| ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠠᠴᠠ ᠡᠬᠢᠯᠡᠵᠤ᠂ ᠦᠪᠦᠷ ᠮᠤᠩᠭᠤᠯ ᠬᠦᠴᠦ ᠶᠠᠪᠤᠭᠴᠢ | ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ ᠪᠠᠶᠢᠨ᠎ᠠ | | ᠬᠦᠴᠦ ᠶᠠᠪᠤᠭᠴᠢ ᠮᠠᠯᠴᠢᠨ ᠲᠠᠷᠢᠶᠠᠴᠢᠳ ᠬᠠᠲᠠᠭᠤ ᠰᠢᠷᠭᠠᠭᠤ ᠠᠵᠢᠯᠯᠠᠭᠠᠳ ᠴᠠᠯᠢᠩ ᠢᠶᠠᠨ ᠠᠪᠴᠤ ᠳᠡᠶᠢᠯᠬᠦ | ᠦᠭᠡᠢ ᠶᠠᠪᠤᠳᠠᠯ ᠪᠠᠶᠢᠨ ᠳᠠᠬᠢᠨ ᠭᠠᠷᠴᠤ ᠪᠤᠢ᠃ ᠢᠯᠠᠩᠭᠤᠶ᠎ᠠ ᠵᠢᠯ ᠤᠨ ᠡᠴᠦᠰ ᠪᠣᠯᠬᠤ ᠳᠤ᠂ ᠬᠠᠮᠲᠤᠯᠢᠭ ᠤᠨ | ᠴᠢᠨᠠᠷᠲᠠᠶ ᠪᠠᠷ ᠴᠠᠯᠢᠩ ᠢᠶᠠᠨ ᠠᠪᠬᠤ᠂ ᠲᠤᠶᠢᠯᠴᠢ ᠠᠷᠭ᠎ᠠ ᠬᠡᠮᠵᠢᠶ᠎ᠡ ᠪᠠᠷ ᠴᠠᠯᠢᠩ ᠢᠶᠠᠨ ᠠᠪᠬᠤ ᠵᠡᠷᠭᠡ ᠶᠠᠪᠤᠳᠠᠯ | ᠨᠡᠯᠢᠶᠡᠳ ᠲᠦᠪᠯᠡᠷᠡᠩᠬᠦᠢ ᠪᠠᠶᠢᠭ᠎ᠠ ᠶᠤᠮ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠶᠢᠨ ᠲᠤᠰᠠᠳᠠ᠂ ᠥᠪᠥᠷ ᠮᠣᠩᠭᠤᠯ ︽ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠶᠢ ᠤᠷᠢᠳᠴᠢᠯᠠᠨ ᠰᠡᠷᠭᠡᠶᠢᠯᠡᠬᠦ ᠪᠠ | ᠰᠢᠢᠳᠪᠦᠷᠢᠯᠡᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠨ ᠬᠡᠷᠡᠭᠵᠢᠬᠦᠯᠦᠭᠰᠡᠨ ᠤ ᠬᠠᠮᠲᠤ ᠡᠬᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠬᠡᠷᠡᠭ ᠢ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ | ᠠᠪᠴᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠬᠦ ᠠᠰᠠᠭᠤᠳᠠᠯ ᠢ ᠰᠢᠢᠳᠪᠦᠷᠢᠯᠡᠬᠦ | ᠠᠵᠢᠯ ᠳᠤ ᠢᠯᠡᠷᠬᠡᠶ ᠦᠷ᠎ᠡ ᠪᠦᠲᠦᠮᠵᠢ ᠤᠯᠬᠤ ᠪᠠᠷ ᠴᠢᠷᠮᠠᠶᠢᠵᠤ ᠪᠠᠶᠢᠨ᠎ᠠ᠃ | ◆ ᠵᠢᠷᠤᠮᠵᠢᠭᠤᠯᠤᠨ ᠬᠠᠮᠢᠶᠠᠷᠬᠤ ᠳᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠬᠡᠷᠡᠭᠲᠠᠢ ◆ | | ᠬᠤᠶᠢᠰᠢᠳᠠ᠂ ᠪᠦᠲᠦᠬᠡᠨ ᠪᠠᠶᠢᠭᠤᠯᠤᠯᠲᠠ ᠶᠢᠨ ᠨᠢᠭᠡᠴᠡ ᠨᠢ ᠪᠠᠷᠢᠯᠭ᠎ᠠ ᠶᠢᠨ ᠨᠢᠭᠡᠴᠡ ᠯᠦᠭᠡ ᠬᠠᠤᠯᠢ | ᠶᠣᠰᠣᠭᠠᠷ ᠪᠠᠷᠢᠯᠭ᠎ᠠ ᠶᠢᠨ ᠭᠡᠷ᠎ᠡ ᠲᠤᠭᠲᠠᠵᠤ᠂ ᠶᠡᠷᠦᠩᠬᠡᠶ ᠳᠠᠭᠠᠭᠠᠴᠢᠯᠠᠭᠰᠠᠨ ᠨᠢᠭᠡᠴᠡ ᠨᠢ ᠡᠯ᠎ᠡ ᠲᠤᠰᠬᠠᠶ ᠠᠵᠢᠯ ᠢ | ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠯᠤᠭ᠎ᠠ ᠬᠠᠤᠯᠢ ᠶᠣᠰᠣᠭᠠᠷ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ | ᠭᠡᠷ᠎ᠡ ᠲᠤᠭᠲᠠᠵᠤ᠂ ᠲᠤᠰᠬᠠᠶ ᠪᠠᠷᠢᠯᠭ᠎ᠠ ᠪᠤᠯᠤᠨ ᠬᠥᠳᠡᠯᠮᠦᠷᠢ ᠦᠢᠯᠡᠴᠢᠯᠡᠭᠡᠨ ᠤ ᠵᠣᠭᠤᠰ ᠢ ᠥᠭᠬᠦ ᠴᠠᠭ | ᠬᠤᠭᠤᠴᠠᠭ᠎ᠠ᠂ ᠬᠡᠯᠪᠡᠷᠢ ᠶᠢ ᠲᠤᠲᠤᠷᠬᠠᠶᠢᠯᠠᠬᠤ ᠬᠡᠷᠡᠭᠲᠠᠢ᠃ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ | ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠨᠢ ᠲᠦᠷ ᠵᠣᠭᠰᠣᠭᠠᠬᠤ ᠪᠥᠭᠡᠳ ᠦᠢᠯᠡ | ᠪᠠᠶᠢᠳᠠᠯ ᠤᠨ ᠬᠢᠨᠢ ᠬᠦᠨᠳᠦ ᠬᠦᠡᠭᠭᠡᠨ ᠢ ᠨᠢ ᠦᠵᠡᠵᠤ ᠪᠠᠶᠢᠭᠠᠳ ᠬᠢᠷᠢ ᠬᠡᠮ ᠢ ᠨᠢ ᠪᠠᠭᠤᠷᠠᠭᠤᠯᠬᠤ ᠪᠤᠶᠤ ᠬᠢᠷᠢ | ᠬᠡᠮ ᠢ ᠨᠢ ᠬᠠᠰᠤᠬᠤ᠂ ᠴᠢᠨᠠᠭᠰᠢᠯᠠᠪᠠᠯ ᠪᠠᠷᠢᠯᠭ᠎ᠠ ᠶᠢᠨ ᠵᠠᠬ᠎ᠠ ᠳᠡᠯᠭᠡᠭᠦᠷ ᠠᠴᠠ ᠬᠦᠬᠡᠬᠡᠵᠤ ᠭᠠᠷᠭᠠᠬᠤ ᠬᠡᠷᠡᠭᠲᠠᠢ᠃ | | ᠬᠤᠳᠡ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠤᠯᠵᠤ ᠪᠠᠶᠢᠭ᠎ᠠ᠂ ᠰᠢᠨ᠎ᠡ ᠪᠠᠷ ᠪᠠᠶᠢᠭᠤᠯᠬᠤ᠂ | ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠰᠡᠯᠪᠢᠨ ᠵᠠᠰᠠᠬᠤ ᠪᠠ ᠮᠡᠷᠭᠡᠵᠢᠯ ᠤᠨ ᠥᠭᠡᠷᠡᠴᠢᠯᠡᠯᠲᠡ | ᠬᠢᠬᠦ ᠪᠠᠷᠢᠯᠭ᠎ᠠ ᠶᠢᠨ ᠲᠦᠷᠦᠯ ᠵᠦᠢᠯ ᠳᠤ ᠴᠥᠮ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠤᠨ | ᠪᠠᠲᠤᠯᠠᠭ᠎ᠠ ᠶᠢᠨ ᠮᠥᠩᠭᠦ ᠶᠢᠨ ᠳᠦᠷᠢᠮ ᠢ ᠬᠡᠷᠡᠭᠵᠢᠬᠦᠯᠦᠨ᠎ᠡ᠃ ᠪᠦᠲᠦᠭᠡᠨ ᠪᠠᠶᠢᠭᠤᠯᠬᠤ ᠨᠢᠭᠡᠴᠡ ᠪᠣᠯᠤᠨ ᠪᠠᠷᠢᠯᠭ᠎ᠠ ᠶᠢ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠢ ᠳᠠᠭᠠᠭᠠᠴᠢᠯᠠᠯᠲᠠ ᠵᠠᠷᠯᠠᠭᠰᠠᠨ ᠪᠠ ᠬᠦᠯᠢᠶᠡᠭᠰᠡᠨ ᠤ ᠳᠠᠷᠠᠭ᠎ᠠ 10 | ᠡᠳᠦᠷ ᠤᠨ ᠳᠣᠲᠣᠷ᠎ᠠ᠂ ᠡᠷᠬᠡᠪᠰᠢ ᠵᠢᠭᠠᠨ ᠲᠤᠭᠲᠠᠭᠠᠭᠰᠠᠨ ᠰᠠᠯᠠᠭ᠎ᠠ ᠮᠦᠴᠢᠷ ᠲᠤ ᠴᠠᠯᠢᠩ ᠤᠨ ᠪᠠᠲᠤᠯᠠᠭ᠎ᠠ ᠶᠢᠨ | ᠮᠥᠩᠭᠦ ᠶᠢ ᠲᠤᠭ᠎ᠠ ᠶᠤᠰᠤᠭᠠᠷ ᠲᠤᠰᠢᠶᠠᠬᠤ ᠬᠡᠷᠡᠭᠲᠡᠶ᠂ ᠡᠰᠡ ᠲᠡᠶᠢᠮᠦ ᠪᠤᠯ᠂ ᠪᠠᠷᠢᠯᠭ᠎ᠠ ᠪᠠᠷᠢᠬᠤ ᠵᠥᠪᠰᠢᠶᠡᠷᠡᠯ ᠤᠨ | ᠭᠠᠷ ᠭᠦᠢᠴᠡᠳᠬᠡᠯ ᠬᠢᠵᠦ ᠥᠭᠬᠦ ᠦᠭᠡᠢ᠃ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠦᠴᠦ ᠶᠠᠪᠤᠭᠴᠢ ᠮᠠᠯᠴᠢᠨ | ᠲᠠᠷᠢᠶᠠᠴᠢᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢ ᠶᠠᠪᠤᠭᠤᠯᠵᠤ᠂ ᠡᠯᠧᠺᠲᠷᠣᠨ ᠢᠶᠠᠷ ᠠᠵᠢᠯ ᠳᠤ | ᠭᠠᠷᠬᠤ ᠶᠢ ᠰᠢᠯᠭᠠᠵᠤ᠂ ᠪᠠᠩᠬᠢ ᠪᠠᠷ ᠳᠠᠮᠵᠢᠭᠤᠯᠤᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠨᠢ | ᠰᠢᠭᠤᠳ ᠣᠯᠭᠤᠬᠤ ᠶᠢ ᠬᠠᠶᠢᠨ ᠰᠦᠪᠡᠭᠴᠢᠯᠡᠬᠦ ᠬᠡᠷᠡᠭᠲᠠᠢ᠃ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠠᠵᠤ | ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ ︽ᠪᠠᠷᠢᠯᠭ᠎ᠠ ᠶᠢᠨ | ᠬᠦᠷᠢᠶᠡᠨ ᠳᠠᠬᠢ ᠬᠥᠳᠡᠯᠮᠦᠷᠢ ᠶᠢᠨ ᠲᠥᠬᠦᠮ ᠭᠡᠷ᠎ᠡ︾ ᠲᠤᠭᠲᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ | ᠴᠠᠯᠢᠩ ᠢ ᠥᠭᠬᠦ ᠳᠠᠩᠰᠠᠯᠠᠯᠲᠠ ᠶᠢᠨ ᠳᠦᠷᠢᠮ ᠢ ᠬᠡᠷᠡᠭᠵᠢᠬᠦᠯᠬᠦ ᠬᠡᠷᠡᠭᠲᠠᠢ᠃ ᠲᠦᠷᠦᠯ ᠵᠦᠢᠯ ᠢ ᠭᠤᠤᠯᠯᠠᠨ | ᠬᠠᠮᠢᠶᠠᠷᠬᠤ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠳᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠦᠷᠦᠯ ᠵᠦᠢᠯ ᠤᠨ ᠭᠤᠤᠯᠯᠠᠨ ᠬᠠᠮᠢᠶᠠᠷᠬᠤ ᠨᠢᠭᠡᠴᠡ ᠨᠢ ︽ᠬᠡᠨ ᠭᠤᠤᠯᠯᠠᠨ ᠬᠠᠮᠢᠶᠠᠷᠴᠤ ᠪᠠᠶᠢᠪᠠᠯ | ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠲᠤᠰ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠷᠥᠯ ᠵᠦᠢᠯ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠪᠠᠷᠢᠯᠭ᠎ᠠ | ᠳᠠᠭᠠᠭᠠᠴᠢᠯᠠᠭᠰᠠᠨ ᠲᠤᠯᠤᠭᠠᠶᠢᠯᠠᠭᠴᠢ ᠳᠤ ᠦᠭᠭᠦ ᠪᠠ ᠰᠠᠷ᠎ᠠ ᠪᠠᠷ ᠦᠯᠦ ᠪᠤᠳᠤᠵᠤ ᠥᠭᠬᠦ ᠶᠠᠪᠤᠳᠠᠯ ᠭᠠᠷᠬᠤ ᠶᠢ | ᠴᠢᠩᠭ᠎ᠠ ᠴᠠᠭᠠᠵᠠᠯᠠᠬᠤ ᠬᠡᠷᠡᠭᠲᠠᠢ᠃ | ◆ ᠬᠢᠨᠠᠯᠲᠠ ᠲᠠᠯᠪᠢᠨ ᠪᠠᠶᠢᠴᠠᠭᠠᠬᠤ ᠳᠤ ᠬᠠᠮᠢᠶᠠᠷᠤᠯᠲᠠ ᠶᠢᠨ ᠲᠠᠯ᠎ᠠ ᠪᠠᠷ ᠴᠡᠭᠴᠡᠯᠡᠨ ᠵᠠᠰᠠᠬᠤ ᠬᠡᠷᠡᠭᠲᠠᠢ ◆ | | ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠬᠦᠴᠦᠨ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠨᠢᠭᠡᠳᠦᠭᠡᠷ ᠹᠷᠣᠨᠲ ᠤᠨ ᠬᠢᠨᠠᠨ ᠪᠠᠶᠢᠴᠠᠭᠠᠬᠤ ᠬᠦᠴᠦᠨ ᠢ ᠲᠡᠭᠦᠯᠳᠡᠷᠵᠢᠬᠦᠯᠬᠦ ᠬᠡᠷᠡᠭᠲᠠᠢ᠃ | ᠪᠦᠲᠦᠭᠡᠨ ᠪᠠᠶᠢᠭᠤᠯᠬᠤ ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠤᠭᠲᠠᠬᠤ ᠳᠤ | ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠤᠭᠲᠠᠬᠤ ᠳᠤ ᠬᠢᠨᠠᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠯᠦᠭᠡ ᠭᠡᠷ᠎ᠡ | ᠲᠤᠭᠲᠠᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ᠂ | ᠡᠰᠡ ᠲᠡᠶᠢᠮᠦ ᠪᠤᠯ ᠬᠠᠤᠯᠢ ᠶᠣᠰᠣᠭᠠᠷ ᠵᠠᠷᠯᠢᠭᠳᠠᠨ ᠪᠠᠷᠢᠯᠭ᠎ᠠ ᠶᠢ ᠨᠢ ᠵᠤᠭᠰᠤᠭᠠᠨ ᠴᠡᠭᠴᠡᠯᠡᠭᠦᠯᠵᠤ᠂ ᠬᠢᠷᠢ ᠬᠡᠮ ᠢ ᠨᠢ | ᠪᠠᠭᠤᠷᠠᠭᠤᠯᠬᠤ ᠪᠤᠶᠤ ᠬᠠᠰᠤᠬᠤ ᠬᠡᠷᠡᠭᠲᠠᠢ᠃ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠭᠬᠦ ᠳᠤ | ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠬᠠᠷᠢᠶ᠎ᠠ ᠣᠷᠣᠨ ᠤ ᠪᠠᠨ ᠬᠡᠪᠴᠢᠶᠡᠨ ᠳᠤᠲᠤᠷᠠᠬᠢ ᠪᠠᠷᠢᠯᠭ᠎ᠠ ᠶᠢᠨ ᠭᠠᠵᠠᠷ ᠢ ᠤᠯᠠᠷᠢᠯ ᠪᠦᠷᠢ | ᠠᠯᠢ ᠴᠦᠬᠡᠨ ᠳᠡᠭᠡᠨ ᠨᠢᠭᠡ ᠤᠳᠠᠭ᠎ᠠ ᠲᠣᠭᠤᠷᠢᠨ ᠪᠠᠶᠢᠴᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ | ᠴᠠᠯᠢᠩ ᠢ ᠥᠷᠢᠲᠦᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠵᠠᠷᠯᠢᠭᠳᠠᠵᠤ ᠪᠠᠶᠢᠭᠠᠳ | ᠵᠠᠯᠠᠷᠠᠭᠤᠯᠤᠭᠤᠯᠬᠤ ᠲᠣᠭᠲᠠᠭᠠᠯ ᠤᠨ ᠪᠢᠴᠢᠭ ᠪᠠᠭᠤᠯᠭᠠᠬᠤ ᠬᠡᠷᠡᠭᠲᠠᠢ᠂ ᠬᠡᠷᠪᠡ ᠮᠥᠨ ᠬᠦ ᠰᠢᠢᠳᠪᠦᠷᠢᠯᠡᠵᠤ ᠳᠡᠶᠢᠯᠬᠦ | ᠦᠭᠡᠢ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠪᠤᠶᠤ ᠴᠢᠨᠠᠭᠰᠢᠯᠠᠪᠠᠯ | ᠪᠠᠶᠢᠴᠠᠭᠠᠬᠤ ᠪᠠᠶᠢᠭᠤᠯᠭ᠎ᠠ ᠳᠤ ᠰᠠᠨᠠᠭᠤᠯᠭ᠎ᠠ ᠭᠠᠷᠭᠠᠵᠤ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠭᠤᠯᠵᠤ ᠬᠢᠨᠠᠯᠲᠠ | ᠲᠠᠯᠪᠢᠭᠤᠯᠵᠤ ᠪᠣᠯᠤᠨ᠎ᠠ᠃ | ◆ ᠬᠡᠷᠡᠭ ᠢ ᠰᠢᠢᠳᠪᠦᠷᠢᠯᠡᠬᠦ ᠳᠡᠭᠡᠨ ᠪᠠᠶᠢᠴᠠᠭᠠᠨ ᠰᠢᠢᠳᠪᠦᠷᠢᠯᠡᠬᠦ ᠠᠴᠠ ᠭᠠᠷᠳᠠᠬᠤ ᠬᠡᠷᠡᠭᠲᠡᠢ ◆ | ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠳ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠠᠷᠢᠯᠭ᠎ᠠ ᠶᠢᠨ ᠭᠠᠵᠠᠷ ᠲᠤ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠡᠷᠬᠡ ᠶᠢ ᠬᠠᠮᠠᠭᠠᠯᠠᠬᠤ ᠵᠠᠷ ᠤᠨ ᠢᠯᠡᠷᠬᠡᠶᠢᠯᠡᠯ ᠪᠠᠶᠢᠭᠤᠯᠵᠤ᠂ ᠢᠯᠡᠴᠢᠯᠡᠬᠦ ᠵᠠᠭᠠᠯᠳᠤᠬᠤ ᠤᠲᠠᠰᠤ ᠶᠢ | ᠨᠡᠶᠢᠲᠡᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠡᠷᠬᠡ ᠪᠠᠨ ᠬᠠᠮᠠᠭᠠᠯᠠᠬᠤ ᠰᠠᠭᠠᠳ ᠦᠭᠡᠢ ᠨᠡᠪᠲᠡᠷᠡᠬᠦ ᠵᠠᠮ | ᠢ ᠨᠡᠭᠡᠭᠡᠨ ᠥᠭᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠷᠢᠲᠦᠯ ᠢ ᠵᠡᠭᠠᠯᠳᠦᠵᠦ ᠢᠯᠡᠴᠢᠯᠡᠭᠰᠡᠨ | ᠬᠡᠷᠡᠭ ᠢ ᠴᠠᠭ ᠲᠤᠬᠠᠶ ᠳᠤᠨᠢ ᠬᠦᠯᠢᠶᠡᠨ ᠠᠪᠬᠤ ᠪᠠ ᠰᠢᠢᠳᠪᠦᠷᠢᠯᠡᠵᠦ᠂ ᠬᠡᠷᠡᠭ ᠤᠨ ᠨᠠᠶᠢᠳᠠᠪᠤᠷᠢᠵᠢᠭᠤᠯᠤᠯᠲᠠ ᠶᠢ | ᠮᠥᠷᠳᠡᠵᠦ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠥᠷᠢᠲᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠲᠤ᠂ ᠪᠠᠷᠢᠯᠭ᠎ᠠ ᠶᠢᠨ ᠭᠠᠵᠠᠷ ᠤᠨ ᠪᠠᠶᠢᠭ᠎ᠠ ᠵᠠᠰᠠᠭ ᠤᠨ ᠣᠷᠳᠣᠨ | ᠠᠴᠠ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠵᠥᠪᠯᠡᠯ᠂ ᠬᠤᠳᠠ ᠶᠢᠨ ᠭᠡᠷ ᠬᠦᠷᠦᠩᠭᠡ ᠶᠢᠨ ᠬᠠᠮᠢᠶᠠᠷᠤᠯᠲᠠ ᠶᠢᠨ ᠲᠣᠪᠴᠢᠶ᠎ᠠ ᠪᠠ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ ᠳᠠᠷᠤᠶᠢᠬᠠᠨ ᠣᠷᠣᠯᠴᠠᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ | ᠢᠶᠠᠷ ᠢᠶᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠬᠡᠷᠡᠭᠲᠡᠢ᠃ | ᠡᠭᠦᠨ ᠠᠴᠠ ᠭᠠᠳᠠᠨ᠎ᠠ᠂ ︽ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠥᠷᠢᠲᠦᠭᠰᠡᠨ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠶ | ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠠᠵᠢᠯ ᠥᠯᠥ ᠬᠢᠬᠦ᠂ ᠲᠥᠷᠢᠮ ᠢ ᠦᠯᠦ ᠨᠠᠶᠢᠳᠠᠪᠤᠷᠢᠵᠢᠭᠤᠯᠬᠤ᠂ | ᠬᠢᠨᠠᠯᠲᠠ ᠬᠠᠮᠢᠶᠠᠷᠤᠯᠲᠠ ᠳᠤᠲᠠᠮᠠᠭ ᠠᠴᠠ ᠪᠣᠯᠵᠤ ᠴᠢᠬᠤᠯᠠ ᠮᠡᠳᠡᠭᠡ ᠵᠠᠩᠭᠢ ᠶᠢ ᠬᠤᠵᠢᠳ ᠮᠡᠳᠡᠭᠦᠯᠦᠭᠰᠡᠨ᠂ | ᠣᠷᠬᠢᠭᠳᠠᠭᠤᠯᠤᠨ ᠮᠡᠳᠡᠭᠦᠯᠦᠭᠰᠡᠨ᠂ ᠨᠢᠭᠤᠭᠰᠠᠨ ᠪᠠ ᠢᠯᠡᠴᠢᠯᠡᠭᠰᠡᠨ ᠵᠠᠭᠠᠯᠳᠤᠭᠰᠠᠨ ᠬᠡᠷᠡᠭ ᠢ ᠵᠦᠢ ᠵᠣᠬᠢᠰᠲᠠᠶ | ᠰᠢᠢᠳᠪᠦᠷᠢᠯᠡᠭᠰᠡᠨ ᠦᠭᠡᠢ᠂ ᠵᠥᠷᠢᠴᠡᠯ ᠢ ᠬᠤᠷᠴᠠᠳᠬᠠᠭᠰᠠᠨ ᠠᠴᠠ ᠪᠤᠯᠵᠦ ᠬᠦᠨᠳᠦ ᠨᠣᠴᠢᠲᠠᠶ ᠦᠷ᠎ᠡ ᠳ᠋ᠦᠩ | ᠭᠠᠷᠭᠠᠭᠰᠠᠨ ᠵᠡᠷᠭᠡ ᠪᠠᠶᠢᠳᠠᠯ ᠳᠤ ᠴᠢᠳᠠᠪᠤᠷᠢ ᠡᠭᠦᠷᠭᠡ ᠬᠠᠷᠢᠭᠤᠴᠠᠯᠭ᠎ᠠ ᠢᠶᠠᠷ ᠨᠢ ᠬᠠᠮᠢᠶ᠎ᠠ ᠪᠦᠬᠦᠢ ᠭᠠᠵᠠᠷ ᠣᠷᠣᠨ᠂ | ᠨᠢᠭᠡᠴᠡ ᠪᠣᠯᠤᠨ ᠬᠤᠯᠪᠣᠭᠳᠠᠯ ᠪᠦᠬᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠦᠪᠦᠷ ᠮᠤᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠦᠴᠦ ᠶᠠᠪᠤᠭᠴᠢ ᠮᠠᠯᠴᠢᠨ | ᠲᠠᠷᠢᠶᠠᠴᠢᠳ ᠤᠨ ᠴᠠᠯᠢᠩ ᠢ ᠦᠷᠢᠳᠦᠬᠦ ᠠᠰᠠᠭᠤᠳᠠᠯ ᠢ ᠰᠢᠢᠳᠪᠦᠷᠢᠯᠡᠵᠤ ᠪᠠᠶᠢᠨ᠎ᠠ | ★ ᠵᠠᠩᠭᠢᠯᠠᠭ᠎ᠠ ᠶᠢᠨ ᠦᠭᠡ᠄ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠᠷ | ᠵᠠᠰᠠᠨ ᠴᠡᠭᠴᠡᠯᠡᠬᠦ ᠭᠤᠣᠯᠳᠠᠯᠭ᠎ᠠ ᠪᠣᠯᠭᠠᠨ᠎ᠠ ★ | ︽ᠬᠡᠷᠡᠭᠵᠢᠭᠦᠯᠬᠦ ᠰᠠᠨᠠᠯ︾ ᠳᠤ ᠲᠣᠳᠣᠷᠬᠠᠶᠢᠯᠠᠭᠰᠠᠨ ᠢᠶᠠᠷ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠠ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠬᠤ | ᠦᠢᠯᠡᠳᠬᠦ᠂ ᠬᠤᠭᠤᠯᠠ ᠤᠮᠳᠠᠭᠠᠨ ᠤ ᠦᠢᠯᠡᠴᠢᠯᠡᠭᠡ ᠵᠡᠷᠭᠡ ᠴᠠᠯᠢᠩ ᠥᠷᠢᠲᠦᠬᠦ ᠠᠰᠠᠭᠤᠳᠠᠯ ᠠᠮᠠᠷᠬᠠᠨ ᠭᠠᠷᠬᠤ | ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠢᠯ ᠲᠦᠷᠤᠯ ᠢᠶᠠᠷ ᠵᠠᠰᠠᠨ ᠴᠡᠭᠴᠡᠯᠡᠬᠦ ᠭᠤᠣᠯᠳᠠᠯᠭ᠎ᠠ ᠪᠣᠯᠭᠠᠵᠤ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠪᠠᠷ ᠭᠠᠷᠲᠠᠴᠠ ᠪᠣᠯᠭᠠᠵᠤ᠂ ᠴᠠᠯᠢᠩ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠴᠠᠯᠢᠩ ᠢ ᠲᠤᠭ᠎ᠠ ᠶᠣᠰᠣᠭᠠᠷ | ᠥᠭᠬᠦ ᠪᠠᠷ ᠵᠠᠩᠭᠢᠯᠠᠭ᠎ᠠ ᠪᠣᠯᠭᠠᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠬᠥᠳᠡᠯᠦᠩᠭᠦᠢ ᠪᠠᠷ | ᠬᠢᠨᠠᠨ ᠬᠠᠮᠢᠶᠠᠷᠬᠤ᠂ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠶᠢ ᠤᠶᠠᠯᠳᠤᠭᠤᠯᠤᠭᠰᠠᠨ ᠳᠦᠷᠢᠮ ᠤᠨ | ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠢ ᠪᠠᠨ | ᠱᠠᠭᠠᠷᠳᠠᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠨᠡᠶᠢᠲᠡ ᠬᠠᠮᠵᠢᠯᠴᠠᠨ | ᠬᠢᠨᠠᠯᠲᠠ ᠲᠠᠯᠪᠢᠬᠤ᠂ ᠬᠠᠤᠯᠢ ᠴᠠᠭᠠᠵᠠ ᠬᠤᠯᠪᠣᠭᠠᠯᠠᠨ ᠰᠢᠳᠬᠡᠬᠦ ᠠᠵᠢᠯ ᠤᠨ ᠰᠢᠰᠲ᠋ᠧᠮᠵᠢ ᠶᠢ ᠪᠦᠷᠢᠨᠰᠢᠭᠦᠯᠵᠦ᠂ | ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠵᠤ᠂ | ᠴᠡᠭᠴᠡᠯᠡᠨ ᠵᠠᠰᠠᠬᠤ ᠨᠡᠶᠢᠯᠡᠯ ᠬᠦᠴᠦᠨ ᠢ ᠪᠤᠢ ᠪᠣᠯᠭᠠᠬᠤ ᠪᠠᠷ ᠬᠠᠷᠠᠯᠲᠠ ᠡᠭᠦᠷᠭᠡ ᠪᠣᠯᠭᠠᠬᠤ ᠬᠡᠷᠡᠭᠲᠡᠢ᠃ | ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠨᠢ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠵᠦ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ 2017 ᠣᠨ ᠤ ᠳᠡᠭᠡᠳᠦ ᠬᠠᠭᠠᠰ ᠵᠢᠯ ᠪᠣᠯᠬᠤ ᠳᠤ᠂ ᠡᠯ᠎ᠡ ᠭᠠᠵᠠᠷ | ᠣᠷᠣᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡᠲᠦ ᠮᠥᠩᠭᠦᠨ ᠤ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ | ᠪᠦᠭᠡᠳ ᠪᠠᠴᠢᠮ ᠪᠠᠶᠢᠳᠠᠯ ᠢ ᠠᠷᠭᠠᠴᠠᠬᠤ ᠡᠷᠭᠢᠯᠲᠡᠲᠦ ᠮᠥᠩᠭᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ | ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︵ | ᠳᠣᠷᠣᠭᠰᠢ ︽ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ | ᠴᠠᠯᠢᠩ ᠤᠨ ᠪᠠᠲᠤᠯᠠᠭ᠎ᠠ ᠶᠢᠨ ᠮᠥᠩᠭᠦ᠂ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠭᠬᠦ ᠠᠷᠭ᠎ᠠ᠂ ᠴᠠᠯᠢᠩ ᠪᠠ ᠪᠠᠷᠢᠯᠭ᠎ᠠ ᠶᠢᠨ ᠵᠣᠭᠤᠰ ᠢ ᠠᠰ ᠲᠤᠨᠢ | ᠲᠠᠩᠰᠠ ᠬᠤᠪᠢᠶᠠᠨ ᠬᠠᠮᠢᠶᠠᠷᠬᠤ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠥᠭᠬᠦ᠂ ᠪᠠᠷᠢᠯᠭ᠎ᠠ ᠶᠢᠨ ᠠᠵᠢᠯ ᠤᠨ | ᠲᠤᠬᠠᠶ ᠶᠢᠨ ᠲᠠᠯᠠᠪᠤᠷ ᠲᠤ ᠡᠷᠬᠡ ᠠᠰᠢᠭ ᠬᠠᠮᠠᠭᠠᠯᠠᠬᠤ ᠵᠠᠷ ᠨᠡᠶᠢᠲᠡᠯᠡᠬᠦ ᠵᠡᠷᠭᠡ ᠠᠵᠢᠯ ᠤᠨ ᠲᠥᠷᠢᠮ ᠪᠣᠯᠤᠨ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ 2017 ᠣᠨ ᠤ ᠡᠴᠦᠰ ᠪᠣᠯᠬᠤ ᠳᠤ᠂ ᠠᠵᠤ ᠠᠬᠤᠶᠢᠯᠠᠯ ᠤᠨ | ᠮᠡᠳᠡᠭᠡ ᠵᠠᠩᠭᠢ ᠴᠤᠭᠯᠠᠭᠤᠯᠬᠤ ᠰᠢᠰᠲ᠋ᠧᠮᠵᠢ ᠂ ᠴᠠᠯᠢᠩ ᠤᠨ ᠥᠷᠢᠲᠦᠯ ᠢ ᠤᠷᠢᠳᠴᠢᠯᠠᠨ ᠰᠡᠷᠡᠮᠵᠢᠯᠡᠭᠦᠯᠬᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠤᠯᠢ ᠴᠠᠭᠠᠵᠠ ᠯᠤᠭ᠎ᠠ ᠵᠣᠯᠭᠠᠯᠳᠤᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ 2018 ᠣᠨ ᠤ ᠡᠴᠦᠰ ᠪᠣᠯᠬᠤ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠴᠠᠭᠠᠨ ᠤ ᠮᠥᠩᠭᠦ ᠪᠠᠷ ᠲᠥᠯᠥᠬᠦ᠂ ᠥᠮᠴᠢᠲᠡᠨ ᠳᠠᠭᠠᠭᠠᠴᠢᠯᠠᠬᠤ᠂ ᠪᠠᠩᠬᠢ ᠶᠢᠨ ᠳᠠᠭᠠᠭᠠᠯᠲᠠ ᠶᠢᠨ | ᠪᠢᠴᠢᠭ ᠵᠡᠷᠭᠡ ᠳᠦᠷᠢᠮ ᠪᠣᠯᠤᠨ ᠬᠤᠳᠠᠯᠳᠤᠭᠠᠨ ᠤ ᠳᠠᠭᠠᠳᠬᠠᠯ ᠢ ᠣᠷᠣᠭᠤᠯᠤᠨ ᠠᠪᠴᠢᠷᠠᠬᠤ ᠲᠣᠭᠲᠠᠴᠠ ᠶᠢ | ᠰᠦᠪᠡᠭᠴᠢᠯᠡᠨ ᠪᠠᠶᠢᠭᠤᠯᠬᠤ ᠬᠡᠷᠡᠭᠲᠡᠢ᠃ 2020 ᠣᠨ ᠪᠣᠯᠬᠤ ᠳᠤ᠂ ᠪᠥᠬᠦ ᠣᠷᠣᠨ ᠤ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠵᠠᠰᠠᠨ ᠴᠡᠭᠴᠡᠯᠡᠬᠦ ᠪᠦᠷᠢᠨ ᠲᠡᠭᠦᠯᠳᠡᠷ ᠲᠣᠭᠲᠠᠴᠠ ᠲᠠᠢ ᠂ | ᠬᠠᠷᠢᠭᠤᠴᠠᠯᠭ᠎ᠠ ᠨᠠᠶᠢᠳᠠᠪᠤᠷᠢᠵᠢᠭᠤᠯᠤᠯᠲᠠ ᠲᠠᠢ᠂ ᠬᠦᠴᠦᠨ ᠲᠡᠭᠦᠯᠳᠡᠷ ᠬᠢᠨᠠᠯᠲᠠ ᠬᠠᠮᠢᠶᠠᠷᠤᠯᠲᠠ ᠲᠠᠢ ᠠᠵᠢᠯ ᠤᠨ | ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠡᠢ᠃ | ★ ᠵᠠᠩᠭᠢᠯᠠᠭ᠎ᠠ ᠶᠢᠨ ᠦᠭᠡ᠄ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠰᠠᠷ᠎ᠠ ᠪᠦᠷᠢ ᠣᠷᠣᠯᠠᠨ | ᠦᠭᠬᠦ ᠬᠡᠷᠡᠭᠲᠡᠢ ★ | ︽ᠰᠠᠨᠠᠯ︾ ᠳᠤ ᠲᠤᠳᠤᠷᠬᠠᠶᠢᠯᠠᠭᠰᠠᠨ ᠨᠢ᠂ ᠪᠥᠬᠦ ᠣᠷᠣᠨ ᠤ ᠪᠤᠢ ᠪᠥᠬᠦᠢ ᠪᠥᠳᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠴᠦᠮ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠢᠷᠢᠶᠠᠨ ᠳᠠᠬᠢ ᠪᠠᠲᠤᠯᠠᠭ᠎ᠠ ᠶᠢᠨ | ᠮᠦᠩᠭᠦ ᠶᠢ ᠢᠯᠭᠠᠷᠠᠭᠤᠯᠤᠨ ᠵᠢᠷᠤᠮᠵᠢᠭᠤᠯᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠤᠬᠠᠶ | ᠮᠡᠳᠡᠭᠳᠡᠯ︾ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠶ ᠭᠡᠵᠡᠢ᠃ | | ᠡᠭᠦᠨ ᠠᠴᠠ ᠭᠠᠳᠠᠨ᠎ᠠ᠂ ︽ᠰᠠᠨᠠᠯ︾ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠬᠦ ᠶᠠᠪᠤᠳᠠᠯ ᠢ ᠪᠦᠬᠦ ᠲᠠᠯ᠎ᠠ ᠪᠠᠷ ᠵᠠᠰᠠᠬᠤ ᠠᠰᠠᠭᠤᠳᠠᠯ ᠤᠨ | ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠦᠷᠢᠲᠦᠬᠦ ᠠᠰᠠᠭᠤᠳᠠᠯ ᠤᠯᠠᠨᠲᠠ ᠵᠠᠯᠭ᠎ᠠ ᠭᠠᠷᠳᠠᠭ ᠪᠠ ᠶᠡᠭᠡ ᠪᠠᠷ ᠢᠯᠡᠴᠢᠯᠡᠵᠦ | ᠵᠠᠭᠠᠯᠳᠤᠳᠠᠭ ᠭᠠᠵᠠᠷ ᠣᠷᠣᠨ ᠵᠢᠴᠢ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠲᠤ ᠭᠤᠣᠯᠳᠠᠯᠭ᠎ᠠ ᠲᠠᠢ ᠪᠠᠷ | ᠰᠢᠮᠳᠠᠭᠤᠯᠤᠨ ᠪᠠᠶᠢᠴᠠᠭᠠᠯᠲᠠ ᠬᠢᠬᠦ ᠬᠡᠷᠡᠭᠲᠡᠢ᠃ ᠵᠠᠰᠠᠭ ᠤᠨ ᠣᠷᠳᠣᠨ ᠤ ᠪᠡᠯᠠ ᠤᠷᠤᠭᠤᠯᠤᠭᠰᠠᠨ ᠪᠠᠷᠢᠯᠭ᠎ᠠ ᠶᠢᠨ | ᠲᠦᠷᠦᠯ ᠵᠦᠢᠯ ᠳᠤ ᠪᠠᠷᠢᠯᠭ᠎ᠠ ᠶᠢᠨ ᠵᠣᠭᠤᠰ ᠢ ᠦᠷᠢᠲᠦᠭᠰᠡᠨ ᠪᠠ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠦᠷᠢᠲᠦᠭᠰᠡᠨ ᠠᠰᠠᠭᠤᠳᠠᠯ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠳ | ᠡᠯᠰᠡᠨ ᠬᠡᠷᠡᠭᠯᠡᠵᠦ ᠪᠠᠶᠢᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠲᠤᠰ ᠬᠦᠮᠦᠨ ᠳᠤ ᠴᠠᠯᠢᠩ ᠢ ᠨᠢ | ᠬᠠᠤᠯᠢ ᠶᠤᠰᠤᠭᠠᠷ ᠰᠠᠷ᠎ᠠ ᠪᠦᠷᠢ ᠲᠤᠭ᠎ᠠ ᠶᠤᠰᠤᠭᠠᠷ ᠦᠭᠬᠦ ᠬᠡᠷᠡᠭᠲᠡᠢ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ | ︵ᠰᠢᠭᠤᠳ ᠳᠠᠭᠠᠭᠠᠴᠢᠯᠠᠭᠰᠠᠨ ᠪᠠᠷᠢᠯᠭ᠎ᠠ ᠶᠢᠨ ᠨᠢᠭᠡᠴᠡ ᠶᠢᠨ ᠳᠠᠭᠠᠭᠠᠴᠢᠯᠠᠭᠤᠯᠬᠤ ᠪᠠᠷᠢᠯᠭ᠎ᠠ ᠶᠢᠨ ᠲᠤᠰᠬᠠᠶ | ᠠᠵᠢᠯ ᠤᠨ ᠲᠤᠰᠬᠠᠢ ᠳᠠᠭᠠᠭᠠᠴᠢᠯᠠᠯᠲᠠ ᠶᠢᠨ ᠠᠵᠤ ᠠᠬᠤᠶᠢᠯᠠᠯ᠂ ᠳᠣᠷᠣᠭᠰᠢ ᠠᠳᠠᠯᠢ︶ ᠨᠢ ᠳᠠᠭᠠᠭᠠᠴᠢᠯᠠᠭᠰᠠᠨ | ᠪᠠᠷᠢᠯᠭ᠎ᠠ ᠶᠢᠨ ᠲᠦᠷᠦᠯ ᠵᠦᠢᠯ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠥᠭᠬᠦ ᠳᠤ ᠪᠣᠳᠠᠲᠠᠶ | ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ︵ᠪᠠᠷᠢᠯᠭ᠎ᠠ ᠳᠠᠭᠠᠭᠠᠴᠢᠯᠠᠭᠰᠠᠨ | ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠳᠠᠭᠠᠭᠠᠴᠢᠯᠠᠭᠤᠯᠤᠭᠰᠠᠨ ᠪᠠᠷᠢᠯᠭ᠎ᠠ ᠶᠢᠨ | ᠲᠤᠰᠬᠠᠶ ᠠᠵᠢᠯ ᠤᠨ ᠠᠵᠤ ᠠᠬᠤᠶᠢᠯᠠᠯ᠂ ᠳᠣᠷᠣᠭᠰᠢ ᠠᠳᠠᠯᠢ︶ ᠨᠢ ᠡᠯᠰᠡᠨ ᠬᠡᠷᠡᠭᠯᠡᠵᠦ ᠪᠠᠶᠢᠭ᠎ᠠ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠥᠭᠬᠦ ᠳᠤ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ | ᠱᠠᠭᠠᠷᠳᠠᠵᠠᠢ᠃ | ᠡᠭᠦᠨ ᠤ ᠬᠠᠮᠲᠤ ᠲᠤᠳᠤᠷᠬᠠᠶᠢᠯᠠᠭᠰᠠᠨ ᠨᠢ᠂ ᠡᠯ᠎ᠡ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠦᠩᠭᠦ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠵᠢᠯ ᠤᠨ ᠪᠥᠳᠥᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ ᠪᠠ ᠲᠦᠷᠦᠭᠦᠦ ᠵᠢᠯ ᠤᠨ ᠴᠠᠯᠢᠩ ᠢ ᠦᠷᠢᠲᠦᠭᠰᠡᠨ ᠵᠣᠭᠤᠰ ᠤᠨ | ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ | ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠬᠦ ᠬᠡᠷᠡᠭᠲᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠤᠷᠤᠯᠠᠨ ᠦᠭᠬᠦ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠦᠩᠭᠦ ᠶᠢ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠡᠬᠡᠮᠵᠢᠯᠡᠨ ᠲᠦᠯᠦᠬᠦ ᠬᠡᠷᠡᠭᠲᠡᠢ᠃ ᠡᠯ᠎ᠡ ᠲᠦᠷᠦᠯ ᠤᠨ ᠠᠵᠤ | ᠠᠬᠤᠶᠢᠯᠠᠯ ᠤᠳ ᠪᠠᠩᠬᠢ ᠳᠤ ᠨᠠᠶᠢᠳᠠᠵᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠷᠤᠯᠠᠨ ᠦᠭᠭᠦᠭᠦᠯᠬᠦ | ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ | ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠪᠠᠷᠢᠯᠭ᠎ᠠ ᠶᠢᠨ ᠠᠵᠤ ᠠᠬᠤᠶᠢᠯᠠᠯ ᠨᠢ ᠴᠠᠯᠢᠩ ᠢ ᠨᠢ ᠰᠠᠷ᠎ᠠ ᠪᠦᠷᠢ | ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠨᠡᠮᠡᠭᠰᠡᠨ ᠪᠠᠩᠬᠢ ᠶᠢᠨ ᠳᠠᠩᠰᠠ ᠡᠷᠦᠬᠡ ᠳᠤᠨᠢ ᠤᠷᠤᠭᠤᠯᠤᠨ ᠦᠭᠴᠦ᠂ | ᠬᠤᠪᠢ ᠬᠥᠮᠦᠨ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠪᠠᠩᠬᠢ ᠠᠷᠭ᠎ᠠ ᠵᠠᠮ ᠢᠶᠠᠷ ᠠᠪᠴᠦ ᠪᠤᠯᠬᠤ | ᠪᠤᠯᠭᠠᠬᠤ ᠬᠡᠷᠡᠭᠲᠡᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠳᠤᠲᠤᠷᠠᠬᠢ | ᠨᠡᠶᠢᠭᠡᠮ ᠤᠨ ᠪᠠᠲᠤᠯᠠᠭ᠎ᠠ ᠶᠢᠨ ᠺᠠᠷᠲ ᠦᠭᠡᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠪᠤᠯ ᠪᠠᠷᠢᠯᠭ᠎ᠠ ᠶᠢᠨ ᠠᠵᠤ | ᠠᠬᠤᠶᠢᠯᠠᠯ ᠨᠢ ᠬᠠᠷᠢᠭᠤᠴᠠᠨ ᠲᠡᠭᠦᠨ ᠳᠤ ᠪᠠᠩᠬᠢ ᠶᠢᠨ ᠴᠠᠯᠢᠩ ᠤᠨ ᠺᠠᠷᠲ ᠭᠦᠢᠴᠡᠳᠬᠡᠵᠦ ᠦᠭᠬᠦ ᠪᠦᠭᠡᠳ | ᠴᠠᠯᠢᠩ ᠢ ᠨᠢ ᠰᠠᠷ᠎ᠠ ᠪᠦᠷᠢ ᠪᠠᠩᠬᠢ ᠪᠠᠷ ᠤᠷᠤᠯᠠᠨ ᠦᠭᠭᠦᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠦ ᠠᠯᠪᠠᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠲᠦᠷᠢᠮ ᠢᠶᠠᠨ ᠪᠦᠷᠢᠨᠰᠢᠭᠦᠯᠦᠨ ᠲᠤᠭᠲᠠᠭᠠᠬᠤ ᠶᠢᠨ ᠬᠠᠮᠲᠤ | ᠠᠵᠤ ᠠᠬᠤᠶᠢᠯᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠤ᠂ ᠪᠠᠷᠢᠯᠭ᠎ᠠ ᠶᠢᠨ ᠠᠵᠤ ᠠᠬᠤᠶᠢᠯᠠᠯ ᠨᠢ ᠴᠥᠮ ᠰᠢᠭᠤᠳ ᠡᠯᠰᠡᠨ ᠬᠡᠷᠡᠭᠯᠡᠭᠰᠡᠨ | ᠬᠥᠯᠥᠰᠥᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠳ ᠲᠠᠢ ᠤᠷᠢᠳᠠᠪᠠᠷ ᠬᠥᠳᠡᠯᠮᠦᠷᠢ ᠶᠢᠨ ᠭᠡᠷ᠎ᠡ ᠲᠤᠭᠲᠠᠭᠰᠠᠨ ᠤ | ᠳᠠᠷᠠᠭ᠎ᠠ ᠪᠠᠷᠢᠯᠭ᠎ᠠ ᠶᠢᠨ ᠠᠵᠢᠯ ᠳᠤ ᠤᠷᠤᠯᠴᠠᠭᠤᠯᠵᠤ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠰᠦᠯᠵᠢᠶᠡᠨ | ᠳᠡᠭᠡᠷ᠎ᠡ ᠮᠡᠳᠡᠭᠦᠯᠦᠨ ᠳᠠᠩᠰᠠᠯᠠᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠬᠥᠳᠡᠯᠮᠦᠷᠢ ᠶᠢᠨ | ᠳᠠᠭᠠᠭᠠᠴᠢᠯᠠᠯᠲᠠ ᠶᠢᠨ ᠠᠵᠢᠯᠯᠠᠭ᠎ᠠ ᠬᠢᠬᠦ ᠬᠥᠳᠡᠯᠮᠦᠷᠢ ᠶᠢᠨ ᠠᠵᠢᠯᠴᠢᠨ ᠢ ᠬᠡᠷᠡᠭᠯᠡᠬᠦ ᠳᠤ ᠶᠡᠷᠦᠩᠬᠡᠶᠢᠯᠡᠨ | ᠳᠠᠭᠠᠭᠠᠴᠢᠯᠠᠭᠰᠠᠨ ᠲᠠᠯ᠎ᠠ ᠨᠢ ᠬᠥᠳᠡᠯᠮᠦᠷᠢ ᠶᠢᠨ ᠠᠵᠢᠯᠴᠢᠨ ᠢ ᠦᠨᠡᠨ ᠨᠡᠷ᠎ᠡ ᠪᠠᠷ ᠨᠢ ᠳᠠᠩᠰᠠᠯᠠᠵᠤ᠂ ᠦᠨᠡᠨ | ᠨᠡᠷ᠎ᠡ ᠶᠢᠨ ᠳᠦᠷᠢᠮᠲᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠵᠤ᠂ ᠨᠡᠷᠡᠰ ᠤᠨ | ᠳᠡᠪᠲᠡᠷ ᠢ ᠬᠦᠳᠡᠯᠮᠦᠷᠢ ᠶᠢᠨ ᠬᠠᠷᠠᠮᠵᠢ ᠥᠭᠬᠦ ᠦᠨᠳᠦᠰᠦᠨ ᠡᠰᠢ ᠪᠠᠷᠢᠮᠲᠠ ᠪᠣᠯᠭᠠᠵᠤ᠂ ᠠᠳᠠᠭ ᠲᠠᠭᠠᠨ 3 ᠵᠢᠯ | ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ | ★ ᠵᠠᠩᠭᠢᠯᠠᠭ᠎ᠠ ᠶᠢᠨ ᠦᠭᠡ᠄ ᠬᠤᠷᠤᠨ ᠰᠠᠨᠠᠭ᠎ᠠ ᠪᠠᠷ ᠴᠠᠯᠢᠩ ᠦᠷᠢᠲᠦᠬᠦ ᠳᠤ ᠴᠢᠩᠭ᠎ᠠ ᠴᠣᠬᠢᠯᠲᠠ ᠥᠭᠴᠦ | ᠰᠦᠷᠳᠡᠭᠦᠯᠬᠦ ᠬᠡᠷᠡᠭᠲᠡᠢ ★ | ︽ᠰᠠᠨᠠᠯ︾ ᠳᠤ ᠲᠤᠳᠤᠷᠬᠠᠶᠢᠯᠠᠭᠰᠠᠨ ᠨᠢ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠤᠯᠢ ᠬᠡᠷᠡᠭᠵᠢᠭᠦᠯᠬᠦ | ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠨ ᠪᠠᠶᠢᠴᠠᠭᠠᠬᠤ᠂ ᠬᠠᠮᠲᠤᠷᠠᠨ ᠬᠡᠷᠡᠭ ᠰᠢᠢᠳᠪᠦᠷᠢᠯᠡᠬᠦ᠂ ᠬᠠᠮᠲᠤᠷᠠᠨ | ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠠᠪᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠲᠠᠩᠨᠠᠨ | ᠰᠢᠢᠳᠪᠦᠷᠢᠯᠡᠬᠦ ᠡᠷᠴᠢᠮ ᠢ ᠴᠢᠩᠭᠠᠳᠬᠠᠵᠤ᠂ ᠬᠤᠷᠤᠨ ᠰᠠᠨᠠᠭ᠎ᠠ ᠲᠠᠢ ᠪᠠᠷ ᠴᠠᠯᠢᠩ ᠥᠷᠢᠲᠦᠬᠦ ᠪᠠ ᠴᠠᠯᠢᠩ | ᠦᠷᠢᠲᠦᠨ ᠤᠷᠭᠤᠨ ᠳᠠᠯᠳᠠᠯᠠᠬᠤ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠴᠣᠬᠢᠯᠲᠠ ᠥᠭᠴᠦ | ᠰᠦᠷᠳᠡᠭᠦᠯᠬᠦ ᠬᠡᠷᠡᠭᠲᠡᠢ ᠭᠡᠪᠡ᠃ | ︽ᠰᠠᠨᠠᠯ︾ ᠳᠤ ᠲᠣᠳᠣᠷᠬᠠᠶ ᠳᠤᠷᠠᠳᠤᠭᠰᠠᠨ ᠨᠢ᠂ ᠬᠥᠳᠡᠯᠮᠦᠷᠢ ᠦᠢᠯᠡᠴᠢᠯᠡᠭᠡᠨ ᠤ ᠳᠠᠭᠠᠭᠠᠴᠢᠯᠠᠯᠲᠠ ᠶᠢᠨ | ᠭᠡᠷ᠎ᠡ ᠠᠴᠠ ᠪᠤᠯᠵᠤ ᠡᠭᠦᠰᠦᠭᠰᠡᠨ ᠬᠦᠳᠡᠯᠮᠦᠷᠢ ᠦᠢᠯᠡᠴᠢᠯᠡᠭᠡᠨ ᠤ ᠵᠠᠷᠤᠳᠠᠯ ︵ᠬᠥᠳᠡᠯᠮᠦᠷᠢ ᠶᠢᠨ ᠬᠥᠯᠥᠰᠥ ᠣᠯᠭᠤᠮᠵᠢ | ᠪᠠᠭᠲᠠᠨ᠎ᠠ︶ ᠤᠨ ᠮᠠᠷᠭᠤᠯᠳᠤᠭᠠᠨ ᠵᠠᠭᠤᠷᠠᠯᠳᠤᠭᠠᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠷᠢᠯᠭ᠎ᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠪᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠶ ᠲᠦᠷᠢᠮ︾ ᠵᠡᠷᠭᠡ | ᠬᠠᠤᠯᠢ ᠴᠠᠭᠠᠵᠠ ᠬᠠᠤᠯᠢ ᠲᠤᠭᠲᠠᠭᠠᠯ ᠢ ᠦᠨᠳᠦᠰᠦᠯᠡᠨ ᠰᠢᠢᠳᠪᠦᠷᠢᠯᠡᠬᠦ ᠬᠡᠷᠡᠭᠲᠡᠢ᠃ ᠬᠥᠳᠡᠯᠮᠦᠷᠢ ᠶᠢᠨ ᠭᠡᠷ᠎ᠡ ᠠᠴᠠ | ᠪᠤᠯᠵᠤ ᠡᠭᠦᠰᠦᠭᠰᠡᠨ ᠴᠠᠯᠢᠩ ᠤᠨ ᠮᠠᠷᠭᠤᠯᠳᠤᠭᠠᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠲᠠᠰᠤᠯᠤᠨ ᠰᠢᠢᠳᠪᠦᠷᠢᠯᠡᠬᠦ ᠬᠠᠤᠯᠢ︾ ᠶᠢᠨ ᠲᠣᠭᠲᠠᠭᠠᠯ | ᠶᠣᠰᠣᠭᠠᠷ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ | ᠲᠣᠰᠬᠤᠨ ᠤ ᠦᠨᠳᠦᠰᠦᠨ ᠱᠠᠲᠤᠨ ᠤ ᠡᠶᠡᠳᠡᠭᠦᠯᠦᠯᠭᠡ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ | ᠴᠠᠯᠢᠩ ᠮᠠᠷᠭᠤᠯᠳᠤᠭᠠᠨ ᠢ ᠨᠢ ᠲᠤᠰ ᠭᠠᠵᠠᠷ ᠪᠤᠶᠤ ᠣᠶᠢᠷᠠᠯᠴᠠᠭ᠎ᠠ ᠭᠠᠵᠠᠷ ᠲᠤᠨᠢ ᠰᠢᠢᠳᠪᠦᠷᠢᠯᠡᠵᠦ ᠦᠭᠬᠦ ᠬᠡᠷᠡᠭᠲᠡᠢ᠃ | ᠡᠯ᠎ᠡ ᠱᠠᠲᠤᠨ ᠤ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠭᠠᠨ ᠢ ᠲᠠᠰᠤᠯᠤᠨ ᠰᠢᠢᠳᠪᠦᠷᠢᠯᠡᠬᠦ ᠵᠤᠪᠯᠡᠯ ᠨᠢ | ᠴᠠᠯᠢᠩ ᠢ ᠥᠷᠢᠲᠦᠭᠰᠡᠨ ᠬᠡᠷᠡᠭ ᠲᠤ ︽ᠰᠠᠭᠠᠳ ᠥᠭᠡᠢ ᠨᠡᠪᠲᠡᠷᠡᠬᠦ ᠵᠠᠮ︾ ᠨᠡᠭᠡᠭᠡᠨ ᠦᠭᠴᠦ᠂ ᠰᠢᠯᠵᠢᠭᠦᠯᠦᠨ | ᠲᠠᠰᠤᠯᠬᠤ᠂ ᠰᠢᠯᠵᠢᠭᠦᠯᠦᠨ ᠰᠢᠭᠦᠬᠦ᠂ ᠲᠠᠰᠤᠯᠠᠨ ᠰᠢᠭᠦᠬᠦ ᠶᠢ ᠠᠪᠴᠠᠯᠳᠤᠭᠤᠯᠬᠤ ᠶᠢ ᠴᠢᠩᠭᠠᠳᠬᠠᠵᠤ᠂ ᠴᠠᠯᠢᠩ | ᠦᠷᠢᠲᠦᠯ ᠤᠨ ᠮᠠᠷᠭᠤᠯᠳᠤᠭᠠᠨ ᠤ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠭᠡᠪᠡ᠃ | |