ᠶᠤᠸᠠᠨ ᠪᠤᠤ ᠱᠠᠨ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠠᠰ ᠤᠨ ᠨᠡᠭᠡᠭᠡᠯᠲᠡ ᠶᠢᠨ ᠲᠤᠭᠤᠷᠢᠭ ᠨᠢ ᠦᠪᠡᠷᠲᠡᠭᠡᠨ ᠵᠠᠰᠠᠬᠤ ᠤᠷᠤᠨ ᠤ ᠳᠡᠰ ᠤᠨ ᠨᠡᠭᠡᠭᠡᠯᠲᠡ  ᠤᠷᠤᠨ ᠪᠤᠯᠤᠨ ᠳᠡᠰ ᠳᠠᠪᠰᠢᠪᠠ
ᠨᠡᠶᠢᠲᠡᠯᠡᠭᠰᠡᠨ ᠴᠠᠭ᠄
2018/3/10
      ᠤᠷᠴᠢᠮ ᠤᠨ ᠡᠳᠦᠷ᠂  ᠤᠯᠤᠰ ᠤᠨ ᠦᠭᠡᠷᠡᠴᠢᠯᠡᠯᠲᠡ ᠬᠦᠭᠵᠢᠭᠦᠯᠦᠯᠲᠡ ᠶᠢᠨ ᠵᠥᠪᠯᠡᠯ᠂  ᠰᠢᠨᠵᠢᠯᠡᠬᠦ ᠮᠡᠷᠭᠡᠵᠢᠯ ᠤᠨ ᠶᠠᠮᠤᠨ ᠵᠡᠷᠭᠡ ᠵᠢᠷᠭᠤᠭᠠᠨ ᠶᠡᠭᠡ ᠶᠠᠮᠤᠨ ᠬᠠᠮᠳᠤᠷᠠᠵᠤ  ︽ ᠲᠤᠮᠳᠠᠳᠤ ᠤᠯᠤᠰ ᠤᠨ ᠨᠡᠭᠡᠭᠡᠯᠲᠡ ᠶᠢᠨ ᠤᠷᠤᠨ ᠢ ᠬᠢᠨᠠᠨ ᠦᠨᠡᠯᠡᠭᠰᠡᠨ ᠠᠯᠪᠠᠨ ᠵᠠᠷ ᠤᠨ ᠭᠠᠷᠴᠠᠭ︾  ︵2018 ᠬᠡᠪᠯᠡᠯ︶ ᠎ ᠢ ᠳᠠᠷᠤᠮᠠᠯᠯᠠᠨ ᠲᠠᠷᠬᠠᠭᠠᠪᠠ᠃   ᠲᠤᠰ ᠬᠡᠪᠯᠡᠯ ᠳᠤ  ᠨᠡᠶᠢᠲᠡ 2543 ᠨᠡᠭᠡᠭᠡᠯᠲᠡ ᠶᠢᠨ ᠤᠷᠤᠨ ᠪᠠᠶᠢᠵᠤ᠂  ᠤᠯᠤᠰ ᠤᠨ ᠳᠡᠰ ᠤᠨ ᠨᠡᠭᠡᠭᠡᠯᠲᠡ ᠶᠢᠨ ᠤᠷᠤᠨ 552᠂  ᠮᠤᠵᠢ ᠶᠢᠨ ᠳᠡᠰ ᠤᠨ ᠨᠡᠭᠡᠭᠡᠯᠲᠡ ᠶᠢᠨ ᠤᠷᠤᠨ 1991 ᠪᠤᠢ᠃  ᠦᠪᠦᠷ ᠮᠤᠩᠭᠤᠯ ᠤᠨ ᠦᠪᠡᠷᠲᠡᠭᠡᠨ  ᠵᠠᠰᠠᠬᠤ ᠤᠷᠤᠨ  ᠠᠴᠠ 72 ᠨᠡᠭᠡᠭᠡᠯᠲᠡ ᠶᠢᠨ ᠤᠷᠤᠨ ᠭᠠᠷᠴᠠᠭ ᠲᠤ ᠪᠦᠷᠢᠳᠬᠡᠭᠳᠡᠨ ᠤᠷᠤᠵᠠᠢ᠃  ᠡᠭᠦᠨ ᠳᠤ  ᠤᠯᠤᠰ ᠤᠨ ᠳᠡᠰ ᠤᠨ ᠨᠡᠭᠡᠭᠡᠯᠲᠡ ᠶᠢᠨ ᠤᠷᠤᠨ 12᠂  ᠮᠤᠵᠢ ᠶᠢᠨ ᠳᠡᠰ ᠤᠨ ᠨᠡᠭᠡᠭᠡᠯᠲᠡ ᠶᠢᠨ ᠤᠷᠤᠨ 69 ᠪᠤᠢ᠃  ᠮᠠᠨ ᠤ ᠲᠤᠭᠤᠷᠢᠭ ᠤᠨ ᠮᠡᠳᠡᠭᠦᠯᠦᠭᠰᠡᠨ ᠶᠤᠸᠠᠨ ᠪᠤᠤ ᠱᠠᠨ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠠᠰ ᠤᠨ ᠨᠡᠭᠡᠭᠡᠯᠲᠡ ᠶᠢᠨ ᠲᠤᠭᠤᠷᠢᠭ  ᠎ ᠨᠢ ᠬᠤᠶᠠᠭ ᠡᠭᠡᠯᠵᠢ ᠶᠢᠨ ᠬᠢᠨᠠᠨ ᠦᠨᠡᠯᠡᠯᠲᠡ ᠪᠠᠷ ᠳᠠᠮᠵᠢᠵᠤ᠂  ᠮᠤᠵᠢ ᠶᠢᠨ ᠳᠡᠰ ᠤᠨ ᠨᠡᠭᠡᠭᠡᠯᠲᠡ ᠶᠢᠨ ᠤᠷᠤᠨ ᠤ ᠭᠠᠷᠴᠠᠭ ᠲᠤ ᠵᠢᠭᠰᠠᠭᠠᠭᠳᠠᠪᠠ᠃    ᠶᠤᠸᠠᠨ ᠪᠤᠤ ᠱᠠᠨ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠠᠰ ᠤᠨ ᠨᠡᠭᠡᠭᠡᠯᠲᠡ ᠶᠢᠨ ᠲᠤᠭᠤᠷᠢᠭ  ᠎ ᠨᠢ ᠦᠵᠢᠶᠠ᠂  ᠮᠡᠶᠢᠷᠡᠨ ᠭᠤᠣᠯ᠂  ᠶᠦᠨ ᠱᠠᠨ ᠵᠠᠮ ᠵᠡᠷᠭᠡ ᠭᠤᠷᠪᠠᠨ ᠲᠤᠭᠤᠷᠢᠭ ᠢᠶᠠᠷ  ᠪᠦᠷᠢᠯᠳᠦᠵᠤ᠂  ᠶᠡᠷᠦᠩᠬᠡᠢ ᠲᠠᠯᠠᠪᠠᠢ ᠨᠢ 949.68 ᠾᠧᠺᠲ᠋ᠠᠷ ᠪᠠᠶᠢᠵᠤ᠂  ᠭᠤᠣᠯ ᠪᠣᠯᠬᠤ ᠠᠵᠤ ᠦᠢᠯᠡᠰ ᠪᠤᠯ ᠮᠠᠯ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠬᠦ᠂  ᠦᠩᠭᠡᠲᠦ ᠲᠡᠮᠦᠷᠯᠢᠭ ᠢ ᠡᠳ᠋ᠰᠢᠭᠦᠯᠬᠦ ᠪᠠ  ᠲᠤᠨᠤᠭᠯᠠᠯ ᠦᠢᠯᠡᠳᠬᠦ ᠵᠡᠷᠭᠡ ᠪᠤᠯᠤᠨ᠎ᠠ᠃  ᠳᠠᠷᠠᠭᠠᠴᠢ ᠶᠢᠨ ᠠᠯᠬᠤᠮ ᠳᠤ᠂ ᠨᠡᠭᠡᠭᠡᠯᠲᠡ ᠶᠢᠨ ᠲᠤᠭᠤᠷᠢᠭ  ᠤᠨ ᠶᠡᠷᠦᠩᠬᠡᠢ ᠲᠦᠯᠦᠪᠵᠢᠭᠦᠯᠦᠯᠭᠡ ᠪᠠ  ᠠᠵᠤ ᠦᠢᠯᠡᠰ ᠢ ᠲᠡᠭᠦᠯᠳᠡᠷᠵᠢᠭᠦᠯᠦᠨ᠂  ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠴᠢᠩᠭᠠᠳᠬᠠᠵᠤ᠂  ᠠᠵᠤ ᠦᠢᠯᠡᠳᠪᠦᠷᠢ ᠠᠵᠤ ᠠᠬᠤᠶᠢᠯᠠᠯ ᠤᠨ ᠴᠢᠨᠠᠷ ᠪᠠ ᠦᠷ᠎ᠡ ᠠᠰᠢᠭ ᠬᠤᠣᠰ ᠢᠶᠠᠷ ᠳᠡᠭᠡᠭᠰᠢᠯᠡᠬᠦ ᠶᠢ ᠲᠦᠯᠬᠢᠨ ᠠᠬᠢᠭᠤᠯᠵᠤ᠂  ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ  ᠬᠦᠭᠵᠢᠯᠲᠡ ᠎ ᠳᠤ  ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1