ᠮᠠᠨ ᠤ ᠲᠤᠭᠤᠷᠢᠭ ᠨᠢ  ︽3.15︾ ᠎ ᠤ ᠤᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠢ ᠳᠤᠷᠠᠰᠬᠠᠬᠤ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2018/3/15
  3  ᠰᠠᠷ᠎ᠠ ᠶᠢᠨ 15᠎ ᠤ ᠡᠳᠦᠷ᠂  ᠮᠠᠨ ᠤ ᠲᠤᠭᠤᠷᠢᠭ ᠨᠢ  ︽ ᠴᠢᠨᠠᠷᠲᠦ ᠬᠡᠷᠡᠭᠯᠡᠭᠡ  ᠵᠢᠷᠭᠠᠯᠠᠩᠲᠤ ᠠᠮᠢᠳᠤᠷᠠᠯ︾  ᠂  ︽ ᠮᠡᠳᠡᠯᠭᠡ  ᠦᠢᠯᠡᠴᠢᠯᠡᠭᠡ ᠶᠢ ᠬᠦᠷᠭᠡᠵᠦ ---  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠡᠷᠦᠬᠡ ᠪᠤᠯᠭᠠᠨ ᠳᠤ ᠮᠡᠳᠡᠭᠦᠯᠬᠦ︾   ᠵᠢᠴᠢ ︽ 3.15᠎ ᠤ ᠤᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ︾᠎ ᠢ ᠳᠤᠷᠠᠰᠬᠠᠬᠤ  ᠪᠠᠷ ᠭᠤᠣᠯ ᠰᠡᠳᠦᠪ ᠪᠤᠯᠭᠠᠭᠰᠠᠨ ᠤᠬᠠᠭᠤᠯᠬᠤ ᠠᠵᠢᠯᠯᠠᠭᠠᠨ ᠤ ᠦᠷᠨᠢᠭᠦᠯᠪᠡ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠠᠷᠤᠭ᠎ᠠ ᠯᠢᠦ ᠮᠢᠩ ᠵᠦ᠂ ᠲᠤᠭᠤᠷᠢᠭ ᠤᠨ ᠤᠯᠤᠰ ᠲᠦᠷᠥ ᠶᠢᠨ ᠵᠦᠪᠯᠡᠯᠭᠡᠨ ᠤ ᠳᠡᠳ᠋ ᠲᠡᠷᠢᠭᠦᠯᠦᠭᠴᠢ ᠯᠢ ᠯᠢ ᠠᠵᠢᠯᠯᠠᠭᠠᠨ ᠎ ᠳᠤ ᠤᠷᠤᠯᠴᠠᠪᠠ᠃  ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂  ᠬᠡᠷᠡᠭᠯᠡᠭᠴᠢᠳ ᠤᠨ ᠡᠷᠬᠡ ᠠᠰᠢᠭ ᠎ ᠢ ᠬᠠᠮᠠᠭᠠᠯᠠᠬᠤ ᠨᠡᠶᠢᠭᠡᠮᠯᠢᠭ᠂ 3.15᠎ ᠤ ᠭᠡᠰᠢᠭᠦᠨ ᠨᠢᠭᠡᠴᠡ᠂  ᠪᠠᠶᠢᠩᠭᠤ ᠶᠢᠨ ᠬᠡᠷᠡᠭ ᠡᠷᠬᠢᠯᠡᠬᠦ ᠨᠢᠭᠡᠴᠡ᠂  ᠴᠠᠩ ᠴᠢᠩ ᠤᠷᠠᠯᠢᠭ ᠤᠨ ᠪᠦᠯᠬᠦᠮ᠂  ᠨᠠᠷᠠᠨ ᠭᠡᠷᠡᠯᠲᠦ ᠭᠡᠷ ᠪᠦᠯᠢ ᠶᠢᠨ ᠰᠠᠶᠢᠨ  ᠳᠤᠷᠠᠴᠣᠣᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠬᠡᠰᠡᠭ ᠠᠵᠤ  ᠠᠬᠤᠶᠢᠯᠠᠯ ᠪᠠ ᠬᠤᠪᠢ ᠶᠢᠨ ᠡᠵᠡᠩᠨᠡᠯᠲᠡ  ᠶᠢᠨ ᠡᠷᠦᠬᠡ ᠶᠢᠨ ᠲᠦᠯᠦᠭᠡᠯᠡᠭᠴᠢᠳ ᠠᠵᠢᠯᠯᠠᠭᠠᠨ ᠳᠤ ᠤᠷᠤᠯᠴᠠᠪᠠ᠃
   ᠠᠵᠢᠯᠯᠠᠭᠠᠨ ᠤ  ᠡᠬᠢᠯᠡᠬᠦ ᠶᠤᠰᠤᠯᠠᠯ ᠳᠡᠭᠡᠷ᠎ᠡ᠂  ᠯᠢᠦ ᠮᠢᠩ ᠵᠦ ᠶᠠᠷᠢᠶ᠎ᠠ ᠲᠠᠯᠪᠢᠵᠦ᠂ ︽ ᠴᠢᠨᠠᠷᠲᠦ ᠬᠡᠷᠡᠭᠯᠡᠭᠡ  ᠵᠢᠷᠭᠠᠯᠠᠩᠲᠤ ᠠᠮᠢᠳᠤᠷᠠᠯ︾ ᠎ ᠤᠨ ᠴᠢᠬᠤᠯᠠ ᠤᠳᠬ᠎ᠠ ᠠᠭᠤᠯᠭ᠎ᠠ ᠶᠢ ᠲᠠᠶᠢᠯᠪᠤᠷᠢᠯᠠᠨ᠂  ᠵᠠᠬ᠎ᠠ ᠳᠡᠯᠭᠡᠭᠦᠷ ᠎ ᠢ ᠬᠢᠨᠠᠨ ᠬᠠᠮᠢᠶᠠᠷᠬᠤ ᠵᠡᠷᠭᠡ  ᠰᠠᠯᠠᠭ᠎ᠠ ᠮᠦᠴᠢᠷ ᠨᠢ  ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ  ᠬᠠᠤᠯᠢ︾ ᠎ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠡᠯ᠎ᠡ ᠵᠦᠢᠯ ᠤᠨ ᠠᠰᠠᠭᠤᠨ ᠯᠠᠪᠯᠠᠬᠤ ᠠᠵᠢᠯᠯᠠᠭᠠᠨ ᠦᠷᠨᠢᠭᠦᠯᠵᠦ᠂  ᠬᠠᠤᠯᠢ ᠳᠦᠷᠢᠮ ᠢ ᠦᠷᠭᠡᠨ ᠢᠶᠠᠷ ᠤᠬᠠᠭᠤᠯᠤᠨ᠂  ᠰᠠᠶᠢᠨ ᠰᠠᠶᠢᠬᠠᠨ ᠬᠡᠷᠡᠭᠯᠡᠭᠡ ᠶᠢᠨ ᠤᠷᠴᠢᠨ ᠢ ᠪᠤᠢ ᠪᠤᠯᠭᠠᠨ᠂  ᠦᠷᠭᠡᠨ ᠤᠯᠠᠨ ᠬᠡᠷᠡᠭᠯᠡᠭᠴᠢᠳ ᠤᠨ ᠡᠷᠬᠡ ᠠᠰᠢᠭ ᠢ ᠦᠨᠡᠩᠬᠦ ᠪᠠᠲᠤᠯᠠᠬᠤ ᠬᠡᠷᠡᠭᠳᠡᠢ ᠭᠡᠵᠡᠢ  ᠃  ᠴᠢᠬᠤᠯᠠ ᠬᠦᠷᠢᠶ᠎ᠡ ᠬᠡᠪᠴᠢᠶ᠎ᠡ ᠪᠠ ᠡᠯ᠎ᠡ ᠲᠦᠷᠥᠯ ᠤᠨ ᠵᠠᠬ᠎ᠠ ᠳᠡᠯᠭᠡᠭᠦᠷ ᠲᠤ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠳᠬᠠᠵᠤ᠂ ᠬᠡᠷᠡᠭᠯᠡᠭᠴᠢᠳ ᠤᠨ ᠡᠷᠬᠡ ᠠᠰᠢᠭ ᠎ ᠶᠢ ᠬᠤᠬᠢᠷᠠᠭᠤᠯᠤᠭᠰᠠᠨ ᠬᠠᠤᠯᠢ ᠳᠦᠷᠢᠮ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠦᠨᠳᠦ ᠴᠤᠬᠢᠯᠲᠠ ᠥᠭᠴᠦ᠂  ᠬᠠᠭᠤᠷᠮᠠᠭ  ᠴᠢᠨᠠᠷ ᠮᠠᠭᠤ ᠪᠠᠷᠠᠭ᠎ᠠ ᠶᠢ ᠪᠤᠷᠤᠯᠠᠭᠤᠯᠬᠤ ᠪᠠ ᠮᠡᠬᠡᠯᠡᠯ ᠤᠨ ᠴᠢᠨᠠᠷ ᠲᠠᠢ ᠦᠢᠯᠡᠴᠢᠯᠡᠭᠡ ᠬᠠᠩᠭᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠡᠷᠡᠰ ᠴᠤᠬᠢᠯᠲᠠ ᠥᠭᠴᠦ ᠂  ᠰᠢᠯᠢᠳᠡᠭ  ᠰᠠᠶᠢᠨ ᠵᠠᠬ᠎ᠠ ᠳᠡᠯᠭᠡᠭᠦᠷ ᠤᠨ ᠤᠷᠴᠢᠨ ᠎ ᠢ ᠪᠤᠢ ᠪᠤᠯᠭᠠᠬᠤ ᠬᠡᠷᠡᠭᠳᠡᠢ᠃  ᠡᠯ᠎ᠡ ᠠᠵᠢᠯ ᠲᠦᠷᠥᠯ ᠪᠤᠶᠤ  ᠦᠷᠭᠡᠨ ᠤᠯᠠᠨ ᠬᠡᠷᠡᠭᠯᠡᠭᠴᠢᠳ ᠢᠳᠡᠪᠬᠢᠲᠡᠢ ᠪᠠᠷ ᠬᠦᠳᠡᠯᠦᠯᠴᠡᠵᠦ᠂  ᠬᠠᠤᠯᠢ ᠶᠤᠰᠤᠭᠠᠷ ᠡᠵᠡᠩᠨᠡᠵᠦ᠂  ᠢᠲᠡᠭᠡᠯ ᠢ ᠡᠷᠬᠢᠮᠯᠡᠨ᠂ ᠰᠠᠶᠢᠨ ᠲᠤᠷ᠎ᠡ ᠠᠴᠠ ᠪᠠᠨ ᠬᠠᠭᠤᠷᠮᠠᠭ ᠴᠢᠨᠠᠷ  ᠮᠠᠭᠤ ᠪᠠᠷᠠᠭ᠎ᠠ ᠶᠢ ᠡᠰᠡᠷᠭᠦᠴᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠲᠤᠪᠡᠷ ᠬᠠᠮᠠᠭᠠᠯᠠᠨ᠂  ᠡᠷᠬᠡ  ᠲᠡᠭᠰᠢ  ᠲᠥᠪ ᠭᠤᠣᠯᠴᠢ ᠵᠠᠬ᠎ᠠ ᠳᠡᠯᠭᠡᠭᠦᠷ ᠤᠨ ᠤᠷᠴᠢᠨ ᠢ ᠪᠤᠢ ᠪᠤᠯᠭᠠᠬᠤ ᠬᠡᠷᠡᠭᠳᠡᠢ ᠭᠡᠵᠡᠢ᠃
    ᠠᠵᠢᠯᠯᠠᠭᠠᠨ ᠤ ᠲᠤᠮᠳᠠ᠂  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠭᠠᠷ ᠳᠡᠪᠲᠡᠷ ᠪᠠ ᠤᠬᠠᠭᠤᠯᠭ᠎ᠠ ᠶᠢᠨ ᠬᠠᠭᠤᠳᠠᠰᠤ 1000 ᠢᠯᠡᠭᠦᠦ ᠬᠤᠪᠢ ᠲᠠᠷᠬᠠᠭᠠᠵᠤ᠂  ᠤᠯᠠᠨ ᠲᠦᠮᠡᠨ ᠤ ᠠᠰᠠᠭᠤᠨ ᠯᠠᠪᠯᠠᠭ᠎ᠠ 100 ᠢᠯᠡᠭᠦᠦ  ᠬᠦᠷᠦᠭᠰᠡᠨ ᠪᠦᠭᠡᠳ 2017  ᠣᠨ ᠤ  ︽ ᠢᠲᠡᠭᠡᠯ ᠲᠠᠢ ᠨᠢᠭᠡᠴᠡ︾  ᠪᠠ  ︽ ᠰᠠᠨᠠᠭ᠎ᠠ ᠠᠮᠤᠷ ᠬᠡᠷᠡᠭᠯᠡᠬᠦ  ᠵᠢᠱᠢᠶ᠎ᠡ ᠦᠵᠡᠭᠦᠯᠬᠦ ᠨᠢᠭᠡᠴᠡ︾ ᠎ ᠶᠢᠨ ᠠᠵᠤ ᠠᠬᠤᠶᠢᠯᠠᠯ ᠪᠠ ᠬᠤᠪᠢ  ᠶᠢᠨ ᠡᠵᠡᠩᠨᠡᠭᠴᠢ ᠶᠢ ᠰᠠᠶᠢᠰᠢᠶᠠᠨ ᠬᠦᠬᠢᠭᠦᠯᠪᠠ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1