ᠮᠠᠨ ᠤ ᠲᠤᠭᠤᠷᠢᠭ ᠨᠢ ᠠᠷᠪᠠᠳᠤᠭᠠᠷ  ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠡᠶ᠎ᠡ ᠲᠠᠮᠢᠷ ᠤᠨ ᠴᠤᠭᠯᠠᠭᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2018/3/24
 
     3ᠰᠠᠷ᠎ᠠ ᠶᠢᠨ 24᠎ ᠤ ᠡᠳᠦᠷ᠂  ᠲᠤᠭᠤᠷᠢᠭ ᠤᠨ ᠨᠠᠮ  ᠬᠤᠷᠢᠶ᠎ᠠ᠂ ᠵᠠᠰᠠᠭ ᠤᠨ ᠤᠷᠳᠤᠨ ᠠᠴᠠ ᠭᠤᠣᠯᠯᠠᠨ ᠡᠷᠬᠢᠯᠡᠭᠰᠡᠨ᠂ ᠲᠤᠭᠤᠷᠢᠭ ᠤᠨ ᠰᠤᠶᠤᠯ ᠷᠠᠳᠢᠣ᠋  ᠲᠧᠯᠸᠢᠰ ᠲᠠᠮᠢᠷ  ᠵᠢᠭᠤᠯᠴᠢᠯᠠᠯ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠶᠤᠸᠠᠨ ᠪᠤᠤ ᠱᠠᠨ ᠲᠤᠭᠤᠷᠢᠭ ᠤᠨ ᠠᠷᠪᠠᠳᠤᠭᠠᠷ  ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠡᠶ᠎ᠡ ᠲᠠᠮᠢᠷ ᠤᠨ ᠴᠤᠭᠯᠠᠭᠠᠨ ᠎ ᠤ ᠡᠬᠢᠯᠡᠯᠲᠡ ᠶᠢᠨ ᠶᠤᠰᠤᠯᠠᠯ ᠎ ᠨᠢ ᠫᠢᠩᠵᠤᠸᠠᠩ ᠴᠡᠴᠡᠷᠯᠢᠭ ᠤᠨ ᠠᠭᠤᠳᠠᠮ ᠲᠠᠯᠠᠪᠠᠢ ᠳᠤ ᠶᠠᠪᠤᠭᠳᠠᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠤᠬᠠᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ ᠰᠢᠤᠢ ᠵᠢᠶᠠᠨ ᠾᠦᠢ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃     ᠰᠢᠤᠢ ᠵᠢᠶᠠᠨ ᠾᠦᠢ ᠶᠠᠷᠢᠶ᠎ᠠ ᠲᠠᠯᠪᠢᠵᠤ  ᠱᠠᠭᠠᠷᠳᠠᠬᠤ ᠳᠠᠭᠠᠨ᠂ ᠤᠷᠴᠢᠮ ᠤᠨ ᠵᠢᠯ ᠳᠤ᠂ ᠮᠠᠨ ᠤ ᠲᠤᠭᠤᠷᠢᠭ ᠤᠨ ᠪᠡᠶ᠎ᠡ ᠲᠠᠮᠢᠷ ᠪᠡᠶ᠎ᠡ ᠴᠢᠬᠢᠷᠠᠭᠵᠢᠭᠤᠯᠬᠤ ᠦᠢᠯᠡᠰ ᠨᠢ  ᠣᠷᠲᠤᠮᠵᠢ ᠶᠢᠨ ᠬᠦᠭᠵᠢᠯᠲᠡ ᠲᠠᠢ ᠪᠤᠯᠵᠤ᠂  ᠪᠡᠶ᠎ᠡ ᠴᠢᠬᠢᠷᠠᠭᠵᠢᠭᠤᠯᠬᠤ ᠠᠵᠢᠯᠯᠠᠭᠠᠨ ᠨᠢ ᠤᠷᠤᠯᠴᠠᠬᠤ ᠬᠦᠮᠦᠨ ᠤ ᠲᠤᠭ᠎ᠠ  ᠎ ᠨᠢ ᠠᠷᠪᠢᠨ᠂ ᠠᠭᠤᠯᠭ᠎ᠠ ᠨᠢ ᠤᠯᠠᠮ ᠪᠠᠶᠠᠯᠢᠭ ᠰᠠᠶᠢᠨ ᠪᠣᠯᠵᠤ ᠪᠠᠶᠢᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ  ᠴᠤᠴᠠᠯᠲᠠ ᠦᠭᠡᠢ  ᠴᠢᠷᠮᠠᠶᠢᠵᠤ᠂  ᠥᠷᠭᠡᠨ ᠤᠯᠠᠨ ᠬᠤᠳᠠ ᠶᠢᠨ ᠠᠷᠠᠳ ᠲᠤ ᠪᠡᠶ᠎ᠡ ᠮᠠᠬᠠᠪᠤᠳ ᠢᠶᠠᠨ ᠲᠠᠪᠲᠠᠨ ᠪᠤᠯᠪᠠᠰᠤᠷᠠᠭᠤᠯᠬᠤ ᠰᠠᠶᠢᠨ ᠲᠠᠪᠴᠠᠩ  ᠢ ᠬᠠᠩᠭᠠᠵᠤ᠂  ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠰᠠᠶᠢᠨ ᠤᠷᠴᠢᠨ ᠢ ᠪᠤᠢ ᠪᠤᠯᠭᠠᠬᠤ ᠬᠡᠷᠡᠭᠲᠡᠢ ᠭᠡᠵᠡᠢ᠃ ᠡᠯ᠎ᠡ ᠵᠦᠢᠯ ᠤᠨ ᠬᠦᠳᠡᠯᠭᠡᠭᠡᠨ ᠤ ᠠᠬᠤᠢ ᠪᠠᠶᠢᠳᠠᠯ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1