ᠮᠠᠨ ᠤ ᠲᠤᠭᠤᠷᠢᠭ ᠨᠢ 2018 ᠣᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠲᠤᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/3/28
 3 ᠰᠠᠷ᠎ᠠ ᠶᠢᠨ 28᠎ ᠤ ᠡᠳᠦᠷ᠂ ᠮᠠᠨ ᠤ ᠲᠤᠭᠤᠷᠢᠭ ᠨᠢ 2018 ᠣᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠲᠤᠬᠢᠷᠠᠭᠤᠯᠬᠤ ᠬᠤᠷᠠᠯ ᠬᠤᠷᠠᠯᠳᠤᠭᠤᠯᠵᠤ᠂ 2018 ᠣᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠤᠷᠤᠰᠢᠵᠤ ᠪᠠᠶᠢᠭ᠎ᠠ ᠠᠰᠠᠭᠤᠳᠠᠯ ᠎ ᠳᠤ ᠲᠤᠬᠢᠷᠠᠭᠤᠯᠭ᠎ᠠ ᠬᠢᠵᠦ᠂  ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠢ᠃
   ᠲᠤᠭᠤᠷᠢᠭ ᠤᠨ ᠨᠠᠮ ᠤᠨ ᠬᠤᠷᠢᠶᠠᠨ ᠤ  ᠱᠦᠵᠢ ᠸᠠᠩ ᠪᠢᠩ ᠵᠦᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃    ᠸᠠᠩ ᠪᠢᠩ ᠵᠦᠩ ᠮᠠᠨ ᠤ  ᠲᠤᠭᠤᠷᠢᠭ ᠤᠨ ᠡᠮᠦᠨᠡᠬᠢ ᠬᠤᠭᠤᠴᠠᠭᠠᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠤᠨ ᠤᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠠᠶᠢᠨ᠎ᠠ᠃ ᠲᠡᠷᠡ ᠵᠢᠭᠠᠬᠤ ᠳᠠᠭᠠᠨ᠂ ᠮᠠᠨ ᠤ ᠲᠤᠭᠤᠷᠢᠭ ᠤᠨ ᠭᠤᠣᠯᠳᠠᠯᠭ᠎ᠠ ᠲᠠᠢ ᠲᠦᠷᠥᠯ ᠵᠦᠢᠯ ᠤᠯᠠᠨ᠂ ᠴᠢᠨᠠᠷ ᠦᠨᠳᠦᠷ᠂ ᠲᠦᠷᠥᠯ ᠵᠦᠢᠯ ᠢ ᠲᠦᠯᠬᠢᠨ ᠠᠬᠢᠭᠤᠯᠬᠤ ᠠᠵᠢᠯ ᠪᠠᠲᠤᠳᠠᠢ ᠦᠷ᠎ᠡ ᠠᠰᠢᠭ  ᠢ  ᠣᠯᠵᠠᠢ᠃ ᠭᠡᠪᠡᠴᠦ ᠠᠵᠢᠯ ᠤᠨ  ᠳᠤᠮᠳᠠ ᠪᠠᠰᠠᠴᠤ ᠪᠠᠭ᠎ᠠ ᠪᠤᠰᠤ ᠠᠰᠠᠭᠤᠳᠠᠯ ᠤᠷᠤᠰᠢᠵᠤ ᠪᠠᠶᠢᠬᠤ ᠶᠢ   ᠣᠮᠳᠤᠭᠠᠶᠢᠯᠠᠵᠤ ᠪᠣᠯᠬᠤ ᠦᠭᠡᠢ᠂ ᠡᠯ᠎ᠡ ᠰᠠᠯᠠᠭ᠎ᠠ ᠮᠦᠴᠢᠷ  ᠡᠯ᠎ᠡ ᠪᠠᠶᠢᠭᠤᠯᠭ᠎ᠠ ᠨᠢ ᠪᠦᠲᠦᠮᠵᠢᠲᠡᠢ ᠠᠷᠭ᠎ᠠ ᠶᠢ ᠠᠪᠴᠤ ᠰᠢᠢᠳᠪᠦᠷᠢᠯᠡᠬᠦ ᠬᠡᠷᠡᠭᠲᠡᠢ ᠭᠡᠵᠡᠢ᠃  ᠲᠠᠷᠠᠭᠠᠴᠢ ᠶᠢᠨ ᠠᠯᠬᠤᠮ ᠤᠨ ᠠᠵᠢᠯ ᠎ ᠶᠢ  ᠰᠠᠶᠢᠲᠤᠷ ᠬᠢᠬᠦ ᠲᠤᠬᠠᠢ ᠱᠠᠭᠠᠷᠳᠠᠬᠤ ᠳᠠᠭᠠᠨ᠂  ᠨᠢᠭᠡ ᠎ ᠳᠤ᠂ ᠲᠦᠷᠥᠯ ᠵᠦᠢᠯ ᠤᠨ ᠪᠡᠶᠡᠯᠡᠭᠳᠡᠯ ᠤᠨ ᠳᠤᠮᠲᠠ ᠤᠷᠤᠰᠢᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠢᠯᠡᠨ ᠳᠠᠪᠠᠵᠤ᠂ 16  ᠳ᠋ᠦᠩᠰᠢᠭᠤᠷ ᠦᠷᠲᠡᠭ ᠪᠦᠬᠦᠢ ᠭᠤᠣᠯᠳᠠᠭ᠎ᠠ ᠲᠠᠢ ᠲᠦᠷᠥᠯ ᠵᠦᠢᠯ ᠢ ᠲᠤᠭᠳᠠᠭᠰᠠᠨ ᠴᠠᠭ ᠲᠤ ᠨᠢ ᠡᠬᠢᠯᠡᠭᠦᠯᠬᠦ ᠬᠡᠷᠡᠭᠲᠡᠢ᠃  ᠬᠤᠶᠠᠷ ᠲᠤ᠂  ᠲᠦᠷᠥᠯ ᠵᠦᠢᠯ ᠤᠨ ᠲᠦᠰᠦᠪᠯᠡᠬᠦ᠂ ᠰᠤᠳᠤᠯᠬᠤ᠂  ᠵᠠᠯᠭᠠᠭᠤᠯᠬᠤ᠂ ᠠᠬᠢᠭᠤᠯᠬᠤ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ᠃  ᠲᠦᠷᠥᠯ ᠵᠦᠢᠯ ᠢ ᠨᠠᠷᠢᠯᠢᠭ ᠰᠤᠳᠤᠯᠤᠨ ᠡᠵᠡᠮᠰᠢᠵᠦ᠂  ᠠᠰᠠᠭᠤᠳᠠᠯ ᠢᠯᠡᠷᠡᠪᠡᠯ ᠣᠷᠣ ᠲᠤᠤᠷ᠎ᠠ ᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂  ᠲᠦᠷᠥᠯ ᠵᠦᠢᠯ ᠢ ᠡᠮᠬᠢ ᠵᠢᠷᠦᠮ ᠲᠠᠢ ᠶᠠᠪᠤᠭᠳᠠᠭᠤᠯᠬᠤ ᠬᠡᠷᠡᠭᠲᠡᠢ᠃  ᠭᠤᠷᠪᠠ ᠳᠤ᠂  ᠶᠡᠭᠡ ᠬᠦᠴᠦᠨ ᠢᠶᠠᠷ ᠠᠷᠠᠯᠵᠢᠶᠠᠴᠢᠨ ᠤᠷᠢᠵᠤ ᠪᠡᠯᠡ ᠲᠠᠲᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠲᠠᠬᠤ  ᠠᠵᠢᠯ ᠢ ᠨᠢᠭᠡᠨ ᠤᠷᠲᠤᠮᠵᠢ ᠶᠢᠨ ᠴᠢᠨᠠᠷ ᠲᠠᠢ ᠦᠢᠯᠡᠰ ᠪᠤᠯᠭᠠᠨ  ᠠᠳᠬᠤᠵᠤ᠂  ᠴᠠᠭ ᠦᠷᠭᠦᠯᠵᠢ ᠠᠷᠠᠯᠵᠢᠶᠠᠴᠢᠨ ᠤᠷᠢᠵᠤ ᠪᠡᠯᠡ ᠲᠠᠲᠠᠬᠤ  ᠠᠵᠢᠯ ᠢ ᠰᠠᠨᠠᠭᠠᠨ ᠳᠠᠭᠠᠨ ᠠᠬᠤᠭᠤᠯᠬᠤ ᠬᠡᠷᠡᠭᠲᠡᠢ᠃  ᠡᠯ᠎ᠡ ᠪᠠᠯᠭᠠᠰᠤ ᠰᠢᠶᠠᠩ  ᠎ ᠨᠢ  ᠬᠦᠳᠡᠭᠡ ᠲᠤᠰᠬᠤᠨ ᠢ ᠬᠦᠭᠵᠢᠨ ᠮᠠᠨᠳᠤᠭᠤᠯᠬᠤ ᠪᠠᠶᠢᠯᠳᠤᠬᠤ ᠪᠤᠳᠣᠯᠭ᠎ᠠ ᠶᠢ ᠶᠡᠬᠡᠪᠡᠷ  ᠬᠡᠷᠡᠭᠵᠢᠭᠦᠯᠬᠦ ᠬᠡᠷᠡᠭᠲᠡᠢ᠃  ᠠᠵᠤ ᠦᠢᠯᠡᠰ ᠤᠨ ᠬᠦᠭᠵᠢᠨ ᠪᠤᠵᠠᠭᠠᠶᠢᠷᠠᠬᠤ ᠨᠢ ᠬᠦᠳᠡᠭᠡ ᠲᠤᠰᠬᠤᠨ ᠎ ᠤ ᠬᠦᠭᠵᠢᠨ ᠮᠠᠨᠳᠤᠬᠤ ᠶᠢᠨ ᠰᠠᠭᠤᠷᠢ ᠮᠦᠨ᠃ ᠣᠳᠤ ᠪᠠᠶᠢᠭ᠎ᠠ ᠠᠵᠤ ᠦᠢᠯᠡᠰ ᠤᠨ ᠰᠠᠭᠤᠷᠢ ᠪᠠ ᠳᠠᠪᠠᠭᠤᠯᠢᠭ ᠢᠶᠠᠨ ᠦᠨᠳᠦᠰᠦᠯᠡᠵᠦ᠂  ᠭᠦᠢᠴᠡᠳ ᠰᠤᠳᠤᠯᠤᠨ ᠨᠤᠲᠠᠯᠤᠭᠰᠠᠨ ᠤ ᠳᠠᠷᠠᠭ᠎ᠠ᠂  ᠪᠤᠳᠠᠲᠠᠢ ᠳᠤ ᠵᠤᠬᠢᠴᠠᠭᠰᠠᠨ ᠠᠵᠤ ᠦᠢᠯᠡᠰ ᠤᠨ ᠲᠦᠷᠥᠯ ᠵᠦᠢᠯ ᠢ ᠡᠷᠲᠡᠬᠡᠨ ᠰᠦᠪᠡᠭᠴᠢᠯᠡᠨ ᠭᠠᠷᠭᠠᠵᠤ᠂  ᠬᠦᠳᠡᠭᠡ ᠲᠤᠰᠬᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃  ᠲᠠᠪᠤ ᠳᠤ᠂ ᠡᠯ᠎ᠡ ᠰᠠᠯᠠᠭ᠎ᠠ ᠮᠦᠴᠢᠷ ᠨᠢ ᠨᠢᠭᠲᠠ ᠬᠠᠮᠵᠢᠯᠴᠠᠵᠤ᠂  ᠲᠦᠷᠥᠯ ᠵᠦᠢᠯ ᠢ ᠰᠠᠶᠢᠲᠤᠷ ᠲᠦᠯᠦᠪᠯᠡᠨ᠂  ᠰᠠᠶᠢᠲᠤᠷ ᠠᠬᠢᠭᠤᠯᠤᠨ᠂ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃   ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠴᠢᠬᠤᠯᠠᠴᠢᠯᠠᠨ  ᠦᠵᠡᠵᠦ ᠂  ᠲᠦᠷᠥᠯ ᠵᠦᠢᠯ ᠤᠨ ᠪᠠᠶᠢᠳᠠᠯ ᠢ ᠰᠠᠶᠢᠲᠤᠷ ᠣᠶᠢᠯᠠᠭᠠᠨ ᠡᠵᠡᠮᠰᠢᠵᠤ᠂ ᠪᠡᠶ᠎ᠡ ᠎ ᠪᠠᠷ ᠢᠶᠠᠨ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃  ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠦᠢᠯᠡᠴᠢᠯᠡᠬᠦ ᠣᠪᠤᠷ ᠢᠶᠠᠨ ᠳᠡᠭᠡᠭᠰᠢᠯᠡᠭᠦᠯᠵᠦ᠂ ᠶᠡᠭᠡ  ᠲᠠᠯ᠎ᠠ ᠶᠢ ᠲᠠᠨᠢᠵᠤ᠂  ᠬᠦᠳᠡᠯᠦᠩᠭᠦᠢ ᠦᠢᠯᠡᠴᠢᠯᠡᠬᠦ ᠬᠡᠷᠡᠭᠲᠡᠢ᠃  ᠲᠦᠷᠥᠯ ᠵᠦᠢᠯ ᠢ ᠳᠠᠭᠠᠭᠤᠯᠤᠨ ᠬᠢᠬᠦ ᠪᠠᠶᠢᠭᠤᠯᠭ᠎ᠠ ᠨᠢ ᠬᠦᠳᠡᠯᠦᠩᠭᠦᠢ ᠪᠠᠷ ᠰᠤᠳᠤᠯᠤᠨ᠂  ᠬᠦᠳᠡᠯᠦᠩᠭᠦᠢ ᠪᠠᠷ ᠠᠵᠢᠯᠯᠠᠵᠤ᠂  ᠬᠦᠳᠡᠯᠦᠩᠭᠦᠢ ᠪᠠᠷ ᠵᠠᠯᠭᠠᠭᠤᠯᠵᠤ᠂  ᠠᠵᠢᠯᠯᠠᠬᠤ ᠰᠡᠳᠬᠢᠮᠵᠢ ᠪᠠᠨ ᠰᠢᠯᠤᠭᠤᠳᠬᠠᠨ᠂  ᠬᠢᠨᠠᠨ ᠵᠦᠪᠰᠢᠶᠡᠷᠡᠬᠦ ᠪᠠᠶᠢᠭᠤᠯᠭ᠎ᠠ ᠲᠠᠢ ᠬᠠᠷᠢᠯᠴᠠᠨ ᠬᠠᠮᠵᠢᠯᠴᠠᠵᠤ᠂  ᠤᠷᠢᠳᠴᠢᠯᠠᠨ ᠲᠦᠰᠦᠪᠯᠡᠨ ᠵᠠᠯᠭᠠᠭᠤᠯᠵᠤ᠂  ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠦᠳᠲᠦᠷ ᠲᠦᠷᠭᠡᠨ ᠬᠢᠬᠦ ᠬᠡᠷᠡᠭᠲᠡᠢ᠃ ᠵᠢᠷᠭᠤᠭ᠎ᠠ ᠳᠤ᠂  ᠬᠠᠤᠯᠢ ᠶᠤᠰᠤᠭᠠᠷ ᠬᠡᠷᠡᠭᠵᠢᠭᠦᠯᠬᠦ ᠬᠦᠴᠦᠯᠡᠴᠡ ᠪᠠᠨ ᠨᠡᠮᠡᠭᠳᠡᠭᠦᠯᠬᠦ ᠬᠡᠷᠡᠭᠲᠡᠢ᠃  ᠲᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ  ᠬᠤᠷᠢᠶ᠎ᠠ᠂ ᠰᠢᠬᠦᠬᠦ  ᠬᠤᠷᠢᠶ᠎ᠠ ᠨᠢ ᠢᠳᠡᠪᠬᠢᠲᠡᠢ ᠬᠠᠮᠵᠢᠯᠴᠠᠵᠤ᠂  ᠲᠦᠷᠥᠯ ᠵᠦᠢᠯ ᠤᠨ ᠵᠠᠷᠢᠮ ᠠᠰᠠᠭᠤᠳᠠᠯ ᠢ ᠤᠷᠢᠳᠴᠢᠯᠠᠨ  ᠰᠤᠳᠤᠯᠵᠤ᠂  ᠠᠪᠬᠤ ᠴᠢᠬᠤᠯᠠ ᠲᠠᠢ ᠬᠠᠤᠯᠢ  ᠴᠠᠭᠠᠵᠠ ᠶᠢᠨ ᠠᠷᠭ᠎ᠠ ᠬᠡᠮᠵᠢᠶ᠎ᠡ ᠶᠢ ᠠᠪᠤᠨ᠂  ᠲᠦᠷᠦᠯ ᠵᠦᠢᠯ ᠤᠨ ᠢᠯᠭᠤᠮ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠸᠠᠩ ᠶᠦᠩ ᠶᠠᠷᠢᠶ᠎ᠠ ᠲᠠᠯᠪᠢᠵᠤ ᠴᠢᠬᠤᠯᠠᠴᠢᠯᠠᠬᠤ ᠳᠠᠭᠠᠨ᠂  ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ  ᠢᠳᠡᠪᠬᠢᠲᠡᠢ ᠬᠦᠳᠡᠯᠦᠩᠭᠦᠢ ᠪᠠᠷ ᠲᠦᠷᠥᠯ ᠵᠦᠢᠯ ᠢ ᠲᠦᠰᠦᠪᠯᠡᠵᠦ ᠂  ᠬᠢᠨᠠᠨ ᠦᠨᠡᠯᠡᠬᠦ ᠰᠠᠯᠠᠭ᠎ᠠ ᠮᠦᠴᠢᠷ ᠨᠢ ᠲᠦᠷᠥᠯ ᠵᠦᠢᠯ ᠤᠨ ᠠᠷᠪᠢᠨ ᠴᠦᠭᠡᠨ᠂ ᠪᠠᠶᠢᠬᠤ ᠪᠠ ᠦᠭᠡᠢ ᠶᠢ ᠬᠢᠨᠠᠨ ᠦᠨᠡᠯᠡᠬᠦ ᠬᠦᠷᠢᠶ᠎ᠡ ᠬᠡᠪᠴᠢᠶᠡᠨ ᠳᠡᠭᠡᠨ ᠤᠷᠤᠭᠤᠯᠬᠤ ᠬᠡᠷᠡᠭᠲᠡᠢ᠃  ᠲᠦᠷᠥᠯ ᠵᠦᠢᠯ ᠤᠨ ᠴᠢᠨᠠᠷ ᠴᠢᠨᠰᠠᠭ᠎ᠠ ᠶᠢ ᠪᠠᠲᠤᠯᠠᠵᠤ᠂  ᠲᠦᠷᠥᠯ ᠵᠦᠢᠯ  ᠢ ᠤᠯᠤᠰ ᠤᠨ ᠠᠵᠤ ᠦᠢᠯᠡᠰ ᠤᠨ ᠲᠦᠷᠥ ᠶᠢᠨ ᠪᠣᠳᠤᠯᠭ᠎ᠠ ᠲᠠᠢ ᠨᠡᠶᠢᠴᠡᠭᠦᠯᠵᠦ᠂  ᠤᠷᠴᠢᠨ  ᠲᠤᠭᠤᠷᠢᠨ ᠢ ᠬᠠᠮᠠᠭᠠᠯᠠᠬᠤ᠂ ᠭᠠᠵᠠᠷ ᠰᠢᠷᠤᠢ᠂  ᠤᠰᠤᠨ ᠤ  ᠡᠬᠢ ᠰᠤᠷᠪᠤᠯᠵᠢ ᠶᠢ  ᠲᠤᠳᠤᠯᠠᠬᠤ ᠲᠦᠷᠥ ᠶᠢᠨ ᠪᠣᠳᠤᠯᠭ᠎ᠠ ᠲᠠᠢ ᠠᠪᠴᠠᠯᠳᠤᠭᠤᠯᠬᠤ ᠬᠡᠷᠡᠭᠲᠡᠢ᠃ ᠲᠦᠷᠥᠯ ᠵᠦᠢᠯ  ᠢ ᠵᠤᠬᠢᠬᠤ ᠬᠡᠪᠴᠢᠶ᠎ᠡ ᠪᠠᠷ ᠴᠢᠮᠡᠵᠦ ᠵᠢᠷᠤᠭᠯᠠᠨ᠂  ᠲᠦᠷᠥᠯ ᠵᠦᠢᠯ ᠤᠨ ᠡᠬᠢ ᠪᠠᠶᠠᠯᠢᠭ ᠢ ᠪᠦᠲᠦᠮᠵᠢᠲᠡᠢ ᠪᠠᠷ ᠨᠢᠭᠡᠳᠭᠡᠵᠦ᠂ ᠲᠦᠷᠥᠯ ᠵᠦᠢᠯ ᠎ ᠤᠨ ᠤᠷᠤᠨ ᠵᠠᠢ᠂  ᠬᠦᠭᠵᠢᠯᠲᠡ ᠶᠢᠨ ᠬᠠᠨᠳᠤᠰᠢ ᠵᠡᠷᠭᠡ ᠬᠠᠮᠢᠶ᠎ᠠ ᠪᠦᠬᠦᠢ ᠰᠤᠷᠠᠭ ᠵᠠᠩᠭᠢ ᠶᠢ ᠡᠵᠡᠮᠰᠢᠨ  ᠤᠶᠢᠯᠭᠠᠬᠤ ᠬᠡᠷᠡᠭᠲᠡᠢ᠃ ᠲᠦᠷᠥᠯ ᠵᠦᠢᠯ ᠤᠨ ᠠᠬᠢᠴᠠ ᠶᠢ ᠬᠤᠷᠳᠤᠳᠬᠠᠨ᠂  ᠬᠦᠯᠢᠶᠡᠬᠦ᠂  ᠬᠤᠶᠢᠰᠢᠯᠠᠭᠤᠯᠬᠤ᠂  ᠨᠠᠵᠠᠭᠠᠶᠢᠷᠠᠭᠤᠯᠬᠤ ᠵᠡᠷᠭᠡ ᠪᠠᠶᠢᠳᠠᠯ ᠢ ᠡᠷᠡᠰ ᠲᠡᠪᠴᠠᠵᠤ᠂ ᠲᠦᠷᠥᠯ ᠵᠦᠢᠯ ᠤᠨ ᠲᠤᠰ ᠪᠡᠶ᠎ᠡ ᠶᠢᠨ ᠠᠰᠠᠭᠤᠳᠠᠯ ᠢ ᠨᠠᠷᠢᠯᠢᠭ ᠰᠤᠳᠤᠯᠤᠨ᠂  ᠵᠥᠪ ᠤᠨᠤᠪᠴᠢᠲᠠᠢ ᠰᠢᠢᠳᠪᠦᠷᠢᠯᠡᠬᠦ ᠬᠡᠷᠡᠭᠲᠡᠢ᠃  ᠰᠠᠯᠠᠭ᠎ᠠ ᠮᠦᠴᠢᠷ ᠬᠤᠭᠤᠷᠤᠨᠳᠤ ᠪᠠᠨ ᠬᠠᠮᠵᠢᠯᠴᠠᠨ᠂  ᠪᠠᠶᠢᠭᠤᠯᠭ᠎ᠠ ᠤᠨ  ᠨᠢᠭᠡᠳᠦᠭᠡᠷ ᠭᠠᠷ ᠪᠡᠶᠡᠳᠡᠨ ᠬᠢᠬᠦ ᠬᠡᠷᠡᠭᠲᠡᠢ᠃  ᠳᠡᠭᠡᠷ᠎ᠡ ᠱᠠᠲᠤᠨ ᠤ ᠪᠡᠯᠡ ᠮᠦᠩᠭᠦ ᠶᠢᠨ ᠳᠡᠮᠵᠢᠯᠭᠡ ᠶᠢ ᠣᠯᠵᠤ᠂  ᠢᠳᠡᠪᠬᠢᠲᠡᠢ ᠬᠦᠳᠡᠯᠦᠩᠭᠦᠢ ᠪᠠᠷ ᠠᠵᠢᠯ ᠢᠶᠠᠨ  ᠦᠷᠨᠢᠭᠦᠯᠬᠦ ᠬᠡᠷᠡᠭᠲᠡᠢ ᠭᠡᠵᠡᠢ᠃    ᠲᠤᠭᠤᠷᠢᠭ ᠤᠨ ᠬᠡᠳᠦᠨ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠰᠠᠭᠠᠲᠠᠪᠠ᠃
   ᠲᠤᠭᠤᠷᠢᠭ ᠤᠨ  ᠵᠠᠰᠠᠭ ᠤᠨ ᠤᠷᠳᠤᠨ ᠤ ᠠᠯᠪᠠᠨ ᠭᠡᠷ᠂  ᠬᠦᠷᠢᠶᠡᠯᠡᠩ ᠲᠤᠭᠤᠷᠢᠭ ᠤᠨ ᠠᠯᠪᠠᠨ ᠭᠡᠷ᠂ ᠡᠳ᠋ ᠶᠢᠨ ᠵᠠᠰᠠᠭ ᠤᠨ ᠲᠤᠪᠴᠢᠶ᠎ᠠ᠂   ᠦᠭᠡᠷᠡᠴᠢᠯᠡᠯᠲᠡ ᠬᠦᠭᠵᠢᠭᠦᠯᠦᠯᠲᠡ ᠶᠢᠨ ᠲᠤᠪᠴᠢᠶ᠎ᠠ᠂  ᠠᠵᠤ ᠠᠬᠤᠢ ᠰᠤᠷᠠᠭ ᠵᠠᠩᠭᠢᠵᠢᠯᠠᠯᠲᠠ ᠶᠢᠨ ᠲᠤᠪᠴᠢᠶ᠎ᠠ᠂ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ᠂  ᠤᠷᠤᠨ ᠰᠠᠭᠤᠴᠠ ᠪᠦᠲᠦᠭᠡᠨ ᠪᠠᠶᠢᠭᠤᠯᠤᠯᠲᠠ ᠵᠢᠨ‌‍ᠲ᠋ᠤᠪᠴᠢᠶ᠎ᠠ᠂  ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ᠂   ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂  ᠰᠢᠨᠵᠢᠯᠡᠬᠦ ᠮᠡᠷᠭᠡᠵᠢᠯ ᠤᠨ ᠲᠤᠪᠴᠢᠶ᠎ᠠ᠂  ᠠᠷᠠᠯᠵᠢᠶᠠᠨ ᠤ ᠶᠠᠪᠤᠳᠠᠯ ᠤᠨ ᠲᠤᠪᠴᠢᠶ᠎ᠠ᠂  ᠤᠰᠤᠨ ᠠᠰᠢᠭᠯᠠᠯᠲᠠ ᠶᠢᠨ ᠲᠤᠪᠴᠢᠶ᠎ᠠ᠂  ᠤᠢ ᠰᠢᠭᠤᠢ ᠶᠢᠨ ᠲᠤᠪᠴᠢᠶ᠎ᠠ᠂  ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ᠂  ᠵᠠᠮ ᠬᠠᠷᠢᠯᠴᠠᠭᠠᠨ ᠤ ᠲᠤᠪᠴᠢᠶ᠎ᠠ᠂  ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂  ᠪᠡᠯᠡ ᠤᠷᠤᠯᠠᠭᠤᠯᠤᠯᠲᠠ ᠶᠢ ᠠᠬᠢᠭᠤᠯᠬᠤ ᠲᠤᠪᠴᠢᠶ᠎ᠠ᠂  ᠭᠠᠵᠠᠷ ᠰᠢᠷᠤᠢ ᠨᠦᠭᠡᠴᠢᠯᠡᠬᠦ  ᠲᠥᠪ᠂  ᠭᠠᠯ ᠢ ᠰᠡᠷᠭᠡᠶᠢᠯᠡᠬᠦ ᠶᠡᠭᠡ ᠠᠩᠭᠢ ᠵᠢᠴᠢ ᠨᠡᠭᠡᠭᠡᠨ ᠬᠦᠭᠵᠢᠭᠦᠯᠬᠦ ᠲᠤᠷᠰᠢᠯᠲᠠ ᠶᠢᠨ ᠲᠤᠭᠤᠷᠢᠭ᠂  ᠬᠡᠰᠡᠭ ᠪᠠᠯᠭᠠᠰᠤ ᠰᠢᠶᠠᠩ ᠵᠡᠭᠡᠯᠢ ᠭᠤᠳᠤᠮᠵᠢ  ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
