ᠸᠠᠩ ᠶᠦᠩ ᠲᠤᠭᠤᠷᠢᠭ ᠤᠨ ᠠᠶᠤᠯᠭᠦᠢ ᠶᠢᠨ ᠵᠥᠪᠯᠡᠯ ᠤᠨ 2018 ᠣᠨ ᠤ ᠳᠥᠷᠪᠡᠳᠦᠭᠡᠷ ︵  ᠦᠷᠭᠡᠳᠭᠡᠭᠰᠡᠨ︶ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/3/24
  3 ᠰᠠᠷ᠎ᠠ ᠶᠢᠨ24᠎ ᠤ ᠡᠳᠦᠷ᠂  ᠲᠤᠭᠤᠷᠢᠭ ᠤᠨ ᠵᠠᠰᠠᠭ ᠤᠨ ᠤᠷᠳᠤᠨ ᠤ ᠲᠠᠷᠤᠭ᠎ᠠ᠂  ᠲᠤᠭᠤᠷᠢᠭ ᠤᠨ ᠠᠶᠤᠯᠭᠦᠢ ᠶᠢᠨ ᠵᠥᠪᠯᠡᠯ ᠎ ᠤᠨ ᠡᠷᠬᠢᠯᠡᠭᠴᠢ  ᠸᠠᠩ ᠶᠦᠩ  ᠂ ᠲᠤᠭᠤᠷᠢᠭ ᠤᠨ ᠠᠶᠤᠯᠭᠦᠢ ᠶᠢᠨ ᠵᠥᠪᠯᠡᠯ ᠤᠨ2018 ᠣᠨ ᠤ ᠳᠥᠷᠪᠡᠳᠦᠭᠡᠷ ︵ ᠦᠷᠭᠡᠳᠭᠡᠭᠰᠡᠨ︶ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂  ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂  ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠨᠦᠬᠦᠷ ᠤᠨ ᠶᠤᠸᠠᠨ ᠪᠤᠤ ᠱᠠᠨ ᠴᠠᠬᠢᠯᠭᠠᠨ ᠭᠠᠷᠭᠠᠬᠤ ᠦᠢᠯᠡᠳᠪᠦᠷᠢ  ᠶᠢᠨ ᠭᠠᠯ ᠤᠨ ᠠᠶᠤᠯ ᠤᠨ ᠲᠤᠬᠠᠢ ᠴᠢᠬᠤᠯᠠᠪᠦᠷᠢ ᠶᠢᠨ ᠵᠣᠷᠢᠭ ᠰᠠᠨᠠᠭ᠎ᠠ ᠎ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠭᠦᠨᠵᠡᠭᠡᠢ ᠰᠤᠷᠭᠠᠮᠵᠢ ᠠᠪᠴᠤ᠂  ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃
   ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠵᠠᠰᠠᠭ ᠤᠨ ᠤᠷᠳᠤᠨ ᠤ ᠳᠡᠳ᠋ ᠲᠠᠷᠤᠭ᠎ᠠ᠂ ᠲᠤᠭᠤᠷᠢᠭ ᠤᠨ ᠠᠶᠤᠯᠭᠦᠢ ᠶᠢᠨ ᠵᠥᠪᠯᠡᠯ ᠤᠨ ᠪᠠᠶᠢᠩᠭᠤ ᠶᠢᠨ  ᠡᠷᠬᠢᠯᠡᠭᠴᠢ  ᠼᠤᠤ ᡁᠢ ᠶᠦᠩ᠂  ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠠᠷᠤᠭ᠎ᠠ᠂ ᠲᠤᠭᠤᠷᠢᠭ ᠤᠨ ᠠᠶᠤᠯᠭᠦᠢ ᠶᠢᠨ ᠵᠥᠪᠯᠡᠯ ᠤᠨ  ᠳᠡᠳ᠋ ᠡᠷᠬᠢᠯᠡᠭᠴᠢ ᠯᠢᠦ ᠮᠢᠩ ᠵᠦ᠂  ᠴᠧᠩ ᠷᠦᠢ ᠪᠤᠤ᠂ ᠷᠧᠨ ᠵᠢᠶᠠᠨ ᠬᠤᠸᠠ᠂ ᠯᠢ ᠵᠠᠨ ᠵᠢᠶᠧ᠂ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ᠂ ᠲᠤᠭᠤᠷᠢᠭ ᠤᠨ ᠠᠶᠤᠯᠭᠦᠢ ᠶᠢᠨ ᠵᠥᠪᠯᠡᠯ ᠤᠨ  ᠳᠡᠳ᠋ ᠡᠷᠬᠢᠯᠡᠭᠴᠢ ᠴᠦ ᠬᠠᠢ  ᠪᠦᠸᠧ ᠂  ᠲᠤᠭᠤᠷᠢᠭ ᠤᠨ  ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠲᠤᠪᠴᠢᠶ᠎ᠠ ᠶᠢᠨ ᠲᠠᠷᠤᠭ᠎ᠠ᠂ ᠲᠤᠭᠤᠷᠢᠭ ᠤᠨ ᠠᠶᠤᠯᠭᠦᠢ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠰᠢ ᠽᠠᠢ᠂  ᠲᠤᠭᠤᠷᠢᠭ ᠤᠨ ᠠᠶᠤᠯᠭᠦᠢ ᠶᠢᠨ  ᠵᠥᠪᠯᠡᠯ ᠤᠨ ᠭᠡᠰᠢᠭᠦᠨ ᠨᠢᠭᠡᠴᠡ᠂  ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ  ᠤᠨ  ᠭᠤᠣᠯ ᠬᠠᠷᠢᠭᠤᠴᠠᠯᠭᠠᠳᠠᠨ ᠵᠢᠴᠢ ᠫᠢᠩᠵᠤᠸᠠᠩ ᠨᠡᠭᠦᠷᠡᠰᠦᠨ ᠠᠭᠤᠷᠬᠠᠢ᠂  ᠫᠢᠩᠵᠤᠸᠠᠩ ᠪᠡᠯᠡ ᠤᠷᠤᠯᠠᠭᠤᠯᠤᠯᠲᠠ ᠶᠢᠨ ᠺᠤᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃    ᠬᠤᠷᠠᠯ ᠳᠡᠭᠡᠷ᠎ᠡ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂  ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠤᠸᠠᠨ ᡁᠢ ᠴᠢᠶᠠᠩ ᠨᠦᠬᠦᠷ ᠤᠨ ᠶᠤᠸᠠᠨ ᠪᠤᠤ ᠱᠠᠨ ᠴᠠᠬᠢᠯᠭᠠᠨ ᠭᠠᠷᠭᠠᠬᠤ ᠦᠢᠯᠡᠳᠪᠦᠷᠢ  ᠶᠢᠨ ᠭᠠᠯ ᠤᠨ ᠠᠶᠤᠯ ᠤᠨ ᠲᠤᠬᠠᠢ ᠴᠢᠬᠤᠯᠠᠪᠦᠷᠢ ᠶᠢᠨ ᠵᠣᠷᠢᠭ ᠰᠠᠨᠠᠭ᠎ᠠ ᠎ ᠶᠢ ᠤᠯᠠᠮᠵᠢᠯᠠᠵᠤ᠂  ᠶᠤᠸᠠᠨ ᠪᠤᠤ ᠱᠠᠨ ᠴᠠᠬᠢᠯᠭᠠᠨ ᠭᠠᠷᠭᠠᠬᠤ ᠦᠢᠯᠡᠳᠪᠦᠷᠢ  ᠶᠢᠨ ᠭᠠᠯ ᠤᠨ ᠠᠶᠤᠯ ᠤᠨ ᠲᠤᠬᠠᠢ ᠬᠠᠮᠢᠶ᠎ᠠ ᠪᠦᠬᠦᠢ ᠪᠠᠶᠢᠳᠠᠯ ᠢ ᠨᠡᠶᠢᠲᠡᠯᠡᠭᠰᠡᠨ ᠪᠠᠶᠢᠨ᠎ᠠ᠃    ᠬᠤᠷᠠᠯ ᠠᠴᠠ ᠱᠠᠭᠠᠷᠳᠠᠭᠰᠠᠨ ᠨᠢ᠂  ᠡᠯ᠎ᠡ ᠭᠠᠵᠠᠷ ᠤᠷᠤᠨ ᠡᠯ᠎ᠡ ᠪᠠᠶᠢᠭᠤᠯᠭ᠎ᠠ ᠨᠢ ᠶᠤᠸᠠᠨ ᠪᠤᠤ ᠱᠠᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠭᠠᠯ ᠤᠨ ᠠᠶᠤᠯ ᠤᠨ ᠰᠤᠷᠭᠠᠮᠵᠢ ᠶᠢ ᠭᠦᠨᠵᠡᠭᠡᠢ  ᠠᠪᠴᠤ᠂ ᠳ᠋ᠤᠸᠠᠨ ᡁᠢ ᠴᠢᠶᠠᠩ ᠨᠦᠬᠦᠷ ᠤᠨ ᠶᠤᠸᠠᠨ ᠪᠤᠤ ᠱᠠᠨ ᠴᠠᠬᠢᠯᠭᠠᠨ ᠭᠠᠷᠭᠠᠬᠤ ᠦᠢᠯᠡᠳᠪᠦᠷᠢ  ᠶᠢᠨ ᠭᠠᠯ ᠤᠨ ᠠᠶᠤᠯ ᠤᠨ ᠲᠤᠬᠠᠢ ᠴᠢᠬᠤᠯᠠᠪᠦᠷᠢ ᠶᠢᠨ ᠵᠣᠷᠢᠭ ᠰᠠᠨᠠᠭ᠎ᠠ ᠎ ᠶᠢ  ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠴᠠᠭ ᠦᠷᠭᠦᠯᠵᠢ ᠰᠤᠨᠤᠷ ᠰᠡᠷᠡᠮᠵᠢ ᠪᠠᠨ ᠳᠡᠭᠡᠭᠰᠢᠯᠡᠭᠦᠯᠵᠦ᠂  ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠢᠩᠭ᠎ᠠ ᠠᠳᠬᠤᠨ᠂ ᠠᠰᠠᠭᠤᠳᠠᠯ ᠢᠶᠠᠷ  ᠤᠳᠤᠷᠢᠳᠤᠮᠵᠢ ᠪᠤᠯᠭᠠᠵᠤ᠂  ᠠᠶᠤᠯᠭᠦᠢ ᠦᠢᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤᠲᠠᠢ ᠡᠵᠡᠮᠰᠢᠨ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂  ᠬᠠᠷᠢᠭᠤᠴᠠᠯᠭ᠎ᠠ ᠶᠢ  ᠲᠤᠤᠷ᠎ᠠ ᠠᠴᠠ ᠨᠢ ᠨᠡᠬᠡᠮᠵᠢᠯᠡᠬᠦ ᠶᠢ  ᠴᠢᠩᠭᠠᠳᠬᠠᠵᠤ᠂  ᠶᠤᠸᠠᠨ ᠪᠤᠤ ᠱᠠᠨ  ᠴᠠᠬᠢᠯᠭᠠᠨ ᠭᠠᠷᠭᠠᠬᠤ ᠦᠢᠯᠡᠳᠪᠦᠷᠢ ᠶᠢᠨ ᠭᠠᠯ ᠤᠨ ᠠᠶᠤᠯ ᠤᠨ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠳᠤ ᠪᠦᠬᠦ ᠬᠦᠴᠦᠨ ᠢᠶᠠᠷ ᠬᠠᠮᠵᠢᠯᠴᠠᠬᠤ ᠬᠡᠷᠡᠭᠳᠡᠢ᠃    ᠬᠤᠷᠠᠯ ᠠᠴᠠ ᠴᠢᠩᠭᠠᠳᠬᠠᠬᠤ ᠳᠠᠭᠠᠨ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠶᠡᠬᠡᠪᠡᠷ ᠪᠠᠶᠢᠴᠠᠭᠠᠨ ᠴᠡᠭᠴᠡᠯᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠵᠠᠩᠭᠢᠯᠠᠭ᠎ᠠ ᠶᠢᠨ ᠶᠠᠪᠤᠴᠠ ᠪᠠ  ᠡᠮᠵᠢᠭ ᠲᠠᠢ ᠭᠠᠵᠠᠷ ᠲᠤ ᠪᠦᠬᠦ ᠲᠠᠯ᠎ᠠ ᠶᠢᠨ ᠪᠠᠶᠢᠴᠠᠭᠠᠨ ᠴᠡᠭᠴᠡᠯᠡᠯᠲᠡ ᠬᠢᠵᠦ᠂   ᠢᠯᠡᠷᠡᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠨ᠂ ᠭᠡᠮ ᠰᠣᠭᠤᠭ ᠦᠯᠡᠳᠡᠭᠡᠵᠦ ᠪᠣᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠬᠠᠤᠯᠢ ᠰᠠᠬᠢᠯᠭ᠎ᠠ ᠠᠴᠠ ᠵᠦᠷᠢᠴᠡᠭᠰᠡᠨ ᠠᠵᠢᠯᠯᠠᠭ᠎ᠠ ᠳᠤ ᠬᠦᠨᠳᠦ ᠴᠤᠬᠢᠯᠲᠠ ᠥᠭᠴᠦ᠂ ᠬᠠᠷᠢᠭᠤᠴᠠᠯᠭ᠎ᠠ ᠶᠢ ᠨᠡᠬᠡᠮᠵᠢᠯᠡᠨ᠂ ᠠᠶᠤᠯᠭᠦᠢ ᠦᠢᠯᠡᠳᠪᠦᠷᠢᠯᠡᠯ ᠤᠨ ᠬᠠᠤᠯᠢ  ᠴᠠᠭᠠᠵᠠ ᠶᠢᠨ ᠰᠦᠷ ᠬᠦᠴᠦᠨ ᠢ ᠬᠠᠮᠠᠭᠠᠯᠠᠬᠤ ᠬᠡᠷᠡᠭᠳᠡᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠷᠤᠨ ᠰᠠᠯᠠᠭ᠎ᠠ ᠮᠦᠴᠢᠷ ᠨᠢ ᠪᠠᠴᠢᠮ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂  ᠮᠠᠨ ᠤ ᠲᠤᠭᠤᠷᠢᠭ ᠤᠨ ᠪᠤᠳᠠᠲᠠᠢ ᠲᠠᠢ  ᠤᠶᠠᠯᠳᠤᠭᠤᠯᠤᠨ᠂  ᠡᠯ᠎ᠡ ᠲᠦᠷᠥᠯ  ᠱᠠᠲᠤ  ᠶᠢᠨ ᠪᠠᠴᠢᠮ ᠢ ᠰᠡᠷᠭᠡᠶᠢᠯᠡᠬᠦ ᠲᠦᠰᠥᠪ ᠢ ᠲᠤᠭᠳᠠᠭᠠᠨ ᠲᠡᠭᠦᠯᠳᠡᠷᠵᠢᠭᠦᠯᠵᠦ᠂  ᠭᠡᠨᠡᠳᠲᠡ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠶᠠᠪᠤᠴᠠ ᠶᠢ  ᠪᠠᠷᠢᠮᠵᠢᠶᠠᠵᠢᠭᠤᠯᠤᠨ᠂  ᠬᠠᠷᠢᠭᠤᠴᠠᠯᠭ᠎ᠠ ᠲᠤᠳᠤᠷᠬᠠᠢ᠂  ᠠᠷᠭ᠎ᠠ ᠬᠡᠮᠵᠢᠶ᠎ᠡ ᠨᠢ ᠪᠤᠳᠠᠲᠠᠢ᠂  ᠶᠠᠪᠤᠭᠳᠠᠭᠤᠯᠵᠤ ᠪᠣᠯᠬᠤ ᠪᠠᠴᠢᠮ ᠠᠴᠠ ᠠᠪᠤᠷᠠᠬᠤ ᠰᠢᠰᠲ᠋ᠧᠮ ᠢ ᠪᠠᠶᠢᠭᠤᠯᠬᠤ ᠬᠡᠷᠡᠭᠳᠡᠢ  ᠭᠡᠵᠡᠢ᠃    ᠬᠤᠷᠠᠯ ᠳᠡᠭᠡᠷ᠎ᠡ᠂  ᠼᠤᠤ ᡁᠢ ᠶᠦᠩ᠂ ᠯᠢᠦ ᠮᠢᠩ ᠵᠦ᠂  ᠴᠧᠩ ᠷᠦᠢ ᠪᠤᠤ᠂ ᠷᠧᠨ ᠵᠢᠶᠠᠨ ᠬᠤᠸᠠ᠂ ᠯᠢ ᠵᠠᠨ ᠵᠢᠶᠧ ᠨᠠᠷ ᠲᠤᠰ ᠪᠦᠷᠢ ᠬᠤᠪᠢᠳᠠᠨ ᠬᠠᠮᠢᠶᠠᠷᠴᠦ ᠪᠦᠬᠦᠢ ᠬᠦᠷᠢᠶ᠎ᠡ ᠬᠡᠪᠴᠢᠶᠡᠨ ᠤ   ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠤᠳᠠᠲᠠᠢ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ ᠡᠮᠦᠨ᠎ᠡ᠂  ᠬᠤᠷᠠᠯ ᠳᠤ ᠤᠷᠤᠯᠴᠠᠭᠰᠠᠨ ᠪᠦᠬᠦ ᠬᠦᠮᠦᠰ᠂ ᠫᠢᠩᠵᠤᠸᠠᠩ ᠪᠠᠯᠭᠠᠰᠤ ᠶᠢᠨ ᠲᠠᠢ ᠫᠢᠩ ᠳ᠋ᠢ ᠲᠤᠰᠬᠤᠨ ᠤ ᠨᠢᠭᠡᠨ ᠬᠠᠤᠯᠢ ᠪᠤᠰᠤ  ᠪᠠᠷ ᠡᠯᠡᠰᠦ ᠮᠠᠯᠲᠠᠵᠤ ᠪᠦᠬᠦᠢ  ᠲᠠᠯᠠᠪᠤᠷ ᠎ ᠢ ᠪᠠᠶᠢᠴᠠᠭᠠᠨ ᠦᠵᠡᠭᠰᠡᠨ ᠪᠠᠶᠢᠨ᠎ᠠ᠃    ᠸᠠᠩ ᠶᠦᠩ ᠲᠤᠬᠠᠢ ᠶᠢᠨ ᠲᠠᠯᠠᠪᠤᠷ ᠲᠤ ᠶᠠᠷᠢᠶ᠎ᠠ ᠲᠠᠯᠪᠢᠵᠤ ᠵᠢᠭᠠᠵᠤ ᠭᠠᠷᠭᠠᠬᠤ ᠳᠠᠭᠠᠨ᠂  ᠪᠦᠬᠦ  ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠨ ᠴᠡᠭᠴᠡᠯᠡᠬᠦ ᠠᠵᠢᠯᠯᠠᠭᠠᠨ ᠶᠠᠭ ᠡᠷᠴᠢᠮᠲᠡᠢ ᠶᠠᠪᠤᠭᠳᠠᠵᠤ ᠪᠠᠶᠢᠬᠤ ᠎ ᠳᠤ᠂ ᠮᠦᠨ ᠴᠦ ᠡᠶᠢᠮᠦᠷᠬᠦ ᠬᠦᠨᠳᠤ ᠴᠢᠬᠤᠯᠠ ᠠᠮᠤᠷ ᠲᠥᠪᠰᠢᠨ  ᠤ ᠭᠡᠮ ᠰᠣᠭᠤᠭ ᠤᠷᠤᠰᠢᠵᠤ ᠪᠠᠶᠢᠬᠤ ᠨᠢ᠂  ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠪᠠᠰᠠ ᠴᠦ ᠡᠮᠵᠢᠭ ᠎ ᠲᠠᠢ ᠪᠠᠶᠢᠬᠤ ᠶᠢ ᠣᠯᠵᠤ ᠬᠠᠷᠠᠵᠤ ᠪᠤᠯᠤᠨ᠎ᠠ᠂  ᠶᠡᠬᠡᠪᠡᠷ ᠴᠡᠭᠴᠡᠯᠡᠨ ᠵᠠᠰᠠᠬᠤ ᠠᠵᠢᠯ ᠨᠢ ᠮᠦᠨ ᠴᠦ ᠲᠦᠢᠯᠪᠦᠷᠢᠲᠡᠢ ᠪᠢᠰᠢ ᠪᠠᠶᠢᠨ᠎ᠠ᠃  ᠳᠠᠷᠠᠭᠠᠴᠢ ᠶᠢᠨ ᠠᠯᠬᠤᠮ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠦᠳᠲᠦᠷ ᠲᠦᠷᠭᠡᠨ ᠠᠷᠭ᠎ᠠ ᠬᠡᠮᠵᠢᠶ᠎ᠡ ᠠᠪᠴᠤ᠂  ᠭᠡᠮ ᠰᠣᠭᠤᠭ ᠢ ᠣᠷᠣ ᠲᠤᠤᠷ᠎ᠠ ᠨᠢ ᠠᠷᠢᠯᠭᠠᠨ᠂ ᠬᠠᠤᠯᠢ ᠶᠤᠰᠤᠭᠠᠷ  ᠵᠠᠯᠬᠠᠭᠠᠨ ᠰᠢᠢᠳᠪᠦᠷᠢᠯᠡᠬᠦ ᠬᠡᠷᠡᠭᠳᠡᠢ ᠭᠡᠵᠡᠢ᠃  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1