| ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠳᠠᠷᠤᠮᠠᠯᠯᠠᠨ ᠲᠠᠷᠬᠠᠭᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ | ᠪᠣᠯᠭᠠᠬᠤ﹀ ᠳᠠᠩᠰᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ | ᠶᠣᠰᠤᠭᠠᠷ᠂ 8 ᠳ᠋ᠤᠭᠠᠷ ᠰᠠᠷ᠎ᠠ ᠶᠢᠨ 31 ᠤ ᠡᠳᠦᠷ ᠠᠴᠠ ᠡᠬᠢᠯᠡᠨ᠂ ᠥᠪᠥᠷ ᠮᠣᠩᠭᠤᠯ ᠪᠦᠬᠦ ᠣᠷᠣᠨ ᠤ ᠬᠡᠪᠴᠢᠶᠡᠨ | ᠳᠤ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ︾ ᠳᠠᠩᠰᠠᠯᠠᠯᠲᠠ ᠶᠢᠨ | ᠵᠠᠭᠪᠤᠷ ᠢ ᠨᠢᠭᠡᠳᠦᠯᠲᠡᠢ ᠬᠡᠷᠡᠭᠵᠢᠭᠦᠯᠪᠡ᠂ ᠭᠤᠣᠯ ᠠᠭᠤᠯᠭ᠎ᠠ ᠨᠢ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ | ᠪᠠᠲᠤᠯᠠᠪᠤᠷᠢ ᠪᠢᠴᠢᠭ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ | ᠭᠠᠶᠢᠯᠢ ᠳᠠᠩᠰᠠᠯᠠᠭᠤᠯᠬᠤ ᠦᠨᠡᠮᠯᠡᠯ ᠵᠡᠷᠭᠡ ︽ᠭᠤᠷᠪᠠᠨ ᠦᠨᠡᠮᠯᠡᠯ ᠢ ᠨᠢᠭᠡᠳᠬᠡᠬᠦ︾ ᠶᠢ ᠪᠦᠬᠦ ᠲᠠᠯ᠎ᠠ ᠪᠠᠷ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠬᠢᠨ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ | ᠪᠣᠯᠤᠨ ᠲᠤᠭ᠎ᠠ ᠪᠦᠷᠢᠳᠬᠡᠯ ᠤᠨ ᠳᠠᠩᠰᠠᠯᠠᠯᠲᠠ ᠶᠢᠨ ᠦᠨᠡᠮᠯᠡᠯ ᠢ ᠡᠮᠬᠢᠯᠡᠨ ᠨᠡᠶᠢᠯᠡᠭᠦᠯᠵᠦ᠂ ︽ᠲᠠᠪᠤᠨ ᠦᠨᠡᠮᠯᠡᠯ ᠢ | ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ︾ ᠢ ᠪᠡᠶᠡᠯᠡᠭᠦᠯᠪᠡ᠃ ᠲᠡᠭᠡᠪᠡᠯ᠂ ︽ᠲᠠᠪᠤᠨ ᠦᠨᠡᠮᠯᠡᠯ ᠢ ᠨᠢᠭᠡᠳᠬᠡᠵᠦ | ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ︾ ᠳᠠᠩᠰᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠨᠢ ᠠᠵᠤ | ᠠᠬᠤᠶᠢᠯᠠᠯ ᠤᠨ ᠶᠠᠮᠠᠷ ᠶᠠᠮᠠᠷ ᠮᠡᠳᠡᠭᠡ ᠵᠠᠩᠭᠢ ᠶᠢ ᠬᠠᠮᠲᠤ ᠪᠠᠷ ᠬᠦᠷᠲᠡᠨ ᠰᠣᠯᠢᠯᠴᠠᠵᠤ ᠪᠣᠯᠬᠤ ᠪᠤᠢ︖ ᠶᠠᠮᠠᠷ | ᠠᠷᠭ᠎ᠠ ᠪᠠᠷᠢᠯ ᠢᠶᠠᠷ ᠳᠠᠮᠵᠢᠨ ᠪᠡᠶᠡᠯᠡᠭᠦᠯᠬᠦ ᠪᠣᠢ︖ ᠡᠭᠦᠨ ᠤ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠣᠷᠴᠢᠮᠬᠠᠨ ᠬᠤᠷᠠᠯᠳᠤᠭᠰᠠᠨ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ︾ | ᠳᠡᠩᠰᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠶᠢᠯᠤᠮᠵᠢ | ᠬᠢᠪᠡ᠃ | ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ︾ ᠳᠠᠩᠰᠠᠯᠠᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ︽ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠵᠤ᠂ | ᠴᠢᠯᠥᠭᠡᠲᠡᠶ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠶᠢ ᠲᠦᠯᠬᠢᠨ | ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ | ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ | ᠳᠥᠭᠦᠮᠴᠢᠯᠡᠵᠦ᠂ ᠰᠠᠯᠠᠭ᠎ᠠ ᠮᠥᠴᠢᠷ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠨ᠂ ᠠᠳᠠᠯ ᠦᠢᠯᠡᠰ | ᠴᠣᠭᠴᠠᠯᠠᠬᠤ ᠪᠠ ᠰᠢᠨ᠎ᠡ ᠡᠭᠦᠳᠬᠦ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ︽ | ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ︾ ᠳᠠᠩᠰᠠᠯᠠᠯᠲᠠ ᠶᠢᠨ ᠵᠠᠭᠪᠤᠷ ᠢ | ᠬᠡᠷᠡᠭᠵᠢᠭᠦᠯᠬᠦ ᠨᠢ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ | ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠭᠤᠶᠤᠴᠢᠯᠠᠭᠰᠠᠨ ᠳᠠᠩᠰᠠᠯᠠᠯᠲᠠ ᠶᠢᠨ ᠮᠡᠳᠡᠭᠡ | ᠵᠠᠩᠭᠢ ᠶᠢ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠬᠠᠷᠢᠭᠤᠴᠠᠨ ᠴᠤᠭᠯᠠᠭᠤᠯᠬᠤ ᠪᠥᠭᠡᠳ ᠤᠭ | ᠪᠢᠴᠢᠭ ᠤᠨ ᠳᠠᠩᠰᠠ ᠡᠪᠬᠡᠮᠡᠯ ᠢ ᠨᠢ ᠬᠠᠳᠠᠭᠠᠯᠠᠵᠤ᠂ ᠡᠯ᠎ᠡ ᠰᠠᠯᠠᠭ᠎ᠠ ᠮᠦᠴᠢᠷ ᠤᠳ ᠪᠠᠶᠢᠴᠠᠭᠠᠨ ᠦᠵᠡᠵᠦ ᠪᠣᠯᠤᠨ᠎ᠠ᠃ | ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠵᠤ | ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠤᠳ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠳᠠᠩᠰᠠᠯᠠᠭᠤᠯᠬᠤ ᠮᠡᠳᠡᠭᠡ ᠵᠠᠩᠭᠢ ᠶᠢ | ᠳᠠᠮᠵᠢᠭᠤᠯᠤᠨ ᠬᠦᠷᠭᠡᠵᠦ᠂ ᠳᠠᠬᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠪᠢ ᠬᠤᠪᠢᠨ ᠤ ᠰᠠᠯᠠᠭ᠎ᠠ | ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤᠮᠳᠠ ᠴᠤᠭᠯᠠᠭᠤᠯᠤᠭᠰᠠᠨ ᠬᠠᠮᠢᠶ᠎ᠠ ᠪᠦᠬᠦᠢ | ᠮᠡᠳᠡᠭᠡ ᠵᠠᠩᠭᠢ ᠶᠢ ᠥᠪᠡᠷᠲᠡᠭᠡᠨ ᠵᠠᠰᠠᠭ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠢᠶᠠᠷ ᠳᠠᠮᠵᠢᠭᠤᠯᠤᠨ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠤ ᠳᠠᠮᠵᠢᠭᠤᠯᠤᠨ | ᠬᠦᠷᠭᠡᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠷᠢᠯᠴᠠᠨ ᠮᠡᠳᠡᠭᠳᠡᠵᠦ᠂ ᠴᠠᠭ ᠲᠤᠬᠠᠶ ᠳᠤᠨᠢ ᠬᠠᠮᠲᠤᠪᠠᠷ | ᠬᠦᠷᠲᠡᠬᠦ ᠶᠢ ᠦᠨᠡᠨᠬᠦ ᠪᠡᠶᠡᠯᠡᠭᠦᠯᠬᠦ ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ ᠪᠣᠯᠭᠠᠬᠤ | ︾ ᠳᠡᠩᠰᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠪᠣᠯ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠴᠢᠬᠤᠯᠠ ᠠᠷᠭ᠎ᠠ ᠪᠠᠷᠢᠯ ᠮᠥᠨ᠂ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ | ᠨᠢᠭᠡᠳᠦᠯᠲᠡᠶ ᠳᠦᠷᠢᠮ ᠢ ᠪᠠᠶᠢᠭᠤᠯᠬᠤ ᠴᠢᠬᠤᠯᠠ ᠠᠭᠤᠯᠭ᠎ᠠ ᠮᠥᠨ᠃ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ | ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠲᠦᠷᠦᠭᠦᠯᠡᠵᠦ ᠪᠦᠬᠦ ᠣᠷᠣᠨ ᠤ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠵᠤ᠂ 2015 | ᠣᠨ ᠤ 10 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠢᠶᠠᠷ ᠳᠠᠮᠵᠢᠭᠤᠯᠤᠨ᠂ ︽ᠭᠤᠷᠪᠠᠨ | ᠦᠨᠡᠮᠯᠡᠯ ᠢ ᠨᠢᠬᠡᠳᠬᠡᠭᠰᠡᠨ︾ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠰᠣᠯᠢᠯᠴᠠᠭ᠎ᠠ ᠶᠢ ᠪᠡᠶᠡᠯᠡᠭᠦᠯᠪᠡ᠃ ᠡᠨᠡ | ᠵᠢᠯ ᠤᠨ 8 ᠳ᠋ᠤᠭᠠᠷ ᠰᠠᠷ᠎ᠠ ᠶᠢᠨ 1 ᠤ ᠡᠳᠦᠷ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠰᠣᠯᠢᠯᠴᠠᠭᠠᠨ ᠤ ᠲᠠᠪᠴᠠᠩ ᠨᠢ ︽ᠭᠤᠷᠪᠠᠨ ᠦᠨᠡᠮᠯᠡᠯ ᠢ ᠨᠢᠬᠡᠳᠬᠡᠭᠰᠡᠨ︾ ᠮᠡᠳᠡᠭᠡ ᠵᠠᠩᠭᠢ ᠶᠢᠨ ᠰᠣᠯᠢᠯᠴᠠᠭᠠᠨ ᠤ | ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠪᠣᠯᠣᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ | ᠵᠣᠯᠭᠠᠯᠳᠣᠭᠤᠯᠵᠣ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠤᠪᠢ ᠣᠷᠣᠭᠤᠯᠤᠭᠴᠢ ᠶᠢᠨ | ᠮᠡᠳᠡᠭᠡ ᠵᠠᠩᠭᠢ᠂ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ᠂ ᠠᠵᠤ ᠠᠬᠤᠶᠢᠯᠠᠯ ᠤᠨ ᠬᠡᠪ ᠤᠨ ᠪᠤᠰᠤ | ᠨᠡᠷᠡᠰ ᠤᠨ ᠮᠡᠳᠡᠭᠡ ᠵᠠᠩᠭᠢ ᠶᠢ ᠲᠠᠪᠤᠨ ᠰᠠᠯᠠᠭ᠎ᠠ ᠮᠥᠴᠢᠷ ᠬᠤᠭᠤᠷᠣᠨᠳᠣ ᠪᠠᠨ ᠬᠠᠮᠲᠤᠪᠠᠷ ᠬᠦᠷᠲᠡᠵᠦ ᠰᠣᠯᠢᠯᠴᠠᠬᠤ | ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠰᠣᠯᠢᠯᠴᠠᠭᠠᠨ ᠤ ᠲᠠᠪᠴᠠᠩ ᠪᠣᠯ ᠮᠠᠨ ᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠬᠠᠮᠲᠤ ᠪᠠᠷ ᠬᠦᠷᠲᠡᠬᠦ᠂ ᠡᠮᠬᠢᠯᠡᠨ ᠨᠡᠶᠢᠯᠡᠭᠦᠯᠬᠦ ᠶᠢᠨ ᠭᠤᠣᠯ ᠵᠠᠩᠭᠢᠯᠠᠭ᠎ᠠ ᠮᠦᠨ᠂ ᠪᠠᠰᠠ ᠴᠤ ᠪᠦᠬᠦ ᠤᠯᠤᠰ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠲᠠᠢ ᠨᠡᠪᠲᠡᠷᠡᠯᠴᠡᠬᠦ ᠴᠣᠷ ᠤᠨ ᠭᠠᠭᠴᠠ ᠵᠠᠮ | ᠮᠥᠨ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠲᠠᠪᠤᠨ ᠦᠨᠡᠮᠯᠡᠯ ᠢ ᠨᠢᠭᠡᠳᠬᠡᠵᠦ᠂ | ᠨᠢᠭᠡ ᠦᠨᠡᠮᠯᠡᠯ ᠨᠢᠭᠡ ᠨᠣᠮᠧᠷ ᠪᠣᠯᠭᠠᠬᠤ﹀ ᠳᠡᠩᠰᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠨ | ᠠᠬᠢᠭᠤᠯᠬᠤ ᠲᠤᠬᠠᠶ ᠮᠡᠳᠡᠭᠳᠡᠯ︾ ᠪᠣᠯᠤᠨ ᠤᠯᠤᠰ ᠤᠨ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ | ᠨᠣᠮᠧᠷ ᠪᠣᠯᠭᠠᠬᠤ︾ ᠳᠡᠩᠰᠡᠯᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠧᠯᠸᠢᠰ ᠳ᠋ᠢᠶᠠᠩᠬᠤᠸᠠ | ᠬᠤᠷᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ | ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠶᠠᠨ᠂ ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠰᠣᠯᠢᠯᠴᠠᠬᠤ ᠠᠵᠢᠯ ᠢ | ᠲᠡᠷᠡ ᠶᠣᠰᠣᠭᠠᠷ ᠨᠢ ᠰᠠᠶᠢᠲᠤᠷ ᠬᠢᠬᠦ ᠶᠢᠨ ᠵᠡᠷᠭᠡᠴᠡᠭᠡᠪᠡᠷ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ | ᠨᠣᠮᠧᠷ ᠵᠢᠴᠢ ᠠᠵᠤ ᠠᠬᠤᠶᠢᠯᠠᠯ ᠤᠨ ᠰᠠᠭᠤᠷᠢ ᠮᠡᠳᠡᠭᠡ ᠵᠠᠩᠭᠢ ᠶᠢ ︽ᠢᠲᠡᠬᠡᠮᠵᠢᠲᠦ ᠥᠪᠥᠷ ᠮᠣᠩᠭᠤᠯ︾ | ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠬᠦ ᠶᠢᠨ ᠬᠠᠮᠲᠤ ︽ᠢᠲᠡᠬᠡᠮᠵᠢᠲᠦ ᠳᠤᠮᠳᠠᠳᠤ ᠤᠯᠤᠰ︾ ᠰᠦᠯᠵᠢᠶᠡᠨ ᠳᠤ | ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠪᠣᠯᠣᠨ᠎ᠠ᠃ | |