ᠲᠤᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠢ ᠰᠠᠭᠤᠭᠠᠯᠢ ᠠᠷᠠᠳ ᠤᠨ ᠲᠤᠭᠤᠷᠢᠭ ᠤᠨ ᠭᠠᠯ ᠢ ᠰᠡᠷᠭᠡᠶᠢᠯᠡᠬᠦ  ᠠᠶᠤᠯᠭᠦᠢ ᠶᠢᠨ ᠭᠡᠮ ᠰᠣᠭᠤᠭ ᠢ ᠲᠦᠪᠯᠡᠷᠡᠭᠦᠯᠦᠨ  ᠴᠡᠭᠴᠡᠯᠡᠪᠡ
ᠨᠡᠶᠢᠲᠡᠯᠡᠭᠰᠡᠨ ᠴᠠᠭ᠄
2018/2/19
    ᠰᠠᠭᠤᠭᠠᠯᠢ ᠠᠷᠠᠳ ᠎ ᠤᠨ ᠲᠤᠭᠤᠷᠢᠭ ᠎ ᠤᠨ  ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠶᠢᠨ ᠲᠦᠯᠦᠭᠡ᠂  ᠲᠤᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠢ ᠨᠡᠶᠢᠭᠡᠮ ᠲᠤᠭᠤᠷᠢᠭ ᠤᠨ ᠴᠠᠭᠳᠠᠭᠠᠨ ᠶᠠᠪᠤᠳᠠᠯ ᠤᠨ ᠶᠡᠭᠡ ᠠᠩᠭᠢ᠂  ᠶᠤᠸᠠᠨ ᠪᠤᠤ ᠱᠠᠨ ᠪᠠᠯᠭᠠᠰᠤ ᠶᠢᠨ ᠲᠤᠮᠢᠯᠠᠭᠰᠠᠨ ᠰᠠᠯᠪᠤᠷᠢ ᠪᠠ ᠰᠠᠭᠤᠭᠠᠯᠢ ᠲᠤᠭᠤᠷᠢᠭ ᠤᠨ ᠠᠳᠠᠯ  ᠠᠬᠤᠢ ᠎ ᠶᠢᠨ  ᠺᠤᠮᠫᠠᠨᠢ ᠲᠠᠢ ᠬᠤᠯᠪᠤᠭᠠᠯᠠᠨ 70 ᠭᠠᠷᠤᠢ ᠬᠦᠮᠦᠨ ᠬᠥᠳᠡᠯᠭᠡᠵᠦ᠂  ᠬᠡᠰᠡᠭ ᠰᠠᠭᠤᠭᠠᠯᠢ ᠲᠤᠭᠤᠷᠢᠭ ᠎ ᠲᠤ ᠤᠷᠤᠰᠢᠵᠤ ᠪᠠᠶᠢᠭ᠎ᠠ ᠠᠶᠤᠯᠭᠦᠢ ᠶᠢᠨ ᠭᠡᠮ ᠰᠣᠭᠤᠭ ᠲᠤ ᠲᠤᠪᠯᠡᠷᠡᠭᠦᠯᠦᠨ ᠴᠡᠭᠴᠡᠯᠡᠯᠲᠡ ᠬᠢᠪᠡ᠃     ᠬᠠᠤᠯᠢ ᠬᠡᠷᠡᠭᠵᠢᠭᠦᠯᠦᠭᠴᠢᠳ ᠠᠴᠠ  ᠫᠢᠩᠵᠤᠸᠠᠩ ᠬᠤᠳᠠ ᠲᠤᠭᠤᠷᠢᠭ᠂ ᠶᠤᠸᠠᠨ ᠪᠤᠤ ᠱᠠᠨ ᠬᠤᠳᠠ ᠲᠤᠭᠤᠷᠢᠭ ᠤᠨ ᠬᠡᠰᠡᠭ ᠰᠠᠭᠤᠭᠠᠯᠢ ᠠᠷᠠᠳ ᠤᠨ ᠤᠯᠠᠨ ᠨᠡᠶᠢᠲᠡ ᠶᠢᠨ ᠨᠤᠭᠤᠭᠠᠷᠠᠭᠤᠯᠤᠯᠲᠠ ᠶᠢᠨ ᠭᠠᠵᠠᠷ ᠢ ᠡᠵᠡᠯᠡᠬᠦ᠂  ᠭᠠᠯ ᠢ ᠰᠡᠷᠭᠡᠶᠢᠯᠡᠬᠦ ᠲᠤᠰᠬᠠᠢ ᠵᠠᠮ ᠳᠡᠭᠡᠷ᠎ᠡ ᠬᠢᠯᠪᠠᠷ ᠰᠢᠲᠠᠬᠤ ᠬᠠᠭᠤᠴᠢᠨ ᠡᠳ᠋ ᠪᠠᠷᠠᠭ᠎ᠠ  ᠲᠠᠯᠪᠢᠬᠤ᠂   ᠳᠤᠷ᠎ᠠ ᠪᠠᠷ ᠢᠶᠠᠨ  ᠴᠠᠬᠢᠯᠭᠠᠨ ᠤᠲᠠᠰᠤ ᠲᠠᠲᠠᠬᠤ᠂  ᠭᠠᠯ ᠢ ᠰᠡᠷᠭᠡᠶᠢᠯᠡᠬᠦ ᠲᠤᠰᠬᠠᠢ ᠵᠠᠮ ᠳᠡᠭᠡᠷ᠎ᠡ ᠲᠡᠷᠭᠡ ᠬᠦᠰᠡᠭᠡ ᠵᠤᠭᠰᠤᠭᠠᠬᠤ ᠵᠡᠷᠭᠡ  ᠠᠵᠢᠯᠯᠠᠭ᠎ᠠ ᠳᠤ ᠬᠠᠤᠯᠢ  ᠶᠤᠰᠤᠪᠡᠷ ᠴᠡᠭᠴᠡᠯᠡᠯᠲᠡ ᠬᠢᠪᠡ᠃     ᠡᠨᠡ ᠤᠳᠠᠭᠠᠨ ᠠᠵᠢᠯᠯᠠᠭᠠᠨ ᠳᠤ  ᠭᠠᠯ ᠢ ᠰᠡᠷᠭᠡᠶᠢᠯᠡᠬᠦ ᠲᠤᠰᠬᠠᠢ ᠵᠠᠮ  ᠳᠡᠭᠡᠷ᠎ᠡ ᠲᠠᠯᠪᠢᠭᠰᠠᠨ 290 ᠲᠡᠷᠭᠡ ᠶᠢ ᠴᠡᠭᠴᠡᠯᠡᠵᠦ ᠵᠠᠶᠢᠯᠠᠭᠤᠯᠤᠭᠰᠠᠨ  ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1