ᠠᠵᠤ ᠠᠬᠤᠢ ᠶᠢᠨ ᠨᠡᠭᠡᠭᠡᠯᠲᠡ ᠶᠢᠨ ᠤᠷᠤᠨ ᠤ  ᠦᠪᠡᠷᠲᠡᠭᠡᠨ ᠪᠡᠯᠡᠳᠭᠡᠭᠰᠡᠨ ᠢᠯᠴᠢ ᠴᠠᠬᠢᠯᠭᠠᠨ  ᠢ ᠵᠡᠷᠭᠡᠪᠡᠷ ᠭᠠᠷᠭᠠᠬᠤ ᠲᠦᠷᠥᠯ ᠵᠦᠢᠯ ᠤᠨ ᠦᠨᠡᠰᠦᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠤᠨ ᠠᠩᠬᠠᠳᠤᠭᠠᠷ ᠤᠳᠠᠭᠠᠨ ᠤ ᠤᠷᠴᠢᠨ ᠲᠤᠭᠤᠷᠢᠨ ᠤ ᠪᠣᠬᠢᠷᠳᠣᠯ ᠢ ᠦᠨᠡᠯᠡᠭᠰᠡᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2018/4/11
   ᠨᠢᠭᠡ᠂ ᠲᠦᠷᠥᠯ ᠵᠦᠢᠯ ᠤᠨ ᠪᠠᠶᠢᠳᠠᠯ     ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠤᠮᠫᠠᠨᠢ ᠨᠢ ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ 2X350MW ‍ᠦᠨ‌ᠦᠪᠡᠷᠲᠡᠭᠡᠨ ᠪᠡᠯᠡᠳᠭᠡᠭᠰᠡᠨ ᠢᠯᠴᠢ ᠴᠠᠬᠢᠯᠭᠠᠨ  ᠢ ᠵᠡᠷᠭᠡᠪᠡᠷ ᠭᠠᠷᠭᠠᠬᠤ ᠲᠦᠷᠥᠯ ᠵᠦᠢᠯ ᠤᠨ ᠦᠨᠡᠰᠦᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠎ ᠢ ᠬᠢᠬᠦ ᠪᠠᠷ ᠲᠦᠯᠦᠪᠯᠡᠵᠦ ᠪᠤᠢ᠃  ᠤᠮᠠᠷᠠᠲᠤ ᠤᠷᠤᠨ ᠤ ᠠᠭᠤᠷ ᠠᠮᠢᠰᠬᠤᠯ ᠬᠦᠢᠲᠡᠨ ᠠᠴᠠ ᠪᠤᠯᠵᠤ᠂  ᠡᠪᠦᠯ ᠤᠨ ᠤᠯᠠᠷᠢᠯ ᠳᠤ ᠨᠡᠯᠢᠶᠡᠳ ᠤᠷᠲᠤ ᠬᠤᠭᠤᠴᠠᠭᠠᠨ ᠤ ᠦᠨᠡᠰᠦ ᠪᠠ  ᠬᠦᠬᠦᠷ ᠢ ᠨᠢ ᠢᠯᠭᠠᠷᠠᠭᠤᠯᠤᠭᠰᠠᠨ ᠵᠤᠭᠠᠩ ᠢ ᠶᠡᠷᠦᠩᠭᠡᠶᠢᠯᠡᠨ ᠬᠡᠷᠡᠭᠯᠡᠬᠦ  ᠵᠤᠭᠰᠤᠩᠬᠢ ᠴᠠᠭ ᠪᠠᠶᠢᠳᠠᠭ᠃ ᠡᠶᠢᠮᠦ ᠠᠴᠠ ᠦᠪᠡᠷᠲᠡᠭᠡᠨ ᠪᠡᠯᠡᠳᠭᠡᠭᠰᠡᠨ ᠢᠯᠴᠢ ᠴᠠᠬᠢᠯᠭᠠᠨ  ᠢ ᠵᠡᠷᠭᠡᠪᠡᠷ ᠭᠠᠷᠭᠠᠬᠤ ᠦᠢᠯᠡᠳᠪᠦᠷᠢ ᠨᠢ ᠨᠢᠭᠡᠨ  ᠰᠠᠭᠤᠷᠢ ᠦᠨᠡᠰᠦᠨ ᠲᠠᠯᠠᠪᠤᠷ ᠪᠠᠶᠢᠭᠤᠯᠬᠤ ᠴᠢᠬᠤᠯᠠᠲᠠᠢ᠃  ᠲᠤᠰ  ᠲᠦᠷᠥᠯ ᠵᠦᠢᠯ ᠨᠢ  ᠦᠨᠡᠰᠦᠨ ᠲᠠᠯᠠᠪᠤᠷ᠂ ᠬᠠᠮᠢᠶᠠᠷᠤᠯᠲᠠ ᠶᠢᠨ ᠲᠤᠭᠤᠷᠢᠭ᠂  ᠦᠨᠡᠰᠦ ᠲᠡᠭᠡᠭᠡᠪᠦᠷᠢᠯᠡᠬᠦ ᠵᠠᠮ ᠱᠤᠭᠤᠮ ᠪᠠ ᠴᠠᠬᠢᠯᠭᠠᠨ ᠤᠳᠠᠰᠤ ᠲᠠᠲᠠᠬᠤ  ᠵᠡᠷᠭᠡ  ᠪᠠᠷ ᠪᠦᠲᠦᠳᠡᠭ᠃  ᠦᠨᠡᠰᠦᠨ ᠲᠠᠯᠠᠪᠤᠷ ᠨᠢ  ᠦᠨᠡᠰᠦᠨ ᠬᠠᠰᠢᠯᠭ᠎ᠠ᠂  ᠦᠶᠡᠷ ᠢ ᠰᠡᠷᠭᠡᠶᠢᠯᠡᠬᠦ ᠰᠢᠰᠲ᠋ᠧᠮ᠂ ᠤᠰᠤ ᠭᠠᠳᠠᠭᠰᠢᠯᠠᠭᠤᠯᠬᠤ ᠰᠢᠰᠲ᠋ᠧᠮ᠂  ᠬᠦᠮᠦᠷᠭᠡ ᠶᠢᠨ ᠲᠤᠭᠤᠷᠢᠭ ᠤᠨ ᠤᠰᠤ ᠯᠡᠪᠡᠷᠡᠬᠦ ᠶᠢ ᠰᠡᠷᠭᠡᠶᠢᠯᠡᠬᠦ ᠵᠡᠷᠭᠡ  ᠪᠠᠷᠢᠯᠭ᠎ᠠ ᠪᠠᠶᠢᠳᠠᠭ᠃     ᠲᠦᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 6818.72 ᠲᠦᠮᠡᠨ ᠲᠦᠭᠦᠷᠢᠭ᠂  ᠪᠡᠯᠡ ᠮᠦᠩᠭᠦ ᠶᠢ ᠠᠵᠤ ᠠᠬᠤᠶᠢᠯᠠᠯ ᠪᠦᠬᠦᠨ ᠢ ᠦᠪᠡᠷᠲᠡᠭᠡᠨ  ᠴᠤᠭᠯᠠᠭᠤᠯᠤᠨ᠎ᠠ᠃   ᠪᠦᠲᠦᠭᠡᠨ ᠪᠠᠶᠢᠭᠤᠯᠬᠤ ᠬᠤᠭᠤᠴᠠᠭ᠎ᠠ ᠎ ᠨᠢ 4 ᠰᠠᠷ᠎ᠠ᠂ 2018 ᠣᠨ ᠤ7 ᠰᠠᠷ᠎ᠠ ᠳᠤ ᠠᠰᠢᠭᠯᠠᠯᠲᠠ ᠳᠤ  ᠤᠷᠤᠨ᠎ᠠ᠃       ᠬᠤᠶᠠᠷ᠂  ᠪᠦᠲᠦᠭᠡᠨ ᠪᠠᠶᠢᠭᠤᠯᠬᠤ ᠨᠢᠭᠡᠴᠡ  ᠶᠢᠨ  ᠬᠠᠷᠢᠯᠴᠠᠬᠤ ᠠᠷᠭ᠎ᠠ᠄       1᠂ ᠪᠦᠲᠦᠭᠡᠨ ᠪᠠᠶᠢᠭᠤᠯᠬᠤ ᠨᠢᠭᠡᠴᠡ  ᠄ ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠤᠮᠫᠠᠨᠢ       2᠂  ᠬᠠᠷᠢᠴᠠᠬᠤ ᠬᠦᠮᠦᠨ᠄  ᠴᠧᠨ ᠯᠢ ᠭᠦᠸᠧ       3᠂  ᠤᠲᠠᠰᠤ᠄  0476-8282342;       4᠂  ᠢᠮᠧᠯ  ᠄ 294902567@qq.com       ᠭᠤᠷᠪᠠ᠂  ᠤᠯᠠᠨ ᠲᠦᠮᠡᠨ ᠤ ᠰᠠᠨᠠᠯ ᠢ ᠬᠤᠷᠢᠶᠠᠬᠤ ᠭᠤᠣᠯ ᠬᠡᠷᠡᠭ ᠶᠠᠪᠤᠳᠠᠯ     ᠲᠤᠰ ᠲᠦᠷᠥᠯ ᠵᠦᠢᠯ ᠤᠨ ᠤᠷᠴᠢᠨ ᠲᠤᠭᠤᠷᠢᠨ ᠳᠤ ᠤᠴᠠᠷᠠᠭᠤᠯᠬᠤ ᠨᠦᠯᠦᠭᠡ᠂  ᠪᠤᠬᠢᠷᠳᠤᠯ ᠢ ᠰᠡᠷᠭᠡᠶᠢᠯᠡᠨ ᠵᠠᠰᠠᠬᠤ ᠠᠷᠭ᠎ᠠ ᠠᠪᠴᠠᠯ ᠵᠡᠷᠭᠡ ᠤᠨ  ᠲᠤᠬᠠᠢ  ᠤᠯᠠᠨ ᠲᠦᠮᠡᠨ ᠎ ᠤ ᠰᠠᠨᠠᠯ ᠰᠠᠨᠠᠭᠤᠯᠭ᠎ᠠ ᠶᠢ ᠬᠤᠷᠢᠶᠠᠨ᠎ᠠ᠃   ᠳᠥᠷᠪᠡ᠂  ᠰᠠᠨᠠᠯ ᠰᠠᠨᠠᠭᠤᠯᠭ᠎ᠠ ᠶᠢ ᠳᠡᠪᠰᠢᠭᠦᠯᠬᠦ ᠠᠷᠭ᠎ᠠ     ᠲᠤᠰ ᠠᠯᠪᠠᠨ ᠨᠡᠶᠢᠲᠡᠯᠡᠯ ᠨᠡᠶᠢᠲᠡᠯᠡᠭᠳᠡᠭᠰᠡᠨ10 ᠠᠵᠢᠯᠯᠠᠬᠤ ᠡᠳᠦᠷ ᠤᠨ ᠳᠤᠲᠤᠷ᠎ᠠ᠂  ᠤᠲᠠᠰᠤ᠂  ᠢᠮᠧᠯ ᠵᠡᠷᠭᠡ ᠠᠷᠭ᠎ᠠ ᠪᠠᠷ ᠪᠦᠲᠦᠭᠡᠨ ᠪᠠᠶᠢᠭᠤᠯᠬᠤ ᠨᠢᠭᠡᠴᠡ ᠨᠢ  ᠰᠠᠨᠠᠯ ᠰᠠᠨᠠᠭᠤᠯᠭ᠎ᠠ ᠳᠡᠪᠰᠢᠭᠦᠯᠵᠦ ᠪᠤᠯᠤᠨ᠎ᠠ᠃                 ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠤᠮᠫᠠᠨᠢ                                                           2018ᠣᠨ ᠤ 2 ᠰᠠᠷ᠎ᠠ ᠶᠢᠨ 23
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1