| | 2 ᠳ᠋ᠤᠭᠠᠷ ᠰᠠᠷ᠎ᠠ ᠶᠢᠨ 5 ᠤ ᠡᠳᠦᠷ᠂ ᠰᠢᠨᠬᠤᠸᠠ ᠬᠤᠷᠢᠶ᠎ᠠ ︽ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ ᠲᠠᠷᠢᠶᠠᠯᠠᠩ ᠬᠥᠳᠡᠭᠡ | ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠴᠢᠳᠠᠪᠬᠢ ᠶᠢ ᠲᠦᠷᠭᠡᠳᠭᠡᠨ ᠪᠤᠶᠢᠵᠢᠭᠤᠯᠬᠤ ᠲᠤᠬᠠᠶ | ᠳᠤᠮᠳᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ᠢ ᠨᠡᠶᠢᠲᠡᠯᠡᠪᠡ᠃ ᠡᠨᠡ ᠬᠦ 2017 ᠣᠨ ᠤ ᠲᠥᠪ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ ᠦᠷᠭᠦᠯᠵᠢᠯᠡᠨ ᠭᠤᠣᠯᠳᠠᠯᠭ᠎ᠠ | ᠪᠣᠯᠭᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶ ᠲᠦᠯᠬᠢᠨ ᠠᠬᠢᠭᠤᠯᠬᠤ ᠶᠢ ᠰᠢᠨ᠎ᠡ ᠲᠡᠦᠬᠡᠨ ᠱᠠᠲᠤᠨ ᠳᠠᠬᠢ ᠲᠠᠷᠢᠶᠠᠯᠠᠩ ᠬᠥᠳᠡᠭᠡ ᠲᠣᠰᠬᠤᠨ ᠤ | ᠠᠵᠢᠯ ᠤᠨ ᠭᠤᠣᠯ ᠰᠢᠵᠢᠮ ᠪᠤᠯᠭᠠᠪᠠ᠃ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ᠂ ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ᠂ | ᠲᠥᠪ ᠤᠨ ᠡᠳ᠋ ᠤᠨ ᠵᠠᠰᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠳᠠᠩ ᠷᠧᠨ ᠵᠢᠶᠠᠨ ᠲᠤᠰᠬᠠᠶ ᠰᠤᠷᠪᠤᠯᠵᠢᠯᠠᠭ᠎ᠠ | ᠬᠦᠯᠢᠶᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠭᠰᠠᠨ ᠪᠠᠶᠢᠨ᠎ᠠ᠃ | ᠭᠤᠣᠯ ᠬᠠᠷᠠᠯᠲᠠ᠄ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠵᠤ᠂ ᠪᠦᠲᠦᠮᠵᠢᠲᠡᠶ ᠬᠠᠩᠭᠠᠯᠭ᠎ᠠ ᠶᠢ | ᠪᠠᠲᠤᠯᠠᠨ᠎ᠠ | ︽ᠣᠳᠣᠬᠠᠨ ᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠭᠠᠳᠠᠭᠠᠳᠤ ᠤᠷᠴᠢᠨ | ᠠᠬᠤᠢ ᠳᠤ ᠶᠡᠭᠡ ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠵᠥᠷᠢᠴᠡᠯ ᠰᠢᠨ᠎ᠡ ᠠᠰᠠᠭᠤᠳᠠᠯ ᠢᠯᠡᠷᠡᠪᠡ᠃︾ | ᠳᠠᠩ ᠷᠧᠨ ᠵᠢᠶᠠᠨ ᠬᠡᠯᠡᠭᠰᠡᠨ ᠨᠢ᠂ ︽ᠭᠤᠣᠯ ᠨᠢ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠴᠡᠭᠡ ᠱᠠᠭᠠᠷᠳᠠᠯᠭ᠎ᠠ | ᠲᠡᠰ ᠳᠡᠪᠰᠢᠵᠤ᠂ ᠪᠦᠲᠦᠮᠵᠢᠲᠠᠢ ᠬᠠᠩᠭᠠᠯᠭ᠎ᠠ ᠨᠢ ᠬᠦᠷᠦᠯᠴᠡᠬᠦ ᠦᠭᠡᠢ ᠪᠠᠶᠢᠨ᠎ᠠ︔ ᠡᠬᠢ ᠪᠠᠶᠠᠯᠢᠭ ᠤᠨ ᠣᠷᠴᠢᠨ | ᠠᠬᠤᠶ ᠶᠢᠨ ᠳᠠᠭᠠᠭᠠᠴᠠ ᠨᠢ ᠬᠡᠲᠦᠷᠡᠵᠤ᠂ ᠪᠣᠬᠢᠷᠲᠤᠯ ᠦᠭᠡᠢ ᠦᠢᠯᠡᠳᠪᠦᠷᠢᠯᠡᠯ ᠨᠢ ᠬᠦᠷᠦᠯᠴᠡᠬᠦ ᠦᠭᠡᠢ ᠪᠠᠶᠢᠨ᠎ᠠ︔ | ᠭᠠᠳᠠᠭᠠᠳᠤ ᠶᠢᠨ ᠬᠢᠮᠲᠠ ᠦᠨ᠎ᠡ ᠲᠠᠢ ᠲᠠᠷᠢᠶᠠᠯᠠᠩ ᠤᠨ ᠪᠦᠲᠦᠭᠡᠭᠳᠡᠬᠦᠨ ᠣᠷᠣᠵᠤ ᠢᠷᠡᠭᠡᠳ᠂ ᠤᠯᠤᠰ ᠤᠨ | ᠳᠣᠲᠣᠭᠠᠳᠤ ᠶᠢᠨ ᠥᠷᠢᠰᠥᠯᠳᠦᠬᠦ ᠬᠦᠴᠦᠨ ᠬᠦᠷᠦᠯᠴᠡᠬᠦ ᠦᠭᠡᠢ ᠪᠠᠶᠢᠨ᠎ᠠ︔ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠤᠯᠠᠮᠵᠢᠯᠠᠯᠲᠤ ᠬᠥᠳᠡᠯᠭᠡᠬᠦ ᠬᠦᠴᠦᠨ ᠰᠤᠯᠠᠷᠠᠵᠤ᠂ ᠰᠢᠨ᠎ᠡ ᠬᠥᠳᠡᠯᠭᠡᠭᠴᠢ ᠬᠦᠴᠦᠨ ᠬᠦᠷᠦᠯᠴᠡᠬᠦ ᠦᠭᠡᠢ | ᠪᠠᠶᠢᠨ᠎ᠠ︾ ᠬᠡᠵᠠᠢ᠃ | ᠲᠡᠭᠦᠨ ᠤ ᠦᠵᠡᠬᠦ ᠪᠠᠷ᠂ ᠵᠥᠷᠢᠴᠡᠯ ᠤᠨ ᠭᠤᠣᠯ ᠲᠠᠯ᠎ᠠ ᠨᠢ ᠬᠠᠩᠭᠠᠯᠭ᠎ᠠ ᠶᠢᠨ ᠲᠠᠯ᠎ᠠ ᠳᠤ ᠪᠤᠢ᠂ ᠡᠭᠦᠨ ᠳᠤ | ᠪᠦᠲᠦᠴᠡ ᠶᠢᠨ ᠴᠢᠨᠠᠷᠲᠠᠶ᠂ ᠪᠠᠶᠢᠭᠤᠯᠤᠮᠵᠢ ᠶᠢᠨ ᠴᠢᠨᠠᠷᠲᠠᠶ ᠵᠥᠷᠢᠴᠡᠯ ᠳᠤᠪᠤᠶᠢᠵᠤ ᠪᠠᠶᠢᠨ᠎ᠠ᠃ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠬᠤ ᠳᠤ᠂ | ᠬᠠᠩᠭᠠᠯᠭ᠎ᠠ ᠶᠢᠨ ᠲᠠᠯ᠎ᠠ ᠠᠴᠠ ᠭᠠᠷᠳᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ | ᠲᠠᠯᠪᠢᠵᠤ᠂ ᠡᠳᠡᠭᠡᠷ ᠵᠥᠷᠢᠴᠡᠯ ᠠᠰᠠᠭᠤᠳᠠᠯ ᠢ ᠦᠨᠳᠦᠰᠦ ᠠᠴᠠ ᠨᠢ ᠰᠢᠶᠳᠪᠦᠷᠢᠯᠡᠬᠦ ᠬᠡᠷᠡᠭᠲᠠᠢ ᠬᠡᠪᠡ᠃ | ︽ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠠᠮᠵᠢᠯᠲᠠ | ᠤᠯᠵᠤ ᠴᠢᠳᠠᠬᠤ ᠡᠰᠡᠬᠦ ᠨᠢ᠂ ᠬᠠᠩᠭᠠᠯᠭ᠎ᠠ ᠶᠢᠨ ᠰᠢᠰᠲ᠋ᠧᠮᠵᠢ ᠶᠢ ᠰᠢᠯᠢᠳᠡᠭᠵᠢᠬᠦᠯᠦᠭᠰᠡᠨ ᠡᠰᠡᠬᠦ᠂ ᠦᠷ᠎ᠡ | ᠪᠦᠲᠦᠮᠵᠢ ᠶᠢ ᠳᠡᠭᠡᠭᠰᠢᠯᠡᠭᠦᠯᠦᠭᠰᠡᠨ ᠡᠰᠡᠬᠦ᠂ ᠨᠡᠩ ᠴᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠡᠰᠡᠬᠦ | ᠪᠠ ᠪᠣᠳᠠᠲᠤ ᠠᠰᠢᠭ ᠬᠦᠷᠲᠡᠭᠡᠭᠰᠡᠨ ᠡᠰᠡᠬᠦ ᠶᠢ ᠦᠵᠡᠬᠦ ᠬᠡᠷᠡᠭᠲᠡᠶ᠃ ᠭᠤᠣᠯ ᠰᠢᠪᠲᠤᠯᠬᠤ ᠴᠢᠭᠯᠡᠯ ᠪᠣᠯ | ᠲᠠᠷᠢᠶᠠᠯᠠᠩ ᠤᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠤᠯᠤᠨ᠎ᠠ᠃︾ ᠳᠠᠩ ᠷᠧᠨ ᠵᠢᠶᠠᠨ ᠢᠯᠡᠳᠭᠡᠭᠰᠡᠨ | ᠨᠢ᠂ ᠥᠭᠡᠷᠡᠴᠢᠯᠡᠯᠲᠡ ᠶᠢᠨ ᠠᠷᠭ᠎ᠠ ᠪᠠᠷ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠡᠬᠢ ᠪᠠᠶᠠᠯᠢᠭ ᠤᠨ | ᠬᠤᠷᠣᠭᠳᠠᠯ ᠳᠤ ᠬᠡᠲᠦᠷᠬᠡᠶ ᠲᠦᠰᠢᠭᠯᠡᠨ᠂ ᠭᠤᠣᠯ ᠨᠢ ᠬᠡᠮᠵᠢᠶᠡᠨ ᠤ ᠱᠠᠭᠠᠷᠳᠠᠯᠭ᠎ᠠ ᠶᠢ ᠬᠠᠨᠭ᠍ᠭᠠᠵᠤ ᠪᠠᠶᠢᠭᠰᠠᠨ ᠠᠴᠠ | ᠨᠢ ᠪᠣᠬᠢᠷᠲᠤᠯ ᠦᠭᠡᠢ ᠠᠮᠢ ᠠᠬᠤᠶ ᠶᠢᠨ ᠦᠷᠭᠦᠯᠵᠢᠯᠡᠬᠦ ᠬᠦᠭᠵᠢᠯᠲᠡ ᠶᠢ ᠬᠦᠬᠡᠬᠡᠴᠡᠯᠳᠤᠨ᠂ ᠴᠢᠨᠠᠷ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠲᠡᠰᠢ ᠤᠯᠠᠷᠢᠭᠤᠯᠬᠤ ᠶᠢ ᠨᠡᠩ ᠴᠢᠬᠤᠯᠠᠴᠢᠯᠠᠵᠤ᠂ ᠲᠠᠷᠢᠶᠠᠯᠠᠩ ᠤᠨ ᠦᠷ᠎ᠡ ᠠᠰᠢᠭ ᠢ | ᠳᠡᠭᠡᠭᠰᠢᠯᠡᠬᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ᠂ ᠬᠥᠳᠡᠭᠡ ᠲᠣᠰᠬᠤᠨ ᠤ ᠪᠤᠬᠢᠷᠳᠤᠯ ᠦᠭᠡᠢ | ᠪᠠᠶᠢᠬᠤ ᠶᠢ ᠠᠬᠢᠭᠤᠯᠬᠤ ᠬᠡᠷᠡᠭᠲᠡᠶ ᠬᠡᠪᠡ᠃ | ᠲᠡᠷᠡ ᠣᠨᠴᠠᠭᠠᠶᠢᠯᠠᠨ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠣᠯ ᠨᠢᠭᠡᠨ ᠤᠷᠳᠤ ᠬᠤᠭᠤᠴᠠᠭᠠᠨ ᠤ ᠶᠠᠪᠤᠴᠠ ᠪᠥᠭᠡᠳ ᠠᠪᠤᠨ ᠳᠣᠣᠷ᠎ᠠ ᠪᠠᠨ | ᠪᠦᠲᠦᠴᠢᠬᠡᠬᠦ ᠶᠠᠪᠤᠳᠠᠯ ᠪᠢᠰᠢ ᠶᠤᠮ᠂ ᠪᠠᠰᠠ ᠬᠦᠴᠢᠷ ᠳᠠᠪᠠᠭ᠎ᠠ ᠶᠢ ᠲᠤᠭᠤᠯᠵᠤ᠂ ᠡᠳᠦᠶ ᠲᠡᠳᠦᠶ ᠦᠷᠡᠭᠳᠡᠯ | ᠭᠠᠷᠭᠠᠵᠤ ᠮᠡᠳᠡᠬᠦ ᠶᠤᠮ᠂ ᠬᠡᠬᠦ ᠳᠡᠭᠡᠨ ᠴᠢᠭᠯᠡᠯ ᠤᠨ ᠴᠢᠨᠠᠷᠲᠠᠶ ᠠᠰᠠᠭᠤᠳᠠᠯ ᠤᠨ ᠲᠠᠯ᠎ᠠ ᠪᠠᠷ ᠲᠤᠮᠤ ᠠᠯᠳᠠᠭ᠎ᠠ | ᠭᠠᠷᠭᠠᠵᠤ ᠪᠣᠯᠬᠤ ᠦᠭᠡᠢ᠂ ᠨᠤᠷᠠᠭᠠᠯᠲᠠ ᠶᠢᠨ ᠴᠢᠨᠠᠷᠲᠠᠶ ᠠᠯᠳᠠᠭ᠎ᠠ ᠭᠠᠷᠭᠠᠵᠤ ᠪᠣᠯᠬᠤ ᠦᠭᠡᠢ᠂ ᠡᠷᠬᠡᠪᠰᠢ ᠭᠤᠷᠪᠠᠨ | ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠯᠦ | ᠪᠠᠭᠤᠷᠠᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠨᠳᠤᠰᠢ ᠶᠢ ᠦᠯᠦ ᠰᠦᠷᠬᠦ ᠂ ᠬᠥᠳᠡᠭᠡ | ᠲᠣᠰᠬᠤᠨ ᠤ ᠲᠣᠭᠲᠠᠭᠤᠨ ᠪᠠᠶᠢᠳᠠᠯ ᠳᠤ ᠦᠯᠦ ᠠᠰᠠᠭᠤᠳᠠᠯ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃ | ᠬᠤᠶᠠᠷ ᠶᠡᠭᠡ ᠬᠡᠰᠡᠭ᠄ ᠪᠦᠲᠦᠴᠡ ᠶᠢᠨ ᠲᠤᠬᠢᠷᠠᠭᠤᠯᠤᠯᠳᠡ ᠪᠤᠯᠤᠨ ᠥᠭᠡᠷᠡᠴᠢᠯᠡᠯᠲᠡ | ᠳᠠᠩ ᠷᠧᠨ ᠵᠢᠶᠠᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠲᠠᠶᠢᠯᠪᠤᠷᠢᠯᠠᠬᠤ ᠳᠠᠭᠠᠨ ᠬᠡᠯᠡᠭᠰᠡᠨ ᠨᠢ᠂ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠳᠤ ᠪᠦᠲᠦᠴᠡ ᠶᠢᠨ | ᠳᠤᠬᠢᠷᠠᠭᠤᠯᠤᠯᠲᠠ ᠪᠤᠯᠤᠨ ᠥᠭᠡᠷᠡᠴᠢᠯᠡᠯᠲᠡ ᠬᠤᠶᠠᠷ ᠶᠡᠭᠡ ᠬᠡᠰᠡᠭ ᠪᠠᠭᠲᠠᠨ᠎ᠠ᠃ ᠡᠬᠦᠨ ᠳᠤ᠂ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠳᠤ ︽ᠭᠤᠷᠪᠠᠨ ᠶᠡᠭᠡ ᠲᠤᠬᠢᠷᠠᠭᠤᠯᠤᠯᠳᠡ︾ ᠶᠢ ᠲᠦᠯᠬᠢᠨ ᠠᠬᠢᠭᠤᠯᠬᠤ | ᠬᠡᠷᠡᠭᠲᠠᠢ — — | ᠦᠢᠯᠡᠳᠬᠦᠨ ᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠰᠢᠯᠢᠳᠡᠭ︾ ᠬᠡᠬᠦ ᠦᠭᠡ ᠶᠢ | ᠳᠤᠪᠤᠶᠢᠯᠭᠠᠬᠤ ᠬᠡᠷᠡᠭᠲᠠᠢ᠃ ᠪᠦᠲᠦᠮᠵᠢ ᠦᠭᠡᠢ ᠬᠠᠩᠭᠠᠯᠭ᠎ᠠ ᠶᠢ ᠠᠷᠢᠯᠭᠠᠨ᠂ ᠪᠦᠲᠦᠮᠵᠢᠲᠡᠶ ᠬᠠᠩᠭᠠᠯᠭ᠎ᠠ ᠶᠢ | ᠨᠡᠮᠡᠭᠳᠡᠭᠦᠯᠵᠤ᠂ ᠳᠤᠤᠷᠠᠲᠤ ᠳᠠᠰ ᠤᠨ ᠬᠠᠩᠭᠠᠯᠭ᠎ᠠ ᠶᠢ ᠪᠠᠭᠠᠰᠬᠠᠨ᠂ ᠳᠤᠮᠳᠠ ᠳᠡᠭᠡᠳᠦ ᠳᠡᠰ ᠤᠨ ᠬᠠᠩᠭᠠᠯᠭ᠎ᠠ ᠶᠢ | ᠥᠷᠭᠡᠳᠬᠡᠵᠦ᠂ ︽ᠴᠢᠨᠠᠷ ᠰᠠᠶᠢᠲᠠᠶ ᠲᠤᠰᠬᠠᠶ ᠬᠡᠷᠡᠭᠯᠡᠬᠦ︾ ᠬᠠᠮ ᠬᠡᠷᠡᠭᠯᠡᠭᠡᠨ ᠤ ᠲᠠᠷᠢᠶᠠᠯᠠᠩ ᠤᠨ ᠪᠦᠲᠦᠭᠡᠭᠳᠡᠬᠦᠨ | ᠪᠣᠯᠤᠨ ︽ᠤᠨᠴᠠᠯᠢᠭᠲᠤ ᠳᠠᠪᠠᠭᠤᠯᠢᠭ︾ ᠪᠤᠯᠬᠤ ᠲᠠᠷᠢᠶᠠᠯᠠᠩ ᠤᠨ ᠪᠤᠰᠤᠳ ᠪᠦᠲᠦᠭᠡᠭᠳᠡᠬᠦᠨ ᠤ | ᠦᠢᠯᠡᠳᠪᠦᠷᠢᠯᠡᠯ ᠤᠨ ᠬᠠᠨᠭ᠍ᠭᠠᠯᠭ᠎ᠠ ᠶᠢ ᠳᠤᠪᠤᠶᠢᠯᠭᠠᠬᠤ ᠬᠡᠷᠡᠭᠲᠡᠶ᠃ ᠪᠢᠴᠢᠭ ᠮᠠᠲ᠋ᠧᠷᠢᠶᠠᠯ ᠳᠤ ᠠᠮᠤ ᠪᠤᠳᠠᠭ᠎ᠠ᠂ ᠠᠵᠤ | ᠠᠬᠤᠶ ᠶᠢᠨ ᠲᠠᠷᠢᠮᠠᠯ᠂ ᠲᠡᠵᠢᠭᠡᠯ ᠪᠤᠷᠳᠤᠭ᠎ᠠ ᠶᠢᠨ ᠲᠠᠷᠢᠬᠤ ᠪᠦᠲᠦᠴᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠬᠡᠪᠴᠢᠶᠡᠵᠢᠭᠰᠡᠨ ᠥᠨᠳᠥᠷ ᠦᠷ᠎ᠡ ᠠᠰᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠬᠦᠯᠵᠤ᠂ ᠳᠠᠪᠠᠭᠤᠯᠢᠭ | ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠤᠨ ᠣᠷᠣᠨ ᠪᠦᠰᠡ ᠶᠢᠨ | ᠪᠠᠶᠢᠷᠢᠰᠢᠯ ᠢ ᠰᠢᠯᠢᠳᠡᠭᠵᠢᠬᠦᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠤᠯᠤᠨ ᠢᠳᠡᠭᠡᠨ ᠤ ᠠᠮᠤᠷ | ᠲᠦᠪᠰᠢᠨ ᠤ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠠᠢ ᠬᠡᠵᠤ ᠳᠤᠷᠠᠳᠪᠠ᠃ | ᠦᠢᠯᠡᠳᠪᠦᠷᠢᠯᠡᠯ ᠤᠨ ᠠᠷᠭ᠎ᠠ ᠮᠠᠶ᠋ᠢᠭ ᠢ ᠰᠠᠶᠢᠲᠤᠷ ᠲᠣᠬᠢᠷᠠᠭᠤᠯᠤᠨ᠂ ︽ᠪᠣᠬᠢᠷᠳᠤᠯ ᠦᠭᠡᠢ︾ ᠪᠠᠶᠢᠬᠤ ᠶᠢ | ᠳᠣᠪᠤᠶᠢᠯᠭᠠᠬᠤ ᠬᠡᠷᠡᠭᠲᠡᠢ᠃ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠠᠮᠢ | ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠨᠢ ᠲᠡᠦᠬᠡ ᠶᠢᠨ ᠬᠠᠭᠤᠴᠢᠨ ᠲᠠᠩᠰᠠ ᠶᠢ ᠰᠢᠢᠳᠪᠦᠷᠢᠯᠡᠬᠦ | ᠮᠥᠷᠲᠡᠭᠡᠨ ᠪᠠᠰᠠ ᠦᠷ᠎ᠡ ᠠᠴᠢ ᠨᠠᠷ ᠲᠠᠭᠠᠨ ᠣᠷᠣᠰᠢᠨ ᠲᠣᠭᠲᠠᠨᠢᠬᠤ ᠪᠠ ᠬᠥᠭᠵᠢᠬᠦ ᠣᠷᠣᠨ ᠵᠠᠶ ᠥᠯᠡᠳᠡᠭᠡᠵᠦ | ᠪᠠᠶᠢᠭ᠎ᠠ ᠶᠠᠪᠤᠳᠠᠯ ᠪᠣᠯᠣᠨ᠎ᠠ᠃ ᠪᠢᠴᠢᠭ ᠮᠠᠲ᠋ᠧᠷᠢᠶᠠᠯ ᠳᠤ ᠬᠥᠳᠡᠭᠡ ᠠᠵᠤ ᠠᠬᠤᠶ ᠶᠢᠨ ᠴᠡᠪᠡᠷ ᠦᠢᠯᠡᠳᠪᠦᠷᠢᠯᠡᠯ ᠢ | ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠢ ᠶᠡᠭᠡ ᠬᠡᠪᠴᠢᠶ᠎ᠡ ᠪᠠᠷ ᠬᠡᠷᠡᠭᠵᠢᠭᠦᠯᠵᠦ᠂ ᠬᠥᠳᠡᠭᠡ | ᠠᠵᠤ ᠠᠬᠤᠶ ᠶᠢᠨ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠵᠤ ᠴᠡᠭᠴᠡᠯᠡᠵᠦ᠂ | ᠴᠢᠬᠤᠯᠠ ᠲᠣᠮᠣ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ | ᠳᠤᠷᠠᠳᠪᠠ᠃ | ᠠᠵᠤ ᠦᠢᠯᠡᠰ ᠤᠨ ᠰᠢᠰᠲ᠋ᠧᠮᠵᠢ ᠶᠢ ᠲᠣᠬᠢᠷᠠᠭᠤᠯᠤᠨ ᠰᠢᠯᠤᠭᠤᠳᠬᠠᠵᠤ᠂ ︽ᠰᠢᠨ᠎ᠡ︾ ᠪᠠᠶᠢᠬᠤ ᠶᠢ | ᠳᠣᠪᠤᠶᠢᠯᠭᠠᠬᠤ ᠬᠡᠷᠡᠭᠲᠡᠢ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠪᠣᠯᠣᠨ ᠰᠢᠨ᠎ᠡ ᠡᠵᠡᠩᠨᠡᠯᠲᠡ ᠶᠢᠨ | ᠪᠠᠶᠢᠳᠠᠯ ᠢ ᠬᠦᠴᠦᠯᠡᠨ ᠬᠥᠭᠵᠢᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ | ᠠᠭᠤᠰᠤᠯᠴᠠᠯ ᠢ ᠠᠬᠢᠭᠤᠯᠤᠨ᠂ ᠬᠥᠳᠡᠭᠡ ᠠᠵᠤ ᠠᠬᠤᠶ ᠶᠢᠨ ᠪᠦᠬᠦ ᠵᠠᠩᠭᠢᠯᠠᠭ᠎ᠠ ᠶᠢ ᠲᠡᠰ ᠳᠡᠪᠰᠢᠭᠦᠯᠬᠦ᠂ ᠪᠦᠬᠦ | ᠬᠡᠯᠬᠢᠶ᠎ᠡ ᠶᠢᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠃ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ | ᠰᠡᠯᠡᠭᠦᠴᠡᠯ ᠵᠢᠭᠤᠯᠴᠢᠯᠠᠯ ᠤᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢ ᠠᠬᠢᠭᠤᠯᠬᠤ᠂ ᠣᠳᠣ ᠦᠶ᠎ᠡ ᠶᠢᠨ ᠢᠳᠡᠭᠡᠨ ᠤ ᠠᠵᠤ ᠦᠢᠯᠡᠰ ᠢ ᠲᠥᠷᠭᠡᠨ | ᠬᠥᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠤ ᠦᠢᠯᠡᠰ ᠲᠤ ᠠᠰᠢᠭᠲᠠᠢ ᠣᠨᠴᠠᠯᠢᠭᠲᠤ ᠲᠣᠰᠬᠤᠨ | ᠪᠠᠯᠭᠠᠰᠤ ᠶᠢ ᠪᠣᠶᠢᠵᠢᠭᠤᠯᠬᠤ ᠬᠡᠷᠡᠭᠲᠡᠢ ᠭᠡᠵᠦ ᠳᠤᠷᠠᠳᠪᠠ᠃ | ᠥᠭᠡᠷᠡᠴᠢᠯᠡᠯᠲᠡ ᠶᠢᠨ ᠭᠤᠣᠯᠳᠠᠯᠭ᠎ᠠ ᠨᠢ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠰᠢᠯᠤᠭᠤᠳᠬᠠᠨ᠂ ︽ᠭᠤᠷᠪᠠ ᠶᠡᠭᠡ ᠶᠢ ᠬᠦᠭᠵᠢᠭᠡᠯ︾ ᠢ ᠪᠡᠶᠡᠯᠡᠭᠦᠯᠬᠦ ᠪᠣᠯᠣᠨ᠎ᠠ — | ᠵᠠᠬ᠎ᠠ ᠳᠡᠯᠭᠡᠭᠦᠷ ᠢ ᠬᠥᠭᠵᠢᠭᠡᠬᠦ ᠬᠡᠷᠡᠭᠲᠡᠢ᠃ ᠠᠮᠤ ᠪᠤᠳᠠᠭ᠎ᠠ ᠵᠡᠷᠭᠡ ᠲᠠᠷᠢᠶᠠᠯᠠᠩ ᠤᠨ ᠴᠢᠬᠤᠯᠠ | ᠪᠦᠲᠦᠭᠡᠭᠳᠡᠬᠦᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠣᠯᠣᠨ ᠬᠤᠳᠠᠯᠳᠤᠨ ᠠᠪᠴᠤ ᠨᠥᠭᠡᠴᠡᠯᠡᠬᠦ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠨᠥᠬᠦᠪᠥᠷᠢ ᠥᠭᠬᠦ ᠲᠦᠷᠢᠮ ᠵᠡᠷᠭᠡ | ᠴᠢᠬᠤᠯᠠ ᠠᠷᠭ᠎ᠠ ᠬᠡᠮᠵᠢᠶ᠎ᠡ ᠶᠢ ᠪᠦᠷᠢᠨᠰᠢᠭᠦᠯᠬᠦ ᠬᠡᠷᠡᠭᠲᠡᠢ᠃ | ᠴᠢᠬᠤᠯᠠ ᠡᠯᠧᠮᠧᠨ᠋ᠲ ᠢ ᠬᠥᠭᠵᠢᠭᠡᠬᠦ ᠬᠡᠷᠡᠭᠲᠡᠢ᠃ ᠡᠳ᠋ ᠤᠨ ᠵᠠᠰᠠᠭ ᠤᠨ ᠲᠠᠷᠢᠶᠠᠯᠠᠩ ᠢ ᠳᠡᠮᠵᠢᠬᠦ | ᠣᠷᠣᠭᠤᠯᠤᠯᠲᠠ ᠶᠢᠨ ᠲᠣᠭᠲᠠᠴᠠ ᠶᠢ ᠥᠭᠡᠷᠡᠴᠢᠯᠡᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠰᠢᠨ᠎ᠡ ᠶᠢ | ᠡᠭᠦᠳᠬᠦ ᠶᠢ ᠲᠦᠷᠭᠡᠳᠬᠡᠵᠦ᠂ ᠬᠠᠮᠲᠤ ᠶᠢᠨ ᠦᠮᠴᠢᠯᠡᠯᠲᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠬᠡᠷᠡᠭᠯᠡᠬᠦ ᠭᠠᠵᠠᠷ ᠲᠠᠯᠠᠪᠤᠷ ᠤᠨ | ᠪᠠᠲᠤᠯᠠᠭ᠎ᠠ ᠶᠢᠨ ᠲᠣᠭᠲᠠᠴᠠ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ | ᠰᠦᠪᠡᠭᠴᠢᠯᠡᠨ ᠪᠠᠶᠢᠭᠤᠯᠬᠤ ᠬᠡᠷᠡᠭᠲᠡᠢ᠃ | ᠭᠤᠣᠯ ᠴᠣᠭᠴᠠ ᠶᠢ ᠬᠥᠭᠵᠢᠭᠡᠬᠦ ᠬᠡᠷᠡᠭᠲᠡᠢ᠃ ᠰᠢᠨ᠎ᠡ ᠮᠠᠶ᠋ᠢᠭ ᠤᠨ ᠬᠥᠳᠡᠭᠡ ᠠᠵᠤ ᠠᠬᠤᠶ ᠶᠢᠨ | ᠡᠵᠡᠩᠨᠡᠯᠲᠡ ᠶᠢᠨ ᠭᠤᠣᠯ ᠴᠣᠭᠴᠠ ᠪᠣᠯᠤᠨ ᠦᠢᠯᠡᠴᠢᠯᠡᠭᠡᠨ ᠤ ᠭᠤᠣᠯ ᠴᠣᠭᠴᠠ ᠶᠢ ᠪᠣᠶᠢᠵᠢᠭᠤᠯᠵᠤ᠂ ᠬᠥᠳᠡᠭᠡ | ᠲᠣᠰᠬᠤᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠡᠯ᠎ᠡ ᠲᠦᠷᠦᠯ ᠤᠨ | ᠴᠢᠳᠠᠪᠤᠷᠢᠲᠠᠨ ᠢ ᠲᠠᠲᠠᠨ ᠠᠪᠴᠢᠷᠠᠵᠤ ᠨᠤᠲᠤᠭ ᠲᠠᠭᠠᠨ ᠪᠤᠴᠠᠨ ᠬᠥᠳᠡᠭᠡ ᠪᠠᠭᠤᠵᠤ ᠰᠢᠨ᠎ᠡ ᠶᠢ ᠡᠭᠦᠳᠬᠦ ᠵᠡᠷᠭᠡ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ | ᠳᠡᠮᠵᠢᠯᠭᠡ᠄ ᠰᠢᠨ᠎ᠡ ᠠᠵᠤ ᠦᠢᠯᠡᠰ ᠪᠣᠯᠣᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠤᠨ᠂ ᠡᠳ᠋ ᠤᠨ | ᠵᠠᠰᠠᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠬᠡᠷᠡᠭᠲᠡᠢ | ᠠᠵᠤ ᠠᠬᠤᠶ ᠤᠷᠤᠭᠤᠳᠠᠬᠤ ᠳᠠᠷᠤᠯᠲᠠ ᠨᠡᠯᠢᠶᠡᠳ ᠶᠡᠭᠡ ᠪᠠᠶᠢᠭ᠎ᠠ ᠪᠠᠶᠢᠳᠠᠯ ᠳᠣᠣᠷ᠎ᠠ᠂ ︽ ᠲᠠᠷᠢᠶᠠᠯᠠᠩ | ᠲᠠᠷᠢᠶᠠᠯᠠᠬᠤ ᠣᠷᠣᠨ ᠲᠠᠷᠢᠶᠠᠴᠢᠨ︾ ᠢ ᠳᠡᠮᠵᠢᠬᠦ ᠡᠷᠴᠢᠮ ᠢᠶᠠᠨ ᠬᠡᠷᠬᠢᠨ ᠤᠯᠠᠮ ᠢᠯᠡᠭᠦᠦ ᠴᠢᠩᠭᠠᠷᠠᠭᠤᠯᠬᠤ ᠪᠤᠢ︖ | ᠳᠠᠩ ᠷᠧᠨ ᠵᠢᠶᠠᠨ ᠬᠤᠶᠠᠷ ᠵᠦᠢᠯ ᠤᠨ ᠰᠡᠳᠬᠢᠬᠦᠢ ᠶᠢ ᠵᠢᠭᠠᠵᠤ ᠭᠠᠷᠭᠠᠭᠰᠠᠨ ᠪᠠᠶᠢᠨ᠎ᠠ᠄ ᠰᠢᠨ᠎ᠡ ᠠᠵᠤ ᠦᠢᠯᠡᠰ | ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠪᠠ ᠡᠳ᠋ ᠤᠨ ᠵᠠᠰᠠᠭ ᠤᠨ ᠲᠠᠯ᠎ᠠ ᠪᠠᠷ | ᠡᠮᠬᠢᠯᠡᠨ ᠨᠡᠶᠢᠯᠡᠭᠦᠯᠬᠦ ᠪᠠ ᠬᠦᠳᠡᠯᠭᠡᠨ ᠬᠡᠷᠡᠭᠯᠡᠬᠦ ᠬᠤᠶᠠᠷ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃ | ᠲᠡᠷᠡ ᠬᠡᠯᠡᠭᠰᠡᠨ ᠨᠢ᠄ ᠪᠢᠴᠢᠭ ᠮᠠᠲ᠋ᠧᠷᠢᠶᠠᠯ ᠳᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ | ᠥᠭᠡᠷᠡᠴᠢᠯᠡᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠨ᠂ ᠭᠠᠵᠠᠷ ᠬᠡᠷᠡᠭᠯᠡᠬᠦ᠂ ᠪᠡᠯᠡ | ᠲᠣᠬᠢᠷᠠᠭᠤᠯᠬᠤ᠂ ᠴᠢᠳᠠᠪᠤᠷᠢᠲᠠᠨ᠂ ᠰᠠᠭᠤᠷᠢ ᠪᠡᠯᠡᠳᠬᠡᠮᠵᠢ ᠵᠡᠷᠭᠡ ᠲᠠᠯ᠎ᠠ ᠪᠠᠷ ᠠᠯᠢ ᠤᠯᠠᠨ ᠲᠦᠷᠦ ᠶᠢᠨ | ᠪᠤᠳᠤᠯᠭ᠎ᠠ ᠶᠢᠨ ᠲᠣᠬᠢᠷᠠᠭᠤᠯᠭ᠎ᠠ ᠬᠢᠭᠰᠡᠨ ᠪᠠᠶᠢᠨ᠎ᠠ ᠭᠡᠪᠡ᠃ | ︽ᠶᠠᠭ ᠲᠤᠬᠠᠶ ᠶᠢᠨ ᠵᠢᠯ ᠳᠤ ᠰᠢᠶᠠᠩ ᠪᠠᠯᠭᠠᠰᠤᠨ ᠤ ᠠᠵᠤ ᠠᠬᠤᠶᠢᠯᠠᠯ ᠢ ᠠᠳᠬᠤᠵᠤ ᠪᠠᠶᠢᠭᠰᠠᠨ ᠲᠠᠢ ᠪᠠᠨ | ᠠᠳᠠᠯᠢ ᠪᠠᠷ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠠᠳᠬᠤᠨ᠂ ᠲᠡᠭᠦᠨ ᠢ ᠲᠠᠷᠢᠶᠠᠯᠠᠩ ᠪᠣᠯᠤᠨ | ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠢᠭ᠋ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ | ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠬᠦ ᠰᠢᠨ᠎ᠡ ᠬᠦᠳᠡᠯᠭᠡᠭᠦᠷ ᠬᠦᠴᠦᠨ ᠤ ᠡᠬᠢ ᠰᠤᠷᠪᠤᠯᠵᠢ ᠪᠣᠯᠭᠠᠵᠤ᠂ | ᠬᠥᠳᠡᠭᠡ ᠲᠣᠰᠬᠤᠨ ᠳᠤ ᠳᠠᠬᠢᠨᠲᠠ ᠨᠢᠭᠡ ᠤᠳᠠᠭᠠᠨ ᠤ ︿ᠰᠢᠨ᠎ᠡ ᠬᠦᠴᠦᠨ ᠴᠣᠯᠭᠤᠷᠠᠨ ᠭᠠᠷᠭᠠᠵᠤ﹀᠂ ᠬᠥᠳᠡᠭᠡ | ᠲᠣᠰᠬᠤᠨ ᠢ ᠬᠥᠮᠦᠰ ᠤᠨ ᠪᠠᠭ᠋ᠠᠷᠬᠠᠯ ᠢ ᠲᠠᠲᠠᠭᠰᠠᠨ ᠭᠠᠵᠠᠷ ᠪᠣᠯᠭᠠᠨ᠂ ᠲᠠᠷᠢᠶᠠᠯᠠᠩ ᠢ ᠬᠥᠮᠦᠰ ᠤᠨ ᠬᠦᠰᠡᠨ | ᠮᠥᠷᠥᠭᠡᠳᠴᠦ ᠪᠠᠶᠢᠭ᠎ᠠ ᠠᠵᠤ ᠦᠢᠯᠡᠰ ᠪᠣᠯᠭᠠᠵᠤ᠂ ᠲᠠᠷᠢᠶᠠᠴᠢᠳ ᠢ ᠬᠥᠮᠦᠰ ᠤᠨ ᠪᠠᠭ᠋ᠠᠷᠠᠯ ᠢ ᠲᠠᠲᠠᠮ᠎ᠠ ᠠᠵᠢᠯ | ᠮᠡᠷᠭᠡᠵᠢᠯ ᠪᠣᠯᠭᠠᠬᠤ ᠬᠡᠷᠡᠭᠲᠡᠢ︾ ᠭᠡᠵᠦ ᠲᠡᠷᠡ ᠬᠡᠯᠡᠪᠡ᠃ | ᠳᠠᠩ ᠷᠧᠨ ᠵᠢᠶᠠᠨ ᠪᠠᠰᠠ ᠢᠯᠡᠳᠬᠡᠭᠰᠡᠨ ᠨᠢ᠂ ᠲᠠᠷᠢᠶᠠᠯᠠᠩ ᠪᠣᠯᠤᠨ ᠬᠥᠳᠡᠭᠡ ᠲᠣᠰᠬᠤᠨ ᠤ | ᠣᠷᠣᠭᠤᠯᠤᠯᠲᠠ ᠶᠢ ᠦᠨᠡᠨ ᠬᠦ ᠪᠠᠲᠤᠯᠠᠬᠤ ᠨᠢ᠂ ᠨᠢᠭᠡ ᠲᠠᠯ᠎ᠠ ᠪᠠᠷ ᠨᠡᠮᠡᠭᠳᠡᠯ ᠢ ᠦᠨᠡᠨᠬᠦ ᠪᠠᠲᠤᠯᠠᠬᠤ ᠪᠣᠯᠣᠨ᠎ᠠ᠂ | ᠪᠢᠴᠢᠭ ᠮᠠᠲ᠋ᠧᠷᠢᠶᠠᠯ ᠨᠢ ᠲᠠᠷᠢᠶᠠᠯᠠᠩ ᠪᠣᠯᠤᠨ ᠬᠥᠳᠡᠭᠡ ᠲᠣᠰᠬᠤᠨ ᠢ ᠡᠳ᠋ ᠤᠨ ᠵᠠᠰᠠᠭ ᠤᠨ ᠵᠠᠷᠤᠯᠭ᠎ᠠ ᠶᠢᠨ | ᠤᠷᠢᠳ ᠢᠶᠠᠷ ᠪᠠᠲᠤᠯᠠᠬᠤ ᠬᠦᠷᠢᠶ᠎ᠡ ᠬᠡᠪᠴᠢᠶ᠎ᠡ ᠪᠣᠯᠭᠠᠵᠤ᠂ ᠲᠠᠷᠢᠶᠠᠯᠠᠩ ᠪᠣᠯᠤᠨ ᠬᠥᠳᠡᠭᠡ ᠲᠣᠰᠬᠤᠨ ᠤ | ᠣᠷᠣᠭᠤᠯᠤᠯᠲᠠ ᠶᠢ ᠵᠣᠬᠢᠰᠲᠠᠶ ᠪᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢ ᠪᠠᠷᠢᠮᠲᠠᠯᠠᠪᠠ᠃ ᠨᠦᠭᠦᠭᠡ ᠲᠠᠯ᠎ᠠ ᠪᠠᠷ | ᠬᠠᠳᠠᠭᠠᠯᠠᠯᠲᠠ ᠶᠢ ᠠᠮᠢᠳᠤᠯᠢᠭ ᠰᠠᠶᠢᠲᠤᠷ ᠬᠡᠷᠡᠭᠯᠡᠬᠦ ᠳᠤ ᠬᠦᠴᠦ ᠲᠠᠯᠪᠢᠵᠤ᠂ ᠡᠮᠬᠢᠯᠡᠨ ᠨᠡᠶᠢᠯᠡᠭᠦᠯᠬᠦ ᠪᠠ ᠬᠦᠳᠡᠯᠭᠡᠨ | ᠬᠡᠷᠡᠭᠯᠡᠬᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠳᠠᠯ ᠪᠣᠯᠣᠨ᠎ᠠ ᠭᠡᠪᠡ᠃ | ᠡᠮᠬᠢᠯᠡᠨ ᠨᠡᠶᠢᠯᠡᠭᠦᠯᠬᠦ ᠭᠡᠳᠡᠭ ᠨᠢ ᠳᠠᠷᠤᠶ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠦᠴᠦᠨ ᠢᠶᠠᠨ ᠲᠥᠪᠯᠡᠷᠡᠭᠦᠯᠦᠨ ᠬᠠᠮᠤᠭ ᠤᠨ ᠬᠢᠬᠦ ᠴᠢᠬᠤᠯᠠ ᠲᠠᠢ | ᠤᠴᠢᠷ ᠶᠠᠪᠤᠳᠠᠯ ᠢ ᠰᠠᠶᠢᠳᠤᠷ ᠬᠢᠬᠦ ᠪᠣᠯᠣᠨ᠎ᠠ᠃ ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ ᠨᠢᠭᠡᠳᠦᠯᠲᠡᠶ | ᠲᠥᠯᠥᠪᠵᠢᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠳᠤ ᠬᠤᠯᠪᠣᠭᠳᠠᠬᠤ ᠪᠡᠯᠡ | ᠮᠥᠩᠭᠦ ᠶᠢ ᠣᠯᠠᠨ ᠳᠡᠰ ᠳᠠᠪᠬᠤᠷᠭ᠎ᠠ ᠣᠯᠠᠨ ᠬᠡᠯᠪᠡᠷᠢ ᠪᠠᠷ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ | ᠬᠡᠷᠡᠭᠲᠡᠢ︔ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠲᠥᠰᠦᠪ ᠢ ᠨᠠᠶᠢᠷᠠᠭᠤᠯᠤᠨ ᠵᠣᠬᠢᠶᠠᠬᠤ ᠡᠬᠢ ᠡᠭᠦᠰᠦᠯ | ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ᠶᠡᠭᠡ ᠲᠤᠰᠬᠠᠶ ᠵᠦᠢᠯ + ᠡᠭᠦᠷᠭᠡ ᠶᠢᠨ | ᠨᠠᠷᠢᠨ ᠬᠠᠭᠤᠳᠠᠰᠤ︾ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ ᠭᠡᠵᠡᠢ᠃ | | ᠬᠦᠳᠡᠯᠭᠡᠨ ᠬᠡᠷᠡᠭᠯᠡᠬᠦ ᠭᠡᠳᠡᠭ ᠨᠢ ᠳᠠᠷᠤᠶ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢ ︽ᠡᠮ ᠤᠨ | ᠬᠥᠯᠭᠡ︾ ᠪᠣᠯᠭᠠᠵᠤ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢ ᠲᠠᠲᠠᠵᠤ ᠲᠠᠷᠢᠶᠠᠯᠠᠩ ᠬᠥᠳᠡᠭᠡ | ᠲᠣᠰᠬᠤᠨ ᠳᠤ ᠨᠡᠩ ᠤᠯᠠᠨ ᠣᠷᠣᠭᠤᠯᠤᠯᠲᠠ ᠬᠢᠬᠦ ᠶᠠᠪᠤᠳᠠᠯ ᠪᠣᠯᠣᠨ᠎ᠠ᠃ ᠪᠢᠴᠢᠭ ᠮᠠᠲ᠋ᠧᠷᠢᠶᠠᠯ ᠳᠤ ᠳᠤᠷᠠᠳᠤᠭᠰᠠᠨ | ᠨᠢ᠂ ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠬᠠᠮᠲᠤᠷᠠᠯᠴᠠᠭᠤᠯᠬᠤ᠂ ᠱᠠᠩᠨᠠᠯ ᠢᠶᠠᠷ ᠨᠥᠬᠦᠪᠦᠷᠢ ᠶᠢ | ᠣᠷᠣᠯᠠᠭᠤᠯᠬᠤ ᠪᠠ ᠲᠠᠮ ᠬᠦᠦ ᠥᠭᠬᠦ᠂ ᠪᠠᠲᠤᠯᠠᠭ᠎ᠠ ᠶᠢᠨ ᠲᠣᠭᠲᠠᠴᠠ ᠪᠠᠶᠢᠭᠤᠯᠬᠤ᠂ ᠲᠦᠭᠰᠢᠭᠦᠷᠢᠲᠦ | ᠲᠥᠯᠥᠪᠦᠷᠢ ᠶᠢᠨ ᠰᠠᠭᠤᠷᠢ ᠮᠥᠩᠭᠦ ᠪᠠᠶᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠡᠯ᠎ᠡ | ᠲᠥᠷᠥᠯ ᠤᠨ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠪᠠᠷ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠬᠦ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠠᠪᠤᠬᠤ ᠬᠡᠷᠡᠭᠲᠡᠢ ᠭᠡᠵᠡᠢ᠃ | ᠭᠢᠯᠠᠰ ᠴᠢᠭ᠋ ᠠᠷᠭ᠎ᠠ ᠬᠡᠮᠵᠢᠶ᠎ᠡ᠄ ᠬᠠᠮᠲᠤ ᠶᠢᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ | ᠪᠣᠯᠭᠠᠵᠤ᠂ ᠬᠥᠳᠡᠭᠡ ᠨᠤᠲᠤᠭ ᠤᠨ ᠬᠠᠮ ᠴᠣᠭᠴᠠ ᠶᠢ ᠴᠣᠭᠴᠠᠯᠠᠨ᠎ᠠ | ᠳᠠᠩ ᠷᠧᠨ ᠵᠢᠶᠠᠨ ᠬᠡᠯᠡᠭᠰᠡᠨ ᠨᠢ᠂ ᠣᠳᠣᠬᠠᠨ ᠤ ᠰᠡᠯᠡᠭᠦᠴᠡᠯ ᠲᠠᠷᠢᠶᠠᠯᠠᠩ᠂ ᠬᠥᠳᠡᠭᠡ ᠲᠣᠰᠬᠤᠨ ᠤ | ᠵᠢᠭᠤᠯᠴᠢᠯᠠᠯ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠭᠠᠵᠠᠷ ᠬᠡᠷᠡᠭᠯᠡᠬᠦ ᠬᠡᠷᠡᠭᠴᠡᠭᠡ ᠮᠠᠰᠢ ᠶᠡᠭᠡ ᠪᠠᠶᠢᠨ᠎ᠠ᠃ ᠡᠶᠢᠮᠦ ᠠᠴᠠ᠂ | ᠪᠢᠴᠢᠭ ᠮᠠᠲ᠋ᠧᠷᠢᠶᠠᠯ ᠳᠤ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ ᠭᠠᠵᠠᠷ ᠢ ᠲᠡᠭᠰᠢᠯᠡᠬᠦ | ᠵᠡᠷᠭᠡ ᠪᠠᠷ ᠳᠠᠮᠵᠢᠭᠤᠯᠤᠨ ᠠᠷᠪᠢᠯᠠᠭᠰᠠᠨ ᠭᠠᠵᠠᠷ ᠲᠠᠯᠠᠪᠤᠷ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠳᠤ ᠬᠤᠪᠢ | ᠣᠷᠣᠭᠤᠯᠬᠤ᠂ ᠬᠤᠯᠪᠣᠭᠠᠯᠠᠨ ᠡᠵᠡᠩᠨᠡᠬᠦ ᠵᠡᠷᠭᠡ ᠠᠷᠭ᠎ᠠ ᠶᠢ ᠠᠪᠴᠤ᠂ ᠬᠥᠳᠡᠭᠡ ᠲᠣᠰᠬᠤᠨ ᠤ ᠰᠡᠯᠡᠭᠦᠴᠡᠯ | ᠵᠢᠭᠤᠯᠴᠢᠯᠠᠯ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠪᠣᠯᠣᠨ ᠬᠥᠳᠡᠭᠡ ᠲᠣᠰᠬᠤᠨ ᠤ ᠭᠤᠷᠪᠠᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠭᠤᠣᠯᠳᠠᠯᠭ᠎ᠠ ᠲᠠᠢ ᠪᠠᠷ ᠳᠡᠮᠵᠢᠬᠦ ᠵᠥᠪᠰᠢᠶᠡᠷᠡᠨ᠎ᠡ ᠭᠡᠵᠦ ᠳᠤᠷᠠᠳᠴᠠᠢ | ᠭᠡᠪᠡ᠃ | ᠪᠢᠴᠢᠭ ᠮᠠᠲ᠋ᠧᠷᠢᠶᠠᠯ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ | ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠠᠷᠢᠶᠠᠯᠠᠬᠤ | ᠡᠷᠦᠬᠡ ᠶᠢᠨ ᠣᠷᠣᠨ ᠰᠠᠭᠤᠴᠠ ᠶᠢᠨ ᠭᠠᠵᠠᠷ ᠠᠴᠠ ᠪᠠᠨ ᠠᠰᠢᠭ ᠤᠯᠬᠤ ᠪᠣᠳᠠᠰ ᠤᠨ ᠡᠷᠬᠡ ᠶᠢ ᠭᠦᠢᠴᠡᠳ | ᠪᠠᠲᠤᠯᠠᠵᠤ᠂ ᠭᠠᠳᠠᠨᠠᠬᠢ ᠬᠦ᠋ᠷᠤᠩᠭᠡ ᠡᠵᠡᠯᠡᠨ ᠠᠪᠴᠤ ᠡᠵᠡᠮᠳᠡᠬᠦ ᠶᠢ ᠰᠡᠷᠭᠡᠶᠢᠯᠡᠬᠦ ᠤᠷᠢᠲᠠᠯ ᠳᠣᠣᠷ᠎ᠠ᠂ ᠣᠷᠣᠨ | ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ | ᠡᠷᠤᠭᠡ ᠶᠢᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠢᠶᠠᠨ ᠥᠮᠴᠢᠯᠡᠬᠦ ᠪᠠ ᠬᠡᠷᠡᠭᠯᠡᠬᠦ | ᠡᠷᠬᠡ ᠶᠢ ᠬᠠᠮᠠᠭᠠᠯᠠᠵᠤ᠂ ᠬᠥᠳᠡᠭᠡ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠲᠦᠷᠢᠶᠡᠰᠦᠯᠡᠭᠦᠯᠬᠦ᠂ | ᠬᠤᠷᠰᠢᠬᠤ ᠵᠡᠷᠭᠡ ᠠᠷᠭ᠎ᠠ ᠪᠠᠷ ᠲᠠᠷᠢᠶᠠᠴᠢᠳ ᠤᠨ ᠰᠤᠯᠠ ᠰᠡᠯᠡᠭᠦᠦ ᠭᠡᠷ ᠪᠠᠶᠢᠰᠢᠩ ᠵᠢᠴᠢ ᠣᠷᠣᠨ ᠰᠠᠭᠤᠴᠠ ᠶᠢᠨ | ᠭᠠᠵᠠᠷ ᠢ ᠠᠮᠢᠳᠤᠯᠢᠭᠵᠢᠭᠤᠯᠤᠨ ᠠᠰᠢᠭᠯᠠᠬᠤ ᠶᠢ ᠬᠠᠶᠢᠨ ᠰᠦᠪᠡᠭᠴᠢᠯᠡᠵᠦ᠂ ᠲᠠᠷᠢᠶᠠᠴᠢᠳ ᠤᠨ ᠡᠳ᠋ ᠬᠦᠷᠦᠩᠭᠡ ᠶᠢᠨ | ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠭᠡᠵᠡᠢ᠃ | ᠲᠡᠷᠡ ᠵᠢᠭᠠᠭᠰᠠᠨ ᠨᠢ᠂ ᠣᠷᠣᠨ ᠰᠠᠭᠤᠴᠠ ᠶᠢᠨ ᠭᠠᠵᠠᠷ ᠵᠡᠷᠭᠡ ᠬᠠᠮᠲᠤ ᠶᠢᠨ ᠪᠦᠲᠦᠭᠡᠡ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠶ ᠶᠢ ᠠᠰᠢᠭᠯᠠᠬᠤ ᠳᠤ ᠬᠤᠶᠠᠷ ᠵᠦᠢᠯ ᠢ ᠠᠩᠬᠠᠷᠬᠤ ᠬᠡᠷᠡᠭᠲᠡᠶ᠄ ᠭᠡᠷ ᠭᠠᠵᠠᠷ ᠬᠥᠷᠥᠩᠭᠡ ᠶᠢ | ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠠᠰᠢᠭᠯᠠᠬᠤ ᠪᠤᠶᠤ ᠬᠤᠪᠢ ᠬᠥᠮᠦᠨ ᠤ ᠡᠳ᠋ᠯᠡᠩ ᠭᠠᠵᠠᠷ | ᠪᠠᠶᠢᠭᠤᠯᠬᠤ ᠶᠢ ᠡᠷᠡᠰ ᠴᠠᠭᠠᠵᠠᠯᠠᠬᠤ ᠬᠡᠷᠡᠭᠲᠡᠢ︔ ᠲᠠᠷᠢᠶᠠᠯᠠᠬᠤ ᠡᠷᠤᠭᠡ ᠪᠠ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠷᠬᠡ ᠶᠢ ᠰᠡᠳᠬᠢᠯ ᠲᠠᠯᠪᠢᠨ ᠬᠠᠮᠠᠭᠠᠯᠠᠵᠤ᠂ ᠬᠠᠮᠲᠤ ᠶᠢᠨ ᠡᠳ᠋ | ᠬᠦᠷᠦᠩᠭᠡ ᠶᠢᠨ ᠭᠠᠳᠠᠨᠠᠬᠢ ᠬᠥᠷᠥᠩᠭᠡ ᠳᠤ ᠡᠵᠡᠮᠰᠢᠭᠳᠡᠬᠦ ᠠᠴᠠ ᠰᠡᠷᠭᠡᠶᠢᠯᠡᠬᠦ ᠬᠡᠷᠡᠭᠲᠡᠶ ᠭᠡᠵᠡᠢ᠃ ᠪᠢᠴᠢᠭ | ᠮᠠᠲ᠋ᠧᠷᠢᠶᠠᠯ ᠳᠤ ᠪᠠᠰᠠ ᠳᠤᠷᠠᠳᠤᠭᠰᠠᠨ ᠨᠢ᠂ ᠨᠥᠬᠦᠴᠡᠯ ᠪᠦᠬᠦᠢ ᠬᠥᠳᠡᠭᠡ ᠲᠣᠰᠬᠤᠨ ᠤ ᠪᠥᠳᠥᠭᠡᠨ ᠪᠠᠶᠢᠭᠤᠯᠤᠯᠲᠠ | ᠨᠢ ᠲᠠᠷᠢᠶᠠᠴᠢᠳ ᠤᠨ ᠬᠤᠷᠰᠢᠶᠠᠵᠢᠯ ᠢᠶᠠᠷ ᠭᠤᠣᠯ ᠠᠴᠢᠶᠠᠯᠠᠭᠴᠢ ᠪᠣᠯᠭᠠᠵᠤ᠂ ᠲᠠᠷᠢᠶᠠᠴᠢᠳ ᠢ ᠭᠦᠢᠴᠡᠳ | ᠣᠷᠣᠯᠴᠠᠭᠤᠯᠬᠤ ᠪᠠ ᠲᠡᠳᠡᠨ ᠳᠤ ᠠᠰᠢᠭ ᠬᠦᠷᠲᠡᠭᠡᠵᠦ᠂ ᠣᠷᠴᠢᠯ ᠲᠠᠷᠢᠶᠠᠯᠠᠩ᠂ ᠪᠦᠲᠦᠭᠡᠯᠴᠢ ᠲᠠᠷᠢᠶᠠᠯᠠᠩ᠂ | ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠭᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠲᠠᠷᠢᠶᠠᠯᠠᠩ ᠤᠨ ᠬᠠᠮ | ᠴᠣᠭᠴᠠ ᠪᠠᠶᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠬᠦ ᠥᠭᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠬᠦ ᠳᠤᠨᠢ ᠳᠡᠮᠵᠢᠯᠭᠡ ᠦᠵᠡᠭᠦᠯᠬᠦ ᠬᠡᠷᠡᠭᠲᠡᠢ ᠭᠡᠵᠡᠢ᠃ | ᠳᠠᠩ ᠷᠧᠨ ᠵᠢᠶᠠᠨ ᠢᠯᠡᠷᠬᠡᠶᠢᠯᠡᠭᠰᠡᠨ ᠨᠢ᠂ ᠣᠳᠣᠬᠠᠨ ᠳᠤ ᠬᠥᠳᠡᠭᠡ ᠲᠣᠰᠬᠤᠨ ᠤ ᠪᠠᠷᠢᠯᠭ᠎ᠠ ᠶᠢᠨ ᠵᠢᠷᠤᠭ | ᠲᠥᠯᠥᠪᠯᠡᠭᠡ᠂ ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠴᠢᠳᠠᠪᠤᠷᠢᠲᠠᠨ ᠢ ᠪᠠᠴᠢᠮ ᠬᠥᠮᠦᠵᠢᠭᠦᠯᠬᠦ | ᠴᠢᠬᠤᠯᠠ ᠲᠠᠢ ᠪᠠᠶᠢᠨ᠎ᠠ᠃ ᠪᠢᠴᠢᠭ ᠮᠠᠲ᠋ᠧᠷᠢᠶᠠᠯ ᠳᠤ ᠡᠭᠦᠨ ᠤ ᠲᠤᠬᠠᠶ᠂ ᠶᠡᠭᠡ ᠳᠡᠭᠡᠳᠦ ᠰᠤᠷᠭᠠᠭᠤᠯᠢ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠥᠳᠡᠭᠡ ᠲᠣᠰᠬᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ | ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠵᠢᠷᠤᠭ ᠲᠥᠯᠥᠪᠯᠡᠭᠡ ᠵᠡᠷᠭᠡ ᠬᠠᠮᠢᠶ᠎ᠠ ᠪᠦᠬᠦᠢ ᠲᠤᠰᠬᠠᠶ ᠮᠡᠷᠭᠡᠵᠢᠯ | ᠪᠣᠯᠤᠨ ᠬᠢᠴᠢᠶᠡᠯ ᠨᠡᠭᠡᠭᠡᠬᠦ ᠶᠢ ᠨᠢ ᠵᠣᠷᠢᠭᠵᠢᠭᠤᠯᠵᠤ᠂ ᠨᠢᠭᠡ ᠪᠦᠯᠦᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ ᠤᠷᠠᠨ ᠲᠠᠷᠬᠠᠭᠳᠠ ᠶᠢ ᠶᠢ ᠲᠡᠳᠬᠦᠨ ᠳᠡᠮᠵᠢᠬᠦ ᠬᠡᠷᠡᠭᠲᠡᠢ | ᠭᠡᠵᠡᠢ᠃ | |