| | 4 ᠰᠠᠷ᠎ᠠ ᠶᠢᠨ 1 ᠤ ᠡᠳᠦᠷ᠂ ᠶᠤᠸᠠᠨ ᠪᠤᠤ ᠱᠠᠨ ᠲᠤᠭᠤᠷᠢᠭ ᠨᠢ 27 ᠳ᠋ᠤᠭᠠᠷ ᠪᠦᠬᠦ ᠤᠯᠤᠰ ᠤᠨ ᠭᠠᠶᠢᠯᠢ | ᠲᠤᠰᠢᠶᠠᠬᠤ ᠤᠬᠠᠭᠤᠯᠭ᠎ᠠ ᠶᠢᠨ ᠰᠠᠷ᠎ᠠ ᠶᠢᠨ ︽ ᠠᠩᠬᠠᠳᠤᠭᠴᠢ ᠤᠬᠠᠭᠤᠯᠭ᠎ᠠ ᠶᠢᠨ ᠡᠳᠦᠷ︾ ᠤᠨ ᠠᠵᠢᠯᠯᠠᠭᠠᠨ | ᠦᠷᠨᠢᠭᠦᠯᠪᠡ᠃ ᠬᠦᠳᠡᠯᠭᠡᠭᠡᠨ ᠤ ᠲᠤᠬᠢᠷᠠᠭᠤᠯᠤᠯᠲᠠ ᠪᠠᠷ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠨᠢ ᠴᠢᠬᠤᠯᠠ ᠵᠡᠭᠡᠯᠢ ᠭᠤᠳᠤᠮᠵᠢ ᠪᠠ ᠬᠦᠮᠦᠨ ᠤᠯᠠᠨ ᠴᠤᠭᠯᠠᠷᠠᠭᠰᠠᠨ ᠭᠠᠵᠠᠷ ᠲᠤ ᠭᠠᠶᠢᠯᠢ ᠲᠠᠲᠠᠪᠤᠷᠢ ᠶᠢᠨ | ᠲᠦᠷᠥ ᠶᠢᠨ ᠪᠣᠳᠤᠯᠭ᠎ᠠ ᠶᠢᠨ ᠠᠰᠠᠭᠤᠨ ᠯᠠᠪᠯᠠᠬᠤ ᠭᠠᠵᠠᠷ ᠭᠠᠷᠭᠠᠵᠤ᠂ ᠭᠠᠶᠢᠯᠢ ᠲᠤᠰᠢᠶᠠᠭᠴᠢᠳ ᠪᠠ ᠤᠯᠠᠨ | ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠭᠤᠣᠯᠳᠠᠭ᠎ᠠ ᠲᠠᠢ ᠪᠠᠷ ᠬᠤᠪᠢ ᠶᠢᠨ | ᠡᠵᠡᠩᠨᠡᠭᠴᠢᠳ ᠤᠨ ᠭᠠᠶᠢᠯᠢ ᠡᠷᠡᠮᠡᠯᠵᠢᠯᠡᠬᠦ᠂ ᠵᠢᠵᠢᠭ ᠪᠠᠭ᠎ᠠ ᠠᠵᠤ ᠠᠬᠤᠶᠢᠯᠠᠯ ᠤᠨ ᠭᠠᠶᠢᠯᠢ ᠤᠨ ᠬᠠᠷᠭᠠᠯᠵᠢᠯᠠᠯ ᠤᠨ | ᠲᠦᠷᠥ ᠶᠢᠨ ᠪᠣᠳᠤᠯᠭ᠎ᠠ᠂ ᠴᠡᠷᠢᠭ ᠠᠴᠠ ᠬᠠᠯᠠᠭᠳᠠᠭᠰᠠᠨ ᠡᠲᠡᠭᠡᠳ ᠤᠨ ᠭᠠᠶᠢᠯᠢ ᠤᠨ ᠬᠠᠷᠭᠠᠯᠵᠢᠯᠠᠯ ᠤᠨ | ᠲᠦᠷᠥ ᠶᠢᠨ ᠪᠣᠳᠤᠯᠭ᠎ᠠ ᠵᠡᠷᠭᠡ ᠶᠢ ᠤᠬᠠᠭᠤᠯᠤᠭᠰᠠᠨ ᠪᠠᠶᠢᠨ᠎ᠠ᠃ ᠤᠷᠤᠨ ᠨᠤᠲᠤᠭ ᠤᠨ ᠭᠠᠶᠢᠯᠢ ᠶᠢᠨ | ᠲᠤᠪᠴᠢᠶ᠎ᠠ ᠨᠢ ᠲᠤᠬᠠᠢ ᠶᠢᠨ ᠲᠠᠯᠠᠪᠤᠷ ᠲᠤ ᠭᠠᠶᠢᠯᠢ ᠲᠠᠲᠠᠪᠤᠷᠢ ᠶᠢᠨ ᠬᠠᠤᠯᠢ ᠳᠦᠷᠢᠮ ᠢ ᠲᠠᠶᠢᠯᠪᠤᠷᠢᠯᠠᠨ᠂ | ᠤᠯᠠᠨ ᠲᠦᠮᠡᠨ ᠤ ᠠᠰᠠᠭᠤᠨ ᠯᠠᠪᠯᠠᠭ᠎ᠠ ᠳᠤ 40 ᠢᠯᠡᠭᠦᠦ ᠬᠦᠮᠦᠨ ᠤᠳᠠᠭ᠎ᠠ ᠬᠠᠷᠢᠭᠤᠯᠲᠠ ᠬᠢᠵᠦ᠂ 500 | ᠭᠠᠷᠤᠢ ᠬᠤᠪᠢ ᠤᠬᠠᠭᠤᠯᠭ᠎ᠠ ᠤᠨ ᠬᠠᠭᠤᠳᠠᠰᠤ ᠲᠠᠷᠬᠠᠭᠠᠵᠤ᠂ 20 ᠢᠯᠡᠭᠦᠦ ᠵᠤᠷᠪᠤᠰ ᠰᠠᠨᠠᠯ ᠰᠠᠨᠠᠭᠤᠯᠭ᠎ᠠ | ᠬᠤᠷᠢᠶᠠᠭᠰᠠᠨ ᠪᠠᠶᠢᠨ᠎ᠠ᠃ | |