| | ᠨᠡᠷ᠎ᠡ ᠮᠡᠳᠡᠭᠦᠯᠬᠦ ᠨᠥᠬᠦᠴᠡᠯ ᠤᠨ ᠳᠣᠲᠣᠷᠠᠬᠢ ᠴᠠᠭ ᠤᠨ ᠬᠢᠵᠠᠭᠠᠷ ᠤᠨ ᠲᠤᠬᠠᠶ ᠵᠠᠭᠠᠭᠯᠠᠨ ᠲᠤᠲᠠᠭᠠᠭᠰᠠᠨ ᠨᠢ | ᠄ | ᠤᠨᠴᠠᠭᠠᠢ ᠲᠤᠲᠤᠷᠬᠠᠶᠢᠯᠠᠯᠲᠠ ᠦᠭᠡᠢ ᠪᠤᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ | ᠮᠡᠳᠡᠭᠦᠯᠬᠦ ᠨᠥᠬᠦᠴᠡᠯ ᠤᠨ ᠳᠣᠲᠣᠷᠠᠬᠢ ᠲᠠᠢ ᠬᠤᠯᠪᠤᠭᠳᠠᠭᠰᠠᠨ ᠵᠢᠯ ᠤᠨ ᠬᠢᠵᠠᠭᠠᠷ ᠤᠨ ᠪᠤᠳᠤᠯᠲᠠ ᠶᠢ ᠴᠥᠮ | ᠰᠢᠯᠭᠠᠯᠲᠠ ᠳᠤ ᠤᠷᠤᠯᠴᠠᠭᠰᠠᠨ ᠵᠢᠯ ᠤᠨ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠬᠤᠷᠢᠭᠤᠯᠤᠨ | ᠪᠤᠳᠤᠨ᠎ᠠ᠃ ᠲᠤᠬᠠᠶᠢᠯᠠᠪᠠᠯ 2017 ᠣᠨ ᠳᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ | ᠰᠢᠯᠭᠠᠭᠤᠯᠤᠭᠰᠠᠳ ᠢ 2014 ᠤᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠪᠣᠳᠣᠨ᠎ᠠ᠃ | ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ | ᠤᠳ ᠪᠠᠰᠠ ᠡᠷᠬᠡᠪᠰᠢ ᠳᠤᠤᠷᠠᠬᠢ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠶ᠄ | 2014 ᠤᠨ ᠤ 9 ᠳ᠋ᠤᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠲᠤᠰ ᠬᠥᠮᠦᠨ ᠨᠢ ᠮᠠᠨ ᠤ ᠣᠷᠣᠨ ᠤ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠬᠠᠷᠢᠶᠠᠯᠠᠯ ᠲᠠᠢ ᠪᠥᠭᠡᠳ | ᠵᠠᠯᠭᠠᠯᠳᠤᠭ᠎ᠠ ᠪᠠᠷ ᠰᠤᠷᠤᠯᠴᠠᠭᠠᠳ ᠪᠦᠬᠦᠯᠢ 1 ᠵᠢᠯ ᠪᠤᠯᠤᠭᠰᠠᠨ︔ ᠭᠡᠷ ᠤᠨ ᠠᠬᠠᠮᠠᠳ ᠨᠢ ᠮᠠᠨ ᠤ ᠣᠷᠣᠨ ᠳᠤ | ᠬᠠᠤᠯᠢ ᠶᠣᠰᠣᠨ ᠤ ᠲᠤᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠲᠠᠢ ᠪᠥᠭᠡᠳ | ᠵᠠᠯᠭᠠᠯᠳᠤᠭ᠎ᠠ ᠪᠠᠷ ᠣᠷᠣᠰᠢᠨ ᠰᠠᠭᠤᠭᠰᠠᠨ᠂ ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠲᠠᠢ ᠮᠥᠷᠲᠡᠭᠡᠨ ᠭᠠᠶᠢᠯᠢ | ᠲᠤᠰᠢᠶᠠᠭᠠᠳ ︵ᠪᠤᠶᠤ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ︶ | ᠪᠦᠬᠦᠯᠢ 1 ᠵᠢᠯ ᠪᠤᠯᠤᠭᠰᠠᠨ ᠪᠠᠶᠢᠬᠤ ᠬᠡᠷᠡᠭᠲᠠᠢ᠃ | ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠶᠢᠨ ᠲᠤᠬᠠᠶ ᠵᠠᠭᠠᠭᠯᠠᠨ ᠲᠣᠭᠲᠠᠭᠠᠭᠰᠠᠨ ᠨᠢ᠄ | ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠳᠤ ᠬᠠᠤᠯᠢ ᠶᠣᠰᠣᠭᠠᠷ ᠣᠯᠤᠭᠰᠠᠨ ᠥᠮᠴᠢᠯᠡᠬᠦ | ᠡᠷᠬᠡ ᠪᠤᠶᠤ ᠬᠡᠷᠡᠭᠯᠡᠬᠦ ᠡᠷᠬᠡ ᠲᠠᠢ ᠤᠷᠤᠨ ᠰᠠᠭᠤᠴᠠ ᠪᠠᠭᠲᠠᠨ᠎ᠠ᠂ ᠡᠬᠦᠨ ᠳᠤ ᠬᠤᠳᠠᠯᠳᠤᠨ ᠠᠪᠬᠤ᠂ | ᠳᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ ᠣᠯᠤᠭᠰᠠᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠬᠡᠷ | ᠪᠠᠶᠢᠰᠢᠩ ᠪᠠᠭᠲᠠᠨ᠎ᠠ᠃ ᠨᠡᠷ᠎ᠡ ᠮᠡᠳᠡᠭᠦᠯᠬᠦ ᠳᠡᠭᠡᠨ ᠭᠡᠷ ᠬᠦᠷᠦᠩᠭᠡ ᠶᠢᠨ ᠦᠨᠡᠮᠯᠡᠯ᠂ ᠭᠡᠷ ᠬᠤᠳᠠᠯᠳᠤᠨ ᠠᠪᠤᠭᠰᠠᠨ | ᠭᠡᠷ᠎ᠡ᠂ ᠭᠡᠷ ᠪᠠᠶᠢᠰᠢᠩ ᠳᠦᠷᠢᠶᠡᠰᠦᠯᠡᠭᠰᠡᠨ ᠭᠡᠷ᠎ᠡ ᠵᠡᠷᠭᠡ ᠭᠡᠷᠡᠴᠢ ᠮᠠᠲ᠋ᠧᠷᠢᠶᠠᠯ ᠢ ᠦᠵᠡᠭᠦᠯᠬᠦ ᠶᠢᠨ ᠬᠠᠮᠲᠤ ᠰᠤᠮᠤ᠂ | ᠰᠢᠶᠠᠩ ᠪᠠᠯᠭᠠᠰᠤ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠤ ᠥᠭᠭᠦᠭᠰᠡᠨ ᠳᠡᠭᠡᠷ᠎ᠡ | ᠳᠤᠷᠠᠳᠤᠭᠰᠠᠨ ᠭᠡᠷ ᠪᠠᠶᠢᠰᠢᠩ ᠤᠨ ᠪᠣᠳᠠᠲᠠᠶ ᠣᠷᠣᠰᠢᠨ ᠰᠠᠭᠤᠵᠤ ᠡᠬᠢᠯᠡᠭᠰᠡᠨ ᠪᠠ ᠲᠡᠭᠦᠰᠦᠭᠰᠡᠨ ᠴᠠᠭ | ᠬᠤᠭᠤᠴᠠᠭ᠎ᠠ ᠶᠢᠨ ᠭᠡᠷᠡᠴᠢ ᠪᠣᠯᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ | ᠨᠥᠬᠦᠴᠡᠯ ᠳᠤ ᠬᠤᠯᠪᠤᠭᠳᠠᠬᠤ ᠴᠠᠭ ᠬᠤᠭᠤᠴᠠᠭᠠᠨ ᠤ ᠳᠤᠲᠤᠷᠠᠬᠢ ᠡᠯ᠎ᠡ ᠤᠨ ᠢᠶᠠᠷ ᠬᠡᠷᠡᠭᠯᠡᠭᠰᠡᠨ ᠴᠠᠬᠢᠯᠭᠠᠨ᠂ | ᠤᠰᠤᠨ ᠤ ᠰᠦᠢᠳᠬᠡᠯ ᠲᠤᠰᠢᠶᠠᠭᠰᠠᠨ ᠪᠠᠷᠢᠮᠲᠠ ᠦᠨᠡᠮᠯᠡᠯ ︵ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ | ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠬᠡᠤᠬᠡᠳ ᠮᠥᠨ ᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠲᠡᠭᠦᠨ ᠳᠤ ᠪᠠ ᠲᠡᠳᠡᠨ ᠤ ᠭᠡᠷ ᠤᠨ ᠠᠬᠠᠮᠠᠳ ᠲᠤ ᠬᠢᠨᠠᠨ ᠣᠯᠭᠤᠭᠰᠠᠨ ᠬᠠᠷᠢᠴᠠᠩᠭᠤᠢ ᠪᠦᠬᠦᠢ ᠣᠨ ᠤ ︽ᠲᠦᠷ | ᠰᠠᠭᠤᠬᠤ ᠦᠨᠡᠮᠯᠡᠯ︾ ᠪᠤᠶᠤ ︽ᠣᠷᠣᠨ ᠰᠠᠭᠤᠴᠠ ᠶᠢᠨ ᠦᠨᠡᠮᠯᠡᠯ︾ ᠢ ᠬᠠᠨᠭ᠍ᠭᠠᠬᠤ ᠴᠢᠬᠤᠯᠠᠲᠠᠢ︶ ᠢ ᠦᠵᠡᠬᠦᠯᠬᠦ | ᠴᠢᠬᠤᠯᠠᠲᠠᠢ᠃ 2017 ᠣᠨ ᠠᠴᠠ ᠡᠬᠢᠯᠡᠨ᠂ ᠲᠦᠷᠢᠶᠡᠰᠦᠨ ᠭᠡᠷ ᠪᠠᠶᠢᠰᠢᠩ ᠨᠢ ᠡᠷᠬᠡᠪᠰᠢ ᠲᠤᠬᠠᠶ ᠶᠢᠨ ᠭᠠᠵᠠᠷ ᠤᠨ | ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠦᠷᠢᠶᠡᠰᠦᠯᠡᠬᠦ ᠪᠠᠷ ᠪᠦᠷᠢᠳᠬᠡᠭᠦᠯᠦᠨ | ᠳᠠᠩᠰᠠᠯᠠᠭᠤᠯᠤᠭᠰᠠᠨ ᠭᠡᠷ ᠪᠠᠶᠢᠰᠢᠩ ᠪᠠᠶᠢᠬᠤ ᠬᠡᠷᠡᠭᠲᠠᠢ᠃ | ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠢ ᠵᠠᠭᠠᠭᠯᠠᠨ ᠲᠣᠭᠲᠠᠭᠠᠭᠰᠠᠨ ᠨᠢ᠄ | ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ ᠨᠡᠶᠢᠲᠡ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠵᠢᠴᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠤᠰᠤ ᠨᠢᠭᠡᠴᠡ ᠵᠡᠷᠭᠡ ᠬᠠᠤᠯᠢ ᠶᠢᠨ ᠡᠷᠭᠡᠲᠡᠨ ᠤ ᠬᠢᠷᠢ | ᠬᠡᠮ ᠲᠠᠢ ᠪᠠᠶᠢᠭᠤᠯᠤᠮᠵᠢ ᠳᠤ ᠵᠢᠩᠬᠢᠨᠢ ᠪᠠᠷ ᠡᠯᠰᠡᠭᠳᠡᠵᠤ ︵ ᠤᠷᠢᠭᠳᠠᠭᠰᠠᠨ︶ ᠬᠡᠷᠡᠭᠯᠡᠭᠳᠡᠭᠰᠡᠨ ᠪᠤᠯ᠂ ᠡᠷᠬᠡᠪᠰᠢ | ᠲᠤᠰ ᠨᠢᠭᠡᠴᠡ ᠶᠢᠨ ᠢᠶᠠᠨ ᠡᠯᠰᠡᠵᠦ ︵ᠤᠷᠢᠵᠤ︶ ᠬᠡᠷᠡᠭᠯᠡᠭᠰᠡᠨ ᠭᠡᠷᠡᠴᠢ ᠪᠤᠯᠤᠨ ᠴᠠᠯᠢᠩ ᠤᠨ ᠭᠡᠷᠡᠴᠢ ᠶᠢ | ᠦᠵᠡᠭᠦᠯᠬᠦ ᠶᠢᠨ ᠬᠠᠮᠲᠤ ᠬᠠᠮᠢᠶ᠎ᠠ ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ ᠢ ᠬᠠᠨᠭ᠍ᠭᠠᠬᠤ ᠬᠡᠷᠡᠭᠲᠠᠢ︔ ᠬᠠᠤᠯᠢ ᠶᠣᠰᠣᠭᠠᠷ ᠬᠥᠮᠦᠨ | ᠬᠡᠷᠡᠭᠯᠡᠬᠦ ᠨᠢᠭᠡᠴᠡ ᠲᠠᠢ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ ᠪᠤᠯ᠂ | ᠡᠷᠬᠡᠪᠰᠢ ᠬᠥᠳᠡᠯᠮᠦᠷᠢ ᠶᠢᠨ ᠭᠡᠷ᠎ᠡ ᠶᠢᠨ ᠤᠭ ᠮᠠᠲ᠋ᠧᠷᠢᠶᠠᠯ ᠪᠤᠯᠤᠨ ᠳᠠᠭᠠᠳᠬᠠᠯ ᠳᠤ ᠤᠷᠤᠯᠴᠠᠭᠰᠠᠨ ᠬᠡᠷᠡᠴᠢ ᠶᠢ | ᠦᠵᠡᠬᠦᠯᠬᠦ ᠶᠢᠨ ᠬᠠᠮᠲᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ ᠢ ᠬᠠᠨᠭ᠍ᠭᠠᠬᠤ ᠭᠡᠷᠡᠭᠲᠠᠢ︔ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠶᠢᠨ ᠦᠨᠡᠮᠯᠡᠯ ᠣᠯᠵᠤ᠂ ᠬᠠᠤᠯᠢ ᠶᠣᠰᠣᠨ ᠤ ᠲᠣᠭᠲᠠᠪᠤᠷᠢᠲᠠᠶ ᠡᠵᠡᠩᠨᠡᠯᠲᠡ ᠶᠢᠨ ᠲᠠᠯᠠᠪᠤᠷ ᠭᠠᠵᠠᠷ ᠲᠠᠢ | ᠪᠥᠭᠡᠳ ᠬᠠᠤᠯᠢ ᠶᠣᠰᠣᠭᠠᠷ ᠡᠵᠡᠩᠨᠡᠵᠤ ᠪᠠᠶᠢᠭ᠎ᠠ ᠪᠤᠯ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ | ᠦᠨᠡᠮᠯᠡᠯ ᠤᠨ ᠤᠭ ᠮᠠᠲ᠋ᠧᠷᠢᠶᠠᠯ ᠪᠤᠯᠤᠨ ᠭᠠᠶᠢᠯᠢ ᠲᠤᠰᠢᠶᠠᠭᠰᠠᠨ ᠭᠡᠷᠡᠴᠢ ᠶᠢ ᠦᠵᠡᠬᠦᠯᠬᠦ ᠶᠢᠨ ᠬᠠᠮᠲᠤ ᠠᠵᠤ | ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ | ᠰᠠᠨᠠᠯ ᠢ ᠬᠠᠨᠭ᠍ᠭᠠᠬᠤ ᠬᠡᠷᠡᠭᠲᠠᠢ︔ ᠠᠮᠢᠳᠤᠯᠢᠭ ᠠᠵᠢᠯ ᠲᠠᠢ ᠪᠤᠯ᠂ ᠡᠷᠬᠡᠪᠰᠢ ᠤᠳᠤ ᠰᠠᠭᠤᠭ᠎ᠠ ᠭᠠᠵᠠᠷ ᠤᠨ ᠰᠤᠮᠤ᠂ | ᠰᠢᠶᠠᠩ ᠪᠠᠯᠭᠠᠰᠤ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠵᠤ ᠦᠭᠭᠦᠭᠰᠡᠨ ᠠᠵᠢᠯ ᠡᠷᠬᠢᠯᠡᠬᠦ | ᠭᠡᠷᠡᠴᠢ ᠶᠢ ᠦᠵᠡᠬᠦᠯᠬᠦ ᠬᠡᠷᠡᠭᠲᠡᠶ᠃ | ᠭᠠᠶᠢᠯᠢ ᠲᠤᠰᠢᠶᠠᠭᠰᠠᠨ ᠵᠢᠴᠢ ᠨᠡᠶᠢᠭᠡᠮ ᠤᠨ ᠳᠠᠭᠠᠳᠬᠠᠯ ᠤᠨ ᠲᠤᠬᠠᠶ ᠵᠠᠭᠠᠭᠯᠠᠨ ᠲᠣᠭᠲᠠᠭᠠᠭᠰᠠᠨ ᠭᠠᠶᠢᠯᠢ | ᠲᠤᠰᠢᠶᠠᠭᠰᠠᠨ ᠭᠡᠷᠡᠴᠢ ᠳᠤ ᠳᠣᠣᠷᠠᠬᠢ ᠬᠡᠳᠦᠨ ᠵᠦᠢᠯ ᠪᠠᠭᠲᠠᠨ᠎ᠠ᠄ | ᠭᠠᠶᠢᠯᠢ ᠲᠤᠰᠢᠶᠠᠭᠴᠢ ᠶᠢᠨ ᠲᠤᠰᠢᠶᠠᠭᠰᠠᠨ ᠬᠤᠰᠢᠭᠤ ︵ᠰᠢᠶᠠᠨ᠂ ᠬᠤᠲᠠ᠂ ᠲᠣᠭᠤᠷᠢᠭ︶ ᠵᠢᠴᠢ | ᠲᠡᠭᠦᠨ ᠠᠴᠠ ᠳᠡᠭᠡᠭᠰᠢᠬᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠦ ᠥᠭᠭᠦᠭᠰᠡᠨ ᠬᠤᠪᠢ ᠬᠥᠮᠦᠨ ᠤ | ᠣᠷᠣᠯᠭ᠎ᠠ ᠶᠢᠨ ᠭᠠᠶᠢᠯᠢ ᠲᠤᠰᠢᠶᠠᠭᠰᠠᠨ ᠭᠡᠷᠡᠴᠢ ᠪᠤᠶᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠲᠤᠰᠢᠶᠠᠭᠰᠠᠨ ᠡᠯ᠎ᠡ ᠵᠦᠢᠯ ᠤᠨ ᠭᠠᠶᠢᠯᠢ ᠶᠢᠨ ᠮᠥᠩᠭᠦ ᠲᠤᠰᠢᠶᠠᠭᠰᠠᠨ ᠭᠡᠷᠡᠴᠢ ᠪᠠᠷᠢᠮᠲᠠ︔ ᠠᠵᠤ ᠠᠬᠤᠶᠢᠯᠠᠯ ᠪᠤᠶᠤ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠭᠠᠶᠢᠯᠢ ᠠᠴᠠ ᠬᠡᠯᠲᠦᠷᠢᠭᠦᠯᠦᠭᠰᠡᠨ ᠡᠲᠡᠭᠡᠳ ᠤᠨ | ᠳᠡᠪᠰᠢᠭᠦᠯᠦᠭᠰᠡᠨ ᠠᠵᠤ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠪᠤᠶᠤ ᠭᠠᠶᠢᠯᠢ ᠶᠢᠨ ᠶᠠᠪᠤᠳᠠᠯ ᠢ | ᠳᠠᠩᠰᠠᠯᠠᠭᠤᠯᠤᠭᠰᠠᠨ ᠦᠨᠡᠮᠯᠡᠯ ᠵᠢᠴᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠡᠷᠡᠴᠢ | ᠪᠢᠴᠢᠭ ᠪᠠᠶᠢᠬᠤ ᠬᠡᠷᠡᠭᠲᠡᠢ᠃ ᠳᠡᠭᠡᠷᠡᠬᠢ ᠭᠡᠷᠡᠴᠢ ᠮᠠᠲ᠋ᠧᠷᠢᠶᠠᠯ ᠤᠨ ᠲᠣᠬᠠᠢ ᠬᠠᠮᠢᠶ᠎ᠠ ᠪᠦᠬᠦᠢ ᠰᠠᠯᠠᠭ᠎ᠠ ᠮᠥᠴᠢᠷ | ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠰᠤᠷᠭᠠᠭᠤᠯᠢ ᠶᠢᠨ ᠬᠠᠷᠢᠶᠠᠯᠠᠯ ᠪᠣᠯᠤᠨ ᠨᠢᠭᠡ ᠰᠤᠷᠭᠠᠭᠤᠯᠢ ᠳᠤ ᠥᠷᠭᠦᠯᠵᠢᠯᠡᠨ ᠰᠤᠷᠤᠯᠴᠠᠭᠰᠠᠨ ᠢ ᠵᠠᠭᠠᠭᠯᠠᠨ | ᠲᠣᠭᠲᠠᠭᠠᠭᠰᠠᠨ ᠨᠢ᠄ | ᠰᠤᠷᠭᠠᠭᠤᠯᠢ ᠶᠢᠨ ᠬᠠᠷᠢᠶᠠᠯᠠᠯ ᠨᠢ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠦ ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠠᠷᠢᠶᠠᠯᠠᠭᠳᠠᠵᠤ | ᠪᠠᠶᠢᠭ᠎ᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔ ᠰᠢᠯᠭᠠᠭᠤᠯᠤᠭᠴᠢ ᠡᠷᠬᠡᠪᠰᠢ ᠨᠢᠭᠡ | ᠰᠤᠷᠭᠠᠭᠤᠯᠢ ᠳᠤ ᠦᠷᠭᠦᠯᠵᠢᠯᠡᠨ ᠰᠤᠷᠤᠯᠴᠠᠭᠰᠠᠨ ᠪᠠᠶᠢᠬᠤ ᠬᠡᠷᠡᠭᠲᠡᠢ᠃ ᠰᠤᠷᠭᠠᠭᠤᠯᠢ ᠶᠢᠨ ᠬᠠᠷᠢᠶᠠᠯᠠᠯ ᠪᠤᠶᠤ | ᠰᠤᠷᠤᠯᠴᠠᠭᠰᠠᠨ ᠪᠠᠶᠢᠳᠠᠯ ᠨᠢ ᠲᠠᠰᠤᠯᠳᠠᠩᠭᠤᠢ ᠪᠠᠶᠢᠬᠤ ᠳᠤ ᠬᠦᠷᠪᠡᠯ ᠲᠤᠰ ᠵᠠᠭᠠᠭᠯᠠᠨ ᠲᠣᠭᠲᠠᠭᠠᠯᠲᠠ ᠳᠤ ᠨᠡᠶᠢᠴᠡᠬᠦ | ᠦᠭᠡᠢ ᠪᠣᠯᠣᠨ᠎ᠠ᠃ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ | ᠳᠤᠮᠳᠠᠳᠤ ᠶᠢᠨ ᠰᠤᠷᠭᠠᠭᠤᠯᠢ ᠶᠢᠨ ᠬᠠᠷᠢᠶᠠᠯᠠᠯ ᠣᠯᠣᠭᠰᠠᠨ ᠮᠥᠷᠲᠡᠭᠡᠨ ᠦᠷᠭᠦᠯᠵᠢᠯᠡᠨ ᠰᠤᠷᠤᠯᠴᠠᠭᠰᠠᠨ ᠰᠤᠷᠤᠭᠴᠢᠳ | ᠡᠷᠬᠡᠪᠰᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ ᠭᠠᠷᠳᠠᠮ ᠪᠠᠶᠢᠬᠤ | ᠬᠡᠷᠡᠭᠲᠡᠢ᠃ | ᠡᠭᠦᠨ ᠠᠴᠠ ᠠᠰᠳᠠᠭᠠᠨ ᠲᠣᠭᠲᠠᠭᠠᠭᠰᠠᠨ ᠨᠢ᠄ | ᠨᠡᠷ᠎ᠡ ᠮᠡᠳᠡᠭᠦᠯᠬᠦ ᠳᠤ᠂ ᠰᠢᠯᠭᠠᠭᠤᠯᠬᠤ ᠲᠥᠷᠥᠯ ᠳᠤ ᠬᠦᠳᠡᠯᠭᠡᠭᠡᠨ ᠤ ᠪᠣᠯᠪᠠᠰᠤᠷᠠᠯ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠢ ᠰᠤᠩᠭᠤᠭᠰᠠᠨ ᠰᠢᠯᠭᠠᠭᠤᠯᠤᠭᠴᠢ ᠳᠤ ᠪᠣᠯ᠂ ᠭᠡᠷ ᠤᠨ ᠠᠬᠠᠮᠠᠳ | ᠬᠢᠨᠢ ᠪᠦᠷᠢᠯᠳᠦᠭᠦᠯᠬᠦ ᠨᠥᠬᠦᠴᠡᠯ ᠢ ᠲᠦᠷ ᠱᠠᠭᠠᠷᠳᠠᠬᠤ ᠦᠭᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ | ᠡᠷᠦᠬᠡ ᠶᠢᠨ ᠦᠷ᠎ᠡ ᠬᠡᠦᠬᠡᠳ ᠪᠣᠯᠬᠤ ᠰᠢᠯᠭᠠᠭᠤᠯᠤᠭᠴᠢ ᠶᠢᠨ ᠭᠡᠷ ᠤᠨ ᠠᠬᠠᠮᠠᠳ ᠢ ᠪᠣᠯ ᠭᠠᠶᠢᠯᠢ ᠲᠤᠰᠢᠶᠠᠭᠰᠠᠨ | ᠪᠤᠶᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠱᠠᠭᠠᠷᠳᠠᠯᠭ᠎ᠠ ᠳᠤᠷᠠᠳᠬᠤ ᠦᠭᠡᠢ᠂ ᠭᠡᠪᠡᠴᠦ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠬᠠᠮᠢᠶ᠎ᠠ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷᠡᠴᠢ ᠶᠢ ᠬᠠᠩᠭᠠᠬᠤ ᠬᠡᠷᠡᠭᠲᠡᠢ᠃ ᠲᠤᠰ ᠬᠥᠮᠦᠨ ᠬᠢᠭᠡᠳ ᠭᠡᠷ ᠤᠨ ᠠᠬᠠᠮᠠᠳ ᠤᠨ | ᠡᠷᠦᠬᠡ ᠠᠮᠠ ᠶᠢᠨ ᠳᠠᠩᠰᠠ ᠨᠢ ᠨᠢᠭᠡ ᠡᠷᠦᠬᠡ ᠠᠮᠠ ᠶᠢᠨ ᠳᠡᠪᠲᠡᠷ ᠲᠤ ᠪᠠᠶᠢᠬᠤ ᠦᠭᠡᠢ ᠰᠢᠯᠭᠠᠭᠤᠯᠤᠭᠴᠢ ᠪᠣᠯ᠂ ︽ | ᠲᠦᠷᠦᠯᠲᠡ ᠶᠢᠨ ᠭᠡᠷᠡᠴᠢ︾ ᠪᠠᠨ ᠲᠤᠰᠢᠶᠠᠬᠤ ᠬᠡᠷᠡᠭᠲᠡᠶ᠃ ᠬᠡᠷᠪᠡ ︽ᠲᠦᠷᠦᠯᠲᠡ ᠶᠢᠨ ᠭᠡᠷᠡᠴᠢ︾ ᠪᠠᠶᠢᠬᠤ ᠦᠭᠡᠢ | ᠪᠣᠯ᠂ ᠭᠡᠷ ᠤᠨ ᠠᠬᠠᠮᠠᠳ ᠤᠨ ᠢᠶᠠᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠵᠦ ᠥᠭᠭᠦᠭᠰᠡᠨ ᠬᠤᠶᠠᠷ ᠡᠲᠡᠭᠡᠳ ᠤᠨ ᠬᠠᠷᠢᠴᠠᠭ᠎ᠠ ᠶᠢᠨ ᠭᠡᠷᠡᠴᠢ ᠶᠢ ᠲᠤᠰᠢᠶᠠᠬᠤ ᠬᠡᠷᠡᠭᠲᠡᠢ᠃ | ᠡᠴᠢᠭᠡ ᠡᠬᠡ ᠠᠴᠠ ᠨᠢ ᠪᠤᠰᠤᠳ ᠬᠥᠮᠦᠨ ᠬᠢᠨᠠᠨ ᠬᠠᠮᠢᠶᠠᠷᠴᠤ ᠪᠠᠶᠢᠭ᠎ᠠ ᠰᠢᠯᠭᠠᠭᠤᠯᠤᠭᠴᠢ ᠪᠣᠯ᠂ ᠡᠷᠬᠡᠪᠰᠢ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠲᠡᠭᠦᠨ ᠤ ᠡᠴᠢᠭᠡ ᠡᠭᠡ ᠨᠢ ᠦᠬᠦᠭᠰᠡᠨ ᠪᠤᠶᠤ ᠬᠢᠨᠠᠨ ᠬᠠᠮᠠᠭᠠᠯᠠᠬᠤ ᠴᠢᠳᠠᠪᠤᠷᠢ | ᠦᠭᠡᠢ ᠪᠠᠶᠢᠭ᠎ᠠ ᠬᠠᠮᠢᠶ᠎ᠠ ᠪᠦᠬᠦᠢ ᠭᠡᠷᠡᠴᠢ ᠬᠠᠩᠭᠠᠬᠤ ᠶᠢᠨ ᠬᠠᠮᠲᠤ ᠬᠢᠨᠠᠨ ᠬᠠᠮᠠᠭᠠᠯᠠᠭᠴᠢ ᠶᠢᠨ ᠪᠡᠶ᠎ᠡ ᠶᠢᠨ ᠭᠡᠷᠡᠴᠢ | ᠬᠢᠵᠦ ᠥᠭᠬᠦ ᠬᠡᠷᠡᠭᠲᠡᠶ᠃ ᠬᠡᠷᠪᠡ ᠰᠢᠯᠭᠠᠭᠤᠯᠤᠭᠴᠢ ᠶᠢᠨ ᠭᠡᠷ ᠤᠨ ᠠᠬᠠᠮᠠᠳ ᠤᠨ ᠠᠵᠢᠯ ᠬᠢᠵᠦ ᠪᠠᠶᠢᠭ᠎ᠠ ᠰᠢᠯᠵᠢᠨ | ᠣᠴᠢᠭᠰᠠᠨ ᠭᠠᠵᠠᠷ ᠪᠤᠶᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ᠂ ᠨᠡᠶᠢᠭᠡᠮ ᠤᠨ ᠳᠠᠭᠠᠳᠬᠠᠯ ᠳᠤ | ᠣᠷᠣᠯᠴᠠᠭᠰᠠᠨ ᠭᠠᠶᠢᠯᠢ ᠲᠤᠰᠢᠶᠠᠭᠰᠠᠨ ᠭᠠᠵᠠᠷ ᠨᠢ ᠰᠢᠯᠭᠠᠭᠤᠯᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠵᠢᠴᠢ | ᠦᠷᠭᠦᠯᠵᠢᠯᠡᠨ ᠰᠤᠷᠤᠯᠴᠠᠵᠤ ᠪᠠᠶᠢᠭ᠎ᠠ ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠨᠢ ᠨᠢᠭᠡ ᠠᠶᠢᠮᠠᠭ | ᠬᠤᠳᠠ ᠳᠤ ᠪᠠᠶᠢᠭ᠎ᠠ ᠦᠭᠡᠢ ᠪᠣᠯ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠷ ᠮᠠᠭᠠᠳᠯᠠᠨ ᠲᠣᠭᠲᠠᠭᠠᠨ᠎ᠠ᠃ | | |