ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ  ︽  ᠪᠢᠲᠡᠭᠦᠨ ᠤ ᠬᠤᠭᠤᠯᠠ︾ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠢ ᠲᠦᠷᠥᠯ ᠤᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2018/2/20
  ᠬᠤᠳᠠ ᠶᠢᠨ ᠠᠷᠠᠳ ᠎ ᠲᠤ ︽ ᠪᠢᠲᠡᠭᠦᠨ ᠤ ᠬᠤᠭᠤᠯᠠ︾ ᠎ ᠎ ᠶᠢ ᠨᠢ ᠠᠮᠤᠷ ᠲᠦᠪᠰᠢᠨ ᠢᠳᠡᠭᠦᠯᠬᠦ ᠶᠢᠨ ᠲᠦᠯᠦᠭᠡ᠂  ᠤᠷᠴᠢᠮ ᠲᠤᠭᠤᠷᠢᠭ ᠎ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠨᠢ ᠪᠦᠬᠦ ᠲᠤᠭᠤᠷᠢᠭ ᠤᠨ ᠬᠡᠪᠴᠢᠶᠡᠨ ᠳᠤ ︽ ᠪᠢᠲᠡᠭᠦᠨ ᠤ ᠬᠤᠭᠤᠯᠠ︾  ᠢᠳᠡᠭᠡᠨ ᠤᠮᠳᠠᠭᠠᠨ  ᠡᠵᠡᠩᠨᠡᠵᠦ ᠪᠠᠶᠢᠭ᠎ᠠ ᠨᠢᠭᠡᠴᠡ ᠳᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠦᠷᠨᠢᠭᠦᠯᠪᠡ᠃   ᠪᠠᠶᠢᠴᠠᠭᠠᠯᠲᠠ ᠳᠤ ᠭᠤᠣᠯᠳᠠᠭᠤ᠂  ᠢᠳᠡᠭᠡᠨ ᠤᠮᠳᠠᠭᠠᠨ ᠡᠷᠬᠢᠯᠡᠵᠦ ᠪᠠᠶᠢᠭ᠎ᠠ ᠨᠢᠭᠡᠴᠡ ᠶᠢᠨ ᠪᠤᠷᠣ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ᠂  ᠬᠦᠢᠲᠡᠨ ᠨᠤᠭᠤᠭ᠎ᠠ ᠬᠢᠬᠦ᠂   ᠠᠶᠠᠭ᠎ᠠ ᠰᠠᠪᠠ ᠵᠡᠷᠭᠡ ᠶᠢ ᠠᠷᠢᠭᠤᠳᠬᠠᠵᠤ ᠪᠠᠶᠢᠭ᠎ᠠ ᠪᠠᠶᠢᠳᠠᠯ ᠳᠤ ᠨᠠᠷᠢᠯᠢᠭ  ᠪᠠᠶᠢᠴᠠᠭᠠᠯᠲᠠ ᠬᠢᠪᠡ᠃  ︽ ᠪᠢᠲᠡᠭᠦᠨ ᠤ ᠬᠤᠭᠤᠯᠠ︾ ᠎ ᠶᠢ 5 ᠰᠢᠷᠡᠭᠡ ᠠᠴᠠ ᠳᠡᠭᠡᠭᠰᠢ ᠪᠡᠯᠡᠳᠬᠡᠨ ᠵᠠᠬᠢᠶᠠᠯᠠᠭᠰᠠᠳ ᠢ ᠪᠦᠷᠢᠳᠭᠡᠨ ᠳᠠᠩᠰᠠᠯᠠᠵᠤ ᠬᠠᠮᠢᠶᠠᠷᠬᠤ ᠪᠦᠭᠡᠳ 2018 ᠣᠨ ᠤ ᠴᠠᠭᠠᠨ ᠰᠠᠷ᠎ᠠ ᠶᠢᠨ ᠬᠤᠭᠤᠴᠠᠭᠠᠨ ᠎ ᠳᠤ ︽ ᠪᠢᠲᠡᠭᠦᠨ ᠤ ᠬᠤᠭᠤᠯᠠ︾   ᠪᠡᠯᠡᠳᠭᠡᠵᠤ ᠥᠭᠬᠦ ᠨᠢᠭᠡᠴᠡ ᠲᠠᠢ  ᠢᠳᠡᠭᠡᠨ ᠤ ᠠᠮᠤᠷ ᠲᠦᠪᠰᠢᠨ ᠤ ᠠᠮᠠᠯᠳᠠᠯᠭ᠎ᠠ ᠶᠢᠨ  ᠭᠡᠷ᠎ᠡ ᠲᠤᠭᠲᠠᠪᠠ᠃    ᠣᠳᠤ ᠪᠣᠯᠬᠤ ᠳᠤ ᠲᠤᠰ ᠲᠤᠪᠴᠢᠶ᠎ᠠ ᠨᠢ  ᠡᠨᠡ ᠤᠳᠠᠭᠠᠨ ᠤ ᠪᠠᠶᠢᠴᠠᠭᠠᠬᠤ ᠠᠵᠢᠯᠯᠠᠭ᠎ᠠ ᠳᠤ 210  ᠬᠦᠮᠦᠨ ᠤᠳᠠᠭ᠎ᠠ᠂   ᠲᠡᠷᠭᠡ ᠬᠦᠰᠡᠭᠡ 90   ᠤᠳᠠᠭ᠎ᠠ  ᠬᠦᠳᠡᠯᠭᠡᠵᠦ᠂  ᠬᠠᠷᠢᠶᠠᠨ ᠲᠤᠳᠤᠷᠠᠬᠢ  ᠢᠳᠡᠭᠡᠨ ᠤᠮᠳᠠᠭᠠᠨ ᠡᠵᠡᠩᠨᠡᠵᠦ ᠪᠠᠶᠢᠭ᠎ᠠ 126 ᠨᠢᠭᠡᠴᠡ ᠳᠤ ᠪᠠᠶᠢᠴᠠᠭᠠᠯᠲᠠ ᠬᠢᠵᠦ᠂  ᠦᠭᠡᠷᠡᠴᠢᠯᠡᠨ ᠵᠠᠰᠠᠬᠤ ᠮᠡᠳᠡᠭᠳᠡᠯ ᠤᠨ ᠪᠢᠴᠢᠭ 9 ᠬᠤᠪᠢ ᠪᠠᠭᠤᠯᠭᠠᠨ᠂  ︽ ᠪᠢᠲᠡᠭᠦᠨ ᠤ ᠬᠤᠭᠤᠯᠠ︾ ᠪᠡᠯᠡᠳᠭᠡᠵᠤ ᠥᠭᠬᠦ ᠨᠢᠭᠡᠴᠡ ᠲᠠᠢ 18 ᠬᠤᠪᠢ ᠠᠮᠤᠷ ᠲᠦᠪᠰᠢᠨ ᠤ ᠭᠡᠷ᠎ᠡ ᠲᠤᠭᠲᠠᠪᠠ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1