ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠨᠢᠭᠡ ᠬᠦᠮᠦᠨ ᠨᠢᠭᠡ ᠪᠠᠩᠬᠢ ᠳᠤ ᠬᠡᠳᠦᠨ I ᠲᠦᠷᠦᠯ ᠤᠨ  ᠳᠠᠩᠰᠠᠨ ᠡᠷᠦᠬᠡ ᠨᠡᠭᠡᠭᠡᠵᠤ ᠪᠤᠯᠤᠨ᠎ᠠ ᠤᠤ︖
ᠨᠡᠶᠢᠲᠡᠯᠡᠭᠰᠡᠨ ᠴᠠᠭ᠄
2017/9/8
       ᠬᠤᠳᠠᠯᠳᠤᠭᠠᠯᠠᠬᠤ ᠳᠠᠩᠰᠠᠨ ᠡᠷᠦᠬᠡ ᠪᠤᠯᠤᠨ ᠬᠤᠳᠠᠯ ᠬᠠᠭᠤᠷᠮᠠᠭ ᠳᠠᠩᠰᠠᠨ ᠡᠷᠦᠭᠡ ᠨᠡᠭᠡᠭᠡᠭᠦ ᠦᠢᠯᠡ  ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠬᠤᠪᠢ ᠬᠥᠮᠦᠨ ᠤ ᠲᠠᠩᠰᠠᠠ ᠡᠷᠦᠭᠡ ᠶᠢ ᠬᠠᠮᠠᠭᠠᠯᠠᠬᠤ  ᠲᠣᠭᠲᠠᠴᠠ ᠶᠢ ᠪᠠᠶᠢᠭᠤᠯᠬᠤ ᠶᠢᠨ ᠲᠤᠯᠠᠳᠠ᠂ 2016 ᠤᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ  ᠡᠬᠢᠯᠡᠨ᠂ ᠨᠢᠭᠡ ᠬᠥᠮᠦᠨ ᠨᠢᠭᠡ ᠪᠠᠩᠬᠢ ︵ᠬᠠᠤᠯᠢ ᠶᠢᠨ ᠡᠷᠬᠡᠲᠡᠨ ᠢᠶᠠᠷ ᠨᠢᠭᠡᠴᠢ ᠪᠤᠯᠭᠠᠨ᠎ᠠ︶᠎ ᠳᠤ I ᠲᠦᠷᠦᠯ ᠤᠨ  ᠳᠠᠩᠰᠠᠨ ᠡᠷᠦᠬᠡ ᠶᠢ ᠵᠥᠪᠬᠡᠨ ᠨᠢᠭᠡ ᠯᠡ ᠪᠠᠶᠢᠭᠤᠯᠵᠤ ᠪᠤᠯᠬᠤ ᠮᠦᠷᠲᠡᠭᠡᠨ ᠨᠢᠭᠡᠨᠲᠡ I ᠲᠦᠷᠦᠯ ᠤᠨ ᠳᠠᠩᠰᠠᠨ  ᠡᠷᠦᠬᠡ ᠨᠡᠭᠡᠭᠡᠭᠡᠳ ᠲᠠᠬᠢᠨ ᠰᠢᠨ᠎ᠡ ᠳᠠᠩᠰᠠᠨ ᠡᠷᠦᠭᠡ ᠨᠡᠭᠡᠭᠡᠪᠡᠯ᠂ II ᠲᠦᠷᠦᠯ ᠤᠨ ᠳᠠᠩᠰᠠᠨ ᠡᠷᠤᠭᠡ ᠪᠤᠶᠤ III  ᠲᠦᠷᠦᠯ ᠤᠨ ᠳᠠᠩᠰᠠᠨ ᠡᠷᠦᠬᠡ ᠨᠡᠭᠡᠭᠡᠬᠦ ᠬᠡᠷᠡᠭᠲᠡᠶ᠃           ᠰᠠᠨᠠᠭᠤᠯᠤᠮᠵᠢ᠄ I ᠲᠦᠷᠦᠯ ᠤᠨ ᠳᠠᠩᠰᠠᠨ ᠡᠷᠦᠬᠡ ᠪᠤᠯ ᠪᠦᠷᠢᠨ ᠴᠢᠳᠠᠮᠵᠢᠳᠦ ᠳᠠᠩᠰᠠᠨ ᠡᠷᠦᠬᠡ ᠪᠤᠯᠤᠨ᠎ᠠ᠂  ᠵᠣᠭᠤᠰ ᠬᠠᠳᠠᠭᠠᠯᠠᠬᠤ᠂ ᠳᠠᠩᠰᠠ ᠰᠢᠯᠵᠢᠬᠦᠯᠬᠦ᠂ ᠬᠡᠷᠡᠭᠯᠡᠭᠡᠨ ᠤ ᠰᠦᠢᠳᠬᠡᠯ ᠲᠤᠰᠢᠶᠠᠬᠤ᠂ ᠪᠡᠯᠡ  ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠦᠢᠯᠡᠳᠬᠦᠨ ᠬᠤᠳᠠᠯᠳᠤᠨ ᠠᠪᠬᠤ ᠵᠡᠷᠭᠡ ᠶᠢ ᠬᠦᠢᠴᠡᠳᠭᠡᠵᠤ  ᠪᠤᠯᠬᠤ ᠪᠦᠭᠡᠳ ᠬᠡᠷᠡᠭᠯᠡᠬᠦ ᠬᠡᠪᠴᠢᠶ᠎ᠡ ᠪᠤᠯᠤᠨ ᠵᠣᠭᠤᠰ ᠤᠨ ᠲᠤᠭ᠎ᠠ ᠳᠤ ᠬᠢᠵᠠᠭᠠᠷᠯᠠᠭᠳᠠᠬᠤ ᠤᠢᠭᠡᠢ ᠪᠠᠶᠢᠳᠠᠭ᠃  ᠬᠤᠪᠢ ᠬᠥᠮᠦᠨ ᠤ ᠴᠠᠯᠢᠩ ᠤᠨ ᠣᠷᠣᠯᠭ᠎ᠠ᠂ ᠶᠡᠭᠡ ᠲᠣᠭᠠᠨ ᠤ ᠳᠠᠩᠰᠠ ᠰᠢᠯᠵᠢᠭᠦᠯᠬᠦ᠂ ᠮᠥᠩᠭᠦᠨ ᠭᠡᠷᠡᠴᠢ ᠪᠠᠷ  ᠳᠠᠩᠰᠠ ᠰᠢᠯᠵᠢᠭᠦᠯᠬᠦ ᠵᠢᠴᠢ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠨᠠᠰᠤᠵᠢᠯ ᠤᠨ  ᠠᠰᠠᠷᠠᠮᠵᠢ ᠶᠢᠨ ᠮᠥᠩᠭᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠪᠤᠶᠤ ᠤᠯᠭᠤᠬᠤ ᠵᠡᠷᠭᠡ  ᠲᠤᠬᠠᠶᠢᠯᠠᠭᠰᠠᠨ ᠠᠵᠢᠯ ᠢ I ᠲᠦᠷᠦᠯ ᠤᠨ ᠳᠠᠩᠰᠠᠨ ᠡᠷᠦᠬᠡ ᠪᠠᠷ ᠳᠠᠮᠵᠢᠨ ᠰᠢᠢᠳᠪᠦᠷᠢᠯᠡᠨ᠎ᠡ᠃ II᠂ III ᠲᠦᠷᠦᠯ ᠤᠨ  ᠳᠠᠩᠰᠠᠨ ᠡᠷᠦᠬᠡ ᠪᠤᠯ ᠴᠢᠳᠠᠮᠵᠢ ᠶᠢᠨ ᠬᠢᠵᠠᠭᠠᠷ ᠲᠠᠢ ᠪᠥᠭᠡᠳ I ᠲᠦᠷᠦᠯ ᠤᠨ ᠳᠠᠩᠰᠠᠨ ᠡᠷᠦᠬᠡ ᠲᠠᠢ  ᠪᠠᠷᠢᠯᠳᠤᠭᠤᠯᠤᠨ ᠬᠡᠷᠡᠭᠯᠡᠬᠦ ᠴᠢᠬᠤᠯᠠᠲᠠᠢ ᠶᠤᠮ᠃ II ᠲᠦᠷᠦᠯ ᠤᠨ ᠳᠠᠩᠰᠠᠨ ᠡᠷᠦᠬᠡ ᠶᠢᠨ ᠪᠡᠯᠡ ᠮᠥᠩᠭᠦ ᠨᠢ I  ᠲᠦᠷᠦᠯ ᠤᠨ ᠳᠠᠩᠰᠠᠨ ᠡᠷᠦᠬᠡ ᠠᠴᠠ ᠢᠷᠡᠯᠲᠡ ᠲᠠᠢ᠂ ᠵᠣᠭᠤᠰ ᠬᠠᠳᠠᠭᠠᠯᠠᠬᠤ  ᠂ ᠪᠠᠩᠬᠢ ᠶᠢᠨ ᠪᠡᠯᠡ  ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ ᠦᠢᠯᠡᠳᠬᠦᠨ ᠬᠤᠳᠠᠯᠳᠤᠨ ᠠᠪᠬᠤ᠂ ᠬᠡᠷᠡᠭᠯᠡᠭᠡᠨ ᠤ  ᠰᠦᠢᠳᠬᠡᠯ ᠲᠤᠰᠢᠶᠠᠬᠤ ᠵᠡᠷᠭᠡ ᠶᠢ ᠬᠦᠢᠴᠡᠳᠭᠡᠵᠤ ᠪᠤᠯᠤᠨ᠎ᠠ᠃ III ᠲᠦᠷᠦᠯ ᠤᠨ ᠳᠠᠩᠰᠠᠨ ᠡᠷᠦᠬᠡ ᠶᠢ ᠪᠤᠯ  ᠭᠤᠣᠯᠳᠠᠭᠤ ᠰᠦᠯᠵᠢᠶᠡᠨ ᠳᠡᠭᠡᠷ᠎ᠡ ᠵᠤᠭᠤᠰ ᠦᠭᠭᠦ᠂ ᠰᠦᠯᠵᠢᠶᠠᠨ ᠤ ᠭᠠᠳᠠᠨ᠎ᠠ ᠭᠠᠷ ᠤᠲᠠᠰᠤ ᠪᠠᠷ ᠵᠤᠭᠤᠰ ᠥᠭᠬᠦ  ᠵᠡᠷᠭᠡ ᠪᠠᠭ᠎ᠠ ᠲᠤᠭᠠᠨ ᠤ ᠵᠤᠭᠤᠰ ᠲᠦᠯᠦᠬᠦ ᠳᠤ ᠬᠡᠷᠡᠭᠯᠡᠵᠤ᠂ ᠬᠡᠷᠡᠭᠯᠡᠭᠡᠨ ᠤ ᠰᠦᠢᠳᠬᠡᠯ ᠲᠤᠰᠢᠶᠠᠵᠤ ᠪᠣᠯᠤᠨ᠎ᠠ᠃  ᠬᠤᠶᠢᠰᠢᠳᠠ ᠬᠤᠪᠢ ᠬᠥᠮᠦᠨ ᠤ ᠬᠡᠷᠡᠭᠯᠡᠬᠦ ᠪᠠᠩᠬᠢ ᠶᠢᠨ ᠲᠠᠰᠤᠯᠤᠨ ᠪᠣᠳᠣᠬᠤ ᠳᠠᠩᠰᠠᠨ ᠡᠷᠦᠭᠡ ᠶᠢ I ᠲᠦᠷᠦᠯ ᠤᠨ  ᠳᠠᠩᠰᠠᠨ ᠡᠷᠦᠭᠡ ᠪᠠᠷ ᠭᠤᠤᠯᠯᠠᠭᠤᠯᠵᠤ᠂ II᠂ III ᠲᠦᠷᠦᠯ ᠤᠨ ᠳᠠᠩᠰᠠᠨ ᠡᠷᠦᠬᠡ ᠪᠠᠷ ᠬᠠᠪᠰᠤᠷᠤᠮᠵᠢ ᠪᠤᠯᠭᠠᠭᠰᠠᠨ  ᠳᠠᠩᠰᠠᠨ ᠡᠷᠦᠬᠡ ᠶᠢᠨ ᠰᠢᠰᠲ᠋ᠧᠮᠵᠢ ᠶᠢ ᠪᠠᠶᠢᠭᠤᠯᠬᠤ ᠪᠣᠯᠤᠨ᠎ᠠ᠃ ᠡᠭᠦᠨ ᠤ ᠬᠠᠮᠲᠤ᠂ ᠬᠤᠪᠢ ᠬᠥᠮᠦᠨ ᠤ ᠣᠨᠳᠣᠣ  ᠭᠠᠵᠠᠷ ᠲᠠᠬᠢ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ ᠨᠢ ᠲᠦᠬᠦᠮ ᠦᠵᠡᠭᠦᠯᠬᠦ ᠶᠢᠨ ᠲᠥᠯᠥᠭᠡ᠂ ︽ ᠪᠠᠩᠬᠢ ᠶᠢᠨ ᠺᠠᠷᠲ ᠤᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ ᠶᠢ ᠴᠡᠭᠴᠡᠯᠡᠨ ᠵᠠᠰᠠᠬᠤ ᠲᠤᠰᠬᠠᠶ  ᠠᠵᠢᠯᠯᠠᠭ᠎ᠠ ᠦᠷᠨᠢᠬᠦᠯᠬᠦ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾᠎ ᠢ ᠪᠠᠭᠤᠯᠭᠠᠭᠰᠠᠨ  ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ᠂ ᠪᠠᠩᠬᠢ ᠠᠴᠠ ᠲᠤᠰ ᠪᠠᠩᠬᠢ ᠶᠢᠨ ᠳᠤᠲᠤᠭᠠᠲᠤ ᠳᠤ ᠣᠨᠳᠣᠣ  ᠭᠠᠵᠠᠷ ᠲᠤ ᠪᠡᠯᠡ ᠮᠦᠡᠭᠭᠦ ᠬᠠᠳᠠᠭᠠᠯᠠᠬᠤ ᠪᠠ ᠭᠠᠷᠭᠠᠵᠤ ᠠᠪᠬᠤ᠂ ᠳᠠᠩᠰᠠ ᠰᠢᠯᠵᠢᠬᠦᠯᠬᠦ ᠵᠡᠷᠭᠡ ᠲᠤᠬᠠᠶᠢᠯᠠᠭᠰᠠᠨ  ᠠᠵᠢᠯ ᠳᠤ ᠰᠦᠢᠳᠬᠡᠯ ᠬᠤᠷᠢᠶᠠᠬᠤ ᠦᠭᠡᠢ᠃              ᠬᠤᠪᠢ ᠬᠥᠮᠦᠨ ᠤ ATM᠎ ᠢᠶᠠᠷ ᠳᠠᠩᠰᠠ ᠰᠢᠯᠵᠢᠭᠦᠯᠦᠭᠰᠡᠨ ᠪᠡᠯᠡ ᠮᠥᠩᠭᠦ ᠨᠢ ᠬᠡᠵᠢᠶ᠎ᠡ ᠳᠠᠩᠰᠠᠨ ᠳᠤ  ᠤᠷᠤᠬᠤ ᠪᠤᠢ︖              ᠮᠡᠬᠡᠯᠡᠭᠴᠢ ᠡᠲᠡᠭᠡᠳ ᠬᠤᠬᠢᠷᠠᠯ ᠠᠮᠰᠠᠭᠴᠢ ᠶᠢ ᠮᠡᠭᠡᠯᠡᠵᠤ ᠪᠠᠶᠢᠭᠠᠳ ᠪᠡᠯᠡ ᠮᠦᠡᠭᠭᠦ ᠶᠢᠨ ᠳᠠᠩᠰᠠ ᠶᠢ  ᠰᠢᠯᠵᠢᠭᠦᠯᠬᠦ ᠪᠠ ᠪᠤᠵᠠᠷ ᠵᠣᠭᠤᠰ ᠢ ᠪᠡᠯᠡᠨ ᠵᠣᠭᠤᠰ ᠪᠣᠯᠭᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠰᠤᠯᠬᠤ ᠶᠢᠨ  ᠲᠤᠯᠠᠳᠠ᠂ 2016 ᠤᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠲᠤᠰ ᠬᠦᠮᠦᠨ ᠳᠤ ᠠᠳᠠᠯᠢ  ᠪᠠᠩᠬᠢ ᠶᠢᠨ ᠳᠠᠩᠰᠠᠨ ᠡᠷᠦᠬᠡ ᠳᠤ ᠳᠠᠩᠰᠠ ᠰᠢᠯᠵᠢᠭᠦᠯᠬᠦ ᠠᠴᠠ ᠭᠠᠳᠠᠨ᠎ᠠ᠂ ᠬᠤᠪᠢ ᠬᠥᠮᠦᠨ ᠲᠤᠰᠠᠯᠠᠮᠵᠢ ᠶᠢᠨ  ᠠᠦ᠋ᠲ᠋ᠣ᠋ ᠮᠠᠰᠢᠨ ᠢᠶᠠᠷ ᠲᠡᠩᠰᠠ ᠰᠢᠯᠵᠢᠭᠦᠯᠬᠦ ᠳᠤ ᠬᠦᠷᠪᠡᠯ᠂ ᠺᠠᠷᠲ ᠲᠠᠷᠬᠠᠭᠠᠭᠰᠠᠨ ᠪᠠᠩᠬᠢ ᠨᠢ  ᠬᠦᠯᠢᠶᠡᠨ  ᠠᠪᠤᠭᠰᠠᠨ ᠠᠴᠠ ᠪᠠᠨ 24 ᠴᠠᠭ ᠤᠨ ᠲᠠᠷᠠᠭ᠎ᠠ ᠪᠡᠯᠡ ᠮᠥᠩᠭᠦᠨ ᠤ ᠳᠠᠩᠰᠠ ᠰᠢᠯᠵᠢᠭᠦᠯᠬᠦ ᠶᠢ ᠬᠦᠢᠴᠡᠳᠭᠡᠵᠤ  ᠦᠭᠭᠦᠨ᠎ᠡ᠃ ᠺᠠᠷᠲ ᠲᠠᠷᠬᠠᠭᠠᠭᠰᠠᠨ ᠪᠠᠩᠬᠢ ᠬᠦᠯᠢᠶᠡᠨ ᠠᠪᠤᠭᠰᠠᠨ 24 ᠴᠠᠭ ᠤᠨ ᠳᠣᠲᠣᠷ᠎ᠠ᠂ ᠬᠤᠪᠢ ᠬᠥᠮᠦᠨ  ᠺᠠᠷᠲ ᠲᠠᠷᠬᠠᠭᠠᠭᠰᠠᠨ ᠪᠠᠩᠬᠢ ᠳᠤ ᠳᠠᠩᠰᠠ ᠰᠢᠯᠵᠢᠭᠦᠯᠬᠦ ᠪᠠᠨ ᠬᠦᠴᠦᠨ ᠦᠭᠡᠢ ᠪᠤᠯᠭᠠᠬᠤ ᠪᠠᠷ ᠭᠤᠶᠤᠴᠢᠯᠠᠵᠤ  ᠪᠣᠯᠤᠨ᠎ᠠ᠃            ᠰᠠᠨᠠᠭᠤᠯᠤᠮᠵᠢ᠄ ᠬᠤᠪᠢ ᠬᠥᠮᠦᠨ ᠲᠤᠰᠠᠯᠠᠮᠵᠢ ᠶᠢᠨ ᠠᠦ᠋ᠲ᠋ᠣ᠋ ᠮᠠᠰᠢᠨ ᠢᠶᠠᠷ ᠳᠠᠩᠰᠠ ᠰᠢᠯᠵᠢᠬᠦᠯᠵᠤ᠂ ᠬᠦᠯᠢᠶᠡᠨ  ᠠᠪᠤᠭᠰᠠᠨ ᠤ ᠳᠠᠷᠠᠭᠠᠬᠢ 24 ᠴᠠᠭ ᠤᠨ ᠳᠣᠲᠣᠷ᠎ᠠ ᠬᠦᠴᠦᠨ ᠦᠭᠡᠢ ᠪᠣᠯᠭᠠᠵᠤ ᠪᠤᠯᠬᠤ ᠠᠴᠠ ᠪᠤᠯᠤᠭᠠᠳ᠂ ᠬᠠᠤᠯᠢ  ᠪᠤᠰᠤ ᠡᠲᠡᠭᠡᠳ ᠳᠠᠩᠰᠠ ᠰᠢᠯᠵᠢᠭᠦᠯᠬᠦ ᠶᠢ ᠬᠦᠴᠦᠨ ᠦᠭᠡᠢ ᠪᠣᠯᠭᠠᠬᠤ ᠶᠢ ᠳᠠᠯᠢᠮᠳᠠᠭᠤᠯᠤᠨ ᠰᠢᠨ᠎ᠡ ᠮᠡᠬᠡᠯᠡᠬᠦ  ᠠᠵᠢᠯᠯᠠᠭ᠎ᠠ ᠬᠢᠵᠤ ᠮᠡᠳᠡᠨ᠎ᠡ᠂ ᠤᠯᠠᠨ ᠢᠶᠠᠷ ᠢᠶᠠᠨ ᠵᠣᠭᠤᠰ ᠬᠤᠷᠢᠶᠠᠬᠤ ᠦᠶ᠎ᠡ ᠳᠤ ᠪᠠᠨ ᠡᠷᠬᠡᠪᠰᠢ ᠪᠣᠯᠭᠤᠮᠵᠢᠲᠠᠶ  ᠪᠠᠶᠢᠵᠤ᠂ ᠬᠠᠤᠯᠢ ᠪᠤᠰᠤ ᠡᠲᠡᠭᠡᠳ ᠤᠨ ᠵᠠᠪᠰᠢᠶᠠᠨ ᠢ ᠳᠠᠯᠢᠮᠳᠠᠭᠤᠯᠤᠨ ᠮᠡᠭᠡᠯᠡᠬᠦ ᠶᠢ ᠰᠡᠷᠭᠡᠶᠢᠯᠡᠬᠦ ᠬᠡᠷᠡᠭᠲᠠᠢ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1