ᠮᠠᠨ ᠤ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠶᠢᠨ ᠪᠠᠶᠢᠳᠠᠯ ᠎ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/2/12
   ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠶᠢᠨ ᠪᠠᠶᠢᠳᠠᠯ ᠎ ᠢ ᠤᠯᠠᠮ ᠨᠢᠭᠡ ᠠᠯᠬᠤᠮ ᠬᠢᠨᠠᠨ ᠬᠠᠮᠢᠶᠠᠷᠴᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠶᠢᠨ ᠪᠠᠶᠢᠳᠠᠯ  ᠤᠨ ᠲᠤᠭᠳᠠᠭᠤᠨ ᠢ ᠪᠠᠲᠤᠯᠠᠬᠤ ᠶᠢᠨ  ᠲᠦᠯᠦᠭᠡ᠂  ᠤᠷᠴᠢᠮ ᠲᠤᠭᠤᠷᠢᠭ ᠤᠨ ᠨᠢᠭᠡᠲᠦᠮᠡᠯ ᠹᠷᠤᠨᠲ ᠤᠨ  ᠬᠡᠯᠲᠡᠰ᠂  ᠦᠨᠳᠤᠰᠦᠲᠡᠨ ᠱᠠᠰᠢᠨ ᠰᠤᠷᠲᠠᠬᠤᠨ ᠤ ᠲᠤᠪᠴᠢᠶ᠎ᠠ᠂  ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠤᠯᠤᠰ ᠤᠨ ᠠᠮᠤᠷ ᠢ ᠬᠠᠮᠠᠭᠠᠯᠠᠬᠤ ᠶᠡᠭᠡ ᠠᠩᠭᠢ  ᠪᠠᠷ ᠪᠦᠷᠢᠯᠳᠦᠭᠰᠡᠨ ᠬᠠᠮᠲᠤᠷᠠᠭᠰᠠᠨ ᠪᠠᠶᠢᠴᠠᠭᠠᠬᠤ ᠲᠤᠭᠤᠶᠢᠯᠠᠩ ᠎ ᠨᠢ ᠬᠠᠷᠢᠶᠠᠨ ᠳᠠᠭᠠᠨ ᠳᠠᠬᠢ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠶᠢᠨ ᠪᠠᠶᠢᠳᠠᠯ ᠎ ᠳᠤ  ᠪᠠᠶᠢᠴᠠᠭᠠᠯᠲᠠ ᠬᠢᠪᠡ᠃    ᠬᠠᠮᠲᠤᠷᠠᠭᠰᠠᠨ ᠪᠠᠶᠢᠴᠠᠭᠠᠬᠤ ᠲᠤᠭᠤᠶᠢᠯᠠᠩ ᠨᠢ  ᠡᠯ᠎ᠡ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠶᠢᠨ ᠪᠠᠶᠢᠳᠠᠯ ᠎ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠪᠠᠭ᠎ᠠ ᠦᠵᠢᠶᠠ ᠪᠠᠯᠭᠠᠰᠤ ᠶᠢᠨ ᠵᠢᠩ ᠠᠨ ᠽᠢ ᠬᠡᠶᠢᠳ ᠵᠡᠷᠭᠡ ᠭᠤᠣᠯᠳᠠᠯᠭ᠎ᠠ ᠲᠠᠢ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠭᠡᠷ ᠰᠠᠭᠤᠴᠠ ᠶᠢᠨ ᠪᠦᠲᠦᠴᠡ᠂ ᠴᠠᠬᠢᠯᠭᠠᠨ ᠤᠳᠠᠰᠤ᠂ ᠭᠠᠯ ᠢ ᠰᠡᠷᠭᠡᠶᠢᠯᠡᠬᠦ ᠪᠠᠭᠠᠵᠢ ᠲᠦᠬᠦᠭᠡᠷᠦᠮᠵᠢ᠂  ᠵᠠᠶᠢᠯᠠᠨ ᠲᠤᠳᠠᠭᠠᠬᠤ ᠵᠠᠮ ᠱᠤᠭᠤᠮ ᠵᠡᠷᠭᠡ ᠳᠤ ᠪᠠᠶᠢᠴᠠᠭᠠᠯᠲᠠ ᠬᠢᠪᠡ᠃  ᠪᠠᠶᠢᠴᠠᠭᠠᠬᠤ ᠲᠤᠭᠤᠶᠢᠯᠠᠩ ᠠᠴᠠ ᠱᠠᠭᠠᠷᠳᠠᠭᠰᠠᠨ ᠎ ᠨᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠨᠢ  ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂  ᠭᠠᠯ ᠢ ᠰᠡᠷᠭᠡᠶᠢᠯᠡᠬᠦ ᠲᠠᠨᠢᠯᠲᠠ ᠪᠠᠨ ᠳᠡᠭᠡᠭᠰᠢᠯᠡᠭᠦᠯᠦᠨ᠂  ᠬᠠᠷᠢᠭᠤᠴᠠᠯᠭ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃  ᠭᠤᠣᠯᠳᠠᠯᠭ᠎ᠠ ᠲᠠᠢ ᠪᠠᠷ ᠴᠠᠬᠢᠯᠭᠠᠨ ᠬᠠᠩᠭᠠᠬᠤ᠂  ᠲᠤᠰᠤ  ᠬᠠᠩᠭᠠᠬᠤ᠂  ᠤᠰᠤ ᠬᠠᠩᠭᠠᠬᠤ ᠵᠡᠷᠭᠡ ᠭᠠᠯ ᠢ ᠰᠡᠷᠭᠡᠶᠢᠯᠡᠬᠦ ᠪᠠᠶᠢᠴᠠᠭᠠᠯᠲᠠ ᠪᠠ ᠢᠯᠡ ᠭᠠᠯ ᠨᠤᠴᠤᠭᠠᠬᠤ ᠵᠡᠷᠭᠡ ᠠᠶᠤᠯᠭᠦᠢ ᠶᠢᠨ ᠪᠠᠶᠢᠴᠠᠭᠠᠯᠲᠠ ᠪᠠᠨ  ᠴᠢᠩᠭᠠᠳᠬᠠᠬᠤ ᠬᠡᠷᠡᠭᠳᠡᠢ᠃  ᠪᠠᠴᠢᠮ ᠢ ᠠᠷᠭᠠᠴᠠᠭᠠᠬᠤ ᠲᠦᠰᠦᠪ ᠢ ᠲᠤᠭᠳᠠᠭᠠᠵᠤ᠂ ᠪᠠᠶᠠᠷ ᠳᠤᠷᠠᠰᠬᠠᠯ ᠤᠨ ᠡᠳᠦᠷ ᠪᠤᠶᠤ ᠴᠢᠬᠤᠯᠠ ᠱᠠᠰᠢᠨ ᠰᠤᠷᠲᠠᠬᠤᠨ ᠤ ᠠᠵᠢᠯᠯᠠᠭᠠᠨ ᠤ ᠡᠳᠦᠷ ᠤᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠳᠡᠢ  ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1