| | 1. ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠦᠭᠦᠪᠦᠷᠢᠯᠡᠬᠦ᠄ ᠦᠯᠡᠭᠦᠳᠡᠵᠦ ᠪᠠᠶᠢᠭ᠎ᠠ | ᠦᠢᠯᠡᠳᠪᠦᠷᠢᠯᠡᠯ ᠤᠨ ᠴᠢᠳᠠᠪᠤᠷᠢ ᠶᠢ ᠰᠢᠢᠳᠪᠦᠷᠢᠯᠡᠬᠦ᠂ ᠬᠠᠳᠠᠭᠠᠯᠠᠭᠳᠠᠴᠠ ᠶᠢ ᠪᠠᠭᠠᠰᠬᠠᠬᠤ᠂ ᠬᠦᠰᠢᠭᠦᠷᠭᠡ ᠶᠢ | ᠦᠭᠡᠶᠢᠰᠭᠡᠬᠦ᠂ ᠥᠪᠡᠷ ᠤᠨ ᠦᠷᠲᠡᠭ ᠢ ᠪᠠᠭᠤᠷᠠᠭᠤᠯᠬᠤ᠂ ᠳᠤᠲᠠᠭᠤᠳᠠᠯ ᠢᠶᠠᠨ ᠨᠦᠬᠦᠪᠦᠷᠢᠯᠡᠬᠦ ᠪᠣᠯ ᠬᠠᠩᠭᠠᠯᠭ᠎ᠠ ᠶᠢᠨ | ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠤᠯᠤᠨ᠎ᠠ᠃ | 2. ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ ᠬᠤᠩᠬᠢᠯ᠄ ᠬᠤᠲᠠ ᠶᠢᠨ ᠭᠠᠵᠠᠷ | ᠳᠣᠣᠷ᠎ᠠ ᠨᠥᠬᠡᠨ ᠵᠠᠮ ᠤᠨ ᠣᠷᠣᠨ ᠵᠠᠢ ᠶᠢ ᠪᠠᠶᠢᠭᠤᠯᠵᠤ᠂ ᠴᠠᠬᠢᠯᠭᠠᠨ ᠬᠤᠯᠪᠣᠭ᠎ᠠ ᠰᠢᠲᠠᠮᠠᠬᠠᠢ ᠬᠡᠢ ᠢᠯᠴᠢ ᠤᠰᠤ | ᠵᠡᠷᠭᠡ ᠡᠯ᠎ᠡ ᠵᠦᠢᠯ ᠤᠨ ᠪᠠᠷᠢᠯᠭ᠎ᠠ ᠶᠢᠨ ᠬᠤᠭᠤᠯᠠᠢ ᠤᠳᠠᠰᠤ ᠶᠢ ᠨᠢᠭᠡ ᠴᠣᠭᠴᠠᠵᠢᠭᠤᠯᠵᠤ᠂ ᠨᠢᠭᠡᠳᠦᠯᠲᠡᠢ | ᠲᠥᠯᠥᠪᠵᠢᠭᠦᠯᠵᠦ᠂ ᠨᠢᠭᠡᠳᠦᠯᠲᠡᠢ ᠵᠢᠷᠤᠭᠯᠠᠨ ᠲᠥᠯᠦᠪᠯᠡᠵᠦ᠂ ᠨᠢᠭᠡᠳᠦᠯᠲᠡᠢ ᠪᠦᠲᠦᠭᠡᠨ ᠪᠠᠶᠢᠭᠤᠯᠬᠤ ᠪᠠ | ᠬᠠᠮᠢᠶᠠᠷᠬᠤ ᠶᠢ ᠵᠢᠭᠠᠵᠤ ᠪᠤᠢ᠃ | 3.ᠲᠣᠮᠣ ᠳ᠋ᠠᠶᠢᠲ᠋ᠠ᠄ ᠰᠢᠨ᠎ᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠪᠣᠯᠣᠨ ᠦᠢᠯᠡᠴᠢᠯᠡᠭᠡᠨ ᠤ | ᠡᠵᠡᠩᠨᠡᠯᠲᠡ ᠶᠢᠨ ᠪᠠᠶᠢᠳᠠᠯ᠂ ᠭᠤᠣᠯᠳᠠᠭᠤ ᠳᠠᠯᠠᠢ ᠶᠡᠬᠡᠲᠡᠢ ᠲᠤᠭ᠎ᠠ ᠬᠡᠮᠵᠢᠶ᠎ᠡ᠂ ᠢᠷᠡᠯᠲᠡ ᠨᠢ ᠲᠠᠷᠠᠬᠠᠢ ᠪᠣᠲᠠᠷᠬᠠᠢ᠂ | ᠣᠯᠠᠨ ᠬᠡᠯᠪᠡᠷᠢ ᠶᠠᠩᠵᠤ ᠶᠢᠨ ᠣᠯᠠᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠳᠠᠭᠠᠯᠠᠬᠤ ᠪᠠ ᠬᠤᠯᠪᠤᠭᠳᠠᠭᠤᠯᠤᠨ | ᠵᠠᠳᠠᠯᠵᠤ᠂ ᠲᠡᠭᠦᠨ ᠤ ᠲᠣᠲᠣᠷ᠎ᠠ ᠠᠴᠠ ᠰᠢᠨ᠎ᠡ ᠮᠡᠳᠡᠯᠭᠡ ᠢᠯᠡᠷᠡᠭᠦᠯᠦᠨ᠂ ᠰᠢᠨ᠎ᠡ ᠦᠷᠲᠡᠭ ᠪᠦᠲᠦᠭᠡᠵᠦ᠂ ᠰᠢᠨ᠎ᠡ | ᠴᠢᠳᠠᠪᠤᠷᠢ ᠶᠢ ᠳᠡᠭᠡᠭᠰᠢᠯᠡᠭᠦᠯᠬᠦ ᠶᠢ ᠵᠢᠭᠠᠵᠤ ᠪᠤᠢ᠃ | 4. ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ᠄ ᠵᠠᠬ᠎ᠠ ᠳᠡᠯᠭᠡᠭᠦᠷᠵᠢᠯᠲᠡ ᠶᠢᠨ | ᠲᠣᠭᠲᠠᠴᠠ᠂ ᠲᠤᠰᠬᠠᠶᠢᠵᠢᠭᠰᠠᠨ ᠦᠢᠯᠡᠴᠢᠯᠡᠭᠡ ᠪᠠ ᠬᠦᠷᠦᠩᠭᠡᠵᠢᠯᠲᠡ ᠶᠢᠨ ᠵᠠᠮ ᠮᠥᠷ ᠢᠶᠠᠷ ᠳᠠᠮᠵᠢᠵᠤ ᠡᠭᠦᠳᠦᠨ | ᠪᠠᠶᠢᠭᠤᠯᠤᠭᠰᠠᠨ ᠦᠪᠡᠷ ᠤᠨ ᠦᠷᠲᠡᠭ ᠢᠶᠠᠷ ᠳᠣᠣᠷ᠎ᠠ᠂ ᠳᠦᠭᠦᠮ ᠲᠦᠲᠡ᠂ ᠬᠠᠮ ᠬᠦᠴᠦᠨ ᠵᠦᠢᠯ ᠤᠨ᠂ | ᠨᠡᠭᠡᠭᠡᠯᠲᠡ ᠶᠢᠨ ᠮᠠᠶ᠋ᠢᠭ ᠤᠨ ᠰᠢᠨ᠎ᠡ ᠬᠡᠯᠪᠡᠷᠢ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ | ᠵᠢᠭᠠᠵᠤ ᠪᠤᠢ᠃ | 5. ᠪᠠᠭᠤᠯᠭᠠᠬᠤ ᠬᠠᠮᠢᠶᠠᠷᠬᠤ ᠦᠢᠯᠡᠴᠢᠯᠡᠬᠦ᠄ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠢᠭᠠᠵᠤ ᠪᠤᠢ᠃ | 6.ᠨᠠᠢᠮᠠᠨ ᠨᠠᠷᠢᠨ ᠬᠠᠭᠤᠳᠠᠰᠤ᠄ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠂ | ᠵᠠᠭᠤᠴᠢ ᠦᠢᠯᠡᠴᠢᠯᠡᠭᠡ ᠶᠢᠨ ᠵᠦᠢᠯᠡᠰ ᠤᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠭᠡ ᠶᠢᠨ ᠰᠦᠢᠳᠬᠡᠯ | ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠵᠦᠢᠯᠡᠰ ᠤᠨ ᠨᠠᠷᠢᠨ | ᠬᠠᠭᠤᠳᠠᠰᠤ᠂ ᠬᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ | ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ | ᠭᠠᠷᠴᠠᠭ ᠤᠨ ᠨᠠᠷᠢᠨ ᠬᠠᠭᠤᠳᠠᠰᠤ ᠪᠠᠭᠲᠠᠨ᠎ᠠ᠃ | 7. ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ | ᠄ ᠠᠵᠤ ᠦᠢᠯᠡᠳᠪᠦᠷᠢ ᠬᠤᠳᠠᠯᠳᠤᠭ᠎ᠠ᠂ ᠶᠠᠰᠦ ᠴᠢᠨᠠᠷ ᠤᠨ ᠪᠠᠶᠢᠴᠠᠭᠠᠯᠲᠠ᠂ ᠭᠠᠶᠢᠯᠢ ᠶᠢᠨ ᠶᠠᠪᠤᠳᠠᠯ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰ | ᠲᠤᠰ ᠣᠯᠭᠤᠭᠰᠠᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ | ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠭᠰᠠᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ | ᠳᠠᠩᠰᠠᠯᠠᠭᠰᠠᠨ ᠦᠨᠡᠮᠯᠡᠯ᠂ ᠲᠤᠭ᠎ᠠ ᠪᠦᠷᠢᠳᠭᠡᠯ ᠤᠨ ᠳᠠᠩᠰᠠᠯᠠᠭᠰᠠᠨ ᠦᠨᠡᠮᠯᠡᠯ ᠵᠡᠷᠭᠡ ᠲᠠᠪᠤᠨ ᠲᠦᠷᠦᠯ ᠤᠨ ᠭᠡᠷᠡᠴᠢ | ᠦᠨᠡᠮᠯᠡᠯ ᠢ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠠᠴᠠ ᠨᠢᠭᠡᠯᠡ ᠡᠵᠡᠩᠨᠡᠯᠲᠡ ᠶᠢᠨ ᠦᠨᠡᠮᠯᠡᠯ | ᠪᠣᠯᠭᠠᠨ ᠥᠭᠡᠷᠡᠴᠢᠯᠡᠵᠦ ᠣᠯᠭᠤᠨ᠂ ᠤᠤᠯ ᠤᠨ ᠬᠠᠮᠢᠶ᠎ᠠ ᠪᠦᠬᠦᠢ ᠭᠡᠷᠡᠴᠢ ᠦᠨᠡᠮᠯᠡᠯ ᠤᠨ ᠴᠢᠳᠠᠪᠬᠢ ᠲᠠᠢ ᠪᠦᠭᠡᠳ | ᠨᠡᠶᠢᠭᠡᠮ ᠤᠨ ᠨᠢᠭᠡᠳᠦᠯᠲᠡᠢ ᠢᠲᠡᠭᠡᠮᠵᠢ ᠶᠢᠨ ᠣᠷᠣᠯᠠᠬᠤ ᠨᠤᠮᠧᠷ ᠢ ᠨᠡᠮᠡᠵᠦ ᠣᠷᠣᠭᠤᠯᠬᠤ ᠶᠢ ᠵᠢᠭᠠᠵᠤ ᠪᠤᠢ᠃ | 8. ᠬᠤᠶᠠᠷ ᠢ ᠰᠤᠭᠤᠴᠢᠵᠤ ᠨᠢᠭᠡ ᠶᠢ ᠢᠯᠡ ᠪᠤᠯᠭᠠᠬᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠠᠪᠤᠴᠠ ᠳᠤ ᠪᠠᠶᠢᠴᠠᠭᠠᠬᠤ ᠡᠲᠡᠭᠡᠳ ᠢ ᠮᠠᠰᠢᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠵᠤ᠂ ᠬᠠᠤᠯᠢ ᠬᠡᠷᠡᠭᠵᠢᠭᠦᠯᠬᠦ | ᠪᠠᠶᠢᠴᠠᠭᠠᠬᠤ ᠠᠵᠢᠯᠲᠠᠨ ᠢ ᠮᠠᠰᠢᠨ ᠤ ᠲᠠᠰᠢᠷᠠᠮ ᠢᠶᠠᠷ ᠰᠣᠭᠤᠴᠢᠨ ᠲᠣᠮᠢᠯᠠᠵᠤ᠂ ᠰᠤᠭᠤᠴᠢᠨ ᠪᠠᠶᠢᠴᠠᠭᠠᠭᠰᠠᠨ | ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠳᠤ ᠴᠠᠭ ᠲᠤᠬᠠᠢ ᠳᠤᠨᠢ ᠢᠯᠡ | ᠪᠣᠯᠭᠠᠬᠤ ᠶᠢ ᠵᠢᠭᠠᠵᠤ ᠪᠤᠢ᠃ | 9. ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ᠄ ᠡᠵᠡᠩᠨᠡᠯᠲᠡ ᠶᠢᠨ | ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠵᠢᠭᠠᠵᠤ ᠪᠤᠢ᠃ | 10. ᠳᠤᠮᠳᠠᠲᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ᠄ ᠳᠤᠮᠳᠠᠲᠤ ᠤᠯᠤᠰ ᠤᠨ ᠲᠡᠮᠦᠷ ᠵᠠᠮ ᠤᠨ | ᠶᠡᠷᠦᠩᠬᠡᠢ ᠺᠣᠮᠫᠠᠨᠢ ᠠᠴᠠ ᠵᠣᠬᠢᠶᠠᠨ ᠪᠠᠶᠢᠭᠤᠯᠵᠤ᠂ ᠲᠡᠷᠭᠡᠨ ᠤ ᠲᠣᠭᠲᠠᠭᠰᠠᠨ ᠳᠠᠷᠠᠭᠠᠯᠠᠯ᠂ ᠵᠠᠮ ᠱᠣᠭᠤᠮ᠂ | ᠡᠭᠡᠯᠵᠢ ᠶᠢᠨ ᠴᠠᠭ ᠢᠶᠠᠷ ᠶᠠᠪᠤᠬᠤ᠂ ᠳᠤᠮᠳᠠᠲᠤ ᠪᠠ ᠡᠸᠦ᠋ᠷᠦᠫᠡ ᠵᠢᠴᠢ ︽ᠨᠢᠭᠡ ᠵᠠᠮ ᠨᠢᠭᠡ ᠪᠦᠰᠡ︾ ᠶᠢᠨ ᠳᠠᠭᠠᠤ | ᠳᠠᠬᠢ ᠤᠯᠤᠰ ᠤᠨ ᠬᠤᠭᠤᠷᠤᠨᠳᠤ ᠨᠡᠪᠲᠡᠷᠡᠵᠦ ᠪᠠᠶᠢᠭ᠎ᠠ ᠲᠡᠮᠦᠷ ᠵᠠᠮ ᠤᠨ ᠳᠡᠭᠡᠭᠡᠪᠦᠷᠢᠯᠡᠭᠰᠡᠨ ᠴᠢᠩᠭᠡᠯᠢᠭ ᠤᠨ ᠣᠯᠠᠨ | ᠤᠯᠤᠰ ᠤᠨ ᠬᠤᠯᠪᠣᠭᠠᠯᠠᠨ ᠲᠡᠭᠡᠭᠡᠪᠦᠷᠢᠯᠡᠬᠦ ᠭᠠᠯᠲᠤ ᠲᠡᠷᠭᠡ ᠶᠢ ᠵᠢᠭᠠᠵᠤ ᠪᠤᠢ᠃ | 11. ᠬᠤᠶᠠᠷ ᠢ ᠲᠠᠷᠢᠭᠦᠨ ᠳᠡᠰ ᠲᠤ ᠣᠷᠣᠭᠤᠯᠬᠤ᠄ ᠤᠯᠤᠰ ᠤᠨ ᠳᠡᠰ ᠳᠠᠪᠬᠤᠷᠭ᠎ᠠ ᠶᠢᠨ ᠲᠠᠯ᠎ᠠ ᠠᠴᠠ | ᠠᠪᠴᠤ ᠬᠡᠯᠡᠪᠡᠯ ᠳᠡᠯᠡᠭᠡᠢ ᠶᠢᠨ ᠲᠡᠷᠢᠭᠦᠨ ᠳᠡᠰ ᠤᠨ ᠶᠡᠭᠡ ᠰᠤᠷᠭᠠᠭᠤᠯᠢ ᠪᠠ ᠲᠡᠷᠢᠭᠦᠨ ᠳᠡᠰ ᠤᠨ ᠰᠢᠨᠵᠢᠯᠡᠭᠡᠨ ᠤ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠵᠢᠭᠠᠵᠤ ᠪᠤᠢ᠃ ᠥᠪᠡᠷᠲᠡᠭᠡᠨ ᠵᠠᠰᠠᠬᠤ ᠣᠷᠣᠨ ᠠᠴᠠ | ᠲᠤᠰ ᠵᠠᠭᠤᠨ ᠤ ᠳᠤᠮᠳᠠᠴᠢ ᠪᠣᠯᠬᠤ ᠳᠤ ᠤᠯᠤᠰ ᠤᠨ ᠲᠣᠳᠤᠭᠠᠲᠤ ᠶᠢᠨ ᠲᠡᠷᠢᠭᠦᠨ ᠳᠡᠰ ᠤᠨ ᠰᠤᠷᠭᠠᠭᠤᠯᠢ ᠶᠢ 4-6 | ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢ ᠳᠡᠯᠡᠭᠡᠢ ᠶᠢᠨ ᠲᠡᠷᠢᠭᠦᠨ ᠳᠡᠰ ᠤᠨ ᠶᠡᠭᠡ | ᠰᠤᠷᠭᠠᠭᠤᠯᠢ ᠶᠢᠨ ᠬᠢᠷᠢ ᠬᠡᠮᠵᠢᠶ᠎ᠡ ᠳᠤ ᠬᠦᠷᠦᠭᠦᠯᠬᠦ ᠶᠢ ᠭᠤᠣᠯᠳᠠᠯᠭ᠎ᠠ ᠲᠠᠢ ᠪᠠᠷ ᠳᠡᠮᠵᠢᠬᠦ ᠶᠢ ᠳᠣᠷᠠᠳᠪᠠ︔ | ᠤᠯᠤᠰ ᠤᠨ ᠲᠣᠲᠤᠭᠠᠳᠤ ᠶᠢᠨ ᠲᠡᠷᠢᠭᠦᠨ ᠳᠡᠰ ᠤᠨ ᠰᠢᠨᠵᠢᠯᠡᠭᠡᠨ ᠢ 50 ᠣᠷᠴᠢᠮ ᠪᠦᠲᠦᠭᠡᠨ ᠪᠠᠶᠢᠭᠤᠯᠤᠨ᠎ᠠ᠂ | ᠡᠭᠦᠨ ᠳᠤ 11 ᠣᠷᠴᠢᠮ ᠤᠨ ᠰᠢᠨᠵᠢᠯᠡᠭᠡᠨ ᠨᠢ ᠳᠡᠯᠡᠭᠡᠢ ᠶᠢᠨ ᠲᠡᠷᠢᠭᠦᠨ ᠳᠡᠰ ᠤᠨ ᠬᠢᠷᠢ ᠬᠡᠮᠵᠢᠶᠡᠨ ᠳᠤ ᠬᠦᠷᠦᠭᠦᠯᠬᠦ | ᠪᠠᠷ ᠴᠢᠷᠮᠠᠶᠢᠨ᠎ᠠ᠃ | 12. ︽ᠲᠠᠪᠤᠵᠢᠭᠤᠯᠤᠨ︾ ᠬᠠᠮᠵᠢᠯᠴᠠᠬᠤ᠄ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠮᠠᠨ ᠤ ᠣᠷᠣᠨ ᠤ ᠬᠤᠶᠢᠰᠢᠲᠠ ᠶᠢᠨ 5 | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠷᠴᠢᠮ ᠱᠠᠭᠠᠷᠳᠠᠯᠭ᠎ᠠ ᠶᠢᠨ ᠨᠢᠭᠡ ᠪᠣᠯᠣᠨ᠎ᠠ᠂ ᠲᠣᠬᠠᠶᠢᠯᠠᠪᠠᠯ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ᠂ ᠲᠠᠷᠢᠶᠠᠯᠠᠩ | ᠮᠠᠯ ᠠᠵᠤ ᠠᠬᠤᠶ ᠶᠢᠨ ᠣᠳᠣᠬᠢᠴᠢᠯᠠᠯᠲᠠ᠂ ᠪᠣᠬᠢᠷᠳᠤᠯ ᠦᠭᠡᠶᠢᠵᠢᠯᠲᠡ ᠶᠢᠨ ᠭᠦᠨᠵᠡᠭᠡᠶ ᠠᠭᠤᠰᠤᠯᠴᠠᠯ ᠬᠠᠮᠵᠢᠯᠴᠠᠨ | ᠬᠦᠭᠵᠢᠬᠦ ᠶᠢ ᠵᠢᠭᠠᠵᠤ ᠪᠤᠢ᠃ | 13. ᠳᠥᠷᠪᠡ ᠶᠢ ᠦᠨᠳᠦᠷ ᠪᠠᠶᠢᠯᠭᠠᠬᠤ᠄ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠲᠠᠭᠠᠭᠰᠠᠨ ᠮᠠᠨ ᠤ ᠣᠷᠣᠨ ᠤ ᠬᠤᠶᠢᠰᠢᠲᠠ ᠶᠢᠨ 5 | ᠵᠢᠯ ᠤᠨ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠲᠠ ᠶᠢᠨ ᠨᠢᠭᠡ ᠪᠤᠯᠤᠨ᠎ᠠ᠂ | ᠲᠤᠬᠠᠶᠢᠯᠠᠪᠠᠯ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠲᠣᠭᠲᠠᠮᠠᠯ ᠬᠦᠷᠦᠩᠭᠡ ᠶᠢᠨ ᠪᠡᠯᠡ | ᠣᠷᠤᠭᠤᠯᠤᠯᠲᠠ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ ᠪᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠦᠬᠦ ᠤᠯᠤᠰ ᠤᠨ ᠬᠢᠷᠢ ᠲᠦᠪᠰᠢᠨ ᠠᠴᠠ ᠦᠨᠳᠦᠷ ᠪᠠᠶᠢᠬᠤ ᠶᠢ ᠵᠢᠭᠠᠵᠤ | ᠪᠤᠢ᠃ | 14. ᠵᠠᠬ᠎ᠠ ᠳᠡᠯᠭᠡᠭᠦᠷᠵᠢᠭᠦᠯᠦᠨ ᠦᠷᠢ ᠥᠭᠴᠡᠭᠡ ᠪᠠᠨ ᠰᠲ᠋ᠤᠺ ᠪᠤᠯᠭᠠᠨ ᠬᠤᠪᠢᠷᠠᠭᠤᠯᠬᠤ᠄ ᠵᠠᠬ᠎ᠠ | ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ᠂ ᠪᠠᠩᠬᠢ ᠶᠢᠨ ᠠᠪᠴᠠᠭᠠᠨ ᠤ ᠡᠷᠬᠡ ᠶᠢ ᠰᠲ᠋ᠤᠺ ᠪᠤᠯᠭᠠᠨ ᠬᠤᠪᠢᠷᠠᠭᠤᠯᠬᠤ ᠳᠤ᠂ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠪᠠᠩᠬᠢ ᠶᠢᠨ ᠠᠪᠴᠠᠭᠠᠨ ᠤ ᠡᠷᠬᠡ ᠶᠢ ᠰᠲ᠋ᠣᠺ | ᠪᠣᠯᠭᠠᠨ ᠬᠤᠪᠢᠷᠠᠭᠤᠯᠬᠤ ᠳᠤ᠂ ᠬᠡᠷᠡᠭᠵᠢᠭᠦᠯᠬᠦ ᠪᠠᠶᠢᠭᠤᠯᠤᠮᠵᠢ ︵ᠮᠥᠩᠭᠦᠨ ᠭᠦᠢᠯᠭᠡᠭᠡᠨ ᠤ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠺᠣᠮᠫᠠᠨᠢ᠂ ᠳᠠᠭᠠᠳᠬᠠᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ | ᠤᠯᠤᠰ ᠤᠨ ᠦᠮᠴᠢᠯᠡᠯᠲᠦ ᠬᠦᠷᠦᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠺᠣᠮᠫᠠᠨᠢ ᠵᠡᠷᠭᠡ ᠪᠠᠭᠲᠠᠨ᠎ᠠ︶ | ᠳᠤ ᠠᠪᠴᠠᠭᠠᠨ ᠤ ᠡᠷᠬᠡ ᠪᠠᠨ ᠰᠢᠯᠵᠢᠭᠦᠯᠦᠨ ᠦᠭᠬᠦ ᠪᠠᠷ ᠳᠠᠮᠵᠢᠭᠤᠯᠤᠨ᠂ ᠬᠡᠷᠡᠭᠵᠢᠭᠦᠯᠬᠦ ᠪᠠᠶᠢᠭᠤᠯᠤᠮᠵᠢ ᠠᠴᠠ | ᠠᠪᠴᠠᠭᠠᠨ ᠤ ᠡᠷᠬᠡ ᠶᠢ ᠨᠥᠬᠦᠭᠡ ᠲᠠᠯ᠎ᠠ ᠶᠢᠨ ᠠᠵᠤ ᠠᠬᠤᠶᠢᠯᠠᠯ ᠤᠨ ᠰᠲ᠋ᠣᠺ ᠪᠤᠯᠭᠠᠨ ᠬᠤᠪᠢᠷᠠᠭᠤᠯᠬᠤ ᠠᠷᠭ᠎ᠠ | ᠬᠡᠯᠪᠡᠷᠢ ᠪᠠᠷ ᠪᠡᠶᠡᠯᠡᠭᠦᠯᠬᠦ ᠶᠢ ᠵᠢᠭᠠᠵᠤ ᠪᠤᠢ᠃ | 15. ᠭᠤᠷᠪᠠᠨ ᠡᠷᠬᠡ ᠶᠢ ᠰᠠᠯᠭᠠᠨ ᠪᠠᠶᠢᠷᠢᠯᠠᠭᠤᠯᠬᠤ᠄ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ | ᠨᠤᠲᠤᠭ ᠪᠡᠯᠴᠢᠭᠡᠷ ᠤᠨ ᠨᠡᠶᠢᠲᠡ ᠶᠢᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠡᠷᠦᠬᠡ ᠶᠢᠨ | ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠤᠢ ᠨᠣᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠵᠡᠷᠭᠡ ᠭᠤᠷᠪᠡᠨ | ᠡᠷᠬᠡ ᠶᠢ ᠰᠠᠯᠭᠠᠨ ᠪᠠᠶᠢᠷᠢᠯᠠᠭᠤᠯᠬᠤ ᠶᠢ ᠵᠡᠷᠭᠡᠪᠡᠷ ᠬᠡᠷᠡᠭᠵᠢᠭᠦᠯᠵᠦ᠂ ᠨᠡᠶᠢᠲᠡ ᠶᠢᠨ ᠦᠮᠴᠢᠯᠡᠯ ᠤᠨ ᠡᠷᠬᠡ ᠶᠢ | ᠨᠠᠶᠢᠳᠠᠪᠤᠷᠢᠵᠢᠭᠤᠯᠤᠨ᠂ ᠳᠠᠭᠠᠭᠠᠴᠢᠯᠠᠯᠲᠠ ᠶᠢᠨ ᠡᠷᠬᠡ ᠶᠢ ᠲᠣᠭᠲᠠᠭᠤᠨ ᠪᠠᠶᠢᠯᠭᠠᠵᠤ᠂ ᠡᠵᠡᠩᠨᠡᠯᠲᠡ ᠶᠢᠨ ᠡᠷᠬᠡ ᠶᠢ | ᠠᠮᠢᠳᠤᠯᠢᠭ ᠪᠣᠯᠭᠠᠬᠤ ᠶᠢ ᠵᠢᠭᠠᠵᠤ ᠪᠤᠢ᠃ | 16. ︽ᠬᠤᠶᠠᠷ ᠡᠷᠬᠡ︾ ᠶᠢᠨ ᠪᠠᠷᠢᠴᠠᠭᠠᠲᠤ ᠵᠢᠭᠡᠯᠡᠯᠭᠡ᠄ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ | ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠪᠣᠯᠣᠨ ᠮᠠᠯᠴᠢᠨ ᠲᠠᠷᠢᠶᠠᠴᠢᠳ ᠤᠨ | ᠤᠷᠤᠨ ᠰᠠᠭᠤᠴᠠ ᠡᠳ᠋ ᠬᠦᠷᠦᠩᠭᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠵᠢᠭᠠᠵᠤ ᠪᠤᠢ᠃ | 17. ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ᠄ ᠤᠷᠤᠨ ᠨᠤᠲᠤᠭ ᠤᠨ ᠨᠠᠮ | ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ ᠭᠤᠣᠯ ᠮᠦᠷᠡᠨ ᠨᠠᠭᠤᠷ | ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ | ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ | ᠤᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠰᠢᠯᠢᠳᠡᠭᠵᠢᠭᠦᠯᠬᠦ ᠪᠠᠷ ᠭᠤᠣᠯ ᠡᠭᠦᠷᠭᠡ | ᠪᠣᠯᠭᠠᠨ᠎ᠠ᠃ ᠤᠯᠤᠰ ᠠᠴᠠ ᠮᠤᠵᠢ᠂ ᠬᠤᠲᠠ᠂ ᠰᠢᠶᠠᠨ᠂ ᠰᠢᠶᠠᠩ ᠤᠨ ᠳᠥᠷᠪᠡᠨ ᠱᠠᠲᠤᠨ ᠤ ᠭᠤᠣᠯ ᠮᠦᠷᠡᠨ ᠤ | ᠳᠠᠷᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠨᠢ ᠶᠡᠷᠦᠩᠬᠡᠢ ᠭᠤᠣᠯ ᠮᠦᠷᠡᠨ ᠤ ᠳᠠᠷᠤᠭ᠎ᠠ ᠲᠣᠬᠢᠷᠠᠭᠤᠯᠵᠤ᠂ ᠨᠠᠮ ᠤᠨ ᠬᠤᠷᠢᠶ᠎ᠠ ᠪᠣᠶᠤ ᠵᠠᠰᠠᠭ ᠤᠨ | ᠤᠷᠳᠤᠨ ᠤ ᠭᠤᠣᠯ ᠬᠠᠷᠢᠭᠤᠴᠠᠯᠭᠠᠲᠠᠨ ᠠᠴᠠ ᠡᠭᠦᠷᠭᠡᠯᠡᠬᠦ ᠶᠢ ᠵᠢᠭᠠᠵᠤ ᠪᠤᠢ᠃ | 18. ᠠᠵᠤ ᠠᠬᠤᠢ ᠶᠢ ᠬᠠᠮᠲᠤᠪᠠᠷ ᠬᠦᠷᠲᠡᠬᠦ᠄ ᠢᠨᠲ᠋ᠧᠷ ᠰᠦᠯᠵᠢᠶᠡᠨ ᠤ ᠮᠡᠷᠭᠡᠵᠢᠯ ᠬᠦᠭᠵᠢᠭᠰᠡᠨ ᠠᠬᠤᠢ | ᠪᠠᠶᠢᠳᠠᠯ ᠤᠨ ᠳᠤᠤᠷ᠎ᠠ ᠪᠣᠢ ᠪᠣᠯᠣᠭᠰᠠᠨ ᠴᠤ᠋ ᠰᠢᠨ᠎ᠡ ᠬᠤᠳᠠᠯᠳᠤᠭᠠᠨ ᠤ ᠵᠠᠭᠪᠤᠷ ᠪᠣᠯᠣᠨ᠎ᠠ᠂ ᠨᠡᠶᠢᠲᠡ | ᠤᠯᠠᠨ ᠢᠶᠠᠷ ᠢᠶᠠᠨ ᠰᠤᠯᠠ ᠰᠡᠯᠡᠭᠦᠦ ᠡᠬᠢ ᠪᠠᠶᠠᠯᠢᠭ ᠢ ᠨᠡᠶᠢᠭᠡᠮᠴᠢᠯᠡᠭᠰᠡᠨ ᠲᠠᠪᠴᠠᠩ ᠢᠶᠠᠷ ᠳᠠᠮᠵᠢᠭᠤᠯᠤᠨ ᠪᠤᠰᠤᠳ ᠲᠤ | ᠬᠤᠪᠢᠶᠠᠨ ᠬᠦᠷᠲᠡᠭᠡᠵᠦ᠂ ᠡᠭᠦᠨ ᠤ ᠤᠯᠠᠮ ᠠᠴᠠ ᠠᠰᠢᠭ ᠤᠯᠵᠠᠪᠤᠷᠢ ᠣᠯᠬᠤ ᠶᠢ ᠵᠢᠭᠠᠵᠤ ᠪᠤᠢ᠃ | 19. ᠬᠠᠮ ᠵᠢᠭᠤᠯᠴᠢᠯᠠᠯ᠄ ᠵᠣᠬᠢᠬᠤ ᠤᠷᠤᠨ ᠪᠦᠰᠡ ᠶᠢᠨ ᠳᠣᠲᠣᠷ᠎ᠠ᠂ ᠵᠢᠭᠤᠯᠴᠢᠯᠠᠯ ᠤᠨ ᠦᠢᠯᠡᠰ ᠢᠶᠠᠷ | ᠳᠠᠪᠠᠭᠤᠯᠢᠭ ᠠᠵᠤ ᠦᠢᠯᠡᠰ ᠪᠣᠯᠭᠠᠵᠤ᠂ ᠤᠷᠤᠨ ᠪᠦᠰᠡ ᠶᠢᠨ ᠳᠣᠲᠣᠷᠠᠬᠢ ᠵᠢᠭᠤᠯᠴᠢᠯᠠᠯ ᠤᠨ ᠡᠬᠢ ᠪᠠᠶᠠᠯᠢᠭ᠂ | ᠬᠠᠮᠢᠶ᠎ᠠ ᠪᠦᠬᠦᠢ ᠠᠵᠤ ᠦᠢᠯᠡᠰ᠂ ᠠᠮᠢ ᠠᠬᠤᠢ ᠶᠢᠨ ᠤᠷᠴᠢᠨ ᠲᠣᠭᠤᠷᠢᠨ᠂ ᠤᠯᠠᠨ ᠨᠡᠶᠢᠲᠡ ᠶᠢᠨ ᠦᠢᠯᠡᠴᠢᠯᠡᠭᠡ᠂ | ᠪᠠᠶᠢᠭᠤᠯᠤᠯ ᠲᠣᠭᠲᠠᠴᠠ᠂ ᠲᠥᠷᠦ ᠶᠢᠨ ᠪᠣᠳᠤᠯᠭ᠎ᠠ ᠬᠠᠤᠯᠢ ᠲᠣᠭᠲᠠᠭᠠᠯ᠂ ᠪᠣᠯᠪᠠᠰᠤᠨ ᠬᠡᠪ ᠴᠢᠨᠠᠷ ᠵᠡᠷᠭᠡ ᠶᠢ ᠪᠦᠬᠦ | ᠲᠠᠯ᠎ᠠ ᠪᠠᠷ᠂ ᠰᠢᠰᠲ᠋ᠧᠮᠵᠢᠭᠦᠯᠵᠦ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠᠷ ᠳᠠᠮᠵᠢᠨ᠂ ᠡᠬᠢ ᠪᠠᠶᠠᠯᠢᠭ ᠤᠨ ᠤᠷᠭᠠᠨᠢᠭ | ᠨᠢᠭᠡᠲᠦᠯ᠂ ᠠᠵᠤ ᠦᠢᠯᠡᠰ ᠤᠨ ᠠᠭᠤᠰᠤᠯᠴᠠᠨ ᠬᠦᠭᠵᠢᠬᠦ᠂ ᠨᠡᠶᠢᠭᠡᠮ ᠤᠨ ᠬᠠᠮᠲᠤᠪᠠᠷ ᠪᠠᠶᠢᠭᠤᠯᠵᠤ ᠬᠠᠮᠲᠤᠪᠠᠷ | ᠬᠦᠷᠲᠡᠬᠦ ᠶᠢ ᠪᠡᠶᠡᠯᠡᠭᠦᠯᠵᠦ᠂ ᠵᠢᠭᠤᠯᠴᠢᠯᠠᠯ ᠤᠨ ᠦᠢᠯᠡᠰ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ | ᠳᠠᠶᠢᠴᠢᠯᠠᠨ ᠠᠬᠢᠭᠤᠯᠬᠤ ᠶᠢ ᠵᠢᠭᠠᠵᠤ ᠪᠤᠢ᠃ | 20. ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ᠄ ᠵᠢᠭᠤᠯᠴᠢᠯᠠᠯ ᠤᠨ ᠦᠢᠯᠡᠰ ᠤᠨ ᠠᠭᠤᠰᠤᠯᠴᠠᠬᠤ | ᠴᠢᠳᠠᠪᠤᠷᠢ ᠶᠢ ᠪᠠᠳᠠᠷᠠᠭᠤᠯᠤᠨ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶ᠎ᠡ ᠴᠠᠷᠠᠭ᠎ᠠ ᠶᠢᠨ ᠬᠦᠭᠵᠢᠯᠲᠡ ᠳᠤ | ᠵᠢᠭᠤᠯᠴᠢᠯᠠᠯ ᠤᠨ ᠲᠠᠪᠴᠠᠩ ᠬᠠᠩᠭᠠᠵᠤ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠵᠤ᠂ ᠲᠡᠳᠡᠨ ᠤ | ᠬᠦᠭᠵᠢᠯᠲᠡ ᠶᠢᠨ ᠬᠢᠷᠢ ᠲᠥᠪᠰᠢᠨ ᠪᠠ ᠶᠡᠷᠦᠩᠬᠡᠶᠢᠯᠡᠭᠰᠡᠨ ᠥᠷᠲᠡᠭ ᠢ ᠳᠡᠭᠡᠭᠰᠢᠯᠡᠭᠦᠯᠦᠨ᠎ᠡ᠃ ᠡᠭᠦᠨ ᠳᠤ | ᠵᠢᠭᠤᠯᠴᠢᠯᠠᠯ + ᠪᠡᠯᠡ ᠣᠷᠣᠭᠤᠯᠤᠯᠲᠠ᠂ ᠵᠢᠭᠤᠯᠴᠢᠯᠠᠯ + ᠬᠡᠷᠡᠭᠯᠡᠭᠡ᠂ ᠵᠢᠭᠤᠯᠴᠢᠯᠠᠯ + ᠰᠢᠨᠵᠢᠯᠡᠬᠦ ᠤᠬᠠᠭᠠᠨ | ᠮᠡᠷᠭᠡᠵᠢᠯ ᠵᠡᠷᠭᠡ ᠪᠠᠭᠲᠠᠨ᠎ᠠ᠃ | 21.ᠨᠡᠶᠢᠳᠡᠮ ᠳᠤᠨᠢ ᠬᠠᠷᠠᠭᠠᠯᠵᠠᠬᠤ ᠮᠥᠩᠭᠦᠨ ᠭᠦᠢᠯᠭᠡᠭᠡᠨ᠄ ᠠᠵᠠ ᠳᠣᠬᠢᠶᠠᠯ ᠡᠷᠬᠡ ᠲᠡᠭᠰᠢ ᠪᠠᠶᠢᠬᠤ | ᠱᠠᠭᠠᠷᠳᠠᠯᠭ᠎ᠠ ᠪᠠ ᠬᠤᠳᠠᠯᠳᠤᠭᠠᠨ ᠤ ᠦᠢᠯᠡᠰ ᠤᠨ ᠦᠷᠭᠦᠯᠵᠢᠯᠡᠬᠦ ᠵᠠᠷᠴᠢᠮ ᠳᠤ ᠰᠠᠭᠤᠷᠢᠯᠠᠨ᠂ ᠡᠭᠦᠷᠭᠡᠯᠡᠵᠦ | ᠪᠣᠯᠬᠤᠶᠢᠴᠠ ᠥᠪᠡᠷ ᠤᠨ ᠦᠷᠲᠡᠭ ᠢᠶᠠᠷ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ | ᠲᠠᠢ ᠨᠡᠶᠢᠭᠡᠮ ᠤᠨ ᠡᠯ᠎ᠡ ᠱᠠᠲᠤ ᠳᠠᠪᠬᠤᠷᠭ᠎ᠠ ᠪᠠ ᠪᠦᠯᠬᠦᠮ ᠨᠡᠶᠢᠲᠡ ᠳᠤ ᠵᠣᠬᠢᠰᠲᠠᠶ᠂ ᠪᠦᠲᠦᠮᠵᠢᠲᠡᠶ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠵᠢᠵᠢᠭ ᠪᠢᠴᠢᠯ ᠠᠵᠤ ᠠᠬᠤᠶᠢᠯᠠᠯ᠂ ᠮᠠᠯᠴᠢᠨ ᠲᠠᠷᠢᠶᠠᠴᠢᠨ᠂ ᠬᠤᠲᠠ | ᠪᠠᠯᠭᠠᠰᠤ ᠶᠢᠨ ᠣᠷᠣᠯᠭ᠎ᠠ ᠳᠣᠣᠷ᠎ᠠ ᠬᠥᠮᠥᠰ᠂ ᠶᠠᠳᠠᠭᠤ ᠬᠦᠴᠢᠷᠳᠡᠯᠲᠡᠢ ᠬᠥᠮᠥᠰ ᠪᠠ ᠵᠡᠮᠳᠡᠭᠴᠦᠳ᠂ ᠨᠠᠰᠤᠲᠠᠶᠢᠴᠤᠳ | ᠵᠡᠷᠭᠡ ᠣᠨᠴᠤᠭᠤᠢ ᠬᠦᠮᠦᠰ ᠪᠣᠯ ᠣᠳᠣᠬᠠᠨ ᠳᠤ ᠮᠠᠨ ᠤ ᠣᠯᠤᠰ ᠤᠨ ᠨᠡᠶᠢᠳᠡᠮ ᠳᠤᠨᠢ ᠬᠠᠷᠠᠭᠠᠯᠵᠠᠬᠤ ᠮᠥᠩᠭᠦᠨ | ᠭᠦᠢᠯᠭᠡᠭᠡᠨ ᠤ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠪᠣᠯᠣᠨ᠎ᠠ᠃ | 22. ᠪᠣᠬᠢᠷᠲᠤᠯ ᠦᠭᠡᠢ ᠮᠦᠩᠭᠦᠨ ᠭᠦᠢᠯᠭᠡᠭᠡᠨ᠄ ᠤᠷᠴᠢᠨ ᠲᠣᠭᠤᠷᠢᠨ ᠢ ᠥᠭᠡᠷᠡᠴᠢᠯᠡᠵᠦ ᠰᠠᠶᠢᠵᠢᠷᠠᠭᠤᠯᠤᠨ ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠡᠬᠢ ᠪᠠᠶᠠᠯᠢᠭ ᠢ ᠠᠷᠪᠢᠯᠠᠨ ᠦᠨᠳᠦᠷ ᠪᠦᠲᠦᠮᠵᠢᠲᠡᠢ ᠪᠠᠷ | ᠠᠰᠢᠭᠯᠠᠬᠤ ᠶᠢ ᠳᠡᠮᠵᠢᠬᠦ ᠶᠢᠨ ᠲᠤᠰᠠᠳᠠ᠂ ᠤᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠷᠢᠭᠤᠨ | ᠴᠡᠪᠡᠷ ᠡᠨᠧᠷᠭᠢ᠂ ᠪᠣᠬᠢᠷᠲᠤᠯ ᠦᠭᠡᠢ ᠵᠠᠮ ᠬᠠᠷᠢᠯᠴᠠᠭ᠎ᠠ᠂ ᠪᠣᠬᠢᠷᠲᠤᠯ ᠦᠭᠡᠢ ᠪᠠᠷᠢᠯᠭ᠎ᠠ ᠵᠡᠷᠭᠡ ᠬᠦᠷᠢᠶ᠎ᠡ | ᠴᠠᠷᠠᠭ᠎ᠠ ᠶᠢᠨ ᠲᠦᠷᠦᠯ ᠵᠦᠢᠯ ᠤᠨ ᠪᠡᠯᠡ ᠤᠷᠤᠭᠤᠯᠤᠯᠲᠠ ᠪᠡᠯᠡ ᠲᠣᠬᠢᠷᠠᠭᠤᠯᠭ᠎ᠠ᠂ ᠲᠦᠷᠦᠯ ᠵᠦᠢᠯ ᠤᠨ | ᠡᠵᠡᠩᠨᠡᠯᠲᠡ᠂ ᠲᠥᠭᠰᠢᠭᠦᠷᠢ ᠶᠢᠨ ᠬᠠᠮᠢᠶᠠᠷᠤᠯᠲᠠ ᠵᠡᠷᠭᠡ ᠳᠤ ᠬᠠᠩᠭᠠᠭᠰᠠᠨ ᠮᠦᠩᠭᠦᠨ ᠭᠦᠢᠯᠭᠡᠭᠡᠨ ᠤ ᠦᠢᠯᠡᠴᠢᠯᠡᠭᠡ | ᠶᠢ ᠵᠢᠭᠠᠵᠤ ᠪᠤᠢ᠃ | 23. ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠤᠷᠤᠨ᠄ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠴᠠᠪ ᠬᠤᠲᠠ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ | ᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠵᠡᠷᠭᠡ ᠪᠠᠭᠲᠠᠨ᠎ᠠ᠃ | 24. ᠠᠵᠤ ᠠᠬᠤᠶᠢᠯᠠᠯ ᠤᠨ ᠣᠨ ᠤ ᠮᠥᠩᠭᠦ᠄ ᠠᠵᠤ ᠠᠬᠤᠶᠢᠯᠠᠯ ᠵᠢᠴᠢ ᠲᠡᠭᠦᠨ ᠤ ᠬᠠᠣᠯᠢ ᠶᠣᠰᠤᠭᠠᠷ | ᠠᠵᠢᠯᠲᠠᠨ ᠠᠵᠢᠯᠴᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠬᠠᠣᠯᠢ ᠶᠣᠰᠣᠭᠠᠷ ᠣᠷᠣᠯᠴᠠᠭᠰᠠᠨ ᠰᠠᠭᠤᠷᠢᠨ | ᠳᠡᠭᠡᠷ᠎ᠡ᠂ ᠰᠠᠶᠢᠨ ᠳᠤᠷ᠎ᠠ ᠠᠴᠠ ᠪᠠᠨ ᠲᠣᠭᠲᠠᠭᠠᠭᠰᠠᠨ ᠨᠠᠰᠤᠵᠢᠯ ᠤᠨ ᠨᠥᠬᠦᠪᠦᠷᠢ ᠳᠦᠷᠢᠮ ᠪᠣᠯᠣᠨ᠎ᠠ᠃ ᠬᠡᠷᠡᠭᠰᠡᠬᠦ | ᠰᠦᠢᠳᠬᠡᠯ ᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠠᠴᠠ ᠬᠠᠮᠲᠤᠪᠡᠷ ᠲᠤᠰᠢᠶᠠᠵᠤ᠂ ᠠᠵᠢᠯᠲᠠᠨ ᠠᠵᠢᠯᠴᠢᠨ | ᠨᠢ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠪᠠᠭᠤᠬᠤ ᠨᠠᠰᠤᠨ ᠳᠤ ᠬᠦᠷᠪᠡᠯ᠂ ᠲᠤᠰ ᠬᠥᠮᠥᠨ ᠤ ᠠᠵᠤ | ᠠᠬᠤᠶᠢᠯᠠᠯ ᠤᠨ ᠣᠨ ᠤ ᠮᠥᠩᠭᠦ ᠶᠢᠨ ᠬᠤᠪᠢ ᠬᠥᠮᠥᠨ ᠤ ᠳᠠᠩᠰᠠᠨ ᠡᠷᠦᠬᠡ ᠠᠴᠠ ᠨᠢᠭᠡᠯᠡ ᠤᠳᠠᠭ᠎ᠠ ᠪᠠᠷ ᠪᠤᠶᠤ | ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠴᠤ ᠪᠣᠯᠬᠤ ᠶᠢ ᠵᠢᠭᠠᠵᠤ ᠪᠤᠢ᠃ | 25. ᠲᠣᠬᠠᠶᠢᠯᠠᠭᠰᠠᠨ ᠠᠵᠢᠯ ᠤᠨ ᠣᠨ ᠤ ᠮᠥᠩᠭᠦ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠵᠢᠴᠢ | ᠲᠡᠭᠦᠨ ᠤ ᠠᠵᠢᠯᠲᠠᠳ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠰᠠᠭᠤᠷᠢᠨ ᠳᠡᠭᠡᠷ᠎ᠡ ᠲᠣᠭᠲᠠᠭᠠᠭᠰᠠᠨ ᠨᠠᠰᠤᠵᠢᠯ ᠤᠨ ᠨᠥᠬᠦᠪᠦᠷᠢ ᠳᠦᠷᠢᠮ ᠪᠣᠯᠣᠨ᠎ᠠ᠃ ᠬᠡᠷᠡᠭᠰᠡᠬᠦ | ᠰᠦᠢᠳᠬᠡᠯ ᠢ ᠨᠢᠭᠡᠴᠡ ᠪᠠ ᠠᠵᠢᠯᠲᠠᠨ ᠬᠤᠪᠢ ᠬᠥᠮᠥᠨ ᠬᠠᠮᠲᠤᠪᠡᠷ ᠡᠭᠦᠷᠭᠡᠯᠡᠵᠦ᠂ ᠠᠵᠢᠯᠲᠠᠳ ᠨᠢ ᠤᠯᠤᠰ ᠠᠴᠠ | ᠲᠣᠭᠲᠠᠭᠠᠭᠰᠠᠨ ᠠᠵᠢᠯ ᠠᠴᠠ ᠪᠠᠨ ᠪᠠᠭᠤᠬᠤ ᠨᠥᠬᠦᠴᠡᠯ ᠳᠤ ᠬᠦᠷᠦᠭᠰᠡᠨ ᠤ ᠬᠠᠮᠲᠤ ᠠᠵᠢᠯ ᠠᠴᠠ ᠪᠠᠨ ᠪᠠᠭᠤᠬᠤ | ᠭᠠᠷᠳᠠᠮ ᠢ ᠬᠠᠣᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ ᠭᠠᠷᠭᠠᠨ ᠠᠪᠴᠤ ᠪᠣᠯᠣᠨ᠎ᠠ᠃ | 26. ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠄ ᠡᠪᠡᠳᠴᠢᠨ ᠤ ᠬᠦᠨᠳᠦ ᠬᠥᠩᠭᠡᠨ ᠠᠯᠭᠤᠷ ᠪᠠᠴᠢᠮ | ᠵᠢᠴᠢ ᠡᠮᠨᠡᠨ ᠵᠠᠰᠠᠬᠤ ᠬᠦᠴᠢᠷ ᠬᠢᠯᠪᠠᠷ ᠤᠨ ᠬᠡᠮᠵᠢᠶ᠎ᠡ ᠪᠠᠷ᠂ ᠠᠳᠠᠯᠢ ᠪᠣᠰᠤ ᠳᠡᠰ ᠤᠨ ᠡᠮᠴᠢᠯᠡᠭᠡ ᠶᠢᠨ ᠪᠠᠶᠢᠭᠤᠯᠤᠮᠵᠢ | ᠠᠳᠠᠯᠢ ᠪᠣᠰᠤ ᠡᠪᠡᠳᠴᠢᠨ ᠢ ᠣᠨᠣᠰᠢᠯᠠᠨ ᠲᠣᠭᠲᠠᠭᠠᠬᠤ᠂ ᠡᠮᠨᠡᠨ ᠵᠠᠰᠠᠬᠤ ᠶᠢ ᠡᠭᠦᠷᠭᠡᠯᠡᠵᠦ᠂ ᠦᠨᠳᠦᠰᠦᠨ ᠱᠠᠲᠤᠨ | ᠳᠤ ᠠᠩᠬ᠎ᠠ ᠣᠨᠤᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠠᠯᠭᠤᠷ ᠪᠠᠴᠢᠮ ᠢ ᠬᠤᠪᠢᠶᠠᠵᠤ | ᠡᠮᠨᠡᠬᠦ᠂ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠬᠦ ᠡᠮᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ | ᠪᠣᠢ ᠪᠣᠯᠭᠠᠨ᠎ᠠ᠃ ᠭᠤᠣᠯᠳᠠᠭᠤ ᠰᠢᠯᠢᠳᠡᠭ ᠡᠮᠴᠢᠯᠡᠭᠡ ᠶᠢᠨ ᠡᠬᠢ ᠪᠠᠶᠠᠯᠢᠭ ᠤᠨ ᠳᠣᠣᠷ᠎ᠠ ᠱᠠᠲᠤᠨ ᠳᠤ ᠬᠡᠯᠪᠡᠶᠢᠬᠦ ᠶᠢ | ᠬᠦᠲᠦᠯᠦᠨ ᠵᠢᠯᠣᠭᠤᠳᠴᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠡᠪᠡᠳᠴᠢᠨ ᠡᠮᠨᠡᠭᠦᠯᠬᠦ ᠡᠮᠬᠢ ᠵᠢᠷᠤᠮ ᠢ ᠪᠣᠢ | ᠪᠣᠯᠭᠠᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠠᠰᠢᠭᠯᠠᠵᠤ ᠪᠣᠯᠬᠤ | ᠶᠢ ᠠᠬᠢᠭᠤᠯᠣᠨ᠎ᠠ᠃ | 27. ᠳᠥᠷᠪᠡᠨ ᠬᠠᠮᠤᠭ ᠠᠴᠠ ᠴᠢᠩᠭ᠎ᠠ᠄ ᠬᠠᠮᠤᠭ ᠠᠴᠠ ᠴᠢᠩᠭ᠎ᠠ ᠨᠢᠭᠲᠠ ᠪᠠᠷᠢᠮᠵᠢᠶ᠎ᠠ᠂ ᠬᠠᠮᠤᠭ ᠠᠴᠠ | ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠠᠴᠠ ᠴᠢᠩᠭ᠎ᠠ ᠰᠢᠳᠭᠡᠯ ᠲᠣᠷᠭᠠᠭᠤᠯᠢ᠂ ᠬᠠᠮᠤᠭ ᠤᠨ ᠴᠢᠩᠭ᠎ᠠ | ᠬᠠᠷᠢᠭᠤᠴᠠᠯᠭ᠎ᠠ ᠬᠡᠯᠡᠯᠴᠡᠬᠦ ᠪᠠᠷ ᠳᠠᠮᠵᠢᠭᠤᠯᠵᠤ ᠢᠳᠡᠭᠡᠨ ᠪᠣᠯᠣᠨ ᠡᠮ ᠤᠨ ᠵᠦᠢᠯ ᠤᠨ ᠠᠶᠤᠯ ᠦᠭᠡᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠶᠢ ᠵᠢᠭᠠᠵᠤ ᠪᠤᠢ᠃ | |