| | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠤᠣᠯ ᠰᠡᠳᠦᠪ ᠪᠣᠯᠭᠠᠭᠰᠠᠨ᠂ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢ | ᠴᠢᠩᠭᠠᠳᠬᠠᠬᠤ ᠪᠠᠷ ᠪᠦᠬᠦ ᠨᠠᠮ ᠤᠨ ᠬᠠᠮᠲᠤ ᠶᠢᠨ ᠡᠭᠦᠷᠭᠡ ᠪᠣᠯᠭᠠᠭᠰᠠᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠨᠢ ︽ᠰᠢᠨ᠎ᠡ ᠪᠠᠶᠢᠳᠠᠯ ᠳᠣᠣᠷᠠᠬᠢ ᠨᠠᠮ ᠤᠨ ᠲᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠪᠣᠯᠣᠨ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾ ᠢ | ᠵᠥᠪᠯᠡᠭᠡᠳ ᠪᠠᠲᠤᠯᠠᠪᠠ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠬᠤᠷᠢᠶ᠎ᠠ ᠶᠢᠨ ᠨᠡᠶᠢᠲᠡᠯᠡᠨ | ᠬᠡᠷᠡᠭᠵᠢᠭᠦᠯᠦᠭᠰᠡᠨ ᠪᠤᠶᠤ ᠵᠠᠰᠠᠪᠤᠷᠢ ᠣᠷᠣᠭᠤᠯᠤᠭᠰᠠᠨ ᠨᠠᠮ ᠤᠨ ᠳᠣᠲᠣᠭᠠᠳᠤ ᠶᠢᠨ 50 ᠭᠠᠷᠤᠢ ᠬᠠᠤᠯᠢ | ᠲᠣᠭᠲᠠᠭᠠᠯ ᠳᠣᠲᠣᠷ᠎ᠠ᠂ ᠡᠨᠡ ᠬᠤᠶᠠᠷ ᠪᠢᠴᠢᠭ ᠮᠠᠲ᠋ᠧᠷᠢᠶᠠᠯ ᠤᠨ ᠴᠢᠬᠤᠯᠠ ᠴᠢᠨᠠᠷ ᠪᠠ ᠵᠠᠩᠭᠢᠯᠠᠭ᠎ᠠ ᠶᠢᠨ ᠴᠢᠨᠠᠷ ᠨᠢ ︽ | ᠳᠦᠷᠢᠮ ᠤᠨ ᠰᠢᠩᠭᠡᠯᠢᠭ︾ ᠢ ᠤᠯᠠᠮ ᠪᠠᠬᠢᠯᠡᠬᠦ ᠳᠤ ᠠᠰᠢᠭᠲᠠᠢ ᠮᠥᠷᠲᠡᠭᠡᠨ ᠪᠠᠰᠠ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠳᠤ ᠨᠡᠩ ᠪᠠᠲᠤ ᠪᠠᠬᠢ ᠳᠦᠷᠢᠮ ᠤᠨ ᠲᠦᠰᠢᠭ ᠲᠤᠯᠭᠠᠭᠤᠷᠢ ᠪᠠ ᠰᠠᠬᠢᠯᠭ᠎ᠠ ᠪᠠᠲᠤ ᠶᠢᠨ ᠪᠠᠲᠤᠯᠠᠭ᠎ᠠ | ᠬᠠᠩᠭᠠᠬᠤ ᠳᠤ ᠠᠰᠢᠭᠲᠠᠢ ᠶᠤᠮ᠃ | ᠡᠭᠦᠨ ᠤ ᠲᠤᠯᠠᠳᠠ᠂ ︽ᠰᠢᠨ᠎ᠡ ᠪᠠᠶᠢᠳᠠᠯ ᠳᠣᠣᠷᠠᠬᠢ ᠨᠠᠮ ᠤᠨ ᠲᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠤᠨ ᠶᠢᠰᠦᠨ ᠶᠡᠭᠡ ᠭᠢᠯᠠᠰ ᠴᠢᠭ᠋ ᠪᠣᠯᠤᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ ︵ᠲᠤᠷᠰᠢᠨ ᠬᠡᠷᠡᠭᠵᠢᠭᠦᠯᠬᠦ︶︾ | ᠤᠨ ᠲᠠᠪᠤᠨ ᠶᠡᠭᠡ ᠭᠢᠯᠠᠰ ᠴᠢᠭ᠋ ᠢ ᠣᠶᠢᠯᠭᠠᠬᠤ ᠴᠢᠬᠤᠯᠠ ᠲᠠᠢ ᠪᠠᠶᠢᠨ᠎ᠠ᠃ | ᠨᠢᠭᠡ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠷᠠᠬᠢ ᠤᠯᠤᠰ ᠲᠦᠷᠦ ᠶᠢᠨ ᠠᠮᠢᠳᠤᠷᠠᠯ ᠤᠨ ᠲᠤᠬᠠᠶ | ᠪᠠᠷᠢᠮᠵᠢᠶ᠎ᠠ ᠨᠤᠭᠤᠳ︾ ᠤᠨ ᠶᠢᠰᠦᠨ ᠶᠡᠭᠡ ᠭᠢᠯᠠᠰ ᠴᠢᠭ᠋ | ᠭᠢᠯᠠᠰ ᠴᠢᠭ᠋ ᠨᠢᠭᠡ᠄ ᠴᠢᠬᠤᠯᠠ ᠵᠣᠷᠢᠯᠭ᠎ᠠ — ︽ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠡᠷᠡᠰ | ᠬᠠᠮᠠᠭᠠᠯᠠᠬᠤ ᠬᠡᠷᠡᠭᠲᠡᠶ︾᠃ | ᠭᠢᠯᠠᠰ ᠴᠢᠭ᠋ ᠬᠤᠶᠠᠷ᠄ ᠭᠤᠣᠯᠳᠠᠯᠭ᠎ᠠ᠂ ᠵᠠᠩᠭᠢᠯᠠᠭ᠎ᠠ — ᠡᠮᠦᠨᠡᠬᠢ ᠨᠢ ︽ᠡᠯ᠎ᠡ ᠱᠠᠲᠤᠨ ᠤ ᠤᠳᠤᠷᠢᠳᠬᠤ | ᠪᠠᠶᠢᠭᠤᠯᠭ᠎ᠠ ᠪᠠ ᠤᠳᠤᠷᠢᠳᠬᠤ ᠺᠠᠳ᠋ᠷ︾ ᠲᠤ ᠴᠢᠭᠯᠡᠭᠦᠯᠵᠦ᠂ ᠬᠤᠶᠢᠨᠠᠬᠢ ᠨᠢ ︽ᠳᠡᠭᠡᠳᠦ ᠳᠡᠰ ᠤᠨ ᠺᠠᠳ᠋ᠷᠴᠤᠳ | ᠢᠯᠠᠩᠭᠤᠶ᠎ᠠ ᠲᠥᠪ ᠬᠤᠷᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ︾ ᠲᠤ ᠴᠢᠭᠯᠡᠭᠦᠯᠪᠡ᠃ | | ᠭᠢᠯᠠᠰ ᠴᠢᠭ᠋ ᠭᠤᠷᠪᠠ᠄ ᠦᠨᠳᠦᠰᠦᠨ ᠱᠤᠭᠤᠮ — ︽ᠨᠠᠮ ᠪᠠ ᠤᠯᠤᠰ ᠣᠷᠣᠨ ᠤ ᠠᠮᠢᠨ ᠰᠤᠳᠠᠰᠤ᠂ | ᠠᠷᠠᠳ ᠲᠦᠮᠡᠨ ᠤ ᠵᠣᠯ ᠵᠢᠷᠭᠠᠯ ᠤᠨ ᠰᠤᠳᠠᠰᠤ᠂ ᠮᠥᠨᠴᠦ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠬᠡᠪ ᠤᠨ ᠪᠠᠶᠢᠳᠠᠯ ᠢᠶᠠᠷ ᠥᠷᠨᠢᠭᠦᠯᠬᠦ ᠦᠨᠳᠦᠰᠦᠨ ᠪᠠᠲᠤᠯᠠᠭ᠎ᠠ ᠮᠥᠨ᠃︾ | ᠭᠢᠯᠠᠰ ᠴᠢᠭ᠋ ᠳᠥᠷᠪᠡ᠄ ᠰᠠᠬᠢᠯᠭ᠎ᠠ ᠪᠠᠲᠤ ᠲᠥᠪ ᠴᠢᠩᠭ᠎ᠠ — ︽ᠪᠦᠬᠦ ᠨᠠᠮ ᠢᠶᠠᠷ ᠢᠶᠠᠨ ᠵᠣᠷᠢᠭ ᠰᠠᠨᠠᠭ᠎ᠠ | ᠨᠢᠭᠡᠲᠡᠢ᠂ ᠦᠢᠯᠡ ᠠᠵᠢᠯᠯᠠᠭ᠎ᠠ ᠨᠢᠭᠡᠲᠡᠢ᠂ ᠠᠯᠬᠤᠮ ᠨᠢᠭᠡᠲᠡᠶ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠥᠨ᠃︾ ︽ᠨᠠᠮ ᠤᠨ | ᠲᠣᠲᠣᠭᠠᠳᠤ ᠳᠤ ᠬᠠᠷᠢᠯᠴᠠᠨ ᠲᠠᠲᠠᠯᠴᠠᠵᠤ᠂ ᠡᠷᠭᠦᠨ ᠮᠠᠭᠲᠠᠯᠴᠠᠵᠤ᠂ ᠰᠠᠶᠢᠮᠰᠤᠷᠠᠨ ᠪᠢᠯᠳᠠᠤᠴᠢᠯᠠᠵᠤ ᠪᠣᠯᠬᠤ ᠦᠭᠡᠢ᠃ | ᠤᠳᠤᠷᠢᠳᠬᠤ ᠬᠥᠮᠦᠨ ᠤ ᠲᠤᠬᠠᠶ ᠤᠬᠠᠭᠤᠯᠭ᠎ᠠ ᠬᠢᠬᠦ ᠳᠡᠭᠡᠨ ᠦᠨᠡᠨ ᠢ ᠪᠠᠷᠢᠮᠲᠠᠯᠠᠵᠤ᠂ ᠡᠷᠭᠦᠨ ᠮᠠᠭᠲᠠᠬᠤ ᠶᠢ | ᠴᠠᠭᠠᠵᠠᠯᠠᠨ᠎ᠠ᠃︾ | ᠭᠢᠯᠠᠰ ᠴᠢᠭ᠋ ᠲᠠᠪᠤ᠄ ᠦᠨᠳᠦᠰᠦᠨ ᠱᠠᠭᠠᠷᠳᠠᠯᠭ᠎ᠠ — ︽ᠨᠠᠮ ᠪᠣᠯᠤᠨ ᠠᠷᠠᠳ ᠲᠦᠮᠡᠨ ᠤ ᠬᠤᠭᠤᠷᠣᠨᠳᠣᠬᠢ | ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠷᠢᠮᠲᠠᠯᠠᠬᠤ ᠬᠡᠷᠡᠭᠲᠡᠢ︾᠃ | ᠭᠢᠯᠠᠰ ᠴᠢᠭ᠋ ᠵᠢᠷᠭᠤᠭ᠎ᠠ᠄ ᠴᠢᠬᠤᠯᠠ ᠰᠠᠭᠤᠷᠢ — ︽ᠨᠠᠮ ᠤᠨ ᠳᠣᠲᠣᠭᠠᠳᠤ ᠶᠢᠨ ᠠᠷᠠᠳᠴᠢᠯᠠᠯ ᠪᠣᠯ | ᠨᠠᠮ ᠤᠨ ᠠᠮᠢ ᠨᠠᠰᠤ ᠮᠥᠨ︾᠃ ︽ᠨᠠᠮ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ᠂ ᠬᠡᠷᠡᠭᠵᠢᠭᠦᠯᠦᠯᠲᠡ᠂ | ᠬᠢᠨᠠᠯᠲᠠ ᠵᠡᠷᠭᠡ ᠠᠵᠢᠯ ᠳᠤ ᠡᠷᠬᠡᠪᠰᠢ ᠨᠠᠮ ᠤᠨ ᠲᠦᠷᠢᠮ ᠨᠠᠮ ᠤᠨ ᠲᠣᠭᠲᠠᠭᠠᠯ ᠳᠤ ᠲᠣᠭᠲᠠᠭᠰᠠᠨ ᠠᠷᠠᠳᠴᠢᠯᠠᠯ ᠤᠨ | ᠵᠠᠷᠴᠢᠮ ᠪᠠ ᠳᠡᠰ ᠳᠠᠷᠠᠭᠠᠯᠠᠯ ᠢ ᠬᠡᠷᠡᠭᠵᠢᠭᠦᠯᠬᠦ ᠬᠡᠷᠡᠭᠲᠡᠶ᠂ ᠶᠠᠮᠠᠷᠪᠠ ᠨᠠᠮ ᠤᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠴᠥᠮ ᠨᠠᠮ ᠤᠨ ᠳᠣᠲᠣᠭᠠᠳᠤ ᠶᠢᠨ ᠠᠷᠠᠳᠴᠢᠯᠠᠯ ᠢ ᠳᠠᠷᠤᠵᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ | ᠡᠪᠳᠡᠵᠦ ᠪᠣᠯᠬᠤ ᠦᠭᠡᠢ︾᠃ | ᠭᠢᠯᠠᠰ ᠴᠢᠭ᠋ ᠳᠣᠯᠤᠭ᠎ᠠ᠄ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ — ︽ᠬᠥᠮᠦᠨ ᠢ ᠵᠥᠪ ᠢᠶᠠᠷ | ᠰᠣᠩᠭᠤᠬᠤ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︾᠃ ︽ᠵᠣᠷᠢᠭᠲᠠᠶ ᠪᠠᠷ ᠡᠭᠦᠷᠭᠡᠯᠡᠳᠡᠭ ᠺᠠᠳ᠋ᠷ ᠲᠤ | ᠡᠭᠦᠷᠭᠡᠯᠡᠭᠦᠯᠵᠦ᠂ ᠵᠣᠷᠢᠭᠲᠠᠶ ᠪᠠᠷ ᠬᠠᠷᠢᠭᠤᠴᠠᠳᠠᠭ ᠺᠠᠳ᠋ᠷ ᠢᠶᠠᠷ ᠬᠠᠷᠢᠭᠤᠴᠠᠭᠤᠯᠬᠤ ᠬᠡᠷᠡᠭᠲᠡᠢ︾᠃ ︽ᠶᠠᠮᠠᠷᠪᠠ | ᠬᠥᠮᠦᠨ ᠴᠦ ᠭᠡᠳ ᠨᠠᠮ ᠤᠨ ᠺᠠᠳ᠋ᠷ ᠢ ᠬᠤᠪᠢ ᠶᠢᠨ ᠡᠳ᠋ ᠬᠦᠷᠦᠩᠭᠡ ᠪᠣᠯᠭᠠᠵᠤ ᠪᠣᠯᠬᠤ ᠦᠭᠡᠢ᠂ ᠨᠠᠮ ᠤᠨ | ᠲᠣᠲᠣᠭᠠᠳᠤ ᠳᠤ ᠪᠡᠶ᠎ᠡ ᠶᠢᠨ ᠬᠠᠷᠢᠶᠠᠲᠤ ᠬᠠᠷᠢᠴᠠᠭ᠎ᠠ ᠪᠠᠶᠢᠯᠭᠠᠵᠤ ᠪᠣᠯᠬᠤ ᠤᠢᠭᠡᠢ᠃ ᠨᠠᠮ ᠤᠨ ᠲᠣᠲᠣᠭᠠᠳᠤ ᠶᠢᠨ | ᠨᠥᠬᠦᠳ ᠨᠠᠷ ᠬᠠᠷᠢᠴᠠᠭ᠎ᠠ ᠶᠢ ᠵᠢᠷᠤᠮᠵᠢᠭᠤᠯᠬᠤ ᠪᠠ ᠴᠡᠪᠡᠷᠰᠢᠭᠦᠯᠵᠦ᠂ ᠤᠳᠤᠷᠢᠳᠬᠤ ᠺᠠᠳ᠋ᠷᠴᠤᠳ ᠨᠢ ᠨᠠᠮ ᠤᠨ | ᠭᠡᠰᠢᠭᠦᠳ ᠢ ᠡᠷᠬᠡ ᠰᠦᠷ ᠢᠶᠠᠷ ᠢᠶᠠᠨ ᠵᠠᠬᠢᠷᠴᠤ ᠪᠣᠯᠬᠤ ᠦᠭᠡᠢ᠂ ᠨᠠᠮ ᠤᠨ ᠭᠡᠰᠢᠭᠦᠨ ᠨᠦᠭᠦᠳ ᠤᠳᠤᠷᠢᠳᠬᠤ | ᠺᠠᠳ᠋ᠷᠴᠤᠳ ᠢ ᠰᠠᠶᠢᠮᠰᠤᠷᠠᠨ ᠪᠢᠯᠳᠠᠤᠴᠢᠯᠠᠵᠤ ᠪᠣᠯᠬᠤ ᠦᠭᠡᠢ᠃ ᠪᠤᠷᠤᠭᠤ ᠶᠢ ᠪᠠᠭᠲᠠᠭᠠᠵᠤ ᠠᠯᠳᠠᠭ᠎ᠠ ᠶᠢ ᠵᠠᠯᠠᠷᠠᠭᠤᠯᠬᠤ | ᠲᠣᠭᠲᠠᠴᠠ ᠶᠢ ᠪᠠᠶᠢᠭᠤᠯᠤᠨ᠂ ᠺᠠᠳ᠋ᠷᠴᠤᠳ ᠤᠨ ᠠᠵᠢᠯ ᠤᠨ ᠳᠤᠮᠳᠠ ᠪᠠᠨ ᠢᠯᠠᠩᠭᠤᠶ᠎ᠠ ᠥᠭᠡᠷᠡᠴᠢᠯᠡᠯᠲᠡ ᠬᠢᠬᠦ | ᠰᠢᠨ᠎ᠡ ᠶᠢ ᠡᠭᠦᠳᠬᠦ ᠳᠤᠮᠳᠠᠬᠢ ᠠᠯᠳᠠᠭ᠎ᠠ ᠶᠢ ᠨᠢ ᠠᠭᠤᠴᠢᠯᠠᠨ᠎ᠠ᠃︾ | ᠭᠢᠯᠠᠰ ᠴᠢᠭ᠋ ᠨᠠᠢᠮᠠ᠄ ᠬᠤᠷᠴᠠ ᠵᠡᠪᠰᠡᠭ — ︽ᠰᠢᠭᠦᠮᠵᠢᠯᠡᠯ ᠪᠠ ᠥᠪᠡᠷ ᠤᠨ ᠰᠢᠭᠦᠮᠵᠢᠯᠡᠯ︾᠂ ︽ | ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠳᠡᠰ ᠤᠨ ᠺᠠᠳ᠋ᠷᠴᠤᠳ ᠡᠷᠬᠡᠪᠰᠢ ᠪᠡᠶ᠎ᠡ ᠪᠠᠷ ᠢᠶᠠᠨ ᠲᠦᠷᠦᠭᠦᠯᠡᠨ | ᠰᠠᠨᠠᠯ ᠳᠤᠷᠠᠳᠤᠯᠭ᠎ᠠ ᠶᠢ ᠳᠠᠷᠤᠤ ᠰᠣᠨᠤᠰᠴᠤ᠂ ᠦᠨᠡᠨᠴᠢ ᠰᠢᠳᠤᠷᠭᠤ ᠠᠵᠢᠯᠯᠠᠬᠤ ᠬᠡᠷᠡᠭᠲᠡᠢ︾᠃ | ᠭᠢᠯᠠᠰ ᠴᠢᠭ᠋ ᠶᠢᠰᠦ᠄ ᠬᠤᠷᠠᠯ ᠳᠤ ᠰᠤᠯᠠ ᠤᠷᠤᠯᠴᠠᠬᠤ — ᠲᠥᠪ ᠬᠤᠷᠢᠶ᠎ᠠ ᠶᠢᠨ ᠪᠥᠬᠦᠳᠡ ᠬᠤᠷᠠᠯ ᠳᠤ | ᠶᠡᠷᠦ ᠳᠡᠭᠡᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠰᠤᠯᠠ | ᠤᠷᠤᠯᠴᠠᠳᠠᠭ᠂ ᠬᠠᠷᠢᠨ ᠲᠤᠰ ᠬᠤᠭᠤᠴᠠᠭᠠᠨ ᠤ ᠬᠤᠷᠠᠯ ᠳᠤ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠭᠡᠰᠢᠭᠦᠳ ᠰᠤᠯᠠ ᠤᠷᠤᠯᠴᠠᠭᠰᠠᠨ ᠪᠠᠶᠢᠨ᠎ᠠ᠃ | ᠬᠤᠶᠠᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ | ᠳᠦᠷᠢᠮ︾ ᠤᠨ ᠲᠤᠬᠠᠢ ᠵᠢᠷᠭᠤᠳᠤᠭᠠᠷ ᠪᠥᠬᠦᠳᠡ ᠬᠤᠷᠠᠯ ᠤᠨ ᠲᠠᠪᠤᠨ ᠶᠡᠭᠡ ᠭᠢᠯᠠᠰ ᠴᠢᠭ᠋ | ᠭᠢᠯᠠᠰ ᠴᠢᠭ᠋ ᠨᠢᠭᠡ᠄ ᠨᠠᠮ ᠤᠨ ᠲᠥᠪ ᠬᠤᠷᠢᠶ᠎ᠠ ᠠᠴᠠ ᠨᠢᠭᠡᠳᠦᠯᠲᠡᠶ ᠤᠳᠤᠷᠢᠳᠬᠤ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠡᠢ᠃ ︽ᠨᠠᠮ ᠤᠨ ᠲᠥᠪ | ᠬᠤᠷᠢᠶ᠎ᠠ ᠨᠢᠭᠡᠳᠦᠯᠲᠡᠶ ᠤᠳᠤᠷᠢᠳᠬᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ | ᠲᠠᠯ᠎ᠠ ᠪᠠᠷ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠤᠰᠬᠠᠶᠢᠯᠠᠨ ᠬᠢᠨᠠᠯᠲᠠ ᠲᠠᠯᠪᠢᠬᠤ᠂ | ᠨᠠᠮ ᠤᠨ ᠠᠵᠢᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠬᠢᠨᠠᠯᠲᠠ ᠲᠠᠯᠪᠢᠬᠤ᠂ ᠨᠠᠮ ᠤᠨ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠡᠳᠦᠷ ᠲᠤᠳᠤᠮ ᠤᠨ ᠬᠢᠨᠠᠯᠲᠠ ᠲᠠᠯᠪᠢᠬᠤ᠂ ᠨᠠᠮ ᠤᠨ ᠭᠡᠰᠢᠭᠦᠳ | ᠠᠷᠠᠳᠴᠢᠯᠠᠯ ᠢᠶᠠᠷ ᠬᠢᠨᠠᠯᠲᠠ ᠲᠠᠯᠪᠢᠬᠤ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ | ᠪᠠᠶᠢᠭᠤᠯᠤᠨ᠎ᠠ︾᠃ | ᠭᠢᠯᠠᠰ ᠴᠢᠭ᠋ ᠬᠤᠶᠠᠷ᠄ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠᠲᠤ | ᠬᠠᠷᠢᠭᠤᠴᠠᠯᠭ᠎ᠠ ᠶᠢ ᠲᠣᠳᠣᠷᠬᠠᠶᠢᠯᠠᠵᠡᠢ᠃ ︽ᠨᠠᠮ ᠤᠨ ᠲᠥᠪ ᠬᠤᠷᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ | ᠳᠣᠲᠤᠭᠠᠳᠤ ᠶᠢᠨ ᠬᠢᠨᠠᠯᠲᠠ ᠲᠠᠯᠪᠢᠬᠤ ᠠᠵᠢᠯ ᠢ ᠪᠦᠬᠦ ᠲᠠᠯ᠎ᠠ ᠪᠠᠷ ᠤᠳᠤᠷᠢᠳᠤᠨ᠎ᠠ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠨᠢ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠳᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠪᠣᠯᠣᠨ | ᠨᠠᠮ ᠤᠨ ᠬᠤᠷᠢᠶ᠎ᠠ ᠶᠢᠨ ᠭᠡᠰᠢᠭᠦᠨ ᠨᠢ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ | ᠲᠠᠯᠪᠢᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︾᠃ | ᠭᠢᠯᠠᠰ ᠴᠢᠭ᠋ ᠭᠤᠷᠪᠠ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠳᠣᠲᠣᠭᠠᠳᠤ ᠶᠢᠨ ᠬᠢᠨᠠᠯᠲᠠ | ᠲᠠᠯᠪᠢᠬᠤ ᠠᠵᠢᠯ ᠤᠨ ᠳᠤᠮᠳᠠᠬᠢ ᠲᠤᠰᠬᠠᠶ ᠬᠠᠷᠢᠭᠤᠴᠠᠯᠭ᠎ᠠ ᠶᠢ ᠲᠣᠳᠣᠷᠬᠠᠶᠢᠯᠠᠵᠡᠢ᠃ ︽ᠨᠠᠮ ᠤᠨ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ | ᠲᠤᠯᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ︾᠃ | ᠭᠢᠯᠠᠰ ᠴᠢᠭ᠋ ᠳᠦᠷᠪᠡ᠄ ᠬᠢᠨᠠᠯᠲᠠ ᠲᠠᠯᠪᠢᠬᠤ ᠶᠢᠨ ᠪᠦᠬᠦ ᠲᠠᠯ᠎ᠠ ᠶᠢ ᠲᠣᠳᠣᠷᠬᠠᠶᠢᠯᠠᠵᠡᠢ︾᠃ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠢᠲᠡᠭᠡᠯ ᠣᠯᠭᠤᠨ ᠤᠷᠮᠠᠰᠢᠭᠤᠯᠬᠤ ᠬᠢᠭᠡᠳ ᠲᠥᠪ ᠴᠢᠩᠭ᠎ᠠ ᠬᠢᠨᠠᠯᠲᠠ | ᠲᠠᠯᠪᠢᠬᠤ ᠶᠢ ᠤᠶᠠᠯᠳᠤᠭᠤᠯᠵᠤ᠂ ᠳᠡᠭᠡᠷ᠎ᠡ ᠠᠴᠠ ᠳᠣᠷᠤᠭᠰᠢᠬᠢ ᠵᠣᠬᠢᠶᠠᠨ ᠪᠠᠶᠢᠭᠤᠯᠤᠯᠲᠠ ᠶᠢᠨ ᠬᠢᠨᠠᠯᠲᠠ | ᠲᠠᠯᠪᠢᠯᠲᠠ ᠶᠢ ᠴᠢᠩᠭᠠᠳᠬᠠᠨ᠂ ᠳᠣᠣᠷ᠎ᠠ ᠠᠴᠠ ᠳᠡᠭᠡᠭᠰᠢᠬᠢ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ | ᠰᠠᠶᠢᠵᠢᠷᠠᠭᠤᠯᠵᠤ᠂ ᠠᠳᠠᠯᠢ ᠱᠠᠲᠤᠨ ᠤ ᠬᠠᠷᠢᠯᠴᠠᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ︾᠃ | | ᠭᠢᠯᠠᠰ ᠴᠢᠭ᠋ ᠲᠠᠪᠤ᠄ ᠪᠦᠬᠦ ᠨᠠᠮ ᠤᠨ ᠬᠠᠮᠲᠤ ᠶᠢᠨ ᠡᠭᠦᠷᠭᠡ ᠶᠢ ᠲᠣᠳᠣᠷᠬᠠᠶᠢᠯᠠᠵᠡᠢ᠃ ︽ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠂ ᠨᠠᠮ ᠤᠨ ᠳᠣᠲᠣᠭᠠᠳᠤ ᠶᠢᠨ | ᠬᠢᠨᠠᠯᠲᠠ ᠲᠠᠯᠪᠢᠯᠲᠠ ᠶᠢ ᠴᠢᠩᠭᠠᠳᠬᠠᠬᠤ ᠪᠣᠯ ᠪᠦᠬᠦ ᠨᠠᠮ ᠤᠨ ᠬᠠᠮᠲᠤ ᠶᠢᠨ ᠡᠭᠦᠷᠭᠡ ᠮᠥᠨ᠂ ᠡᠷᠬᠡᠪᠰᠢ ᠪᠦᠬᠦ | ᠨᠠᠮ ᠢᠶᠠᠷ ᠢᠶᠠᠨ ᠬᠠᠮᠲᠤ ᠪᠠᠷ ᠬᠥᠳᠡᠯᠦᠯᠴᠡᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠤᠳᠤᠷᠢᠳᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠲᠤᠪᠤᠶᠢᠮ᠎ᠠ | ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ | ᠴᠢᠩᠭᠠᠳᠬᠠᠬᠤ ᠪᠠ ᠵᠢᠷᠤᠮᠵᠢᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠡᠯ᠎ᠡ | ᠵᠦᠢᠯ ᠤᠨ ᠡᠭᠦᠷᠭᠡ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︾᠃ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠨᠢ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠳᠠᠭᠠᠷᠢᠯᠲᠠ ᠶᠢᠨ ᠪᠦᠷᠢᠶ᠎ᠡ ᠶᠢ ᠴᠤᠤᠷᠢᠶᠠᠳᠤᠭᠤᠯᠤᠭᠰᠠᠨ ᠢᠶᠠᠷ ᠢᠶᠠᠨ ᠲᠡᠦᠬᠡᠨ ᠳᠤ | ᠲᠡᠮᠳᠡᠭᠯᠡᠭᠳᠡᠬᠦ ᠪᠠᠷ ᠪᠠᠷᠠᠬᠤ ᠦᠭᠡᠢ ᠪᠠᠰᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠠᠶᠠᠨ ᠳᠤ ᠡᠷᠬᠡ ᠪᠠᠷ ᠢᠯᠵᠠᠷᠠᠯ ᠢ ᠡᠰᠡᠷᠭᠦᠴᠡᠵᠦ ᠪᠠᠶᠢᠭᠰᠠᠨ ᠠᠴᠠ ᠪᠠᠨ ᠳᠦᠷᠢᠮ ᠢᠶᠠᠷ ᠢᠯᠵᠠᠷᠠᠯ ᠢ ᠡᠰᠡᠷᠭᠦᠴᠡᠬᠦ | ᠲᠡᠰᠢ ᠤᠯᠠᠷᠢᠭᠤᠯᠬᠤ᠂ ᠡᠷᠬᠡ ᠪᠠᠷ ᠬᠢᠨᠠᠯᠲᠠ ᠲᠠᠯᠪᠢᠵᠤ ᠪᠠᠶᠢᠭᠰᠠᠨ ᠠᠴᠠ ᠪᠠᠨ ᠲᠦᠷᠢᠮ ᠢᠶᠠᠷ ᠬᠢᠨᠠᠯᠲᠠ ᠲᠠᠯᠪᠢᠬᠤ | ᠲᠡᠰᠢ ᠤᠯᠠᠷᠢᠭᠤᠯᠬᠤ᠂ ᠡᠷᠬᠡ ᠪᠠᠷ ᠨᠠᠮ ᠢ ᠵᠠᠰᠠᠵᠤ ᠪᠠᠶᠢᠭᠰᠠᠨ ᠠᠴᠠ ᠪᠠᠨ ᠲᠦᠷᠢᠮ ᠢᠶᠠᠷ ᠨᠠᠮ ᠢ ᠵᠠᠰᠠᠬᠤ ᠲᠡᠰᠢ | ᠤᠯᠠᠷᠢᠭᠤᠯᠬᠤ ᠶᠢ ᠠᠬᠢᠭᠤᠯᠬᠤ ᠴᠢᠬᠤᠯᠠ ᠪᠡᠯᠭᠡ ᠲᠡᠮᠳᠡᠭ ᠪᠣᠯᠬᠤ ᠪᠣᠯᠣᠨ᠎ᠠ᠃ | | |