ᠶᠤᠸᠠᠨ ᠪᠤᠤ ᠱᠠᠨ ᠲᠤᠭᠤᠷᠢᠭ ᠨᠢ ᠤᠯᠠᠨ ᠠᠷᠭ᠎ᠠ ᠬᠡᠮᠵᠢᠶ᠎ᠡ  ᠠᠪᠴᠤ ︽  ᠬᠤᠣᠰ ᠡᠭᠦᠳᠡᠨ ᠪᠦᠲᠦᠭᠡᠬᠦ︾  ᠠᠵᠢᠯ ᠎ ᠢ ᠲᠦᠯᠬᠢᠨ  ᠠᠬᠢᠭᠤᠯᠵᠤ  ᠪᠤᠢ
ᠨᠡᠶᠢᠲᠡᠯᠡᠭᠰᠡᠨ ᠴᠠᠭ᠄
2018/2/10
    ᠨᠢᠭᠡ ᠳᠤ  ᠂ ︽  ᠦᠭᠡᠶᠢᠰᠬᠡᠬᠦ ᠬᠠᠮᠢᠶᠠᠷᠬᠤ ᠦᠢᠯᠡᠴᠢᠯᠡᠬᠦ︾  ᠦᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ 486 ᠲᠦᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ  ᠶᠢ ᠦᠭᠡᠶᠢᠰᠬᠡᠬᠦ ᠪᠤᠶᠤ ᠲᠤᠬᠢᠷᠠᠭᠤᠯᠤᠯᠲᠠ  ᠬᠢᠵᠦ᠂  5052 ᠲᠦᠷᠥᠯ ᠤᠨ ᠵᠠᠰᠠᠭ ᠵᠠᠬᠢᠷᠭᠠᠨ ᠤ ᠡᠷᠬᠡ ᠶᠢᠨ ᠶᠠᠪᠤᠳᠠᠯ ᠢ ᠢᠯᠡ ᠨᠡᠶᠢᠲᠡᠯᠡᠵᠡᠢ᠃  ᠨᠡᠭᠡᠭᠡᠨ ᠬᠦᠭᠵᠢᠭᠦᠯᠬᠦ ᠲᠤᠭᠤᠷᠢᠭ ᠤᠨ ᠮᠡᠳᠡᠯᠭᠡ ᠶᠢᠨ ᠦᠮᠴᠢᠯᠠᠬᠦ ᠡᠷᠬᠡ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂  ᠠᠵᠤ ᠠᠬᠤᠶᠢᠯᠠᠯ ᠎ ᠳᠤ ᠪᠡᠯᠡ ᠤᠷᠤᠭᠤᠯᠤᠨ ᠴᠤᠭᠯᠠᠭᠤᠯᠬᠤ  ᠂  ᠲᠤᠰᠬᠠᠢ ᠠᠰᠢᠭ ᠢ ᠨᠠᠶᠢᠳᠠᠨ ᠬᠠᠮᠢᠶᠠᠷᠬᠤ ᠪᠠ  ᠮᠡᠳᠡᠯᠭᠡ ᠶᠢᠨ ᠥᠮᠴᠢᠯᠡᠬᠦ ᠡᠷᠬᠡ ᠶᠢ ᠠᠰᠠᠭᠤᠨ ᠰᠤᠷᠠᠭᠯᠠᠬᠤ ᠵᠡᠷᠭᠡ ᠦᠢᠯᠡᠴᠢᠯᠡᠭᠡ ᠶᠢ ᠬᠠᠩᠭᠠᠵᠤ᠂  ᠬᠠᠮᠢᠶᠠᠷᠤᠯᠲᠠ ᠶᠢᠨ ᠲᠦᠷᠥᠯ ᠤᠨ ᠪᠤᠯᠪᠠᠰᠤᠷᠠᠯ 300 ᠬᠦᠮᠦᠨ ᠤᠳᠠᠭ᠎ᠠ  ᠡᠷᠬᠢᠯᠡᠨ   ᠶᠠᠪᠤᠭᠳᠠᠭᠤᠯᠵᠤ᠂  ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠢᠨᠠᠨ ᠲᠤᠭᠲᠠᠭᠠᠬᠤ ᠪᠠᠷᠢᠮᠵᠢᠶ᠎ᠠ᠂ ᠲᠤᠰᠬᠠᠢ ᠠᠰᠢᠭ ᠢ ᠡᠷᠡᠮᠡᠯᠵᠢᠯᠡᠬᠦ ᠪᠠ ᠭᠠᠶᠢᠯᠢ ᠲᠠᠲᠠᠪᠤᠷᠢ ᠶᠢ ᠬᠦᠩᠭᠡᠯᠡᠬᠦ ᠲᠦᠷᠥ ᠶᠢᠨ ᠪᠣᠳᠤᠯᠭ᠎ᠠ ᠶᠢᠨ ᠪᠤᠯᠪᠠᠰᠤᠷᠠᠯ  ᠢ 270 ᠭᠠᠷᠤᠢ ᠬᠦᠮᠦᠨ ᠤᠳᠠᠭ᠎ᠠ  ᠡᠷᠬᠢᠯᠡᠭᠰᠡᠨ ᠪᠦᠭᠡᠳ  ᠮᠡᠳᠡᠯᠭᠡ ᠶᠢᠨ ᠥᠮᠴᠢᠯᠡᠯ ᠤᠨ ᠵᠢᠭᠤᠷᠠᠭᠠᠨ ᠢ ᠨᠢᠭᠡ ᠤᠳᠠᠭ᠎ᠠ ᠰᠢᠢᠳᠪᠦᠷᠢᠯᠡᠵᠦ ᠦᠭᠭᠦᠭᠰᠡᠨ ᠪᠠᠶᠢᠨ᠎ᠠ᠃    ᠬᠤᠶᠠᠷ ᠲᠤ᠂  ᠤᠯᠠᠨ ᠨᠡᠶᠢᠲᠡ ᠶᠢᠨ ᠲᠠᠪᠴᠠᠩ ᠢ ᠪᠠᠶᠢᠭᠤᠯᠤᠨ᠂  ᠰᠢᠨ᠎ᠡ ᠶᠢ ᠡᠭᠦᠳᠬᠦ  ᠂ ᠦᠢᠯᠡᠰ ᠪᠤᠰᠬᠠᠬᠤ ᠳᠤ ᠬᠦᠴᠦᠲᠠᠢ ᠲᠦᠰᠢᠭ ᠬᠠᠩᠭᠠᠭᠰᠠᠨ ᠪᠠᠶᠢᠨ᠎ᠠ᠃  ᠤᠯᠤᠰ ᠎ ᠤᠨ ᠦᠷᠭᠦᠯᠵᠢᠯᠡᠨ ᠬᠦᠭᠵᠢᠬᠦ ᠲᠤᠷᠰᠢᠯᠲᠠ ᠶᠢᠨ ᠲᠤᠭᠤᠷᠢᠭ  ᠵᠡᠷᠭᠡ ᠳᠡᠭᠡᠳᠦ ᠰᠢᠨ᠎ᠡ ᠮᠡᠷᠭᠡᠵᠢᠯ ᠤᠨ ᠰᠢᠨ᠎ᠡ ᠶᠢ  ᠡᠭᠦᠳᠬᠦ ᠲᠠᠪᠴᠠᠩ ᠢ ᠲᠥᠰᠢᠭᠯᠡᠵᠦ ᠂  ᠤᠯᠤᠰ ᠤᠨ ᠳᠡᠰ ᠤᠨ  ᠤᠳᠤᠨ ᠳᠡᠰ ᠤᠨ ᠰᠢᠨ᠎ᠡ ᠶᠢ ᠡᠭᠦᠳᠬᠦ ᠰᠠᠭᠤᠷᠢᠨ 1᠂   ᠤᠯᠠᠨ ᠢᠶᠠᠷ ᠢᠶᠠᠨ ᠰᠢᠨ᠎ᠡ ᠶᠢ ᠡᠭᠦᠳᠬᠦ  ᠤᠭᠲᠠᠷᠭᠤᠢ 1  ᠂  ᠦᠪᠡᠷᠲᠡᠭᠡᠨ ᠵᠠᠰᠠᠬᠤ ᠤᠷᠤᠨ ᠤ ᠳᠡᠰ ᠤᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠤᠭᠲᠠᠷᠭᠤᠢ  1  ᠂  ᠦᠪᠡᠷᠲᠡᠭᠡᠨ ᠵᠠᠰᠠᠬᠤ ᠤᠷᠤᠨ ᠤ ᠳᠡᠰ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ 3  ᠂ ᠦᠪᠡᠷᠲᠡᠭᠡᠨ ᠵᠠᠰᠠᠬᠤ ᠤᠷᠤᠨ ᠤ ᠳᠡᠰ ᠤᠨ ᠠᠵᠤ ᠠᠬᠤᠶᠢᠯᠠᠯ ᠤᠨ ᠨᠡᠪᠴᠢᠯᠡᠭᠦᠷ 1 ᠎  ᠵᠡᠷᠭᠡ ᠶᠢ ᠪᠠᠶᠢᠭᠤᠯᠵᠤ  ᠂  ᠠᠵᠤ ᠠᠬᠤᠶᠢᠯᠠᠯ ᠤᠨ ᠰᠢᠨᠵᠢᠯᠡᠬᠦ ᠮᠡᠷᠭᠡᠵᠢᠯ ᠶᠢᠨ  ᠰᠢᠨ᠎ᠡ ᠶᠢ ᠡᠭᠦᠳᠬᠦ ᠭᠤᠣᠯᠯᠠᠭᠴᠢ ᠪᠠᠶᠢᠷᠢ ᠰᠠᠭᠤᠷᠢ ᠶᠢ ᠤᠯᠠᠮ ᠴᠢᠩᠭᠠᠳᠬᠠᠨ᠂  ᠲᠠᠭᠠᠭᠤᠯᠤᠭᠴᠢ ᠦᠢᠯᠡᠳᠦᠯ ᠨᠢ ᠢᠯᠡᠷᠬᠡᠢ ᠪᠤᠯᠵᠤ᠂ 200 ᠢᠯᠡᠭᠦᠦ ᠠᠵᠤ  ᠠᠬᠤᠶᠢᠯᠠᠯ ᠢ ᠨᠠᠪᠴᠢᠭᠦᠯᠦᠨ᠂ 6000 ᠢᠯᠡᠭᠦᠦ  ᠬᠦᠮᠦᠨ ᠢ ᠠᠵᠢᠯ ᠣᠯᠭᠤᠭᠰᠠᠨ  ᠪᠠᠶᠢᠨ᠎ᠠ᠃      ᠭᠤᠷᠪᠠ ᠳᠤ᠂  ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠢ ᠬᠢᠵᠦ᠂  ᠦᠢᠯᠡᠰ ᠪᠤᠰᠬᠠᠭᠴᠢᠳ ᠤᠨ ᠠᠵᠢᠯ ᠣᠯᠬᠤ ᠵᠠᠮ ᠢ ᠦᠷᠭᠡᠳᠭᠡᠭᠰᠡᠨ ᠪᠠᠶᠢᠨ᠎ᠠ᠃  ᠫᠢᠩᠵᠤᠸᠠᠩ ᠤᠨ ᠨᠡᠭᠦᠷᠡᠰᠦᠨ ᠠᠭᠤᠷᠬᠠᠢ ᠶᠢᠨ ᠠᠵᠢᠯᠳᠠᠨ ᠤ ᠠᠵᠢᠯ ᠮᠡᠷᠭᠡᠵᠢᠯ ᠤᠨ ᠰᠤᠷᠭᠠᠭᠤᠯᠢ ᠳᠤ 4000 ᠢᠯᠡᠭᠦᠦ ᠡᠯ᠎ᠡ ᠲᠦᠷᠥᠯ ᠤᠨ ᠮᠡᠷᠭᠡᠵᠢᠯ ᠤᠨ ᠴᠢᠳᠠᠪᠤᠷᠢᠲᠠᠨ ᠢ ᠪᠤᠯᠪᠠᠰᠤᠷᠠᠭᠤᠯᠤᠨ᠂ 8 ᠲᠦᠮᠡ ᠢᠯᠡᠭᠦᠦ ᠠᠵᠢᠯᠲᠠᠨ ᠳᠤ ᠪᠤᠯᠪᠠᠰᠤᠷᠠᠯ ᠬᠦᠷᠲᠡᠭᠡᠪᠡ᠃  ᠦᠢᠯᠡᠳᠪᠦᠷᠢᠯᠡᠬᠦ ᠪᠤᠯᠪᠠᠰᠤᠷᠠᠭᠤᠯᠬᠤ ᠤᠶᠠᠯᠳᠤᠭᠰᠠᠨ᠂  ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠭᠰᠠᠨ᠂ ᠬᠠᠮᠲᠤᠷᠠᠨ ᠰᠤᠷᠭᠠᠭᠤᠯᠢ ᠡᠷᠬᠢᠯᠡᠬᠦ ᠵᠡᠷᠭᠡ ᠬᠡᠯᠪᠡᠷᠢ ᠪᠠᠷ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠶᠡᠬᠡᠪᠡᠷ ᠬᠦᠭᠵᠢᠭᠦᠯᠦᠨ᠂  ᠶᠤᠸᠠᠨ ᠪᠤᠤ ᠱᠠᠨ ᠲᠤᠭᠤᠷᠢᠭ ᠤᠨ ᠬᠤᠶᠠᠳᠤᠭᠠᠷ ᠲᠤᠮᠳᠠᠳᠤ  ᠰᠤᠷᠭᠠᠭᠤᠯᠢ ᠶᠢ ᠤᠯᠠᠭᠠᠨᠬᠠᠳᠠ ᠬᠤᠲᠠ ᠶᠢᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠭᠤᠳᠤᠮ ᠳᠤ ᠰᠢᠯᠢᠳᠡᠭ ᠴᠢᠳᠠᠪᠤᠷᠢᠲᠠᠨ ᠢ ᠬᠦᠮᠦᠵᠢᠭᠦᠯᠬᠦ ᠪᠤᠶᠤ  ᠪᠣᠶᠢᠵᠢᠭᠤᠯᠵᠤ ᠦᠭᠬᠦ ᠠᠵᠢᠯ ᠮᠡᠷᠭᠡᠵᠢᠯ ᠤᠨ ᠲᠤᠮᠳᠠᠳᠤ  ᠰᠤᠷᠭᠠᠭᠤᠯᠢ ᠪᠤᠯᠭᠠᠨ ᠪᠦᠲᠦᠭᠡᠨ  ᠪᠠᠶᠢᠭᠤᠯᠵᠠᠢ᠃  ᠳᠥᠷᠪᠡ ᠳᠤ᠂  ᠲᠦᠷᠥ ᠶᠢᠨ ᠪᠣᠳᠤᠯᠭ᠎ᠠ ᠶᠢᠨ ᠴᠢᠨᠠᠷ ᠲᠠᠢ ᠪᠡᠯᠡ ᠮᠦᠩᠭᠦ ᠪᠠᠷ ᠤᠳᠤᠷᠢᠳᠤᠮᠵᠢ ᠪᠤᠯᠭᠠᠨ᠂  ᠠᠳᠠᠯ ᠦᠢᠯᠡᠰ ᠪᠤᠰᠬᠠᠬᠤ ᠰᠠᠭᠤᠷᠢ ᠪᠠᠲᠤᠯᠠᠭ᠎ᠠ ᠶᠢ  ᠬᠠᠩᠭᠠᠭᠰᠠᠨ ᠪᠠᠶᠢᠨ᠎ᠠ᠃  ︽ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ︾ ᠬᠡᠯᠪᠡᠷᠢ ᠪᠠᠷ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠵᠦ᠂  ᠨᠡᠶᠢᠲᠡ 650 ᠲᠦᠮᠡᠨ ᠲᠦᠭᠦᠷᠢᠭ ᠤᠨ ᠱᠠᠩᠨᠠᠯ ᠤᠨ ᠮᠦᠩᠭᠦ ᠲᠠᠷᠬᠠᠭᠠᠭᠰᠠᠨ ᠪᠠᠶᠢᠨ᠎ᠠ᠃  ᠲᠤᠤᠷ᠎ᠠ ᠲᠣᠭᠠᠨ ᠤ ᠪᠠᠲᠤᠯᠠᠭᠠᠲᠤ ᠵᠢᠭᠡᠯᠡᠯᠭᠡ ᠶᠢᠨ ᠮᠦᠩᠭᠦ ᠶᠢ 6310  ᠲᠦᠮᠡᠨ ᠲᠦᠭᠦᠷᠢᠭ ᠲᠠᠷᠬᠠᠭᠠᠵᠤ  ᠂  ᠠᠩᠬ᠎ᠠ ᠦᠢᠯᠡᠰ  ᠪᠤᠰᠬᠠᠭᠴᠢᠳ ᠲᠤ ᠪᠡᠯᠡ ᠮᠦᠩᠭᠦ ᠶᠢᠨ ᠳᠡᠮᠵᠢᠯᠭᠡ ᠪᠤᠯᠤᠭᠰᠠᠨ ᠪᠠᠶᠢᠨ᠎ᠠ᠃  ᠪᠦᠬᠦ ᠲᠤᠭᠤᠷᠢᠭ ᠨᠢ ᠨᠡᠶᠢᠲᠡ2110 ᠬᠦᠮᠦᠨ ᠢ ᠦᠢᠯᠡᠰ ᠪᠤᠰᠬᠠᠬᠤ ᠪᠤᠯᠪᠠᠰᠤᠷᠠᠯ ᠳᠤ ᠤᠷᠤᠯᠴᠠᠭᠤᠯᠵᠤ᠂  ᠡᠭᠦᠨ ᠳᠤ 1317 ᠬᠦᠮᠦᠨ ᠨᠢ ᠠᠮᠵᠢᠯᠲᠡ ᠲᠠᠢ ᠪᠠᠷ ᠠᠵᠢᠯ ᠤᠯᠤᠭᠰᠠᠨ ᠪᠦᠭᠡᠳ 3780 ᠬᠦᠮᠦᠨ ᠢ ᠳᠠᠶᠢᠴᠢᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1