᠡᠢ᠃ ᠬᠢᠨᠠᠯᠲᠠ ᠲᠠᠯᠪᠢᠵᠣ ᠬᠠᠮᠢᠶᠠᠷᠬᠤ ᠨᠢᠭᠡᠴᠡ ᠪᠠᠷᠢᠯᠭ᠎ᠠ ᠶᠢ ᠬᠢᠨᠠᠨ ᠬᠠᠮᠢᠶᠠᠷᠬᠤ | ᠲᠣᠬᠠᠶᠢᠯᠠᠭᠰᠠᠨ ᠠᠵᠢᠯ ᠢᠶᠠᠨ ᠪᠣᠰᠣᠳ ᠲᠤ ᠰᠢᠯᠵᠢᠬᠦᠯᠦᠨ ᠦᠭᠴᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠲᠦᠷᠭᠡᠨ ᠤ ᠵᠠᠮ ᠢ ᠲᠦᠯᠦᠪᠯᠡᠬᠦ ᠪᠠ ᠪᠦᠲᠦᠭᠡᠨ ᠪᠠᠶᠢᠭᠤᠯᠬᠤ ᠨᠢᠭᠡᠴᠡ ᠣᠮᠣᠰ ᠤᠨ | ᠲᠦᠷᠭᠡᠨ ᠤ ᠵᠠᠮ ᠤᠨ ᠲᠦᠯᠦᠪᠯᠡᠭᠡ ᠶᠢᠨ ᠵᠢᠷᠣᠮᠵᠢᠯ ᠢᠶᠠᠷ ᠵᠠᠮ ᠬᠠᠷᠢᠯᠴᠠᠭᠠᠨ ᠤ ᠢᠯᠡᠳᠬᠡᠮᠵᠢ ᠳᠡᠮᠲᠡᠭ᠂ ᠵᠠᠮ | ᠬᠠᠷᠢᠯᠴᠠᠭᠠᠨ ᠤ ᠢᠯᠡᠳᠬᠡᠮᠵᠢ ᠱᠣᠭᠤᠮ᠂ ᠵᠠᠮ ᠬᠠᠷᠢᠯᠴᠠᠭᠠᠨ ᠤ ᠮᠡᠷᠬᠡᠵᠢᠯ ᠤᠨ ᠬᠢᠨᠠᠨ ᠡᠵᠡᠮᠳᠡᠬᠦ ᠲᠦᠬᠦᠭᠡᠷᠦᠮᠵᠢ ᠂ | ᠲᠦᠭᠰᠢᠬᠦᠷᠢ ᠮᠡᠳᠡᠬᠦᠯᠬᠦ ᠣᠳᠠᠰᠣ ᠪᠠ ᠬᠤᠪᠢᠰᠣᠩᠭᠤᠢ ᠮᠡᠳᠡᠭᠡ ᠵᠠᠩᠬᠢ ᠶᠢᠨ ᠬᠠᠪᠳᠠᠰᠣ ᠵᠡᠷᠭᠡ ᠵᠠᠮ ᠬᠠᠷᠢᠯᠴᠠᠭᠠᠨ ᠤ | ᠠᠮᠣᠷ ᠲᠦᠪᠰᠢᠨ ᠤ ᠲᠦᠬᠦᠭᠡᠷᠦᠮᠵᠢ ᠶᠢ ᠲᠦᠯᠦᠪᠯᠡᠨ ᠣᠭᠰᠠᠷᠠᠬᠤ ᠬᠡᠷᠡᠭᠲᠠᠢ᠃ | ᠲᠦᠷᠭᠡᠨ ᠤ ᠵᠠᠮ ᠤᠨ ᠦᠢᠯᠡᠴᠢᠯᠡᠭᠡᠨ ᠤ ᠲᠣᠭᠤᠷᠢᠭ᠂ ᠵᠠᠮ ᠤᠨ ᠶᠠᠪᠣᠳᠠᠯ ᠤᠨ ᠬᠠᠮᠢᠶᠠᠷᠣᠯᠲᠠ᠂ ᠵᠠᠮ | ᠬᠠᠷᠢᠯᠴᠠᠭᠠᠨ ᠤ ᠠᠮᠣᠷ ᠲᠦᠪᠰᠢᠨ ᠤ ᠬᠠᠮᠢᠶᠠᠷᠣᠯᠲᠠ᠂ ᠵᠠᠮ ᠤᠨ ᠲᠣᠰᠠᠯᠠᠮᠵᠢ ᠵᠡᠷᠭᠡ ᠴᠢᠬᠤᠯᠠ ᠬᠡᠷᠡᠭᠴᠡᠭᠡ ᠪᠦᠬᠦᠢ | ᠲᠠᠯᠠᠪᠣᠷ ᠪᠠ ᠲᠦᠬᠦᠭᠡᠷᠦᠮᠵᠢ ᠶᠢ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠭᠤᠣᠯ | ᠴᠣᠭᠴᠠ ᠪᠠᠷᠢᠯᠭ᠎ᠠ ᠲᠠᠢ ᠵᠡᠷᠭᠡᠪᠡᠷ ᠲᠦᠯᠦᠪᠯᠡᠬᠦ᠂ ᠪᠠᠶᠢᠭᠤᠯᠬᠤ᠂ ᠰᠢᠯᠭᠠᠨ ᠬᠤᠷᠢᠶᠠᠬᠤ ᠪᠠ ᠬᠡᠷᠡᠭᠯᠡᠭᠡ ᠳᠤ | ᠣᠷᠣᠭᠤᠯᠬᠤ ᠬᠡᠷᠡᠭᠲᠠᠢ᠃ | ᠨᠢᠭᠡᠨᠲᠡ ᠬᠡᠷᠡᠭᠯᠡᠭᠡ ᠳᠤ ᠣᠷᠣᠭᠤᠯᠣᠭᠰᠠᠨ ᠲᠦᠷᠭᠡᠨ ᠤ ᠵᠠᠮ ᠤᠨ ᠬᠤᠯᠪᠣᠭᠳᠠᠯ ᠪᠦᠬᠦᠢ ᠲᠠᠯᠠᠪᠣᠷ ᠪᠠ | ᠲᠦᠬᠦᠭᠡᠷᠦᠮᠵᠢ ᠶᠢ ᠪᠦᠲᠦᠭᠡᠨ ᠪᠠᠶᠢᠭᠤᠯᠣᠭᠠᠳᠣᠢ ᠪᠣᠶᠣ ᠲᠡᠬᠦᠯᠳᠡᠷᠵᠢᠬᠦᠯᠦᠭᠡᠲᠦᠢ ᠪᠣᠯ ᠬᠤᠭᠤᠴᠠᠭ᠎ᠠ ᠬᠢᠵᠠᠭᠠᠷᠯᠠᠨ | ᠪᠦᠲᠦᠭᠡᠨ ᠪᠠᠶᠢᠭᠤᠯᠬᠤ ᠪᠣᠶᠣ ᠲᠡᠬᠦᠯᠳᠡᠷᠵᠢᠬᠦᠯᠬᠦ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠲᠦᠷᠭᠡᠨ ᠤ ᠵᠠᠮ ᠤᠨ ᠡᠵᠡᠩᠨᠡᠯᠲᠡ ᠶᠢᠨ ᠡᠷᠭᠡ ᠶᠢ ᠰᠢᠯᠵᠢᠬᠦᠯᠵᠣ ᠠᠪᠬᠤ ᠪᠣᠶᠣ | ᠣᠯᠣᠰ ᠤᠨ ᠲᠣᠲᠣᠭᠠᠲᠣ ᠭᠠᠳᠠᠭᠠᠲᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠠᠴᠠ ᠪᠡᠯᠡ ᠣᠷᠣᠭᠤᠯᠣᠨ | ᠪᠦᠲᠦᠭᠡᠨ ᠪᠠᠶᠢᠭᠤᠯᠵᠣ ᠡᠵᠡᠩᠨᠡᠭᠰᠡᠨ ᠲᠦᠷᠭᠡᠨ ᠤ ᠵᠠᠮ ᠤᠨ ᠡᠵᠡᠩᠨᠡᠭᠴᠢ ᠨᠢ ᠡᠵᠡᠩᠨᠡᠵᠣ ᠪᠠᠶᠢᠭ᠎ᠠ ᠬᠤᠭᠤᠴᠠᠭᠠᠨ ᠳᠤ | ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠬᠢᠨᠠᠯᠲᠠ ᠬᠠᠮᠢᠶᠠᠷᠣᠯᠲᠠ ᠶᠢ ᠬᠦᠯᠢᠶᠡᠬᠦ ᠬᠡᠷᠡᠭᠲᠠᠢ︔ | ᠡᠵᠡᠩᠨᠡᠬᠦ ᠡᠷᠭᠡ ᠶᠢ ᠰᠢᠯᠵᠢᠬᠦᠯᠵᠣ ᠠᠪᠣᠭᠰᠠᠨ ᠬᠤᠭᠤᠴᠠᠭ᠎ᠠ ᠨᠢ ᠲᠣᠯᠣᠭᠰᠠᠨ ᠪᠣᠶᠣ ᠡᠵᠡᠩᠨᠡᠬᠦ ᠬᠤᠭᠤᠴᠠᠭ᠎ᠠ ᠨᠢ | ᠲᠣᠯᠣᠭᠰᠠᠨ ᠪᠣᠯ᠂ ᠲᠦᠷᠭᠡᠨ ᠤ ᠵᠠᠮ ᠢ ᠨᠡᠯᠢᠶᠡᠳ ᠰᠠᠶᠢᠨ ᠮᠡᠷᠭᠡᠵᠢᠯ ᠤᠨ ᠪᠠᠶᠢᠳᠠᠯ ᠳᠤ ᠪᠠᠶᠢᠯᠭᠠᠬᠤ ᠬᠡᠷᠡᠭᠲᠠᠢ | ᠪᠦᠭᠡᠳ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠯᠭᠠᠨ ᠬᠤᠷᠢᠶᠠᠬᠤ ᠶᠢ ᠵᠣᠬᠢᠶᠠᠨ ᠪᠠᠶᠢᠭᠤᠯᠣᠨ᠎ᠠ᠃ | ᠠᠷᠪᠠᠨ ᠲᠤᠯᠤᠳᠤᠭᠠᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠲᠦᠷᠭᠡᠨ ᠤ ᠵᠠᠮ ᠤᠨ | ᠬᠠᠮᠢᠶᠠᠷᠣᠯᠲᠠ ᠶᠢᠨ ᠳᠠᠩᠰᠠ ᠡᠪᠬᠡᠮᠡᠯ ᠢ ᠪᠠᠶᠢᠭᠤᠯᠣᠨ ᠳᠡᠬᠦᠯᠳᠡᠷᠵᠢᠬᠦᠯᠵᠣ᠂ ᠲᠦᠷᠭᠡᠨ ᠤ ᠵᠠᠮ᠂ ᠲᠦᠷᠭᠡᠨ ᠤ | ᠵᠠᠮ ᠤᠨ ᠬᠡᠷᠡᠭᠯᠡᠬᠦ ᠭᠠᠵᠠᠷ᠂ ᠲᠦᠷᠭᠡᠨ ᠤ ᠵᠠᠮ ᠤᠨ ᠳᠠᠭᠠᠯᠲᠠ ᠲᠦᠬᠦᠭᠡᠷᠦᠮᠵᠢ ᠳᠤ ᠪᠠᠶᠢᠴᠠᠭᠠᠯᠲᠠ ᠬᠢᠵᠣ | ᠬᠠᠷᠭᠤᠭᠤᠯᠣᠭᠰᠠᠨ ᠤ ᠳᠠᠷᠠᠭ᠎ᠠ ᠳᠠᠩᠰᠠᠯᠠᠭᠤᠯᠣᠨ ᠳᠡᠪᠲᠡᠷᠯᠡᠬᠦᠯᠬᠦ ᠬᠡᠷᠡᠭᠲᠠᠢ᠃ | ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠠᠵᠢᠯ ᠳᠠᠭᠤᠰᠴᠣ ᠰᠢᠯᠭᠠᠨ | ᠬᠤᠷᠢᠶᠠᠭᠰᠠᠨ ᠤ ᠳᠠᠷᠠᠭ᠎ᠠ᠂ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠬᠠᠣᠯᠢ ᠶᠢᠨ | ᠡᠷᠭᠡᠲᠡᠨ ᠲᠦ᠋ᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠪᠦᠲᠦᠭᠡᠨ ᠪᠠᠶᠢᠭᠤᠯᠣᠯᠲᠠ ᠶᠢᠨ ᠲᠦᠷᠦᠯ | ᠵᠦᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠠᠣᠯᠢ ᠶᠣᠰᠣᠭᠠᠷ ᠲᠣᠰᠢᠶᠠᠬᠤ ᠬᠡᠷᠡᠭᠲᠠᠢ᠃ | ᠭᠤᠷᠪᠠᠳᠤᠭᠠᠷ ᠪᠦᠯᠦᠭ ᠠᠷᠠᠴᠢᠯᠠᠯᠲᠠ ᠬᠠᠮᠠᠭᠠᠯᠠᠯᠲᠠ | ᠠᠷᠪᠠᠨ ᠨᠠᠢᠮᠠᠳᠤᠭᠠᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ | ᠵᠠᠮ ᠤᠨ ᠡᠵᠡᠩᠨᠡᠭᠴᠢ ᠣᠯᠣᠰ ᠠᠴᠠ ᠲᠣᠭᠲᠠᠭᠠᠭᠰᠠᠨ ᠮᠡᠷᠭᠡᠵᠢᠯ ᠤᠨ ᠵᠢᠷᠣᠮᠵᠢᠯ ᠪᠠ ᠠᠵᠢᠯᠯᠠᠬᠤ ᠳᠦᠷᠢᠮ ᠶᠣᠰᠣᠭᠠᠷ | ᠲᠦᠷᠭᠡᠨ ᠤ ᠵᠠᠮ ᠢ ᠠᠷᠠᠴᠢᠯᠠᠨ ᠬᠠᠮᠠᠭᠠᠯᠠᠵᠣ᠂ ᠲᠦᠷᠭᠡᠨ ᠤ ᠵᠠᠮ ᠤᠨ ᠪᠠᠶᠢᠩᠭᠤ ᠰᠠᠶᠢᠨ ᠮᠡᠷᠭᠡᠵᠢᠯ ᠤᠨ ᠪᠠᠶᠢᠳᠠᠯ ᠳᠤ | ᠪᠠᠶᠢᠬᠤ ᠶᠢ ᠪᠠᠳᠣᠯᠠᠬᠤ ᠬᠡᠷᠡᠭᠲᠠᠢ᠃ | ᠠᠷᠪᠠ ᠶᠢᠰᠦᠳᠦᠭᠡᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ ᠵᠠᠮ ᠤᠨ | ᠡᠵᠡᠩᠨᠡᠭᠴᠢ ᠣᠮᠣᠰ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠯ ᠶᠣᠰᠣᠭᠠᠷ᠂ ᠲᠦᠷᠭᠡᠨ ᠤ ᠵᠠᠮ ᠤᠨ | ᠣᠨ ᠤ ᠠᠷᠠᠴᠢᠯᠠᠨ ᠬᠠᠮᠠᠭᠠᠯᠠᠬᠤ ᠲᠦᠯᠦᠪᠯᠡᠭᠡ ᠶᠢ ᠨᠠᠶᠢᠷᠠᠭᠤᠯᠵᠣ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠳᠠᠩᠰᠠᠯᠠᠭᠤᠯᠬᠤ ᠪᠠᠷ ᠮᠡᠳᠡᠬᠦᠯᠬᠦ ᠬᠡᠷᠡᠭᠲᠠᠢ᠃ | ᠬᠤᠷᠢᠳᠤᠭᠠᠷ ᠵᠦᠢᠯ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠲᠦᠷᠭᠡᠨ ᠤ ᠵᠠᠮ ᠤᠨ ᠣᠨ ᠤ ᠠᠷᠠᠴᠢᠯᠠᠨ | ᠬᠠᠮᠠᠭᠠᠯᠠᠬᠤ ᠲᠦᠯᠦᠪᠯᠡᠭᠡ ᠳᠤ ᠵᠢᠭᠰᠠᠭᠠᠭᠳᠠᠭᠰᠠᠨ ᠲᠦᠷᠭᠡᠨ ᠤ ᠵᠠᠮ ᠢ ᠶᠡᠭᠡ ᠲᠣᠮᠲᠠ ᠬᠡᠮᠵᠢᠶ᠎ᠡ ᠪᠠᠷ ᠵᠠᠰᠠᠨ | ᠪᠠᠶᠢᠭᠤᠯᠬᠤ ᠪᠠᠷᠢᠯᠭ᠎ᠠ ᠪᠣᠶᠣ ᠦᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ ᠢ ᠵᠣᠬᠢᠶᠠᠨ ᠪᠠᠶᠢᠭᠤᠯᠣᠨ | ᠬᠡᠷᠡᠭᠵᠢᠬᠦᠯᠬᠦ ᠳᠤ᠂ ᠠᠷᠪᠠᠨ ᠲᠠᠪᠣᠨ ᠡᠳᠦᠷ ᠠᠴᠠ ᠡᠮᠦᠨ᠎ᠡ ᠲᠦᠷᠭᠡᠨ ᠤ ᠵᠠᠮ ᠤᠨ ᠰᠠᠭᠠᠳ ᠦᠭᠡᠢ ᠶᠢ ᠪᠠᠲᠣᠯᠬᠠᠣ | ᠲᠦᠰᠦᠯ ᠢᠶᠠᠨ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠣᠲᠣᠭᠠᠲᠣ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ | ᠳᠠᠩᠰᠠᠯᠠᠭᠤᠯᠬᠤ ᠶᠢᠨ ᠬᠠᠮᠲᠣ ᠪᠠᠷᠢᠯᠭ᠎ᠠ ᠶᠢᠨ ᠲᠦᠷᠦᠯ ᠵᠦᠢᠯ ᠢᠶᠠᠨ ᠡᠬᠢᠯᠡᠬᠦᠯᠬᠦ ᠠᠴᠠ ᠲᠠᠪᠣᠨ ᠡᠳᠦᠷ ᠤᠨ ᠡᠮᠦᠨ᠎ᠡ | ᠰᠣᠨᠢᠨ ᠮᠡᠳᠡᠭᠡ ᠵᠠᠭᠤᠴᠢᠯᠠᠭᠤᠷ᠂ ᠲᠦᠷᠭᠡᠨ ᠤ ᠵᠠᠮ ᠤᠨ ᠬᠤᠪᠢᠰᠣᠩᠭᠤᠢ ᠮᠡᠳᠡᠭᠡ ᠵᠠᠩᠬᠢ ᠶᠢᠨ ᠬᠠᠪᠳᠠᠰᠣ ᠪᠠᠷ | ᠳᠠᠮᠵᠢᠭᠤᠯᠵᠣ ᠨᠡᠶᠢᠭᠡᠮ ᠳᠠᠶᠠᠭᠠᠷ ᠲᠤ ᠨᠡᠶᠢᠲᠡᠯᠡᠬᠦ ᠬᠡᠷᠡᠭᠲᠠᠢ᠃ ᠲᠡᠷᠭᠡ ᠬᠦᠰᠭᠡ ᠶᠢᠨ ᠠᠮᠣᠷ ᠲᠦᠪᠰᠢᠨ | ᠨᠡᠪᠲᠡᠷᠡᠬᠦ ᠶᠢ ᠬᠦᠨᠳᠦ ᠰᠦᠷᠡᠭᠡᠢ ᠨᠦᠯᠦᠭᠡᠯᠡᠬᠦ ᠪᠠᠴᠢᠮ ᠪᠠᠶᠢᠳᠠᠯ ᠢ ᠠᠷᠭᠠᠴᠠᠵᠣ ᠵᠠᠪᠳᠣᠨ ᠨᠡᠪᠲᠡᠷᠡᠬᠦᠯᠦᠨ ᠵᠠᠪᠳᠣᠨ | ᠠᠪᠣᠷᠠᠬᠤ ᠶᠡᠭᠡ ᠲᠣᠮᠲᠠ ᠵᠠᠪᠳᠣᠨ ᠵᠠᠰᠠᠬᠤ ᠪᠠᠷᠢᠯᠭ᠎ᠠ ᠲᠣᠯᠭᠠᠷᠠᠪᠠᠯ᠂ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ | ᠳᠠᠷᠣᠢ ᠲᠦᠷᠭᠡᠨ ᠵᠡᠪᠳᠣᠨ ᠵᠠᠰᠠᠬᠤ ᠶᠢᠨ ᠵᠡᠷᠭᠡᠪᠡᠷ ᠲᠦᠷᠭᠡᠨ ᠤ ᠵᠠᠮ ᠤᠨ ᠰᠠᠭᠠᠳ ᠦᠭᠡᠢ ᠨᠡᠪᠲᠡᠷᠡᠬᠦ ᠲᠦᠰᠦᠯ ᠢ | ᠵᠠᠮ ᠬᠠᠷᠢᠯᠴᠠᠭ᠎ᠠ ᠲᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠣᠲᠣᠭᠠᠲᠣ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ ᠳᠠᠩᠰᠠᠯᠠᠭᠤᠯᠬᠤ ᠪᠠᠷ | ᠮᠡᠳᠡᠬᠦᠯᠬᠦ ᠶᠢᠨ ᠬᠠᠮᠲᠣ ᠨᠡᠶᠢᠭᠡᠮ ᠳᠠᠶᠠᠭᠠᠷ ᠲᠤ ᠴᠠᠭ ᠲᠣᠬᠠᠢ ᠳᠤᠨᠢ ᠨᠡᠶᠢᠲᠡᠯᠡᠬᠦ ᠬᠡᠷᠡᠭᠲᠠᠢ᠃ | ᠬᠤᠷᠢᠨ ᠨᠢᠭᠡᠳᠦᠭᠡᠷ ᠵᠦᠢᠯ ᠠᠷᠠᠴᠢᠯᠠᠨ ᠬᠠᠮᠭᠠᠯᠠᠬᠤ ᠠᠵᠢᠯ ᠤᠨ ᠬᠡᠷᠡᠭᠴᠡᠭᠡ ᠠᠴᠠ ᠪᠣᠯᠵᠣ᠂ ᠲᠦᠷᠭᠡᠨ ᠤ | ᠵᠠᠮ ᠢ ᠬᠤᠶᠠᠷ ᠳᠡᠶᠢᠰᠢ ᠪᠦᠷᠢᠨ ᠦᠷᠭᠡᠴᠡ ᠪᠠᠷ ᠪᠢᠲᠡᠬᠦᠮᠵᠢᠯᠡᠬᠦ᠂ ᠳᠠᠩ ᠴᠢᠭᠯᠡᠯ ᠪᠦᠷᠢᠨ ᠦᠷᠭᠡᠴᠡ ᠪᠠᠷ | ᠪᠢᠲᠡᠬᠦᠮᠵᠢᠯᠡᠨ ᠡᠰᠡᠷᠬᠦ ᠴᠢᠭ ᠠᠵᠢᠯᠯᠠᠬᠤ ᠴᠢᠬᠤᠯᠠᠲᠠᠢ ᠵᠠᠮ ᠤᠨ ᠬᠡᠰᠡᠭ ᠨᠢ ᠬᠤᠶᠠᠷ ᠺᠢᠯᠣᠮᠧᠳ᠋ᠷ ᠠᠴᠠ ᠣᠷᠲᠣ | ᠪᠦᠭᠡᠳ ᠠᠵᠢᠯᠯᠠᠬᠤ ᠬᠤᠭᠤᠴᠠᠭ᠎ᠠ ᠨᠢ ᠭᠤᠴᠢᠨ ᠡᠳᠦᠷ ᠠᠴᠠ ᠬᠡᠲᠦᠷᠡᠪᠡᠯ᠂ ᠠᠷᠠᠴᠢᠯᠠᠨ ᠬᠠᠮᠠᠭᠠᠯᠠᠬᠤ ᠠᠵᠢᠯ ᠤᠨ | ᠨᠢᠭᠡᠴᠡ ᠨᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠦᠰᠦᠯ ᠪᠠ ᠲᠦᠷᠭᠡᠨ ᠤ | ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠣᠯᠠᠬᠤ ᠲᠦᠰᠦᠯ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠵᠢᠯᠣᠭᠤᠳᠣᠨ | ᠨᠡᠪᠲᠡᠷᠡᠬᠦᠯᠬᠦ ᠲᠦᠰᠦᠯ ᠢ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ ᠮᠡᠳᠡᠬᠦᠯᠵᠣ᠂ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ᠂ ᠵᠠᠮ ᠬᠠᠷᠢᠯᠴᠠᠭ᠎ᠠ ᠳᠡᠭᠡᠭᠡᠪᠦᠷᠢ ᠶᠢ ᠭᠤᠣᠯᠯᠠᠨ ᠬᠠᠮᠢᠶᠷᠬᠤ | ᠰᠠᠯᠠᠭ᠎ᠠ ᠮᠦᠴᠢᠷ ᠵᠢᠴᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠠᠴᠠ ᠬᠠᠮᠲᠣᠷᠠᠨ ᠲᠣᠭᠲᠠᠭᠠᠬᠤ ᠬᠡᠷᠡᠭᠲᠠᠢ᠃ | | ᠬᠤᠷᠢᠨ ᠬᠤᠶᠠᠳᠤᠭᠠᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠣᠲᠣᠭᠠᠲᠣ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠨᠢ ᠠᠷᠠᠴᠢᠯᠠᠨ | ᠬᠠᠮᠠᠭᠠᠯᠠᠬᠤ ᠠᠵᠢᠯ ᠤᠨ ᠪᠠᠷᠢᠯᠭ᠎ᠠ ᠶᠢᠨ ᠲᠣᠬᠠᠢ ᠶᠢᠨ ᠭᠠᠵᠠᠷ ᠪᠠ ᠵᠠᠮ ᠬᠠᠷᠢᠯᠴᠠᠭᠠᠨ ᠤ ᠵᠣᠬᠢᠶᠠᠨ | ᠪᠠᠶᠢᠭᠤᠯᠣᠯᠲᠠ ᠶᠢᠨ ᠪᠠᠶᠢᠳᠠᠯ ᠳᠠᠬᠢ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠬᠤ ᠬᠡᠷᠡᠭᠲᠠᠢ᠃ | ᠲᠦᠷᠭᠡᠨ ᠤ ᠵᠠᠮ ᠢ ᠠᠷᠠᠴᠢᠯᠠᠨ ᠬᠠᠮᠠᠭᠠᠯᠠᠬᠤ ᠠᠵᠢᠯ ᠠᠴᠠ ᠪᠣᠯᠵᠣ ᠵᠠᠮ ᠬᠠᠷᠢᠯᠴᠠᠭᠠᠨ ᠤ ᠲᠦᠭᠵᠢᠷᠡᠯ | ᠡᠬᠦᠰᠦᠭᠰᠡᠨ ᠪᠣᠯ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ | ᠰᠠᠯᠠᠭ᠎ᠠ ᠮᠦᠴᠢᠷ ᠠᠴᠠ ᠴᠠᠭ ᠲᠣᠬᠠᠢ ᠳᠤᠨᠢ ᠠᠷᠭ᠎ᠠ ᠬᠡᠮᠵᠢᠶ᠎ᠡ ᠠᠪᠴᠣ ᠵᠠᠮ ᠬᠠᠷᠢᠯᠴᠠᠭ᠎ᠠ ᠶᠢ ᠵᠢᠯᠣᠭᠤᠳᠣᠨ | ᠨᠡᠪᠲᠡᠷᠡᠬᠦᠯᠵᠣ᠂ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠨᠢ ᠲᠣᠰᠠᠯᠠᠨ ᠬᠠᠮᠵᠢᠯᠴᠠᠬᠤ ᠬᠡᠷᠡᠭᠲᠠᠢ᠃ | ᠬᠤᠷᠢᠨ ᠭᠤᠷᠪᠠᠳᠤᠭᠠᠷ ᠵᠦᠢᠯ ᠲᠦᠷᠭᠡᠨ ᠤ ᠵᠠᠮ ᠤᠨ ᠠᠷᠠᠴᠢᠯᠠᠨ ᠬᠠᠮᠠᠭᠠᠯᠠᠬᠤ ᠠᠵᠢᠯ ᠨᠢ ᠲᠣᠣᠷᠠᠬᠢ | ᠲᠣᠭᠲᠠᠭᠠᠯ ᠢ ᠵᠢᠷᠣᠮᠯᠠᠬᠤ ᠬᠡᠷᠡᠭᠲᠠᠢ᠄ | ︵ᠨᠢᠭᠡ︶ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠣᠯᠣᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠢ ᠪᠠᠶᠢᠭᠤᠯᠵᠣ᠂ ᠠᠵᠢᠯ ᠤᠨ ᠵᠠᠮ ᠬᠠᠷᠢᠯᠴᠠᠭᠠᠨ ᠤ ᠡᠵᠡᠮᠳᠡᠯ ᠢ | ᠬᠡᠷᠡᠭᠵᠢᠬᠦᠯᠬᠦ ᠬᠡᠷᠡᠭᠲᠠᠢ︔ | ︵ᠬᠤᠶᠠᠷ︶ ᠠᠷᠠᠴᠢᠯᠠᠨ ᠬᠠᠮᠠᠭᠠᠯᠠᠬᠤ ᠠᠵᠢᠯ ᠤᠨ ᠲᠣᠬᠠᠢ ᠶᠢᠨ ᠲᠠᠯᠠᠪᠠᠢ ᠳᠤ ᠠᠮᠣᠷ ᠲᠦᠪᠰᠢᠨ ᠠᠵᠢᠯᠯᠠᠬᠤ | ᠲᠦᠬᠦᠭᠡᠷᠦᠮᠵᠢ ᠪᠠ ᠢᠯᠡᠳᠬᠡᠮᠵᠢ ᠳᠡᠮᠳᠡᠭ ᠲᠣᠬᠢᠷᠠᠭᠤᠯᠵᠣ᠂ ᠠᠷᠠᠴᠢᠯᠠᠨ ᠬᠠᠮᠠᠭᠠᠯᠠᠬᠤ ᠠᠵᠢᠯ ᠤᠨ ᠠᠵᠢᠯᠲᠠᠨ | ᠨᠢᠭᠡᠳᠦᠯᠲᠠᠢ ᠠᠮᠣᠷ ᠲᠦᠪᠰᠢᠨ ᠳᠡᠮᠳᠡᠭᠲᠣ ᠬᠤᠪᠴᠠᠰᠣ ᠡᠮᠦᠰᠬᠦ ᠬᠡᠷᠡᠭᠲᠠᠢ︔ | ︵ᠭᠤᠷᠪᠠ︶ ᠠᠷᠠᠴᠢᠯᠠᠨ ᠬᠠᠮᠠᠭᠠᠯᠠᠬᠤ ᠠᠵᠢᠯ ᠤᠨ ᠲᠣᠰᠬᠠᠢ ᠲᠡᠷᠭᠡ ᠪᠠ ᠲᠣᠰᠬᠠᠢ ᠮᠧᠬᠠᠨᠢᠭ | ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠠᠴᠠ ᠪᠠᠶᠢᠭ᠎ᠠ ᠭᠠᠵᠠᠷ ᠤᠨ ᠠᠶᠢᠮᠠᠭ ᠤᠨ | ᠵᠠᠰᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠲᠣᠭᠠᠲᠣ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠲᠤ | ᠳᠠᠩᠰᠠᠯᠠᠭᠤᠯᠬᠤ ᠪᠠᠷ ᠮᠡᠳᠡᠬᠦᠯᠦᠨ᠎ᠡ᠃ ᠠᠷᠠᠴᠢᠯᠠᠨ ᠬᠠᠮᠠᠭᠠᠯᠠᠬᠤ ᠲᠣᠰᠬᠠᠢ ᠲᠡᠷᠭᠡ ᠪᠠ ᠲᠣᠰᠬᠠᠢ ᠮᠧᠬᠠᠨᠢᠭ | ᠲᠦᠬᠦᠭᠡᠷᠦᠮᠵᠢ ᠶᠢ ᠬᠡᠷᠡᠭᠯᠡᠵᠣ ᠠᠵᠢᠯᠯᠠᠬᠤ ᠦᠶᠡᠰ᠂ ᠳᠡᠭᠡᠷ᠎ᠡ ᠨᠢ ᠢᠯᠡᠷᠭᠡᠢ ᠠᠵᠢᠯ ᠤᠨ ᠢᠯᠡᠳᠬᠡᠮᠵᠢ ᠳᠡᠮᠲᠡᠭ | ᠲᠣᠬᠢᠷᠠᠭᠤᠯᠬᠤ ᠶᠢᠨ ᠬᠠᠮᠲᠣ ᠲᠦᠭᠰᠢᠬᠦᠷᠢ ᠮᠡᠳᠡᠬᠦᠯᠬᠦ ᠬᠢᠯᠪᠠᠭᠠᠨ ᠳ᠋ᠧᠩ ᠢ ᠨᠡᠭᠡᠭᠡᠬᠦ ᠬᠡᠷᠡᠭᠲᠠᠢ︔ | ︵ᠲᠦᠷᠪᠡ︶ ᠠᠷᠠᠴᠢᠯᠠᠨ ᠬᠠᠮᠠᠭᠠᠯᠠᠬᠤ ᠲᠡᠷᠭᠡ ᠶᠢ ᠬᠡᠷᠡᠭᠯᠡᠵᠣ ᠠᠵᠢᠯᠯᠠᠬᠤ ᠦᠶᠡᠰ᠂ ᠲᠡᠷᠭᠡᠨ ᠣᠷᠣᠰᠬᠠᠯ ᠤᠨ | ᠣᠷᠬᠢᠯ ᠴᠠᠭ ᠠᠴᠠ ᠵᠠᠶᠢᠯᠠᠰᠬᠢᠬᠦ ᠬᠡᠷᠡᠭᠲᠠᠢ᠂ ᠨᠠᠰᠢ ᠴᠠᠰᠢ ᠶᠠᠪᠣᠬᠤ ᠲᠡᠷᠭᠡᠨ ᠤ ᠨᠡᠪᠲᠡᠷᠡᠬᠦ ᠶᠢ ᠨᠦᠯᠦᠭᠡᠯᠡᠬᠦ ᠦᠭᠡᠢ | ᠪᠠᠶᠢᠳᠠᠯ ᠲᠣᠣᠷ᠎ᠠ᠂ ᠲᠡᠬᠦᠨ ᠤ ᠶᠠᠪᠣᠬᠤ ᠵᠠᠮ ᠱᠣᠭᠤᠮ ᠪᠠ ᠴᠢᠭᠯᠡᠯ ᠨᠢ ᠲᠦᠷᠭᠡᠨ ᠤ ᠵᠠᠮ ᠤᠨ ᠵᠠᠮ ᠬᠠᠷᠢᠯᠴᠠᠭᠠᠨ ᠤ | ᠢᠯᠡᠳᠬᠡᠮᠵᠢ ᠳᠡᠮᠳᠡᠭ᠂ ᠢᠯᠡᠳᠬᠡᠮᠵᠢ ᠱᠣᠭᠤᠮ ᠤᠨ ᠬᠢᠵᠠᠭᠠᠷᠯᠠᠯ ᠢ ᠬᠦᠷᠲᠡᠬᠦ ᠦᠭᠡᠢ᠃ ᠨᠠᠰᠢ ᠴᠠᠰᠢ ᠵᠦᠷᠢᠯᠳᠦᠬᠦ | ᠲᠡᠷᠭᠡ ᠨᠢ ᠠᠷᠠᠴᠢᠯᠠᠨ ᠬᠠᠮᠠᠭᠠᠯᠠᠬᠤ ᠠᠵᠢᠯ ᠤᠨ ᠲᠡᠷᠭᠡ ᠪᠠ ᠠᠵᠢᠯᠲᠠᠨ ᠳᠤ ᠵᠠᠶᠢᠯᠠᠵᠣ ᠦᠭᠬᠦ ᠶᠢ ᠠᠩᠬᠠᠷᠴᠣ᠂ | ᠲᠣᠬᠠᠢ ᠶᠢᠨ ᠲᠠᠯᠠᠪᠣᠷ ᠤᠨ ᠠᠵᠢᠯᠲᠠᠨ ᠤ ᠵᠢᠯᠣᠭᠤᠳᠬᠤ ᠶᠢ ᠳᠠᠭᠠᠬᠤ ᠬᠡᠷᠡᠭᠲᠠᠢ︔ | ︵ᠲᠠᠪᠤ︶ ᠠᠷᠠᠴᠢᠯᠠᠨ ᠬᠠᠮᠠᠭᠠᠯᠠᠬᠤ ᠠᠵᠢᠯ ᠳᠠᠭᠤᠰᠪᠠᠯ᠂ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠡ ᠨᠢ | ᠠᠵᠢᠯ ᠤᠨ ᠲᠣᠬᠠᠢ ᠶᠢᠨ ᠲᠠᠯᠠᠪᠣᠷ ᠪᠣᠶᠣ ᠵᠠᠮ ᠳᠡᠭᠡᠷᠡᠬᠢ ᠰᠠᠭᠠᠳ ᠪᠣᠳᠠᠰ ᠢ ᠴᠠᠭ ᠳᠠᠷᠣᠢ ᠳᠤᠨᠢ ᠠᠷᠢᠯᠭᠠᠬᠤ | ᠬᠡᠷᠡᠭᠲᠠᠢ᠃ ᠠᠮᠣᠷ ᠲᠦᠪᠰᠢᠨ ᠤ ᠳᠠᠯᠲᠠ ᠬᠡᠮ ᠢ ᠠᠷᠢᠯᠭᠠᠭᠰᠠᠨ ᠤ ᠳᠠᠷᠠᠭ᠎ᠠ ᠰᠠᠶᠢ ᠨᠡᠪᠲᠡᠷᠡᠬᠦ ᠶᠢ ᠰᠡᠷᠬᠦᠬᠡᠨ᠎ᠡ᠃ | ᠬᠤᠷᠢᠨ ᠲᠦᠷᠪᠡᠳᠦᠭᠡᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ | ᠵᠠᠮ ᠤᠨ ᠡᠵᠡᠩᠨᠡᠭᠴᠢ ᠨᠢ ᠠᠷᠠᠴᠢᠯᠠᠯᠲᠠ ᠬᠠᠮᠠᠭᠠᠯᠠᠯᠲᠠ ᠶᠢᠨ ᠴᠠᠭᠳᠠᠨ ᠪᠠᠶᠢᠴᠠᠭᠠᠯᠲᠠ ᠪᠠᠨ ᠴᠢᠩᠭᠠᠳᠬᠠᠬᠤ ᠶᠢᠨ | ᠬᠠᠮᠲᠣ ᠲᠦᠷᠭᠡᠨ ᠤ ᠵᠠᠮ ᠵᠢᠴᠢ ᠲᠡᠬᠦᠨ ᠤ ᠳᠠᠭᠠᠯᠲᠠ ᠲᠦᠬᠦᠭᠡᠷᠦᠮᠵᠢ ᠶᠢᠨ ᠮᠡᠷᠭᠡᠵᠢᠯ ᠤᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠪᠠ ᠰᠢᠯᠭᠠᠨ ᠲᠣᠭᠲᠠᠭᠠᠯᠲᠠ ᠬᠢᠵᠣ᠂ ᠮᠡᠷᠭᠡᠵᠢᠯ ᠤᠨ ᠪᠠᠶᠢᠳᠠᠯ ᠨᠢ | ᠠᠷᠠᠴᠢᠯᠠᠨ ᠬᠠᠮᠠᠭᠠᠯᠠᠬᠤ ᠵᠢᠷᠣᠮᠵᠢᠯ ᠱᠠᠭᠠᠷᠳᠠᠯᠭ᠎ᠠ ᠳᠤ ᠬᠦᠷᠬᠦ ᠦᠭᠡᠢ ᠪᠣᠶᠣ ᠵᠠᠮ ᠤᠨ ᠰᠠᠭᠤᠷᠢ᠂ ᠵᠠᠮ ᠤᠨ ᠭᠠᠳᠠᠷᠭᠤ | ᠂ ᠬᠦᠬᠦᠷᠭᠡ᠂ ᠨᠦᠭᠡᠨ ᠵᠠᠮ᠂ ᠲᠠᠭᠠᠯᠲᠠ ᠠᠮᠣᠷ ᠲᠦᠪᠰᠢᠨ ᠤ ᠲᠦᠬᠦᠭᠡᠷᠦᠮᠵᠢ ᠡᠪᠳᠡᠭᠳᠡᠭᠰᠡᠨ ᠵᠢᠴᠢ ᠲᠦᠷᠭᠡᠨ ᠤ | ᠵᠠᠮ ᠤᠨ ᠠᠮᠣᠷ ᠲᠦᠪᠰᠢᠨ ᠨᠡᠪᠲᠡᠷᠡᠬᠦ ᠳᠤ ᠲᠦᠭᠰᠢᠬᠦᠷᠢ ᠣᠴᠠᠷᠠᠭᠤᠯᠬᠤ ᠪᠣᠰᠣᠳ ᠪᠠᠶᠢᠳᠠᠯ ᠢ ᠣᠯᠵᠣ ᠮᠡᠳᠡᠪᠡᠯ᠂ | ᠰᠡᠷᠡᠮᠵᠢᠯᠡᠯ ᠤᠨ ᠢᠯᠡᠳᠬᠡᠮᠵᠢ ᠳᠡᠮᠳᠡᠭ᠂ ᠠᠮᠣᠷ ᠲᠦᠪᠰᠢᠨ ᠤ ᠰᠡᠷᠬᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠴᠠᠭ | ᠳᠠᠷᠣᠢ ᠳᠤᠨᠢ ᠲᠣᠬᠢᠷᠠᠭᠤᠯᠬᠤ ᠶᠢᠨ ᠬᠠᠮᠲᠣ ᠵᠠᠪᠳᠣᠨ ᠵᠠᠰᠠᠬᠤ ᠶᠢ ᠵᠣᠬᠢᠶᠠᠨ ᠪᠠᠶᠢᠭᠤᠯᠬᠤ ᠪᠣᠶᠣ ᠠᠷᠭ᠎ᠠ ᠬᠡᠮᠵᠢᠶ᠎ᠡ | ᠠᠪᠴᠣ ᠲᠦᠭᠰᠢᠬᠦᠷᠢᠲᠦ ᠪᠠᠶᠢᠳᠠᠯ ᠢ ᠠᠷᠢᠯᠭᠠᠬᠤ ᠬᠡᠷᠡᠭᠲᠠᠢ᠃ | ᠬᠤᠷᠢᠨ ᠲᠠᠪᠤᠳᠤᠭᠠᠷ ᠵᠦᠢᠯ ᠲᠦᠷᠭᠡᠨ ᠤ ᠵᠠᠮ ᠤᠨ ᠭᠠᠳᠠᠷᠭᠤ ᠳᠤ ᠬᠤᠷᠠᠮᠠᠯ ᠮᠦᠰᠦ᠂ ᠬᠤᠷᠠᠮᠠᠯ ᠴᠠᠰᠣ᠂ | ᠬᠤᠷᠠᠮᠠᠯ ᠣᠰᠣ᠂ ᠨᠡᠬᠦᠳᠡᠯ ᠡᠯᠡᠰᠦ ᠲᠠᠢ ᠪᠣᠯᠵᠣ᠂ ᠲᠦᠷᠭᠡᠨ ᠤ ᠵᠠᠮ ᠤᠨ ᠠᠮᠣᠷ ᠲᠦᠪᠰᠢᠨ ᠨᠡᠪᠲᠡᠷᠡᠬᠦ ᠶᠢ | ᠨᠦᠯᠦᠭᠡᠯᠡᠭᠰᠡᠨ ᠪᠣᠯᠪᠠᠴᠣ ᠬᠠᠭᠠᠬᠤ ᠬᠡᠮᠵᠢᠶᠡᠨ ᠳᠤ ᠬᠠᠷᠠᠬᠠᠨ ᠬᠦᠷᠦᠭᠡ ᠦᠭᠡᠢ ᠪᠣᠯ᠂ ᠲᠦᠷᠭᠡᠨ ᠤ ᠵᠠᠮ ᠤᠨ | ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ ᠵᠠᠮ ᠤᠨ ᠡᠵᠡᠩᠨᠡᠭᠴᠢ ᠨᠢ ᠨᠠᠰᠢ ᠴᠠᠰᠢ ᠵᠦᠷᠢᠯᠳᠦᠬᠦ ᠲᠡᠷᠭᠡᠨ ᠳᠤ | ᠠᠩᠬᠠᠷᠣᠭᠤᠯᠬᠤ ᠶᠢᠨ ᠬᠠᠮᠲᠣ ᠴᠠᠭ ᠲᠣᠬᠠᠢ ᠳᠤᠨᠢ ᠠᠷᠢᠯᠭᠠᠬᠤ ᠪᠣᠶᠣ ᠬᠠᠯᠳᠣᠷᠢᠬᠤ ᠠᠴᠠ ᠰᠡᠷᠬᠡᠶᠢᠯᠡᠬᠦ ᠠᠷᠭ᠎ᠠ | ᠬᠡᠮᠵᠢᠶ᠎ᠡ ᠠᠪᠬᠤ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠲᠦᠷᠭᠡᠨ ᠤ ᠵᠠᠮ ᠤᠨ ᠨᠣᠭᠤᠭᠠᠷᠠᠭᠤᠯᠣᠯᠲᠠ ᠶᠢᠨ ᠠᠵᠢᠯ ᠢ ᠲᠦᠷᠭᠡᠨ ᠤ ᠵᠠᠮ ᠤᠨ | ᠬᠠᠮᠢᠶᠠᠷᠣᠯᠲᠠ ᠶᠢᠨ ᠪᠠᠶᠢᠭᠤᠯᠣᠮᠵᠢ ᠠᠴᠠ ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠡ ᠶᠣᠰᠣᠭᠠᠷ | ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ | ᠲᠦᠷᠪᠡᠳᠦᠭᠡᠷ ᠪᠦᠯᠦᠭ ᠵᠠᠮ ᠤᠨ ᠶᠠᠪᠣᠳᠠᠯ ᠤᠨ ᠬᠠᠮᠢᠶᠠᠷᠣᠯᠲᠠ | ᠬᠤᠷᠢᠨ ᠲᠤᠯᠤᠳᠤᠭᠠᠷ ᠵᠦᠢᠯ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ | ᠬᠠᠣᠯᠢ ᠶᠢᠨ ᠡᠷᠭᠡᠲᠡᠨ ᠪᠣᠶᠣ ᠲᠦᠷᠭᠡᠨ ᠤ ᠵᠠᠮ ᠤᠨ ᠡᠵᠡᠩᠨᠡᠭᠴᠢ ᠨᠢ ᠲᠦᠷᠭᠡᠨ ᠤ ᠵᠠᠮ ᠳᠤ ᠣᠷᠣᠬᠤ ᠵᠠᠮ ᠵᠢᠴᠢ | ᠨᠦᠭᠡᠨ ᠵᠠᠮ ᠵᠡᠷᠭᠡ ᠬᠤᠯᠪᠣᠭᠳᠠᠯ ᠪᠦᠬᠦᠢ ᠲᠦᠬᠦᠭᠡᠷᠦᠮᠵᠢ ᠶᠢᠨ ᠢᠯᠡᠷᠭᠡᠢ ᠪᠠᠶᠢᠷᠢᠨ ᠳᠤ ᠲᠡᠷᠭᠡᠨ ᠤ ᠠᠴᠢᠶᠠᠨ ᠤ | ᠬᠡᠮᠵᠢᠶ᠎ᠡ ᠶᠢ ᠬᠢᠵᠠᠭᠠᠷᠯᠠᠬᠤ᠂ ᠦᠨᠳᠦᠷ ᠢ ᠬᠢᠵᠠᠭᠠᠷᠯᠠᠬᠤ᠂ ᠦᠷᠭᠡᠨ ᠢ ᠬᠢᠵᠠᠭᠠᠷᠯᠠᠬᠤ᠂ ᠣᠷᠲᠣ ᠶᠢ ᠬᠢᠵᠠᠭᠠᠷᠯᠠᠬᠤ | ᠢᠯᠡᠳᠬᠡᠮᠵᠢ ᠳᠡᠮᠳᠡᠭ ᠢ ᠲᠣᠬᠢᠷᠠᠭᠤᠯᠬᠤ ᠬᠡᠷᠡᠭᠲᠠᠢ᠃ | ᠬᠤᠷᠢᠨ ᠨᠠᠢᠮᠠᠳᠤᠭᠠᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠲᠦᠷᠭᠡᠨ ᠤ | ᠵᠠᠮ ᠳᠤ ᠣᠷᠣᠵᠣ ᠭᠠᠷᠬᠤ ᠵᠠᠮ᠂ ᠦᠢᠯᠡᠴᠢᠯᠡᠭᠡᠨ ᠤ ᠲᠣᠭᠤᠷᠢᠭ ᠵᠢᠴᠢ ᠵᠦᠪᠰᠢᠶᠡᠷᠡᠯ ᠢᠶᠠᠷ ᠲᠣᠬᠢᠷᠠᠭᠤᠯᠣᠭᠰᠠᠨ | ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠰᠢᠯᠭᠠᠨ ᠪᠠᠶᠢᠴᠠᠭᠠᠬᠤ ᠦᠷᠲᠡᠭᠡ ᠵᠡᠷᠭᠡ ᠲᠠᠯᠠᠪᠣᠷ ᠲᠤ ᠨᠠᠰᠢ ᠴᠠᠰᠢ | ᠵᠦᠷᠢᠯᠳᠦᠬᠦ ᠪᠠᠷᠠᠭ᠎ᠠ ᠳᠡᠭᠡᠭᠡᠪᠦᠷᠢᠯᠡᠭᠰᠡᠨ ᠲᠡᠷᠭᠡᠨ ᠤ ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠰᠢᠯᠭᠠᠨ | ᠪᠠᠶᠢᠴᠠᠭᠠᠵᠣ ᠪᠣᠯᠣᠨ᠎ᠠ᠃ ᠰᠢᠯᠭᠠᠨ ᠪᠠᠶᠢᠴᠠᠭᠠᠯᠲᠠ ᠪᠠᠷ ᠳᠠᠮᠵᠢᠨ ᠢᠯᠡᠷᠡᠬᠦᠯᠦᠭᠰᠡᠨ ᠬᠠᠣᠯᠢ ᠠᠴᠠ ᠵᠦᠷᠢᠴᠡᠨ | ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠭᠰᠡᠨ ᠲᠡᠷᠭᠡ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ | ᠬᠡᠷᠡᠭᠲᠠᠢ᠃ ᠲᠦᠷᠭᠡᠨ ᠤ ᠵᠠᠮ ᠳᠤ ᠣᠷᠣᠵᠣ ᠭᠠᠷᠬᠤ ᠵᠠᠮ᠂ ᠦᠢᠯᠡᠴᠢᠯᠡᠭᠡᠨ ᠤ ᠲᠣᠭᠤᠷᠢᠭ ᠤᠨ ᠲᠣᠬᠠᠢ ᠶᠢᠨ | ᠭᠠᠵᠠᠷ ᠲᠤᠨᠢ ᠰᠢᠢᠳᠪᠦᠷᠢᠯᠡᠬᠦ ᠴᠢᠬᠤᠯᠠᠲᠠᠢ ᠪᠣᠯ ᠵᠠᠮ ᠬᠠᠷᠢᠯᠴᠠᠭᠠᠨ ᠤ ᠠᠮᠣᠷ ᠲᠦᠪᠰᠢᠨ ᠨᠡᠪᠲᠡᠷᠡᠬᠦ ᠶᠢ ᠨᠦᠯᠦᠭᠡᠯᠡᠵᠣ | ᠪᠣᠯᠬᠤ ᠦᠭᠡᠢ᠃ ᠲᠦᠷᠭᠡᠨ ᠤ ᠵᠠᠮ ᠤᠨ ᠭᠤᠣᠯ ᠱᠣᠭᠤᠮ ᠳᠡᠭᠡᠷ᠎ᠡ ᠨᠡᠬᠦᠳᠡᠯ ᠪᠠᠶᠢᠴᠠᠭᠠᠯᠲᠠ ᠬᠢᠬᠦ ᠶᠢ ᠴᠠᠭᠠᠵᠠᠯᠠᠨ᠎ᠠ᠃ | | ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠲᠡᠭᠡ ᠨᠢ ᠬᠠᠣᠯᠢ ᠪᠣᠰᠣ ᠪᠠᠷ ᠬᠡᠮᠵᠢᠶ᠎ᠡ ᠠᠴᠠ ᠬᠡᠲᠦᠷᠡᠨ | ᠲᠡᠭᠡᠭᠡᠪᠦᠷᠢᠯᠡᠭᠰᠡᠨ ᠲᠡᠷᠭᠡ ᠶᠢ ᠢᠯᠡᠷᠡᠬᠦᠯᠪᠡᠯ᠂ ᠴᠠᠭ ᠲᠣᠬᠠᠢ ᠳᠤᠨᠢ ᠲᠦᠷᠭᠡᠨ ᠤ ᠵᠠᠮ ᠤᠨ ᠬᠠᠮᠢᠶᠠᠷᠣᠯᠲᠠ ᠶᠢᠨ | ᠪᠠᠶᠢᠭᠤᠯᠣᠮᠵᠢ ᠳᠤ ᠰᠢᠢᠳᠪᠦᠷᠢᠯᠡᠬᠦᠯᠬᠦ ᠪᠠᠷ ᠮᠡᠳᠡᠭᠳᠡᠬᠦ ᠬᠡᠷᠡᠭᠲᠠᠢ᠃ | ᠬᠤᠷᠢ ᠶᠢᠰᠦᠳᠦᠭᠡᠷ ᠵᠦᠢᠯ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ᠂ ᠲᠦᠷᠭᠡᠨ ᠤ | ᠵᠠᠮ ᠤᠨ ᠡᠵᠡᠩᠨᠡᠭᠴᠢ ᠨᠢ ᠲᠦᠷᠭᠡᠨ ᠤ ᠵᠠᠮ ᠤᠨ ᠴᠢᠬᠤᠯᠠ ᠵᠠᠮ ᠤᠨ ᠠᠭᠤᠯᠵᠠᠷ ᠲᠤ ᠬᠠᠣᠯᠢ ᠶᠣᠰᠣᠨ ᠤ | ᠪᠠᠶᠢᠴᠠᠭᠠᠯᠲᠠ ᠳᠤ ᠬᠢᠷᠢ ᠳᠡᠩᠴᠡᠭᠰᠡᠨ ᠲᠡᠷᠭᠡᠨ ᠤ ᠠᠴᠢᠶᠠᠨ ᠤ ᠬᠦᠨᠲᠦ ᠶᠢ ᠰᠢᠯᠭᠠᠨ ᠪᠠᠶᠢᠴᠠᠭᠠᠬᠤ ᠲᠣᠨᠤᠭ | ᠲᠦᠬᠦᠭᠡᠷᠦᠮᠵᠢ ᠶᠢ ᠲᠣᠬᠢᠷᠠᠭᠤᠯᠬᠤ ᠬᠡᠷᠡᠭᠲᠠᠢ᠃ ᠪᠠᠷᠠᠯᠠᠨ ᠬᠡᠮᠵᠢᠬᠦ ᠠᠷᠭ᠎ᠠ ᠪᠠᠷ ᠲᠡᠷᠭᠡᠨ ᠤ ᠬᠠᠣᠯᠢ ᠠᠴᠠ ᠵᠦᠷᠢᠴᠡᠵᠣ | ᠬᠡᠮᠵᠢᠶ᠎ᠡ ᠠᠴᠠ ᠬᠡᠲᠦᠷᠡᠨ ᠲᠡᠭᠡᠭᠡᠪᠦᠷᠢᠯᠡᠬᠦ ᠶᠢ ᠮᠠᠭᠠᠳᠯᠠᠨ ᠲᠣᠭᠲᠠᠭᠠᠬᠤ ᠶᠢ ᠴᠠᠭᠠᠵᠠᠯᠠᠨ᠎ᠠ᠃ ᠲᠦᠷᠭᠡᠨ ᠤ ᠵᠠᠮ ᠤᠨ | ᠬᠠᠮᠢᠶᠠᠷᠣᠯᠲᠠ ᠶᠢᠨ ᠪᠠᠶᠢᠭᠤᠯᠣᠮᠵᠢ᠂ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠣᠯᠲᠠ ᠶᠢᠨ ᠰᠠᠯᠠᠭ᠎ᠠ ᠮᠦᠴᠢᠷ ᠬᠦᠨᠲᠦ ᠶᠢ ᠬᠡᠮᠵᠢᠶᠡᠷᠯᠡᠨ ᠰᠦᠢᠳᠬᠡᠯ ᠬᠤᠷᠢᠶᠠᠬᠤ ᠶᠢ ᠬᠡᠷᠡᠭᠵᠢᠬᠦᠯᠦᠭᠰᠡᠨ | ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠲᠡᠭᠡ ᠳᠤ ᠬᠢᠵᠠᠭᠠᠷᠯᠠᠯ ᠠᠴᠠ ᠬᠡᠲᠦᠷᠡᠨ ᠲᠡᠭᠡᠭᠡᠪᠦᠷᠢᠯᠡᠭᠰᠡᠨ | ᠪᠠᠷᠠᠭᠠᠨ ᠳᠡᠭᠡᠭᠡᠪᠦᠷᠢ ᠶᠢᠨ ᠲᠡᠷᠭᠡ ᠶᠢ ᠰᠢᠢᠳᠪᠦᠷᠢᠯᠡᠬᠦ ᠡᠷᠭᠡ ᠲᠠᠢ᠃ | ᠭᠤᠴᠢᠳᠤᠭᠠᠷ ᠵᠦᠢᠯ ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠢ ᠨᠢ ᠮᠠᠭᠠᠳᠯᠠᠨ | ᠲᠣᠭᠲᠠᠭᠠᠭᠰᠠᠨ ᠪᠠᠷᠠᠭᠠᠨ ᠳᠡᠭᠡᠭᠡᠪᠦᠷᠢ ᠶᠢᠨ ᠲᠡᠷᠭᠡ ᠰᠠᠯᠭᠠᠵᠣ ᠪᠣᠯᠬᠤᠶᠢᠴᠠ ᠪᠣᠳᠠᠰ ᠲᠡᠭᠡᠭᠡᠪᠦᠷᠢᠯᠡᠭᠰᠡᠨ ᠪᠣᠯ᠂ | ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠲᠠᠭᠠᠭᠠᠴᠢᠯᠠᠨ ᠲᠡᠭᠡᠭᠡᠪᠦᠷᠢᠯᠡᠭᠴᠢ ᠶᠢ ᠵᠠᠷᠯᠢᠭᠳᠠᠨ | ᠠᠴᠢᠶ᠎ᠠ ᠪᠠᠭᠤᠯᠭᠠᠬᠤ᠂ ᠰᠠᠯᠭᠠᠨ ᠳᠡᠭᠡᠭᠡᠬᠦ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ ᠠᠪᠣᠭᠤᠯᠵᠣ᠂ ᠲᠠᠬᠢᠨ | ᠪᠠᠶᠢᠴᠠᠭᠠᠯᠲᠠ ᠳᠤ ᠬᠢᠷᠢ ᠳᠡᠩᠴᠡᠭᠰᠡᠨ ᠤ ᠳᠠᠷᠠᠭ᠎ᠠ ᠶᠠᠪᠣᠭᠤᠯᠬᠤ ᠬᠡᠷᠡᠭᠲᠠᠢ᠃ | ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠢ ᠨᠢ ᠮᠠᠭᠠᠳᠯᠠᠨ ᠲᠣᠭᠲᠠᠭᠠᠭᠰᠠᠨ | ᠪᠠᠷᠠᠭᠠᠨ ᠳᠡᠭᠡᠭᠡᠪᠦᠷᠢ ᠶᠢᠨ ᠲᠡᠷᠭᠡ ᠰᠠᠯᠭᠠᠵᠣ ᠪᠣᠯᠬᠤ ᠦᠭᠡᠢ ᠪᠣᠳᠠᠰ ᠲᠡᠭᠡᠭᠡᠪᠦᠷᠢᠯᠡᠭᠰᠡᠨ ᠪᠦᠭᠡᠳ ᠬᠡᠮᠵᠢᠶ᠎ᠡ ᠠᠴᠠ | ᠬᠡᠲᠦᠷᠡᠨ ᠳᠡᠭᠡᠭᠡᠪᠦᠷᠢᠯᠡᠬᠦ ᠶᠢ ᠵᠦᠪᠰᠢᠶᠡᠷᠡᠬᠦ ᠭᠠᠷᠳᠠᠮ ᠢ ᠭᠦᠢᠴᠡᠳᠬᠡᠭᠰᠡᠨ ᠦᠭᠡᠢ ᠪᠣᠯ ᠲᠦᠷᠭᠡᠨ ᠤ ᠵᠠᠮ ᠤᠨ | ᠬᠠᠮᠢᠶᠠᠷᠣᠯᠲᠠ ᠶᠢᠨ ᠪᠠᠶᠢᠭᠤᠯᠣᠮᠵᠢ ᠨᠢ ᠲᠠᠭᠠᠭᠠᠨ ᠲᠡᠭᠡᠭᠡᠪᠦᠷᠢᠯᠡᠭᠴᠢ ᠳᠤ ᠬᠠᠣᠯᠢ ᠶᠣᠰᠣᠭᠠᠷ ᠬᠢᠵᠠᠭᠠᠷᠯᠠᠯ ᠠᠴᠠ | ᠬᠡᠲᠦᠷᠡᠨ ᠲᠡᠭᠡᠭᠡᠪᠦᠷᠢᠯᠡᠬᠦ ᠶᠢ ᠵᠦᠪᠰᠢᠶᠡᠷᠡᠬᠦ ᠭᠠᠷᠳᠠᠮ ᠢ ᠭᠦᠢᠴᠡᠳᠬᠡᠬᠦ ᠶᠢ ᠮᠡᠳᠡᠭᠳᠡᠬᠦ ᠬᠡᠷᠡᠭᠲᠠᠢ︔ ᠬᠢᠵᠠᠭᠠᠷᠯᠠᠯ ᠠᠴᠠ | ᠬᠡᠲᠦᠷᠡᠨ ᠲᠡᠭᠡᠭᠡᠪᠦᠷᠢᠯᠡᠭᠰᠡᠨ ᠨᠢ ᠵᠠᠮ ᠬᠠᠷᠢᠯᠴᠠᠭᠠᠨ ᠤ ᠠᠮᠣᠷ ᠲᠦᠪᠰᠢᠨ ᠢ ᠨᠦᠯᠦᠭᠡᠯᠡᠭᠰᠡᠨ ᠪᠣᠯ ᠲᠦᠷᠭᠡᠨ ᠤ | ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠬᠢᠵᠠᠭᠠᠷᠯᠠᠯ ᠠᠴᠠ ᠬᠡᠲᠦᠷᠡᠨ ᠲᠡᠭᠡᠭᠡᠪᠦᠷᠢᠯᠡᠬᠦ ᠭᠤᠶᠣᠴᠢᠯᠠᠯ ᠢ ᠬᠢᠨᠠᠨ | ᠵᠦᠪᠰᠢᠶᠡᠷᠡᠬᠦ ᠦᠶᠡᠰ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ | ᠰᠠᠯᠠᠭ᠎ᠠ ᠮᠦᠴᠢᠷ ᠤᠨ ᠰᠠᠨᠠᠯ ᠢ ᠬᠤᠷᠢᠶᠠᠵᠣ᠂ ᠲᠠᠭᠠᠭᠠᠨ ᠳᠡᠭᠡᠭᠡᠪᠦᠷᠢᠯᠡᠭᠴᠢ ᠨᠢ ᠲᠣᠲᠣᠭᠠᠲᠣ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠲᠣᠭᠲᠠᠭᠠᠭᠰᠠᠨ ᠴᠠᠭ᠂ ᠵᠠᠮ | ᠱᠣᠭᠤᠮ ᠪᠠ ᠬᠤᠷᠳᠣᠴᠠ ᠶᠣᠰᠣᠭᠠᠷ ᠶᠠᠪᠣᠬᠤ ᠶᠢᠨ ᠬᠠᠮᠲᠣ ᠢᠯᠡᠷᠭᠡᠢ ᠢᠯᠡᠳᠬᠡᠮᠵᠢ ᠲᠡᠮᠳᠡᠭ ᠡᠯᠬᠦᠬᠦ ᠬᠡᠷᠡᠭᠲᠠᠢ᠃ | ᠰᠢᠯᠭᠠᠨ ᠪᠠᠶᠢᠴᠠᠭᠠᠯᠲᠠ ᠪᠠᠷ ᠳᠠᠮᠵᠢᠨ ᠬᠢᠵᠠᠭᠠᠷᠯᠠᠯ ᠠᠴᠠ ᠬᠡᠲᠦᠷᠡᠭᠰᠡᠨ ᠦᠭᠡᠢ ᠪᠠᠷᠠᠭᠠᠨ ᠳᠡᠭᠡᠭᠡᠪᠦᠷᠢ ᠶᠢᠨ ᠲᠡᠷᠭᠡ | ᠪᠣᠯ᠂ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠴᠠᠭ ᠳᠠᠷᠣᠢ ᠳᠤᠨᠢ ᠶᠠᠪᠣᠭᠤᠯᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠲᠦᠷᠭᠡᠨ ᠤ ᠵᠠᠮ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ | ᠬᠠᠣᠯᠢ ᠶᠢᠨ ᠡᠷᠭᠡᠲᠡᠨ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠢᠯᠡᠳᠬᠡᠮᠵᠢ ᠱᠣᠭᠤᠮ ᠢ ᠲᠣᠬᠢᠷᠠᠭᠤᠯᠬᠤ᠂ | ᠬᠤᠪᠢᠷᠠᠭᠠᠬᠤ ᠳᠤ ᠣᠯᠣᠰ ᠤᠨ ᠪᠠᠷᠢᠮᠵᠢᠶ᠎ᠡ ᠪᠠ ᠮᠡᠷᠭᠡᠵᠢᠯ ᠤᠨ ᠵᠢᠷᠣᠮᠵᠢᠯ ᠳᠤ ᠨᠡᠶᠢᠴᠡᠬᠦ ᠭᠡᠷᠡᠭᠲᠠᠢ ᠪᠦᠭᠡᠳ ᠵᠠᠮ | ᠬᠠᠷᠢᠯᠴᠠᠭᠠᠨ ᠤ ᠠᠮᠣᠷ ᠲᠦᠪᠰᠢᠨ ᠨᠡᠪᠲᠡᠷᠡᠬᠦ ᠱᠠᠭᠠᠷᠳᠠᠯᠭ᠎ᠠ ᠪᠠ ᠬᠠᠮᠢᠶ᠎ᠠ ᠪᠦᠬᠦᠢ ᠬᠠᠮᠢᠶᠠᠷᠣᠯᠲᠠ ᠶᠢᠨ | ᠲᠣᠭᠲᠠᠭᠠᠯ ᠳᠤ ᠨᠡᠶᠢᠴᠡᠬᠦ ᠬᠡᠷᠡᠭᠲᠠᠢ᠃ ᠨᠢᠭᠡᠨᠲᠠ ᠪᠠᠶᠢᠭᠤᠯᠣᠭᠰᠠᠨ ᠲᠦᠷᠭᠡᠨ ᠤ ᠵᠠᠮ ᠤᠨ ᠵᠠᠮ ᠬᠠᠷᠢᠯᠴᠠᠭᠠᠨ ᠤ | ᠢᠯᠡᠳᠬᠡᠮᠵᠢ ᠲᠡᠮᠳᠡᠭ᠂ ᠢᠯᠡᠳᠬᠡᠮᠵᠢ ᠱᠣᠭᠤᠮ ᠢ ᠦᠨᠡᠨᠬᠦ ᠬᠤᠪᠢᠷᠠᠭᠠᠬᠤ ᠴᠢᠬᠤᠯᠠᠲᠠᠢ ᠪᠣᠯ᠂ ᠲᠦᠷᠭᠡᠨ ᠤ ᠵᠠᠮ ᠤᠨ | ᠡᠵᠡᠩᠨᠡᠭᠴᠢ ᠨᠢ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠵᠦᠪᠰᠢᠶᠡᠷᠡᠬᠦᠯᠬᠦ ᠪᠠᠷ ᠮᠡᠳᠡᠬᠦᠯᠬᠦ | ᠬᠡᠷᠡᠭᠲᠠᠢ᠃ ᠲᠦᠷᠭᠡᠨ ᠤ ᠵᠠᠮ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠵᠠᠮ ᠤᠨ ᠰᠦᠯᠵᠢᠶᠠᠨ ᠤ | ᠠᠵᠢᠯᠯᠠᠭ᠎ᠠ᠂ ᠵᠠᠮ ᠬᠠᠷᠢᠯᠴᠠᠭᠠᠨ ᠤ ᠠᠮᠣᠷ ᠲᠦᠪᠰᠢᠨ ᠵᠡᠷᠭᠡ ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭᠠᠨ ᠤ | ᠢᠯᠡᠳᠬᠡᠮᠵᠢ ᠳᠡᠮᠳᠡᠭ᠂ ᠢᠯᠡᠳᠬᠡᠮᠵᠢ ᠱᠣᠭᠤᠮ ᠢ ᠬᠤᠪᠢᠷᠠᠭᠠᠬᠤ ᠲᠦᠰᠦᠯ ᠢ ᠲᠣᠷᠠᠳᠴᠣ᠂ ᠲᠦᠷᠭᠡᠨ ᠤ ᠵᠠᠮ ᠤᠨ | ᠡᠵᠡᠩᠨᠡᠭᠴᠢ ᠠᠴᠠ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ | ᠢᠯᠡᠳᠬᠡᠮᠵᠢ ᠱᠣᠭᠤᠮ ᠢ ᠬᠤᠪᠢᠷᠠᠭᠠᠬᠤ ᠲᠦᠰᠦᠯ ᠨᠢ ᠵᠠᠮ ᠬᠠᠷᠢᠯᠴᠠᠭᠠᠨ ᠤ ᠠᠮᠣᠷ ᠲᠦᠪᠰᠢᠨ ᠲᠠᠢ ᠬᠤᠯᠪᠣᠭᠳᠠᠪᠠᠯ᠂ | ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ | ᠰᠠᠨᠠᠯ ᠢ ᠬᠤᠷᠢᠶᠠᠬᠤ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠦᠷᠲᠡᠭᠡ᠂ ᠬᠠᠷᠢᠯᠴᠠᠨ | ᠨᠡᠪᠲᠡᠷᠡᠬᠦ ᠲᠤᠭᠤᠷᠢᠭ᠂ ᠦᠢᠯᠡᠴᠢᠯᠡᠭᠡᠨ ᠤ ᠲᠤᠭᠤᠷᠢᠭ ᠲᠤ ᠵᠡᠷ ᠮᠡᠳᠡᠭᠡᠨ ᠤ ᠲᠦᠬᠦᠭᠡᠷᠦᠮᠵᠢ ᠪᠠᠶᠢᠭᠤᠯᠬᠤ ᠳᠤ | ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠦᠪᠰᠢᠶᠡᠷᠡᠭᠦᠯᠬᠦ ᠶᠢᠨ ᠬᠠᠮᠲᠤ ᠪᠤᠰᠤᠳ ᠬᠢᠨᠠᠨ | ᠵᠦᠪᠰᠢᠶᠡᠷᠡᠭᠦᠯᠬᠦ ᠭᠠᠷ ᠭᠦᠢᠴᠡᠳᠭᠡᠯ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠲᠠᠢ᠃ | ᠲᠦᠷᠭᠡᠨ ᠤ ᠵᠠᠮ ᠤᠨ ᠪᠠᠷᠢᠯᠭ᠎ᠠ ᠶᠢᠨ ᠡᠵᠡᠮᠰᠢᠯ ᠤᠷᠤᠨ ᠠᠴᠠ ᠭᠠᠳᠠᠭᠰᠢ ᠪᠠᠨ ᠲᠠᠪᠢᠨ ᠮᠧᠲᠷ ᠤᠨ ᠬᠦᠷᠢᠶ᠎ᠡ | ᠬᠡᠪᠴᠢᠶᠡᠨ ᠲᠤᠲᠤᠷ᠎ᠠ ᠵᠡᠷ ᠮᠡᠳᠡᠭᠡᠨ ᠤ ᠲᠦᠬᠦᠭᠡᠷᠦᠮᠵᠢ ᠪᠠᠶᠢᠭᠤᠯᠬᠤ ᠳᠤ ᠲᠦᠷᠭᠡᠨ ᠤ ᠵᠠᠮ ᠤᠨ ᠵᠠᠮ ᠲᠠᠭᠠᠤ ᠳᠠᠬᠢ | ᠭᠡᠷ ᠤᠨ ᠭᠠᠳᠠᠨᠠᠬᠢ ᠵᠠᠷ ᠮᠡᠳᠡᠭᠡᠨ ᠤ ᠲᠦᠯᠦᠪᠵᠢᠭᠦᠯᠭᠡ ᠲᠠᠢ ᠨᠡᠶᠢᠴᠡᠬᠦ ᠬᠡᠷᠡᠭᠲᠠᠢ᠃ | ᠭᠤᠴᠢᠨ ᠭᠤᠷᠪᠠᠳᠤᠭᠠᠷ ᠵᠦᠢᠯ ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ ᠡᠪᠳᠡᠯᠡᠭᠰᠡᠨ | ᠨᠢᠭᠡᠴᠡ ᠪᠠ ᠬᠤᠪᠢ ᠬᠦᠮᠦᠨ ᠨᠢ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠠᠷᠤᠢ ᠲᠦᠷᠭᠡᠨ | ᠮᠡᠳᠡᠭᠦᠯᠵᠤ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠬᠠᠢ ᠶᠢᠨ ᠲᠠᠯᠠᠪᠠᠢ ᠶᠢᠨ | ᠪᠠᠶᠢᠴᠠᠭᠠᠨ ᠰᠢᠢᠳᠪᠦᠷᠢᠯᠡᠯᠲᠠ ᠶᠢ ᠬᠦᠯᠢᠶᠡᠬᠦ ᠬᠡᠷᠡᠭᠲᠠᠢ︔ ᠵᠠᠮ ᠬᠠᠷᠢᠯᠴᠠᠭᠠᠨ ᠤ ᠠᠶᠤᠯᠭᠦᠢ ᠳᠤ ᠠᠶᠤᠯ ᠲᠦᠭᠰᠢᠭᠦᠷᠢ | ᠤᠴᠠᠷᠠᠭᠤᠯᠤᠭᠰᠠᠨ ᠪᠤᠯ᠂ ᠰᠡᠷᠡᠮᠵᠢ ᠶᠢᠨ ᠲᠡᠮᠳᠡᠭ ᠲᠠᠯᠪᠢᠬᠤ ᠪᠤᠶᠤ ᠪᠤᠰᠤᠳ ᠠᠶᠤᠯᠭᠦᠢ ᠰᠡᠷᠭᠡᠶᠢᠯᠡᠨ ᠬᠠᠮᠠᠭᠠᠯᠠᠬᠤ | ᠠᠷᠭ᠎ᠠ ᠬᠡᠮᠵᠢᠶ᠎ᠡ ᠠᠪᠬᠤ ᠶᠢᠨ ᠬᠠᠮᠲᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠠᠷᠤᠢ ᠲᠦᠷᠭᠡᠨ ᠮᠡᠳᠡᠭᠦᠯᠬᠦ ᠬᠡᠷᠡᠭᠲᠠᠢ᠃ | ᠵᠠᠮ ᠬᠠᠷᠢᠯᠴᠠᠭᠠᠨ ᠤ ᠠᠳᠠᠯ ᠡᠭᠦᠰᠴᠤ ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ | ᠡᠪᠳᠡᠯᠡᠭᠰᠡᠨ ᠪᠤᠯ᠂ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠠᠴᠠ ᠵᠠᠮ ᠬᠠᠷᠢᠯᠴᠠᠭᠠᠨ ᠤ ᠠᠳᠠᠯ ᠢ ᠰᠢᠢᠳᠪᠦᠷᠢᠯᠡᠬᠦ ᠦᠶᠡᠰ ᠲᠦᠷᠭᠡᠨ ᠤ ᠵᠠᠮ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠠᠯᠠᠪᠤᠷ ᠲᠤ ᠬᠦᠷᠴᠤ ᠪᠠᠶᠢᠴᠠᠭᠠᠨ ᠰᠢᠢᠳᠪᠦᠷᠢᠯᠡᠭᠦᠯᠬᠦ ᠶᠢ ᠲᠠᠷᠤᠢ ᠲᠦᠷᠭᠡᠨ | ᠮᠡᠳᠡᠭᠳᠡᠬᠦ ᠬᠡᠷᠡᠭᠲᠠᠢ᠃ | ᠭᠤᠴᠢᠨ ᠲᠦᠷᠪᠡᠳᠦᠭᠡᠷ ᠵᠦᠢᠯ ᠲᠦᠷᠭᠡᠨ ᠤ ᠵᠠᠮ ᠵᠢᠴᠢ ᠲᠡᠭᠦᠨ ᠤ ᠲᠠᠭᠠᠯᠲᠠ ᠲᠦᠬᠦᠭᠡᠷᠦᠮᠵᠢ ᠶᠢ | ᠡᠪᠳᠡᠯᠡᠵᠤ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠤᠨ ᠪᠠᠶᠢᠴᠠᠭᠠᠨ | ᠰᠢᠢᠳᠪᠦᠷᠢᠯᠡᠯᠲᠠ ᠶᠢ ᠡᠰᠠ ᠬᠦᠯᠢᠶᠡᠨ ᠠᠪᠤᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠲᠡᠷᠭᠡ᠂ ᠪᠠᠭᠠᠵᠢ ᠬᠡᠷᠡᠭᠰᠡᠯ ᠢ ᠨᠢ ᠦᠯᠡᠳᠡᠭᠡᠨ ᠠᠪᠴᠤ ᠪᠤᠯᠤᠨ᠎ᠡ᠃ | ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠭᠡ᠂ ᠪᠠᠭᠠᠵᠢ ᠬᠡᠷᠡᠭᠰᠡᠯ ᠢ ᠦᠯᠡᠳᠡᠭᠡᠨ | ᠠᠪᠤᠭᠰᠠᠨ ᠪᠤᠯ᠂ ᠲᠤᠬᠠᠢ ᠶᠢᠨ ᠲᠠᠯᠠᠪᠠᠢ ᠳᠤᠨᠢ ᠬᠡᠷᠡᠴᠢ ᠪᠠᠷᠢᠮᠲᠠ ᠪᠢᠴᠢᠵᠤ ᠦᠭᠬᠦ ᠶᠢᠨ ᠬᠠᠮᠲᠤ ᠲᠤᠭᠲᠠᠭᠰᠠᠨ | ᠬᠤᠭᠤᠴᠠᠭᠠᠨ ᠲᠤᠲᠤᠷ᠎ᠠ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠴᠢᠵᠤ ᠰᠢᠢᠳᠪᠦᠷᠢᠯᠡᠬᠦ ᠶᠢ | ᠬᠦᠯᠢᠶᠡᠬᠦ ᠶᠢ ᠲᠤᠬᠠᠢ ᠶᠢᠨ ᠬᠦᠮᠦᠨ ᠳᠤ ᠮᠡᠳᠡᠭᠲᠡᠬᠦ ᠬᠡᠷᠡᠭᠲᠠᠢ᠃ ᠬᠤᠭᠤᠴᠠᠭ᠎ᠠ ᠨᠢ ᠬᠡᠲᠦᠷᠡᠭᠡᠳ ᠰᠢᠢᠳᠪᠦᠷᠢᠯᠡᠬᠦ ᠶᠢ | ᠬᠦᠯᠢᠶᠡᠬᠦ ᠦᠭᠡᠢ ᠪᠦᠭᠡᠳ ᠭᠤᠷᠪᠠᠨ ᠰᠠᠷ᠎ᠠ ᠶᠢᠨ ᠵᠠᠷᠯᠠᠯ ᠢᠶᠠᠷ ᠪᠠᠰᠠ ᠢᠷᠡᠵᠤ ᠰᠢᠢᠳᠪᠦᠷᠢᠯᠡᠬᠦ ᠶᠢ ᠬᠦᠯᠢᠶᠡᠬᠦ ᠦᠭᠡᠢ | ᠪᠤᠯ᠂ ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠲᠦᠷᠭᠡᠨ ᠤ ᠵᠠᠮ ᠤᠨ ᠬᠠᠮᠢᠶᠠᠷᠤᠯᠲᠠ ᠶᠢᠨ | ᠪᠠᠶᠢᠭᠤᠯᠤᠮᠵᠢ ᠬᠠᠤᠯᠢ ᠶᠤᠰᠤᠭᠠᠷ ᠰᠢᠢᠳᠪᠦᠷᠢᠯᠡᠨ᠎ᠡ᠃ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ | ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠰᠠᠶᠢᠲᠤᠷ ᠬᠠᠳᠠᠭᠠᠯᠠᠨ ᠬᠠᠮᠢᠶᠠᠷᠬᠤ ᠬᠡᠷᠡᠭᠲᠠᠢ᠂ ᠬᠡᠷᠡᠭᠯᠡᠵᠤ | ᠪᠤᠯᠬᠤ ᠦᠭᠡᠢ᠃ | ᠲᠠᠪᠤᠳᠤᠭᠠᠷ ᠪᠦᠯᠦᠭ ᠡᠵᠡᠩᠨᠡᠯᠲᠠ ᠦᠢᠯᠡᠴᠢᠯᠡᠭᠡ | ᠭᠤᠴᠢᠨ ᠲᠠᠪᠤᠳᠤᠭᠠᠷ ᠵᠦᠢᠯ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠨᠢ ᠪᠦᠬᠦ ᠤᠷᠤᠨ ᠢᠶᠠᠷ ᠢᠶᠠᠨ | ᠲᠤᠤᠷᠵᠢᠭᠤᠯᠤᠭᠰᠠᠨ᠂ ᠨᠢᠭᠡᠲᠦᠯᠲᠠᠢ ᠳ᠋ᠦ᠋ᠩᠨᠠᠨ ᠪᠤᠳᠤᠯᠲᠠ ᠪᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠦᠪᠡᠷᠲᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠲᠦᠷᠭᠡᠨ ᠤ ᠵᠠᠮ ᠤᠨ | ᠡᠵᠡᠩᠨᠡᠭᠴᠢ ᠶᠢ ᠵᠤᠬᠢᠶᠠᠨ ᠪᠠᠶᠢᠭᠤᠯᠤᠨ ᠲᠣᠣᠷᠵᠢᠭᠤᠯᠬᠤ ᠲᠦᠰᠦᠯ᠂ ᠰᠦᠢᠳᠭᠡᠯ ᠬᠤᠷᠢᠶᠠᠬᠤ ᠲᠠᠰ ᠲᠠᠷᠠᠭᠠᠯᠠᠯ ᠪᠠ | ᠳ᠋ᠦ᠋ᠩᠨᠠᠨ ᠪᠤᠳᠤᠯᠲᠠ ᠶᠢᠨ ᠬᠠᠮᠢᠶᠠᠷᠤᠯᠲᠠ ᠬᠠᠮᠢᠶᠠᠷᠬᠤ ᠵᠡᠷᠭᠡ ᠲᠦᠷᠢᠮᠵᠢᠯ ᠢ ᠬᠠᠮᠲᠤᠪᠠᠷ ᠲᠤᠭᠲᠠᠭᠠᠬᠤ ᠶᠢᠨ ᠬᠠᠮᠲᠤ | ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠰᠢᠨ᠎ᠡ ᠪᠠᠷ ᠪᠠᠶᠢᠭᠤᠯᠬᠤ ᠲᠦᠷᠭᠡᠨ ᠤ ᠵᠠᠮ ᠤᠨ ᠲᠦᠷᠦᠯ ᠵᠦᠢᠯ ᠨᠢ | ᠦᠪᠡᠷᠲᠡᠭᠡᠨ ᠵᠠᠰᠠᠭᠤ ᠤᠷᠤᠨ ᠤ ᠲᠦᠷᠭᠡᠨ ᠤ ᠵᠠᠮ ᠤᠨ ᠲᠤᠤᠷᠵᠢᠭᠤᠯᠬᠤ ᠠᠵᠢᠯᠯᠠᠭ᠎ᠠ ᠪᠠ ᠬᠠᠮᠢᠶᠠᠷᠤᠯᠲᠠ ᠶᠢᠨ | ᠬᠡᠷᠡᠭᠴᠡᠭᠡ ᠶᠢ ᠦᠨᠳᠦᠰᠦᠯᠡᠵᠤ᠂ ᠲᠦᠷᠭᠡᠨ ᠤ ᠵᠠᠮ ᠤᠨ ᠴᠢᠮᠡᠭᠡ ᠬᠤᠯᠪᠤᠭ᠎ᠠ᠂ ᠬᠢᠨᠠᠨ ᠡᠵᠡᠮᠰᠢᠬᠦ᠂ ᠰᠦᠢᠳᠭᠡᠯ | ᠬᠤᠷᠢᠶᠠᠬᠤ ᠵᠡᠷᠭᠡ ᠬᠠᠮᠢᠶᠠᠷᠤᠯᠲᠠ ᠶᠢᠨ ᠰᠢᠰᠲ᠋ᠧᠮ ᠪᠠ ᠲᠦᠬᠦᠭᠡᠷᠦᠮᠵᠢ ᠶᠢ ᠪᠠᠶᠢᠭᠤᠯᠬᠤ ᠬᠡᠷᠡᠭᠲᠠᠢ᠃ | ᠨᠢᠭᠡᠨᠲᠠ ᠪᠠᠶᠢᠭᠤᠯᠤᠭᠠᠳ ᠲᠡᠷᠭᠡ ᠨᠡᠪᠲᠡᠷᠡᠭᠰᠡᠨ ᠲᠦᠷᠭᠡᠨ ᠤ ᠵᠠᠮ ᠨᠢ ᠡᠮᠦᠨᠡᠬᠢ ᠪᠠᠳᠠᠭ ᠲᠤ ᠲᠤᠭᠲᠠᠭᠠᠭᠰᠠᠨ | ᠲᠦᠬᠦᠭᠡᠷᠦᠮᠵᠢ ᠶᠢᠨ ᠨᠦᠬᠦᠴᠡᠯ ᠢ ᠪᠦᠷᠢᠯᠳᠦᠭᠦᠯᠦᠭᠰᠡᠨ ᠦᠭᠡᠢ ᠪᠤᠯ᠂ ᠲᠦᠷᠭᠡᠨ ᠤ ᠵᠠᠮ ᠤᠨ ᠡᠵᠡᠩᠨᠡᠭᠴᠢ ᠨᠢ | ᠬᠠᠷᠢᠭᠤᠴᠠᠨ ᠪᠦᠲᠦᠭᠡᠨ ᠪᠠᠶᠢᠭᠤᠯᠤᠨ᠎ᠡ᠃ | ᠲᠦᠷᠭᠡᠨ ᠤ ᠵᠠᠮ ᠤᠨ ᠡᠵᠡᠩᠨᠡᠭᠴᠢ ᠲᠤᠭᠲᠠᠭᠠᠯ ᠶᠤᠰᠤᠭᠠᠷ ᠲᠡᠷᠭᠡ ᠨᠡᠪᠲᠡᠷᠡᠬᠦ ᠵᠠᠷᠤᠳᠠᠯ ᠢ ᠨᠢᠭᠡᠲᠦᠯᠲᠠᠢ | ᠲᠤᠰᠢᠶᠠᠬᠤ ᠶᠢᠨ ᠬᠠᠮᠲᠤ ᠲᠤᠤᠷᠵᠢᠭᠤᠯᠤᠨ ᠰᠦᠢᠳᠭᠡᠯ ᠬᠤᠷᠢᠶᠠᠬᠤ᠂ ᠴᠢᠮᠡᠭᠡ ᠬᠤᠯᠪᠤᠭ᠎ᠠ᠂ ᠬᠢᠨᠠᠨ ᠡᠵᠡᠮᠰᠢᠬᠦ ᠵᠡᠷᠭᠡ | ᠰᠢᠰᠲ᠋ᠧᠮ ᠤᠨ ᠡᠷᠬᠢᠯᠲᠠ ᠶᠢ ᠬᠠᠮᠠᠭᠠᠯᠠᠬᠤ ᠪᠠ ᠲᠡᠰ ᠲᠡᠪᠰᠢᠭᠦᠯᠵᠤ ᠦᠭᠡᠷᠡᠴᠢᠯᠡᠬᠦ ᠵᠠᠷᠤᠳᠠᠯ ᠢ ᠡᠭᠦᠷᠭᠡᠯᠡᠬᠦ ᠬᠡᠷᠡᠭᠲᠠᠢ᠃ | | ᠭᠤᠴᠢᠨ ᠲᠤᠯᠤᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠨᠢ ᠤᠯᠤᠰ ᠪᠠ ᠦᠪᠡᠷᠲᠡᠭᠡᠨ ᠵᠠᠰᠠᠭᠤ | ᠤᠷᠤᠨ ᠤ ᠨᠢᠭᠡᠲᠤᠯᠲᠠᠢ ᠲᠦᠯᠦᠪᠵᠢᠭᠦᠯᠭᠡ ᠪᠠ ᠱᠠᠭᠠᠷᠳᠠᠯᠭ᠎ᠠ ᠶᠤᠰᠤᠭᠠᠷ᠂ ᠲᠦᠷᠭᠡᠨ ᠤ ᠵᠠᠮ ᠤᠨ | ᠲᠤᠤᠷᠵᠢᠭᠤᠯᠤᠯᠲᠠ ᠶᠢᠨ ᠡᠯᠧᠺᠲᠷᠣᠨ ᠲᠡᠷᠭᠡ ᠵᠤᠭᠰᠤᠬᠤ ᠦᠭᠡᠢ ᠰᠦᠢᠳᠭᠡᠯ ᠬᠤᠷᠢᠶᠠᠬᠤ ᠵᠡᠷᠭᠡ ᠤᠶᠤᠨᠲᠤ ᠵᠠᠷᠤᠳᠠᠯ | ᠬᠤᠷᠢᠶᠠᠬᠤ ᠰᠢᠰᠲ᠋ᠧᠮ ᠢ ᠪᠠᠶᠢᠭᠤᠯᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠨᠢ ᠰᠦᠢᠳᠭᠡᠯ ᠬᠤᠷᠢᠶᠠᠬᠤ ᠦᠷᠲᠡᠭᠡ ᠶᠢᠨ | ᠢᠯᠡ ᠭᠠᠵᠠᠷ ᠲᠤ ᠨᠢᠭᠡᠲᠦᠯᠲᠠᠢ ᠶᠠᠩᠵᠤ ᠮᠠᠶᠢᠭ ᠤᠨ ᠵᠠᠷᠯᠠᠯ ᠤᠨ ᠫᠠᠶᠢᠰᠠ ᠲᠠᠯᠪᠢᠵᠤ᠂ ᠵᠠᠷᠯᠠᠯ ᠤᠨ ᠠᠭᠤᠯᠭ᠎ᠠ ᠳᠤ | ᠰᠦᠢᠳᠭᠡᠯ ᠬᠤᠷᠢᠶᠠᠬᠤ ᠦᠷᠳᠡᠭᠡ ᠶᠢᠨ ᠨᠡᠷᠡᠶᠢᠳᠦᠯ᠂ ᠬᠢᠨᠠᠨ ᠵᠦᠪᠰᠢᠶᠡᠷᠡᠭᠰᠡᠨ ᠪᠠᠶᠢᠭᠤᠯᠭ᠎ᠠ᠂ ᠰᠦᠢᠳᠭᠡᠯ | ᠬᠤᠷᠢᠶᠠᠬᠤ ᠨᠢᠭᠡᠴᠡ᠂ ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠡᠬᠢᠯᠡᠯ ᠲᠡᠭᠦᠰᠭᠡᠯ ᠤᠨ ᠤᠨ ᠤ ᠬᠢᠵᠠᠭᠠᠷ | ᠪᠠ ᠬᠢᠨᠨᠠᠯᠲᠠ ᠲᠠᠯᠪᠢᠬᠤ ᠤᠳᠠᠰᠤ ᠵᠡᠷᠭᠡ ᠶᠢ ᠪᠠᠭᠲᠠᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠠᠢ᠃ | ᠭᠤᠴᠢ ᠶᠢᠰᠦᠳᠦᠭᠡᠷ ᠵᠦᠢᠯ ᠵᠠᠰᠠᠭ ᠤᠨ ᠤᠷᠳᠤᠨ ᠵᠢᠭᠡᠯᠡᠯᠭᠡ ᠠᠪᠴᠤ ᠪᠡᠯᠡ ᠨᠡᠶᠢᠯᠡᠭᠦᠯᠦᠨ ᠪᠦᠲᠦᠭᠡᠨ | ᠪᠠᠶᠢᠭᠤᠯᠤᠭᠰᠠᠨ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠪᠠᠷᠢᠮᠲᠠ ᠶᠢ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠨᠢᠭᠡᠲᠦᠯᠲᠠᠢ ᠲᠠᠷᠤᠮᠠᠯᠯᠠᠨ | ᠦᠢᠯᠡᠳᠴᠤ᠂ ᠦᠪᠡᠷᠲᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ | ᠲᠡᠭᠡᠭᠡᠪᠤᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠲᠤᠯᠲᠠᠢ ᠲᠠᠷᠬᠠᠭᠠᠵᠤ᠂ ᠬᠠᠮᠢᠶᠠᠷᠤᠨ᠎ᠡ᠃ | ᠡᠵᠡᠩᠨᠡᠯᠲᠠ ᠶᠢᠨ ᠴᠢᠨᠠᠷᠲᠠᠢ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠪᠠᠷᠢᠮᠲᠠ ᠶᠢ ᠦᠪᠡᠷᠲᠡᠭᠡᠨ ᠵᠠᠰᠠᠬᠤ | ᠤᠷᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠨᠢᠭᠡᠲᠤᠯᠲᠠᠢ ᠲᠠᠷᠤᠮᠠᠯᠯᠠᠨ ᠦᠢᠯᠡᠳᠴᠤ᠂ ᠦᠪᠡᠷᠲᠡᠭᠡᠨ | ᠵᠠᠰᠠᠭᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ ᠲᠡᠭᠡᠭᠡᠪᠤᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠲᠤᠯᠲᠠᠢ ᠲᠠᠷᠬᠠᠭᠠᠵᠤ᠂ ᠬᠠᠮᠢᠶᠠᠷᠤᠨ᠎ᠡ᠃ | ᠲᠦᠴᠢᠳᠦᠭᠡᠷ ᠵᠦᠢᠯ ᠲᠦᠷᠭᠡᠨ ᠤ ᠵᠠᠮ ᠤᠨ ᠡᠵᠡᠩᠨᠡᠭᠴᠢ ᠲᠡᠷᠭᠡᠨ ᠤ ᠤᠷᠤᠰᠬᠠᠯ ᠤᠨ ᠬᠡᠮᠵᠢᠶ᠎ᠡ ᠶᠢ | ᠦᠨᠳᠦᠰᠦᠯᠡᠵᠤ ᠬᠦᠷᠦᠯᠴᠡᠬᠦ ᠲᠤᠭᠠᠨ ᠤ ᠰᠦᠢᠳᠭᠡᠯ ᠬᠤᠷᠢᠶᠠᠬᠤ ᠵᠠᠮ ᠤᠨ ᠠᠭᠤᠯᠵᠠᠷ ᠨᠡᠭᠡᠭᠡᠵᠤ᠂ ᠰᠦᠢᠳᠭᠡᠯ | ᠲᠤᠰᠢᠶᠠᠬᠤ ᠲᠡᠷᠭᠡᠨ ᠤ ᠵᠢᠭᠰᠠᠭᠠᠯ ᠬᠤᠶᠠᠷ ᠵᠠᠭᠤᠨ ᠮᠧᠲᠷ ᠢ ᠬᠡᠲᠦᠷᠡᠭᠰᠡᠨ ᠦᠶᠡᠰ᠂ ᠤᠷᠤᠵᠤ ᠭᠠᠷᠬᠤ ᠰᠦᠢᠳᠭᠡᠯ | ᠬᠤᠷᠢᠶᠠᠬᠤ ᠵᠠᠮ ᠤᠨ ᠠᠭᠤᠯᠵᠠᠷ ᠲᠤ ᠲᠤᠬᠢᠷᠠᠭᠤᠯᠤᠯᠲᠠ ᠬᠢᠬᠦ᠂ ᠲᠦᠭᠦᠮ ᠲᠦᠷᠭᠡᠨ ᠬᠡᠯᠪᠡᠷᠢ ᠶᠢᠨ ᠰᠦᠢᠳᠭᠡᠯ | ᠬᠤᠷᠢᠶᠠᠬᠤ ᠮᠠᠰᠢᠨ ᠬᠡᠷᠡᠭᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ ᠲᠡᠷᠭᠡ ᠶᠢ | ᠨᠡᠪᠲᠡᠷᠡᠭᠦᠯᠬᠦ ᠬᠡᠷᠡᠭᠲᠠᠢ᠃ | ᠭᠡᠨᠡᠳᠲᠠ ᠡᠭᠦᠰᠬᠦ ᠬᠡᠷᠡᠭ ᠢ ᠰᠢᠢᠳᠪᠦᠷᠢᠯᠡᠬᠦ᠂ ᠠᠶᠤᠯ ᠢ ᠬᠡᠯᠲᠦᠷᠢᠭᠦᠯᠵᠤ ᠠᠪᠤᠷᠠᠨ ᠲᠤᠰᠠᠯᠠᠬᠤ ᠪᠠ | ᠰᠦᠢᠳᠭᠡᠯ ᠬᠤᠷᠢᠶᠠᠬᠤ ᠵᠠᠮ ᠤᠨ ᠠᠭᠤᠯᠵᠠᠷ ᠤᠨ ᠲᠦᠭᠵᠢᠷᠡᠬᠦ ᠶᠢ ᠨᠠᠮᠳᠠᠭᠠᠬᠤ ᠰᠢᠯᠲᠠᠭᠠᠨ ᠠᠴᠠ ᠪᠤᠯᠵᠤ ᠲᠡᠷᠭᠡ ᠶᠢ | ᠲᠦᠷᠭᠡᠨ ᠨᠡᠪᠲᠡᠷᠡᠭᠦᠯᠵᠤ᠂ ᠲᠠᠷᠬᠠᠭᠠᠨ ᠨᠡᠪᠲᠡᠷᠡᠭᠦᠯᠬᠦ ᠠᠰᠲᠠᠭᠠᠨ ᠰᠠᠯᠭᠠᠬᠤ ᠴᠢᠬᠤᠯᠠᠲᠠᠢ ᠪᠤᠯ᠂ ᠦᠪᠡᠷᠲᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠮ ᠬᠠᠷᠢᠯᠴᠠᠭᠠᠨ ᠤ ᠲᠡᠭᠡᠭᠡᠪᠤᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠲᠦᠷ ᠴᠠᠭ ᠦᠨ᠎ᠡ ᠲᠦᠯᠦᠪᠦᠷᠢ ᠦᠭᠡᠢ ᠪᠠᠷ ᠲᠡᠷᠭᠡ ᠨᠡᠪᠲᠡᠷᠡᠬᠦ ᠶᠢ ᠲᠤᠭᠲᠠᠭᠠᠵᠤ | ᠪᠤᠯᠤᠨ᠎ᠡ᠃ | ᠲᠦᠷᠭᠡᠨ ᠤ ᠵᠠᠮ ᠤᠨ ᠡᠵᠡᠩᠨᠡᠭᠴᠢ ᠨᠢ ᠢᠯᠡᠴᠢᠯᠡᠨ ᠮᠡᠳᠡᠭᠦᠯᠬᠦ ᠤᠳᠠᠰᠤ ᠶᠢ ᠨᠡᠶᠢᠲᠡᠯᠡᠵᠤ᠂ ᠨᠡᠶᠢᠭᠡᠮ ᠤᠨ | ᠬᠢᠨᠠᠯᠲᠠ ᠶᠢ ᠬᠦᠯᠢᠶᠡᠬᠦ ᠬᠡᠷᠡᠭᠲᠠᠢ᠃ | ᠲᠦᠴᠢᠨ ᠨᠢᠭᠡᠳᠦᠭᠡᠷ ᠵᠦᠢᠯ ᠲᠦᠷᠭᠡᠨ ᠤ ᠵᠠᠮ ᠳᠤ ᠤᠷᠤᠬᠤ ᠲᠡᠷᠭᠡ ᠨᠢ ᠤᠷᠤᠬᠤ ᠵᠠᠮ ᠠᠴᠠ ᠨᠡᠪᠲᠡᠷᠡᠬᠦ | ᠦᠨᠡᠮᠯᠡᠯ ᠢᠶᠠᠨ ᠠᠪᠴᠤ᠂ ᠭᠠᠷᠬᠤ ᠦᠶᠡᠰ ᠭᠠᠷᠬᠤ ᠵᠠᠮ ᠳᠠᠭᠠᠨ ᠨᠡᠪᠲᠡᠷᠡᠬᠦ ᠦᠨᠡᠮᠯᠡᠯ ᠢᠶᠠᠨ ᠲᠤᠰᠢᠶᠠᠨ ᠪᠤᠴᠠᠭᠠᠬᠤ | ᠬᠡᠷᠡᠭᠲᠠᠢ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠪᠤᠰᠤᠳ ᠲᠤᠭᠲᠠᠭᠠᠯ ᠲᠠᠢ ᠠᠴᠠ | ᠭᠠᠳᠠᠨ᠎ᠡ᠃ | ᠨᠡᠪᠲᠡᠷᠡᠬᠦ ᠦᠨᠡᠮᠯᠡᠯ ᠢ ᠡᠪᠳᠡᠯᠡᠭᠰᠡᠨ᠂ ᠭᠡᠭᠡᠭᠰᠡᠨ ᠪᠤᠯ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠲᠠᠭᠠᠭᠰᠠᠨ | ᠨᠡᠪᠲᠡᠷᠡᠬᠦ ᠦᠨᠡᠮᠯᠡᠯ ᠤᠨ ᠦᠷᠲᠡᠭ ᠶᠤᠰᠤᠭᠠᠷ ᠲᠦᠯᠦᠪᠤᠷᠢᠯᠡᠬᠦ ᠬᠡᠷᠡᠭᠲᠠᠢ᠃ | ᠲᠦᠴᠢᠨ ᠬᠤᠶᠠᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠲᠡᠷᠬᠡ ᠨᠡᠪᠲᠡᠷᠡᠬᠦ ᠰᠦᠢᠳᠭᠡᠯ ᠢᠶᠠᠨ | ᠬᠠᠤᠯᠢ ᠶᠤᠰᠤᠭᠠᠷ ᠲᠣᠰᠢᠶᠠᠠᠬᠤ ᠶᠤᠰᠤᠲᠠᠢ ᠪᠠᠶᠢᠲᠠᠯᠡ ᠪᠠᠨ ᠲᠣᠰᠢᠶᠠᠬᠤ ᠶᠢ ᠲᠡᠪᠵᠢᠬᠦ᠂ ᠲᠤᠰᠢᠶᠠᠬᠤ ᠠᠴᠠ ᠵᠠᠶᠢᠯᠠᠬᠤ | ᠂ ᠴᠦᠭᠡᠨ ᠲᠤᠰᠢᠶᠠᠭᠰᠠᠨ ᠲᠡᠷᠭᠡ ᠶᠢ ᠨᠡᠪᠲᠡᠷᠡᠭᠦᠯᠬᠦ ᠦᠭᠡᠢ ᠡᠷᠬᠡ ᠲᠠᠢ ᠪᠦᠭᠡᠳ ᠲᠤᠰᠢᠶᠠᠬᠤ ᠶᠤᠰᠤᠲᠠᠢ ᠲᠡᠷᠭᠡ | ᠨᠡᠪᠲᠡᠷᠡᠬᠦ ᠰᠦᠢᠳᠭᠡᠯ ᠢ ᠨᠢ ᠨᠦᠬᠦᠵᠤ ᠲᠤᠰᠢᠶᠠᠯᠭᠠᠬᠤ ᠪᠠᠷ ᠱᠠᠭᠠᠷᠳᠠᠬᠤ ᠡᠷᠬᠡ ᠲᠠᠢ︔ ᠵᠠᠮ ᠤᠨ ᠤᠷᠳᠤ ᠶᠢ ᠨᠢ | ᠲᠤᠭᠲᠠᠭᠠᠬᠤ ᠳᠤ ᠪᠡᠷᠬᠡ ᠲᠡᠷᠭᠡ ᠪᠤᠯ ᠲᠦᠷᠭᠡᠨ ᠤ ᠵᠠᠮ ᠤᠨ ᠡᠵᠡᠩᠨᠡᠭᠴᠢ ᠨᠢ ᠰᠦᠢᠳᠭᠡᠯ ᠲᠤᠰᠢᠶᠠᠬᠤ ᠦᠷᠳᠡᠭᠡ | ᠪᠤᠯᠤᠨ ᠡᠵᠡᠩᠨᠡᠯᠲᠠ ᠶᠢᠨ ᠲᠤᠤᠷ ᠳᠠᠬᠢ ᠬᠠᠮᠤᠭ ᠬᠤᠯᠠ ᠦᠷᠲᠡᠭᠡᠨ ᠤ ᠬᠤᠭᠤᠷᠤᠨᠳᠤᠬᠢ ᠰᠦᠢᠳᠭᠡᠯ ᠬᠤᠷᠢᠶᠠᠬᠤ | ᠵᠠᠮ ᠤᠨ ᠤᠷᠳᠤ ᠶᠤᠰᠤᠭᠠᠷ ᠲᠡᠷᠭᠡ ᠨᠡᠪᠲᠡᠷᠡᠬᠦ ᠰᠦᠢᠳᠭᠡᠯ ᠨᠦᠬᠦᠨ ᠲᠤᠰᠢᠶᠠᠯᠭᠠᠬᠤ ᠪᠠᠷ ᠱᠠᠭᠠᠷᠳᠠᠵᠤ ᠪᠤᠯᠤᠨ᠎ᠡ᠃ | ᠲᠡᠷᠭᠡ ᠨᠡᠪᠲᠡᠷᠡᠬᠦ ᠰᠦᠢᠳᠭᠡᠯ ᠨᠦᠬᠦᠨ ᠲᠤᠰᠢᠶᠠᠬᠤ ᠶᠢ ᠲᠡᠪᠴᠢᠵᠤ᠂ ᠰᠦᠢᠳᠭᠡᠯ ᠬᠤᠷᠢᠶᠠᠬᠤ ᠵᠠᠮ ᠤᠨ ᠠᠭᠤᠯᠵᠠᠷ ᠢ | ᠵᠤᠷᠢᠭᠤᠲᠠ ᠪᠦᠭᠯᠡᠨ᠂ ᠵᠠᠮ ᠬᠠᠷᠢᠯᠴᠠᠭᠠᠨ ᠤ ᠡᠮᠬᠢ ᠵᠢᠷᠣᠮ ᠢ ᠨᠦᠯᠦᠭᠡᠯᠡᠭᠰᠡᠨ ᠲᠡᠷᠭᠡ ᠶᠢ ᠲᠤᠲᠤᠭᠠᠲᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠪᠦᠷᠢᠯᠡᠨ᠎ᠡ᠃ | ᠬᠤᠶᠠᠷ ᠠᠴᠠ ᠲᠡᠭᠡᠭᠰᠢ ᠤᠳᠠᠭ᠎ᠠ ᠲᠡᠷᠭᠡ ᠨᠡᠪᠲᠡᠷᠡᠬᠦ ᠰᠦᠢᠳᠭᠡᠯ ᠲᠣᠰᠢᠶᠠᠬᠤ ᠶᠢ ᠲᠡᠪᠴᠢᠭᠰᠡᠨ᠂ | ᠲᠣᠰᠢᠶᠠᠬᠤ ᠠᠴᠠ ᠵᠠᠶᠢᠯᠠᠭᠰᠠᠨ ᠲᠡᠷᠭᠡ ᠶᠢ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠢᠲᠡᠭᠡᠮᠵᠢ ᠶᠢᠨ ᠲᠡᠮᠳᠡᠭᠯᠡᠯ ᠬᠢᠬᠦ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠠᠢ᠃ | ᠲᠦᠴᠢᠨ ᠭᠤᠷᠪᠠᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠡᠯ᠎ᠡ ᠲᠦᠷᠦᠯ ᠤᠨ ᠲᠦᠷᠢᠮ | ᠲᠤᠭᠲᠠᠭᠠᠯ ᠢ ᠲᠤᠭᠲᠠᠭᠠᠨ ᠲᠡᠭᠦᠯᠳᠡᠷᠵᠢᠭᠦᠯᠵᠤ᠂ ᠬᠠᠤᠯᠢ ᠶᠤᠰᠤᠭᠠᠷ ᠡᠵᠡᠩᠨᠡᠵᠤ᠂ ᠪᠤᠯᠪᠠᠰᠤᠨ ᠦᠢᠯᠡᠴᠢᠯᠡᠭᠡ ᠬᠢᠵᠤ᠂ | ᠦᠢᠯᠡᠴᠢᠯᠡᠭᠡᠨ ᠤ ᠠᠭᠤᠯᠭ᠎ᠠ᠂ ᠪᠠᠷᠢᠮᠵᠢᠶ᠎ᠠ᠂ ᠦᠨ᠎ᠡ ᠬᠠᠩᠰᠢ ᠶᠢ ᠢᠯᠡ ᠪᠤᠯᠭᠠᠬᠤ ᠬᠡᠷᠡᠭᠲᠠᠢ᠃ ᠲᠦᠷᠭᠡᠨ ᠤ | ᠵᠠᠮ ᠤᠨ ᠡᠵᠡᠩᠨᠡᠭᠴᠢ ᠨᠢ ᠲᠤᠤᠷᠠᠬᠢ ᠦᠢᠯᠡᠴᠢᠯᠡᠭᠡᠨ ᠤ ᠲᠦᠬᠦᠭᠡᠷᠦᠮᠵᠢ ᠶᠢ ᠬᠠᠩᠭᠠᠬᠤ ᠬᠡᠷᠡᠭᠲᠠᠢ ᠄ | ︵ᠨᠢᠭᠡ︶ ᠲᠦᠷ ᠠᠮᠠᠷᠠᠬᠤ᠂ ᠤᠤᠭᠤᠬᠤ ᠤᠰᠤ ᠬᠠᠩᠭᠠᠬᠤ᠂ ᠲᠡᠷᠭᠡ ᠵᠤᠭᠰᠤᠬᠤ ᠲᠠᠯᠠᠪᠤᠷ᠂ ᠰᠠᠭᠠᠳ ᠦᠭᠡᠢ | ᠲᠦᠬᠦᠭᠡᠷᠦᠮᠵᠢ᠂ ᠨᠡᠶᠢᠲᠠ ᠶᠢᠨ ᠵᠤᠷᠯᠤᠩ ᠵᠡᠷᠭᠡ ᠦᠨ᠎ᠡ ᠲᠦᠯᠦᠪᠦᠷᠢ ᠦᠭᠡᠢ ᠪᠠᠷ ᠬᠡᠷᠡᠭᠯᠡᠬᠦ ᠨᠡᠶᠢᠲᠠ ᠶᠢᠨ | ᠠᠰᠠᠷᠠᠮᠵᠢ ᠶᠢᠨ ᠴᠢᠨᠠᠷᠲᠠᠢ ᠰᠠᠭᠤᠷᠢ ᠲᠦᠬᠦᠭᠡᠷᠦᠮᠵᠢ︔ | ︵ᠬᠤᠶᠠᠷ︶ ᠲᠤᠰᠤ ᠨᠡᠮᠡᠬᠦ᠂ ᠭᠡᠢ ᠨᠡᠮᠡᠬᠦ᠂ ᠴᠠᠬᠢᠯᠭᠠᠨ ᠴᠡᠨᠡᠭᠯᠡᠬᠦ᠂ ᠪᠠᠷᠠᠭ᠎ᠠ ᠬᠤᠳᠠᠯᠳᠤᠨ ᠠᠪᠬᠤ᠂ ᠢᠳᠡᠭᠡᠨ | ᠤᠮᠳᠠᠭᠠᠨ ᠵᠢᠴᠢ ᠮᠠᠰᠢᠨ ᠲᠡᠷᠭᠡ ᠶᠢ ᠰᠡᠯᠪᠢᠨ ᠵᠠᠰᠠᠬᠤ ᠵᠡᠷᠭᠡ ᠡᠵᠡᠩᠨᠡᠯᠲᠠ ᠶᠢᠨ ᠴᠢᠨᠠᠷᠲᠠᠢ ᠰᠠᠭᠤᠷᠢ ᠲᠦᠬᠦᠭᠡᠷᠦᠮᠵᠢ︔ | | ︵ᠭᠤᠷᠪᠠ︶ ᠨᠤᠭᠤᠭᠠᠷᠠᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ᠂ ᠬᠡᠷᠡᠯᠲᠦᠭᠦᠯᠭᠡ᠂ ᠲᠤᠯᠠᠭᠠᠨ | ᠬᠠᠩᠭᠠᠬᠤ᠂ ᠤᠰᠤ ᠬᠠᠩᠭᠠᠬᠤ ᠵᠡᠷᠭᠡ ᠦᠢᠯᠡᠳᠦᠯᠲᠤ ᠴᠢᠨᠠᠷᠲᠠᠢ ᠰᠠᠭᠤᠷᠢ ᠲᠦᠬᠦᠭᠡᠷᠦᠮᠵᠢ᠃ | ᠲᠦᠴᠢᠨ ᠲᠦᠷᠪᠡᠳᠦᠭᠡᠷ ᠵᠦᠢᠯ ᠲᠦᠷᠭᠡᠨ ᠤ ᠵᠠᠮ ᠤᠨ ᠦᠢᠯᠡᠴᠢᠯᠡᠭᠡᠨ ᠤ ᠲᠤᠭᠤᠷᠢᠭ ᠨᠢ ᠨᠡᠶᠢᠭᠡᠮ | ᠨᠡᠶᠢᠲᠠ ᠳᠤ ᠦᠷᠭᠦᠯᠵᠢᠯᠡᠭᠰᠡᠨ ᠦᠢᠯᠡᠴᠢᠯᠡᠭᠡ ᠬᠠᠩᠭᠠᠬᠤ ᠬᠡᠷᠡᠭᠲᠠᠢ︔ ᠤᠴᠢᠷ ᠰᠢᠯᠲᠠᠭᠠᠨ ᠠᠴᠠ ᠪᠤᠯᠵᠤ ᠬᠡᠰᠡᠭ | ᠦᠢᠯᠡᠴᠢᠯᠡᠭᠡ ᠪᠠᠨ ᠵᠤᠭᠰᠤᠭᠠᠭᠰᠠᠨ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ | ᠲᠠᠩᠰᠠᠯᠠᠬᠤ ᠶᠢᠨ ᠬᠠᠮᠲᠤ ᠬᠤᠪᠢᠰᠤᠩᠭᠤᠢ ᠮᠡᠳᠡᠭᠡ ᠵᠠᠩᠬᠢ ᠶᠢᠨ ᠲᠠᠪᠴᠠᠩ ᠵᠡᠷᠭᠡ ᠬᠡᠯᠪᠡᠷᠢ ᠪᠠᠷ ᠮᠡᠳᠡᠭᠡ ᠵᠠᠩᠬᠢ ᠪᠠᠨ | ᠴᠠᠭ ᠲᠤᠬᠠᠢ ᠳᠤᠨᠢ ᠨᠡᠶᠢᠲᠡᠯᠡᠬᠦ ᠬᠡᠷᠡᠭᠲᠠᠢ᠃ | ᠵᠡᠷᠭᠡᠯᠡᠳᠡᠭᠡ ᠬᠤᠶᠠᠷ ᠦᠢᠯᠡᠴᠢᠯᠡᠭᠡᠨ ᠤ ᠲᠤᠭᠤᠷᠢᠭ ᠨᠢ ᠬᠡᠰᠡᠭ ᠦᠢᠯᠡᠴᠢᠯᠡᠭᠡ ᠪᠠᠨ ᠵᠡᠷᠭᠡᠪᠡᠷ ᠵᠤᠭᠰᠤᠭᠠᠭᠰᠠᠨ | ᠪᠤᠯ᠂ ᠪᠠᠴᠢᠮ ᠠᠷᠭᠠᠴᠠᠬᠤ ᠦᠢᠯᠡᠴᠢᠯᠡᠭᠡᠨ ᠤ ᠲᠦᠬᠦᠭᠡᠷᠦᠮᠵᠢ ᠶᠢ ᠨᠡᠮᠡᠭᠳᠡᠭᠦᠯᠬᠦ ᠬᠡᠷᠡᠭᠲᠠᠢ᠃ | ᠳᠦᠴᠢᠨ ᠲᠠᠪᠤᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠵᠢᠴᠢ ᠠᠵᠢᠯᠲᠡᠨ ᠲᠤᠤᠷᠠᠬᠢ ᠦᠢᠯᠡ | ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠰᠦᠢᠳᠭᠡᠯ ᠬᠤᠷᠢᠶᠠᠬᠤ ᠲᠦᠷᠦᠯ ᠵᠦᠢᠯ ᠢ ᠲᠤᠷ᠎ᠠ ᠪᠠᠷ ᠪᠠᠶᠢᠭᠤᠯᠬᠤ᠂ ᠲᠡᠷᠭᠡ ᠨᠡᠪᠲᠡᠷᠡᠬᠦ | ᠰᠦᠢᠳᠭᠡᠯ ᠢ ᠬᠠᠰᠤᠨ ᠬᠡᠯᠲᠤᠷᠢᠭᠦᠯᠬᠦ᠂ ᠰᠦᠢᠳᠭᠡᠯ ᠬᠤᠷᠢᠶᠠᠬᠤ ᠪᠠᠷᠢᠮᠵᠢᠶ᠎ᠡ ᠶᠢ ᠲᠡᠭᠡᠭᠰᠢᠯᠡᠭᠦᠯᠬᠦ ᠪᠠ ᠰᠦᠢᠳᠭᠡᠯ | ᠬᠤᠷᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠬᠦ︔ | ︵ᠬᠤᠶᠠᠷ︶ ᠲᠡᠷᠭᠡ ᠨᠡᠪᠲᠡᠷᠡᠬᠦ ᠰᠦᠢᠳᠭᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠡ ᠠᠴᠠ ᠭᠠᠳᠠᠨ᠎ᠡ ᠪᠤᠰᠤᠳ | ᠵᠠᠷᠤᠳᠠᠯ ᠨᠡᠮᠡᠨ ᠬᠤᠷᠢᠶᠠᠬᠤ ᠪᠤᠶᠤ ᠤᠷᠤᠯᠠᠨ ᠬᠤᠷᠢᠶᠠᠬᠤ︔ | ︵ᠭᠤᠷᠪᠠ︶ ᠶᠠᠮᠠᠷ ᠨᠢᠭᠡᠨ ᠬᠡᠰᠡᠭ ᠬᠤᠭᠤᠴᠠᠭᠠᠨ ᠲᠠᠬᠢ ᠲᠡᠷᠭᠡ ᠨᠡᠪᠲᠡᠷᠡᠬᠦ ᠰᠦᠢᠳᠭᠡᠯ ᠢ ᠲᠡᠷᠭᠡ ᠪᠦᠷᠢ ᠠᠴᠠ | ᠠᠯᠪᠠᠳᠠᠯᠭ᠎ᠠ ᠪᠠᠷ ᠬᠤᠷᠢᠶᠠᠨ ᠠᠪᠬᠤ ᠪᠤᠶᠤ ᠪᠤᠰᠤᠳ ᠵᠦᠢ ᠵᠤᠬᠢᠰ ᠦᠭᠡᠢ ᠠᠷᠭ᠎ᠠ ᠪᠠᠷᠢᠯ ᠢᠶᠠᠷ ᠬᠤᠷᠢᠶᠠᠨ ᠠᠪᠬᠤ︔ | | ︵ᠲᠦᠷᠪᠠ︶ ᠰᠦᠢᠳᠭᠡᠯ ᠬᠤᠷᠢᠶᠠᠭᠰᠡᠨ ᠪᠠᠷᠢᠮᠲᠠ ᠭᠠᠷᠭᠠᠵᠤ ᠦᠭᠬᠦ ᠦᠭᠡᠢ ᠪᠤᠶᠤ ᠬᠠᠤᠯᠢ ᠶᠤᠰᠤᠨ ᠤ᠂ | ᠬᠦᠴᠦᠨ ᠪᠦᠬᠦᠢ᠂ ᠭᠦᠢᠴᠡᠳ ᠲᠤᠭᠠᠨ ᠤ ᠪᠠᠷᠢᠮᠲᠠ ᠭᠠᠷᠭᠠᠵᠦ ᠦᠭᠬᠦ ᠦᠭᠡᠢ︔ | ︵ᠲᠠᠪᠤ︶ ᠵᠢᠯᠤᠭᠤᠴᠢ ᠪᠤᠯᠤᠨ ᠲᠡᠷᠭᠡᠨ ᠳᠤ ᠰᠠᠭᠤᠭᠴᠢ ᠶᠢ ᠭᠠᠴᠢᠬᠤ᠂ ᠬᠢᠬᠠᠨ ᠠᠪᠬᠤ︔ | ︵ᠵᠢᠷᠭᠤᠭ᠎ᠠ︶ ᠠᠵᠢᠯ ᠤᠨ ᠪᠠᠶᠢᠷᠢᠨ ᠠᠴᠠ ᠪᠠᠨ ᠲᠤᠷ᠎ᠠ ᠪᠠᠷ ᠰᠠᠯᠵᠤ᠂ ᠲᠡᠷᠭᠡᠨ ᠤ ᠬᠡᠪ ᠢᠶᠠᠷ ᠨᠡᠪᠲᠡᠷᠡᠬᠦ ᠶᠢ | ᠨᠦᠯᠦᠭᠡᠯᠡᠬᠦ︔ | ︵ᠲᠤᠯᠤᠭ᠎ᠠ︶ ᠬᠠᠤᠯᠢ ᠴᠠᠭᠠᠵᠠ ᠬᠠᠤᠯᠢ ᠲᠤᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | | ᠲᠦᠴᠢᠨ ᠵᠢᠷᠭᠤᠳᠤᠭᠠᠷ ᠵᠦᠢᠯ ᠵᠢᠯᠤᠭᠤᠴᠢ ᠵᠢᠴᠢ ᠲᠡᠷᠭᠡᠨ ᠳᠤ ᠰᠠᠭᠤᠭᠴᠢ ᠨᠢ ᠲᠦᠷᠭᠡᠨ ᠤ ᠵᠠᠮ ᠢᠶᠠᠷ | ᠶᠠᠪᠤᠬᠤ ᠳᠤ ᠲᠤᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠤᠯᠬᠤ ᠦᠭᠡᠢ᠄ | ︵ᠨᠢᠭᠡ︶ ᠲᠡᠷᠭᠡ ᠨᠡᠪᠲᠡᠷᠡᠬᠦ ᠰᠦᠢᠳᠭᠡᠯ ᠢ ᠬᠠᠰᠤᠨ ᠬᠡᠯᠲᠦᠷᠢᠭᠦᠯᠬᠦ ᠲᠡᠷᠭᠡ ᠪᠠᠷ ᠬᠠᠭᠤᠷᠮᠠᠭᠯᠠᠬᠤ︔ | ︵ᠬᠤᠶᠠᠷ︶ ᠬᠠᠭᠤᠷᠮᠠᠭ ᠢᠶᠠᠷ ᠵᠤᠬᠢᠶᠠᠭᠰᠠᠨ ᠲᠦᠷᠭᠡᠨ ᠤ ᠵᠠᠮ ᠢᠶᠠᠷ ᠨᠡᠪᠲᠡᠷᠡᠬᠦ ᠦᠨᠡᠮᠯᠡᠯ᠂ ᠲᠦᠷᠭᠡᠨ ᠤ | ᠵᠠᠮ ᠤᠨ ᠲᠤᠤᠷᠵᠢᠭᠤᠯᠤᠯᠲᠠ ᠶᠢᠨ ᠡᠯᠧᠺᠲᠷᠣᠨ ᠲᠡᠷᠭᠡ ᠵᠤᠭᠰᠤᠬᠤ ᠦᠭᠡᠢ ᠰᠦᠢᠳᠭᠡᠯ ᠬᠤᠷᠢᠶᠠᠬᠤ ᠲᠤᠰᠬᠠᠢ | ᠺᠠᠷᠲ ᠢ ᠰᠤᠯᠢᠬᠤ ᠪᠤᠶᠤ ᠬᠡᠷᠡᠭᠯᠡᠬᠦ︔ | ︵ᠭᠤᠷᠪᠠ︶ ᠹᠦᠨᠲ ᠠᠴᠠ ᠬᠠᠷᠠᠶᠢᠨ ᠵᠠᠶᠢᠯᠠᠬᠤ᠂ ᠹᠦᠨᠲ ᠲᠡᠪᠢᠰᠬᠦ᠂ ᠹᠦᠨᠲ ᠲᠤᠭᠤᠷᠢᠨ ᠭᠠᠷᠬᠤ ᠵᠡᠷᠭᠡ | ᠠᠷᠭ᠎ᠠ ᠬᠡᠯᠪᠡᠷᠢ ᠪᠠᠷ ᠬᠦᠨᠲᠦ ᠶᠢ ᠪᠤᠲᠤᠬᠤ ᠮᠠᠰᠢᠨ ᠤ ᠬᠡᠪ ᠢᠶᠠᠷ ᠬᠦᠨᠲᠦ ᠶᠢ ᠪᠤᠳᠤᠬᠤ ᠶᠢ ᠬᠠᠷᠰᠢᠯᠠᠬᠤ︔ | ︵ᠲᠦᠷᠪᠠ︶ ᠰᠦᠢᠳᠭᠡᠯ ᠬᠤᠷᠢᠶᠠᠬᠤ ᠵᠠᠮ ᠤᠨ ᠠᠭᠤᠯᠵᠠᠷ ᠢ ᠲᠠᠭᠠᠷᠢᠬᠤ ᠪᠤᠶᠤ ᠰᠦᠢᠳᠭᠡᠯ ᠬᠤᠷᠢᠶᠠᠬᠤ | ᠵᠠᠮ ᠤᠨ ᠠᠭᠤᠯᠵᠠᠷ ᠲᠤ ᠵᠤᠷᠢᠭᠤᠲᠠ ᠵᠤᠭᠰᠤᠬᠤ᠂ ᠵᠠᠮ ᠪᠦᠭᠯᠡᠬᠦ︔ | ︵ᠲᠠᠪᠤ︶ ᠲᠦᠷᠭᠡᠨ ᠤ ᠵᠠᠮ ᠤᠨ ᠰᠦᠢᠳᠭᠡᠯ ᠬᠤᠷᠢᠶᠠᠭᠴᠢ ᠶᠢ ᠲᠤᠷᠤᠮᠵᠢᠯᠠᠬᠤ᠂ ᠰᠦᠷᠳᠡᠭᠦᠯᠬᠦ᠂ ᠵᠤᠳᠤᠬᠤ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠲᠠᠭᠠᠭᠰᠠᠨ ᠲᠦᠷᠭᠡᠨ ᠤ ᠵᠠᠮ ᠤᠨ | ᠰᠦᠢᠳᠭᠡᠯ ᠬᠤᠷᠢᠶᠠᠬᠤ ᠵᠢᠴᠢ ᠨᠡᠪᠲᠡᠷᠡᠬᠦ ᠡᠮᠬᠢ ᠵᠢᠷᠣᠮ ᠢ ᠵᠤᠷᠢᠭᠤᠲᠠ ᠰᠠᠮᠠᠭᠤᠷᠠᠭᠤᠯᠬᠤ ᠪᠤᠰᠤᠳ ᠦᠢᠯᠡ | ᠠᠵᠢᠯᠯᠠᠭ᠎ᠠ᠃ | ᠲᠦᠴᠢᠨ ᠲᠤᠯᠤᠳᠤᠭᠠᠷ ᠵᠦᠢᠯ ᠲᠦᠷᠭᠡᠨ ᠤ ᠵᠠᠮ ᠤᠨ ᠡᠵᠡᠩᠨᠡᠭᠴᠢ ᠬᠠᠷᠢᠶᠠᠯᠠᠭᠳᠠᠵᠤ ᠪᠠᠶᠢᠭ᠎ᠠ ᠲᠦᠷᠭᠡᠨ ᠤ | ᠵᠠᠮ ᠤᠨ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ᠂ ᠪᠠᠷᠢᠯᠭ᠎ᠠ ᠶᠢᠨ ᠠᠵᠢᠯ ᠵᠡᠷᠭᠡ ᠵᠠᠮ ᠤᠨ ᠰᠦᠯᠵᠢᠶᠡᠨ ᠤ | ᠠᠵᠢᠯᠯᠠᠭ᠎ᠠ ᠲᠠᠢ ᠬᠠᠮᠢᠶ᠎ᠠ ᠲᠠᠢ ᠮᠡᠳᠡᠭᠡ ᠵᠠᠩᠬᠢ ᠶᠢ ᠴᠤᠭᠯᠠᠭᠤᠯᠤᠨ ᠡᠮᠬᠢᠳᠭᠡᠵᠤ᠂ ᠲᠦᠷᠭᠡᠨ ᠤ ᠵᠠᠮ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠤᠭᠲᠠᠭᠠᠯ ᠶᠤᠰᠤᠭᠠᠷ ᠮᠡᠳᠡᠭᠦᠯᠬᠦ ᠶᠢᠨ ᠬᠠᠮᠲᠤ ᠬᠡᠪ ᠢᠶᠠᠷ ᠨᠠᠪᠲᠡᠷᠡᠬᠦ ᠶᠢ | ᠨᠦᠯᠦᠭᠡᠯᠡᠬᠦ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠠᠢ᠃ | ᠵᠢᠷᠭᠤᠳᠤᠭᠠᠷ ᠪᠦᠯᠦᠭ ᠵᠠᠮ ᠬᠠᠷᠢᠯᠴᠠᠭᠠᠨ ᠤ ᠠᠮᠤᠷ ᠲᠦᠪᠰᠢᠨ ᠪᠤᠯᠤᠨ ᠪᠠᠴᠢᠮ ᠠᠷᠭᠠᠴᠠᠬᠤ ᠬᠠᠮᠢᠶᠠᠷᠤᠯᠲᠠ | | ᠲᠦᠴᠢᠨ ᠨᠠᠢᠮᠠᠳᠤᠭᠠᠷ ᠵᠦᠢᠯ ᠲᠡᠯᠪᠡᠷᠡᠬᠦ ᠪᠤᠳᠠᠰ᠂ ᠨᠤᠴᠤᠮᠠᠳᠠᠭᠠᠢ ᠲᠠᠰᠤᠷᠠᠮᠠᠳᠡᠭᠡᠢ ᠬᠢᠮᠢ ᠶᠢᠨ ᠪᠤᠳᠠᠰ ᠵᠢᠴᠢ | ᠲᠤᠭᠰᠢᠨ ᠬᠤᠤᠷ ᠲᠠᠢ ᠰᠠᠴᠤᠷᠠᠮᠠᠭᠠᠢ ᠵᠡᠷᠭᠡ ᠠᠶᠤᠯᠲᠤ ᠪᠤᠳᠠᠰ ᠢ ᠲᠡᠭᠡᠭᠡᠪᠤᠷᠢᠯᠡᠬᠦ ᠳᠤ᠂ ᠲᠤᠲᠤᠭᠠᠲᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠦᠪᠰᠢᠶᠡᠷᠡᠯ ᠢ ᠲᠠᠮᠵᠢᠭᠰᠡᠨ ᠤ ᠲᠠᠷᠠᠭ᠎ᠠ᠂ ᠵᠢᠭᠠᠨ ᠲᠤᠭᠲᠠᠭᠠᠭᠰᠠᠨ ᠴᠠᠭ᠂ ᠵᠠᠮ᠂ | ᠬᠤᠷᠳᠤᠴᠠ ᠶᠤᠰᠤᠭᠠᠷ ᠶᠠᠪᠤᠨ᠂ ᠡᠷᠬᠡᠪᠰᠢ ᠰᠡᠷᠡᠮᠵᠢ ᠶᠢᠨ ᠲᠡᠮᠳᠡᠭ ᠡᠯᠭᠦᠭᠦ ᠶᠢᠨ ᠬᠠᠮᠲᠤ ᠴᠢᠬᠤᠯᠠ ᠪᠦᠬᠦᠢ ᠠᠮᠤᠷ | ᠲᠦᠪᠰᠢᠨ ᠤ ᠠᠷᠭ᠎ᠠ ᠬᠡᠮᠵᠢᠶ᠎ᠡ ᠠᠪᠬᠤ ᠬᠡᠷᠡᠭᠲᠠᠢ᠃ ᠲᠤᠭᠰᠢᠨ ᠪᠤᠷᠤᠭᠠᠨ᠂ ᠠᠶᠤᠩᠭ᠎ᠠ ᠴᠠᠬᠢᠯᠭᠠᠨ᠂ ᠮᠦᠰᠦ ᠴᠠᠰᠤ᠂ | ᠮᠠᠨᠠᠨ᠂ ᠡᠯᠡᠰᠦ ᠵᠡᠷᠭᠡ ᠮᠠᠭᠤ ᠴᠠᠭ ᠠᠭᠤᠷ ᠪᠠ ᠴᠢᠬᠤᠯᠠ ᠪᠠᠶᠠᠷ ᠤᠨ ᠡᠳᠦᠷ᠂ ᠴᠢᠬᠤᠯᠠ ᠬᠦᠳᠡᠯᠭᠡᠭᠡᠨ ᠤ ᠴᠠᠭ | ᠬᠤᠭᠤᠴᠠᠭᠠᠨ ᠳᠤ᠂ ᠲᠤᠭᠰᠢᠨ ᠬᠤᠤᠷ ᠲᠠᠢ ᠬᠢᠮᠢ ᠶᠢᠨ ᠪᠤᠳᠠᠰ᠂ ᠲᠡᠯᠪᠡᠷᠡᠬᠦ ᠪᠤᠳᠠᠰ ᠲᠡᠭᠡᠭᠡᠪᠦᠷᠢᠯᠡᠭᠰᠡᠨ ᠲᠡᠷᠭᠡ ᠶᠢᠨ | ᠲᠦᠷᠭᠡᠨ ᠤ ᠵᠠᠮ ᠢᠶᠠᠷ ᠨᠡᠪᠲᠡᠷᠡᠬᠦ ᠶᠢ ᠴᠠᠭᠠᠵᠠᠯᠠᠨ᠎ᠡ᠃ ᠠᠶᠤᠯᠲᠠᠢ ᠪᠤᠳᠠᠰ ᠠᠴᠢᠭᠰᠠᠨ ᠲᠡᠷᠭᠡ ᠲᠦᠷᠭᠡᠨ ᠤ ᠵᠠᠮ ᠤᠨ | ᠬᠦᠬᠦᠷᠭᠡ᠂ ᠨᠦᠬᠡᠨ ᠵᠠᠮ᠂ ᠲᠦᠷᠭᠡᠨ ᠤ ᠵᠠᠮ ᠤᠨ ᠤᠷᠤᠵᠤ ᠭᠠᠷᠬᠤ ᠵᠠᠮ ᠵᠡᠷᠭᠡ ᠤᠯᠠᠨ ᠨᠡᠶᠢᠲᠠ ᠶᠢᠨ ᠠᠮᠤᠷ | ᠲᠦᠪᠰᠢᠨ ᠢ ᠰᠦᠷᠳᠡᠭᠦᠯᠬᠦ ᠭᠠᠵᠠᠷ ᠲᠤ ᠴᠤᠭᠯᠠᠷᠠᠵᠤ᠂ ᠵᠤᠭᠰᠤᠬᠤ ᠶᠢ ᠡᠷᠡᠰ ᠴᠠᠭᠠᠵᠠᠯᠠᠨ᠎ᠡ᠃ | ᠠᠶᠤᠯ ᠲᠠᠢ ᠪᠤᠳᠠᠰ ᠲᠡᠭᠡᠭᠡᠪᠤᠷᠢᠯᠡᠭᠰᠡᠨ ᠲᠡᠷᠭᠡ ᠭᠡᠨᠡᠳᠠᠯ ᠡᠭᠦᠰᠪᠡᠯ᠂ ᠲᠤᠬᠠᠢ ᠶᠢᠨ ᠬᠦᠮᠦᠨ ᠨᠢ ᠲᠠᠷᠤᠢ | ᠲᠦᠷᠭᠡᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠬᠦ | ᠬᠡᠷᠡᠭᠲᠠᠢ᠃ ᠠᠶᠤᠯᠭᠦᠢ ᠬᠢᠨᠠᠯᠲᠠ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠲᠡᠭᠡᠭᠡᠪᠤᠷᠢ | ᠂ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠬᠠᠮᠠᠭᠠᠯᠠᠯᠲᠠ᠂ ᠶᠠᠰᠤ ᠴᠢᠨᠠᠷ ᠤᠨ ᠮᠡᠷᠭᠡᠵᠢᠯ ᠳᠤ ᠬᠢᠨᠠᠯᠲᠠ | ᠲᠠᠯᠪᠢᠬᠤ ᠵᠡᠷᠭᠡ ᠰᠠᠯᠠᠭ᠎ᠠ ᠮᠦᠴᠢᠷ ᠵᠢᠴᠢ ᠲᠦᠷᠭᠡᠨ ᠤ ᠵᠠᠮ ᠤᠨ ᠡᠵᠡᠩᠨᠡᠭᠴᠢ ᠨᠢ ᠭᠡᠨᠡᠳᠡᠯ ᠡᠭᠦᠰᠦᠭᠰᠡᠨ ᠭᠠᠵᠠᠷ ᠤᠨ | ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠢᠭᠡᠲᠦᠯᠲᠠᠢ ᠵᠢᠯᠤᠭᠤᠳᠤᠯᠭ᠎ᠠ | ᠲᠤᠤᠷ᠎ᠠ᠂ ᠭᠡᠨᠡᠳᠡᠯ ᠤᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠦᠷᠨᠢᠬᠦᠯᠬᠦ ᠬᠡᠷᠡᠭᠲᠠᠢ᠃ | ᠲᠦᠴᠢ ᠶᠢᠰᠦᠳᠦᠭᠡᠷ ᠵᠦᠢᠯ ᠬᠠᠷᠰᠢ ᠰᠠᠭᠠᠳ ᠲᠤ ᠤᠴᠠᠷᠠᠬᠤ᠂ ᠠᠳᠡᠯ ᠡᠭᠦᠰᠬᠦ ᠵᠡᠷᠭᠡ ᠰᠢᠯᠲᠠᠭᠠᠨ ᠠᠴᠠ | ᠪᠤᠯᠵᠤ ᠲᠡᠷᠭᠡ ᠨᠢ ᠵᠤᠭᠰᠤᠪᠠᠯ᠂ ᠵᠢᠯᠤᠭᠤᠴᠢ ᠨᠢ ᠠᠶᠤᠯ ᠲᠦᠭᠰᠢᠭᠦᠷᠢ ᠶᠢ ᠮᠡᠳᠡᠭᠦᠯᠬᠦ ᠬᠢᠯᠪᠠᠭᠠᠨ ᠳ᠋ᠧᠩ ᠢᠶᠠᠨ ᠲᠠᠷᠤᠢ | ᠲᠦᠷᠭᠡᠨ ᠨᠡᠭᠡᠭᠡᠵᠤ᠂ ᠤᠷᠤᠬᠰᠢᠯᠠᠬᠤ ᠴᠢᠭᠯᠡᠯ ᠤᠨ ᠠᠷᠤ ᠲᠠᠯ᠎ᠠ ᠵᠠᠭᠤ ᠲᠠᠪᠢᠨ ᠮᠧᠲᠷ ᠤᠨ ᠭᠠᠳᠠᠨ᠎ᠡ ᠰᠠᠭᠠᠳ ᠲᠠᠢ | ᠲᠡᠷᠭᠡ ᠶᠢᠨ ᠰᠡᠷᠡᠮᠵᠢ ᠶᠢᠨ ᠲᠡᠮᠳᠡᠭ ᠲᠠᠯᠪᠢᠵᠤ᠂ ᠰᠦᠨᠢ᠂ ᠪᠤᠷᠤᠭᠠᠨ᠂ ᠴᠠᠰᠤ᠂ ᠮᠠᠨᠡᠨ ᠲᠠᠢ ᠡᠳᠦᠷ ᠲᠤ ᠠᠭᠤᠳᠠᠮ | ᠳ᠋ᠧᠩ᠂ ᠡᠮᠦᠨ᠎ᠡ ᠬᠤᠶᠢᠨ᠎ᠡ ᠲᠠᠯ᠎ᠠ ᠶᠢᠨ ᠳ᠋ᠧᠩ ᠪᠠ ᠮᠠᠨᠡᠨ ᠳ᠋ᠧᠩ ᠢᠶᠠᠨ ᠬᠠᠮᠲᠤ ᠨᠢ ᠨᠡᠭᠡᠭᠡᠬᠦ ᠶᠢᠨ ᠬᠠᠮᠲᠤ ᠠᠶᠤᠯᠭᠦᠢ | ᠠᠷᠭ᠎ᠠ ᠬᠡᠮᠵᠢᠶ᠎ᠡ ᠠᠪᠴᠤ᠂ ᠲᠡᠷᠭᠡᠨ ᠲᠡᠭᠡᠷᠡᠬᠢ ᠬᠦᠮᠦᠰ ᠢ ᠵᠤᠬᠢᠶᠠᠨ ᠪᠠᠶᠢᠭᠤᠯᠤᠨ ᠠᠮᠤᠷ ᠲᠦᠪᠰᠢᠨ ᠭᠠᠵᠠᠷ ᠲᠤ | ᠤᠴᠢᠭᠤᠯᠬᠤ ᠬᠡᠷᠡᠭᠲᠠᠢ᠃ | ᠲᠠᠪᠢᠳᠤᠭᠠᠷ ᠵᠦᠢᠯ ᠲᠦᠷᠭᠡᠨ ᠤ ᠵᠠᠮ ᠲᠡᠭᠡᠷᠡᠬᠢ ᠰᠠᠭᠠᠳ ᠢ ᠠᠷᠢᠯᠭᠠᠨ ᠠᠪᠤᠷᠠᠨ ᠲᠤᠰᠠᠯᠠᠬᠤ | ᠦᠢᠯᠡᠴᠢᠯᠡᠭᠡ ᠶᠢ ᠲᠦᠷᠭᠡᠨ ᠤ ᠵᠠᠮ ᠤᠨ ᠡᠵᠡᠩᠨᠡᠭᠴᠢ ᠨᠢᠭᠡᠲᠦᠯᠲᠠᠢ ᠲᠦᠯᠦᠪᠯᠡᠨ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠲᠡᠷᠭᠡ ᠬᠠᠷᠰᠢ ᠰᠠᠭᠠᠳ ᠪᠤᠶᠤ ᠠᠳᠡᠯ ᠡᠭᠦᠰᠬᠦ ᠦᠶᠡᠰ᠂ ᠲᠤᠬᠠᠢ ᠶᠢᠨ ᠬᠦᠮᠦᠨ ᠲᠦᠷᠬᠡᠨ ᠤ ᠵᠠᠮ ᠤᠨ | ᠡᠵᠡᠩᠨᠡᠭᠴᠢ ᠠᠴᠠ ᠲᠤᠰᠠᠯᠠᠮᠵᠢ ᠬᠦᠰᠡᠵᠦ ᠪᠤᠯᠤᠨ᠎ᠡ᠃ ᠲᠡᠷᠭᠡᠨ ᠤ ᠲᠤᠰᠠᠯᠠᠮᠵᠢ ᠬᠦᠰᠡᠭᠰᠡᠨ ᠴᠢᠮᠡᠭᠡ ᠶᠢ ᠤᠯᠤᠭᠰᠠᠨ ᠤ | ᠲᠠᠷᠠᠭ᠎ᠠ᠂ ᠲᠦᠷᠭᠡᠨ ᠤ ᠵᠠᠮ ᠤᠨ ᠡᠵᠡᠩᠨᠡᠭᠴᠢ ᠤᠶᠢᠷᠠᠬᠠᠨ ᠪᠠᠶᠢᠭ᠎ᠠ ᠲᠤᠰᠠᠯᠠᠬᠤ ᠲᠡᠷᠭᠡ ᠪᠠ ᠠᠵᠢᠯᠲᠡᠨ ᠢ | ᠲᠤᠬᠠᠢ ᠶᠢᠨ ᠲᠠᠯᠠᠪᠤᠷ ᠲᠤ ᠴᠠᠭ ᠲᠤᠬᠠᠢ ᠳᠤᠨᠢ ᠤᠴᠢᠭᠤᠯᠤᠨ ᠠᠪᠤᠷᠠᠯᠲᠠ ᠬᠢᠯᠭᠡᠬᠦ ᠪᠠᠷ ᠲᠤᠬᠢᠷᠠᠭᠤᠯᠬᠤ ᠬᠡᠷᠡᠭᠲᠠᠢ᠃ | ᠲᠦᠷᠭᠡᠨ ᠤ ᠵᠠᠮ ᠤᠨ ᠬᠡᠪ ᠢᠶᠠᠷ ᠬᠡᠷᠡᠭᠯᠡᠭᠳᠡᠬᠦ ᠶᠢ ᠨᠦᠯᠦᠭᠡᠯᠡᠬᠦ ᠦᠭᠡᠢ ᠪᠠᠶᠢᠳᠠᠯ ᠲᠤᠤᠷ᠎ᠠ᠂ ᠲᠤᠬᠠᠢ ᠶᠢᠨ | ᠬᠦᠮᠦᠨ ᠨᠢ ᠪᠠᠰᠠ ᠨᠡᠶᠢᠭᠡᠮ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠰᠤᠩᠭᠤᠨ ᠠᠪᠤᠷᠠᠨ ᠲᠤᠰᠠᠯᠠᠯᠲᠠ ᠬᠢᠯᠭᠡᠵᠤ | ᠪᠤᠯᠤᠨ᠎ᠡ᠂ ᠶᠠᠮᠠᠷᠪᠠ ᠨᠢᠭᠡᠴᠡ ᠪᠠ ᠬᠤᠪᠢ ᠬᠦᠮᠦᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠠᠯᠪᠠᠳᠠᠯᠭ᠎ᠠ ᠪᠠᠷ | ᠵᠢᠭᠠᠨ ᠲᠤᠭᠲᠠᠭᠠᠵᠤ ᠪᠤᠯᠬᠤ ᠦᠭᠡᠢ᠂ ᠪᠠᠰᠠ ᠲᠤᠬᠠᠢ ᠶᠢᠨ ᠬᠦᠮᠦᠨ ᠤ ᠨᠠᠶᠢᠲᠠᠭᠰᠠᠨ ᠠᠪᠤᠷᠠᠨ ᠲᠤᠰᠠᠯᠠᠬᠤ | ᠪᠠᠶᠢᠭᠤᠯᠤᠮᠵᠢ ᠶᠢᠨ ᠲᠠᠯᠠᠪᠠᠢ ᠳᠤ ᠤᠷᠤᠵᠦ ᠦᠢᠯᠡᠴᠢᠯᠡᠭᠡ ᠬᠢᠬᠦ ᠶᠢ ᠬᠠᠷᠰᠢᠯᠠᠬᠤ ᠪᠠ ᠬᠤᠷᠢᠭᠯᠠᠵᠤ ᠪᠤᠯᠬᠤ ᠦᠭᠡᠢ᠃ | ᠲᠠᠪᠢᠨ ᠨᠢᠭᠡᠳᠦᠭᠡᠷ ᠵᠦᠢᠯ ᠲᠦᠷᠭᠡᠨ ᠤ ᠵᠠᠮ ᠤᠨ ᠡᠵᠡᠩᠨᠡᠭᠴᠢ ᠠᠳᠡᠯ ᠲᠠᠢ ᠲᠡᠷᠭᠡᠨ ᠤ ᠰᠠᠭᠠᠳ ᠢ ᠠᠷᠢᠯᠭᠠᠨ | ᠠᠪᠤᠷᠠᠨ ᠲᠤᠰᠠᠯᠠᠬᠤ ᠦᠶᠡᠰ᠂ ᠲᠡᠷᠭᠡ ᠶᠢ ᠲᠤᠬᠠᠢ ᠶᠢᠨ ᠬᠦᠮᠦᠨ ᠲᠠᠢ ᠵᠦᠪᠯᠡᠨ ᠲᠤᠭᠲᠠᠭᠠᠭᠰᠠᠨ ᠭᠠᠵᠠᠷ ᠴᠢᠷᠤᠨ | ᠬᠦᠷᠭᠡᠬᠦ ᠬᠡᠷᠡᠭᠲᠠᠢ︔ ᠵᠦᠪᠯᠡᠨ ᠲᠤᠭᠲᠠᠭᠠᠵᠤ ᠲᠡᠶᠢᠯᠦᠭᠰᠡᠨ ᠦᠭᠡᠢ ᠪᠤᠯ᠂ ᠬᠠᠮᠤᠭ ᠤᠶᠢᠷ᠎ᠠ ᠭᠠᠷᠬᠤ ᠵᠠᠮ ᠠᠴᠠ | ᠲᠡᠷᠭᠡ ᠶᠢ ᠲᠦᠷᠭᠡᠨ ᠤ ᠵᠠᠮ ᠠᠴᠠ ᠴᠢᠷᠤᠨ ᠭᠠᠷᠭᠠᠬᠤ ᠬᠡᠷᠡᠭᠲᠠᠢ᠃ ᠰᠠᠭᠠᠳ ᠢ ᠠᠷᠢᠯᠭᠠᠨ ᠠᠪᠤᠷᠠᠨ ᠲᠤᠰᠠᠯᠠᠬᠤ | ᠰᠦᠢᠳᠭᠡᠯ ᠬᠤᠷᠢᠶᠠᠬᠤ ᠳᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ | ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠲᠠᠭᠠᠭᠰᠠᠨ ᠪᠠᠷᠢᠮᠵᠢᠶ᠎ᠠ ᠪᠠᠷ | ᠬᠡᠷᠡᠭᠵᠢᠭᠦᠯᠦᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠭᠡᠨᠡᠳᠠᠯ ᠲᠠᠢ ᠲᠡᠷᠭᠡᠨ ᠤ | ᠰᠠᠭᠠᠳ ᠢ ᠠᠷᠢᠯᠭᠠᠨ ᠲᠤᠰᠠᠯᠠᠨ ᠠᠪᠤᠷᠠᠬᠤ ᠲᠤᠬᠠᠢ ᠠᠰᠲᠠᠭᠠᠨ ᠲᠤᠭᠲᠠᠭᠠᠯ ᠲᠠᠢ ᠪᠤᠯ᠂ ᠲᠡᠷᠡᠬᠦ ᠲᠤᠭᠲᠠᠭᠠᠯ ᠢ | ᠲᠠᠭᠠᠨ᠎ᠡ᠃ | ᠲᠠᠪᠢᠨ ᠬᠤᠶᠠᠳᠤᠭᠠᠷ ᠵᠦᠢᠯ ᠲᠦᠷᠭᠡᠨ ᠤ ᠵᠠᠮ ᠬᠦᠨᠲᠦ ᠰᠦᠷᠡᠭᠡᠢ ᠡᠪᠳᠡᠭᠳᠡᠬᠦ᠂ ᠪᠠᠶᠢᠭᠠᠯᠢ ᠶᠢᠨ ᠭᠠᠮᠰᠢᠭ᠂ | ᠮᠠᠭᠤ ᠴᠠᠭ ᠠᠭᠤᠷ ᠤᠨ ᠨᠦᠬᠦᠴᠡᠯ ᠪᠤᠶᠤ ᠲᠤᠮᠤ ᠶᠡᠭᠡ ᠵᠠᠮ ᠬᠠᠷᠢᠯᠴᠠᠭᠠᠨ ᠤ ᠬᠡᠨᠡᠳᠠᠯ᠂ ᠵᠠᠮ ᠵᠠᠰᠠᠬᠤ ᠠᠵᠢᠯᠯᠠᠭ᠎ᠠ | ᠭᠡᠨᠡᠳᠲᠠ ᠡᠭᠦᠰᠬᠦ ᠬᠡᠷᠡᠭ ᠵᠡᠷᠭᠡ ᠠᠴᠠ ᠪᠤᠯᠵᠤ᠂ ᠲᠡᠷᠭᠡ ᠶᠢᠨ ᠠᠶᠤᠯᠭᠦᠢ ᠠᠶᠠᠯᠠᠬᠤ ᠶᠢ ᠬᠦᠨᠲᠦ ᠨᠤᠴᠢᠲᠠᠢ | ᠨᠦᠯᠦᠭᠡᠯᠡᠪᠡᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠲᠦᠷᠭᠡᠨ ᠤ ᠵᠠᠮ ᠤᠨ ᠡᠵᠡᠩᠨᠡᠭᠴᠢ ᠪᠠ | ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ | ᠴᠠᠭ ᠲᠤᠬᠠᠢ ᠳᠤᠨᠢ ᠪᠠᠶᠢᠳᠠᠯ ᠢᠶᠠᠨ ᠬᠠᠷᠢᠯᠴᠠᠨ ᠮᠡᠳᠡᠭᠦᠯᠬᠦ ᠬᠡᠷᠡᠭᠲᠠᠢ᠃ ᠪᠤᠰᠤᠳ ᠠᠷᠭ᠎ᠠ ᠬᠡᠮᠵᠢᠶ᠎ᠡ ᠪᠠᠷ ᠵᠠᠮ | ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ ᠳᠤ ᠪᠡᠷᠬᠡ ᠦᠶᠡᠰ᠂ ᠲᠤᠲᠤᠭᠠᠲᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠬᠤᠷᠳᠤᠴᠠ ᠬᠢᠵᠠᠭᠠᠷᠯᠠᠵᠤ | ᠨᠡᠪᠲᠡᠷᠡᠭᠦᠯᠬᠦ᠂ ᠲᠠᠰᠤᠯᠳᠠᠭᠤᠯᠵᠤ ᠲᠠᠯᠪᠢᠬᠤ᠂ ᠲᠡᠷᠭᠡᠨ ᠵᠠᠮ ᠢ ᠰᠤᠯᠢᠬᠤ᠂ ᠵᠠᠮ ᠪᠢᠲᠡᠭᠦᠮᠵᠢᠯᠡᠬᠦ ᠵᠡᠷᠭᠡ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠤᠯᠬᠤ ᠪᠦᠭᠡᠳ ᠮᠡᠳᠡᠭᠡ ᠵᠠᠩᠭᠢ ᠪᠠᠨ ᠴᠠᠭ | ᠲᠤᠬᠠᠢ ᠳᠤᠨᠢ ᠨᠡᠶᠢᠭᠡᠮ ᠪᠠᠷ ᠨᠡᠶᠢᠲᠡᠯᠡᠨ᠎ᠡ᠃ | ᠲᠥᠷᠭᠡᠨ ᠤ ᠵᠠᠮ ᠨᠢ ᠦᠨᠡᠨᠬᠦ ᠪᠢᠲᠡᠭᠦᠮᠵᠢᠯᠡᠬᠦ ᠴᠢᠬᠤᠯᠠ ᠲᠠᠢ ᠪᠤᠯ ᠲᠤᠲᠤᠭᠠᠲᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠵᠠᠮ ᠬᠠᠷᠢᠯᠴᠠᠭ᠎ᠠ ᠲᠡᠭᠡᠭᠡᠪᠤᠷᠢ ᠶᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠲᠤᠪᠡᠷ ᠵᠦᠪᠯᠡᠨ ᠲᠤᠭᠲᠠᠭᠠᠬᠤ ᠶᠢᠨ ᠬᠠᠮᠲᠤ ᠮᠡᠳᠡᠭᠡ ᠵᠠᠩᠭᠢ ᠪᠠᠨ ᠴᠠᠭ | ᠲᠤᠬᠠᠢ ᠳᠤᠨᠢ ᠨᠡᠶᠢᠲᠡᠯᠡᠨ᠎ᠡ︔ ᠲᠦᠷᠭᠡᠨ ᠤ ᠵᠠᠮ ᠢ ᠪᠢᠲᠡᠭᠦᠮᠵᠢᠯᠡᠬᠦ ᠪᠠᠶᠢᠳᠠᠯ ᠨᠢ ᠵᠤᠭᠰᠤᠭᠠᠭᠰᠠᠨ ᠤ ᠲᠠᠷᠠᠭ᠎ᠠ | ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠦᠷᠭᠡᠨ ᠤ ᠵᠠᠮ ᠢ ᠴᠠᠭ ᠲᠤᠬᠠᠢ ᠳᠤᠨᠢ ᠨᠡᠭᠡᠭᠡᠵᠤ᠂ ᠵᠠᠮ ᠬᠠᠷᠢᠯᠴᠠᠭ᠎ᠠ ᠶᠢ | ᠰᠡᠷᠭᠦᠭᠡᠬᠦ ᠬᠡᠷᠡᠭᠲᠠᠢ᠃ | ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠭᠤᠷᠪᠠᠳᠤᠭᠠᠷ ᠵᠦᠢᠯ ᠲᠤᠰ ᠲᠦᠷᠢᠮ ᠳᠤ ᠲᠤᠭᠲᠠᠭᠠᠭᠰᠠᠨ ᠦᠢᠯᠡ ᠠᠵᠢᠯᠯᠠᠭ᠎ᠠ ᠶᠢ ᠵᠦᠷᠢᠴᠡᠵᠤ᠂ | ︽ᠪᠦᠭᠦᠲᠠ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠵᠡᠷᠭᠡ ᠤᠯᠤᠰ ᠤᠨ ᠬᠠᠮᠢᠶ᠎ᠠ | ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠨᠢᠭᠡᠨᠲᠠ ᠪᠤᠲᠠᠲᠠᠢ ᠰᠢᠳᠭᠡᠨ ᠲᠤᠷᠭᠠᠬᠤ ᠲᠤᠭᠲᠠᠭᠠᠯ | ᠭᠠᠷᠭᠠᠭᠰᠠᠨ ᠪᠤᠯ᠂ ᠲᠡᠷᠡᠬᠦ ᠲᠤᠭᠲᠠᠭᠠᠯ ᠢ ᠲᠠᠭᠠᠨ᠎ᠡ᠃ | ᠲᠠᠪᠢᠨ ᠲᠦᠷᠪᠡᠳᠦᠭᠡᠷ ᠵᠦᠢᠯ ᠲᠤᠰ ᠲᠦᠷᠢᠮ ᠤᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ | ᠪᠠᠳᠠᠭ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠢ ᠲᠡᠮᠵᠢᠬᠰᠠᠨ ᠦᠭᠡᠢ ᠪᠠᠷ ᠲᠦᠷᠭᠡᠨ ᠤ ᠵᠠᠮ ᠤᠨ ᠰᠦᠢᠳᠭᠡᠯ | ᠬᠤᠷᠢᠶᠠᠬᠤ ᠦᠷᠲᠡᠭᠡ᠂ ᠬᠠᠷᠢᠯᠴᠡᠨ ᠨᠡᠪᠲᠡᠷᠡᠬᠦ ᠲᠤᠭᠤᠷᠢᠭ᠂ ᠦᠢᠯᠡᠴᠢᠯᠡᠭᠡᠨ ᠤ ᠲᠤᠭᠤᠷᠢᠭ ᠲᠤ ᠵᠠᠷ ᠮᠡᠳᠡᠭᠡᠨ ᠤ | ᠲᠦᠬᠦᠭᠡᠷᠦᠮᠵᠢ ᠲᠠᠯᠪᠢᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠬᠤᠭᠤᠴᠠᠭ᠎ᠠ ᠬᠢᠵᠠᠭᠠᠷᠯᠠᠨ | ᠨᠤᠷᠠᠭᠠᠨ ᠰᠢᠯᠵᠢᠭᠦᠯᠬᠦ ᠶᠢᠨ ᠬᠠᠮᠲᠤ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | ᠬᠤᠭᠤᠴᠠᠭ᠎ᠠ ᠨᠢ ᠬᠡᠲᠦᠷᠡᠨ ᠨᠤᠷᠠᠭᠠᠨ ᠰᠢᠯᠵᠢᠭᠦᠯᠦᠭᠰᠡᠨ ᠦᠭᠡᠢ ᠪᠤᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠨᠤᠷᠠᠭᠠᠨ ᠰᠢᠯᠵᠢᠭᠦᠯᠦᠨ᠎ᠡ᠂ ᠬᠠᠮᠢᠶ᠎ᠠ ᠪᠦᠬᠦᠢ ᠵᠠᠷᠤᠳᠠᠯ ᠢ ᠲᠦᠬᠦᠭᠡᠷᠦᠮᠵᠢ ᠲᠠᠯᠪᠢᠬᠰᠡᠨ ᠬᠦᠮᠦᠨ | ᠡᠭᠦᠷᠭᠡᠯᠡᠨ᠎ᠡ᠃ | ᠲᠠᠪᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠲᠦᠷᠭᠡᠨ ᠤ ᠵᠠᠮ ᠤᠨ | ᠡᠵᠡᠩᠨᠡᠭᠴᠢ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠦᠷᠭᠡᠨ ᠤ ᠵᠠᠮ ᠤᠨ ᠬᠠᠮᠢᠶᠠᠷᠤᠯᠲᠠ ᠶᠢᠨ | ᠪᠠᠶᠢᠭᠤᠯᠤᠮᠵᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ ᠶᠢᠨ ᠬᠠᠮᠲᠤ 1 ᠲᠦᠮᠡᠨ | ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠄ | ︵ᠨᠢᠭᠡ︶ ᠲᠤᠰ ᠲᠦᠷᠢᠮ ᠤᠨ ᠲᠦᠴᠢᠨ ᠭᠤᠷᠪᠠᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ᠂ | ᠬᠠᠩᠭᠠᠭᠰᠠᠨ ᠦᠢᠯᠡᠴᠢᠯᠡᠭᠡᠨ ᠤ ᠲᠦᠬᠦᠭᠡᠷᠦᠮᠵᠢ ᠨᠢ ᠡᠵᠡᠩᠨᠡᠯᠲᠠ ᠶᠢᠨ ᠬᠠᠮᠢᠶᠠᠷᠤᠯᠲᠠ ᠶᠢᠨ ᠲᠦᠷᠢᠮᠵᠢᠯ ᠳᠤ ᠨᠡᠶᠢᠴᠡᠬᠦ | ᠦᠭᠡᠢ︔ | ︵ᠬᠤᠶᠠᠷ︶ ᠲᠤᠰ ᠲᠦᠷᠢᠮ ᠤᠨ ᠲᠦᠴᠢᠨ ᠲᠦᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ | ᠲᠤᠭᠲᠠᠭᠠᠯ ᠠᠴᠠ ᠵᠦᠷᠢᠴᠡᠨ᠂ ᠦᠷᠭᠦᠯᠵᠢᠯᠡᠭᠰᠡᠨ ᠦᠢᠯᠡᠴᠢᠯᠡᠭᠡ ᠬᠠᠩᠭᠠᠭᠰᠠᠨ ᠦᠭᠡᠢ ᠪᠤᠶᠤ ᠬᠡᠰᠡᠭ | ᠦᠢᠯᠡᠴᠢᠯᠡᠭᠡ ᠶᠢ ᠲᠤᠷ᠎ᠠ ᠪᠠᠷ ᠵᠤᠭᠰᠤᠭᠠᠬᠤ᠃ | ᠲᠠᠪᠢᠨ ᠵᠢᠷᠭᠤᠳᠤᠭᠠᠷ ᠵᠦᠢᠯ ᠵᠠᠮ ᠬᠠᠷᠢᠯᠴᠠᠭ᠎ᠠ ᠲᠡᠭᠡᠭᠡᠪᠤᠷᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠂ | ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ᠂ | ᠲᠦᠷᠭᠡᠨ ᠤ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠠᠵᠢᠯᠲᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠡ ᠪᠤᠶᠤ ᠲᠠᠭᠡᠲᠤ ᠱᠠᠲᠤᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠭᠴᠢ ᠪᠠ | ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ | ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠠᠴᠠ ᠵᠦᠷᠢᠴᠡᠨ ᠬᠡᠷᠡᠭᠵᠢᠭᠦᠯᠬᠦ︔ | ︵ᠬᠤᠶᠠᠷ︶ ᠲᠤᠭᠲᠠᠭᠠᠯ ᠠᠴᠠ ᠵᠦᠷᠢᠴᠡᠨ ᠬᠡᠪ ᠢᠶᠠᠷ ᠶᠠᠪᠤᠵᠤ ᠪᠠᠶᠢᠭ᠎ᠠ ᠲᠡᠷᠭᠡ ᠶᠢ ᠬᠠᠰᠢᠨ ᠬᠤᠷᠢᠬᠤ᠂ | ᠪᠠᠶᠢᠴᠠᠭᠠᠬᠤ︔ | ︵ᠭᠤᠷᠪᠠ︶ ᠬᠠᠤᠯᠢ ᠠᠴᠠ ᠵᠦᠷᠢᠴᠡᠨ ᠲᠡᠷᠭᠡ᠂ ᠪᠠᠭᠠᠵᠢ ᠬᠡᠷᠡᠭᠰᠡᠯ ᠦᠯᠡᠳᠡᠭᠡᠵᠤ ᠠᠪᠬᠤ ᠪᠤᠶᠤ ᠬᠠᠤᠯᠢ | ᠶᠤᠰᠤᠭᠠᠷ ᠦᠯᠡᠳᠡᠭᠡᠨ ᠠᠪᠤᠭᠰᠠᠨ ᠲᠡᠷᠭᠡ᠂ ᠪᠠᠭᠠᠵᠢ ᠬᠡᠷᠡᠭᠰᠡᠯ ᠢ ᠬᠡᠷᠡᠭᠯᠡᠬᠦ︔ | ︵ᠲᠦᠷᠪᠠ︶ ᠲᠤᠭᠲᠠᠭᠠᠯ ᠠᠴᠠ ᠵᠦᠷᠢᠴᠡᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠠᠯᠪᠠᠳᠠᠯᠭ᠎ᠠ ᠪᠠᠷ | ᠲᠤᠭᠲᠠᠭᠠᠵᠤ᠂ ᠲᠡᠷᠭᠡᠨ ᠤ ᠬᠠᠷᠰᠢ ᠰᠠᠭᠠᠳ ᠢ ᠠᠷᠢᠯᠭᠠᠨ ᠲᠤᠰᠠᠯᠠᠬᠤ︔ | ︵ᠲᠠᠪᠤ︶ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠡᠳ ᠬᠠᠤᠯᠢ ᠶᠤᠰᠤᠭᠠᠷ | ᠪᠠᠶᠢᠴᠠᠭᠠᠨ ᠰᠢᠳᠭᠡᠬᠦ ᠦᠭᠡᠢ︔ | ︵ᠵᠢᠷᠭᠤᠭ᠎ᠠ︶ ᠲᠤᠰᠢᠶᠠᠯ ᠤᠨ ᠲᠠᠰᠢᠷᠠᠮ ᠢᠶᠠᠨ ᠠᠰᠢᠭᠯᠠᠨ᠂ ᠪᠤᠰᠤᠳ ᠤᠨ ᠡᠳ᠋ ᠬᠤᠭᠰᠢᠯ ᠪᠤᠶᠤ ᠪᠤᠰᠤᠳ | ᠠᠰᠢᠭ ᠲᠤᠰᠠ ᠶᠢ ᠨᠡᠭᠡᠨ ᠠᠪᠬᠤ᠂ ᠬᠦᠯᠢᠶᠡᠨ ᠠᠪᠬᠤ︔ | ︵ᠲᠤᠯᠤᠭ᠎ᠠ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ | ᠵᠦᠷᠢᠴᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠭᠰᠠᠨ ᠪᠤᠰᠤᠳ ᠦᠢᠯᠡ ᠠᠵᠢᠯᠯᠠᠭ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠠᠪᠢᠨ ᠲᠤᠯᠤᠳᠤᠭᠠᠷ ᠵᠦᠢᠯ ᠲᠤᠰ ᠲᠦᠷᠢᠮ ᠤᠨ ᠲᠤᠤᠷᠠᠬᠢ ᠬᠡᠯᠡᠯᠭᠡ ᠶᠢᠨ ᠤᠳᠬ᠎ᠠ ᠨᠢ᠄ ᠲᠦᠷᠭᠡᠨ ᠤ ᠵᠠᠮ | ᠭᠡᠳᠡᠭ ᠨᠢ ᠤᠯᠤᠰ ᠤᠨ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠡ︾ ᠳᠤ ᠨᠡᠶᠢᠴᠡᠨ᠂ ᠮᠠᠰᠢᠨ | ᠲᠡᠷᠭᠡᠨ ᠤ ᠴᠢᠭᠯᠡᠯ ᠬᠤᠪᠢᠶᠠᠨ ᠲᠡᠷᠭᠡᠨ ᠵᠠᠮ ᠬᠤᠪᠢᠶᠠᠨ ᠶᠠᠪᠤᠬᠤ ᠳᠤ ᠲᠤᠰᠬᠠᠢ ᠬᠡᠷᠡᠭᠯᠡᠬᠦ ᠶᠢᠨ ᠬᠠᠮᠲᠤ ᠤᠷᠤᠵᠤ | ᠭᠠᠷᠬᠤ ᠶᠢ ᠪᠦᠷᠢᠨ ᠡᠵᠡᠮᠳᠡᠬᠦ ᠤᠯᠠᠨ ᠲᠡᠷᠭᠡᠨ ᠵᠠᠮ ᠲᠠᠢ ᠵᠠᠰᠠᠮᠠᠯ ᠵᠠᠮ ᠢ ᠵᠢᠭᠠᠵᠤ ᠪᠤᠢ᠃ | ᠲᠦᠷᠭᠡᠨ ᠤ ᠵᠠᠮ ᠤᠨ ᠬᠡᠷᠡᠭᠯᠡᠬᠦ ᠭᠠᠵᠠᠷ ᠭᠡᠳᠡᠭ ᠨᠢ ᠲᠦᠷᠭᠡᠨ ᠤ ᠵᠠᠮ ᠤᠨ ᠬᠤᠶᠠᠷ ᠲᠠᠯ᠎ᠠ ᠶᠢᠨ ᠰᠤᠪᠠᠭ ︵ | ᠤᠰᠤ ᠬᠠᠰᠢᠬᠤ ᠰᠤᠪᠠᠭ᠂ ᠪᠡᠯ ᠤᠨ ᠬᠤᠷᠮᠤᠢ ᠶᠢᠨ ᠪᠡᠯ ᠬᠠᠮᠠᠭᠠᠯᠠᠬᠤ ᠵᠠᠮ︶ ᠤᠨ ᠭᠠᠳᠠᠷ ᠬᠦᠪᠡᠭᠡ ᠠᠴᠠ ᠡᠬᠢᠯᠡᠨ | ᠬᠠᠤᠯᠢ ᠶᠤᠰᠤᠭᠠᠷ ᠲᠠᠲᠠᠪᠤᠷᠢᠯᠠᠨ ᠬᠡᠷᠡᠭᠯᠡᠭᠰᠡᠨ ᠭᠠᠵᠠᠷ ᠰᠢᠷᠤᠢ ᠶᠢ ᠵᠢᠭᠠᠵᠤ ᠪᠤᠢ᠂ ᠡᠭᠦᠨ ᠳᠤ ᠬᠠᠤᠯᠢ ᠶᠤᠰᠤᠭᠠᠷ | ᠲᠠᠲᠠᠪᠤᠷᠢᠯᠠᠨ ᠬᠡᠷᠡᠭᠯᠡᠭᠰᠡᠨ ᠲᠦᠷᠭᠡᠨ ᠤ ᠵᠠᠮ ᠤᠨ ᠰᠦᠢᠳᠭᠡᠯ ᠬᠤᠷᠢᠶᠠᠬᠤ ᠲᠠᠯᠠᠪᠤᠷ ︵ᠦᠷᠲᠡᠭᠡ︶᠂ | ᠦᠢᠯᠡᠴᠢᠯᠡᠭᠡᠨ ᠤ ᠲᠤᠨᠤᠭ ᠵᠡᠷᠭᠡ ᠲᠦᠬᠦᠭᠡᠷᠦᠮᠵᠢ ᠳᠤ ᠲᠤᠰᠬᠠᠢ ᠬᠡᠷᠡᠭᠯᠡᠬᠦ ᠬᠡᠷᠡᠭᠯᠡᠬᠦ ᠭᠠᠵᠠᠷ ᠢ ᠪᠠᠭᠲᠠᠭᠠᠨ᠎ᠡ᠃ | ᠲᠦᠷᠭᠡᠨ ᠤ ᠵᠠᠮ ᠤᠨ ᠲᠠᠭᠠᠯᠳᠤᠭᠤᠯᠤᠯ ᠲᠦᠬᠦᠭᠡᠷᠦᠮᠵᠢ ᠭᠡᠳᠡᠭ ᠨᠢ ᠲᠦᠷᠭᠡᠨ ᠤ ᠵᠠᠮ ᠢ ᠬᠠᠮᠠᠭᠠᠯᠠᠬᠤ᠂ | ᠠᠷᠠᠴᠢᠯᠠᠨ ᠬᠠᠮᠠᠭᠠᠯᠠᠬᠤ ᠪᠠ ᠲᠦᠷᠭᠡᠨ ᠤ ᠵᠠᠮ ᠤᠨ ᠠᠶᠤᠯᠭᠦᠢ ᠨᠡᠪᠲᠡᠷᠡᠬᠦ ᠶᠢ ᠪᠠᠲᠤᠯᠠᠬᠤ ᠳᠤ ᠪᠠᠶᠢᠭᠤᠯᠤᠭᠰᠠᠨ | ᠵᠠᠰᠠᠮᠠᠯ ᠵᠠᠮ ᠢ ᠰᠡᠷᠭᠡᠶᠢᠯᠡᠨ ᠬᠠᠮᠠᠭᠠᠯᠠᠬᠤ᠂ ᠤᠰᠤ ᠲᠠᠲᠠᠷᠠᠭᠤᠯᠬᠤ᠂ ᠨᠤᠭᠤᠭᠠᠷᠠᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠦᠢᠯᠡᠴᠢᠯᠡᠭᠡ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠢᠨᠠᠨ ᠡᠵᠡᠮᠰᠢᠬᠦ᠂ ᠴᠢᠮᠡᠭᠡ ᠬᠤᠯᠪᠤᠭ᠎ᠠ᠂ | ᠰᠦᠢᠳᠭᠡᠯ ᠬᠤᠷᠢᠶᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠬᠡᠷᠡᠯᠲᠦᠭᠦᠯᠭᠡ ᠵᠡᠷᠭᠡ ᠲᠦᠬᠦᠭᠡᠷᠦᠮᠵᠢ ᠪᠠ | ᠲᠤᠰᠬᠠᠢ ᠬᠡᠷᠡᠭᠯᠡᠬᠦ ᠪᠠᠷᠢᠯᠭ᠎ᠠ ᠵᠡᠷᠭᠡ ᠶᠢ ᠵᠢᠭᠠᠵᠤ ᠪᠤᠢ᠃ | ᠲᠦᠷᠭᠡᠨ ᠤ ᠵᠠᠮ ᠤᠨ ᠪᠠᠷᠢᠯᠭ᠎ᠠ ᠶᠢᠨ ᠡᠵᠡᠮᠰᠢᠬᠦ ᠲᠤᠭᠤᠷᠢᠭ ᠭᠡᠳᠡᠭ ᠨᠢ ᠲᠦᠷᠭᠡᠨ ᠤ ᠵᠠᠮ ᠤᠨ ᠬᠡᠷᠡᠭᠯᠡᠬᠦ | ᠭᠠᠵᠠᠷ ᠤᠨ ᠭᠠᠳᠠᠷ ᠬᠦᠪᠡᠭᠡ ᠠᠴᠠ ᠡᠬᠢᠯᠡᠨ ᠭᠠᠳᠠᠭᠰᠢ ᠲᠤᠰᠪᠤᠷᠢ ᠲᠠᠪᠢᠨ ᠮᠧᠲᠷ ᠵᠢᠴᠢ ᠵᠦᠷᠢᠯᠢᠭ ᠬᠦᠬᠦᠷᠭᠡ ᠶᠢᠨ | ᠬᠤᠯᠪᠤᠭᠠᠰᠤ ᠵᠠᠮ᠂ ᠲᠦᠷᠭᠡᠨ ᠤ ᠵᠠᠮ ᠤᠨ ᠬᠤᠯᠪᠤᠬᠤ ᠱᠤᠭᠤᠮ ᠤᠨ ᠬᠤᠶᠠᠷ ᠲᠠᠯ᠎ᠠ᠂ ᠰᠦᠢᠳᠭᠡᠯ ᠬᠤᠷᠢᠶᠠᠬᠤ | ᠦᠷᠲᠡᠭᠡᠨ ᠤ ᠡᠷᠬᠢᠨ ᠲᠤᠭᠤᠷᠢᠨ ᠠᠴᠠ ᠲᠤᠰᠪᠤᠷᠢ ᠵᠠᠭᠤᠨ ᠮᠧᠲᠷ ᠤᠨ ᠬᠦᠷᠢᠶ᠎ᠡ ᠬᠡᠪᠴᠢᠶᠡᠨ ᠲᠤᠲᠤᠷᠠᠬᠢ ᠭᠠᠵᠠᠷ ᠢ | ᠵᠢᠭᠠᠵᠤ ᠪᠤᠢ᠃ | ᠲᠠᠪᠢᠨ ᠨᠠᠢᠮᠠᠳᠤᠭᠠᠷ ᠵᠦᠢᠯ ᠲᠤᠰ ᠲᠦᠷᠢᠮ ᠢ 2015 ᠤᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | | |