ᠶᠤᠸᠠᠨ ᠪᠤᠤ ᠱᠠᠨ ᠲᠤᠭᠤᠷᠢᠭ ᠤᠨ 2017ᠣᠨ ᠳᠤ  ︽  ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠭᠡ ᠳᠤ ᠬᠦᠷᠭᠡᠬᠦ︾  ᠶᠠᠳᠠᠭᠤ ᠶᠢ ᠳᠡᠳᠬᠦᠬᠦ ᠪᠡᠯᠡ ᠮᠦᠩᠭᠦ ᠪᠠᠷ  ᠲᠡᠵᠢᠭᠡᠪᠦᠷᠢ ᠶᠢᠨ ᠲᠦᠷᠥ ᠵᠦᠢᠯ ᠢ ᠪᠠᠶᠢᠭᠤᠯᠤᠭᠰᠠᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2018/4/20
    ︽ᠶᠤᠸᠠᠨ ᠪᠤᠤ ᠱᠠᠨ ᠲᠤᠭᠤᠷᠢᠭ ᠤᠨ2017ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ  ﹇ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠭᠡ ᠳᠤ ᠬᠦᠷᠭᠡᠬᠦ﹈   ᠲᠦᠷᠥᠯ ᠵᠦᠢᠯ ᠢ ᠬᠡᠷᠡᠭᠵᠢᠭᠦᠯᠬᠦ ᠲᠦᠰᠦᠪ ᠤᠨ ᠲᠤᠬᠠᠢ ᠮᠡᠳᠡᠭᠦᠯᠦᠯᠲᠡ  ︾   ︵ ᠶᠤᠸᠠᠨ ᠳᠡᠳᠬᠦᠬᠦ ᠠᠯᠪᠠᠨ ᠲᠠᠷᠬᠠᠭᠠᠭᠰᠠᠨ  ﹇2017﹈ 47 ᠲᠤᠭᠠᠳᠤ  ︶ ᠪᠠ  ︽ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠎ ᠤᠨ 2017 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ  ﹇ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠭᠡ ᠳᠤ ᠬᠦᠷᠭᠡᠬᠦ﹈   ᠲᠦᠷᠥᠯ ᠵᠦᠢᠯ ᠢ ᠬᠡᠷᠡᠭᠵᠢᠭᠦᠯᠬᠦ ᠲᠦᠰᠦᠪ ᠤᠨ ᠲᠤᠬᠠᠢ ᠴᠤᠬᠤᠯᠠᠪᠤᠷᠢ︾  ︵ ᠶᠤᠸᠠᠨ ᠵᠠᠰᠠᠭ ᠦᠰᠦᠭ  ﹇2017﹈  170  ᠲᠤᠭᠠᠳᠤ︶  ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂  ᠮᠠᠨ ᠤ ᠲᠤᠭᠤᠷᠢᠭ ᠨᠢ 2017 ᠣᠨ ᠳᠤ ᠦᠷᠬᠦᠯᠵᠢᠯᠡᠨ ᠹᠧᠩ ᠰᠢᠦᠢ ᠭᠧᠦ ᠪᠠᠯᠭᠠᠰᠤ᠂ ᠮᠤᠬᠤᠷ ᠭᠤᠣᠯ ᠪᠠᠯᠭᠠᠰᠤ᠂  ᠪᠠᠭ᠎ᠠ ᠦᠵᠢᠶᠠ ᠰᠢᠶᠠᠩ ᠳᠤ ᠲᠡᠵᠢᠭᠡᠪᠦᠷᠢ ᠶᠢᠨ ᠲᠦᠷᠥᠯ ᠵᠦᠢᠯ ᠢ ᠬᠡᠷᠡᠭᠵᠢᠭᠦᠯᠬᠦ ᠪᠤᠯᠤᠨ᠎ᠠ᠃  ᠳᠤᠤᠷ᠎ᠠ ᠲᠦᠷᠥᠯ ᠵᠦᠢᠯ ᠢ ᠨᠡᠶᠢᠲᠡᠯᠡᠶ᠎ᠡ᠃     ᠨᠢᠭᠡ᠂  ᠪᠡᠯᠡ ᠤᠷᠤᠭᠤᠯᠬᠤ ᠬᠡᠮᠵᠢᠶ᠎ᠡ     2017ᠣᠨ ᠳᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠩᠭᠦ 268.8  ᠲᠦᠮᠡᠨ ᠲᠦᠭᠦᠷᠢᠭ ᠤᠷᠤᠭᠤᠯᠵᠤ᠂  ᠡᠭᠦᠨ ᠳᠤ ᠹᠧᠩ ᠰᠢᠦᠢ ᠭᠧᠦ ᠪᠠᠯᠭᠠᠰᠤ ᠶᠢᠨ ᠹᠧᠩ ᠰᠢᠦᠢ ᠭᠧᠦ ᠲᠤᠰᠬᠤᠨ ᠎ ᠳᠤ 50 ᠲᠦᠮᠡᠨ ᠲᠦᠭᠦᠷᠢᠭ᠂   ᠵᠤᠸᠠᠩ ᠲᠧᠦ ᠶᠢᠩᠽᠢ  ᠲᠤᠰᠬᠤᠨ  ᠳᠤ 50 ᠲᠦᠮᠡᠨ ᠲᠦᠭᠦᠷᠢᠭ᠂ ᠮᠤᠬᠤᠷ ᠭᠤᠣᠯ ᠪᠠᠯᠭᠠᠰᠤ ᠤᠨ ᠰᠢᠨ ᠠᠨ ᠲᠥᠨ ᠲᠤᠰᠬᠤᠨ ᠳᠤ 78 ᠲᠦᠮᠡᠨ ᠲᠦᠭᠦᠷᠢᠭ  ︵ ᠡᠭᠦᠨ ᠳᠤ 2016 ᠣᠨ ᠎ ᠤ  ᠦᠯᠡᠳᠡᠪᠦᠷᠢ ᠮᠦᠩᠭᠦ 28 ᠲᠦᠮᠡᠨ ᠲᠦᠭᠦᠷᠢᠭ ᠪᠤᠢ︶᠂  ᠪᠠᠭ᠎ᠠ ᠦᠵᠢᠶᠠ ᠰᠢᠶᠠᠩ ᠎ ᠤᠨ ᠳ᠋ᠠ ᠶᠢᠩᠽᠢ ᠲᠤᠰᠬᠤᠨ ᠳᠤ 5.8  ᠲᠦᠮᠡᠨ ᠲᠦᠭᠦᠷᠢᠭ᠂  ᠯᠤᠤ ᠰᠢ ᠶᠢᠩᠽᠢ ᠲᠤᠰᠬᠤᠨ  ᠳᠤ 85  ᠲᠦᠮᠡᠨ ᠲᠦᠭᠦᠷᠢᠭ  ︵ ᠡᠭᠦᠨ ᠳᠤ 2015 ᠣᠨ ᠤ ᠦᠯᠡᠳᠡᠪᠦᠷᠢ ᠮᠦᠩᠭᠦ 35 ᠲᠦᠮᠡᠨ ᠲᠦᠭᠦᠷᠢᠭ  ᠪᠤᠢ︶  ᠪᠤᠯᠤᠨ᠎ᠠ᠃     ᠬᠤᠶᠠᠷ᠂ ᠪᠡᠯᠡ ᠮᠦᠩᠭᠦ ᠶᠢᠨ ᠢᠷᠡᠯᠲᠡ     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ  ᠠᠴᠠ ᠪᠠᠭᠤᠯᠭᠠᠭᠰᠠᠨ 2017 ᠣᠨ ᠤ  ︽ ᠭᠤᠷᠪᠠ ᠶᠢ ᠲᠤᠰᠬᠤᠨ ᠳᠤ ᠬᠦᠷᠭᠡᠬᠦ ᠭᠤᠷᠪᠠ ᠶᠢ ᠡᠷᠦᠭᠡ ᠳᠤ ᠬᠦᠷᠭᠡᠬᠦ︾  ᠶᠠᠳᠠᠭᠤ ᠶᠢ ᠳᠡᠳᠬᠦᠬᠦ ᠪᠡᠯᠡ ᠮᠦᠩᠭᠦ  ᠪᠤᠯᠤᠨ ᠡᠮᠦᠨ᠎ᠡ ᠵᠢᠯ ᠤᠨ ᠲᠦᠷᠥᠯ ᠵᠦᠢᠯ ᠤᠨ ᠦᠯᠡᠳᠡᠪᠦᠷᠢ ᠮᠦᠩᠭᠦ ᠪᠤᠯᠤᠨ᠎ᠠ       ᠭᠤᠷᠪᠠ᠂  ᠨᠡᠶᠢᠲᠡᠯᠡᠬᠦ ᠬᠤᠭᠤᠴᠠᠭ᠎ᠠ᠄ 2018 ᠣᠨ ᠤ 4 ᠰᠠᠷ᠎ᠠ ᠶᠢᠨ 23— 4 ᠰᠠᠷ᠎ᠠ ᠶᠢᠨ30᠎ ᠤ  ᠡᠳᠦᠷ        ᠳᠥᠷᠪᠡ᠂  ᠢᠯᠡᠴᠢᠯᠡᠨ ᠮᠡᠳᠡᠭᠦᠯᠬᠦ ᠤᠲᠠᠰᠤ᠄ 12317   ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ             2018ᠣᠨ ᠤ 4 ᠰᠠᠷ᠎ᠠ ᠶᠢᠨ 23᠎ ᠤ ᠡᠳᠦᠷ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1