| | ᠠᠵᠢᠯ ᠣᠯᠭᠤᠯᠲᠠ ᠪᠣᠯ ᠬᠠᠮᠤᠭ ᠲᠤᠮᠤ ᠠᠷᠠᠳ ᠤᠨ ᠠᠮᠢᠳᠤᠷᠠᠯ ᠶᠤᠮ᠃ 2017 ᠣᠨ ᠠᠴᠠ ᠨᠠᠰᠢ᠂ ᠮᠠᠨ ᠤ | ᠲᠤᠭᠤᠷᠢᠭ ᠨᠢ ᠠᠵᠢᠯ ᠣᠯᠭᠤᠬᠤ ᠦᠢᠯᠡᠰ ᠪᠤᠰᠬᠠᠬᠤ ᠲᠦᠷᠥ ᠶᠢᠨ ᠪᠤᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠤᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠤᠭᠰᠠᠨ ᠪᠠᠶᠢᠨ᠎ᠠ᠃ 2017 | ᠣᠨ ᠳᠤ᠂ ᠪᠦᠬᠦ ᠲᠤᠭᠤᠷᠢᠭ ᠤᠨ ᠬᠤᠳᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠨ 3987 ᠬᠦᠮᠦᠨ᠂ | ᠡᠭᠦᠨ ᠳᠤ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠤ ᠲᠤᠲᠤᠷ᠎ᠠ ᠠᠵᠢᠯ ᠣᠯᠣᠭᠰᠠᠨ ᠨᠢ 1120 ᠬᠦᠮᠦᠨ᠂ | ᠠᠵᠢᠯ ᠠᠯᠳᠠᠭᠰᠠᠳ ᠳᠠᠬᠢᠨ ᠠᠵᠢᠯ ᠣᠯᠣᠭᠰᠠᠨ ᠨᠢ 760 ᠬᠦᠮᠦᠨ ᠪᠠᠶᠢᠵᠤ᠂ ᠵᠢᠯ ᠤᠨ ᠡᠭᠦᠷᠭᠡ ᠪᠠᠨ 100 | % ᠪᠠᠷ ᠪᠡᠶᠡᠯᠡᠭᠦᠯᠪᠡ᠃ ᠬᠤᠳᠠ ᠪᠠᠯᠭᠠᠰᠤ ᠶᠢᠨ ᠲᠡᠮᠳᠡᠭᠯᠡᠭᠰᠡᠨ ᠠᠵᠢᠯ ᠠᠯᠳᠠᠭᠰᠠᠨ ᠨᠤᠷᠮ᠎ᠠ ᠨᠢ 3.9 % | ᠪᠠᠶᠢᠵᠤ᠂ 4.1 % ᠳᠤᠲᠤᠷ᠎ᠠ ᠬᠢᠵᠠᠭᠠᠷᠯᠠᠪᠠ᠃ | — — ᠬᠦᠳᠡᠯᠮᠦᠷᠢᠯᠡᠭᠴᠢᠳ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠴᠢᠨᠠᠷ ᠢ | ᠪᠠᠲᠤᠯᠠᠪᠠ᠃ ᠫᠢᠩ ᠮᠸᠢ ᠠᠵᠢᠯ ᠮᠡᠷᠭᠡᠵᠢᠯ ᠤᠨ ᠰᠤᠷᠭᠠᠭᠤᠯᠢ᠂ ᠾᠧ ᠳ᠋ᠠ ᠵᠢᠯᠣᠭᠤᠴᠢ ᠶᠢᠨ ᠰᠤᠷᠭᠠᠭᠤᠯᠢ᠂ | ᠾᠧ ᠷᠦᠨ ᠲᠠᠷᠢᠶᠠᠯᠠᠩ ᠤᠨ ᠪᠤᠯᠪᠠᠰᠤᠷᠠᠯ ᠤᠨ ᠰᠤᠷᠭᠠᠭᠤᠯᠢ᠂ ᠢ ᠫᠢᠨ ᠠᠮᠢᠳᠤ ᠪᠤᠳᠠᠰ ᠤᠨ ᠪᠤᠯᠪᠠᠰᠤᠷᠠᠯ ᠤᠨ | ᠰᠤᠷᠭᠠᠭᠤᠯᠢ ᠵᠡᠷᠭᠡ ᠲᠤᠭᠳᠠᠭᠰᠠᠨ ᠪᠤᠯᠪᠠᠰᠤᠷᠠᠯ ᠤᠨ ᠪᠠᠶᠢᠭᠤᠯᠤᠮᠵᠢ ᠶᠢ ᠲᠦᠰᠢᠭᠯᠡᠨ᠂ ᠡᠯ᠎ᠡ ᠵᠦᠢᠯ ᠤᠨ | ᠮᠡᠷᠭᠡᠵᠢᠯ ᠤᠨ ᠪᠤᠯᠪᠠᠰᠤᠷᠠᠯ ᠢ ᠬᠢᠵᠦ᠂ ᠬᠦᠮᠦᠨ ᠤ ᠬᠦᠴᠦᠨ ᠤ ᠵᠠᠬ᠎ᠠ ᠳᠡᠯᠭᠡᠭᠦᠷ ᠤᠨ ᠰᠢᠨ᠎ᠡ ᠱᠠᠭᠠᠷᠳᠠᠯᠭ᠎ᠠ ᠳᠤ | ᠵᠣᠬᠢᠴᠠᠭᠤᠯᠤᠭᠰᠠᠨ ᠪᠠᠶᠢᠨ᠎ᠠ᠃ ᠵᠢᠯ ᠳᠤ 960 ᠬᠦᠮᠦᠨ ᠤᠳᠠᠭ᠎ᠠ ᠶᠢᠨ ᠪᠤᠯᠪᠠᠰᠤᠷᠠᠯ ᠢ ᠡᠷᠬᠢᠯᠡᠵᠦ᠂ 40 ᠲᠦᠮᠡᠨ | ᠲᠦᠭᠦᠷᠢᠭ ᠤᠨ ᠠᠵᠢᠯ ᠦᠢᠯᠡᠰ ᠤᠨ ᠴᠢᠳᠠᠪᠤᠷᠢ ᠶᠢᠨ ᠪᠤᠯᠪᠠᠰᠤᠷᠠᠯ ᠤᠨ ᠨᠦᠬᠦᠪᠦᠷᠢ ᠲᠠᠷᠬᠠᠭᠠᠪᠠ᠃ | — — ᠲᠤᠤᠷ᠎ᠠ ᠲᠣᠭᠠᠨ ᠤ ᠪᠠᠲᠤᠯᠠᠭᠠᠲᠤ ᠵᠡᠭᠡᠯᠡᠯᠭᠡ ᠶᠢᠨ ᠲᠤᠰᠠᠯᠠᠬᠤ ᠦᠢᠯᠡᠳᠦᠯ ᠢ ᠪᠠᠳᠠᠷᠠᠭᠤᠯᠤᠨ᠂ ᠦᠢᠯᠡᠰ | ᠪᠤᠰᠬᠠᠵᠤ ᠠᠵᠢᠯ ᠣᠯᠭᠤᠬᠤ ᠶᠢ ᠠᠬᠢᠭᠤᠯᠪᠠ᠃ 2017 ᠣᠨ ᠳᠤ᠂ 626 ᠲᠦᠮᠡᠨ ᠲᠦᠭᠦᠷᠢᠭ ᠤᠨ ᠦᠢᠯᠡᠰ | ᠪᠤᠰᠬᠠᠬᠤ ᠪᠠᠲᠤᠯᠠᠭᠠᠳᠤ ᠵᠡᠭᠡᠯᠡᠯᠭᠡ ᠶᠢ ᠲᠠᠷᠬᠠᠭᠠᠵᠤ᠂ ᠦᠪᠡᠷᠲᠡᠭᠡᠨ ᠦᠢᠯᠡᠰ ᠪᠣᠰᠬᠠᠬᠤ ᠬᠦᠮᠦᠰ ᠲᠤ ᠪᠡᠯᠡ | ᠮᠦᠩᠭᠦ ᠶᠢᠨ ᠲᠡᠮᠵᠢᠯᠭᠡ ᠦᠵᠡᠭᠦᠯᠪᠡ᠃ ᠡᠭᠦᠨ ᠤ ᠵᠡᠷᠭᠡᠪᠡᠷ ᠦᠢᠯᠡᠰ ᠪᠣᠰᠬᠠᠬᠤ ᠪᠤᠯᠪᠠᠰᠤᠷᠠᠯ ᠢ ᠰᠠᠶᠢᠲᠤᠷ | ᠡᠷᠬᠢᠯᠡᠵᠦ᠂ ᠦᠢᠯᠡᠰ ᠪᠤᠰᠬᠠᠭᠴᠢᠳ ᠤᠨ ᠦᠢᠯᠡᠰ ᠪᠣᠰᠬᠠᠬᠤ ᠶᠠᠪᠤᠴᠠ ᠳᠤᠮᠳᠠᠬᠢ ᠮᠤᠷᠤᠢ ᠵᠠᠮ ᠢ ᠳᠤᠲᠠᠭᠤ | ᠶᠠᠪᠤᠭᠤᠯᠤᠭᠰᠠᠨ ᠪᠠᠶᠢᠨ᠎ᠠ᠃ | — — ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠯ᠎ᠡ ᠵᠦᠢᠯ ᠤᠨ ᠦᠢᠯᠡᠰ ᠪᠤᠰᠬᠠᠬᠤ ᠲᠤᠰᠬᠠᠢ | ᠲᠦᠷᠥᠯ ᠤᠨ ᠠᠵᠢᠯᠯᠠᠭᠠᠨ ᠢ ᠡᠷᠴᠢᠮᠲᠡᠢ ᠦᠷᠨᠢᠭᠦᠯᠪᠡ᠃ ᠬᠤᠶᠢᠨ᠎ᠠ ᠡᠮᠦᠨ᠎ᠡ ︽ ᠤᠷᠢᠬᠠᠨ ᠰᠠᠯᠬᠢᠨ ᠠᠵᠢᠯᠯᠠᠭᠠᠨ︾ | ᠂ ︽ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠭᠠᠷᠠᠭ︾᠂ ︽ ᠶᠡᠭᠡ ᠳᠡᠭᠡᠳᠦ | ᠰᠤᠷᠭᠠᠭᠤᠯᠢ ᠶᠢᠨ ᠤᠶᠤᠳᠠᠨ ᠢ ᠡᠯᠰᠡᠬᠦ ᠦᠢᠯᠡᠴᠢᠯᠡᠭᠡᠨ ᠰᠠᠷ᠎ᠠ︾ ᠵᠡᠷᠭᠡ ᠰᠢᠷᠢᠰ ᠠᠵᠢᠯᠯᠠᠭᠠᠨ ᠢ ᠦᠷᠨᠢᠭᠦᠯᠵᠦ᠂ | ᠲᠤᠭᠤᠷᠢᠭ ᠤᠨ ᠲᠤᠳᠤᠷᠠᠬᠢ ᠶᠡᠭᠡ ᠪᠠᠭ᠎ᠠ140 ᠭᠠᠷᠤᠢ ᠠᠵᠤ ᠠᠬᠤᠶᠢᠯᠠᠯ ᠢ ᠲᠠᠲᠠᠵᠤ᠂ 1800 ᠠᠵᠢᠯ ᠤᠨ | ᠪᠠᠶᠢᠷᠢ ᠬᠠᠩᠭᠠᠵᠤ᠂ 800 ᠢᠯᠡᠭᠦᠦ ᠬᠦᠮᠦᠰ ᠠᠵᠢᠯ ᠤᠨ ᠪᠠᠶᠢᠷᠢᠨ ᠳᠤ ᠭᠠᠷᠤᠭᠰᠠᠨ ᠪᠠᠶᠢᠨ᠎ᠠ᠃ | ᠡᠭᠦᠨ ᠤ ᠬᠠᠮᠲᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠭᠦᠬᠦ ᠲᠠᠢ ᠤᠶᠠᠯᠳᠤᠭᠤᠯᠵᠤ᠂ ᠬᠠᠪᠤᠷ ᠵᠤᠨ | ᠨᠠᠮᠤᠷ ᠤᠨ ᠭᠤᠷᠪᠠᠨ ᠤᠯᠠᠷᠢᠯ ᠳᠤ ᠭᠤᠷᠪᠠᠨ ᠤᠳᠠᠭᠠᠨ ᠤ ︽ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠤᠰᠬᠠᠢ | ᠲᠠᠯᠠᠪᠤᠷ ᠤᠨ ᠠᠵᠢᠯᠴᠢᠨ ᠡᠯᠰᠡᠬᠦ ᠬᠤᠷᠠᠯ︾ ᠢ ᠬᠤᠷᠠᠯᠳᠤᠭᠤᠯᠵᠤ᠂ ᠬᠤᠳᠠ ᠬᠥᠳᠡᠭᠡ ᠶᠢᠨ ᠦᠯᠡᠳᠡᠭᠳᠡᠯ | ᠬᠦᠳᠡᠯᠮᠦᠷᠢ ᠶᠢᠨ ᠬᠦᠴᠦᠨ ᠢ ᠲᠦᠪᠯᠡᠷᠡᠭᠦᠯᠦᠨ ᠠᠵᠢᠯ ᠣᠯᠭᠤᠬᠤ ᠶᠢ ᠳᠡᠮᠵᠢᠵᠦ᠂ 1200 ᠢᠯᠡᠭᠦᠦ ᠵᠤᠷᠪᠤᠰ | ᠠᠵᠤ ᠠᠬᠤᠶᠢᠯᠠᠯ ᠤᠨ ᠠᠵᠢᠯᠴᠢᠨ ᠡᠯᠰᠡᠬᠦ ᠰᠤᠷᠠᠭ ᠵᠠᠩᠭᠢ ᠴᠤᠭᠯᠠᠭᠤᠯᠤᠨ ᠪᠦᠷᠢᠳᠭᠡᠵᠦ᠂ 2000 ᠢᠯᠡᠭᠦᠦ | ᠬᠦᠮᠦᠨ ᠤᠷᠤᠯᠴᠠᠨ᠂ ᠲᠤᠬᠠᠢ ᠶᠢᠨ ᠲᠠᠯᠠᠪᠤᠷ ᠲᠤ 300 ᠢᠯᠡᠭᠦᠦ ᠬᠦᠮᠦᠨ ᠠᠵᠢᠯ ᠤᠯᠤᠭᠰᠠᠨ ᠪᠠᠶᠢᠨ᠎ᠠ᠃ | — — ᠲᠦᠷᠥ ᠶᠢᠨ ᠪᠣᠳᠤᠯᠭ᠎ᠠ ᠶᠢᠨ ᠠᠰᠢᠭ ᠲᠤᠰᠠ ᠶᠢ ᠬᠠᠮᠲᠤᠪᠡᠷ ᠡᠳ᠋ᠯᠡᠪᠡ ᠃ ᠨᠡᠶᠢᠭᠡᠮ ᠤᠨ ᠳᠠᠭᠠᠳᠬᠠᠯ ᠤᠨ | ᠨᠦᠬᠦᠪᠦᠷᠢ ᠶᠢ ᠡᠷᠡᠮᠡᠯᠵᠢᠯᠡᠭᠰᠡᠳ ᠢ ᠪᠦᠷᠢᠳᠭᠡᠨ ᠳᠠᠩᠰᠠᠯᠠᠵᠤ᠂ ᠨᠦᠬᠦᠪᠦᠷᠢ ᠶᠢ ᠲᠠᠷᠬᠠᠭᠠᠭᠰᠠᠨ ᠪᠠᠶᠢᠨ᠎ᠠ᠃ | 2348 ᠨᠡᠷ᠎ᠡ ᠠᠵᠢᠯ ᠣᠯᠬᠤ ᠳᠤ ᠬᠦᠴᠢᠷᠳᠡᠯᠲᠡᠢ ᠬᠦᠮᠦᠰ ᠲᠤ ᠨᠡᠶᠢᠭᠡᠮ ᠤᠨ ᠳᠠᠭᠠᠳᠬᠠᠯ ᠤᠨ ᠨᠦᠬᠦᠪᠦᠷᠢ 1041 | ᠲᠦᠮᠡᠨ ᠲᠦᠭᠦᠷᠢᠭ ᠲᠠᠷᠬᠠᠭᠠᠪᠠ᠃ 2017 ᠣᠨ ᠳᠤ᠂ ᠪᠦᠬᠦ ᠲᠤᠭᠤᠷᠢᠭ ᠤᠨ ᠠᠵᠢᠯ ᠠᠯᠳᠠᠭᠰᠠᠳ ᠤᠨ | ᠳᠠᠭᠠᠳᠬᠠᠯ ᠳᠤ ᠤᠷᠤᠯᠴᠠᠬᠤ ᠬᠦᠮᠦᠰ 20000 ᠬᠦᠮᠦᠨ᠂ ᠰᠠᠭᠤᠷᠢ ᠮᠦᠩᠭᠦ ᠶᠢ ᠲᠠᠲᠠᠪᠤᠷᠢᠯᠠᠨ ᠲᠤᠰᠢᠶᠠᠭᠰᠠᠨ | 834.14 ᠲᠦᠮᠡᠨ ᠲᠦᠭᠦᠷᠢᠭ᠂ 108 ᠨᠡᠷ᠎ᠡ ᠠᠵᠢᠯ ᠠᠯᠳᠠᠭᠰᠠᠳ ᠲᠤ ᠠᠵᠢᠯ ᠠᠯᠳᠠᠭᠰᠠᠨ ᠳᠠᠭᠠᠳᠬᠠᠯ ᠤᠨ | ᠮᠦᠩᠭᠦ 68.06 ᠲᠦᠮᠡᠨ ᠲᠦᠭᠦᠷᠢᠭ ᠲᠠᠷᠬᠠᠭᠠᠪᠠ᠃ ᠶᠤᠸᠠᠨ ᠪᠤᠤ ᠱᠠᠨ ᠴᠠᠬᠢᠯᠭᠠᠨ ᠭᠠᠷᠭᠠᠬᠤ ᠬᠢᠵᠠᠭᠠᠷᠲᠤ | ᠺᠤᠮᠫᠠᠨᠢ ᠵᠡᠷᠭᠡ 39 ᠨᠦᠬᠦᠴᠡᠯ ᠳᠤ ᠬᠦᠷᠦᠭᠰᠡᠨ ᠠᠵᠤ ᠠᠬᠤᠶᠢᠯᠠᠯ ᠳᠤ ᠠᠵᠢᠯ ᠠᠯᠳᠠᠭᠰᠠᠳ ᠤᠨ ᠳᠠᠭᠠᠳᠬᠠᠯ ᠤᠨ | ᠰᠠᠭᠤᠷᠢ ᠮᠦᠩᠭᠦ ᠪᠠᠷ ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ ᠲᠤᠭᠳᠠᠭᠤᠨ ᠪᠤᠯᠭᠠᠬᠤ ᠨᠦᠬᠦᠪᠦᠷᠢ ᠶᠢ | 315.1 ᠲᠦᠮᠡᠨ ᠲᠦᠭᠦᠷᠢᠭ ᠲᠠᠷᠬᠠᠭᠠᠵᠤ᠂ ᠠᠰᠢᠭ ᠬᠦᠷᠲᠡᠭᠰᠡᠨ ᠠᠵᠢᠯᠴᠢᠨ ᠠᠵᠢᠯᠳᠠᠳ6000 ᠢᠯᠡᠭᠦᠦ | ᠪᠤᠢ᠃ ᠡᠭᠦᠨ ᠠᠴᠠ ᠭᠠᠳᠠᠨ᠎ᠠ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ 508 ᠶᠢ ᠨᠡᠭᠡᠭᠡᠵᠦ᠂ | ᠠᠵᠢᠯ ᠤᠨ ᠪᠠᠶᠢᠷᠢ ᠶᠢᠨ ᠨᠦᠬᠦᠪᠦᠷᠢ 433 ᠲᠦᠮᠡᠨ ᠲᠦᠭᠦᠷᠢᠭ ᠪᠠᠭᠤᠯᠭᠠᠨ ᠦᠭᠭᠦᠭᠰᠡᠨ ᠪᠠᠶᠢᠨ᠎ᠠ᠃ | | | |