     ᠬᠤᠷᠠᠯ ᠠᠴᠠ ᠡᠮᠦᠨ᠎ᠡ᠂  ᠬᠤᠷᠠᠯ ᠳᠤ ᠤᠷᠤᠯᠴᠠᠭᠰᠠᠨ ᠪᠦᠬᠦ ᠬᠦᠮᠦᠰ ᠤᠷᠢᠳ ᠬᠤᠵᠢᠳ ᠤᠯᠠᠭᠠᠨᠬᠠᠳᠠ ᠶᠢᠨ ᠰᠢᠨ ᠱᠢ ᠵᠢᠶᠠ ᠤᠢ ᠮᠤᠳᠤᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠳ᠋ᠠ ᠪᠧᠢ ᠬᠠᠢ ᠳᠡᠭᠡᠳᠦ ᠳᠡᠰ ᠤᠨ ᠦᠷ᠎ᠡ ᠮᠤᠳᠤᠨ ᠤ ᠰᠤᠨᠢᠷᠬᠠᠨ ᠦᠵᠡᠬᠦ ᠰᠠᠭᠤᠷᠢᠨ ᠭᠠᠵᠠᠷ᠂  ᠤᠯᠠᠭᠠᠨᠬᠠᠳᠠ ᠶᠢᠨ ᠪᠤᠤ ᠱᠠᠨ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠲᠦᠷᠥᠯ ᠵᠦᠢᠯ᠂  ᠶᠤᠸᠠᠨ ᠪᠤᠤ ᠱᠠᠨ ᠲᠤᠭᠤᠷᠢᠭ ᠤᠨ ᠪᠤᠵᠠᠷ ᠤᠰᠤ ᠶᠢ ᠴᠡᠪᠡᠷᠰᠢᠭᠦᠯᠬᠦ ᠦᠢᠯᠡᠳᠪᠦᠷᠢ᠂ ᠶᠤᠸᠠᠨ ᠪᠤᠤ ᠱᠠᠨ ᠲᠤᠭᠤᠷᠢᠭ ᠤᠨ ᠱᠦᠢ ᠮᠦ ᠶᠤᠸᠠᠨ  ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠰᠡᠯᠡᠭᠦᠴᠡᠯ ᠤᠨ ᠵᠤᠭᠠᠴᠠᠯ ᠤᠨ ᠲᠤᠭᠤᠷᠢᠭ ᠤᠨ ᠲᠦᠷᠥᠯ ᠵᠦᠢᠯ᠂  ᠫᠢᠩᠵᠤᠸᠠᠩ ᠲᠤᠰᠬᠤᠨ ᠤ ᠳᠥᠷᠪᠡᠳᠦᠭᠡᠷ ᠲᠤᠭᠤᠶᠢᠯᠠᠩ ᠤᠨ ᠠᠩᠬᠠᠳᠤᠭᠠᠷ ᠬᠤᠭᠤᠴᠠᠭᠠᠨ ᠤ  ᠪᠦᠷᠭᠡ ᠲᠤᠭᠤᠷᠢᠭ ᠢ ᠦᠭᠡᠷᠡᠴᠢᠯᠡᠨ ᠵᠠᠰᠠᠬᠤ ᠲᠦᠷᠥᠯ ᠵᠦᠢᠯ᠂  ᠭᠦ᠋ ᠱᠠᠨ ᠬᠡᠤᠬᠡᠳ ᠤᠨ ᠴᠡᠴᠡᠷᠯᠢᠭ ᠤᠨ ᠪᠠᠷᠢᠯᠭ᠎ᠠ ᠶᠢᠨ ᠲᠦᠷᠥᠯ ᠵᠦᠢᠯ ᠵᠡᠷᠭᠡ 22  ᠭᠤᠣᠯᠳᠠᠯᠭ᠎ᠠ ᠲᠠᠢ ᠲᠦᠷᠥᠯ ᠵᠦᠢᠯ ᠤᠨ ᠭᠠᠵᠠᠷ ᠢᠶᠠᠷ ᠲᠤᠭᠤᠷᠢᠨ ᠪᠠᠶᠢᠴᠠᠭᠠᠵᠤ᠂  ᠲᠤᠬᠢᠷᠠᠭᠤᠯᠤᠯᠲᠠ ᠬᠢᠪᠡ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1