ᠶᠤᠸᠠᠨ ᠪᠤᠤ ᠱᠠᠨ ᠲᠤᠭᠤᠷᠢᠭ ᠤᠨ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/3/26
  3ᠰᠠᠷ᠎ᠠ ᠶᠢᠨ26᠎ ᠤ ᠡᠳᠦᠷ᠂ ᠶᠤᠸᠠᠨ ᠪᠤᠤ ᠱᠠᠨ ᠲᠤᠭᠤᠷᠢᠭ ᠤᠨ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠨᠢ ᠫᠢᠩᠵᠤᠸᠠᠩ ᠵᠤᠴᠢᠳ ᠤᠨ ᠪᠠᠭᠤᠳᠠᠯ ᠎ ᠳᠤ ᠶᠠᠪᠤᠭᠳᠠᠪᠠ᠃ ᠲᠤᠭᠤᠷᠢᠭ ᠤᠨ ᠨᠢᠭᠡᠳᠦᠮᠡᠯ ᠹᠷᠤᠨᠲ ᠤᠨ ᠬᠡᠯᠲᠡᠰ᠂  ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠬᠠᠷᠢᠭᠤᠴᠠᠯᠭᠠᠲᠠᠨ ᠬᠤᠷᠠᠯ ᠎ ᠳᠤ ᠰᠠᠭᠠᠲᠠᠵᠤ᠂ ᠶᠤᠸᠠᠨ ᠪᠤᠤ ᠱᠠᠨ ᠲᠤᠭᠤᠷᠢᠭ ᠤᠨ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠤᠨ ᠪᠦᠬᠦ ᠭᠡᠰᠢᠭᠦᠳ ᠬᠤᠷᠠᠯ ᠳᠤ ᠤᠷᠤᠯᠴᠠᠪᠠ᠃
   ᠬᠤᠷᠠᠯ ᠳᠡᠭᠡᠷ᠎ᠡ ᠶᠤᠸᠠᠨ ᠪᠤᠤ ᠱᠠᠨ ᠲᠤᠭᠤᠷᠢᠭ ᠤᠨ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠶᠢᠨ ᠪᠠᠶᠢᠩᠭᠤ ᠶᠢᠨ ᠬᠡᠷᠡᠭ ᠡᠷᠬᠢᠯᠡᠭᠴᠢ  ᠶᠢ ᠰᠤᠩᠭᠤᠨ ᠭᠠᠷᠭᠠᠵᠤ᠂ ᠶᠤᠸᠠᠨ ᠪᠤᠤ ᠱᠠᠨ ᠲᠤᠭᠤᠷᠢᠭ ᠤᠨ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠎ ᠤᠨ  ᠠᠩᠬᠠᠳᠤᠭᠠᠷ ᠬᠤᠭᠤᠴᠠᠭᠠᠨ ᠤ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂  ᠨᠡᠶᠢᠭᠡᠮᠯᠢᠭ ᠤᠨ  ᠲᠠᠷᠤᠭ᠎ᠠ᠂  ᠳᠡᠳ᠋ ᠲᠠᠷᠤᠭ᠎ᠠ᠂  ᠨᠠᠷᠢᠨ ᠪᠢᠴᠢᠭ ᠤᠨ ᠳᠠᠷᠤᠭ᠎ᠠ᠂   ᠬᠡᠷᠡᠭ ᠬᠢᠨᠠᠭᠴᠢ ᠲᠠᠷᠤᠭ᠎ᠠ  ᠪᠠ   ᠬᠡᠷᠡᠭ ᠬᠢᠨᠠᠭᠴᠢ ᠢ ᠰᠤᠩᠭᠤᠨ  ᠭᠠᠷᠭᠠᠵᠤ᠂  ᠫᠠᠶᠢᠰᠠ ᠣᠯᠭᠤᠬᠤ ᠶᠤᠰᠤᠯᠠᠯ ᠢ ᠶᠠᠪᠤᠭᠳᠠᠭᠤᠯᠤᠭᠰᠠᠨ  ᠪᠠᠶᠢᠨ᠎ᠠ᠃    ᠰᠤᠷᠪᠤᠯᠵᠢᠯᠠᠭᠴᠢ ᠬᠤᠷᠠᠯ ᠠᠴᠠ ᠤᠶᠢᠯᠠᠭᠠᠭᠰᠠᠨ ᠢᠶᠠᠷ᠂  ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠨᠢ ᠲᠤᠭᠤᠷᠢᠭ ᠤᠨ ᠨᠢᠭᠡᠳᠦᠮᠡᠯ ᠹᠷᠤᠨᠲ ᠤᠨ ᠬᠡᠯᠲᠡᠰ᠂  ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠪᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠨᠢᠭᠡᠴᠡ ᠶᠢᠨ ᠵᠢᠯᠤᠭᠤᠳᠤᠯᠭ᠎ᠠ ᠶᠢᠨ ᠲᠤᠤᠷ᠎ᠠ ᠪᠠᠶᠢᠭᠤᠯᠤᠭᠳᠠᠭᠰᠠᠨ ᠶᠤᠮ᠃  ᠲᠤᠰ ᠨᠡᠶᠢᠭᠡᠮᠯᠢᠭ ᠨᠢ ᠮᠠᠨ ᠤ ᠲᠤᠭᠤᠷᠢᠭ ᠲᠤ ᠪᠡᠯᠡ ᠤᠷᠤᠭᠤᠯᠤᠨ  ᠠᠵᠤ  ᠠᠬᠤᠶᠢᠯᠠᠯ ᠡᠷᠬᠢᠯᠡᠵᠦ ᠪᠠᠶᠢᠭ᠎ᠠ ᠵᠠᠯᠠᠭᠤ ᠠᠵᠤ ᠠᠬᠤᠶᠢᠯᠠᠯᠲᠠᠨ ᠪᠠ ᠮᠠᠨ ᠤ ᠲᠤᠭᠤᠷᠢᠭ ᠲᠤ ᠦᠢᠯᠡᠰ ᠪᠤᠰᠬᠠᠵᠤ ᠪᠠᠶᠢᠭ᠎ᠠ ᠰᠢᠯᠢᠳᠡᠭ ᠵᠠᠯᠠᠭᠤᠴᠤᠳ ᠢᠶᠠᠷ ᠪᠦᠷᠢᠯᠳᠦᠭᠰᠡᠨ ᠠᠰᠢᠭ ᠤᠨ ᠪᠤᠰᠤ ᠨᠡᠶᠢᠭᠡᠮ ᠤᠨ ᠪᠦᠯᠬᠦᠮ ᠶᠤᠮ᠃ ᠵᠠᠯᠠᠭᠤ ᠦᠢᠯᠡᠰ ᠪᠤᠰᠬᠠᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠬᠦ ᠵᠥᠪᠯᠡᠯ ᠨᠢ  ᠪᠦᠯᠬᠦᠮᠳᠡᠯ ᠦᠢᠯᠡᠴᠢᠯᠡᠭᠡ ᠶᠢᠨ ᠲᠠᠨᠢᠯᠲᠠ ᠶᠢ ᠳᠡᠭᠡᠭᠰᠢᠯᠡᠭᠦᠯᠬᠦ᠂  ᠬᠠᠷᠢᠯᠴᠠᠭ᠎ᠠ ᠶᠢᠨ ᠲᠠᠪᠴᠠᠩ ᠢ ᠪᠠᠶᠢᠭᠤᠯᠬᠤ᠂   ᠴᠢᠳᠠᠪᠤᠷᠢᠲᠠᠨ ᠢ ᠴᠤᠭᠯᠠᠭᠤᠯᠤᠨ ᠬᠦᠮᠦᠵᠢᠭᠦᠯᠬᠦ᠂  ᠨᠡᠶᠢᠭᠡᠮ ᠤᠨ ᠠᠰᠠᠷᠠᠮᠵᠢ ᠶᠢᠨ ᠦᠢᠯᠡᠰ ᠵᠡᠷᠭᠡ ᠲᠠᠯ᠎ᠠ ᠪᠠᠷ ᠦᠢᠯᠡᠴᠢᠯᠡᠭᠡ ᠬᠠᠩᠭᠠᠬᠤ ᠪᠤᠯᠤᠨ᠎ᠠ᠃᠂   
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1