| | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ | ᠬᠦᠳᠡᠭᠡ ᠲᠤᠰᠬᠤᠨ ᠢ ᠬᠥᠭᠵᠢᠭᠡᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ 2018 | ᠤᠯᠠᠭᠠᠨᠬᠠᠳᠠ ᠂ ᠲᠤᠮᠳᠠᠳᠤ ᠤᠯᠤᠰ ᠤᠨ ᠤᠮᠠᠷᠠᠲᠤ ᠤᠷᠤᠨ ᠤ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ | ᠪᠦᠲᠦᠭᠡᠭᠳᠡᠭᠦᠨ ᠤ ᠦᠵᠡᠰᠬᠦᠯᠡᠩ ᠤᠨ ᠮᠠᠨ ᠤ ᠲᠤᠭᠤᠷᠢᠭ ᠲᠠᠬᠢ ᠬᠤᠪᠢᠶᠠᠷᠢ ᠲᠠᠯᠠᠪᠤᠷ ᠤᠨ ᠡᠯ᠎ᠡ ᠵᠦᠢᠯ ᠤᠨ | ᠪᠠᠯᠡᠳᠭᠡᠯ ᠠᠵᠢᠯ ᠢ ᠨᠠᠶᠢᠳᠠᠪᠤᠷᠢᠵᠢᠭᠤᠯᠬᠤ ᠶᠢᠨ ᠲᠦᠯᠦᠭᠡ᠂ 3 ᠰᠠᠷ᠎ᠠ ᠶᠢᠨ 26 ᠤ ᠡᠳᠦᠷ᠂ ᠮᠠᠨ ᠤ ᠲᠤᠭᠤᠷᠢᠭ | ᠨᠢ ᠾᠧ ᠷᠦᠨ ᠲᠠᠷᠢᠶᠠᠯᠠᠩ ᠳᠤ ᠵᠤᠬᠢᠴᠠᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ | ᠤᠷᠳᠤᠨ ᠤ ᠳᠠᠷᠤᠭ᠎ᠠ ᠸᠠᠩ ᠶᠦᠩ᠂ ᠳᠡᠳ᠋ ᠲᠠᠷᠤᠭ᠎ᠠ ᠴᠧᠩ ᠷᠦᠢ ᠪᠤᠤ ᠬᠤᠷᠠᠯ ᠳᠤ ᠰᠠᠭᠠᠲᠠᠵᠤ᠂ | ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ᠂ ᠾᠧ ᠷᠦᠨ ᠲᠠᠷᠢᠶᠠᠯᠠᠩ ᠤᠨ ᠬᠠᠷᠢᠭᠤᠴᠠᠯᠭᠠᠲᠠᠨ | ᠬᠤᠷᠠᠯ ᠳᠤ ᠤᠷᠤᠯᠴᠠᠪᠠ᠃ | | | | | ᠸᠠᠩ ᠶᠦᠩ ᠬᠤᠷᠠᠯ ᠳᠡᠭᠡᠷ᠎ᠡ ᠶᠠᠷᠢᠶ᠎ᠠ ᠲᠠᠯᠪᠢᠵᠤ ᠳᠥᠷᠪᠡᠨ ᠱᠠᠭᠠᠷᠳᠠᠯᠭ᠎ᠠ ᠲᠠᠯᠪᠢᠪᠠ᠃ | ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠳᠡᠢ᠃ ᠡᠨᠡ ᠤᠳᠠᠭᠠᠨ ᠤ ᠲᠠᠷᠢᠶᠠᠯᠠᠩ ᠤᠨ | ᠦᠵᠡᠰᠭᠦᠯᠡᠩ ᠪᠣᠯ ᠤᠯᠤᠰ ᠤᠨ ᠳᠡᠰ ᠤᠨ ᠬᠤᠷᠠᠯ ᠴᠤᠭᠯᠠᠭᠠᠨ ᠪᠣᠯᠬᠤ ᠪᠦᠭᠡᠳ ᠨᠦᠯᠦᠭᠡ ᠳᠤᠰᠬᠠᠯ ᠶᠡᠭᠡ | ᠪᠤᠯᠤᠨ᠎ᠠ᠃ ᠡᠯ᠎ᠡ ᠰᠠᠯᠠᠭ᠎ᠠ ᠮᠦᠴᠢᠷ ᠨᠢ ᠬᠤᠪᠢ ᠬᠤᠪᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ | ᠳᠡᠭᠡᠳᠦ ᠬᠡᠮᠵᠢᠶᠡᠨ ᠤ ᠬᠠᠷᠢᠭᠤᠴᠠᠯᠭᠠᠳᠤ ᠣᠪᠤᠷ ᠪᠠ ᠦᠨᠡᠨ ᠠᠴᠠ ᠵᠥᠪ ᠢ ᠡᠷᠢᠬᠦ ᠠᠵᠢᠯ ᠤᠨ ᠰᠤᠷᠲᠠᠯ ᠢ | ᠪᠠᠳᠠᠷᠠᠭᠤᠯᠵᠤ᠂ ᠦᠵᠡᠰᠭᠦᠯᠡᠩ ᠳᠠᠬᠢ ᠡᠯ᠎ᠡ ᠲᠦᠷᠥᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠳᠡᠢ᠃ | ᠬᠤᠶᠠᠷ ᠲᠤ᠂ ᠶᠡᠷᠦᠩᠬᠡᠶᠢᠯᠡᠨ ᠵᠤᠬᠢᠴᠠᠭᠤᠯᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠤᠨ ᠡᠭᠦᠷᠭᠡ ᠲᠤᠰᠢᠶᠠᠯ | ᠂ ᠠᠵᠢᠯ ᠤᠨ ᠬᠤᠪᠢᠶᠠᠷᠢ ᠪᠠ ᠴᠠᠭ ᠤᠨ ᠲᠤᠭᠳᠠᠭᠠᠯ ᠶᠤᠰᠤᠭᠠᠷ ᠴᠤᠭᠯᠠᠭᠠᠨ ᠤ ᠡᠮᠦᠨ᠎ᠡ᠂ ᠲᠤᠮᠳᠠᠳᠤ᠂ ᠬᠤᠶᠢᠨ᠎ᠠ | ᠡᠯ᠎ᠡ ᠱᠠᠲᠤᠨ ᠤ ᠠᠵᠢᠯ ᠢ ᠶᠡᠷᠦᠩᠬᠡᠶᠢᠯᠡᠨ ᠵᠤᠬᠢᠴᠠᠭᠤᠯᠬᠤ ᠬᠡᠷᠡᠭᠳᠡᠢ᠃ ᠤᠷᠴᠢᠨ ᠲᠤᠭᠤᠷᠢᠨ ᠤ ᠡᠷᠡᠭᠦᠯ | ᠬᠠᠮᠠᠭᠠᠯᠠᠯ ᠢ ᠰᠠᠶᠢᠲᠤᠷ ᠬᠢᠵᠦ᠂ ᠴᠤᠭᠯᠠᠭᠠᠨ ᠳᠤ ᠤᠷᠤᠯᠴᠠᠭᠰᠠᠳ ᠲᠤ ᠠᠷᠢᠭᠤᠨ ᠴᠡᠪᠡᠷ᠂ ᠭᠤᠶᠢᠳᠠ ᠰᠠᠶᠢᠬᠠᠨ | ᠤᠷᠴᠢᠨ ᠠᠬᠤᠢ ᠶᠢ ᠪᠤᠢ ᠪᠤᠯᠭᠠᠨ ᠥᠭᠬᠦ ᠬᠡᠷᠡᠭᠳᠡᠢ᠃ | ᠭᠤᠷᠪᠠ ᠳᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠨᠢ | ᠦᠵᠡᠰᠭᠦᠯᠡᠩ ᠤᠨ ᠠᠮᠤᠷ ᠢ ᠬᠠᠮᠠᠭᠠᠯᠠᠬᠤ ᠲᠦᠰᠥᠪ ᠪᠠ ᠪᠠᠴᠢᠮ ᠢ ᠠᠷᠭᠠᠴᠠᠭᠠᠬᠤ ᠲᠦᠰᠥᠪ ᠢ ᠨᠠᠷᠢᠯᠢᠭ ᠲᠤᠭᠳᠠᠭᠠᠨ᠂ | ᠠᠮᠤᠷ ᠲᠦᠪᠰᠢᠨ ᠢᠶᠠᠷ ᠦᠵᠡᠰᠭᠦᠯᠡᠩ ᠳᠤ ᠣᠷᠤᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠵᠠᠮ | ᠬᠠᠷᠢᠯᠴᠠᠭ᠎ᠠ᠂ ᠭᠠᠯ ᠢ ᠰᠡᠷᠭᠡᠶᠢᠯᠡᠬᠦ ᠵᠡᠷᠭᠡ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠤᠨ ᠦᠵᠡᠰᠭᠦᠯᠡᠩ ᠤᠨ | ᠢᠯᠭᠤᠮ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠳᠥᠷᠪᠡ ᠳᠤ᠂ ᠪᠤᠳᠠᠳᠤ ᠦᠷ᠎ᠡ ᠠᠰᠢᠭ ᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠨᠢ ᠬᠠᠷᠢᠯᠴᠠᠨ | ᠬᠤᠯᠪᠤᠭᠠᠯᠠᠨ ᠨᠢᠭᠲᠠ ᠬᠠᠮᠵᠢᠯᠴᠠᠵᠤ᠂ ᠪᠦᠬᠦ ᠬᠦᠴᠦᠨ ᠢᠶᠠᠷ ᠠᠵᠢᠯ ᠢᠶᠠᠨ ᠬᠢᠵᠦ᠂ ᠦᠨᠳᠦᠷ ᠬᠢᠷᠢ ᠬᠡᠮᠵᠢᠶ᠎ᠡ | ᠲᠠᠢ ᠦᠵᠡᠰᠭᠦᠯᠡᠩ ᠢ ᠡᠷᠬᠢᠯᠡᠬᠦ ᠬᠡᠷᠡᠭᠲᠡᠢ ᠭᠡᠵᠡᠢ ᠃ | ᠴᠧᠩ ᠷᠦᠢ ᠪᠤᠤ ᠬᠤᠷᠠᠯ ᠢ ᠡᠷᠬᠢᠯᠡᠵᠦ᠂ ᠦᠵᠡᠰᠭᠦᠯᠡᠩ ᠤᠨ ᠬᠤᠪᠢᠶᠠᠷᠢ ᠲᠠᠯᠠᠪᠤᠷ ᠤᠨ ᠪᠤᠳᠠᠳᠤ ᠠᠵᠢᠯ ᠤᠨ | ᠲᠤᠬᠠᠢ ᠪᠠᠶᠢᠷᠢᠯᠠᠭᠤᠯᠤᠯᠲᠠ ᠬᠢᠪᠡ᠃ | ᠲᠤᠭᠤᠷᠢᠭ ᠤᠨ ᠰᠢᠨᠵᠢᠯᠡᠬᠦ ᠮᠡᠷᠭᠡᠵᠢᠯ ᠤᠨ ᠲᠤᠪᠴᠢᠶ᠎ᠠ ᠪᠠ ᠾᠧ ᠷᠦᠨ ᠺᠤᠮᠫᠠᠨᠢ ᠠᠴᠠ ᠬᠤᠪᠢᠶᠠᠷᠢ | ᠲᠠᠯᠠᠪᠤᠷ ᠤᠨ ᠪᠠᠯᠡᠳᠭᠡᠯ ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠭᠦᠯᠪᠡ᠃ | ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ︽2018 ᠤᠯᠠᠭᠠᠨᠬᠠᠳᠠ᠂ ᠲᠤᠮᠳᠠᠳᠤ ᠤᠯᠤᠰ ᠤᠨ | ᠤᠮᠠᠷᠠᠲᠤ ᠤᠷᠤᠨ ᠤ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠪᠦᠲᠦᠭᠡᠭᠳᠡᠭᠦᠨ ᠤ ᠦᠵᠡᠰᠭᠦᠯᠡᠩ ︾ ᠨᠢ 3 | ᠰᠠᠷ᠎ᠠ ᠶᠢᠨ 30 ᠤ ᠡᠳᠦᠷ ᠠᠴᠠ 4 ᠰᠠᠷ᠎ᠠ ᠶᠢᠨ 1 ᠤ ᠡᠳᠦᠷ ᠪᠤᠯᠲᠠᠯ᠎ᠠ ᠤᠯᠠᠭᠠᠨᠬᠠᠳᠠ ᠳᠤ ᠶᠠᠪᠤᠭᠳᠠᠬᠤ ᠪᠤᠯᠤᠨ᠎ᠠ᠃ | ᠡᠨᠡ ᠤᠳᠠᠭᠠᠨ ᠤ ᠦᠵᠡᠰᠭᠦᠯᠡᠩ ᠨᠢ ᠨᠢᠭᠡ ᠭᠤᠣᠯ ᠲᠠᠯᠠᠪᠤᠷ ᠬᠤᠶᠠᠷ ᠬᠤᠪᠢᠶᠠᠷᠢ ᠲᠠᠯᠠᠪᠤᠷ ᠬᠤᠪᠢᠶᠠᠨ | ᠶᠠᠪᠤᠭᠳᠠᠬᠤ ᠪᠤᠯᠤᠨ᠎ᠠ᠃ ᠭᠤᠣᠯ ᠲᠠᠯᠠᠪᠤᠷ ᠢ ᠤᠯᠠᠭᠠᠨᠬᠠᠳᠠ ᠶᠢᠨ ᠤᠯᠠᠨ ᠤᠯᠤᠰ ᠤᠨ ᠦᠵᠡᠰᠭᠦᠯᠡᠩ ᠤᠨ ᠲᠥᠪ ᠲᠤ | ᠂ ᠬᠤᠶᠠᠷ ᠬᠤᠪᠢᠶᠠᠷᠢ ᠲᠠᠯᠠᠪᠤᠷ ᠢ ᠮᠠᠨ ᠤ ᠲᠤᠭᠤᠷᠢᠭ ᠤᠨ ᠤᠯᠠᠭᠠᠨᠬᠠᠳᠠ ᠶᠢᠨ ᠤᠯᠤᠰ ᠤᠨ ᠲᠠᠷᠢᠶᠠᠯᠠᠩ ᠤᠨ | ᠰᠢᠨᠵᠢᠯᠡᠬᠦ ᠮᠡᠷᠭᠡᠵᠢᠯ ᠤᠨ ᠬᠦᠷᠢᠶᠡᠯᠡᠩ ︵ ᠤᠯᠠᠭᠠᠨᠬᠠᠳᠠ ᠶᠢᠨ ᠾᠧ ᠷᠦᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠦᠢᠯᠡᠰ ᠢ ᠨᠡᠭᠡᠭᠡᠨ ᠬᠦᠭᠵᠢᠭᠦᠯᠬᠦ ᠺᠤᠮᠫᠠᠨᠢ︶ ᠪᠠ ᠬᠤᠩ ᠱᠠᠨ ᠲᠤᠭᠤᠷᠢᠭ ᠤᠨ ᠰᠤᠯᠤᠩᠭ᠎ᠠ | ᠴᠡᠴᠡᠭ ᠬᠤᠸᠠᠷ ᠤᠨ ᠵᠠᠬ᠎ᠠ ᠳᠡᠯᠭᠡᠭᠦᠷ ᠲᠤ ᠶᠠᠪᠤᠭᠳᠠᠭᠤᠯᠬᠤ ᠪᠤᠯᠤᠨ᠎ᠠ᠃ | | | |