ᠮᠠᠨ ᠤ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠠᠢ ᠫᠢᠩ ᠳ᠋ᠢ ᠲᠤᠰᠬᠤᠨ ᠤ ᠬᠠᠤᠯᠢ ᠪᠤᠰᠤ ᠎ ᠪᠠᠷ ᠡᠯᠡᠰᠦ ᠮᠠᠯᠲᠠᠬᠤ ᠲᠠᠯᠠᠪᠤᠷ ᠤᠨ ᠨᠦᠬᠡ ᠶᠢ  ᠡᠭᠡᠭᠦᠯᠦᠨ  ᠪᠦᠭᠯᠡᠭᠦᠯᠪᠡ
ᠨᠡᠶᠢᠲᠡᠯᠡᠭᠰᠡᠨ ᠴᠠᠭ᠄
2018/3/26
    ᠲᠤᠭᠤᠷᠢᠭ ᠤᠨ ᠠᠶᠤᠯᠭᠦᠢ  ᠶᠢᠨ ᠵᠥᠪᠯᠡᠯ ᠤᠨ 2018 ᠣᠨ ᠤ ᠳᠥᠷᠪᠡᠳᠦᠭᠡᠷ ᠤᠳᠠᠭᠠᠨ ︵ ᠥᠷᠭᠡᠳᠭᠡᠭᠰᠡᠨ︶ ᠎ ᠤ  ᠬᠤᠷᠠᠯ  ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ  ᠲᠥᠯᠦᠭᠡ᠂ 3  ᠰᠠᠷ᠎ᠠ ᠶᠢᠨ25᠎ ᠤ ᠡᠳᠦᠷ᠂   ᠲᠤᠭᠤᠷᠢᠭ ᠤᠨ  ᠤᠯᠤᠰ ᠤᠨ ᠭᠠᠵᠠᠷ ᠰᠢᠷᠤᠢ ᠡᠬᠢ  ᠪᠠᠶᠠᠯᠢᠭ ᠤᠨ ᠲᠤᠪᠴᠢᠶ᠎ᠠ᠂  ᠫᠢᠩᠵᠤᠸᠠᠩ ᠪᠠᠯᠭᠠᠰᠤ ᠶᠢᠨ ᠵᠠᠰᠠᠭ ᠤᠨ ᠤᠷᠳᠤᠨ ᠵᠡᠷᠭᠡ ᠪᠠᠶᠢᠭᠤᠯᠭ᠎ᠠ ᠨᠢᠭᠡᠴᠡ ᠨᠢ ᠲᠠᠢ ᠫᠢᠩ ᠳ᠋ᠢ ᠲᠤᠰᠬᠤᠨ ᠤ ᠬᠠᠤᠯᠢ ᠪᠤᠰᠤ ᠪᠠᠷ ᠡᠯᠡᠰᠦ ᠮᠠᠯᠲᠠᠬᠤ ᠲᠠᠯᠠᠪᠤᠷ ᠤᠨ ᠨᠦᠬᠡ ᠶᠢ ᠡᠭᠡᠭᠦᠯᠦᠨ ᠪᠦᠭᠯᠡᠬᠦ  ᠪᠠᠷᠢᠯᠭ᠎ᠠ ᠶᠢᠨ ᠠᠵᠢᠯ  ᠡᠬᠢᠯᠡᠭᠦᠯᠵᠦ᠂  ᠣᠬᠤᠷ ᠬᠤᠭᠤᠴᠠᠭᠠᠨ ᠤ ᠳᠤᠲᠤᠷ᠎ᠠ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠠᠷᠢᠯᠭᠠᠬᠤ ᠪᠠᠷ ᠪᠣᠯᠪᠠ᠃  ᠰᠤᠷᠪᠤᠯᠵᠢᠯᠠᠭᠴᠢ ᠲᠤᠬᠠᠢ ᠶᠢᠨ ᠲᠠᠯᠠᠪᠤᠷ ᠠᠴᠠ ᠤᠶᠢᠯᠠᠭᠠᠭᠰᠠᠨ ᠢᠶᠠᠷ᠂  ᠬᠤᠶᠠᠷ  ᠮᠠᠯᠲᠠᠵᠤ ᠠᠴᠢᠶᠠᠯᠠᠬᠤ ᠮᠠᠰᠢᠨ ᠪᠠ ᠲᠠᠪᠤᠨ ᠲᠡᠭᠡᠭᠡᠪᠦᠷᠢ  ᠶᠢᠨ ᠮᠠᠰᠢᠨ ᠲᠤᠬᠠᠢ ᠶᠢᠨ ᠲᠠᠯᠠᠪᠤᠷ ᠲᠤ ᠶᠠᠭᠠᠷᠠᠯᠲᠠᠢ ᠠᠵᠢᠯᠯᠠᠵᠤ᠂  ᠫᠢᠩᠵᠦᠸᠠᠩ ᠪᠠᠯᠭᠠᠰᠤ ᠶᠢᠨ ᠬᠠᠷᠢᠭᠤᠴᠠᠯᠭᠠᠳᠠᠨ  ᠠᠴᠠ ᠪᠠᠷᠢᠯᠭ᠎ᠠ ᠶᠢᠨ ᠠᠵᠢᠯ ᠢ ᠵᠢᠯᠤᠭᠤᠳᠤᠨ᠂  ᠬᠤᠶᠠᠷ ᠡᠳᠦᠷ ᠤᠨ ᠬᠤᠭᠤᠴᠠᠭᠠᠨ ᠎ ᠳᠤ ᠪᠠᠷᠢᠯᠭ᠎ᠠ ᠶᠢ ᠲᠠᠭᠤᠰᠬᠠᠬᠤ ᠪᠠᠷ ᠲᠦᠯᠦᠪᠯᠡᠵᠦ ᠪᠤᠢ ᠭᠡᠰᠡᠨ ᠪᠠᠶᠢᠨ᠎ᠠ᠃  ᠰᠤᠷᠪᠤᠯᠵᠢᠯᠠᠭᠴᠢ ᠤᠯᠤᠰ ᠤᠨ ᠭᠠᠵᠠᠷ ᠰᠢᠷᠤᠢ  ᠡᠬᠢ ᠪᠠᠶᠠᠯᠢᠭ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂  ᠡᠨᠡ ᠬᠦ ᠬᠠᠤᠯᠢ ᠪᠤᠰᠤ ᠠᠵᠢᠯᠯᠠᠭ᠎ᠠ ᠳᠤ ᠪᠠᠶᠢᠴᠠᠭᠠᠬᠤ  ᠂ ᠭᠡᠷᠡᠴᠢ ᠠᠪᠬᠤ  ᠵᠡᠷᠭᠡ  ᠬᠠᠤᠯᠢ ᠴᠠᠭᠠᠵᠠ ᠶᠢᠨ ᠠᠯᠬᠤᠮ  ᠲᠠᠷᠠᠭ᠎ᠠ ᠢ  ᠨᠢᠭᠡᠨᠲᠡ ᠡᠬᠢᠯᠡᠭᠦᠯᠦᠭᠰᠡᠨ ᠪᠠᠶᠢᠨ᠎ᠠ  ᠂  ᠯᠠᠪᠲᠠᠢ ᠬᠠᠤᠯᠢ ᠶᠤᠰᠤᠭᠠᠷ ᠴᠢᠩᠭ᠎ᠠ ᠰᠢᠢᠳᠪᠦᠷᠢᠯᠡᠬᠦ ᠶᠤᠮ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1