| | | | | 3 ᠰᠠᠷ᠎ᠠ ᠶᠢᠨ30 ᠤ ᠡᠳᠦᠷ ᠤᠨ ᠦᠳᠡ ᠶᠢᠨ ᠡᠮᠦᠨ᠎ᠡ᠂ ᠮᠠᠨ ᠤ ᠲᠤᠭᠤᠷᠢᠭ ᠨᠢ 2018 ᠣᠨ ᠤ ᠡᠷᠡᠭᠦᠯ | ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ 2017 ᠣᠨ ᠤ | ᠠᠵᠢᠯ ᠢᠶᠠᠨ ᠳ᠋ᠦᠩᠨᠡᠵᠦ᠂ 2018 ᠣᠨ ᠤ ᠠᠵᠢᠯ ᠢᠶᠠᠨ ᠪᠠᠶᠢᠷᠢᠯᠠᠭᠤᠯᠪᠠ᠃ ᠲᠤᠭᠤᠷᠢᠭ ᠤᠨ ᠵᠠᠰᠠᠭ ᠤᠨ | ᠤᠷᠳᠤᠨ ᠤ ᠳᠡᠳ᠋ ᠲᠠᠷᠤᠭ᠎ᠠ ᠯᠢᠦ ᠮᠢᠩ ᠵᠦ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠡᠯ᠎ᠡ ᠪᠠᠯᠭᠠᠰᠤ ᠰᠢᠶᠠᠩ | ᠵᠡᠭᠡᠯᠢ ᠭᠤᠳᠤᠮᠵᠢ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠦᠯᠦᠪᠯᠡᠭᠡᠲᠦ ᠦᠷᠡᠵᠢᠯ ᠤᠨ ᠠᠯᠪᠠᠨ | ᠭᠡᠷ ᠤᠨ ᠡᠷᠬᠢᠯᠡᠭᠴᠢ᠂ ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠠᠵᠢᠯ ᠤᠨ ᠤᠳᠤᠷᠢᠳᠬᠤ ᠪᠠᠭ᠎ᠠ | ᠲᠤᠭᠤᠶᠢᠯᠠᠩ ᠤᠨ ᠭᠡᠰᠢᠭᠦᠨ ᠨᠢᠭᠡᠴᠡ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠶᠢᠨ | ᠬᠠᠷᠢᠭᠤᠴᠠᠯᠭᠠᠲᠠᠨ ᠵᠢᠴᠢ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶᠠᠨ ᠤ ᠠᠵᠢᠯᠳᠠᠳ | ᠬᠤᠷᠠᠯ ᠳᠤ ᠤᠷᠤᠯᠴᠠᠪᠠ᠃ | ᠯᠢᠦ ᠮᠢᠩ ᠵᠦ ᠶᠠᠷᠢᠶ᠎ᠠ ᠲᠠᠯᠪᠢᠵᠦ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ | ᠲᠠᠨᠢᠯᠲᠡ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠠᠵᠢᠯ ᠤᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠬᠦᠴᠦᠨ ᠢᠶᠠᠨ ᠲᠦᠪᠯᠡᠷᠡᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ᠂ ᠡᠮᠴᠢᠯᠡᠭᠡ ᠦᠢᠯᠡᠴᠢᠯᠡᠭᠡᠨ ᠤ ᠴᠢᠨᠠᠷ ᠪᠠ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠴᠢᠳᠠᠪᠤᠷᠢ ᠢ ᠳᠡᠭᠡᠭᠰᠢᠯᠡᠭᠦᠯᠬᠦ᠂ ᠲᠦᠯᠦᠪᠯᠡᠭᠡᠲᠦ | ᠦᠷᠡᠵᠢᠯ ᠢ ᠠᠳᠬᠤᠬᠤ᠂ ᠤᠨᠢᠨ ᠳᠡᠭᠡᠷ᠎ᠡ ᠨᠢ ᠶᠠᠳᠠᠭᠤ ᠶᠢ ᠲᠡᠳᠭᠦᠬᠦ ᠵᠡᠷᠭᠡ ᠲᠠᠯ᠎ᠠ ᠪᠠᠷ ᠠᠵᠢᠯ ᠢᠶᠠᠨ ᠰᠠᠶᠢᠲᠤᠷ | ᠬᠢᠬᠦ ᠬᠡᠷᠡᠭᠲᠡᠢ᠃ ᠲᠡᠷᠡ ᠱᠠᠭᠠᠷᠳᠠᠬᠤ ᠳᠠᠭᠠᠨ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠨᠢ | ᠬᠠᠮᠵᠢᠯᠴᠠᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠠᠵᠢᠯ ᠤᠨ ᠰᠢᠨ᠎ᠡ ᠨᠢᠭᠲᠤᠷᠠᠯ ᠤᠨ ᠬᠦᠴᠦᠨ ᠢ ᠪᠤᠢ ᠪᠤᠯᠭᠠᠬᠤ ᠬᠡᠷᠡᠭᠲᠡᠢ᠃ ᠤᠳᠤᠷᠢᠳᠤᠯᠭ᠎ᠠ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠵᠤ᠂ ᠬᠠᠮᠲᠤᠷᠠᠯᠴᠠᠭ᠎ᠠ ᠶᠢ | ᠠᠳᠬᠤᠨ᠂ ᠰᠠᠬᠢᠯᠭ᠎ᠠ ᠳᠦᠷᠢᠮ ᠢ ᠴᠢᠩᠭᠠᠳᠬᠠᠨ ᠬᠦᠭᠵᠢᠯᠲᠡ ᠶᠢ ᠠᠬᠢᠭᠤᠯᠤᠨ᠂ ᠠᠶᠤᠯᠭᠦᠢ ᠦᠢᠯᠡᠳᠪᠦᠷᠢᠯᠡᠯ ᠢ | ᠭᠤᠶᠢᠪᠠᠰᠢ ᠦᠭᠡᠢ ᠴᠢᠩᠭᠠᠳᠬᠠᠨ᠂ ᠠᠮᠤᠷ ᠲᠦᠪᠰᠢᠨ ᠪᠦᠭᠡᠳ ᠲᠠᠭᠠᠯᠠᠮᠵᠢᠲᠠᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠤᠷᠴᠢᠨ ᠢ ᠪᠤᠢ ᠪᠤᠯᠭᠠᠨ᠂ ᠠᠷᠠᠳ ᠲᠦᠮᠡᠨ ᠤ ᠡᠷᠡᠭᠦᠯ ᠴᠢᠬᠢᠷᠠᠭ ᠪᠡᠶ᠎ᠡ ᠮᠠᠬᠠᠪᠤᠳ ᠢ ᠪᠠᠲᠤᠯᠠᠬᠤ | ᠬᠡᠷᠡᠭᠲᠡᠢ ᠭᠡᠵᠡᠢ᠃ | ᠲᠤᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶᠠᠨ ᠤ ᠬᠠᠷᠢᠭᠤᠴᠠᠯᠭᠠᠲᠠᠨ ᠠᠴᠠ | 2017 ᠣᠨ ᠤ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ 2018 ᠣᠨ ᠤ ᠠᠵᠢᠯ ᠳᠠᠭᠠᠨ ᠪᠤᠳᠠᠲᠠᠢ | ᠪᠠᠶᠢᠷᠢᠯᠠᠭᠤᠯᠤᠯᠲᠠ ᠬᠢᠭᠰᠡᠨ ᠪᠦᠭᠡᠳ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠲᠠᠢ 2018 ᠣᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠵᠡᠷᠭᠡ ᠬᠠᠮᠢᠶ᠎ᠠ ᠪᠦᠬᠦᠢ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ | ᠪᠢᠴᠢᠭ ᠲᠤᠭᠲᠠᠪᠠ᠃ | ᠬᠤᠷᠠᠯ ᠠᠴᠠ 2017 ᠣᠨ ᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠭᠦᠢᠴᠡᠳᠭᠡᠭᠰᠡᠨ | ᠪᠠᠶᠢᠳᠠᠯ ᠤᠨ ᠲᠤᠬᠠᠢ ᠨᠡᠶᠢᠲᠡᠯᠡᠵᠦ᠂ ᠵᠢᠱᠢᠶᠡᠴᠢ ᠬᠠᠮᠲᠤ ᠨᠢᠭᠡᠴᠡ ᠪᠠ ᠬᠤᠪᠢ ᠬᠦᠮᠦᠨ ᠢ ᠬᠦᠬᠢᠭᠦᠯᠦᠨ | ᠵᠤᠷᠢᠭᠵᠢᠭᠤᠯᠪᠠ᠃ | |